ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠲᠦᠷᠭᠡᠨ ᠬᠦᠭᠵᠢᠭᠦᠯᠬᠦ ᠠᠵᠢᠯ᠎ᠤᠨ ᠬᠠᠮᠢᠶ᠎ᠠ ᠪᠦᠬᠦᠢ ᠶᠠᠪᠤᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-10-14


      ᠨᠢᠭᠡ᠂ ᠲᠤᠭᠤᠷᠪᠢᠭᠰᠠᠨ ᠠᠬᠤᠢ ᠪᠠᠢ᠌ᠳᠠᠯ
      ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠨᠤᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠬᠡᠪ ᠪᠠᠢ᠌ᠳᠠᠯ᠎ᠢ ᠪᠠᠢ᠌ᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠨ᠂ ᠭᠡᠷ ᠪᠠᠢ᠌ᠰᠢᠩ ᠪᠣᠯ ᠠᠮᠢᠳᠤᠷᠠᠨ ᠰᠠᠭᠤᠬᠤ᠎ᠳᠤ ᠵᠣᠷᠢᠭᠤᠯᠤᠭᠰᠠᠨ᠂ ᠬᠠᠷᠢᠨ ᠰᠠᠷᠢᠭ᠋ᠠᠯᠠᠬᠤ ᠵᠢᠨ ᠲᠥᠯᠦᠭᠡ ᠪᠢᠰᠢ ᠭᠡᠬᠦ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠨ᠂ ᠪᠦᠬᠦ ᠣᠷᠤᠨ᠎ᠳᠤ ᠣᠯᠠᠨ ᠭᠣᠤᠯ ᠴᠣᠭᠴᠠ ᠵᠢᠨ ᠬᠠᠩᠭ᠋ᠠᠯᠭ᠎ᠠ᠎ᠲᠠᠢ᠂ ᠣᠯᠠᠨ ᠠᠷᠭ᠎ᠠ ᠵᠠᠮ᠎ᠤᠨ ᠪᠠᠲᠤᠯᠠᠭ᠎ᠠ᠎ᠲᠠᠢ᠂ ᠲᠦᠷᠢᠶᠡᠰᠦᠯᠡᠬᠦ ᠪᠠ ᠬᠤᠳᠠᠯᠳᠤᠨ ᠠᠪᠬᠤ ᠵᠢ ᠬᠣᠣᠰᠯᠠᠭᠤᠯᠤᠭᠰᠠᠨ ᠣᠷᠣᠨ ᠰᠠᠭᠤᠴᠠ ᠵᠢᠨ ᠳᠦᠷᠢᠮ᠎ᠢ ᠲᠦᠷᠭᠡᠬᠡᠨ ᠪᠠᠢ᠌ᠭᠤᠯᠬᠤ ᠵᠢ ᠳᠦᠯᠬᠢᠨ ᠠᠭᠢᠭᠤᠯᠵᠤ᠂ ᠰᠠᠭᠤᠬᠤ᠎ᠠᠴᠠ ᠣᠷᠣᠨ ᠰᠠᠭᠤᠴᠠ᠎ᠲᠠᠢ ᠪᠠᠢ᠌ᠬᠤ ᠵᠢ ᠲᠦᠷᠭᠡᠳᠬᠡᠨ ᠪᠡᠶᠡᠯᠡᠭᠦᠯᠬᠦ ᠵᠢᠨ ᠲᠤᠯᠠᠳᠠ᠂ 《ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠲᠦᠷᠭᠡᠳᠬᠡᠨ ᠬᠥᠭᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2022] 22 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠶᠣᠰᠣᠭ᠋ᠠᠷ᠂ ᠪᠦᠬᠦ ᠣᠷᠣᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠠᠵᠢᠯ᠎ᠢ ᠲᠦᠷᠭᠡᠳᠬᠡᠨ ᠬᠥᠭᠵᠢᠭᠦᠯᠬᠦ ᠲᠤᠬᠠᠶ ᠮᠡᠳᠡᠭᠳᠡᠯ》᠎ᠢ ᠲᠣᠭᠲᠠᠭ᠋ᠠᠯ᠎ᠠ᠃ ᠣᠯᠠᠨ ᠵᠢᠯ᠎ᠤᠨ ᠬᠥᠭᠵᠢᠯᠲᠡ᠎ᠪᠠᠷ ᠳᠠᠮᠵᠢᠨ᠂ ᠪᠦᠬᠦ ᠣᠷᠣᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠬᠢᠷᠢ ᠲᠥᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂ ᠣᠷᠣᠨ ᠰᠠᠭᠤᠴᠠ ᠵᠢᠨ ᠪᠠᠲᠤᠯᠠᠭ᠎ᠠ ᠵᠢᠨ ᠬᠡᠪᠴᠢᠶ᠎ᠡ ᠠᠯᠬᠤᠮ ᠠᠯᠬᠤᠮ ᠵᠶ᠋ᠠᠷ ᠥᠷᠭᠡᠳᠴᠦ᠂ ᠪᠠᠲᠤᠯᠠᠭ᠎ᠠ ᠵᠢᠨ ᠪᠠᠷᠢᠮᠵᠢᠶ᠎ᠠ ᠲᠠᠰᠤᠷᠠᠯᠲᠠ ᠤᠢ᠍ᠭᠡᠢ ᠳᠡᠭᠡᠭᠰᠢᠯᠡᠨ᠂ ᠣᠷᠣᠨ ᠰᠠᠭᠤᠴᠠ ᠵᠢᠨ ᠬᠦᠴᠢᠷᠳᠡᠯ᠎ᠲᠠᠢ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠦᠨᠳᠦᠰᠦᠨ ᠣᠷᠣᠰᠢᠨ ᠰᠠᠭᠤᠬᠤ ᠠᠰᠠᠭᠤᠳᠠᠯ᠎ᠢ ᠲᠣᠬᠢᠲᠠᠶ ᠰᠢᠢ᠍ᠳᠪᠦᠷᠢᠯᠡᠪᠡ᠃ ᠪᠥᠬᠥ ᠣᠷᠣᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠦᠷᠢᠨᠰᠢᠭᠦᠯᠵᠦ᠂ ᠣᠯᠠᠨ ᠲᠦᠮᠡᠨ᠎ᠤ ᠣᠷᠣᠨ ᠰᠠᠭᠤᠴᠠ ᠵᠢᠨ ᠠᠰᠠᠭᠤᠳᠠᠯ᠎ᠢ ᠰᠢᠢᠳᠪᠦᠷᠢᠯᠡᠬᠦ ᠳᠤᠮᠳᠠᠬᠢ ᠣᠷᠣᠨ ᠰᠠᠭᠤᠴᠠ ᠵᠢᠨ ᠪᠠᠲᠤᠯᠠᠭ᠎ᠠ ᠵᠢᠨ 《ᠨᠥᠬᠥᠪᠥᠷᠢᠯᠡᠬᠦ ᠪᠠᠢ᠌ᠷᠢ》 ᠵᠢᠨ ᠦᠢᠯᠡᠳᠦᠯ᠎ᠢ ᠨᠠᠩ ᠰᠠᠢ᠌ᠨ ᠪᠠᠳᠠᠷᠠᠭᠤᠯᠬᠤ ᠵᠢᠨ ᠲᠤᠰᠠᠳᠠ᠂ ᠬᠣᠲᠠ ᠪᠠᠯᠭ᠋ᠠᠰᠤ ᠵᠢᠨ ᠡᠷᠦᠬᠡ ᠠᠮᠠ ᠵᠢᠨ ᠬᠠᠷᠢᠶ᠎ᠠ᠎ᠲᠠᠢ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠪᠠᠲᠤᠯᠠᠭ᠎ᠠ ᠵᠢᠨ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠵᠢᠨ ᠬᠠᠮᠲᠤ᠂ ᠪᠥᠬᠥ ᠣᠷᠣᠨ᠎ᠤ ᠬᠡᠷ ᠪᠠᠢ᠌ᠰᠢᠩ ᠥᠬᠡᠶ ᠬᠣᠲᠠ ᠵᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠥᠮᠦᠰ᠎ᠤᠨ ᠣᠷᠣᠨ ᠰᠠᠭᠤᠴᠠ ᠵᠢᠨ ᠬᠦᠴᠢᠷᠳᠡᠯ᠎ᠤᠨ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠣᠷᠣᠨ ᠰᠠᠭᠤᠴᠠ ᠵᠢᠨ ᠲᠦᠷᠢᠶᠡᠰᠦᠯᠡᠯ᠎ᠤᠨ ᠵᠠᠬ᠎ᠠ ᠳᠡᠯᠭᠡᠭᠦᠷ᠎ᠤᠨ ᠪᠦᠲᠦᠴᠡ ᠵᠢᠨ ᠴᠢᠨᠠᠷᠲᠠᠶ ᠬᠠᠩᠭ᠋ᠠᠯᠭ᠎ᠠ ᠬᠦᠷᠦᠯᠴᠡᠬᠦ ᠥᠬᠡᠶ ᠪᠠᠢ᠌ᠬᠤ ᠵᠢ ᠨᠠᠮᠳᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠠᠳᠠᠯᠢ ᠪᠤᠰᠤ ᠪᠠᠲᠤᠯᠠᠭ᠎ᠠ ᠵᠢᠨ ᠬᠥᠮᠦᠰ᠎ᠤᠨ ᠣᠷᠣᠰᠢᠨ ᠰᠠᠭᠤᠬᠤ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠂ ᠬᠦᠴᠢᠷᠳᠡᠯᠲᠡᠶ ᠣᠯᠠᠨ ᠲᠦᠮᠡᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃
      ᠬᠣᠶᠠᠷ᠂ ᠭᠣᠣᠯ ᠠᠭᠤᠯᠭ᠎ᠠ
     (ᠨᠢᠭᠡ) ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠬᠤ ᠵᠢ ᠪᠠᠷᠢᠮᠲᠠᠯᠠᠨ᠎ᠠ᠃ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠨᠢ ᠭᠣᠣᠯᠴᠠᠭᠤ ᠭᠡᠷ ᠪᠠᠢ᠌ᠰᠢᠩ ᠦᠭᠡᠶ ᠬᠣᠲᠠ ᠵᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠦᠮᠦᠰ᠎ᠤᠨ ᠣᠷᠣᠨ ᠰᠠᠭᠤᠴᠠ ᠵᠢᠨ ᠬᠦᠴᠢᠷᠳᠡᠯ᠎ᠲᠠᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠯᠠ᠂ ᠡᠯ᠎ᠡ ᠭᠠᠵᠠᠷ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠬᠤ᠂ ᠬᠠᠩᠭ᠋ᠠᠯᠭ᠎ᠠ ᠬᠡᠷᠡᠭᠴᠡᠭᠡ ᠵᠢ ᠲᠣᠬᠢᠷᠠᠭᠤᠯᠬᠤ᠂ ᠨᠢᠭᠡ ᠬᠣᠲᠠ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ ᠵᠠᠷᠴᠢᠮ᠎ᠢ ᠪᠠᠷᠢᠮᠲᠠᠯᠠᠨ᠂ ᠲᠤᠰ ᠭᠠᠵᠠᠷ ᠣᠷᠣᠨ᠎ᠤ᠎ᠪᠠᠨ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠪᠠ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠱᠠᠭ᠋ᠠᠷᠳᠠᠯᠭ᠎ᠠ ᠦᠭᠡᠶ ᠬᠣᠲᠠ᠎ᠨᠢ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠰᠣᠬᠣᠷ ᠪᠠᠯᠠᠶ᠎ᠪᠠᠷ ᠬᠥᠭᠵᠢᠭᠦᠯᠵᠦ ᠪᠣᠯᠬᠤ ᠦᠭᠡᠶ᠂ ᠭᠣᠣᠯᠳᠠᠭᠤ ᠣᠯᠠᠨ ᠨᠡᠢ᠌ᠲᠡ ᠵᠢᠨ ᠲᠦᠷᠢᠶᠡᠰᠦᠨ ᠣᠷᠣᠨ ᠰᠠᠭᠤᠴᠠ ᠵᠢᠨ ᠬᠡᠯᠪᠡᠷᠢ᠎ᠪᠠᠷ ᠣᠷᠣᠨ ᠰᠠᠭᠤᠴᠠ ᠵᠢᠨ ᠪᠠᠲᠤᠯᠠᠭ᠎ᠠ ᠵᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠶ᠃
     (ᠬᠣᠶᠠᠷ) ᠠᠵᠢᠯ᠎ᠤᠨ ᠭᠣᠤᠯᠳᠠᠯᠭ᠎ᠠ᠎ᠪᠠᠨ ᠲᠣᠳᠤᠷᠬᠠᠢ᠌ᠯᠠᠨ᠎ᠠ᠃ ᠡᠯ᠎ᠡ ᠠᠢ᠌ᠮᠠᠭ ᠬᠣᠲᠠ ᠵᠢᠨ ᠬᠣᠲᠠ ᠵᠢᠨ ᠲᠣᠭᠣᠷᠢᠭ᠎ᠤᠨ ᠬᠥᠮᠦᠨ ᠠᠮᠠ ᠵᠢᠨ ᠲᠣᠭ᠎ᠠ ᠬᠡᠮᠵᠢᠶ᠎ᠡ ᠵᠢᠴᠢ ᠬᠥᠮᠦᠨ ᠠᠮᠠ ᠵᠢᠨ ᠨᠡᠭᠦᠳᠡᠯ᠎ᠤᠨ ᠪᠠᠢ᠌ᠳᠠᠯ᠎ᠢ ᠦᠨᠳᠦᠰᠦᠯᠡᠨ᠂ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠵᠢ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠭᠥᠭᠵᠢᠭᠦᠯᠬᠦ ᠪᠥᠬᠥ ᠣᠷᠣᠨ᠎ᠤ ᠭᠣᠤᠯᠳᠠᠯᠭ᠎ᠠ᠎ᠲᠠᠢ ᠬᠣᠲᠠ᠎ᠨᠤᠭᠤᠳ ᠵᠶ᠋ᠠᠷ ᠲᠣᠭᠲᠠᠭ᠋ᠠᠪᠠ᠂ ᠡᠭᠦᠨ᠎ᠳᠤ ᠬᠥᠬᠡᠬᠣᠲᠠ ᠪᠠ ᠪᠤᠭᠤᠲᠤ ᠬᠣᠲᠠ ᠵᠢ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠭᠥᠭᠵᠢᠭᠦᠯᠬᠦ ᠨᠠᠭ᠋ᠠᠲᠤ ᠵᠠᠬ᠎ᠠ ᠵᠢᠨ ᠭᠣᠤᠯᠳᠠᠯᠭ᠎ᠠ᠎ᠲᠠᠢ ᠬᠣᠲᠠ ᠪᠣᠯᠭ᠋ᠠᠨ᠎ᠠ᠃ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠬᠥᠭᠵᠢᠭᠦᠯᠬᠦ ᠴᠢᠬᠤᠯᠠ᠎ᠲᠠᠢ ᠪᠤᠰᠤᠳ ᠬᠣᠲᠠ᠎ᠨᠤᠭᠤᠳ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠬᠦᠭᠵᠢᠬᠦᠯᠬᠦ ᠬᠣᠲᠠ᠎ᠤᠨ ᠵᠢᠭᠰᠠᠭ᠋ᠠᠯ᠎ᠳᠤ ᠣᠷᠤᠭᠤᠯᠤᠨ᠎ᠠ᠃ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠬᠥᠭᠵᠢᠭᠦᠯᠬᠦ᠎ᠪᠠᠷ ᠱᠠᠭ᠋ᠠᠷᠳᠠᠭᠰᠠᠨ ᠠᠢ᠌ᠮᠠᠭ ᠬᠣᠲᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠬᠥᠭᠵᠢᠭᠦᠯᠬᠦ ᠲᠥᠯᠥᠪᠯᠡᠭᠡ ᠲᠣᠭᠲᠠᠭ᠋ᠠᠵᠤ᠂ ᠪᠥᠲᠥᠭᠡᠨ ᠪᠠᠢ᠌ᠭᠤᠯᠬᠤ ᠠᠷᠭ᠎ᠠ ᠬᠡᠯᠪᠡᠷᠢ ᠵᠢ ᠲᠣᠳᠣᠷᠬᠠᠢ᠌ᠯᠠᠬᠤ ᠵᠢᠨ ᠬᠠᠮᠲᠤ ᠪᠣᠳᠠᠲᠠᠶ ᠬᠡᠷᠡᠭᠵᠢᠭᠦᠯᠬᠦ ᠠᠷᠭ᠎ᠠ ᠲᠣᠭᠲᠠᠭ᠋ᠠᠬᠤ ᠬᠡᠷᠡᠭᠲᠡᠶ᠃
     (ᠭᠤᠷᠪᠠ) ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠠᠢ᠌ᠮᠠᠭ ᠬᠣᠲᠠ᠎ᠨᠤᠭᠤᠳ ᠲᠤᠰ ᠭᠠᠵᠠᠷ ᠣᠷᠣᠨ᠎ᠤ ᠬᠥᠭᠵᠢᠯᠲᠡ ᠵᠢᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠪᠠᠢ᠌ᠭ᠋ᠠᠯᠢ ᠵᠢᠨ ᠡᠬᠢ ᠪᠠᠶᠠᠯᠢᠭ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠡᠷᠭᠡ ᠰᠠᠯᠠᠭ᠎ᠠ ᠮᠥᠴᠢᠷ᠎ᠤᠳ ᠬᠠᠮᠲᠤᠷᠠᠨ ᠬᠢᠨᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠲᠦᠷᠦᠯ ᠵᠦᠢ᠍ᠯ᠎ᠢ ᠨᠣᠲᠠᠯᠠᠨ ᠲᠣᠭᠲᠠᠭ᠋ᠠᠭᠰᠠᠨ ᠦᠨᠡᠮᠯᠡᠬᠦ ᠪᠢᠴᠢᠭ ᠥᠭᠴᠦ (ᠪᠤᠶᠤ ᠡᠷᠬᠡ ᠣᠯᠭᠣᠭᠰᠠᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ ᠦᠨᠡᠮᠯᠡᠬᠦ ᠪᠢᠴᠢᠭ ᠣᠯᠭᠤᠨ᠎ᠠ)᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠲᠤᠬᠠᠢ ᠤᠯᠤᠰ᠎ᠤᠨ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠎ᠢ ᠦᠨᠳᠦᠰᠦᠯᠡᠨ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠨ ᠥᠭᠴᠦ᠂ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠭ ᠣᠷᠣᠨ ᠨᠢᠭᠡᠳᠦᠯᠲᠡᠢ ᠲᠥᠯᠥᠪᠯᠡᠬᠦ ᠲᠤᠰᠬᠠᠢ ᠵᠦᠢ᠍ᠯ᠎ᠤᠨ ᠪᠡᠯᠡ ᠮᠥᠩᠭᠥ ᠵᠢ ᠪᠦᠬᠦ ᠣᠷᠣᠨ᠎ᠤ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠲᠥᠯᠥᠪᠯᠡᠭᠡ᠎ᠲᠤ ᠣᠷᠣᠭᠤᠯᠤᠭᠰᠠᠨ ᠲᠥᠷᠥᠯ ᠵᠦᠢ᠍ᠯ᠎ᠲᠤ ᠵᠣᠬᠢᠬᠤ ᠪᠡᠯᠡ ᠮᠥᠩᠭᠥ ᠵᠢᠨ ᠲᠤᠰᠠᠯᠠᠮᠵᠢ᠎ᠪᠠᠷ ᠣᠯᠭᠤᠨ᠎ᠠ᠃ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠪᠥᠬᠥ ᠣᠷᠣᠨ᠎ᠤ ᠨᠢᠭᠡᠳᠦᠯᠲᠡᠶ ᠲᠠᠪᠴᠠᠩ᠎ᠢ ᠪᠠᠢ᠌ᠭᠤᠯᠤᠨ᠂ ᠪᠠᠲᠤᠯᠠᠭ᠎ᠠ ᠵᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ᠎ᠳᠤ ᠪᠥᠬᠥ ᠶᠠᠪᠤᠴᠠ᠎ᠳᠤ᠎ᠨᠢ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠯ᠎ᠡ ᠭᠠᠵᠠᠷ᠎ᠤᠨ ᠪᠠᠲᠤᠯᠠᠭ᠎ᠠ ᠵᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠵᠢ ᠬᠦᠭᠵᠢᠭᠦᠯᠵᠦ ᠪᠠᠢ᠌ᠭ᠎ᠠ ᠪᠠᠢ᠌ᠳᠠᠯ᠎ᠳᠤ ᠬᠢᠨᠠᠨ ᠰᠢᠨᠵᠢᠵᠦ ᠦᠨᠡᠯᠡᠯᠲᠡ ᠬᠢᠬᠦ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠡᠷᠬᠡ ᠣᠯᠭᠣᠵᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠠᠢ᠌ᠮᠠᠭ ᠬᠣᠲᠠ ᠵᠢᠨ ᠬᠥᠭᠵᠢᠯᠲᠡ ᠵᠢᠨ ᠪᠠᠲᠤᠯᠠᠭ᠎ᠠ ᠵᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠵᠢᠨ ᠪᠠᠢ᠌ᠳᠠᠯ᠎ᠳᠤ ᠬᠢᠨᠠᠨ ᠰᠢᠨᠵᠢᠵᠦ ᠦᠨᠡᠯᠡᠯᠲᠡ ᠬᠢᠯᠭᠡᠨ᠎ᠡ᠂ ᠡᠯ᠎ᠡ ᠭᠠᠵᠠᠷ ᠰᠢᠮᠳᠠᠭᠤᠯᠵᠤ ᠪᠠᠢ᠌ᠭ᠋ᠠᠳ ᠪᠠᠲᠤᠯᠠᠭ᠎ᠠ ᠵᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠨᠡᠮᠡᠭᠳᠡᠭᠦᠯᠦᠨ᠎ᠡ᠃ ᠡᠭᠦᠨ᠎ᠤ ᠳᠠᠭ᠋ᠠᠤ᠂ ᠡᠯ᠎ᠡ ᠭᠠᠵᠠᠷ᠎ᠲᠤ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠤᠬᠠᠭᠤᠯᠵᠤ ᠬᠥᠲᠥᠯᠥᠨ ᠵᠢᠯᠣᠭᠣᠳᠬᠤ᠎ᠪᠠᠨ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ (ᠵᠠᠰᠠᠪᠤᠷᠢ ᠣᠷᠣᠭᠤᠯᠤᠭᠰᠠᠨ ᠬᠡᠪᠯᠡᠯ)》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》᠎ᠤᠨ ᠲᠠᠢ᠌ᠯᠤᠮᠵᠢ
《ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
 
            