ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ (ᠵᠠᠰᠠᠪᠤᠷᠢ ᠣᠷᠣᠭᠤᠯᠤᠭᠰᠠᠨ ᠬᠡᠪᠯᠡᠯ)》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-10-15


       ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ (ᠵᠠᠰᠠᠪᠤᠷᠢ ᠣᠷᠣᠭᠤᠯᠤᠭᠰᠠᠨ ᠬᠡᠪᠯᠡᠯ)》 (ᠳᠣᠷᠣᠭᠰᠢ

《ᠰᠢᠯᠭ᠋ᠠᠨ ᠬᠢᠨᠠᠬᠤ ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠯ᠎ᠠ᠃ ᠦᠨᠦ ᠬᠣᠯᠪᠣᠭᠳᠠᠯ ᠪᠦᠬᠦᠢ ᠠᠭᠤᠯᠭ᠎ᠠ ᠵᠢ ᠲᠤᠬᠠᠢ ᠳᠣᠣᠷᠠᠬᠢ ᠮᠡᠲᠦ ᠲᠠᠢ᠌ᠯᠪᠤᠷᠢᠯᠠᠶ᠎ᠠ᠄
       ᠨᠢᠭᠡ᠂ 《ᠰᠢᠯᠭ᠋ᠠᠨ ᠬᠢᠨᠠᠬᠤ ᠠᠷᠭ᠎ᠠ》 ᠵᠢ ᠲᠣᠭᠲᠠᠭ᠋ᠠᠭᠰᠠᠨ ᠦᠨᠳᠦᠰᠦᠯᠡᠯ
       〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠠᠷᠠᠳ ᠣᠯᠠᠨ᠎ᠤ ᠠᠮᠢᠳᠤᠷᠠᠯ᠎ᠤᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ ᠵᠢᠨ ᠲᠤᠰᠠᠳᠠ᠂ 《〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ  [2017] 1 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠢᠨ᠎ᠡ ᠴᠠᠭ᠎ᠤᠨ ᠪᠠᠢ᠌ᠳᠠᠯ᠎ᠳᠠᠬᠢ ᠮᠠᠨ᠎ᠤ ᠣᠷᠣᠨ᠎ᠤ ᠪᠣᠲᠠᠲᠠᠢ᠎ᠲᠠᠢ ᠤᠶᠠᠯᠳᠤᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 162 ᠳ᠋ᠤᠭ᠋ᠠᠷ ᠲᠣᠭ᠋ᠠᠲᠤ)᠎ᠳᠤ ᠵᠠᠰᠠᠪᠤᠷᠢ ᠣᠷᠣᠭᠤᠯᠪᠠ᠃
       ᠬᠣᠶᠠᠷ᠂ ᠰᠢᠯᠭ᠋ᠠᠨ ᠬᠢᠨᠠᠭᠤᠯᠬᠤ ᠡᠲᠡᠭᠡᠳ
       ᠪᠤᠭᠤᠲᠤ ᠬᠤᠳᠠ᠂ ᠬᠥᠯᠥᠨ ᠪᠤᠢ᠌ᠷ ᠬᠤᠳᠠ᠂ ᠬᠢᠩᠭ᠋ᠠᠨ ᠠᠢ᠌ᠮᠠᠭ᠂ ᠲᠦᠩᠯᠢᠶᠣᠤ ᠬᠤᠳᠠ᠂ ᠤᠯᠠᠭ᠋ᠠᠨᠬᠠᠳᠠ ᠬᠤᠳᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠢ᠌ᠮᠠᠭ᠃
       ᠭᠤᠷᠪᠠ᠂ ᠰᠢᠯᠭ᠋ᠠᠨ ᠬᠢᠨᠠᠬᠤ ᠵᠣᠬᠢᠶᠠᠨ ᠪᠠᠢ᠌ᠭᠤᠯᠤᠯᠲᠠ ᠵᠢᠴᠢ ᠴᠠᠭ
       (ᠨᠢᠭᠡ) ᠰᠢᠯᠭ᠋ᠠᠨ ᠬᠢᠨᠠᠬᠤ ᠵᠣᠬᠢᠶᠠᠨ ᠪᠠᠢ᠌ᠭᠤᠯᠤᠯᠲᠠ
      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ 《ᠨᠣᠭᠤᠭ᠎ᠠ ᠢᠳᠡᠭᠡ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠳ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠲᠠᠢ ᠬᠠᠮᠲᠤᠷᠠᠨ᠎ᠠ᠃
       (ᠬᠣᠶᠠᠷ) ᠰᠢᠯᠭ᠋ᠠᠨ ᠬᠢᠨᠠᠬᠤ ᠴᠠᠭ
       〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠤᠨ ᠰᠢᠯᠭ᠋ᠠᠨ ᠬᠢᠨᠠᠬᠤ ᠠᠵᠢᠯ᠎ᠢ ᠬᠣᠶᠠᠷ ᠵᠢᠯ᠎ᠳᠤ ᠨᠢᠭᠡ ᠤᠳᠠᠭ᠎ᠠ

ᠥᠷᠨᠢᠭᠦᠯᠦᠨ᠎ᠡ᠃
       ᠳᠥᠷᠪᠡ᠂ ᠰᠢᠯᠭ᠋ᠠᠨ ᠬᠢᠨᠠᠬᠤ ᠠᠭᠤᠯᠭ᠎ᠠ
       《ᠨᠣᠭᠤᠭ᠎ᠠ ᠢᠳᠡᠭᠡᠨ》᠎ᠤ ᠪᠦᠲᠦᠭᠡᠭᠳᠡᠬᠦᠨ᠎ᠢ ᠦᠢ᠍ᠯᠡᠳᠪᠦᠷᠢᠯᠡᠬᠦ ᠴᠢᠳᠠᠪᠤᠷᠢ᠂ 《ᠨᠣᠭᠤᠭ᠎ᠠ ᠢᠳᠡᠭᠡᠨ》᠎ᠤ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠭᠦᠢ᠍ᠯᠭᠡᠭᠡᠨ᠎ᠤ ᠴᠢᠳᠠᠪᠤᠷᠢ᠂ 《ᠨᠣᠭᠤᠭ᠎ᠠ ᠢᠳᠡᠭᠡᠨ》᠎ᠤ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠬᠢᠨᠠᠨ ᠬᠠᠮᠢᠶᠠᠷᠬᠤ ᠴᠢᠳᠠᠪᠤᠷᠢ᠂ 《ᠨᠣᠭᠤᠭ᠎ᠠ ᠢᠳᠡᠭᠡᠨ》᠎ᠤ ᠪᠦᠲᠦᠭᠡᠭᠳᠡᠬᠦᠨ᠎ᠢ ᠲᠤᠬᠢᠷᠠᠭᠤᠯᠤᠨ ᠡᠵᠡᠮᠳᠡᠬᠦ ᠪᠠᠲᠤᠯᠠᠭ᠎ᠠ ᠵᠢᠨ ᠴᠢᠳᠠᠪᠤᠷᠢ᠂ ᠬᠣᠲᠠ ᠵᠢᠨ ᠠᠷᠠᠳ᠎ᠤᠨ 《ᠨᠣᠭᠤᠭ᠎ᠠ ᠢᠳᠡᠭᠡᠨ》᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠠᠬᠢ ᠬᠠᠨᠤᠮᠵᠢ ᠵᠢᠨ ᠬᠡᠮᠵᠢᠶ᠎ᠡ᠃
       ᠲᠠᠪᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠦᠨᠡᠯᠡᠯᠲᠡ
       ᠰᠢᠯᠭ᠋ᠠᠨ ᠬᠢᠨᠠᠬᠤ᠎ᠳᠤ ᠬᠤᠪᠢ ᠲᠣᠭᠲᠠᠭ᠋ᠠᠬᠤ ᠳᠦᠷᠢᠮ᠎ᠢ ᠬᠡᠷᠡᠭᠯᠡᠵᠦ᠂ ᠪᠦᠷᠢᠨ ᠬᠤᠪᠢ᠎ᠨᠢ 100 ᠬᠤᠪᠢ ᠪᠠᠢ᠌ᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠰᠢᠯᠢᠳᠡᠭ᠂ ᠰᠠᠢ᠌ᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠳᠥᠷᠪᠡᠨ ᠳᠡᠰ ᠬᠤᠪᠢᠶᠠᠨ᠎ᠠ᠃
       ᠵᠢᠷᠭᠤᠭ᠎ᠠ᠂ ᠰᠢᠯᠭ᠋ᠠᠨ ᠬᠢᠨᠠᠬᠤ ᠠᠯᠬᠤᠮ ᠳᠠᠷᠠᠭ᠎ᠠ
       ᠥᠪᠡᠷ᠎ᠢ᠎ᠪᠠᠨ ᠦᠨᠡᠯᠡᠬᠦ᠂ ᠰᠠᠯᠠᠭ᠎ᠠ ᠮᠥᠴᠢᠷ ᠬᠢᠨᠠᠨ ᠲᠣᠭᠲᠠᠭ᠋ᠠᠬᠤ᠂ ᠵᠣᠬᠢᠶᠠᠨ ᠪᠠᠢ᠌ᠭᠤᠯᠤᠯᠲᠠ ᠰᠤᠭᠤᠴᠢᠨ ᠪᠠᠢ᠌ᠴᠠᠭ᠋ᠠᠬᠤ᠂ ᠶᠡᠷᠦᠩᠬᠡᠢ᠌ᠯᠡᠨ ᠦᠨᠡᠯᠡᠨ ᠲᠣᠭᠲᠠᠭ᠋ᠠᠬᠤ᠂ ᠦᠷ᠎ᠡ ᠳ᠋ᠦᠩ᠎ᠢ ᠬᠠᠷᠢᠭᠤ ᠲᠤᠰᠬᠠᠬᠤ ᠠᠷᠭ᠎ᠠ᠎ᠪᠠᠷ ᠶᠠᠪᠤᠭᠳᠠᠨ᠎ᠠ᠃
       ᠳᠣᠯᠣᠭ᠎ᠠ᠂ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ
      ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠰᠢᠯᠭ᠋ᠠᠨ ᠬᠢᠨᠠᠭᠰᠠᠨ ᠦᠷ᠎ᠡ ᠳ᠋ᠦᠩ᠎ᠢ 《ᠨᠣᠭᠣᠭ᠎ᠠ ᠢᠳᠡᠭᠡᠨ》᠎ᠤ ᠲᠥᠷᠥᠯ ᠵᠦᠢᠯ᠎ᠳᠤ ᠪᠠᠯᠠ ᠮᠥᠩᠭᠥ ᠳᠣᠭᠢᠷᠠᠭᠤᠯᠬᠤ ᠪᠠ ᠲᠤᠰᠬᠠᠶ ᠵᠦᠢᠯ ᠵᠶ᠋ᠡᠷ ᠲᠡᠳᠬᠦᠬᠦ ᠵᠢᠨ ᠨᠢᠭᠡ ᠦᠨᠳᠦᠰᠦᠯᠡᠯ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠬᠠᠮᠲᠤᠷᠠᠭᠰᠠᠨ ᠬᠤᠷᠠᠯ᠎ᠤᠨ ᠪᠤᠰᠤᠳ ᠪᠦᠷᠢᠯᠳᠦᠬᠦᠨ ᠨᠢᠭᠡᠴᠡ᠎ᠨᠤᠭᠤᠳ᠎ᠲᠠᠢ ᠬᠠᠮᠲᠤᠷᠠᠨ ᠲᠣᠰ ᠠᠷᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠪᠣᠳᠠᠲᠠᠶ᠎ᠲᠠᠢ ᠤᠶᠠᠯᠳᠤᠭᠤᠯᠵᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠵᠡᠷᠭᠡ 11 ᠶᠠᠮᠤᠨ ᠵᠥᠪᠯᠡᠯ᠎ᠤᠨ ᠲᠣᠭᠲᠠᠭ᠋ᠠᠭᠰᠠᠨ 《〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ ᠵᠢᠨ ᠬᠡᠷᠡᠭᠵᠢᠭᠦᠯᠬᠦ ᠨᠠᠷᠢᠨ ᠲᠦᠷᠢᠮ〉᠎ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ》 (ᠲᠠᠷᠢᠶᠠᠯᠠᠩ ᠬᠣᠲᠠ ᠲᠠᠷᠬᠠᠭ᠋ᠠᠭᠰᠠᠨ [2021] 1 ᠳ᠋ᠦ᠍ᠭᠡᠷ ᠲᠣᠭ᠋ᠠᠲᠤ) ᠵᠶ᠋ᠠᠷ ᠯᠠᠪᠯᠠᠯᠲᠠ ᠪᠣᠯᠭ᠋ᠠᠵᠤ᠂ ᠡᠯ᠎ᠡ ᠵᠦᠢᠯ᠎ᠤᠨ ᠰᠢᠯᠭ᠋ᠠᠨ ᠬᠢᠨᠠᠬᠤ ᠭᠦᠢᠴᠡᠳᠬᠡᠯ ᠲᠣᠭ᠎ᠠ ᠵᠢ ᠪᠤᠳᠤᠬᠤ ᠠᠷᠭ᠎ᠠ ᠪᠠ ᠬᠤᠪᠢ ᠲᠣᠭᠲᠠᠭ᠋ᠠᠬᠤ ᠪᠠᠷᠢᠮᠵᠢᠶ᠎ᠠ ᠵᠢ ᠲᠣᠳᠣᠷᠬᠠᠢ᠌ᠯᠠᠨ᠂ ᠰᠢᠯᠭ᠋ᠠᠨ ᠬᠢᠨᠠᠬᠤ ᠴᠤᠪᠤᠷᠠᠯ ᠪᠠ ᠱᠠᠭ᠋ᠠᠷᠳᠠᠯᠭ᠎ᠠ ᠵᠢ ᠨᠠᠷᠢᠯᠢᠬ᠍ᠵᠢᠭᠤᠯᠵᠤ᠂ ᠰᠢᠯᠭ᠋ᠠᠨ ᠬᠢᠨᠠᠬᠤ ᠠᠵᠢᠯ᠎ᠤᠨ ᠡᠷᠬᠡ ᠲᠡᠭᠰᠢ ᠲᠥᠪ ᠭᠣᠤᠯᠴᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠬᠢᠨᠠᠨ ᠰᠢᠯᠭ᠋ᠠᠵᠤ ᠦᠨᠡᠯᠡᠬᠦ ᠳᠤᠮᠳᠠ ᠬᠤᠳᠠᠯ ᠬᠡᠯᠡᠵᠦ ᠬᠠᠭᠤᠷᠮᠠᠭ ᠵᠣᠬᠢᠶᠠᠬᠤ᠂ ᠲᠣᠭᠲᠠᠭ᠋ᠠᠯ᠎ᠠᠴᠠ ᠵᠥᠷᠢᠴᠡᠨ ᠠᠵᠢᠯᠯᠠᠬᠤ ᠵᠡᠷᠭᠡ ᠬᠢᠨᠠᠨ ᠰᠢᠯᠭ᠋ᠠᠵᠤ ᠦᠨᠡᠯᠡᠬᠦ ᠠᠵᠢᠯ᠎ᠢ ᠨᠥᠯᠦᠭᠡᠯᠡᠭᠰᠡᠨ ᠦᠢ᠍ᠯᠡ ᠠᠵᠢᠯᠯᠠᠭ᠎ᠠ ᠵᠢ ᠵᠠᠷᠯᠠᠨ ᠰᠢᠭᠦᠮᠵᠢᠯᠡᠨ᠎ᠡ᠃
       ᠲᠣᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ ᠲᠠᠢ᠌ᠯᠪᠤᠷᠢᠯᠠᠵᠤ᠂ ᠨᠡᠢ᠌ᠲᠡᠯᠡᠭᠰᠡᠨ ᠡᠳᠦᠷ᠎ᠠᠴᠠ 30 ᠡᠳᠦᠷ᠎ᠤᠨ ᠳᠠᠷᠠᠭ᠎ᠠ ᠡᠬᠢᠯᠡᠨ ᠬᠡᠷᠡᠭᠵᠢᠭᠦᠯᠬᠦ ᠵᠢᠨ ᠬᠠᠮᠲᠤ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠨᠣᠭᠤᠭ᠎ᠠ ᠢᠳᠡᠭᠡᠨ〉᠎ᠢ ᠬᠣᠲᠠ ᠵᠢᠨ ᠳᠠᠷᠤᠭ᠎ᠠ ᠬᠠᠷᠢᠭᠤᠴᠠᠬᠤ ᠲᠦᠷᠢᠮ᠎ᠢ ᠰᠢᠯᠭ᠋ᠠᠨ ᠬᠢᠨᠠᠬᠤ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2017]162 ᠳ᠋ᠤᠭ᠋ᠠᠷ ᠲᠣᠭ᠋ᠠᠲᠤ) ᠵᠢ ᠬᠦᠴᠦᠨ ᠥᠬᠡᠶ ᠪᠣᠯᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》᠎ᠤᠨ ᠲᠠᠢ᠌ᠯᠤᠮᠵᠢ
《ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠬᠤᠭᠤᠴᠠᠭ᠋ᠠᠨ᠎ᠤ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠲᠥᠯᠥᠪᠵᠢᠭᠦᠯᠭᠡ》 ᠵᠢᠨ ᠲᠠᠢ᠌ᠯᠤᠮᠵᠢ
 
            