ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-10-20

      ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠠᠵᠢᠯ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠮᠵᠢᠯᠲᠠ ᠪᠠ ᠲᠤᠷᠰᠢᠯᠭ᠎ᠠ ᠵᠢ ᠭᠦᠢ᠍ᠴᠡᠳ ᠳ᠋ᠦᠩᠨᠡᠵᠦ᠂ ᠪᠦᠬᠦ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠵᠢᠯᠣᠭᠣᠳᠴᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠴᠢᠬᠤᠯᠠ ᠶᠡᠬᠡ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠵᠢ ᠳᠤᠷᠠᠳᠬᠤ ᠵᠢᠨ ᠲᠤᠰᠠᠳᠠ᠂ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠭᠤᠯᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》 ᠪᠠ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠭᠠᠷᠴᠠᠭ᠎ᠤᠨ ᠨᠠᠷᠢᠨ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠲᠥᠯᠥᠪᠵᠢᠭᠦᠯᠭᠡ ᠵᠢᠨ ᠵᠥᠪᠯᠡᠯ᠎ᠤᠨ ᠮᠡᠳᠡᠭᠳᠡᠯ》᠎ᠢ ᠦᠨᠳᠦᠰᠦᠯᠡᠵᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ》 (ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢ ᠲᠣᠭᠲᠠᠭ᠋ᠠᠨ ᠨᠡᠶ᠋ᠢᠲᠡᠯᠡᠪᠡ᠃

      ᠬᠣᠶᠠᠷ᠂ 《ᠲᠥᠯᠥᠪᠵᠢᠭᠦᠯᠭᠡ》 ᠵᠢᠨ ᠭᠣᠣᠯ ᠠᠭᠤᠯᠭ᠎ᠠ

      《ᠲᠥᠯᠥᠪᠵᠢᠭᠦᠯᠭᠡ》᠎ᠨᠢ 《ᠠᠮᠢ ᠠᠬᠤᠶ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ》᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ᠎ᠪᠠᠷ ᠭᠣᠣᠯ ᠰᠡᠳᠦᠪ ᠪᠣᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠢᠳᠡᠪᠬᠢᠲᠡᠶ᠎ᠪᠠᠷ ᠵᠣᠬᠢᠴᠠᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠦᠢ᠍ᠯᠡᠴᠢᠯᠡᠭᠡ ᠵᠢ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠣᠲᠠ ᠵᠢ ᠶᠡᠬᠡ ᠬᠡᠪᠴᠢᠶ᠎ᠡ᠎ᠪᠠᠷ ᠨᠡᠮᠡᠭᠳᠡᠵᠦ ᠪᠦᠲᠦᠭᠡᠨ ᠪᠠᠢ᠌ᠭᠤᠯᠵᠤ ᠪᠠᠢ᠌ᠭᠰᠠᠨ᠎ᠢ ᠬᠠᠳᠠᠭ᠋ᠠᠯᠠᠬᠤ ᠴᠢᠨᠠᠷ᠎ᠢ ᠳᠡᠭᠡᠭᠰᠢᠯᠡᠭᠦᠯᠬᠦ ᠥᠭᠡᠷᠡᠴᠢᠯᠡᠬᠦ ᠪᠠ ᠨᠡᠮᠡᠭᠳᠡᠯ᠎ᠤᠨ ᠪᠦᠲᠦᠴᠡ ᠵᠢᠨ ᠲᠣᠬᠢᠷᠠᠭᠤᠯᠤᠯᠲᠠ ᠬᠢᠬᠦ ᠵᠢ ᠵᠡᠷᠭᠡ᠎ᠪᠠᠷ ᠴᠢᠬᠤᠯᠠᠴᠢᠯᠠᠬᠤ ᠪᠣᠯᠭ᠋ᠠᠨ ᠬᠤᠪᠢᠷᠠᠭᠤᠯᠬᠤ᠎ᠪᠠᠷ ᠭᠣᠣᠯᠳᠠᠭᠤᠯᠵᠤ᠂ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠤᠯᠲᠠ ᠵᠢᠨ ᠲᠦᠪᠰᠢᠨ ᠵᠶ᠋ᠠᠨ ᠳᠡᠭᠡᠭᠰᠢᠯᠡᠭᠦᠯᠵᠦ᠂ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠬᠤ ᠰᠢᠨ᠎ᠡ ᠴᠠᠭ ᠦᠶ᠎ᠡ᠎ᠳᠤ ᠣᠷᠣᠭᠤᠯᠬᠤ ᠰᠢᠨ᠎ᠡ ᠱᠠᠭ᠋ᠠᠷᠳᠠᠯᠭ᠎ᠠ᠎ᠪᠠᠷ᠂ ᠰᠠᠭᠤᠬᠤ᠎ᠠᠴᠠ ᠣᠷᠣᠨ ᠰᠠᠭᠤᠴᠠ᠎ᠲᠠᠢ ᠪᠠᠢ᠌ᠭᠰᠠᠨ᠎ᠠᠴᠠ ᠰᠠᠭᠤᠬᠤ᠎ᠠᠴᠠ ᠰᠠᠢ᠌ᠨ ᠰᠠᠭᠤᠴᠠ᠎ᠲᠠᠢ ᠪᠣᠯᠭ᠋ᠠᠬᠤ ᠲᠡᠢ᠌ᠰᠢ ᠤᠷᠤᠭᠰᠢᠯᠠᠬᠤ ᠵᠢ ᠠᠬᠢᠭᠤᠯᠬᠤ᠂ ᠬᠤᠳᠠ ᠵᠢ ᠰᠢᠨᠡᠳᠬᠡᠬᠦ ᠪᠠ ᠬᠥᠳᠡᠭᠡ ᠲᠣᠰᠬᠣᠨ᠎ᠢ ᠪᠦᠳᠦᠭᠡᠨ ᠪᠠᠶ᠋ᠢᠭᠤᠯᠬᠤ ᠠᠵᠢᠯᠯᠠᠭ᠎ᠠ ᠵᠢ ᠬᠡᠷᠡᠭᠵᠢᠭᠦᠯᠬᠦ᠂ ᠬᠤᠳᠠ ᠵᠢᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ᠂ ᠪᠦᠷᠢᠨ ᠪᠦᠲᠦᠨ ᠰᠠᠭᠤᠷᠢᠰᠢᠯ᠎ᠤᠨ ᠨᠡᠶ᠋ᠢᠭᠡᠮ ᠲᠣᠭᠣᠷᠢᠭ᠎ᠢ ᠪᠦᠳᠦᠭᠡᠨ ᠪᠠᠶ᠋ᠢᠭᠤᠯᠬᠤ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ᠂ ᠠᠵᠢᠯ ᠲᠦᠷᠦᠯ᠎ᠤᠨ ᠵᠠᠰᠠᠯᠲᠠ ᠵᠢᠨ ᠲᠣᠭ᠋ᠠᠴᠢᠯᠠᠭᠰᠠᠨ ᠤᠶᠤᠨ᠎ᠳᠤ ᠴᠢᠳᠠᠪᠤᠷᠢ ᠣᠯᠭᠣᠬᠤ ᠵᠢ ᠪᠡᠶᠡᠯᠡᠭᠦᠯᠬᠦ ᠵᠡᠷᠭᠡ ᠲᠠᠯ᠎ᠠ᠎ᠪᠠᠷ ᠠᠯᠢ ᠤᠯᠠᠨ ᠰᠢᠨ᠎ᠡ ᠬᠠᠷᠠᠯᠲᠠ ᠰᠢᠨ᠎ᠡ ᠠᠷᠭ᠎ᠠ ᠬᠡᠮᠵᠢᠶ᠎ᠡ ᠵᠢ ᠳᠤᠷᠠᠳᠴᠤ᠂ ᠬᠤᠳᠠ ᠬᠥᠳᠡᠭᠡ ᠵᠢᠨ ᠬᠥᠭᠵᠢᠯᠲᠡ ᠵᠢᠨ ᠬᠡᠯᠪᠡᠷᠢ ᠵᠢ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠠᠷᠠᠳ ᠤᠯᠠᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠨᠠᠷᠢᠯᠢᠭ ᠨᠠᠶ᠋ᠢᠳᠠᠪᠤᠷᠢᠵᠢᠭᠤᠯᠬᠤ ᠪᠣᠯᠣᠨ᠎ᠠ᠃

      《ᠲᠥᠯᠥᠪᠵᠢᠭᠦᠯᠭᠡ》᠎ᠨᠢ ᠨᠡᠶ᠋ᠢᠲᠡ ᠭᠤᠷᠪᠠᠨ ᠶᠡᠬᠡ ᠬᠡᠰᠡᠭ 10 ᠪᠦᠯᠦᠭ ᠵᠶ᠋ᠠᠷ ᠪᠦᠷᠢᠯᠳᠦᠵᠡᠢ᠂ ᠨᠢᠭᠡᠳᠦᠭᠡᠷ ᠬᠡᠰᠡᠭ᠎ᠢ ᠨᠢᠭᠡᠳᠦᠭᠡᠷ ᠪᠦᠯᠦᠭ ᠪᠠ ᠬᠣᠶᠠᠳᠤᠭ᠋ᠠᠷ ᠪᠦᠯᠦᠭ ᠭᠡᠵᠦ ᠬᠤᠪᠢᠶᠠᠪᠠ᠃ ᠭᠣᠣᠯᠳᠠᠭᠤ ᠪᠦᠬᠦ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠥᠭᠵᠢᠯᠲᠡ ᠵᠢᠨ ᠠᠮᠵᠢᠯᠲᠠ ᠪᠣᠯᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠤᠯᠭ᠋ᠠᠷᠠᠬᠤ ᠪᠠᠶ᠋ᠢᠳᠠᠯ᠎ᠢ ᠳ᠋ᠦᠩᠨᠡᠨ ᠵᠠᠳᠠᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠪᠦᠬᠦ ᠣᠷᠣᠨ᠎ᠤ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠎ᠢ ᠳᠤᠷᠠᠳᠴᠤ᠂ 2025 ᠣᠨ ᠪᠣᠯᠬᠤ᠎ᠳᠤ᠂ ᠪᠦᠬᠦ ᠣᠷᠣᠨ᠎ᠤ ᠬᠥᠮᠦᠰ᠎ᠤᠨ ᠰᠠᠭᠤᠷᠢᠰᠢᠬᠤ ᠣᠷᠴᠢᠨ᠎ᠢ ᠨᠡᠩ ᠲᠠᠭ᠋ᠠᠯᠠᠮᠵᠢᠲᠠᠢ ᠪᠣᠯᠭ᠋ᠠᠵᠤ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠵᠢ ᠤᠯᠠᠮ ᠨᠢᠭᠡ ᠠᠯᠬᠤᠮ ᠰᠢᠪᠲᠤᠯᠤᠯᠲᠠ᠎ᠲᠠᠢ ᠪᠣᠯᠭ᠋ᠠᠬᠤ᠂ ᠬᠤᠳᠠ ᠵᠢᠨ ᠰᠢᠨᠡᠴᠢᠯᠡᠯᠲᠡ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠬᠤᠳᠠ ᠵᠢᠨ ᠵᠠᠰᠠᠯᠲᠠ ᠵᠢᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠰᠣᠶᠣᠯ᠎ᠤᠨ ᠣᠨᠴᠠᠯᠢᠭ᠎ᠢ ᠠᠯᠬᠤᠮ ᠠᠯᠬᠤᠮ ᠵᠶ᠋ᠠᠷ ᠳᠣᠪᠣᠢ᠌ᠯᠭ᠋ᠠᠬᠤ᠂ ᠰᠠᠭᠤᠷᠢ ᠲᠥᠬᠥᠭᠡᠷᠦᠮᠵᠢ ᠵᠢᠨ ᠪᠠᠲᠤᠯᠠᠭ᠎ᠠ ᠵᠢᠨ ᠴᠢᠳᠠᠪᠤᠷᠢ ᠪᠣᠯᠤᠨ ᠬᠤᠳᠠ ᠵᠢᠨ ᠤᠶᠠᠨ ᠬᠠᠳᠠᠨ ᠴᠢᠨᠠᠷ᠎ᠢ ᠦᠷᠭᠦᠯᠵᠢᠯᠡᠨ ᠴᠢᠩᠭ᠋ᠠᠳᠬᠠᠵᠤ᠂ ᠣᠷᠣᠨ ᠰᠠᠭᠤᠴᠠ ᠪᠠ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠤᠶᠤᠨᠴᠢᠯᠠᠭᠰᠠᠨ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠬᠦ ᠬᠠᠷᠠᠯᠲᠠ ᠵᠢ ᠪᠡᠶᠡᠯᠡᠭᠦᠯᠬᠦ᠎ᠪᠠᠷ ᠲᠣᠭᠲᠠᠭ᠋ᠠᠵᠠᠢ᠃

      ᠬᠣᠶᠠᠳᠤᠭ᠋ᠠᠷ ᠬᠡᠰᠡᠭ᠎ᠢ ᠭᠤᠷᠪᠠᠳᠤᠭ᠋ᠠᠷ ᠪᠦᠯᠦᠭ᠎ᠠᠴᠠ ᠶᠢᠰᠦᠳᠦᠭᠡᠷ ᠪᠦᠯᠦᠭ ᠬᠦᠷᠲᠡᠯ᠎ᠡ ᠬᠤᠪᠢᠶᠠᠵᠠᠢ᠂ ᠭᠣᠤᠯᠳᠠᠭᠤ ᠬᠣᠲᠠ ᠪᠠᠯᠭ᠋ᠠᠰᠤᠨ᠎ᠤ ᠣᠷᠣᠨ ᠰᠠᠭᠤᠴᠠ ᠵᠢᠨ ᠪᠠᠲᠤᠯᠠᠭ᠎ᠠ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠲᠣᠭᠲᠠᠯᠴᠠᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠂ ᠰᠠᠭᠤᠷᠢᠰᠢᠬᠤ᠎ᠳᠤ ᠲᠣᠬᠢᠷᠠᠮᠵᠢᠲᠠᠶ᠂ ᠪᠣᠬᠢᠷᠲᠤᠯ ᠥᠬᠡᠶ᠂ ᠤᠶᠠᠨ ᠬᠠᠲᠠᠨ᠂ ᠣᠶᠣᠨ ᠤᠬᠠᠭ᠋ᠠᠨᠲᠤ᠂ ᠰᠣᠶᠣᠯ ᠢᠷᠭᠡᠨᠰᠢᠯ᠎ᠤᠨ ᠬᠣᠲᠠ ᠵᠢ ᠪᠥᠲᠥᠭᠡᠨ ᠪᠠᠶ᠋ᠢᠭᠤᠯᠬᠤ᠂ ᠬᠣᠲᠠ ᠵᠢᠨ ᠵᠠᠰᠠᠯᠲᠠ᠂ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠠᠵᠢᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠡᠭᠦᠨ᠎ᠳᠤ᠂ ᠭᠤᠷᠪᠠᠳᠤᠭ᠋ᠠᠷ ᠪᠦᠯᠦᠭ᠎ᠲᠤ ᠬᠣᠲᠠ ᠪᠠᠯᠭ᠋ᠠᠰᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠲᠣᠭᠲᠠᠯᠴᠠᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠡᠷ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠂ ᠠᠳᠠᠯ ᠠᠬᠤᠶ ᠵᠢᠨ ᠦᠢ᠍ᠯᠡᠴᠢᠯᠡᠭᠡ ᠵᠢᠴᠢ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠲᠥᠷᠥ ᠵᠢᠨ ᠪᠣᠳᠣᠯᠭ᠎ᠠ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ᠂ ᠠᠷᠠᠳ ᠣᠯᠠᠨ᠎ᠤ ᠨᠠᠩ ᠲᠠᠭ᠋ᠠᠯᠠᠮᠵᠢᠲᠠᠶ ᠣᠷᠣᠨ ᠰᠠᠭᠤᠴᠠ ᠵᠢᠨ ᠨᠥᠬᠥᠴᠡᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠬᠠᠷᠢᠭᠤ ᠥᠭᠬᠦ ᠪᠠ ᠬᠠᠩᠭ᠋ᠠᠬᠤ ᠪᠣᠯᠣᠨ᠎ᠠ; ᠳᠥᠷᠪᠡᠳᠦᠭᠡᠷ ᠪᠦᠯᠦᠭ᠎ᠲᠤ ᠪᠠᠷᠢᠯᠭ᠎ᠠ ᠵᠢᠨ ᠦᠢ᠍ᠯᠡᠰ᠎ᠤᠨ ᠪᠣᠬᠢᠷᠲᠤᠯ ᠥᠬᠡᠶ ᠬᠥᠭᠵᠢᠯᠲᠡ ᠵᠢ ᠪᠡᠶᠡᠯᠡᠭᠦᠯᠬᠦ᠂ ᠪᠥᠲᠥᠭᠡᠨ ᠪᠠᠶ᠋ᠢᠭᠤᠯᠬᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ᠂ ᠪᠠᠷᠢᠯᠭ᠎ᠠ ᠵᠢᠨ ᠦᠢ᠍ᠯᠡᠰ᠎ᠤᠨ ᠠᠵᠢᠯ ᠲᠥᠷᠥᠯ᠎ᠤᠨ ᠬᠥᠭᠵᠢᠯᠲᠡ ᠵᠢ ᠠᠬᠢᠭᠤᠯᠬᠤ᠂ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ ᠠᠵᠢᠯ ᠲᠥᠷᠥᠯ᠎ᠤᠨ ᠲᠦᠪᠰᠢᠨ᠎ᠢ ᠳᠡᠭᠡᠭᠰᠢᠯᠡᠭᠦᠯᠬᠦ᠂ ᠪᠠᠷᠢᠯᠭ᠎ᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠵᠢ ᠳᠤᠷᠠᠳᠪᠠ; ᠲᠠᠪᠤᠳᠤᠭ᠋ᠠᠷ ᠪᠦᠯᠦᠭ᠎ᠲᠤ ᠬᠣᠲᠠ ᠬᠥᠳᠡᠭᠡ ᠵᠢᠨ ᠴᠢᠳᠠᠪᠤᠷᠢ ᠵᠢᠨ ᠲᠠᠰ᠎ᠤᠨ ᠳᠡᠭᠡᠭᠰᠢᠯᠡᠯᠲᠡ ᠵᠢ ᠠᠬᠢᠭᠤᠯᠬᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠣᠲᠠ ᠵᠢ ᠪᠥᠲᠥᠭᠡᠨ ᠪᠠᠶ᠋ᠢᠭᠤᠯᠬᠤ᠂ ᠰᠢᠶᠠᠨ᠎ᠤ ᠬᠣᠲᠠ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠂ ᠲᠡᠤᠬᠡ ᠰᠣᠶᠣᠯ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ᠂ ᠠᠷᠠᠳ ᠣᠯᠠᠨ᠎ᠤ ᠴᠢᠨᠠᠷ ᠰᠠᠶ᠋ᠢᠲᠠᠶ ᠬᠣᠲᠠ ᠬᠥᠳᠡᠭᠡ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠣᠷᠴᠢᠨ᠎ᠤ ᠱᠠᠭ᠋ᠠᠷᠳᠠᠯᠭ᠎ᠠ ᠵᠢ ᠨᠠᠷᠢᠯᠢᠭ ᠨᠠᠢ᠌ᠳᠠᠪᠤᠷᠢᠵᠢᠭᠤᠯᠬᠤ ᠵᠢ ᠳᠤᠷᠠᠳᠪᠠ; ᠵᠢᠷᠭᠤᠳᠤᠭ᠋ᠠᠷ ᠪᠦᠯᠦᠭ᠎ᠲᠤ ᠬᠤᠳᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠬᠡᠷᠡᠭᠵᠢᠭᠦᠯᠬᠦ᠂ ᠰᠠᠭᠤᠷᠢᠰᠢᠯ᠎ᠤᠨ ᠨᠡᠶ᠋ᠢᠭᠡᠮ ᠲᠣᠭᠣᠷᠢᠭ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠠᠭᠤᠴᠢᠨ ᠵᠢᠵᠢᠭ ᠬᠣᠷᠢᠶᠠᠯᠠᠯ᠎ᠤᠨ ᠥᠭᠡᠷᠡᠴᠢᠯᠡᠯᠲᠡ ᠵᠢ ᠠᠬᠢᠭᠤᠯᠬᠤ᠂ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ ᠵᠡᠷᠭᠡ᠎ᠪᠠᠷ ᠭᠠᠷᠳᠠᠴᠠ ᠪᠣᠯᠭ᠋ᠠᠵᠤ᠂ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢ ᠳᠤᠷᠠᠳᠪᠠ; ᠳᠣᠯᠣᠳᠤᠭ᠋ᠠᠷ ᠪᠦᠯᠦᠭ᠎ᠲᠤ ᠬᠤᠳᠠ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠳᠠ ᠪᠠᠯᠭ᠋ᠠᠰᠤᠨ᠎ᠤ ᠰᠠᠭᠤᠷᠢ ᠲᠥᠬᠥᠭᠡᠷᠦᠮᠵᠢ ᠵᠢ ᠰᠢᠰᠲ᠋ᠧᠮᠵᠢᠭᠦᠯᠬᠦ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠠᠶ᠋ᠢᠮᠢᠶᠠᠨ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠰᠢᠰᠲ᠋ᠧᠮᠵᠢᠭᠦᠯᠦᠨ ᠠᠬᠢᠭᠤᠯᠬᠤ᠂ ᠰᠢᠲᠠᠮᠠᠬᠠᠢ ᠬᠡᠢ ᠵᠢᠨ ᠠᠮᠤᠷ ᠲᠦᠪᠰᠢᠨ ᠪᠠ ᠠᠷᠢᠭᠤᠨ ᠴᠡᠪᠡᠷ ᠵᠶ᠋ᠠᠷ ᠢᠯᠴᠢ ᠬᠠᠩᠭ᠋ᠠᠬᠤ ᠵᠢ ᠪᠠᠲᠤᠯᠠᠬᠤ᠂ ᠠᠮᠢᠳᠤᠷᠠᠯ᠎ᠤᠨ ᠬᠣᠭ ᠨᠣᠪᠰᠢ ᠵᠢ ᠶᠡᠷᠦᠩᠬᠡᠶ᠋ᠢᠯᠡᠨ ᠵᠠᠰᠠᠬᠤ ᠵᠢ ᠠᠬᠢᠭᠤᠯᠬᠤ᠂ ᠬᠣᠲᠠ ᠪᠠᠯᠭ᠋ᠠᠰᠤᠨ᠎ᠤ ᠥᠨᠳᠥᠷ ᠪᠦᠲᠦᠮᠵᠢᠲᠡᠢ ᠲᠦᠷᠭᠡᠨ ᠵᠠᠮ ᠬᠠᠷᠢᠯᠴᠠᠭ᠋ᠠᠨ᠎ᠤ ᠰᠢᠰᠲ᠋ᠧᠮ᠎ᠢ ᠪᠠᠶ᠋ᠢᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ ᠵᠢᠨ ᠠᠷᠭ᠎ᠠ ᠬᠡᠮᠵᠢᠶ᠎ᠡ ᠵᠢ ᠳᠤᠷᠠᠳᠴᠠᠢ; ᠨᠠᠢ᠍ᠮᠠᠳᠤᠭ᠋ᠠᠷ ᠪᠦᠯᠦᠭ᠎ᠲᠤ ᠬᠤᠳᠠ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠪᠠᠷᠢᠮᠵᠢᠶᠠᠵᠢᠭᠤᠯᠤᠭᠰᠠᠨ ᠬᠤᠳᠠ ᠵᠢᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠬᠤᠳᠠ ᠵᠢᠨ ᠬᠠᠮᠢᠶᠠᠷᠤᠯᠲᠠ ᠵᠢ ᠨᠠᠷᠢᠯᠢᠬ᠍ᠵᠢᠭᠤᠯᠬᠤ ᠵᠢ ᠠᠬᠢᠭᠤᠯᠬᠤ᠂ ᠬᠤᠳᠠ ᠵᠢᠨ ᠬᠠᠮᠢᠶᠠᠷᠤᠯᠲᠠ ᠵᠢᠨ ᠬᠠᠤᠯᠢᠵᠢᠯ᠎ᠢ ᠠᠬᠢᠭᠤᠯᠬᠤ᠂ ᠬᠤᠳᠠ ᠵᠢᠨ ᠬᠠᠮᠢᠶᠠᠷᠤᠯᠲᠠ ᠵᠢᠨ ᠪᠠᠲᠤᠯᠠᠭ᠎ᠠ ᠵᠢᠨ ᠲᠤᠯᠭ᠋ᠠᠭᠤᠷᠢᠯᠠᠬᠤ ᠲᠣᠭᠲᠠᠯᠴᠠᠭ᠎ᠠ ᠵᠢ ᠪᠦᠷᠢᠨᠰᠢᠬᠦᠯᠬᠦ ᠵᠢ ᠪᠠᠶ᠋ᠢᠷᠢᠯᠠᠭᠤᠯᠵᠤ᠂ ᠬᠤᠳᠠ ᠵᠢᠨ ᠵᠠᠰᠠᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠵᠢ ᠳᠤᠷᠠᠳᠪᠠ; ᠶᠢᠰᠦᠳᠦᠭᠡᠷ ᠪᠦᠯᠦᠭ᠎ᠲᠤ ᠲᠣᠭ᠋ᠠᠴᠢᠯᠠᠭᠰᠠᠨ ᠲᠠᠪᠴᠠᠩ᠎ᠤᠨ ᠪᠦᠬᠦ ᠲᠠᠯ᠎ᠠ᠎ᠪᠠᠷ ᠠᠭᠤᠰᠤᠯᠴᠠᠬᠤ ᠵᠢ ᠠᠬᠢᠭᠤᠯᠬᠤ᠂ ᠲᠣᠭ᠋ᠠᠴᠢᠯᠠᠭᠰᠠᠨ ᠲᠠᠪᠴᠠᠩ᠎ᠤᠨ ᠪᠠᠶ᠋ᠢᠭᠤᠯᠤᠯᠲᠠ ᠪᠠ ᠬᠡᠷᠡᠭᠯᠡᠯᠲᠡ ᠵᠢ ᠥᠷᠭᠡᠳᠬᠡᠬᠦ᠂ ᠰᠦᠯᠵᠢᠶᠡᠨ᠎ᠤ ᠠᠮᠤᠷ ᠲᠦᠪᠰᠢᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠪᠠᠷ ᠲᠤᠯᠭ᠋ᠠᠭᠤᠷᠢᠯᠠᠯ ᠪᠣᠯᠭ᠋ᠠᠵᠤ᠂ 《ᠲᠣᠭ᠋ᠠᠴᠢᠯᠠᠭᠰᠠᠨ ᠣᠷᠣᠨ ᠰᠠᠭᠤᠴᠠ ᠵᠢᠨ ᠪᠠᠶ᠋ᠢᠭᠤᠯᠤᠯᠲᠠ》 ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢ ᠳᠤᠷᠠᠳᠪᠠ᠃

      ᠭᠤᠷᠪᠠᠳᠤᠭ᠋ᠠᠷ ᠬᠡᠰᠡᠭ᠎ᠨᠢ ᠠᠷᠪᠠᠳᠤᠭ᠋ᠠᠷ ᠪᠦᠯᠦᠭ ᠪᠣᠯᠤᠨ᠎ᠠ᠂ ᠭᠣᠣᠯᠳᠠᠭᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠬᠠᠤᠯᠢᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠲᠤᠪᠤᠢ᠍ᠢ᠍ᠯᠭ᠋ᠠᠬᠤ᠂ ᠲᠥᠯᠥᠪᠵᠢᠭᠦᠯᠭᠡ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠵᠡᠷᠭᠡ ᠲᠠᠯ᠎ᠠ᠎ᠪᠠᠷ ᠲᠥᠯᠥᠪᠵᠢᠭᠦᠯᠭᠡ ᠵᠢ ᠬᠡᠷᠡᠭᠵᠢᠭᠦᠯᠬᠦ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠃

      ᠲᠥᠯᠥᠪᠵᠢᠭᠦᠯᠭᠡ ᠵᠢᠨ ᠲᠤᠯᠭ᠋ᠠᠭᠤᠷᠢᠯᠠᠬᠤ ᠴᠢᠨᠠᠷ ᠪᠠ ᠬᠥᠲᠥᠯᠥᠨ ᠳᠠᠭ᠋ᠠᠭᠤᠯᠬᠤ ᠴᠢᠨᠠᠷ᠎ᠢ ᠲᠤᠪᠤᠢ᠍ᠢ᠍ᠯᠭ᠋ᠠᠬᠤ ᠵᠢᠨ ᠲᠤᠰᠠᠳᠠ᠂ 《ᠲᠥᠯᠥᠪᠵᠢᠭᠦᠯᠭᠡ》᠎ᠳᠤ ᠨᠡᠢ᠍ᠢ᠍ᠳᠡ 4 ᠶᠡᠬᠡ ᠲᠦᠷᠦᠯ ᠨᠡᠢ᠍ᠢ᠍ᠳᠡ 33 ᠵᠦᠢ᠍ᠯ᠎ᠤᠨ ᠬᠥᠭᠵᠢᠯᠲᠡ ᠵᠢᠨ ᠭᠦᠢ᠍ᠴᠡᠳᠬᠡᠯ ᠲᠣᠭ᠎ᠠ ᠵᠢ ᠲᠣᠭᠲᠠᠭ᠋ᠠᠪᠠ᠂ ᠡᠭᠦᠨ᠎ᠳᠤ ᠵᠢᠱ᠌ᠢᠯᠲᠡ ᠵᠢᠨ ᠴᠢᠨᠠᠷᠲᠠᠶ ᠭᠦᠢ᠍ᠴᠡᠳᠬᠡᠯ ᠲᠣᠭ᠎ᠠ 27 ᠵᠦᠢ᠍ᠯ᠂ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠣᠭ᠎ᠠ 6 ᠵᠦᠢ᠍ᠯ ᠪᠠᠶ᠋ᠢᠬᠤ ᠪᠥᠭᠡᠳ ᠡᠭᠦᠷᠭᠡ ᠵᠢᠨ ᠲᠤᠰᠬᠠᠶ ᠪᠤᠯᠤᠩ 11 ᠲᠣᠬᠢᠷᠠᠭᠤᠯᠵᠠᠶ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》᠎ᠤᠨ ᠲᠠᠢ᠌ᠯᠤᠮᠵᠢ
《ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠬᠤᠭᠤᠴᠠᠭ᠋ᠠᠨ᠎ᠤ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠲᠥᠯᠥᠪᠵᠢᠭᠦᠯᠭᠡ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
 
            