ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ ᠵᠢᠴᠢ ᠠᠴᠢ ᠬᠣᠯᠪᠣᠭᠳᠠᠯ
ᠮᠥᠩᠭᠥᠨ ᠭᠦᠢ᠍ᠯᠭᠡᠭᠡ ᠪᠣᠯ ᠤᠳᠤ ᠦᠶ᠎ᠡ ᠵᠢᠨ ᠠᠵᠤ ᠠᠬᠤᠶ ᠵᠢᠨ ᠭᠣᠣᠯᠳᠠᠯᠭ᠎ᠠ ᠪᠠ ᠠᠮᠢᠨ ᠰᠤᠳᠠᠰᠤ ᠮᠥᠨ᠂ ᠡᠬᠢ ᠪᠠᠶᠠᠯᠢᠭ᠎ᠢ ᠲᠣᠬᠢᠷᠠᠭᠤᠯᠬᠤ ᠪᠠ ᠬᠣᠷᠸ᠎ᠠ ᠲᠣᠬᠢᠷᠠᠭᠤᠯᠤᠯᠲᠠ ᠬᠢᠬᠦ ᠴᠢᠬᠤᠯᠠ ᠪᠠᠭ᠋ᠠᠵᠢ ᠮᠥᠨ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠪᠠ ᠥᠭᠡᠷᠡᠴᠢᠯᠡᠯᠲᠡ ᠵᠢᠨ ᠲᠥᠯᠥᠪᠵᠢᠭᠦᠯᠭᠡ ᠵᠢ ᠰᠠᠶ᠋ᠢᠲᠤᠷ ᠲᠣᠭᠲᠠᠭ᠋ᠠᠵᠤ᠂ ᠮᠠᠨ᠎ᠤ ᠣᠷᠣᠨ᠎ᠤ ᠢᠷᠡᠭᠡᠳᠦᠶ ᠵᠢᠨ ᠲᠠᠪᠤᠨ ᠵᠢᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠬᠦ᠎ᠨᠢ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠎ᠳᠤ ᠲᠣᠭᠲᠠᠭ᠋ᠠᠭᠰᠠᠨ ᠬᠥᠭᠵᠢᠯᠲᠡ ᠵᠢᠨ ᠬᠠᠷᠠᠯᠲᠠ ᠪᠣᠯᠤᠨ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ᠂ 《ᠬᠣᠶᠠᠷ ᠬᠠᠯᠬᠠᠪᠴᠢ》 《ᠬᠣᠶᠠᠷ ᠰᠠᠭᠤᠷᠢᠨ》 ᠪᠣᠯᠤᠨ 《ᠨᠢᠭᠡ ᠪᠡᠬᠢᠯᠡᠯᠲᠡ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠨᠡᠩ ᠰᠠᠶ᠋ᠢᠲᠤᠷ ᠦᠢ᠍ᠯᠡᠴᠢᠯᠡᠬᠦ᠂ ᠮᠥᠩᠭᠥᠨ ᠭᠦᠢ᠍ᠯᠭᠡᠭᠡᠨ᠎ᠤ ᠪᠣᠳᠠᠲᠤ ᠴᠣᠭᠴᠠᠲᠤ ᠠᠵᠤ ᠠᠬᠤᠢ᠎ᠳᠤ ᠦᠢ᠍ᠯᠡᠴᠢᠯᠡᠬᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠵᠢ ᠳᠡᠮᠵᠢᠬᠦ ᠪᠠᠶ᠋ᠢᠭᠤᠯᠤᠮᠵᠢ ᠲᠣᠭᠲᠠᠴᠠ ᠵᠢ ᠬᠦᠴᠦᠯᠡᠨ ᠪᠠᠶ᠋ᠢᠭᠤᠯᠬᠤ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠮᠠᠨ᠎ᠤ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯ᠎ᠨᠢ ᠮᠥᠩᠭᠥᠨ ᠭᠦᠢ᠍ᠯᠭᠡᠭᠡᠨ᠎ᠢ ᠬᠡᠷᠡᠭᠯᠡᠬᠦ᠂ ᠮᠥᠩᠭᠥᠨ ᠭᠦᠢ᠍ᠯᠭᠡᠭᠡᠨ᠎ᠢ ᠬᠠᠮᠢᠶᠠᠷᠬᠤ᠂ ᠮᠥᠩᠭᠥᠨ ᠭᠦᠢ᠍ᠯᠭᠡᠭᠡᠨ᠎ᠢ ᠡᠷᠬᠢᠯᠡᠬᠥ ᠭᠤᠷᠪᠠᠨ ᠲᠠᠯ᠎ᠠ᠎ᠠᠴᠠ ᠬᠦᠴᠦᠯᠡᠨ ᠭᠠᠷᠳᠠᠨ᠎ᠠ᠃
ᠬᠣᠶᠠᠷ᠂ ᠭᠣᠣᠯ ᠠᠭᠤᠯᠭ᠎ᠠ
(ᠨᠢᠭᠡ) ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠰᠠᠶ᠋ᠢᠲᠤᠷ ᠬᠡᠷᠡᠭᠯᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ
ᠮᠥᠩᠭᠥᠨ ᠭᠦᠢ᠍ᠯᠭᠡᠭᠡ ᠪᠣᠯ ᠪᠣᠳᠠᠲᠤ ᠴᠣᠭᠴᠠᠲᠤ ᠠᠵᠤ ᠠᠬᠤᠢ ᠵᠢᠨ ᠠᠮᠢᠨ ᠰᠤᠳᠠᠰᠤ ᠮᠥᠨ᠂ ᠪᠣᠳᠠᠲᠤ ᠴᠣᠭᠴᠠᠲᠤ ᠠᠵᠤ ᠠᠬᠤᠢ᠎ᠳᠤ ᠦᠢ᠍ᠯᠡᠴᠢᠯᠡᠬᠦ ᠪᠣᠯ ᠮᠥᠩᠭᠥᠨ ᠭᠦᠢ᠍ᠯᠭᠡᠭᠡᠨ᠎ᠤ ᠳᠠᠷᠬᠠᠨ ᠡᠭᠦᠷᠭᠡ ᠮᠥᠨ᠂ ᠪᠠᠰᠠ ᠴᠤ᠌ ᠮᠥᠩᠭᠥᠨ ᠭᠦᠢ᠍ᠯᠭᠡᠭᠡᠨ᠎ᠤ ᠠᠵᠢᠯ᠎ᠤᠨ ᠡᠭᠦᠰᠦᠯᠲᠡ ᠪᠠ ᠵᠣᠭᠰᠣᠯᠲᠠ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠠᠵᠤ ᠦᠢ᠍ᠯᠡᠰ᠂ ᠠᠵᠤ ᠠᠬᠤᠶ᠋ᠢᠯᠠᠯ᠂ ᠣᠷᠣᠨ ᠪᠦᠰᠡ ᠵᠡᠷᠭᠡ ᠭᠤᠷᠪᠠᠨ ᠲᠠᠯ᠎ᠠ᠎ᠪᠠᠷ ᠮᠥᠩᠭᠥᠨ ᠭᠦᠢ᠍ᠯᠭᠡᠭᠡ ᠵᠢ ᠭᠣᠣᠯᠳᠠᠯᠭ᠎ᠠ᠎ᠲᠠᠢ᠎ᠪᠠᠷ ᠰᠠᠶ᠋ᠢᠲᠤᠷ ᠬᠡᠷᠡᠭᠯᠡᠨ᠎ᠡ᠃
1. ᠮᠥᠩᠭᠥᠨ ᠭᠦᠢ᠍ᠯᠭᠡᠭᠡᠨ ᠬᠢᠭᠡᠳ ᠠᠵᠤ ᠦᠢ᠍ᠯᠡᠰ᠎ᠤᠨ ᠭᠦᠨᠵᠡᠭᠡᠶ ᠠᠭᠤᠰᠤᠯᠴᠠᠯ᠎ᠢ ᠴᠢᠩᠭ᠋ᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠵᠢᠨ ᠤᠨᠴᠠᠯᠢᠬᠳᠤ ᠮᠥᠩᠭᠥᠨ ᠭᠦᠢ᠍ᠯᠭᠡᠭᠡᠨ᠎ᠤ ᠲᠣᠭᠣᠷᠢᠨ᠎ᠳᠤ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠰᠦᠷᠦᠭᠵᠢᠯ᠎ᠤᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠶ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠵᠢᠨ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠵᠢᠨ ᠪᠥᠲᠥᠭᠡᠨ ᠪᠠᠶ᠋ᠢᠭᠤᠯᠤᠯᠲᠠ᠂ ᠦᠢ᠍ᠯᠡᠴᠢᠯᠡᠭᠡᠨ᠎ᠤ ᠬᠥᠲᠥᠴᠢ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢ ᠳᠡᠮᠵᠢᠬᠦ ᠵᠡᠷᠭᠡ ᠲᠠᠯ᠎ᠠ᠎ᠪᠠᠷ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠭᠣᠤᠯᠳᠠᠯᠭ᠎ᠠ᠎ᠲᠠᠢ ᠴᠢᠩᠭ᠋ᠠᠷᠠᠭᠤᠯᠵᠤ᠂ ᠮᠥᠩᠭᠥᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠮᠥᠩᠭᠥᠨ ᠭᠦᠢ᠍ᠯᠭᠡᠭᠡᠨ᠎ᠤ ᠪᠠᠭ᠋ᠠᠵᠢ ᠵᠢ ᠰᠢᠨᠡᠴᠢᠯᠡᠵᠦ᠂ ᠮᠥᠩᠭᠥᠨ ᠭᠦᠢ᠍ᠯᠭᠡᠭᠡᠨ ᠪᠠ ᠲᠠᠷᠢᠶᠠᠯᠠᠩ ᠮᠠᠯ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠤᠳᠤ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠮᠥᠩᠭᠥᠨ ᠭᠦᠢ᠍ᠯᠭᠡᠭᠡᠨ᠎ᠤ ᠲᠣᠭᠣᠷᠢᠨ᠎ᠳᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠨᠢ ᠭᠣᠣᠯᠳᠠᠭᠤ ᠤᠯᠠᠮᠵᠢᠯᠠᠯᠲᠤ ᠡᠨᠧᠷᠭᠢ ᠵᠢᠨ ᠰᠤᠷᠪᠤᠯᠵᠢ ᠵᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠬᠤ᠂ ᠰᠢᠨ᠎ᠡ ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ᠂ ᠡᠨᠧᠷᠭᠢ ᠵᠢᠨ ᠰᠤᠷᠪᠤᠯᠵᠢ ᠵᠢᠨ ᠰᠠᠭᠤᠷᠢᠨ ᠭᠠᠵᠠᠷ ᠪᠠ ᠡᠨᠧᠷᠭᠢ ᠵᠢᠨ ᠰᠤᠷᠪᠤᠯᠵᠢ ᠵᠢᠨ ᠵᠠᠬ᠎ᠠ ᠳᠡᠯᠭᠡᠭᠦᠷ᠎ᠤᠨ ᠪᠦᠳᠦᠭᠡᠨ ᠪᠠᠶ᠋ᠢᠭᠤᠯᠤᠯᠲᠠ ᠵᠢ ᠳᠡᠮᠵᠢᠬᠦ ᠵᠡᠷᠭᠡ ᠲᠠᠯ᠎ᠠ᠎ᠪᠠᠷ᠂ ᠤᠳᠤ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠬᠥᠭᠵᠢᠯᠲᠡ ᠵᠢᠨ ᠬᠡᠷᠡᠭᠴᠡᠭᠡ᠎ᠳᠤ ᠨᠡᠶ᠋ᠢᠴᠡᠭᠰᠡᠨ ᠢᠲᠡᠭᠡᠮᠵᠢᠲᠦ ᠵᠢᠭᠡᠯᠡᠯᠭᠡ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠤ ᠨᠡᠷᠡᠳᠬᠦᠨ᠎ᠤ ᠰᠢᠨᠡᠴᠢᠯᠡᠯᠲᠡ ᠵᠢ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠠᠭᠤᠯᠤᠭᠳᠠᠬᠤᠨ᠎ᠢ ᠥᠷᠭᠡᠳᠬᠡᠵᠦ᠂ ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ᠎ᠤᠨ ᠬᠠᠮᠲᠤᠷᠠᠯᠴᠠᠭ᠎ᠠ ᠵᠢ ᠠᠬᠢᠭᠤᠯᠤᠨ᠎ᠠ᠃ ᠪᠣᠬᠢᠷᠲᠤᠯ ᠦᠭᠡᠶ ᠮᠥᠩᠭᠥᠨ ᠭᠦᠢ᠍ᠯᠭᠡᠭᠡᠨ᠎ᠤ ᠲᠣᠭᠣᠷᠢᠨ᠎ᠳᠤ᠂ ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ᠎ᠢ ᠬᠥᠲᠥᠯᠥᠨ ᠵᠢᠯᠣᠭᠣᠳᠴᠤ ᠪᠣᠬᠢᠷᠲᠤᠯ ᠦᠭᠡᠶ ᠬᠥᠭᠵᠢᠯᠲᠡ᠂ ᠠᠮᠢ ᠠᠬᠤᠶ ᠵᠢᠨ ᠬᠠᠮᠠᠭ᠋ᠠᠯᠠᠯᠲᠠ ᠪᠠ ᠰᠡᠷᠭᠦᠭᠡᠯᠲᠡ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠡᠷᠭᠡ ᠬᠦᠷᠢᠶ᠎ᠡ ᠲᠡᠢ᠌ᠰᠢ ᠬᠡᠯᠪᠡᠢ᠌ᠯᠭᠡᠵᠦ᠂ ᠪᠣᠬᠢᠷᠲᠤᠯ ᠥᠬᠡᠶ ᠬᠥᠭᠵᠢᠯᠲᠡ᠎ᠯᠦᠭᠡ ᠬᠣᠯᠪᠣᠭᠳᠠᠭᠤᠯᠤᠭᠰᠠᠨ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠢ ᠳᠡᠯᠭᠡᠷᠡᠭᠦᠯᠵᠦ᠂ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ ᠵᠢᠨ ᠪᠠᠷᠢᠮᠵᠢᠶ᠎ᠠ ᠵᠢ ᠨᠠᠷᠢᠯᠢᠬ᠍ᠵᠢᠭᠤᠯᠤᠨ᠂ ᠲᠥᠷᠥ ᠵᠢᠨ ᠪᠣᠳᠣᠯᠭ᠎ᠠ ᠵᠢᠨ ᠴᠢᠨᠠᠷᠲᠠᠶ᠂ ᠨᠡᠭᠡᠭᠡᠯᠲᠡᠲᠦ ᠴᠢᠨᠠᠷᠲᠠᠶ ᠪᠣᠬᠢᠷᠲᠤᠯ ᠥᠬᠡᠶ ᠮᠥᠩᠭᠥᠨ ᠭᠦᠢ᠍ᠯᠭᠡᠭᠡᠨ᠎ᠤ ᠨᠡᠷᠡᠳᠬᠦᠨ᠎ᠢ ᠬᠠᠶ᠋ᠢᠨ ᠰᠦᠪᠡᠭᠴᠢᠯᠡᠵᠦ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠳᠡᠮᠵᠢᠬᠦ᠂ 《ᠬᠦᠯᠦᠨ ᠨᠠᠭᠤᠷ᠂ ᠲᠠᠢ᠌ᠭ᠎ᠠ ᠨᠠᠭᠤᠷ᠂ ᠤᠯᠠᠭ᠋ᠠᠨᠰᠤᠬᠠᠢ》 ᠵᠢ ᠶᠡᠷᠦᠩᠬᠡᠶ᠋ᠢᠯᠡᠨ ᠵᠠᠰᠠᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠳᠡᠯᠭᠡᠷᠡᠭᠦᠯᠵᠦ᠂ ᠠᠶ᠋ᠢᠮᠠᠭ ᠬᠣᠲᠠ ᠵᠢᠨ ᠪᠣᠬᠢᠷᠲᠤᠯ ᠥᠬᠡᠶ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠲᠤᠷᠰᠢᠯᠲᠠ ᠵᠢᠨ ᠴᠡᠭ᠎ᠤᠨ ᠠᠵᠢᠯ ᠥᠷᠨᠢᠭᠦᠯᠬᠦ ᠵᠢ ᠳᠡᠮᠵᠢᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠮᠥᠩᠭᠥᠨ ᠭᠦᠢ᠍ᠯᠭᠡᠭᠡᠨ᠎ᠤ ᠲᠣᠭᠣᠷᠢᠨ᠎ᠳᠤ᠂ ᠭᠣᠣᠯᠳᠠᠯᠭ᠎ᠠ᠎ᠲᠠᠢ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠮᠥᠩᠭᠥᠨ ᠭᠦᠢ᠍ᠯᠭᠡᠭᠡᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠮᠥᠩᠭᠥᠨ ᠭᠦᠢ᠍ᠯᠭᠡᠭᠡᠨ᠎ᠤ ᠨᠡᠷᠡᠳᠬᠦᠨ᠎ᠤ ᠲᠣᠭᠲᠠᠯᠴᠠᠭ᠎ᠠ ᠵᠢ ᠪᠠᠶᠠᠯᠢᠭᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠵᠠᠭᠪᠤᠷ᠎ᠢ ᠥᠷᠭᠡᠳᠬᠡᠬᠦ ᠵᠡᠷᠭᠡ ᠲᠠᠯ᠎ᠠ᠎ᠪᠠᠷ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠡᠨᠵᠢᠯᠠᠭᠠᠪᠠᠷ ᠪᠠᠯᠠ ᠲᠣᠬᠢᠷᠠᠭᠤᠯᠭ᠎ᠠ᠎ᠪᠠᠨ ᠥᠷᠭᠡᠳᠬᠡᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠷᠡᠰ᠎ᠤᠨ ᠴᠠᠭ᠋ᠠᠨ ᠲᠠᠩᠰᠠ ᠵᠢ ᠪᠠᠶ᠋ᠢᠭᠤᠯᠤᠨ ᠲᠡᠭᠦᠯᠳᠡᠷᠵᠢᠭᠦᠯᠬᠦ᠂ ᠠᠵᠤ ᠦᠢ᠍ᠯᠡᠰ᠎ᠤᠨ ᠰᠤᠳᠤᠯᠭ᠋ᠠᠨ᠎ᠤ ᠬᠦᠷᠢᠶᠡᠯᠡᠩ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠬᠥᠭᠵᠢᠯᠲᠡ ᠪᠠ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠮᠡᠷᠭᠡᠵᠢᠯ᠎ᠤᠨ ᠰᠢᠨᠡᠴᠢᠯᠡᠯᠲᠡ ᠵᠢ ᠳᠡᠮᠵᠢᠨ᠎ᠡ᠃ ᠨᠡᠭᠡᠭᠡᠯᠲᠡᠲᠦ ᠮᠥᠩᠭᠥᠨ ᠭᠦᠢ᠍ᠯᠭᠡᠭᠡᠨ᠎ᠤ ᠲᠣᠭᠣᠷᠢᠨ᠎ᠳᠤ᠂ ᠭᠣᠣᠯᠳᠠᠭᠤ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ᠎ᠤᠨ ᠪᠥᠲᠥᠭᠡᠨ ᠪᠠᠶ᠋ᠢᠭᠤᠯᠤᠯᠲᠠ᠂ ᠪᠣᠭᠣᠮᠲᠠ ᠵᠢᠨ ᠠᠵᠤ ᠠᠬᠤᠶ᠂ ᠦᠢ᠍ᠯᠡᠴᠢᠯᠡᠭᠡᠨ᠎ᠤ ᠭᠠᠳᠠᠭ᠋ᠠᠳᠤ ᠠᠷᠠᠯᠵᠢᠶ᠎ᠠ ᠵᠢᠨ ᠭᠣᠤᠯ ᠴᠣᠭᠴᠠ ᠵᠢ ᠳᠡᠮᠵᠢᠬᠦ ᠵᠡᠷᠭᠡ ᠲᠠᠯ᠎ᠠ᠎ᠪᠠᠷ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢᠨ ᠳᠠᠭ᠋ᠠᠳᠬᠠᠯ᠎ᠢ ᠢᠳᠡᠪᠬᠢᠲᠡᠶ ᠳᠡᠯᠭᠡᠷᠡᠭᠦᠯᠦᠨ᠂ ᠪᠠᠷᠠᠭ᠋ᠠᠨ᠎ᠤ ᠭᠦᠢ᠍ᠯᠭᠡᠭᠡᠨ᠎ᠤ ᠮᠥᠩᠭᠥᠨ ᠭᠦᠢ᠍ᠯᠭᠡᠭᠡᠨ᠎ᠢ ᠶᠡᠬᠡ᠎ᠪᠠᠷ ᠬᠥᠭᠵᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠭᠣᠷᠢᠨ᠎ᠳᠤ ᠶᠡᠷᠦᠩᠬᠡᠶ᠋ᠢᠯᠡᠭᠰᠡᠨ ᠴᠢᠨᠠᠷᠲᠠᠶ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠨᠴᠠᠯᠢᠬᠳᠤ ᠳᠠᠪᠠᠭᠤᠯᠢᠭ ᠠᠵᠤ ᠦᠢ᠍ᠯᠡᠰ᠎ᠤᠨ ᠬᠡᠯᠬᠢᠶ᠎ᠡ ᠵᠢ ᠲᠣᠭᠲᠠᠭᠤᠨ ᠵᠶ᠋ᠠᠷ ᠰᠢᠯᠢᠳᠡᠭᠵᠢᠭᠦᠯᠬᠦ ᠵᠢ ᠳᠡᠮᠵᠢᠬᠦ ᠵᠢᠨ ᠲᠣᠭᠣᠷᠢᠨ᠎ᠳᠤ᠂ ᠪᠥᠬᠥ ᠠᠵᠤ ᠦᠢ᠍ᠯᠡᠰ᠎ᠤᠨ ᠬᠡᠯᠬᠢᠶ᠎ᠡ᠎ᠪᠠᠷ ᠵᠶ᠋ᠡᠨ ᠬᠠᠮᠵᠢᠯᠴᠠᠨ ᠬᠥᠭᠵᠢᠭᠰᠡᠨ ᠰᠠᠭ᠋ᠠᠯᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠢ ᠭᠣᠤᠯᠳᠠᠯᠭ᠎ᠠ᠎ᠲᠠᠢ ᠪᠣᠶ ᠪᠣᠯᠭ᠋ᠠᠵᠤ᠂ ᠬᠣᠪᠣᠷ ᠰᠢᠷᠣᠶ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠭᠯᠠᠬᠤ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ᠃
2. ᠠᠵᠤ ᠠᠬᠤᠶ᠋ᠢᠯᠠᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠭᠣᠣᠯᠳᠠᠯᠭ᠎ᠠ᠎ᠲᠠᠢ ᠨᠢᠷᠤᠭᠤᠪᠴᠢ ᠬᠦᠲᠦᠴᠢ ᠠᠵᠤ ᠠᠬᠤᠶ᠋ᠢᠯᠠᠯ᠎ᠳᠤ᠂ ᠬᠦᠲᠦᠴᠢ ᠠᠵᠤ ᠠᠬᠤᠢ᠌ᠯᠠᠯ᠎ᠢ ᠲᠡᠳᠬᠦᠬᠦ᠂ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠬᠤ᠂ ᠠᠵᠤ ᠦᠢ᠍ᠯᠡᠰ᠎ᠢ ᠬᠦᠴᠦᠷᠬᠡᠭᠵᠢᠭᠦᠯᠬᠦ ᠰᠡᠳᠬᠢᠮᠵᠢ ᠶᠣᠰᠣᠭ᠋ᠠᠷ᠂ ᠬᠠᠮᠢᠶ᠎ᠠ ᠪᠦᠬᠦᠢ ᠢᠵᠢ ᠪᠦᠷᠢᠳᠦᠭᠰᠡᠨ ᠦᠢ᠍ᠯᠡᠴᠢᠯᠡᠭᠡᠨ ᠪᠠ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠨᠠᠷᠢᠯᠢᠬ᠍ᠵᠢᠭᠤᠯᠤᠨ᠂ ᠵᠠᠬ᠎ᠠ ᠳᠡᠯᠭᠡᠭᠦᠷ᠎ᠲᠤ ᠭᠠᠷᠬᠤ ᠪᠡᠯᠡᠳᠬᠡᠯ ᠠᠵᠤ ᠠᠬᠤᠶ᠋ᠢᠯᠠᠯ᠎ᠢ ᠰᠢᠯᠢᠨ ᠰᠣᠩᠭᠣᠬᠤ᠂ ᠦᠨᠡᠯᠡᠬᠦ᠂ ᠪᠣᠶ᠋ᠢᠵᠢᠭᠤᠯᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠠᠵᠤ ᠠᠬᠤᠶ᠋ᠢᠯᠠᠯ᠎ᠤᠨ ᠳᠦᠷᠢᠮ ᠵᠶ᠋ᠠᠨ ᠥᠭᠡᠷᠡᠴᠢᠯᠡᠵᠦ ᠵᠠᠬ᠎ᠠ ᠳᠡᠯᠭᠡᠭᠦᠷ᠎ᠲᠤ ᠭᠠᠷᠬᠤ ᠵᠢ ᠪᠦᠬᠦ ᠬᠦᠴᠦᠨ ᠵᠶ᠋ᠠᠷ ᠠᠬᠢᠭᠤᠯᠵᠤ᠂ ᠺᠣᠮᠫᠠᠨᠢ ᠵᠢᠨ ᠥᠭᠴᠡᠭᠡᠨ᠎ᠤ ᠲᠡᠮᠳᠡᠭᠲᠦ ᠲᠠᠷᠬᠠᠭ᠋ᠠᠬᠤ᠂ ᠡᠳ᠋ ᠬᠦᠷᠦᠩᠭᠡ ᠵᠢ ᠲᠡᠮᠳᠡᠭᠲᠦ ᠪᠣᠯᠭ᠋ᠠᠬᠤ᠂ ᠨᠡᠶ᠋ᠢᠯᠡᠭᠦᠯᠦᠨ ᠬᠤᠳᠠᠯᠳᠤᠨ ᠠᠪᠬᠤ ᠵᠢᠭᠡᠯᠡᠯᠭᠡ ᠬᠠᠩᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠳᠠᠬᠢᠨ ᠪᠡᠯᠡ ᠲᠣᠬᠢᠷᠠᠭᠤᠯᠬᠤ ᠵᠢ ᠳᠡᠮᠵᠢᠨ᠎ᠡ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ᠂ ᠠᠩᠬᠠᠨ᠎ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠵᠢ ᠳᠡᠭᠡᠭᠰᠢᠯᠡᠭᠦᠯᠵᠦ᠂ ᠬᠠᠩᠭ᠋ᠠᠯᠭ᠎ᠠ ᠵᠢᠨ ᠬᠡᠯᠬᠢᠶᠡᠨ᠎ᠤ ᠮᠥᠩᠭᠥᠨ ᠭᠦᠢ᠍ᠯᠭᠡᠭᠡᠨ ᠪᠠ ᠰᠦᠯᠵᠢᠶᠡᠨ ᠳᠡᠭᠡᠷᠡᠬᠢ ᠲᠣᠮᠣ ᠳ᠋ᠠᠶ᠋ᠢᠲ᠋ᠠ ᠵᠢᠨ ᠢᠲᠡᠭᠡᠮᠵᠢ ᠵᠢ ᠨᠡᠮᠡᠭᠳᠡᠭᠦᠯᠬᠦ ᠵᠢ ᠥᠷᠭᠡᠳᠬᠡᠨ᠂ ᠪᠠᠯᠠ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠦᠢ᠍ᠯᠡᠴᠢᠯᠡᠭᠡᠨ᠎ᠤ ᠭᠣᠤᠯᠳᠠᠯᠭ᠎ᠠ ᠵᠢ ᠳᠣᠷᠣᠭᠰᠢ ᠪᠠᠭᠤᠯᠭ᠋ᠠᠵᠤ᠂ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠥᠷᠭᠡᠳᠬᠡᠨ᠂ ᠠᠮᠢᠳᠤᠯᠢᠭ ᠪᠥᠭᠡᠳ ᠣᠯᠠᠨ ᠶᠠᠩᠵᠤ ᠵᠢᠨ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠳᠤ ᠰᠢᠨᠡᠴᠢᠯᠡᠯᠲᠡ ᠬᠢᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠦᠵᠡᠭᠦᠯᠬᠦ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠭᠦᠨᠵᠡᠭᠡᠶ᠋ᠢᠷᠡᠭᠦᠯᠦᠨ᠎ᠡ᠃
3. ᠣᠷᠣᠨ ᠪᠦᠰᠡ ᠵᠢᠨ ᠮᠥᠩᠭᠥᠨ ᠭᠦᠢ᠍ᠯᠭᠡᠭᠡᠨ᠎ᠤ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠠᠬᠢᠭᠤᠯᠤᠨ᠎ᠠ᠃ ᠡᠯ᠎ᠡ ᠠᠶ᠋ᠢᠮᠠᠭ ᠬᠣᠲᠠ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠣᠷᠣᠨ ᠪᠦᠰᠡ ᠵᠢᠨ ᠪᠠᠶ᠋ᠢᠷᠢᠰᠢᠭᠤᠯᠤᠯ ᠪᠠ ᠳᠠᠪᠠᠭᠤᠯᠢᠭ᠂ ᠪᠣᠬᠢᠷᠲᠤᠯ ᠥᠬᠡᠶ᠂ ᠤᠨᠴᠠᠯᠢᠬᠳᠤ ᠠᠵᠤ ᠦᠢ᠍ᠯᠡᠰ᠎ᠲᠠᠢ ᠤᠶᠠᠯᠳᠤᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠶᠣᠰᠣᠭ᠋ᠠᠷ ᠮᠥᠩᠭᠥᠨ ᠭᠦᠢ᠍ᠯᠭᠡᠭᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠲᠦᠩᠯᠢᠶᠣᠤ ᠵᠢᠨ ᠠᠯᠠᠰᠢᠨ ᠦᠬᠡᠷ᠂ ᠤᠯᠠᠭ᠋ᠠᠨᠴᠠᠪ᠎ᠤᠨ ᠲᠥᠮᠥᠰᠥ᠂ ᠪᠠᠶᠠᠨᠨᠠᠭᠤᠷ᠎ᠤᠨ ᠨᠡᠷᠡᠨ ᠬᠤᠸᠠᠷ᠂ ᠣᠷᠳᠣᠰ᠎ᠤᠨ ᠨᠣᠣᠯᠤᠭᠤᠷ᠎ᠤᠨ ᠤᠨᠴᠠᠯᠢᠬᠳᠤ ᠮᠥᠩᠭᠥᠨ ᠭᠦᠢ᠍ᠯᠭᠡᠭᠡᠨ᠎ᠢ ᠪᠣᠶ ᠪᠣᠯᠭ᠋ᠠᠬᠤ ᠲᠠᠯ᠎ᠠ᠎ᠪᠠᠷ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠳᠡᠮᠵᠢᠨ᠎ᠡ; ᠪᠤᠭᠤᠲᠤ᠂ ᠣᠷᠳᠣᠰ᠂ ᠤᠯᠠᠭ᠋ᠠᠨᠴᠠᠪ᠂ ᠪᠠᠶᠠᠨᠨᠠᠭᠤᠷ᠂ ᠠᠯᠠᠱ᠌ᠠ ᠵᠡᠷᠭᠡ ᠮᠢᠩᠭ᠋ᠠᠨ ᠲᠦᠮᠡᠨ ᠺᠢᠯᠣᠸᠠᠲ᠎ᠤᠨ ᠲᠠᠰ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠡᠨᠧᠷᠭᠢ ᠵᠢᠨ ᠮᠥᠩᠭᠥᠨ ᠭᠦᠢ᠍ᠯᠭᠡᠭᠡᠨ᠎ᠤ ᠲᠠᠯ᠎ᠠ᠎ᠪᠠᠷ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠳᠡᠮᠵᠢᠨ᠎ᠡ; ᠬᠣᠷᠢᠨᠭᠡᠷ ᠰᠢᠨ᠎ᠡ ᠲᠣᠭᠣᠷᠢᠭ᠎ᠤᠨ ᠲᠤᠮᠤ ᠳ᠋ᠠᠶ᠋ᠢᠲ᠋ᠠ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠡᠨᠧᠷᠭᠢ ᠵᠡᠷᠭᠡ ᠠᠵᠤ ᠦᠢ᠍ᠯᠡᠰ᠎ᠤᠨ ᠲᠣᠭᠣᠷᠢᠨ᠎ᠳᠤ ᠤᠷᠢᠳ ᠵᠶ᠋ᠠᠷ ᠬᠡᠷᠡᠭᠵᠢᠭᠦᠯᠵᠦ ᠵᠢᠱ᠌ᠢᠶ᠎ᠡ ᠦᠵᠡᠭᠦᠯᠬᠦ ᠵᠠᠭᠪᠤᠷ ᠡᠭᠦᠳᠬᠦ ᠵᠢ ᠳᠡᠮᠵᠢᠵᠦ᠂ ᠪᠤᠭᠤᠲᠤ ᠬᠤᠳᠠ᠂ ᠦᠬᠠᠢ ᠬᠤᠳᠠ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠣᠷᠣᠭᠳᠠᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠪᠠ ᠤᠯᠠᠮᠵᠢᠯᠠᠯᠲᠤ ᠠᠵᠤ ᠦᠢ᠍ᠯᠡᠰ᠎ᠤᠨ ᠤᠶᠤᠨᠴᠢᠯᠠᠬᠰᠠᠨ ᠥᠭᠡᠷᠡᠴᠢᠯᠡᠯᠲᠡ ᠵᠢᠨ ᠲᠣᠭᠣᠷᠢᠨ᠎ᠳᠤ ᠪᠣᠬᠢᠷᠲᠤᠯ ᠦᠭᠡᠢ ᠮᠥᠩᠭᠥᠨ ᠭᠦᠢ᠍ᠯᠭᠡᠭᠡᠨ᠎ᠤ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠬᠦ ᠵᠢ ᠳᠡᠮᠵᠢᠨ᠎ᠡ; ᠬᠥᠬᠡᠬᠣᠲᠠ ᠪᠤᠭᠤᠲᠤ ᠣᠷᠳᠣᠰ᠎ᠲᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠦᠵᠡᠭᠦᠯᠬᠦ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠨ᠎ᠠ; ᠪᠣᠭᠣᠮᠲᠠ ᠵᠢᠨ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠣᠭᠣᠷᠢᠨ᠎ᠳᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠬᠥᠬᠡᠬᠣᠲᠠ᠂ ᠪᠤᠭᠤᠲᠤ᠂ ᠤᠯᠠᠭ᠋ᠠᠨᠬᠠᠳᠠ᠂ ᠣᠷᠳᠣᠰ ᠵᠡᠷᠭᠡ ᠭᠠᠵᠠᠷ ᠣᠷᠣᠨ᠎ᠳᠤ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠡᠭᠦᠳᠦᠨ ᠪᠠᠶ᠋ᠢᠭᠤᠯᠬᠤ ᠵᠢ ᠳᠡᠮᠵᠢᠨ᠎ᠡ᠃
(ᠬᠣᠶᠠᠷ) ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠴᠢᠨᠠᠷᠯᠢᠭ ᠬᠠᠮᠢᠶᠠᠷᠤᠨ ᠡᠵᠡᠮᠳᠡᠵᠦ᠂ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠦᠨ᠎ᠡ
ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ ᠪᠣᠯ ᠤᠯᠤᠰ᠎ᠤᠨ ᠠᠮᠤᠷ ᠲᠦᠪᠰᠢᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠠᠵᠤ ᠠᠬᠤᠢ ᠵᠢᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢᠨ ᠴᠢᠬᠤᠯᠠ ᠰᠠᠭᠤᠷᠢ ᠮᠥᠨ᠃ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠪᠣᠯ ᠮᠠᠨ᠎ᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠬᠣᠯᠪᠣᠭᠳᠠᠬᠤ ᠦᠨᠳᠦᠰᠦᠨ ᠴᠢᠨᠠᠷᠲᠠᠢ ᠲᠣᠮᠣ ᠶᠠᠪᠤᠳᠠᠯ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠰᠡᠷᠭᠡᠶ᠋ᠢᠯᠡᠬᠦ᠎ᠳᠤ ᠭᠣᠣᠯᠳᠠᠯᠭ᠎ᠠ᠎ᠲᠠᠢ᠎ᠪᠠᠷ ᠳᠣᠣᠷᠠᠬᠢ ᠭᠤᠷᠪᠠᠨ ᠲᠠᠯ᠎ᠠ᠎ᠠᠴᠠ ᠭᠠᠷᠳᠠᠨ᠎ᠠ᠃
1. ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠨ᠎ᠠ᠃ ᠢᠲᠡᠭᠡᠮᠵᠢ ᠵᠢᠨ ᠲᠦᠭᠰᠢᠭᠦᠷᠢ᠎ᠳᠤ ᠴᠢᠭᠯᠡᠭᠦᠯᠦᠨ᠂ ᠪᠠᠩᠬᠢ ᠵᠢᠨ ᠡᠷᠡᠭᠦᠯ ᠪᠤᠰᠤ ᠵᠢᠭᠡᠯᠡᠯᠭᠡ ᠵᠢᠨ ᠲᠦᠭᠰᠢᠭᠦᠷᠢ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠪᠠ ᠵᠠᠰᠠᠭ᠎ᠤᠨ ᠣᠷᠳᠣᠨ᠎ᠤ ᠥᠭᠴᠡᠭᠡᠨ᠎ᠤ ᠶᠠᠪᠤᠳᠠᠯ᠎ᠤᠨ ᠲᠦᠭᠰᠢᠭᠦᠷᠢ ᠵᠢ ᠠᠷᠢᠯᠭ᠋ᠠᠬᠤ ᠠᠵᠢᠯ᠎ᠢ ᠭᠣᠣᠯᠳᠠᠯᠭ᠎ᠠ᠎ᠲᠠᠢ ᠠᠬᠢᠭᠤᠯᠤᠨ᠎ᠠ᠃ ᠪᠠᠶ᠋ᠢᠭᠤᠯᠤᠮᠵᠢ ᠵᠢᠨ ᠲᠦᠭᠰᠢᠭᠦᠷᠢ᠎ᠳᠤ ᠴᠢᠭᠯᠡᠭᠦᠯᠦᠨ᠂ ᠲᠦᠭᠰᠢᠭᠦᠷᠢ ᠶᠡᠬᠡᠲᠡᠶ ᠪᠠᠶ᠋ᠢᠭᠤᠯᠤᠮᠵᠢ ᠵᠢ ᠦᠨᠡᠯᠡᠨ ᠵᠢᠱ᠌ᠢᠬᠦ ᠲᠣᠭᠲᠠᠯᠴᠠᠭ᠎ᠠ ᠵᠢ ᠪᠠᠶ᠋ᠢᠭᠤᠯᠵᠤ᠂ ᠲᠦᠭᠰᠢᠭᠦᠷᠢ ᠶᠡᠬᠡᠲᠡᠶ ᠪᠠᠶ᠋ᠢᠭᠤᠯᠤᠮᠵᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠦᠯ᠎ᠢ ᠲᠡᠭᠦᠯᠳᠡᠷᠵᠢᠭᠦᠯᠦᠨ᠂ ᠲᠦᠭᠰᠢᠭᠦᠷᠢ ᠶᠡᠬᠡᠲᠡᠶ ᠪᠠᠶ᠋ᠢᠭᠤᠯᠤᠮᠵᠢ ᠵᠢᠨ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠠᠤᠯᠢ ᠪᠤᠰᠤ ᠮᠥᠩᠭᠥᠨ ᠭᠦᠢ᠍ᠯᠭᠡᠭᠡᠨ᠎ᠤ ᠠᠵᠢᠯᠯᠠᠭ᠎ᠠ᠎ᠳᠤ ᠴᠢᠭᠯᠡᠭᠦᠯᠦᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠨ ᠰᠤᠳᠤᠯᠤᠨ ᠮᠠᠭ᠋ᠠᠳᠯᠠᠬᠤ᠂ ᠤᠯᠠᠨ ᠲᠡᠰ ᠳᠠᠪᠬᠤᠷᠭ᠎ᠠ ᠵᠢᠨ ᠮᠡᠳᠡᠭᠡ ᠵᠠᠩᠭᠢ ᠵᠢ ᠨᠡᠪᠲᠡᠷᠡᠯᠴᠡᠭᠦᠯᠬᠦ ᠤᠷᠢᠳᠴᠢᠯᠠᠨ ᠰᠡᠷᠭᠡᠶ᠋ᠢᠯᠡᠬᠦ ᠠᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠠᠤᠯᠢ ᠪᠤᠰᠤ ᠮᠥᠩᠭᠥᠨ ᠭᠦᠢ᠍ᠯᠭᠡᠭᠡᠨ᠎ᠤ ᠠᠵᠢᠯᠯᠠᠭ᠎ᠠ ᠵᠢ ᠲᠦᠷᠦᠯ ᠬᠤᠪᠢᠶᠠᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠴᠤᠤᠷᠢᠶᠠᠳᠤᠨ ᠳᠠᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ᠎ᠤᠨ ᠲᠦᠭᠰᠢᠭᠦᠷᠢ᠎ᠳᠤ ᠴᠢᠭᠯᠡᠭᠦᠯᠦᠨ᠂ ᠠᠵᠤ ᠠᠬᠤᠶ᠋ᠢᠯᠠᠯ᠎ᠤᠨ ᠡᠷᠭᠢᠯᠲᠡ ᠵᠢᠨ ᠴᠢᠨᠠᠷᠲᠠᠶ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠠᠭᠤᠷᠢ ᠮᠥᠩᠭᠥ ᠪᠠ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠨ ᠬᠥᠭᠵᠢᠭᠦᠯᠬᠦ ᠰᠠᠭᠤᠷᠢ ᠮᠥᠩᠭᠥ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠰᠠᠶ᠋ᠢᠲᠤᠷ ᠪᠠᠳᠠᠷᠠᠭᠤᠯᠵᠤ᠂ ᠠᠵᠤ ᠠᠬᠤᠶ᠋ᠢᠯᠠᠯ᠎ᠤᠨ ᠥᠭᠴᠡᠭᠡᠨ᠎ᠤ ᠲᠡᠮᠳᠡᠭᠲᠦ᠎ᠪᠠᠨ ᠰᠣᠯᠢᠵᠤ ᠲᠥᠯᠥᠬᠦ ᠬᠤᠭᠤᠴᠠᠭ᠎ᠠ ᠵᠢᠨ ᠬᠠᠮᠢᠶᠠᠷᠤᠯᠲᠠ ᠵᠢ ᠰᠠᠶ᠋ᠢᠲᠤᠷ ᠬᠢᠵᠦ᠂ ᠬᠥᠭᠥᠷᠭᠡ ᠥᠩᠭᠡᠷᠡᠬᠦ ᠪᠠᠯᠠ ᠲᠣᠬᠢᠷᠠᠭᠤᠯᠭ᠎ᠠ ᠵᠢᠨ ᠪᠠᠭ᠋ᠠᠵᠢ ᠵᠢ ᠪᠠᠶᠠᠯᠢᠭᠵᠢᠭᠤᠯᠤᠨ᠎ᠠ᠃
2. ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠢᠨᠠᠨ ᠬᠠᠮᠢᠶᠠᠷᠬᠤ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠴᠢᠳᠠᠪᠤᠷᠢ ᠵᠢᠨ ᠪᠠᠶ᠋ᠢᠭᠤᠯᠤᠯᠲᠠ ᠵᠢᠨ ᠲᠠᠯ᠎ᠠ᠎ᠪᠠᠷ᠂ ᠭᠤᠷᠪᠠᠨ ᠱᠠᠲᠤᠨ᠎ᠤ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠬᠢᠨᠠᠯᠲᠠ ᠬᠠᠮᠢᠶᠠᠷᠤᠯᠲᠠ ᠵᠢᠨ ᠲᠦᠷᠢᠮ ᠲᠣᠭᠲᠠᠭ᠋ᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠴᠣᠪᠣᠷᠠᠯ᠎ᠢ ᠵᠢᠷᠤᠮᠵᠢᠭᠤᠯᠤᠨ᠎ᠠ᠃ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠰᠤᠯᠴᠠᠯ᠎ᠢ ᠴᠢᠩᠭ᠋ᠠᠳᠬᠠᠵᠤ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠬᠢᠨᠠᠨ ᠬᠠᠮᠢᠶᠠᠷᠬᠤ ᠠᠷᠭ᠎ᠠ ᠪᠠᠷᠢᠯ᠎ᠢ ᠪᠠᠶᠠᠯᠢᠭᠵᠢᠭᠤᠯᠤᠨ᠎ᠠ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠡᠩᠨᠡᠭᠡ ᠵᠢ ᠬᠦᠴᠦᠯᠡᠨ ᠬᠥᠮᠦᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠲᠤᠰᠬᠠᠶ᠋ᠢᠵᠢᠭᠰᠠᠨ ᠲᠠᠯ᠎ᠠ᠎ᠪᠠᠷ᠂ ᠰᠢᠯᠢᠳᠡᠭ᠎ᠢ ᠬᠦᠴᠦᠷᠬᠡᠭᠵᠢᠭᠦᠯᠬᠦ᠂ ᠳᠤᠮᠳᠠ ᠵᠢ ᠠᠬᠢᠭᠤᠯᠬᠤ᠂ ᠰᠢᠭ᠋ᠠᠷᠤ ᠵᠢ ᠰᠢᠭᠰᠢᠭᠳᠡᠭᠦᠯᠬᠦ᠂ ᠰᠠᠮᠠᠭᠤᠷᠠᠯ᠎ᠢ ᠵᠠᠰᠠᠬᠤ ᠬᠢᠨᠠᠯᠲᠠ ᠬᠠᠮᠢᠶᠠᠷᠤᠯᠲᠠ ᠵᠢᠨ ᠤᠳᠤᠷᠢᠳᠤᠮᠵᠢ ᠵᠢᠨ ᠲᠣᠭᠣᠷᠢᠨ᠎ᠳᠤ᠂ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠯᠴᠠᠭ᠎ᠠ ᠪᠠ ᠲᠦᠷᠢᠮ᠎ᠢ ᠲᠡᠭᠦᠯᠳᠡᠷᠵᠢᠭᠦᠯᠦᠨ᠎ᠡ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ ᠵᠢᠨ ᠪᠠᠶ᠋ᠢᠭᠤᠯᠤᠯᠲᠠ ᠵᠢ ᠵᠢᠯᠣᠭᠣᠳᠴᠤ᠂ ᠤᠳᠤ ᠦᠶ᠎ᠡ ᠵᠢᠨ ᠠᠵᠤ ᠠᠬᠤᠶ᠋ᠢᠯᠠᠯ᠎ᠤᠨ ᠲᠦᠷᠢᠮ᠎ᠢ ᠪᠠᠶ᠋ᠢᠭᠤᠯᠵᠤ᠂ ᠺᠣᠮᠫᠠᠨᠢ ᠵᠢᠨ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯ ᠲᠦᠷᠦᠯ᠎ᠤᠨ ᠨᠡᠶ᠋ᠢᠭᠡᠮᠯᠢᠭ᠎ᠤᠨ ᠠᠵᠢᠯ ᠲᠦᠷᠦᠯ᠎ᠤᠨ ᠵᠢᠷᠤᠮᠵᠢᠯ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠷᠢᠮᠵᠢᠶ᠎ᠠ ᠵᠢ ᠲᠣᠭᠲᠠᠭ᠋ᠠᠨ ᠬᠡᠷᠡᠭᠵᠢᠭᠦᠯᠬᠦ ᠵᠢ ᠠᠬᠢᠭᠤᠯᠵᠤ᠂ ᠠᠵᠢᠯ ᠲᠦᠷᠦᠯ᠎ᠤᠨ ᠥᠪᠡᠷ᠎ᠢ᠎ᠪᠠᠨ ᠬᠠᠮᠢᠶᠠᠷᠤᠨ ᠬᠢᠵᠠᠭ᠋ᠠᠷᠯᠠᠬᠤ ᠲᠣᠭᠲᠠᠴᠠ ᠵᠢ ᠠᠬᠢᠭᠤᠯᠤᠨ᠎ᠠ᠃
3. ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠵᠢᠯᠴᠠᠨ ᠠᠵᠢᠯᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠲᠦᠭᠰᠢᠭᠦᠷᠢ ᠵᠢ ᠰᠡᠷᠭᠡᠶ᠋ᠢᠯᠡᠬᠦ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠥᠩᠭᠥᠨ ᠭᠦᠢ᠍ᠯᠭᠡᠭᠡᠨ᠎ᠤ ᠵᠥᠪᠯᠡᠯ᠎ᠤᠨ ᠠᠯᠪᠠᠨ ᠭᠡᠷ᠎ᠤᠨ ᠣᠷᠣᠨ ᠨᠤᠲᠤᠭ᠎ᠲᠠᠬᠢ ᠵᠣᠬᠢᠴᠠᠭᠤᠯᠬᠤ ᠲᠣᠭᠲᠠᠴᠠ ᠪᠠ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠠᠵᠢᠯ᠎ᠤᠨ ᠵᠥᠪᠯᠡᠨ ᠵᠣᠬᠢᠴᠠᠭᠤᠯᠬᠤ ᠲᠣᠭᠲᠠᠴᠠ᠎ᠳᠤ ᠲᠦᠰᠢᠭᠯᠡᠨ᠂ ᠲᠦᠭᠰᠢᠭᠦᠷᠢ ᠶᠡᠬᠡᠲᠡᠶ ᠪᠠᠶ᠋ᠢᠭᠤᠯᠤᠮᠵᠢ ᠵᠢ ᠰᠢᠢ᠍ᠳᠪᠦᠷᠢᠯᠡᠬᠦ᠂ ᠠᠵᠤ ᠠᠬᠤᠶ᠋ᠢᠯᠠᠯ᠎ᠤᠨ ᠥᠭᠴᠡᠭᠡᠨ᠎ᠤ ᠶᠠᠪᠤᠳᠠᠯ᠎ᠢ ᠨᠠᠮᠳᠠᠭᠤᠯᠤᠨ ᠰᠢᠢ᠍ᠳᠪᠦᠷᠢᠯᠡᠬᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠡᠷᠭᠡ ᠲᠠᠯ᠎ᠠ ᠵᠢᠨ ᠬᠠᠮᠵᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠬᠠᠮᠵᠢᠯᠴᠠᠭ᠎ᠠ ᠵᠢ ᠴᠢᠬᠤᠯᠠᠴᠢᠯᠠᠵᠤ᠂ ᠲᠥᠪ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠮᠢᠯᠠᠭᠰᠠᠨ ᠪᠠᠶ᠋ᠢᠭᠤᠯᠤᠮᠵᠢ ᠵᠢᠨ ᠣᠷᠣᠨ ᠨᠤᠲᠤᠭ᠎ᠲᠠᠬᠢ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ᠂ ᠢᠨᠲᠸᠷ ᠰᠦᠯᠵᠢᠶᠡᠨ᠎ᠤ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ᠎ᠬᠢ ᠵᠣᠬᠢᠴᠠᠭᠤᠯᠭ᠎ᠠ ᠪᠠ ᠬᠣᠯᠪᠣᠭ᠋ᠠᠯᠠᠨ ᠬᠦᠳᠡᠯᠦᠯᠴᠡᠬᠦ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠬᠥᠭᠵᠢᠯᠲᠡ ᠵᠢ ᠠᠬᠢᠭᠤᠯᠬᠤ ᠬᠠᠮᠵᠢᠯᠴᠠᠭ᠎ᠠ ᠵᠢ ᠴᠢᠩᠭ᠋ᠠᠳᠬᠠᠵᠤ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠥᠭᠡᠷᠡᠴᠢᠯᠡᠯᠲᠡ ᠬᠥᠭᠵᠢᠯᠲᠡ ᠪᠠ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠭᠦᠢ᠍ᠴᠡᠳᠬᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠦᠷᠦ ᠵᠢᠨ ᠪᠤᠳᠤᠯᠭ᠎ᠠ ᠵᠢ ᠬᠠᠮᠵᠢᠯᠴᠠᠭᠤᠯᠬᠤ᠂ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠬᠦ᠂ ᠠᠯᠬᠤᠮ ᠵᠶ᠋ᠠᠨ ᠨᠢᠭᠡᠳᠬᠡᠬᠦ᠂ ᠵᠣᠬᠢᠴᠠᠯᠳᠤᠭᠤᠯᠤᠨ ᠬᠣᠯᠪᠣᠯᠳᠤᠭᠤᠯᠬᠤ ᠲᠣᠭᠲᠠᠴᠠ ᠪᠠ ᠠᠷᠭ᠎ᠠ ᠮᠠᠶᠢᠭ ᠵᠡᠷᠭᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠎ᠡ᠃
(ᠭᠤᠷᠪᠠ) ᠮᠥᠩᠭᠥᠨ ᠭᠦᠢ᠍ᠯᠭᠡᠭᠡᠨ᠎ᠤ ᠥᠭᠡᠷᠡᠴᠢᠯᠡᠯᠲᠡ ᠵᠢ ᠥᠨᠳᠥᠷ ᠬᠢᠷᠢ ᠲᠦᠪᠰᠢᠨ ᠵᠶ᠋ᠠᠷ ᠭᠦᠨᠵᠡᠭᠡᠶ᠋ᠢᠷᠡᠭᠦᠯᠵᠦ᠂ ᠮᠥᠩᠭᠥᠨ ᠭᠦᠢ᠍ᠯᠭᠡᠭᠡᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ
ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠭᠤᠯᠵᠤ᠂ ᠮᠥᠩᠭᠥᠨ ᠭᠦᠢ᠍ᠯᠭᠡᠭᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠦᠷᠪᠡᠨ ᠲᠠᠯ᠎ᠠ᠎ᠠᠴᠠ ᠭᠣᠣᠯᠳᠠᠯᠭ᠎ᠠ᠎ᠲᠠᠢ᠎ᠪᠠᠷ ᠮᠥᠩᠭᠥᠨ ᠭᠦᠢ᠍ᠯᠭᠡᠭᠡ ᠵᠢ ᠰᠠᠶ᠋ᠢᠲᠤᠷ ᠡᠷᠬᠢᠯᠡᠨ᠎ᠡ᠃
1. ᠮᠥᠩᠭᠥᠨ ᠭᠦᠢ᠍ᠯᠭᠡᠭᠡᠨ ᠵᠶ᠋ᠠᠷ ᠬᠥᠲᠥᠯᠦᠨ ᠵᠢᠯᠣᠭᠣᠳᠬᠤ ᠵᠢ ᠬᠦᠴᠦᠯᠡᠨ ᠴᠢᠩᠭ᠋ᠠᠳᠬᠠᠨ᠎ᠠ᠃ ᠪᠠᠶ᠋ᠢᠭᠤᠯᠤᠮᠵᠢ ᠵᠢᠨ ᠲᠠᠯ᠎ᠠ᠎ᠪᠠᠷ᠂ ᠤᠯᠠᠨ ᠲᠡᠰ ᠳᠠᠪᠬᠤᠷᠭ᠎ᠠ᠎ᠠᠴᠠ ᠵᠠᠰᠠᠭ ᠮᠥᠩᠭᠥ ᠭᠦᠢ᠍ᠯᠭᠡᠭᠡ ᠠᠵᠤ ᠠᠬᠤᠶ᠋ᠢᠯᠠᠯ᠎ᠢ ᠵᠣᠯᠭ᠋ᠠᠭᠤᠯᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠶᠡᠷᠦᠩᠬᠡᠢ ᠬᠡᠯᠲᠡᠰ᠎ᠤᠨ ᠵᠦᠷᠢᠶᠡᠴᠢᠯᠡᠭᠰᠡᠨ ᠪᠠᠶ᠋ᠢᠯᠳᠤᠬᠤ ᠪᠤᠳᠤᠯᠭ᠎ᠠ᠎ᠯᠤᠭ᠎ᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠲᠠᠯ᠎ᠠ ᠬᠡᠰᠡᠭ ᠵᠶ᠋ᠠᠷ ᠲᠦᠷᠦᠭᠦᠯᠡᠨ ᠵᠢᠱ᠌ᠢᠶ᠎ᠡ ᠦᠵᠡᠭᠦᠯᠬᠦ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠠᠶ᠋ᠢᠭᠤᠯᠤᠮᠵᠢ ᠵᠢᠨ ᠵᠢᠱ᠌ᠢᠶ᠎ᠡ ᠦᠵᠡᠭᠦᠯᠬᠦ ᠨᠥᠯᠥᠭᠡ ᠦᠢ᠍ᠯᠡᠳᠦᠯ᠎ᠢ ᠪᠠᠳᠠᠷᠠᠭᠤᠯᠬᠤ ᠵᠢ ᠠᠬᠢᠭᠤᠯᠤᠨ᠎ᠠ᠃ ᠣᠷᠣᠨ ᠪᠦᠰᠡ ᠵᠢᠨ ᠲᠠᠯ᠎ᠠ᠎ᠪᠠᠷ᠂ ᠡᠯ᠎ᠡ ᠠᠶ᠋ᠢᠮᠠᠭ ᠬᠣᠲᠠ ᠵᠢᠨ ᠤᠨᠴᠠᠯᠢᠭᠳᠤ ᠳᠠᠪᠠᠭᠤᠯᠢᠭ ᠠᠵᠤ ᠦᠢ᠍ᠯᠡᠰ᠎ᠲᠠᠢ ᠤᠶᠠᠯᠳᠤᠭᠤᠯᠤᠨ᠂ ᠠᠶ᠋ᠢᠮᠠᠭ ᠬᠣᠲᠠ ᠵᠢᠨ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠲᠥᠯᠥᠪᠵᠢᠭᠦᠯᠭᠡ ᠵᠢᠨ ᠵᠠᠮ ᠱᠤᠭᠤᠮ᠎ᠤᠨ ᠵᠢᠷᠤᠭ ᠪᠠᠶ᠋ᠢᠭᠤᠯᠬᠤ ᠵᠢ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠬᠢᠭᠡᠳ ᠠᠶ᠋ᠢᠮᠠᠭ ᠬᠣᠲᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ ᠠᠵᠤ ᠠᠬᠤᠶ᠋ᠢᠯᠠᠯ᠎ᠤᠨ ᠲᠠᠯ᠎ᠠ᠎ᠪᠠᠷ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠴᠠᠭ᠋ᠠᠨ ᠲᠠᠩᠰᠠ ᠵᠢᠨ ᠲᠦᠷᠢᠮ ᠪᠠᠶ᠋ᠢᠭᠤᠯᠬᠤ ᠵᠢ ᠠᠬᠢᠭᠤᠯᠵᠤ᠂ ᠴᠠᠭ᠋ᠠᠨ ᠲᠠᠩᠰᠠ ᠵᠢᠨ ᠠᠵᠤ ᠠᠬᠤᠶ᠋ᠢᠯᠠᠯ᠎ᠤᠨ ᠲᠤᠰᠬᠠᠶ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠂ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠲᠦᠷᠦᠭᠦᠯᠡᠨ ᠭᠣᠤᠯᠯᠠᠨ ᠡᠷᠭᠢᠯᠡᠬᠦ ᠲᠣᠭᠲᠠᠴᠠ ᠵᠢ ᠪᠠᠶ᠋ᠢᠭᠤᠯᠤᠨ᠎ᠠ᠃
2. ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠥᠭᠡᠷᠡᠴᠢᠯᠡᠯᠲᠡ ᠵᠢ ᠬᠦᠴᠦᠯᠡᠨ ᠭᠦᠨᠵᠡᠭᠡᠶ᠋ᠢᠷᠡᠭᠦᠯᠦᠨ᠎ᠡ᠃ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠳᠠ ᠵᠢᠨ ᠬᠤᠳᠠᠯᠳᠤᠭ᠋ᠠᠨ᠎ᠤ ᠠᠵᠢᠯ ᠲᠥᠷᠥᠯ᠎ᠤᠨ ᠥᠭᠡᠷᠡᠴᠢᠯᠡᠯᠲᠡ ᠵᠢ ᠠᠬᠢᠭᠤᠯᠵᠤ᠂ ᠤᠯᠠᠨ ᠠᠷᠭ᠎ᠠ ᠵᠠᠮ ᠵᠶ᠋ᠠᠷ ᠬᠦᠷᠦᠨᠭᠭᠡ ᠵᠢ ᠨᠥᠬᠥᠪᠥᠷᠢᠯᠡᠨ᠎ᠡ᠃ ᠬᠥᠳᠡᠭᠡ ᠲᠣᠰᠬᠣᠨ᠎ᠤ ᠢᠲᠡᠭᠡᠮᠵᠢ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠥᠮᠴᠢᠯᠡᠯ᠎ᠤᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠲᠣᠭᠲᠠᠭᠤᠨ ᠵᠶ᠋ᠠᠷ ᠡᠮᠬᠢ ᠵᠢᠷᠤᠮ᠎ᠲᠠᠢ ᠠᠬᠢᠭᠤᠯᠤᠨ᠎ᠠ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠵᠢᠷᠤᠮᠵᠢᠭᠰᠠᠨ ᠬᠥᠭᠵᠢᠯᠲᠡ ᠵᠢ ᠬᠥᠲᠥᠯᠥᠨ ᠵᠢᠯᠣᠭᠣᠳᠴᠤ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ ᠵᠢ ᠲᠡᠭᠦᠯᠳᠡᠷᠵᠢᠭᠦᠯᠬᠦ ᠵᠢ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠵᠦ᠂ ᠲᠡᠮᠳᠡᠭᠲᠦ᠂ ᠢᠲᠡᠭᠡᠮᠵᠢ᠂ ᠰᠠᠭᠤᠷᠢ ᠮᠥᠩᠭᠥᠨ᠎ᠤ ᠺᠣᠮᠫᠠᠨᠢ ᠵᠡᠷᠭᠡ ᠵᠢᠨ ᠣᠷᠣᠨ᠎ᠤ ᠳᠣᠲᠣᠷ᠎ᠠ ᠬᠤᠪᠢᠶᠠᠷᠢ ᠰᠠᠯᠪᠤᠷᠢ ᠪᠠᠶ᠋ᠢᠭᠤᠯᠤᠮᠵᠢ ᠪᠠᠶ᠋ᠢᠭᠤᠯᠬᠤ ᠵᠢ ᠠᠬᠢᠭᠤᠯᠵᠤ᠂ ᠣᠷᠣᠨ᠎ᠳᠤ ᠰᠠᠭᠤᠭ᠎ᠠ ᠪᠠᠶ᠋ᠢᠭᠤᠯᠤᠮᠵᠢ ᠵᠢᠨ ᠴᠢᠳᠠᠮᠵᠢᠲᠤ ᠶᠡᠷᠦᠩᠬᠡᠶ ᠬᠡᠯᠲᠡᠰ᠂ ᠤᠨᠴᠠᠯᠢᠭᠳᠤ ᠲᠤᠰᠬᠠᠶ ᠡᠵᠡᠩᠨᠡᠯᠲᠡ ᠵᠢᠨ ᠪᠠᠶ᠋ᠢᠭᠤᠯᠤᠮᠵᠢ ᠪᠠ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠᠶ᠋ᠢᠭᠤᠯᠬᠤ ᠵᠢ ᠵᠣᠷᠢᠭᠵᠢᠭᠤᠯᠵᠤ᠂ ᠮᠥᠩᠭᠥᠨ ᠭᠦᠢ᠍ᠯᠭᠡᠭᠡᠨ᠎ᠤ ᠵᠠᠭᠤᠴᠢ ᠦᠢ᠍ᠯᠡᠴᠢᠯᠡᠭᠡᠨ᠎ᠤ ᠲᠥᠷᠥᠯ᠎ᠤᠨ ᠪᠠᠶ᠋ᠢᠭᠤᠯᠤᠮᠵᠢ ᠵᠢ ᠣᠷᠣᠭᠤᠯᠤᠨ ᠠᠪᠴᠢᠷᠠᠵᠤ
ᠪᠣᠶ᠋ᠢᠵᠢᠭᠤᠯᠤᠨ᠎ᠠ᠃
3. ᠮᠥᠩᠭᠥᠨ ᠭᠦᠢ᠍ᠯᠭᠡᠭᠡᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠬᠦᠴᠦᠯᠡᠨ ᠰᠢᠯᠢᠳᠡᠭᠵᠢᠭᠦᠯᠦᠨ᠎ᠡ᠃ ᠮᠥᠩᠭᠥᠨ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢ ᠪᠦᠷᠢᠨᠰᠢᠬᠦᠯᠦᠨ᠂ ᠠᠶ᠋ᠢᠮᠠᠭ ᠬᠣᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠬᠤ ᠵᠢ ᠠᠬᠢᠭᠤᠯᠵᠤ᠂ ᠣᠯᠠᠨ ᠨᠡᠶ᠋ᠢᠲᠡ ᠵᠢᠨ ᠰᠠᠯᠠᠭ᠎ᠠ ᠮᠥᠴᠢᠷ᠎ᠤᠨ ᠲᠣᠮᠣ ᠳ᠋ᠠᠶ᠋ᠢᠲ᠋ᠠ ᠵᠢ ᠡᠮᠬᠢᠯᠡᠨ ᠨᠡᠶ᠋ᠢᠯᠡᠭᠦᠯᠵᠦ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠳᠤ ᠨᠡᠭᠡᠭᠡᠯᠲᠡ᠎ᠲᠠᠢ ᠪᠥᠭᠡᠳ ᠬᠠᠮᠲᠤ᠎ᠪᠠᠷ ᠬᠦᠷᠲᠡᠬᠦ ᠪᠣᠯᠭ᠋ᠠᠨ᠎ᠠ᠃ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠶᠡᠷᠦᠩᠬᠡᠶ᠋ᠢᠯᠡᠨ ᠪᠦᠷᠢᠳᠬᠡᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠮᠥᠩᠭᠥᠨ ᠭᠦᠢ᠍ᠯᠭᠡᠭᠡᠨ᠎ᠤ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠬᠢᠭᠡᠳ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠠᠷ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠢᠲᠡᠭᠡᠮᠵᠢ ᠠᠯᠳᠠᠭᠰᠠᠨ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠢᠲᠡᠭᠡᠮᠵᠢ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠢᠲᠡᠭᠡᠮᠵᠢᠲᠦ ᠬᠡᠷᠡᠭᠯᠡᠭᠴᠢ᠂ ᠢᠲᠡᠭᠡᠮᠵᠢᠲᠦ ᠲᠣᠰᠬᠣᠨ᠂ ᠢᠲᠡᠭᠡᠮᠵᠢᠲᠦ ᠰᠢᠶᠠᠩ ᠪᠠᠯᠭ᠋ᠠᠰᠤ ᠵᠢ ᠦᠨᠡᠯᠡᠨ ᠲᠣᠭᠲᠠᠭ᠋ᠠᠬᠤ ᠪᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠤᠨ᠎ᠠ᠃ ᠮᠥᠩᠭᠥᠨ ᠭᠦᠢ᠍ᠯᠭᠡᠭᠡᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠮᠡᠳᠡᠯᠭᠡ ᠵᠢ ᠲᠦᠭᠡᠮᠡᠯᠵᠢᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠂ ᠨᠡᠶ᠋ᠢᠭᠡᠮ ᠨᠡᠶ᠋ᠢᠲᠡ ᠵᠢᠨ᠎ᠬᠢᠨ᠎ᠤ ᠲᠦᠭᠰᠢᠭᠦᠷᠢ ᠵᠢ ᠰᠡᠷᠭᠡᠶ᠋ᠢᠯᠡᠬᠦ ᠦᠵᠡᠯ ᠤᠬᠠᠮᠰᠠᠷ᠎ᠢ ᠴᠢᠩᠭ᠋ᠠᠷᠠᠭᠤᠯᠤᠨ᠎ᠠ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠡᠯᠡ ᠣᠷᠣᠭᠤᠯᠤᠭᠴᠢᠳ᠎ᠤᠨ ᠵᠣᠬᠢᠰᠲᠠᠶ ᠬᠠᠮᠢᠶᠠᠷᠤᠯᠲᠠ ᠪᠠ ᠮᠥᠩᠭᠥᠨ ᠭᠦᠢ᠍ᠯᠭᠡᠭᠡᠨ᠎ᠤ ᠬᠡᠷᠡᠭᠯᠡᠭᠴᠢᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠢ ᠠᠬᠢᠭᠤᠯᠤᠨ᠎ᠠ᠃ ᠮᠥᠩᠭᠥᠨ ᠭᠦᠢ᠍ᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠶᠡᠷᠦᠩᠬᠡᠢ ᠬᠡᠯᠲᠡᠰ᠎ᠤᠨ ᠬᠣᠷᠢᠨᠭᠡᠷᠲᠠᠬᠢ ᠭᠣᠣᠯᠳᠠᠯᠭ᠎ᠠ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠦᠢ᠍ᠯ᠎ᠳᠤ ᠲᠦᠰᠢᠭᠯᠡᠵᠦ᠂ ᠳᠤᠮᠳᠠᠳᠤ ᠤᠯᠤᠰ᠎ᠤᠨ 《ᠮᠥᠩᠭᠥᠨ ᠭᠦᠢ᠍ᠯᠭᠡᠭᠡᠨ᠎ᠤ ᠡᠭᠦᠯᠡᠨ ᠵᠢᠯᠠᠭ᠎ᠠ》 ᠵᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠮᠥᠩᠭᠥᠨ ᠭᠦᠢ᠍ᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠯᠤᠭ᠎ᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠠᠷᠠᠳ᠎ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶ᠋ᠢᠯᠠᠯ᠂ ᠮᠠᠯᠵᠢᠬᠤ ᠲᠠᠷᠢᠶᠠᠯᠠᠬᠤ ᠣᠷᠣᠨ᠎ᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
4. ᠮᠥᠩᠭᠥᠨ ᠭᠦᠢ᠍ᠯᠭᠡᠭᠡᠨ᠎ᠤ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠬᠦᠴᠦᠯᠡᠨ ᠴᠢᠩᠭ᠋ᠠᠳᠬᠠᠨ᠎ᠠ᠃ ᠮᠥᠩᠭᠥᠨ ᠭᠦᠢ᠍ᠯᠭᠡᠭᠡᠨ᠎ᠤ ᠬᠣᠤᠰ ᠴᠢᠭᠯᠡᠯ ᠵᠶ᠋ᠠᠷ ᠨᠡᠭᠡᠭᠡᠯᠲᠡ ᠬᠢᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠣᠷᠣᠰ ᠮᠣᠩᠭᠣᠯ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠰᠣᠯᠢᠯᠴᠠᠭᠠᠢ ᠭᠦᠨᠵᠡᠭᠡᠢ᠌ᠷᠡᠭᠦᠯᠦᠨ᠎ᠡ᠃ ᠣᠷᠣᠨ ᠪᠦᠰᠡ ᠵᠢᠨ ᠮᠥᠩᠭᠥᠨ ᠭᠦᠢ᠍ᠯᠭᠡᠭᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠣᠷᠣᠨ ᠪᠦᠰᠡ ᠵᠢᠨ ᠴᠢᠨᠠᠷᠲᠠᠶ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠬᠠᠮᠢᠶ᠎ᠠ ᠪᠦᠬᠦᠢ ᠮᠤᠵᠢ ᠣᠷᠣᠨ᠎ᠯᠤᠭ᠎ᠠ ᠵᠢᠨ ᠮᠥᠩᠭᠥᠨ ᠭᠦᠢ᠍ᠯᠭᠡᠭᠡᠨ᠎ᠤ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠤᠨ᠎ᠠ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠶᠡᠷᠦᠩᠬᠡᠶ ᠬᠡᠯᠲᠡᠰᠯᠦᠭᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠬᠢᠭᠡᠳ ᠣᠷᠣᠨ᠎ᠤ ᠭᠠᠳᠠᠨᠠᠬᠢ ᠠᠵᠢᠯ ᠨᠢᠭᠡᠲᠡᠨ᠎ᠤ ᠲᠤᠬᠠᠶ᠋ᠢᠯᠠᠭᠰᠠᠨ ᠠᠵᠢᠯ᠎ᠤᠨ ᠰᠣᠯᠢᠯᠴᠠᠭ᠎ᠠ᠎ᠪᠠᠨ ᠴᠢᠩᠭ᠋ᠠᠳᠬᠠᠬᠤ ᠵᠢ ᠠᠬᠢᠭᠤᠯᠵᠤ᠂ ᠭᠠᠵᠠᠷ ᠣᠷᠣᠨ ᠠᠯᠤᠰᠯᠠᠭᠰᠠᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃