ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-10-22


      ᠨᠢᠭᠡ᠂ ᠨᠡᠢ᠌ᠲᠡᠯᠡᠭᠰᠡᠨ ᠠᠬᠤᠶ ᠪᠠᠢ᠌ᠳᠠᠯ
      2020 ᠣᠨ᠎ᠤ 6 ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠲᠥᠪ ᠵᠢᠴᠢ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2020] 14 ᠳ᠋ᠦ᠍ᠭᠡᠷ ᠲᠣᠭ᠋ᠠᠲᠤ)᠎ᠳᠤ᠂ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠲᠥᠪ ᠵᠢᠴᠢ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠶᠡᠷᠦᠩᠬᠡᠶ ᠱᠠᠭ᠋ᠠᠷᠳᠠᠯᠭ᠎ᠠ ᠬᠢᠭᠡᠳ ᠣᠯᠠᠨ ᠨᠡᠢ᠌ᠲᠡ ᠵᠢᠨ ᠰᠣᠶᠣᠯ᠎ᠤᠨ ᠦᠨᠳᠦᠰᠦᠨ ᠦᠢᠯᠡᠴᠢᠯᠡᠭᠡ᠂ ᠰᠣᠶᠣᠯ ᠤᠷᠠᠯᠢᠭ᠎ᠤᠨ ᠵᠣᠬᠢᠶᠠᠨ ᠪᠦᠲᠦᠭᠡᠯᠭᠡ ᠵᠢ ᠲᠡᠳᠬᠦᠨ ᠳᠡᠮᠵᠢᠬᠦ᠂ ᠰᠣᠶᠣᠯ᠎ᠤᠨ ᠥᠪ ᠬᠥᠷᠥᠩᠭᠡ ᠵᠢ ᠬᠠᠮᠠᠭ᠋ᠠᠯᠠᠨ ᠤᠯᠠᠮᠵᠢᠯᠠᠬᠤ᠂ ᠰᠣᠶᠣᠯ᠎ᠤᠨ ᠰᠣᠯᠢᠯᠴᠠᠭ᠎ᠠ ᠪᠠ ᠴᠢᠳᠠᠪᠤᠷᠢ ᠵᠢᠨ ᠪᠠᠢ᠌ᠭᠤᠯᠤᠯᠲᠠ ᠵᠡᠷᠭᠡ ᠲᠠᠪᠤᠨ ᠲᠠᠯ᠎ᠠ ᠵᠢᠨ ᠠᠵᠢᠯ ᠶᠠᠪᠤᠳᠠᠯ᠎ᠤᠨ ᠡᠷᠬᠡ ᠵᠢ ᠬᠤᠪᠢᠶᠠᠷᠢᠯᠠᠬᠤ ᠠᠭᠤᠯᠭ᠎ᠠ ᠵᠢ ᠲᠣᠳᠣᠷᠬᠠᠢ᠌ᠯᠠᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ᠂ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠬᠤ ᠵᠡᠷᠭᠡ ᠭᠤᠷᠪᠠᠨ ᠵᠦᠢᠯ᠎ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠯ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠲᠥᠯᠥᠪᠯᠡᠭᠡ᠎ᠳᠤ ᠠᠰ᠎ᠲᠠᠭᠠᠨ ᠵᠢᠭᠰᠠᠭ᠋ᠠᠭᠳᠠᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠲᠣᠰ ᠲᠥᠰᠦᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠤᠵᠢ᠎ᠠᠴᠠ ᠳᠣᠷᠤᠭᠰᠢᠬᠢ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠶ ᠵᠣᠬᠢᠰᠲᠠᠶ ᠬᠤᠪᠢᠶᠠᠷᠢᠯᠠᠬᠤ ᠵᠢ ᠱᠠᠭ᠋ᠠᠷᠳᠠᠵᠠᠢ᠃
      ᠲᠥᠷᠦ ᠵᠢᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠪᠢᠳᠡ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠷᠢᠨ ᠨᠢᠮᠪᠠᠶ ᠡᠮᠬᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠲᠣ ᠵᠢᠨ ᠬᠡᠷᠡᠭᠵᠢᠭᠦᠯᠵᠦ ᠪᠠᠢ᠌ᠭ᠎ᠠ ᠬᠠᠮᠢᠶ᠎ᠠ ᠪᠥᠬᠥᠶ ᠵᠠᠷᠤᠳᠠᠯ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠵᠢᠷᠤᠮᠯᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》 (ᠳᠣᠷᠣᠭᠰᠢ 

《ᠲᠥᠰᠦᠯ》 ᠭᠡᠵᠦ ᠲᠣᠪᠴᠢᠯᠠᠨ᠎ᠠ)᠎ᠢ ᠨᠣᠣᠷᠠᠭᠯᠠᠨ ᠲᠤᠭᠤᠷᠪᠢᠪᠠ᠃
      ᠬᠣᠶᠠᠷ᠂ ᠭᠣᠣᠯ ᠠᠭᠤᠯᠭ᠎ᠠ
      ᠲᠥᠪ᠎ᠤᠨ ᠪᠢᠴᠢᠭ ᠮᠠᠲ᠋ᠧᠷᠢᠶᠠᠯ᠎ᠤᠨ ᠥᠭᠡᠷᠡᠴᠢᠯᠡᠯᠲᠡ ᠵᠢᠨ ᠬᠡᠪᠴᠢᠶ᠎ᠡ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠲᠣ ᠵᠢᠨ ᠬᠡᠷᠡᠭᠵᠢᠭᠦᠯᠵᠦ ᠪᠠᠢ᠌ᠭ᠎ᠠ ᠡᠳ᠋᠎ᠤᠨ ᠵᠠᠰᠠᠭ᠎ᠤᠨ ᠪᠠᠲᠤᠯᠠᠭ᠎ᠠ ᠵᠢᠨ ᠵᠠᠭᠪᠤᠷ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ 5 ᠲᠠᠯ᠎ᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠲᠣᠳᠤᠷᠬᠠᠢ᠌ᠯᠠᠪᠠ᠃
      ᠨᠢᠭᠡ᠂ ᠣᠯᠠᠨ ᠨᠡᠢ᠌ᠲᠡ ᠵᠢᠨ ᠰᠣᠶᠣᠯ᠎ᠤᠨ ᠦᠨᠳᠦᠰᠦᠨ ᠦᠢ᠍ᠯᠡᠴᠢᠯᠡᠭᠡᠨ᠎ᠤ ᠲᠠᠯ᠎ᠠ᠃ ᠶᠡᠷᠦᠩᠬᠡᠶ᠎ᠳᠤ᠎ᠨᠢ ᠡᠳ᠋᠎ᠤᠨ ᠵᠠᠰᠠᠭ᠎ᠤᠨ ᠠᠵᠢᠯ᠎ᠢ ᠬᠠᠮᠢᠶᠠᠷᠬᠤ ᠬᠠᠮᠲᠤ ᠵᠢᠨ ᠡᠷᠬᠡ ᠵᠢ ᠲᠣᠭᠲᠠᠭ᠋ᠠᠵᠤ᠂ ᠲᠣᠰ ᠲᠣᠰ᠎ᠲᠤ᠎ᠪᠠᠨ ᠵᠠᠷᠤᠯᠭ᠎ᠠ ᠵᠢᠨ ᠬᠠᠷᠢᠭᠤᠴᠠᠯᠭ᠎ᠠ ᠡᠭᠦᠷᠭᠡᠯᠡᠨ᠎ᠡ᠃
      ᠬᠣᠶᠠᠷ᠂ ᠰᠣᠶᠣᠯ ᠤᠷᠠᠯᠢᠭ᠎ᠤᠨ ᠵᠣᠬᠢᠶᠠᠨ ᠪᠦᠲᠦᠭᠡᠯᠭᠡ ᠵᠢ ᠳᠡᠮᠵᠢᠬᠦ ᠲᠠᠯ᠎ᠠ᠃ ᠲᠥᠷᠥ ᠵᠢᠨ ᠪᠣᠳᠣᠯᠭ᠎ᠠ ᠶᠣᠰᠣᠭ᠋ᠠᠷ ᠲᠠᠰ ᠱᠠᠲᠤ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠭᠣᠤᠯ ᠴᠣᠭᠴᠠ ᠵᠢ ᠲᠣᠭᠲᠠᠭ᠋ᠠᠵᠤ᠂ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠲᠣᠰ ᠲᠣᠰ ᠬᠤᠪᠢᠶᠠᠷᠢᠯᠠᠨ᠎ᠠ᠃
      ᠭᠤᠷᠪᠠ᠂ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠲᠠᠯ᠎ᠠ᠃ ᠲᠥᠷᠥ ᠵᠢᠨ ᠪᠣᠳᠣᠯᠭ᠎ᠠ ᠵᠢ ᠦᠨᠳᠦᠰᠦᠯᠡᠨ ᠲᠠᠰ ᠱᠠᠲᠤ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠭᠣᠤᠯ ᠴᠣᠭᠴᠠ ᠵᠢ ᠲᠣᠭᠲᠠᠭ᠋ᠠᠵᠤ᠂ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠲᠣᠰ ᠲᠣᠰ ᠬᠤᠪᠢᠶᠠᠷᠢᠯᠠᠨ᠎ᠠ᠃
      ᠳᠥᠷᠪᠡ᠂ ᠰᠣᠶᠣᠯ᠎ᠤᠨ ᠰᠣᠯᠢᠯᠴᠠᠭ᠋ᠠᠨ᠎ᠤ ᠲᠠᠯ᠎ᠠ᠃ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠭᠣᠤᠯ ᠴᠣᠭᠴᠠ ᠵᠢ ᠦᠨᠳᠦᠰᠦᠯᠡᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠲᠣᠰ ᠪᠦᠷᠢ ᠬᠤᠪᠢᠶᠠᠷᠢᠯᠠᠨ᠎ᠠ᠃
      ᠲᠠᠪᠤ᠂ ᠴᠢᠳᠠᠪᠤᠷᠢ ᠵᠢᠨ ᠪᠠᠢ᠌ᠭᠤᠯᠤᠯᠲᠠ ᠵᠢᠨ ᠲᠠᠯ᠎ᠠ᠃ ᠣᠯᠠᠨ ᠨᠡᠢ᠌ᠲᠡ ᠵᠢᠨ ᠰᠣᠶᠣᠯ᠎ᠤᠨ ᠪᠠᠢ᠌ᠭᠤᠯᠤᠮᠵᠢ ᠵᠢᠨ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠲᠣᠰ ᠪᠦᠷᠢ ᠬᠤᠪᠢᠶᠠᠷᠢᠯᠠᠨ᠎ᠠ᠃
      ᠭᠤᠷᠪᠠ᠂ ᠲᠦᠬᠦᠷᠵᠢᠭᠦᠯᠬᠦ ᠠᠷᠭ᠎ᠠ ᠬᠡᠮᠵᠢᠶ᠎ᠡ
      (ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ
      ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠦᠨᠡᠨ ᠬᠦ᠌ ᠨᠢᠭᠡᠳᠬᠡᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠨ᠂ ᠨᠢᠭᠲᠠ ᠵᠣᠬᠢᠴᠠᠯᠳᠤᠨ ᠬᠠᠮᠵᠢᠯᠴᠠᠵᠤ᠂ ᠥᠭᠡᠷᠡᠴᠢᠯᠡᠯᠲᠡ ᠵᠢᠨ ᠠᠵᠢᠯ᠎ᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      (ᠬᠣᠶᠠᠷ) ᠣᠷᠣᠭᠤᠯᠤᠯᠲᠠ ᠵᠢᠨ ᠪᠠᠲᠤᠯᠠᠭ᠎ᠠ᠎ᠪᠠᠨ ᠴᠢᠩᠭ᠋ᠠᠷᠠᠭᠤᠯᠤᠨ᠎ᠠ
      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠲᠣᠰ ᠲᠥᠰᠦᠯ᠎ᠢ ᠦᠨᠳᠦᠰᠦᠯᠡᠨ ᠦᠷᠭᠦᠯᠵᠢᠯᠡᠨ ᠰᠢᠯᠵᠢᠭᠦᠯᠦᠨ ᠥᠭᠬᠦ ᠬᠣᠯᠪᠣᠭᠳᠠᠯ ᠪᠥᠬᠥᠶ ᠪᠠᠯᠠ ᠮᠥᠩᠭᠥ᠎ᠪᠠᠷ ᠳᠠᠮᠵᠢᠭᠤᠯᠤᠨ ᠠᠢ᠌ᠮᠠᠭ ᠬᠣᠲᠠ ᠵᠢᠨ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠵᠦᠢᠯᠡᠰ᠎ᠲᠤ ᠳᠡᠮᠵᠢᠯᠭᠡ ᠦᠵᠡᠭᠦᠯᠦᠨ᠎ᠡ᠃ ᠡᠯ᠎ᠡ ᠠᠢ᠌ᠮᠠᠭ ᠬᠣᠲᠠ ᠲᠣᠰ ᠱᠠᠲᠤᠨ᠎ᠤ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠳᠡᠭᠡᠳᠦ ᠱᠠᠲᠤᠨ᠎ᠠᠴᠠ ᠰᠢᠯᠵᠢᠭᠦᠯᠦᠨ ᠥᠭᠬᠦ ᠪᠠ ᠥᠪᠡᠷ᠎ᠤᠨ ᠡᠳ᠋᠎ᠤᠨ ᠬᠦᠴᠦᠨ ᠵᠶ᠋ᠡᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠣᠯᠠᠨ ᠨᠡᠢ᠌ᠲᠡ ᠵᠢᠨ ᠰᠣᠶᠣᠯ᠎ᠤᠨ ᠦᠨᠳᠦᠰᠦᠨ ᠦᠢᠯᠡᠴᠢᠯᠡᠭᠡ ᠵᠢ ᠪᠠᠷᠢᠮᠵᠢᠶᠠᠵᠢᠭᠤᠯᠬᠤ ᠪᠠ ᠲᠡᠩᠴᠡᠭᠦᠷᠢᠰᠢᠭᠦᠯᠬᠦ ᠵᠢ ᠠᠬᠢᠭᠤᠯᠤᠨ᠂ ᠡᠳ᠋᠎ᠤᠨ ᠵᠠᠰᠠᠭ᠎ᠤᠨ ᠣᠯᠠᠨ ᠨᠡᠢ᠌ᠲᠡ ᠵᠢᠨ ᠰᠣᠶᠣᠯ᠎ᠤᠨ ᠣᠷᠣᠭᠤᠯᠤᠯᠲᠠ ᠵᠢᠨ ᠬᠢᠷᠢ ᠬᠡᠮᠵᠢᠶ᠎ᠡ ᠵᠢ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠱᠠᠲᠤ ᠦᠶ᠎ᠡ᠎ᠲᠠᠢ ᠬᠠᠷᠢᠯᠴᠠᠨ ᠵᠣᠬᠢᠴᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠣᠷᠣᠨ ᠪᠦᠰᠡ ᠵᠢᠨ ᠲᠥᠯᠥᠪᠵᠢᠭᠦᠯᠭᠡ᠎ᠳᠤ ᠨᠡᠢ᠌ᠴᠡᠬᠦ ᠣᠯᠠᠨ ᠨᠡᠢ᠌ᠲᠡ ᠵᠢᠨ ᠰᠣᠶᠣᠯ᠎ᠤᠨ ᠪᠠᠢ᠌ᠭᠤᠯᠤᠮᠵᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠡᠷᠭᠡ ᠬᠥᠷᠥᠩᠭᠡ ᠵᠢᠨ ᠴᠢᠨᠠᠷᠲᠠᠶ ᠵᠠᠷᠤᠯᠭ᠎ᠠ ᠵᠢ ᠬᠠᠤᠯᠢ ᠶᠣᠰᠣᠭ᠋ᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭ ᠲᠠᠷᠬᠠᠭ᠋ᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠲᠣᠬᠢᠷᠠᠭᠤᠯᠵᠤ ᠪᠣᠯᠤᠨ᠎ᠠ᠃
      (ᠭᠤᠷᠪᠠ) ᠬᠠᠷᠢᠯᠴᠠᠨ ᠬᠠᠮᠵᠢᠯᠴᠠᠵᠤ ᠥᠭᠡᠷᠡᠴᠢᠯᠡᠯᠲᠡ ᠵᠢ ᠠᠬᠢᠭᠤᠯᠤᠨ᠎ᠠ
      ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠰᠠᠯᠭ᠋ᠠᠨ ᠬᠤᠪᠢᠶᠠᠷᠢᠯᠠᠬᠤ ᠥᠭᠡᠷᠡᠴᠢᠯᠡᠯᠲᠡ ᠵᠢ ᠰᠣᠶᠣᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠵᠤ ᠠᠰᠢᠭᠯᠠᠬᠤ ᠥᠭᠡᠷᠡᠴᠢᠯᠡᠯᠲᠡ ᠵᠡᠷᠭᠡ᠎ᠯᠦᠭᠡ ᠨᠢᠭᠲᠠ ᠤᠶᠠᠯᠳᠤᠭᠤᠯᠬᠤ ᠵᠢᠨ ᠬᠠᠮᠲᠤ᠂ ᠬᠠᠮᠢᠶ᠎ᠠ ᠪᠥᠬᠥᠶ ᠬᠦᠷᠢᠶᠡᠨ᠎ᠤ ᠥᠭᠡᠷᠡᠴᠢᠯᠡᠯᠲᠡ ᠬᠥᠭᠵᠢᠯᠲᠡ ᠵᠢᠨ ᠪᠠᠢ᠌ᠳᠠᠯ ᠵᠡᠷᠭᠡ ᠵᠢ ᠦᠨᠳᠦᠰᠦᠯᠡᠨ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠵᠢᠨ ᠵᠦᠢᠯᠡᠰ᠎ᠢ ᠴᠠᠭ ᠲᠤᠬᠠᠢ᠎ᠳᠤ᠎ᠨᠢ ᠳᠣᠭᠢᠷᠠᠭᠤᠯᠤᠨ ᠰᠢᠯᠢᠳᠡᠭᠵᠢᠭᠦᠯᠵᠦ᠂ ᠰᠠᠭᠤᠷᠢ ᠪᠠᠷᠢᠮᠵᠢᠶ᠎ᠠ ᠵᠢ ᠲᠡᠭᠦᠯᠳᠡᠷᠵᠢᠭᠦᠯᠦᠨ᠂ ᠵᠠᠷᠤᠯᠭ᠎ᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠥᠶ ᠥᠭᠡᠷᠡᠴᠢᠯᠡᠯᠲᠡ ᠵᠢ ᠪᠦᠬᠦᠯᠢ ᠴᠣᠭᠴᠠ᠎ᠪᠠᠷ ᠬᠠᠷᠢᠯᠴᠠᠨ ᠬᠠᠮᠵᠢᠭᠤᠯᠤᠨ ᠠᠬᠢᠭᠤᠯᠬᠤ ᠵᠢ ᠦᠨᠡᠨ ᠬᠦ᠌ ᠪᠠᠲᠤᠯᠠᠨ᠎ᠠ᠃
      (ᠳᠥᠷᠪᠡ) ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ
      ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠦᠢ᠍ᠯᠡᠴᠢᠯᠡᠭᠡᠨ᠎ᠤ ᠣᠨᠴᠠᠯᠢᠭ᠎ᠲᠠᠢ ᠨᠢᠭᠲᠠ ᠤᠶᠠᠯᠳᠤᠭᠤᠯᠤᠨ᠂ ᠠᠮᠵᠢᠯᠲᠠ ᠪᠦᠲᠦᠮᠵᠢ ᠵᠢᠨ ᠬᠠᠷᠠᠯᠲᠠᠲᠤ ᠬᠠᠮᠢᠶᠠᠷᠤᠯᠲᠠ ᠵᠢ ᠴᠢᠩᠭ᠋ᠠᠳᠬᠠᠵᠤ᠂ ᠠᠮᠵᠢᠯᠲᠠ ᠪᠦᠲᠦᠮᠵᠢ ᠵᠢ ᠬᠢᠨᠠᠨ ᠡᠵᠡᠮᠳᠡᠬᠦ ᠵᠢ ᠰᠠᠢ᠌ᠲᠤᠷ ᠬᠢᠵᠦ᠂ ᠠᠮᠵᠢᠯᠲᠠ ᠪᠦᠲᠦᠮᠵᠢ ᠵᠢ ᠦᠨᠡᠯᠡᠬᠦ ᠪᠠ ᠦᠷ᠎ᠡ ᠳ᠋ᠦᠩ᠎ᠢ ᠬᠡᠷᠡᠭᠯᠡᠬᠦ ᠵᠢ ᠴᠢᠩᠭ᠋ᠠᠷᠠᠭᠤᠯᠤᠨ᠂ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ᠂ ᠬᠡᠷᠡᠭᠯᠡᠬᠦ ᠦᠷ᠎ᠡ ᠠᠰᠢᠭ ᠪᠠ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
      (ᠲᠠᠪᠤ) ᠲᠦᠷᠢᠮ᠎ᠢ ᠱᠠᠯᠠᠪᠳᠠᠨ ᠵᠠᠰᠠᠪᠤᠷᠢ ᠣᠷᠣᠭᠤᠯᠵᠤ ᠪᠦᠷᠢᠨᠰᠢᠭᠦᠯᠦᠨ᠎ᠡ
      ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠲᠣᠰ ᠲᠥᠰᠦᠯ᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠪᠥᠬᠥ ᠲᠠᠯ᠎ᠠ᠎ᠪᠠᠷ ᠰᠢᠰᠲ᠋ᠧᠮ᠎ᠲᠠᠢ ᠡᠮᠬᠢᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠥᠶ ᠬᠠᠮᠢᠶᠠᠷᠤᠯᠲᠠ ᠵᠢᠨ ᠲᠦᠷᠢᠮ᠎ᠳᠤ ᠱᠠᠯᠠᠪᠳᠠᠨ ᠵᠠᠰᠠᠪᠤᠷᠢ ᠣᠷᠣᠭᠤᠯᠤᠨ ᠪᠦᠷᠢᠨᠰᠢᠭᠦᠯᠵᠦ᠂ ᠣᠯᠠᠨ ᠨᠡᠢ᠌ᠲᠡ ᠵᠢᠨ ᠰᠣᠶᠣᠯ᠎ᠤᠨ ᠬᠦᠷᠢᠶᠡᠨ᠎ᠳᠠᠬᠢ ᠠᠢ᠌ᠮᠠᠭ ᠬᠣᠲᠠ ᠵᠢᠴᠢ ᠬᠣᠰᠢᠭᠤ ᠰᠢᠶᠠᠨ (ᠬᠣᠲᠠ᠂ ᠲᠣᠭᠣᠷᠢᠭ)᠎ᠤ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠶ ᠵᠣᠬᠢᠰᠲᠠᠶ ᠬᠤᠪᠢᠶᠠᠷᠢᠯᠠᠬᠤ ᠬᠡᠷᠡᠭᠲᠡᠶ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠬᠤᠭᠤᠴᠠᠭ᠋ᠠᠨ᠎ᠤ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠲᠥᠯᠥᠪᠵᠢᠭᠦᠯᠭᠡ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠤᠨ ᠲᠦᠷᠦ ᠵᠢᠨ ᠪᠣᠳᠤᠯᠭ᠎ᠠ ᠵᠢᠨ ᠲᠠᠢ᠌ᠯᠤᠮᠵᠢ
 
            