ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠬᠤᠭᠤᠴᠠᠭ᠋ᠠᠨ᠎ᠤ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠲᠥᠯᠥᠪᠵᠢᠭᠦᠯᠭᠡ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-10-29

      ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ ᠬᠢᠭᠡᠳ ᠴᠢᠬᠤᠯᠠ ᠶᠡᠬᠡ ᠠᠴᠢ ᠬᠣᠯᠪᠣᠭᠳᠠᠯ

      ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ ᠵᠢᠨ᠎ᠬᠢᠨ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠯ᠎ᠢ ᠰᠡᠷᠭᠡᠢ᠌ᠯᠡᠬᠦ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠵᠠᠰᠠᠯᠲᠠ ᠵᠢᠨ ᠦᠷ᠎ᠡ ᠪᠦᠲᠦᠮᠵᠢ ᠢᠯᠡᠷᠬᠡᠶ ᠪᠠᠶ᠋ᠢᠵᠤ᠂ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠂ ᠭᠠᠯ᠎ᠤᠨ ᠭᠠᠮᠰᠢᠭ᠎ᠤᠨ ᠶᠡᠷᠦᠩᠬᠡᠶ ᠪᠠᠶ᠋ᠢᠳᠠᠯ ᠦᠷᠭᠦᠯᠵᠢᠯᠡᠨ ᠲᠣᠭᠲᠠᠭᠤᠨ ᠪᠠᠶ᠋ᠢᠵᠤ᠂ ᠪᠥᠬᠥ ᠣᠷᠣᠨ᠎ᠤ ᠨᠡᠶ᠋ᠢᠭᠡᠮ᠎ᠤᠨ ᠠᠮᠤᠷ ᠲᠣᠭᠲᠠᠭᠤᠨ ᠡᠶ᠎ᠡ ᠵᠣᠬᠢᠴᠠᠯ᠎ᠢ ᠪᠠᠲᠤᠯᠠᠬᠤ᠂ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ᠎ᠳᠤ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠮᠠᠨ᠎ᠤ ᠤᠯᠤᠰ᠎ᠤᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠨᠢᠭᠡᠳᠦᠭᠡᠷ ᠵᠠᠭᠤᠨ ᠵᠢᠯ᠎ᠤᠨ ᠬᠠᠷᠠᠯᠲᠠ ᠵᠢ ᠪᠡᠶᠡᠯᠡᠭᠦᠯᠦᠭᠰᠡᠨ ᠢᠯᠠᠯᠲᠠ ᠵᠢᠨ ᠡᠷᠴᠢᠨ ᠳᠡᠭᠡᠷ᠎ᠡ᠎ᠪᠠᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠭᠰᠠᠨ ᠠᠩᠬᠠᠨ᠎ᠤ ᠲᠠᠪᠤᠨ ᠵᠢᠯ ᠮᠥᠷᠲᠡᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠵᠤ᠂ ᠨᠡᠩ ᠶᠡᠬᠡ ᠰᠢᠨ᠎ᠡ ᠬᠥᠭᠵᠢᠯᠲᠡ ᠵᠢ ᠪᠡᠶᠡᠯᠡᠭᠦᠯᠬᠦ ᠵᠠᠩᠭᠢᠯᠠᠭ᠎ᠠ ᠵᠢᠨ ᠴᠠᠭ ᠦᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠭᠠᠯ᠎ᠢ ᠰᠡᠷᠭᠡᠢ᠌ᠯᠡᠬᠦ ᠠᠵᠢᠯ᠎ᠢ ᠴᠢᠩᠭ᠋ᠠᠳᠬᠠᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠢ ᠣᠯᠠᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠶᠡᠷᠦᠩᠬᠡᠢ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠵᠣᠬᠢᠴᠠᠩᠭᠤᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠡᠯ᠎ᠡ ᠲᠥᠷᠥᠯ᠎ᠤᠨ ᠭᠠᠮᠰᠢᠭ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠦᠨ᠂ ᠡᠭᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃

      ᠬᠣᠶᠠᠷ᠂ 《ᠲᠥᠯᠥᠪᠵᠢᠭᠦᠯᠭᠡ》 ᠵᠢᠨ ᠭᠣᠣᠯ ᠠᠭᠤᠯᠭ᠎ᠠ

      ᠲᠥᠯᠥᠪᠵᠢᠭᠦᠯᠭᠡ᠎ᠨᠢ ᠪᠦᠲᠦᠴᠡ ᠵᠢᠨ ᠲᠠᠯ᠎ᠠ᠎ᠪᠠᠷ ᠴᠠᠭ᠎ᠤᠨ ᠪᠠᠶ᠋ᠢᠳᠠᠯ᠎ᠤᠨ ᠵᠠᠳᠠᠯᠤᠯᠲᠠ᠂ ᠶᠡᠷᠦᠩᠬᠡᠶ ᠰᠡᠳᠬᠢᠮᠵᠢ᠂ ᠭᠣᠤᠯ ᠡᠭᠦᠷᠭᠡ᠂ ᠴᠢᠬᠤᠯᠠ ᠶᠡᠬᠡ ᠢᠨᠵᠧᠨᠧᠷᠢᠩ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠳᠠᠭ᠋ᠠᠯᠳᠤᠭᠤᠯᠤᠯ ᠬᠡᠰᠡᠭ ᠵᠶ᠋ᠠᠷ ᠪᠦᠷᠢᠯᠳᠦᠪᠡ᠃

      ᠨᠢᠭᠡᠳᠦᠭᠡᠷ ᠪᠦᠯᠦᠭ᠎ᠨᠢ ᠴᠠᠭ᠎ᠤᠨ ᠪᠠᠢ᠌ᠳᠠᠯ᠎ᠤᠨ ᠵᠠᠳᠠᠯᠤᠯᠲᠠ ᠪᠠᠢ᠌ᠵᠤ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠣᠯᠤᠭᠰᠠᠨ ᠭᠣᠤᠯ ᠦᠷ᠎ᠡ ᠪᠦᠲᠦᠮᠵᠢ ᠵᠢ ᠡᠷᠭᠢᠴᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠠᠵᠢᠯ᠎ᠳᠤ ᠲᠤᠯᠭ᠋ᠠᠷᠠᠭᠰᠠᠨ ᠥᠷᠢᠰᠥᠯᠳᠦᠭᠡᠨ ᠪᠠ ᠠᠵᠠ ᠲᠣᠬᠢᠶᠠᠯ᠎ᠢ ᠵᠠᠳᠠᠯᠪᠠ᠃

      ᠬᠣᠶᠠᠳᠤᠭ᠋ᠠᠷ ᠪᠦᠯᠦᠭ᠎ᠨᠢ ᠶᠡᠷᠦᠩᠬᠡᠶ ᠰᠡᠳᠬᠢᠮᠵᠢ ᠪᠠᠢ᠌ᠵᠤ᠂ ᠮᠠᠨ᠎ᠤ ᠣᠷᠣᠨ᠎ᠤ ᠬᠣᠶ᠋ᠢᠰᠢᠳᠠ ᠵᠢᠨ ᠲᠠᠪᠤᠨ ᠵᠢᠯ᠎ᠤᠨ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠦᠢ᠍ᠯᠡᠰ᠎ᠤᠨ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠤᠨ ᠭᠣᠣᠯ ᠬᠠᠷᠠᠯᠲᠠ ᠵᠢ ᠲᠣᠳᠣᠷᠬᠠᠶ᠋ᠢᠯᠠᠨ ᠥᠭᠦᠯᠡᠪᠡ᠃

      ᠭᠤᠷᠪᠠᠳᠤᠭ᠋ᠠᠷ ᠪᠦᠯᠦᠭ᠎ᠨᠢ ᠭᠣᠣᠯ ᠡᠭᠦᠷᠭᠡ ᠪᠠᠢ᠌ᠵᠤ᠂ ᠲᠤᠯᠤᠭ᠋ᠠᠨ ᠬᠡᠰᠡᠭ ᠬᠤᠪᠢᠶᠠᠪᠠ᠄

       ᠨᠢᠭᠡᠳᠦᠭᠡᠷ ᠬᠡᠰᠡᠭ᠎ᠨᠢ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠠᠭᠤᠯᠭ᠎ᠠ ᠪᠠᠢ᠌ᠵᠤ᠂ ᠭᠠᠯ᠎ᠢ ᠰᠡᠷᠭᠡᠢ᠌ᠯᠡᠬᠦ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠬᠦ᠂ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠭᠡᠰᠡᠨ ᠬᠣᠶᠠᠷ ᠬᠡᠰᠡᠭ ᠵᠶ᠋ᠡᠷ ᠪᠦᠷᠢᠯᠳᠦᠪᠡ᠃ ᠭᠠᠯ᠎ᠢ ᠰᠡᠷᠭᠡᠢ᠌ᠯᠡᠬᠦ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢᠨ ᠪᠠᠶ᠋ᠢᠭᠤᠯᠤᠯᠲᠠ ᠵᠢᠨ ᠡᠭᠦᠷᠭᠡ ᠵᠢ ᠲᠣᠳᠣᠷᠬᠠᠶ᠋ᠢᠯᠠᠵᠤ᠂ ᠵᠠᠰᠠᠭ᠎ᠤᠨ ᠣᠷᠳᠣᠨ᠂ ᠠᠵᠢᠯ ᠲᠥᠷᠥᠯ᠎ᠤᠨ ᠰᠠᠯᠠᠭ᠎ᠠ ᠮᠥᠴᠢᠷ᠂ ᠨᠡᠶ᠋ᠢᠭᠡᠮ ᠨᠢᠭᠡᠴᠢ ᠵᠢᠨ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃

      ᠬᠣᠶᠠᠳᠤᠭ᠋ᠠᠷ ᠬᠡᠰᠡᠭ᠎ᠨᠢ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠪᠠ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠲᠤᠬᠠᠢ ᠠᠭᠤᠯᠭ᠎ᠠ ᠪᠠᠢ᠌ᠵᠤ᠂ ᠭᠠᠯ᠎ᠢ ᠰᠡᠷᠭᠡᠢ᠌ᠯᠡᠬᠦ ᠵᠢ ᠨᠠᠷᠢᠯᠢᠭ ᠣᠨᠣᠴᠠᠲᠠᠶ ᠵᠠᠰᠠᠯᠲᠠ ᠵᠢ ᠴᠢᠩᠭ᠋ᠠᠳᠬᠠᠬᠤ᠂ ᠭᠠᠯ᠎ᠢ ᠰᠡᠷᠭᠡᠢ᠌ᠯᠡᠬᠦ ᠵᠢᠨ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠲᠡᠭᠦᠯᠳᠡᠷᠵᠢᠭᠦᠯᠬᠦ᠂ ᠦᠨᠳᠦᠰᠦᠨ ᠱᠠᠲᠤᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ᠎ᠠᠴᠠ ᠡᠭᠦᠷᠭᠡ ᠲᠣᠭᠲᠠᠭ᠋ᠠᠪᠠ᠃ ᠭᠣᠣᠯᠳᠠᠯᠭ᠎ᠠ᠎ᠲᠠᠢ ᠬᠦᠷᠢᠶᠡᠨ᠎ᠳᠠᠬᠢ ᠲᠤᠰᠬᠠᠶ ᠵᠠᠰᠠᠯᠲᠠ ᠵᠢ ᠰᠠᠶ᠋ᠢᠲᠤᠷ ᠠᠳᠬᠤᠵᠤ᠂ ᠭᠠᠯ᠎ᠢ ᠰᠡᠷᠭᠡᠢ᠌ᠯᠡᠬᠦ ᠬᠠᠤᠯᠢ ᠬᠡᠷᠡᠭᠵᠢᠭᠦᠯᠦᠯᠲᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠶ᠂ ᠵᠢᠷᠤᠮᠵᠢᠯ᠎ᠲᠠᠢ ᠪᠥᠭᠡᠳ ᠥᠨᠳᠥᠷ ᠪᠦᠲᠦᠮᠵᠢᠲᠡᠶ᠂ ᠲᠥᠪ ᠭᠣᠣᠯᠴᠢ ᠪᠥᠭᠡᠳ ᠢᠯᠡ ᠲᠣᠳᠣ ᠭᠠᠯ᠎ᠢ ᠰᠡᠷᠭᠡᠢ᠌ᠯᠡᠬᠦ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠭᠠᠯ᠎ᠢ ᠰᠡᠷᠭᠡᠢ᠌ᠯᠡᠬᠦ ᠬᠢᠨᠠᠯᠲᠠ ᠬᠠᠮᠢᠶᠠᠷᠤᠯᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃

      ᠭᠤᠷᠪᠠᠳᠤᠭ᠋ᠠᠷ ᠬᠡᠰᠡᠭ᠎ᠨᠢ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠬᠦᠴᠦᠨ᠎ᠤ ᠲᠣᠭᠲᠠᠯᠴᠠᠭ᠎ᠠ ᠵᠢ ᠪᠠᠶ᠋ᠢᠭᠤᠯᠬᠤ ᠲᠤᠬᠠᠢ ᠠᠭᠤᠯᠭ᠎ᠠ ᠪᠠᠢ᠌ᠵᠤ᠂ ᠤᠯᠤᠰ᠎ᠤᠨ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠤᠯᠠᠨ ᠵᠦᠢ᠍ᠯ᠎ᠤᠨ ᠬᠡᠯᠪᠡᠷᠢ ᠵᠢᠨ ᠭᠠᠯ᠎ᠢ ᠰᠡᠷᠭᠡᠢ᠌ᠯᠡᠬᠦ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠣᠢ᠌ᠲᠤ ᠣᠷᠣᠨ ᠬᠤᠳᠠ ᠪᠠᠯᠭ᠋ᠠᠰᠤᠨ᠎ᠤ ᠭᠠᠯ᠎ᠢ ᠰᠡᠷᠭᠡᠢ᠌ᠯᠡᠬᠦ ᠡᠩᠨᠡᠭᠡ ᠵᠢ ᠥᠭᠡᠷᠡᠴᠢᠯᠡᠨ ᠪᠠᠢ᠌ᠭᠤᠯᠵᠤ ᠬᠦᠯᠢᠶᠡᠨ ᠠᠪᠬᠤ ᠵᠢ ᠪᠡᠶᠡᠯᠡᠭᠦᠯᠬᠦ᠂ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠡᠩᠨᠡᠭᠡᠨ᠎ᠤ ᠪᠣᠳᠠᠲᠤ ᠪᠠᠶ᠋ᠢᠯᠳᠤᠭ᠋ᠠᠨ ᠪᠣᠳᠠᠲᠤ ᠰᠤᠷᠭ᠋ᠠᠭᠤᠯᠢᠯᠠᠯ᠎ᠢ ᠴᠢᠩᠭ᠋ᠠᠳᠬᠠᠬᠤ᠂ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠵᠢᠨ ᠲᠤᠬᠢᠷᠠᠭᠤᠯᠤᠯᠲᠠ ᠵᠢᠯᠤᠭᠤᠳᠤᠯᠭ᠎ᠠ ᠵᠢ ᠴᠢᠩᠭ᠋ᠠᠳᠬᠠᠬᠤ ᠵᠡᠷᠭᠡ 6 ᠲᠠᠯ᠎ᠠ ᠵᠢᠨ ᠡᠭᠦᠷᠭᠡ ᠬᠤᠪᠢᠶᠠᠪᠠ᠃ ᠪᠥᠬᠥ ᠣᠷᠣᠨ᠎ᠳᠤ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ 85 ᠥᠷᠲᠡᠭᠡ ᠵᠢ ᠰᠢᠨ᠎ᠡ᠎ᠪᠠᠷ ᠪᠠᠢ᠌ᠭᠤᠯᠬᠤ ᠪᠤᠶᠤ ᠥᠭᠡᠷᠡᠴᠢᠯᠡᠨ ᠪᠠᠢ᠌ᠭᠤᠯᠵᠤ᠂ ᠬᠥᠬᠡᠬᠣᠲᠠ᠎ᠳᠤ 27᠂ ᠪᠤᠭᠤᠲᠤ ᠬᠣᠲᠠ᠎ᠳᠤ 12᠂ ᠬᠥᠯᠥᠨ ᠪᠣᠶ᠋ᠢᠷ ᠬᠣᠲᠠ᠎ᠳᠤ 19᠂ ᠬᠢᠩᠭ᠋ᠠᠨ ᠠᠶ᠋ᠢᠮᠠᠭ᠎ᠲᠤ 1᠂ ᠲᠦᠩᠯᠢᠶᠣᠤ ᠬᠣᠲᠠ᠎ᠳᠤ 3᠂ ᠤᠯᠠᠭ᠋ᠠᠨᠬᠠᠳᠠ ᠬᠣᠲᠠ᠎ᠳᠤ 2᠂ ᠰᠢᠯᠢ ᠵᠢᠨ ᠭᠣᠤᠯ ᠠᠶ᠋ᠢᠮᠠᠭ᠎ᠲᠤ 3᠂ ᠤᠯᠠᠭ᠋ᠠᠨᠴᠠᠪ ᠬᠣᠲᠠ᠎ᠳᠤ 3᠂ ᠣᠷᠳᠣᠰ ᠬᠣᠲᠠ᠎ᠳᠤ 6᠂ ᠪᠠᠶᠠᠨᠨᠠᠭᠤᠷ ᠬᠣᠲᠠ᠎ᠳᠤ 4᠂ ᠦᠬᠠᠶ ᠬᠣᠲᠠ᠎ᠳᠤ 4᠂ ᠠᠯᠠᠱ᠌ᠠ ᠠᠶ᠋ᠢᠮᠠᠭ᠎ᠲᠤ 1 ᠪᠣᠶ; ᠰᠤᠷᠭ᠋ᠠᠭᠤᠯᠢᠯᠠᠯ᠎ᠤᠨ ᠰᠠᠭᠤᠷᠢᠨ᠎ᠢ 6 ᠪᠠᠶ᠋ᠢᠭᠤᠯᠵᠤ᠂ ᠰᠤᠷᠭ᠋ᠠᠭᠤᠯᠢᠯᠠᠯ᠎ᠤᠨ ᠪᠡᠯᠡᠳᠬᠡᠮᠵᠢ ᠵᠢ 300 ᠰᠢᠬᠠᠮ ᠪᠠᠢ᠌ᠭᠤᠯᠤᠨ᠎ᠠ; ᠵᠠᠰᠠᠭ᠎ᠤᠨ ᠣᠷᠳᠣᠨ᠎ᠤ ᠭᠠᠯ᠎ᠢ ᠰᠡᠷᠭᠡᠢ᠌ᠯᠡᠬᠦ ᠲᠤᠰᠬᠠᠶ ᠡᠩᠨᠡᠭᠡ ᠵᠢ 253 ᠪᠠᠶ᠋ᠢᠭᠤᠯᠵᠤ᠂ ᠵᠠᠰᠠᠭ᠎ᠤᠨ ᠣᠷᠳᠣᠨ᠎ᠤ ᠭᠠᠯ᠎ᠢ ᠰᠡᠷᠭᠡᠢ᠌ᠯᠡᠬᠦ ᠲᠤᠰᠬᠠᠶ ᠥᠷᠲᠡᠭᠡᠨ᠎ᠤ ᠭᠡᠰᠢᠭᠦᠨ᠎ᠢ 3100 ᠭᠠᠷᠤᠶ ᠬᠥᠮᠦᠨ᠂ ᠭᠠᠯ᠎ᠢ ᠰᠡᠷᠭᠡᠢ᠌ᠯᠡᠬᠦ ᠪᠢᠴᠢᠭ᠎ᠤᠨ ᠠᠵᠢᠯᠲᠠᠨ 600 ᠭᠠᠷᠤᠶ ᠬᠥᠮᠦᠨ ᠡᠯᠰᠡᠨ᠎ᠡ; ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷᠠᠬᠢ 《ᠨᠢᠭᠡᠳᠦᠯᠲᠡᠶ ᠵᠢᠯᠣᠭᠣᠳᠴᠤ᠂ ᠱᠠᠳᠤ ᠬᠤᠪᠢᠶᠠᠨ ᠬᠠᠷᠢᠭᠤᠴᠠᠬᠤ》 ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠵᠢᠨ ᠲᠣᠬᠢᠷᠠᠭᠤᠯᠤᠨ ᠵᠢᠯᠣᠭᠣᠳᠬᠤ ᠲᠣᠭᠲᠠᠯᠴᠠᠭ᠎ᠠ ᠵᠢ ᠪᠠᠢ᠌ᠭᠤᠯᠤᠨ᠎ᠠ᠃

      ᠳᠥᠷᠪᠡᠳᠦᠭᠡᠷ ᠬᠡᠰᠡᠭ᠎ᠨᠢ ᠲᠠᠢ᠍ᠢ᠍ᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠠᠭᠤᠯᠭ᠎ᠠ ᠪᠠᠢ᠌ᠵᠤ᠂ ᠣᠳᠣᠬᠢᠴᠢᠯᠠᠭᠰᠠᠨ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠲᠤᠨᠤᠭ ᠲᠥᠬᠥᠭᠡᠷᠦᠮᠵᠢ ᠵᠢ ᠲᠤᠬᠢᠷᠠᠭᠤᠯᠬᠤ᠂ ᠲᠠᠢ᠍ᠢ᠍ᠨ᠎ᠤ ᠦᠢ᠍ᠯᠡᠴᠢᠯᠡᠭᠡᠨ᠎ᠤ ᠡᠳ᠋ ᠪᠣᠳᠠᠰ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠡᠳ᠋ ᠪᠣᠳᠠᠰ᠎ᠢ ᠬᠠᠳᠠᠭ᠋ᠠᠯᠠᠵᠤ ᠵᠥᠭᠡᠭᠡᠪᠦᠷᠢᠯᠡᠨ ᠠᠰᠢᠭᠯᠠᠯᠲᠠ᠎ᠳᠤ ᠣᠷᠣᠭᠤᠯᠬᠤ ᠵᠢ ᠴᠢᠩᠭ᠋ᠠᠳᠬᠠᠬᠤ᠂ ᠴᠢᠳᠠᠪᠤᠷᠢᠲᠠᠨ᠎ᠤ ᠪᠠᠲᠤᠯᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠦᠷᠪᠡᠨ ᠲᠠᠯ᠎ᠠ᠎ᠠᠴᠠ ᠡᠭᠦᠷᠭᠡ ᠵᠢ ᠲᠣᠭᠲᠠᠭ᠋ᠠᠪᠠ᠃ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠲᠡᠷᠭᠡ ᠵᠢ 1000 ᠰᠢᠬᠠᠮ ᠰᠢᠨ᠎ᠡ᠎ᠪᠠᠷ ᠨᠡᠮᠡᠭᠳᠡᠭᠦᠯᠵᠦ᠂ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠡᠯ᠎ᠡ ᠵᠦᠢ᠍ᠯ᠎ᠤᠨ ᠪᠠᠭ᠋ᠠᠵᠢ ᠬᠡᠷᠡᠭᠰᠡᠯ᠎ᠢ 40 ᠭᠠᠷᠤᠶ ᠲᠦᠮᠡ ᠬᠤᠳᠠᠯᠳᠤᠨ ᠠᠪᠴᠤ᠂ ᠭᠠᠯ᠎ᠢ ᠰᠡᠷᠭᠡᠢ᠌ᠯᠡᠬᠦ ᠤᠨᠲᠠᠷᠠᠭ᠋ᠠᠭᠤᠷ᠎ᠢ 3000 ᠭᠠᠷᠤᠶ ᠲᠣᠨ ᠲᠣᠬᠢᠷᠠᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠳᠠᠢ᠌ᠨ᠎ᠤ ᠦᠢ᠍ᠯᠡᠴᠢᠯᠡᠭᠡᠨ᠎ᠤ ᠡᠳ᠋ ᠪᠠᠷᠠᠭ᠎ᠠ ᠵᠢᠨ ᠪᠠᠲᠤᠯᠠᠭ᠎ᠠ ᠵᠢᠨ ᠬᠥᠮᠥᠷᠭᠡ 1 ᠪᠠ ᠠᠶ᠋ᠢᠮᠠᠭ ᠬᠣᠲᠠ ᠵᠢᠨ ᠳᠡᠰ᠎ᠤᠨ ᠳᠠᠢ᠌ᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠠᠭᠤᠷᠢᠨ ᠭᠠᠵᠠᠷ᠎ᠢ 5 ᠪᠠᠶ᠋ᠢᠭᠤᠯᠵᠤ᠂ ᠣᠷᠣᠨ ᠪᠦᠰᠡ ᠵᠢᠨ 《1+5+12+N》 ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠡᠳ᠋ ᠪᠠᠷᠠᠭ᠎ᠠ ᠵᠢᠨ ᠨᠥᠭᠡᠴᠡᠯᠡᠨ ᠪᠠᠲᠤᠯᠠᠬᠤ ᠰᠦᠯᠵᠢᠶ᠎ᠡ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠬᠣᠶᠠᠷ ᠱᠠᠲᠤᠨ᠎ᠤ ᠨᠥᠭᠡᠴᠡ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠳ᠋ ᠪᠠᠷᠠᠭ᠎ᠠ ᠨᠥᠭᠡᠴᠡᠯᠡᠬᠦ ᠪᠠ ᠲᠡᠷᠭᠡ ᠬᠥᠰᠬᠡ ᠲᠣᠨᠣᠭ ᠲᠥᠬᠥᠭᠡᠷᠦᠮᠵᠢ ᠳᠣᠭᠢᠷᠠᠭᠤᠯᠬᠤ ᠪᠠᠷᠢᠮᠵᠢᠶ᠎ᠠ ᠵᠢ ᠱᠠᠲᠤ ᠲᠥᠷᠥᠯ ᠬᠤᠪᠢᠶᠠᠨ ᠨᠠᠶ᠋ᠢᠳᠠᠪᠤᠷᠢᠵᠢᠭᠤᠯᠤᠨ᠎ᠠ; ᠥᠨᠳᠥᠷ ᠬᠡᠪ ᠴᠢᠨᠠᠷ ᠪᠦᠬᠦᠢ ᠵᠠᠭᠤ ᠭᠠᠷᠤᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠦᠨ᠎ᠡ᠃

      ᠲᠠᠪᠤᠳᠤᠭ᠋ᠠᠷ ᠬᠡᠰᠡᠭ᠎ᠨᠢ ᠭᠠᠯ᠎ᠢ ᠰᠡᠷᠭᠡᠢ᠌ᠯᠡᠬᠦ ᠰᠠᠭᠤᠷᠢ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠬᠤ ᠲᠤᠬᠠᠢ ᠠᠭᠤᠯᠭ᠎ᠠ ᠪᠠᠢ᠌ᠵᠤ᠂ ᠭᠠᠯ᠎ᠢ ᠰᠡᠷᠭᠡᠢ᠌ᠯᠡᠬᠦ ᠲᠥᠯᠥᠪᠵᠢᠭᠦᠯᠭᠡ ᠵᠢ ᠵᠠᠰᠠᠨ ᠨᠠᠶ᠋ᠢᠷᠠᠭᠤᠯᠬᠤ ᠪᠠ ᠬᠡᠷᠡᠭᠵᠢᠭᠦᠯᠬᠦ ᠵᠢ ᠴᠢᠩᠭ᠋ᠠᠳᠬᠠᠬᠤ᠂ ᠤᠯᠠᠨ ᠨᠡᠶ᠋ᠢᠲᠡ ᠵᠢᠨ ᠭᠠᠯ᠎ᠢ ᠰᠡᠷᠭᠡᠢ᠌ᠯᠡᠬᠦ ᠰᠠᠭᠤᠷᠢ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠬᠣᠶᠠᠷ ᠬᠡᠰᠡᠭ ᠵᠶ᠋ᠠᠷ ᠪᠦᠷᠢᠯᠳᠦᠪᠡ᠃ ᠬᠣᠲᠠ ᠬᠥᠳᠡᠭᠡ ᠵᠢᠨ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠪᠠᠢ᠌ᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ᠂ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠥᠷᠲᠡᠭᠡ᠂ ᠭᠠᠯ᠎ᠢ ᠰᠡᠷᠭᠡᠢ᠌ᠯᠡᠬᠦ ᠲᠡᠷᠭᠡᠨ᠎ᠤ ᠨᠡᠪᠲᠡᠷᠡᠬᠦ ᠵᠠᠮ᠂ ᠭᠠᠯ᠎ᠢ ᠰᠡᠷᠭᠡᠢ᠌ᠯᠡᠬᠦ ᠤᠰᠤᠨ ᠰᠤᠷᠪᠤᠯᠵᠢ᠂ ᠭᠠᠯ᠎ᠢ ᠰᠡᠷᠭᠡᠢ᠌ᠯᠡᠬᠦ ᠴᠢᠮᠡᠭᠡ ᠬᠣᠯᠪᠣᠭ᠎ᠠ ᠪᠣᠯᠤᠨ ᠭᠠᠯ᠎ᠢ ᠰᠡᠷᠭᠡᠢ᠌ᠯᠡᠬᠦ ᠰᠤᠷᠭ᠋ᠠᠭᠤᠯᠢᠯᠠᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠬᠣᠲᠠ ᠵᠢᠨ ᠬᠥᠭᠵᠢᠯᠲᠡ᠎ᠯᠦᠭᠡ ᠬᠠᠷᠢᠯᠴᠠᠨ ᠵᠣᠬᠢᠴᠠᠭᠤᠯᠵᠤ᠂ ᠣᠯᠠᠨ ᠨᠡᠶ᠋ᠢᠲᠡ ᠵᠢᠨ ᠭᠠᠯ᠎ᠢ ᠰᠡᠷᠭᠡᠢ᠌ᠯᠡᠬᠦ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠣᠲᠠ ᠵᠢᠨ ᠭᠠᠯ᠎ᠢ ᠰᠡᠷᠭᠡᠢ᠌ᠯᠡᠬᠦ ᠲᠡᠷᠭᠡᠨ᠎ᠤ ᠨᠡᠪᠲᠡᠷᠡᠬᠦ ᠵᠠᠮ᠎ᠤᠨ ᠲᠦᠭᠵᠢᠷᠡᠯ᠎ᠢ ᠰᠢᠢ᠍ᠳᠪᠦᠷᠢᠯᠡᠵᠦ᠂ ᠬᠣᠲᠠ ᠵᠢᠨ ᠶᠠᠪᠤᠳᠠᠯ᠎ᠤᠨ ᠭᠠᠯ ᠤᠨᠲᠠᠷᠠᠭ᠋ᠠᠭᠤᠷ᠎ᠢ 11141᠂ ᠭᠠᠯ᠎ᠢ ᠰᠡᠷᠭᠡᠢ᠌ᠯᠡᠬᠦ ᠭᠣᠭᠣᠵᠢᠭᠤᠷ᠎ᠢ 1078 ᠰᠢᠨ᠎ᠡ᠎ᠪᠠᠷ ᠪᠠᠢ᠌ᠭᠤᠯᠤᠨ᠎ᠠ᠃

      ᠵᠢᠷᠭᠤᠳᠤᠭ᠋ᠠᠷ ᠬᠡᠰᠡᠭ᠎ᠨᠢ ᠭᠠᠯ᠎ᠢ ᠰᠡᠷᠭᠡᠢ᠌ᠯᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠠᠬᠢᠭᠤᠯᠬᠤ ᠲᠤᠬᠠᠢ ᠠᠭᠤᠯᠭ᠎ᠠ ᠪᠠᠢ᠌ᠵᠤ᠂ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠷᠠᠭᠤᠯᠬᠤ ᠭᠤᠷᠪᠠᠨ ᠲᠠᠯ᠎ᠠ ᠵᠢᠨ ᠡᠭᠦᠷᠭᠡ ᠵᠢ ᠲᠣᠳᠣᠷᠬᠠᠢ᠌ᠯᠠᠪᠠ᠃ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠠᠵᠤ ᠠᠬᠤᠶ᠂ ᠲᠣᠭ᠋ᠠᠴᠢᠯᠠᠭᠰᠠᠨ ᠨᠡᠶ᠋ᠢᠭᠡᠮ᠂ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠲᠦᠷᠭᠡᠳᠬᠡᠬᠦ ᠪᠠᠶ᠋ᠢᠯᠳᠤᠬᠤ ᠪᠣᠳᠣᠯᠭ᠎ᠠ᠎ᠳᠤ ᠠᠭᠤᠰᠤᠯᠴᠠᠭᠤᠯᠤᠨ᠂ ᠭᠠᠯ᠎ᠢ ᠰᠡᠷᠭᠡᠢ᠌ᠯᠡᠬᠦ ᠮᠡᠳᠡᠭᠡ ᠵᠠᠩᠭᠢᠵᠢᠯᠲᠠ ᠵᠢᠨ ᠰᠠᠭᠤᠷᠢ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠯ᠎ᠢ ᠰᠡᠷᠭᠡᠢ᠌ᠯᠡᠬᠦ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠲᠠᠪᠴᠠᠩ᠎ᠢ ᠪᠥᠲᠥᠭᠡᠨ ᠪᠠᠶ᠋ᠢᠭᠤᠯᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠲᠣᠨᠣᠭ ᠲᠥᠬᠥᠭᠡᠷᠦᠮᠵᠢ ᠵᠢ ᠪᠦᠷᠢᠨ ᠭᠦᠢ᠍ᠴᠡᠳ ᠳᠣᠭᠢᠷᠠᠭᠤᠯᠤᠨ ᠬᠦᠴᠦᠷᠬᠡᠭᠵᠢᠭᠦᠯᠦᠨ᠎ᠡ᠃

      ᠳᠣᠯᠣᠳᠤᠭ᠋ᠠᠷ ᠬᠡᠰᠡᠭ᠎ᠨᠢ ᠨᠡᠶ᠋ᠢᠲᠡ ᠵᠢᠨ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠡᠪ ᠴᠢᠨᠠᠷ᠎ᠢ ᠳᠡᠭᠡᠭᠰᠢᠯᠡᠭᠦᠯᠬᠦ ᠲᠤᠬᠠᠢ ᠠᠭᠤᠯᠭ᠎ᠠ ᠪᠠᠢ᠌ᠵᠤ᠂ ᠭᠠᠯ᠎ᠢ ᠰᠡᠷᠭᠡᠢ᠌ᠯᠡᠬᠦ ᠤᠬᠠᠭᠤᠯᠭ᠎ᠠ ᠵᠢᠨ ᠪᠡᠬᠢᠯᠡᠯᠲᠡ ᠵᠢ ᠬᠦᠴᠦᠷᠬᠡᠭᠵᠢᠭᠦᠯᠦᠨ ᠪᠠᠢ᠌ᠭᠤᠯᠵᠤ᠂ ᠭᠠᠯ᠎ᠢ ᠰᠡᠷᠭᠡᠢ᠌ᠯᠡᠬᠦ ᠬᠥᠮᠦᠵᠢᠯ ᠰᠤᠷᠭ᠋ᠠᠭᠤᠯᠢᠯᠠᠯ᠎ᠢ ᠴᠢᠩᠭ᠋ᠠᠳᠬᠠᠬᠤ᠂ ᠭᠠᠯ᠎ᠢ ᠰᠡᠷᠭᠡᠢ᠌ᠯᠡᠬᠦ ᠰᠣᠶᠣᠯ᠎ᠤᠨ ᠬᠥᠮᠦᠵᠢᠯ᠎ᠢ ᠠᠬᠢᠭᠤᠯᠬᠤ ᠭᠤᠷᠪᠠᠨ ᠠᠭᠤᠯᠭ᠎ᠠ ᠵᠢ ᠪᠠᠭᠲᠠᠭ᠋ᠠᠨ᠎ᠠ᠃ ᠡᠯ᠎ᠡ ᠱᠠᠲᠤᠨ᠎ᠤ ᠭᠠᠯ᠎ᠢ ᠰᠡᠷᠭᠡᠢ᠌ᠯᠡᠬᠦ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠬᠥᠮᠦᠵᠢᠯ᠎ᠤᠨ ᠰᠠᠭᠤᠷᠢᠨ ᠭᠠᠵᠠᠷ᠂ ᠭᠠᠯ᠎ᠢ ᠰᠡᠷᠭᠡᠢ᠌ᠯᠡᠬᠦ ᠰᠡᠳᠦᠪᠲᠦ ᠴᠡᠴᠡᠷᠯᠢᠭ (ᠰᠣᠶᠣᠯ᠎ᠤᠨ ᠲᠠᠯᠠᠪᠠᠢ᠂ ᠵᠡᠭᠡᠯᠢ ᠲᠣᠭᠣᠷᠢᠭ)᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠵᠤ᠂ ᠰᠢᠨ᠎ᠡ ᠵᠠᠭᠤᠴᠢᠯᠠᠭᠤᠷ᠎ᠤᠨ ᠪᠡᠬᠢᠯᠡᠯᠲᠡ ᠪᠣᠯᠤᠨ ᠬᠠᠮ ᠵᠠᠭᠤᠴᠢᠯᠠᠭᠤᠷ᠎ᠤᠨ ᠲᠥᠪ᠎ᠤᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠥᠮᠦᠵᠢᠯ᠎ᠢ ᠠᠷᠠᠳ᠎ᠤᠨ ᠬᠡᠪ ᠴᠢᠨᠠᠷ᠎ᠤᠨ ᠬᠥᠮᠦᠵᠢᠯ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠬᠥᠮᠦᠵᠢᠯ᠂ ᠲᠤᠬᠠᠢ᠌ᠯᠠᠭᠰᠠᠨ ᠠᠵᠢᠯ᠎ᠤᠨ ᠮᠡᠷᠭᠡᠵᠢᠯ ᠴᠢᠳᠠᠪᠤᠷᠢ ᠵᠢᠨ ᠰᠤᠷᠭ᠋ᠠᠭᠤᠯᠢᠯᠠᠯ ᠵᠡᠷᠭᠡ ᠬᠥᠮᠦᠵᠢᠯ᠎ᠤᠨ ᠲᠣᠭᠲᠠᠯᠴᠠᠭ᠎ᠠ᠎ᠳᠤ ᠣᠷᠣᠭᠤᠯᠤᠨ᠎ᠠ᠃

      ᠳᠥᠷᠪᠡᠳᠦᠭᠡᠷ ᠪᠦᠯᠦᠭ᠎ᠨᠢ ᠴᠢᠬᠤᠯᠠ ᠶᠡᠬᠡ ᠢᠨᠵᠧᠨᠧᠷᠢᠩ ᠪᠠᠢ᠌ᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ 6 ᠴᠢᠬᠤᠯᠠ ᠶᠡᠬᠡ ᠢᠨᠵᠧᠨᠧᠷᠢᠩ᠎ᠢ ᠲᠣᠳᠣᠷᠬᠠᠶ᠋ᠢᠯᠠᠪᠠ᠃

       ᠨᠢᠭᠡᠳᠦᠭᠡᠷ ᠵᠦᠢ᠍ᠯ᠎ᠨᠢ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠵᠠᠰᠠᠯᠲᠠ ᠵᠢ ᠳᠡᠭᠡᠭᠰᠢᠯᠡᠭᠦᠯᠬᠦ ᠢᠨᠵᠧᠨᠧᠷᠢᠩ ᠪᠠᠶ᠋ᠢᠵᠤ᠂ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠤᠨ᠂ ᠠᠵᠢᠯ ᠲᠥᠷᠥᠯ᠎ᠤᠨ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠵᠢᠱ᠌ᠢᠶ᠎ᠡ ᠦᠵᠡᠭᠦᠯᠬᠦ ᠪᠠᠶ᠋ᠢᠭᠤᠯᠤᠯᠲᠠ ᠵᠢ ᠥᠷᠨᠢᠭᠦᠯᠵᠦ᠂ ᠨᠢᠭᠡᠴᠢ ᠨᠡᠶ᠋ᠢᠭᠡᠮ ᠲᠣᠭᠣᠷᠢᠭ᠎ᠤᠨ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠵᠠᠰᠠᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠶ᠋ᠢᠭᠤᠯᠵᠤ᠂ ᠭᠠᠯ᠎ᠢ ᠰᠡᠷᠭᠡᠢ᠌ᠯᠡᠬᠦ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠨᠣᠭ ᠲᠥᠬᠥᠭᠡᠷᠦᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃

       ᠬᠣᠶᠠᠳᠤᠭ᠋ᠠᠷ ᠵᠦᠢ᠍ᠯ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠶᠡᠷᠦᠩᠬᠡᠢ᠌ᠯᠡᠭᠰᠡᠨ ᠲᠤᠰᠬᠠᠶ ᠠᠪᠤᠷᠠᠨ ᠲᠤᠰᠠᠯᠠᠬᠤ ᠬᠦᠴᠦᠨ᠎ᠤ ᠪᠠᠶ᠋ᠢᠭᠤᠯᠤᠯᠲᠠ ᠵᠢᠨ ᠢᠨᠵᠧᠨᠧᠷᠢᠩ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠶᠡᠷᠦᠩᠬᠡᠢ᠌ᠯᠡᠭᠰᠡᠨ ᠪᠡᠯᠡᠳᠬᠡᠯ ᠰᠠᠯᠪᠤᠷᠢ ᠠᠩᠭᠢ᠎ᠳᠤ ᠬᠠᠷᠢᠶᠠᠯᠠᠭᠳᠠᠬᠤ 8 ᠲᠤᠰᠬᠠᠶ ᠠᠪᠤᠷᠠᠨ ᠲᠤᠰᠠᠯᠠᠬᠤ ᠡᠩᠨᠡᠭᠡ ᠵᠢᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠵᠦ᠂ ᠡᠩᠨᠡᠭᠡ ᠵᠢᠨ ᠠᠪᠤᠷᠠᠨ ᠲᠤᠰᠠᠯᠠᠬᠤ ᠴᠢᠳᠠᠪᠤᠷᠢ ᠵᠢᠨ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠵᠢ ᠥᠷᠨᠢᠭᠦᠯᠦᠨ᠂ 《1+12+N》 ᠣᠷᠣᠨ ᠪᠦᠰᠡ ᠠᠯᠤᠰᠯᠠᠭᠰᠠᠨ ᠪᠠᠶ᠋ᠢᠯᠳᠤᠭ᠋ᠠᠨ᠎ᠤ ᠲᠣᠭᠲᠠᠯᠴᠠᠭ᠎ᠠ ᠵᠢ ᠪᠦᠷᠢᠯᠳᠦᠭᠦᠯᠦᠨ᠎ᠡ᠃

      ᠭᠤᠷᠪᠠᠳᠤᠭ᠋ᠠᠷ ᠵᠦᠢ᠍ᠯ᠎ᠨᠢ ᠤᠯᠤᠰ᠎ᠤᠨ ᠲᠠᠰ᠎ᠤᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠣᠳᠠᠲᠤ ᠳᠠᠢ᠌ᠨ ᠪᠣᠳᠠᠲᠤ ᠰᠤᠷᠭ᠋ᠠᠭᠤᠯᠢᠯᠠᠯ᠎ᠤᠨ ᠰᠠᠭᠤᠷᠢᠨ ᠭᠠᠵᠠᠷ ᠪᠠ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠡᠨᠳᠡᠯ᠎ᠢ ᠰᠢᠢ᠍ᠳᠪᠦᠷᠢᠯᠡᠬᠦ ᠲᠤᠰᠬᠠᠢ ᠠᠪᠤᠷᠠᠨ ᠲᠤᠰᠠᠯᠠᠬᠤ ᠠᠩᠭᠢ ᠵᠢᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ ᠪᠣᠯᠤᠨ᠎ᠠ᠃ ᠣᠷᠳᠣᠰ ᠬᠣᠲᠠ᠎ᠳᠤ ᠤᠯᠤᠰ᠎ᠤᠨ ᠲᠠᠰ᠎ᠤᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠪᠤᠷᠠᠨ ᠲᠤᠰᠠᠯᠠᠬᠤ ᠲᠤᠰᠬᠠᠶ ᠰᠤᠷᠭ᠋ᠠᠭᠤᠯᠢᠯᠠᠯ᠎ᠤᠨ ᠰᠠᠭᠤᠷᠢᠨ ᠭᠠᠵᠠᠷ᠎ᠢ ᠪᠠᠶ᠋ᠢᠭᠤᠯᠬᠤ ᠵᠢᠨ ᠬᠠᠮᠲᠤ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠡᠨᠳᠡᠯ᠎ᠢ ᠰᠢᠢ᠍ᠳᠪᠦᠷᠢᠯᠡᠬᠦ ᠰᠢᠪᠲᠤᠯᠤᠯᠲᠠ ᠵᠢᠨ ᠴᠢᠳᠠᠪᠤᠷᠢ᠎ᠲᠠᠢ ᠤᠯᠤᠰ᠎ᠤᠨ ᠲᠠᠰ᠎ᠤᠨ ᠲᠤᠰᠬᠠᠶ᠋ᠢᠵᠢᠭᠰᠠᠨ ᠡᠩᠨᠡᠭᠡ ᠵᠢ ᠪᠠᠶ᠋ᠢᠭᠤᠯᠤᠨ᠎ᠠ᠃

      ᠳᠥᠷᠪᠡᠳᠦᠭᠡᠷ ᠵᠦᠢ᠍ᠯ᠎ᠨᠢ ᠬᠢᠮᠢ ᠵᠢᠨ ᠠᠵᠤ ᠦᠢ᠍ᠯᠡᠳᠪᠦᠷᠢ ᠵᠢᠨ ᠭᠠᠮᠰᠢᠭ ᠡᠨᠳᠡᠯ᠎ᠤᠨ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠲᠠᠷᠬᠠᠯᠲᠠ ᠵᠢᠨ ᠪᠠᠶ᠋ᠢᠳᠠᠯ᠎ᠲᠠᠢ ᠤᠶᠠᠯᠳᠤᠭᠤᠯᠤᠨ᠂ 《ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠴᠠᠪ ᠬᠣᠲᠠ》᠂ 《ᠦᠬᠠᠶ ᠵᠢᠨ ᠭᠤᠷᠪᠠᠯᠵᠢᠨ ᠣᠷᠣᠨ》᠂ 《ᠤᠯᠠᠭ᠋ᠠᠨᠬᠠᠳᠠ ᠬᠣᠲᠠ᠂ ᠲᠦᠩᠯᠢᠶᠣᠤ ᠬᠣᠲᠠ᠂ ᠰᠢᠯᠢ ᠵᠢᠨ ᠭᠣᠤᠯ ᠠᠶ᠋ᠢᠮᠠᠭ》 ᠵᠡᠷᠭᠡ ᠬᠢᠮᠢ ᠵᠢᠨ ᠠᠵᠤ ᠦᠢ᠍ᠯᠡᠳᠪᠦᠷᠢ ᠵᠢᠨ ᠭᠠᠮᠰᠢᠭ ᠡᠨᠳᠡᠯ᠎ᠤᠨ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠭᠤᠷᠪᠠᠨ ᠲᠣᠭᠣᠷᠢᠭ᠎ᠢ ᠪᠠᠶ᠋ᠢᠭᠤᠯᠤᠨ᠎ᠠ᠃

      ᠲᠠᠪᠤᠳᠤᠭ᠋ᠠᠷ ᠵᠦᠢ᠍ᠯ᠎ᠨᠢ ᠭᠠᠯ᠎ᠢ ᠰᠡᠷᠭᠡᠢ᠌ᠯᠡᠬᠦ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ ᠪᠠᠶ᠋ᠢᠵᠤ᠂ 《1+1+1+2》 ᠲᠣᠭᠲᠠᠯᠴᠠᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠭᠠᠯ᠎ᠢ ᠰᠡᠷᠭᠡᠢ᠌ᠯᠡᠬᠦ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠲᠠᠪᠴᠠᠩ᠎ᠢ ᠪᠠᠶ᠋ᠢᠭᠤᠯᠤᠨ᠎ᠠ᠃

      ᠵᠢᠷᠭᠤᠳᠤᠭ᠋ᠠᠷ ᠵᠦᠢ᠍ᠯ᠎ᠨᠢ ᠭᠠᠯ᠎ᠢ ᠰᠡᠷᠭᠡᠢ᠌ᠯᠡᠬᠦ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠤᠯᠤᠰ᠎ᠤᠨ ᠳᠡᠰ᠎ᠤᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢᠨ ᠢᠨᠵᠧᠨᠧᠷᠢᠩ ᠪᠠᠶ᠋ᠢᠵᠤ᠂ 《ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ᠂ ᠶᠡᠷᠦᠩᠬᠡᠶ᠋ᠢᠯᠡᠨ ᠲᠤᠷᠰᠢᠵᠤ ᠣᠶ᠋ᠢᠯᠠᠭ᠋ᠠᠬᠤ᠂ ᠲᠤᠰᠬᠠᠶ ᠪᠡᠯᠡᠳᠬᠡᠮᠵᠢ᠂ ᠲᠡᠦᠬᠡ ᠰᠣᠶᠣᠯ᠎ᠤᠨ ᠦᠵᠡᠰᠬᠦᠯᠡᠩ》᠎ᠢ ᠨᠢᠭᠡ ᠴᠤᠭᠴᠠᠵᠢᠭᠤᠯᠤᠭᠰᠠᠨ ᠭᠠᠯ᠎ᠢ ᠰᠡᠷᠭᠡᠢ᠌ᠯᠡᠬᠦ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠤᠯᠤᠰ᠎ᠤᠨ ᠳᠡᠰ᠎ᠤᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠪᠥᠳᠥᠭᠡᠨ ᠪᠠᠶ᠋ᠢᠭᠤᠯᠤᠨ᠎ᠠ᠃

      ᠲᠠᠪᠤᠳᠤᠭ᠋ᠠᠷ ᠪᠦᠯᠦᠭ᠎ᠲᠤ 《ᠲᠥᠯᠥᠪᠵᠢᠭᠦᠯᠭᠡ》 ᠵᠢ ᠬᠡᠷᠡᠭᠵᠢᠭᠦᠯᠬᠦ ᠪᠣᠳᠠᠲᠠᠶ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠬᠤ᠂ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠪᠠ ᠬᠢᠨᠠᠨ ᠵᠢᠯᠣᠭᠣᠳᠴᠤ ᠰᠢᠯᠭ᠋ᠠᠨ ᠦᠨᠡᠯᠡᠬᠦ ᠵᠢ ᠴᠢᠩᠭ᠋ᠠᠳᠬᠠᠬᠤ ᠵᠡᠷᠭᠡ ᠳᠥᠷᠪᠡᠨ ᠲᠠᠯ᠎ᠠ᠎ᠠᠴᠠ ᠪᠣᠳᠠᠲᠠᠶ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠃

      ᠳᠠᠭ᠋ᠠᠯᠳᠤᠭᠤᠯᠤᠯ᠎ᠳᠤ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠠᠩᠭᠢ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠦᠰᠦᠨᠦᠭᠲᠦ》 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠠᠯ᠎ᠢ ᠰᠡᠷᠭᠡᠢ᠌ᠯᠡᠬᠦ ᠲᠤᠰᠬᠠᠶ ᠠᠪᠤᠷᠠᠨ ᠲᠤᠰᠠᠯᠠᠬᠤ ᠠᠩᠭᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠦᠰᠦᠨᠦᠭᠲᠦ》 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠠᠯ᠎ᠢ ᠰᠡᠷᠭᠡᠢ᠌ᠯᠡᠵᠦ ᠠᠪᠤᠷᠠᠨ ᠲᠤᠰᠠᠯᠠᠬᠤ ᠡᠩᠨᠡᠭᠡᠨ᠎ᠤ ᠰᠤᠷᠭ᠋ᠠᠭᠤᠯᠢᠯᠠᠯ᠎ᠤᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠦᠰᠦᠨᠦᠭᠲᠦ》 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠵᠠᠰᠠᠭ᠎ᠤᠨ ᠣᠷᠳᠣᠨ᠎ᠤ ᠲᠤᠰᠬᠠᠶ ᠲᠤᠰᠢᠶᠠᠯᠲᠤ ᠭᠠᠯ᠎ᠢ ᠰᠡᠷᠭᠡᠢ᠌ᠯᠡᠬᠦ ᠠᠩᠭᠢ ᠵᠢᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠦᠰᠦᠨᠦᠭᠲᠦ》 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠵᠠᠰᠠᠭ᠎ᠤᠨ ᠣᠷᠳᠣᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢᠨ ᠭᠡᠰᠢᠭᠦᠳ᠂ ᠵᠠᠰᠠᠭ᠎ᠤᠨ ᠣᠷᠳᠣᠨ᠎ᠤ ᠲᠤᠰᠬᠠᠶ ᠲᠤᠰᠢᠶᠠᠯᠲᠤ ᠭᠠᠯ᠎ᠢ ᠰᠡᠷᠭᠡᠢ᠌ᠯᠡᠬᠦ ᠠᠩᠭᠢ ᠵᠢᠨ ᠭᠡᠰᠢᠭᠦᠨ ᠪᠠ ᠭᠠᠯ᠎ᠢ ᠰᠡᠷᠭᠡᠢ᠌ᠯᠡᠬᠦ ᠪᠢᠴᠢᠭ᠎ᠤᠨ ᠠᠵᠢᠯᠲᠠᠨ ᠡᠯᠰᠡᠬᠦ ᠲᠥᠯᠥᠪᠵᠢᠭᠦᠯᠭᠡ ᠵᠢᠨ ᠬᠦᠰᠦᠨᠦᠭᠲᠦ》᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠠᠯ᠎ᠢ ᠰᠡᠷᠭᠡᠢ᠌ᠯᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠦᠰᠦᠨᠦᠭᠲᠦ》᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠤᠲᠠ ᠵᠢᠨ ᠶᠠᠪᠤᠳᠠᠯ᠎ᠤᠨ ᠭᠠᠯ ᠤᠨᠲᠠᠷᠠᠭ᠋ᠠᠭᠤᠷ (ᠬᠤᠲᠠ ᠵᠢᠨ ᠶᠠᠪᠤᠳᠠᠯ᠎ᠤᠨ ᠭᠠᠯ᠎ᠢ ᠰᠡᠷᠭᠡᠢ᠌ᠯᠡᠬᠦ ᠭᠣᠭᠣᠵᠢᠭᠤᠷ)᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠬᠦᠰᠦᠨᠦᠭᠲᠦ》᠂ ᠬᠣᠯᠪᠣᠭᠳᠠᠯ ᠪᠦᠬᠦᠢ ᠨᠡᠷ᠎ᠡ ᠲᠣᠮᠢᠶ᠎ᠠ ᠵᠢᠨ ᠵᠢᠷᠤᠮᠵᠢᠭᠤᠯᠤᠭᠰᠠᠨ ᠲᠠᠢ᠌ᠯᠪᠤᠷᠢ ᠵᠢᠴᠢ ᠲᠥᠯᠥᠪᠵᠢᠭᠦᠯᠭᠡ ᠵᠢᠨ ᠦᠨᠳᠦᠰᠦᠯᠡᠯ᠎ᠢ ᠪᠠᠭᠲᠠᠭ᠋ᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠤᠨ ᠲᠦᠷᠦ ᠵᠢᠨ ᠪᠣᠳᠤᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠠᠮᠢᠶᠠᠷᠣᠯᠲᠠ ᠵᠢᠨ ᠠᠷᠭ᠎ᠠ》 ᠵᠢᠨ ᠲᠠᠢ᠌ᠯᠤᠮᠵᠢ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢᠨ ᠲᠠᠢ᠌ᠯᠤᠮᠵᠢ
 
            