ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-11-26


      ᠨᠢᠭᠡ᠂ ᠲᠣᠭᠲᠠᠭ᠋ᠠᠭᠰᠠᠨ ᠠᠬᠤᠶ ᠪᠠᠢ᠌ᠳᠠᠯ ᠵᠢᠴᠢ ᠠᠴᠢ ᠬᠣᠯᠪᠣᠭᠳᠠᠯ
      ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠪᠣᠯ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠲᠤ ᠪᠠᠢ᠌ᠷᠢᠯᠠᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠴᠢᠬᠤᠯᠠ ᠬᠡᠰᠡᠭ᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠵᠢᠨ ᠬᠣᠲᠠ ᠵᠢᠨ ᠪᠥᠭᠡᠮᠨᠡᠷᠡᠯ᠎ᠤᠨ ᠴᠢᠬᠤᠯᠠ ᠲᠤᠯᠭ᠋ᠠᠭᠤᠷᠢᠯᠠᠯ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠨᠡᠭᠡᠭᠡᠨ ᠬᠥᠭᠵᠢᠭᠦᠯᠬᠦ ᠣᠷᠣᠨ ᠪᠦᠰᠡ ᠪᠠ ᠠᠵᠤ ᠠᠬᠤᠶ ᠵᠢᠨ ᠬᠥᠭᠵᠢᠯᠲᠡ ᠵᠢᠨ ᠭᠣᠤᠯ ᠣᠷᠣᠨ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢᠨ ᠶᠡᠬᠡ ᠲᠠᠯ᠎ᠠ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠶᠡᠬᠡ ᠵᠠᠬ᠎ᠠ ᠳᠡᠯᠭᠡᠭᠦᠷ᠎ᠲᠤ ᠪᠥᠬᠥ ᠲᠠᠯ᠎ᠠ᠎ᠪᠠᠷ ᠠᠭᠤᠰᠤᠯᠴᠠᠬᠤ᠎ᠳᠤ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ᠎ᠲᠠᠢ ᠶᠤᠮ᠃ 2018 ᠣᠨ᠎ᠤ 3 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠤ᠎ᠪᠠᠨ᠂ 《ᠬᠥᠬᠡᠬᠣᠲᠠ ᠪᠤᠭᠤᠲᠤ ᠤᠷᠳᠤᠰ ᠭᠤᠷᠪᠠᠨ ᠬᠤᠳᠠ ᠣᠷᠣᠨ ᠵᠠᠢ ᠭᠠᠵᠠᠷ ᠵᠦᠢ ᠵᠢᠨ ᠲᠠᠯ᠎ᠠ᠎ᠪᠠᠷ ᠲᠥᠪᠯᠡᠷᠡᠩᠭᠦᠢ᠂ ᠠᠵᠤ ᠦᠢ᠍ᠯᠡᠰ᠎ᠤᠨ ᠰᠠᠭᠤᠷᠢ ᠨᠡᠯᠢᠶᠡᠳ ᠰᠠᠢ᠍ᠢ᠍ᠨ᠂ ᠣᠷᠣᠨ ᠪᠠᠢ᠌ᠷᠢ ᠵᠢᠨ ᠳᠠᠪᠠᠭᠤᠯᠢᠭ ᠢᠯᠡᠷᠬᠡᠢ ᠪᠣᠯᠬᠤᠷ᠂ ᠡᠬᠢ ᠪᠠᠶᠠᠯᠢᠭ᠎ᠤᠨ ᠴᠢᠬᠤᠯᠠ ᠬᠦᠴᠦᠨ ᠵᠦᠢ᠍ᠯ᠎ᠤᠨ ᠲᠤᠬᠢᠷᠠᠭᠤᠯᠤᠯᠳᠠ ᠪᠠ ᠦᠢ᠍ᠯᠡᠳᠪᠦᠷᠢᠯᠡᠯ᠎ᠤᠨ ᠬᠦᠴᠦᠨ᠎ᠤ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠦᠷᠢᠰᠦᠯᠳᠦᠬᠦ ᠬᠦᠴᠦᠨ᠎ᠲᠠᠢ ᠨᠡᠮᠡᠭᠳᠡᠯ᠎ᠤᠨ ᠲᠤᠢ᠌ᠯ᠎ᠢ ᠪᠦᠷᠢᠯᠳᠦᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2019 ᠣᠨ᠎ᠳᠤ ᠤᠯᠠᠭ᠋ᠠᠨᠴᠠᠪ ᠬᠣᠲᠠ ᠵᠢ ᠨᠢᠭᠡ ᠴᠣᠭᠴᠠᠵᠢᠭᠰᠠᠨ ᠬᠥᠭᠵᠢᠯᠲᠡ ᠵᠢᠨ ᠬᠡᠪᠴᠢᠶᠡᠨ᠎ᠳᠤ ᠣᠷᠤᠭᠤᠯᠵᠠᠢ᠃ ᠤᠯᠠᠨ ᠵᠢᠯ᠎ᠤᠨ ᠴᠢᠷᠮᠠᠢ᠌ᠯᠭ᠎ᠠ᠎ᠪᠠᠷ ᠲᠠᠮᠵᠢᠨ᠂ ᠲᠦᠷᠪᠡᠨ ᠬᠤᠳᠠ ᠣᠳᠤ ᠶᠠᠭ ᠰᠠᠭᠤᠷᠢ ᠵᠢ ᠲᠠᠯᠪᠢᠬᠤ᠂ ᠲᠣᠭᠲᠠᠴᠠ ᠵᠢ ᠪᠠᠢ᠌ᠭᠤᠯᠬᠤ᠂ ᠰᠢᠪᠲᠤᠯᠤᠯᠲᠠ ᠵᠢ ᠡᠷᠢᠯᠬᠢᠯᠡᠬᠦ ᠬᠠᠮᠵᠢᠯᠴᠠᠨ ᠬᠥᠭᠵᠢᠬᠦ ᠱᠠᠲᠤᠨ᠎ᠠᠴᠠ ᠨᠢᠭᠡ ᠴᠤᠬ᠍ᠴᠠᠵᠢᠬᠰᠡᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠱᠠᠳᠤ ᠲᠡᠢ᠌ᠰᠢ ᠤᠷᠤᠭᠰᠢᠯᠠᠵᠤ ᠪᠠᠢ᠌ᠨ᠎ᠠ᠃
      ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠬᠤ ᠵᠢ ᠠᠬᠢᠭᠤᠯᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠵᠢ ᠴᠢᠩᠭ᠋ᠠᠷᠠᠭᠤᠯᠤᠨ᠂ ᠠᠵᠤ ᠠᠬᠤᠶ ᠵᠢᠨ ᠲᠥᠪᠯᠡᠷᠡᠯ᠎ᠤᠨ ᠬᠡᠮᠵᠢᠶ᠎ᠡ᠂ ᠣᠷᠣᠨ ᠪᠦᠰᠡ ᠵᠢᠨ ᠬᠣᠯᠪᠣᠯᠳᠤᠬᠤ ᠴᠢᠨᠠᠷ ᠪᠠ ᠲᠥᠷᠥ ᠵᠢᠨ ᠪᠣᠳᠣᠯᠭ᠎ᠠ ᠵᠢᠨ ᠬᠠᠮᠵᠢᠯᠴᠠᠬᠤ ᠴᠢᠨᠠᠷ᠎ᠢ ᠳᠡᠭᠡᠭᠰᠢᠯᠡᠭᠦᠯᠬᠦ᠎ᠨᠢ ᠪᠥᠬᠥ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠬᠤ᠂ ᠳᠠᠪᠠᠭᠤᠯᠢᠭ ᠣᠷᠣᠨ ᠪᠦᠰᠡ ᠵᠢᠨ ᠭᠣᠤᠯᠳᠠᠯᠭ᠎ᠠ᠎ᠲᠠᠢ ᠬᠥᠭᠵᠢᠯᠲᠡ᠂ ᠠᠮᠢ ᠠᠬᠤᠶ ᠵᠢᠨ ᠴᠢᠳᠠᠮᠵᠢᠲᠤ ᠣᠷᠣᠨ᠎ᠢ ᠭᠣᠤᠯᠳᠠᠯᠭ᠎ᠠ᠎ᠲᠠᠢ ᠬᠠᠮᠠᠭ᠋ᠠᠯᠠᠬᠤ ᠰᠢᠨ᠎ᠡ ᠪᠠᠢ᠌ᠷᠢᠰᠢᠯ᠎ᠤᠨ ᠪᠦᠷᠢᠯᠳᠦᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠦᠬᠦᠳᠡ ᠬᠤᠷᠠᠯ᠎ᠤᠨ 《ᠬᠥᠬᠡᠬᠣᠲᠠ ᠪᠤᠭᠤᠲᠤ ᠤᠷᠳᠤᠰ ᠣᠯᠠᠭ᠋ᠠᠨᠴᠠᠪ᠎ᠢ ᠨᠢᠭᠡ ᠴᠤᠬ᠍ᠴᠠᠵᠢᠭᠤᠯᠬᠤ ᠵᠢ ᠲᠦᠷᠭᠡᠳᠬᠡᠨ ᠠᠬᠢᠭᠤᠯᠬᠤ》 ᠲᠤᠬᠠᠢ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》 ᠵᠢ ᠦᠨᠳᠦᠰᠦᠯᠡᠨ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢ ᠲᠣᠭᠲᠠᠭ᠋ᠠᠨ ᠨᠡᠢ᠌ᠲᠡᠯᠡᠪᠡ᠃
      ᠬᠣᠶᠠᠷ᠂ ᠶᠡᠷᠦᠩᠬᠡᠶ ᠱᠠᠭ᠋ᠠᠷᠳᠠᠯᠭ᠎ᠠ
     (ᠨᠢᠭᠡ) ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠤᠯᠵᠢᠬᠤᠨ᠎ᠢ ᠪᠦᠷᠢᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠳᠡᠯ᠎ᠳᠤ ᠠᠭᠤᠰᠤᠯᠴᠠᠭᠤᠯᠬᠤ ᠮᠥᠷᠲᠡᠭᠡᠨ ᠦᠢ᠍ᠯᠡᠴᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠨᠢᠭᠡ ᠴᠣᠭᠴᠠᠵᠢᠭᠤᠯᠤᠨ ᠬᠥᠭᠵᠢᠭᠦᠯᠬᠦ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠨ᠂ ᠲᠤᠰ ᠲᠤᠰ᠎ᠤᠨ ᠬᠠᠷᠢᠴᠠᠩᠭᠤᠢ ᠳᠠᠪᠠᠭᠤᠯᠢᠭ ᠲᠠᠯ᠎ᠠ ᠪᠠ ᠴᠢᠳᠠᠮᠵᠢ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠬᠣᠲᠠ ᠵᠢᠨ ᠪᠥᠭᠡᠮᠨᠡᠷᠡᠯ᠎ᠤᠨ ᠪᠦᠲᠦᠭᠡᠨ ᠪᠠᠢ᠌ᠭᠤᠯᠤᠯᠲᠠ᠎ᠪᠠᠷ ᠠᠴᠢᠶᠠᠯᠠᠪᠤᠷᠢ᠂ ᠡᠬᠢ ᠪᠠᠶᠠᠯᠢᠭ᠎ᠤᠨ ᠴᠢᠬᠤᠯᠠ ᠬᠦᠴᠦᠨ ᠵᠦᠢᠯ᠎ᠤᠨ ᠲᠣᠬᠢᠷᠠᠭᠤᠯᠤᠯᠲᠠ ᠪᠠ ᠦᠢᠯᠡᠳᠪᠦᠷᠢᠯᠡᠯ᠎ᠤᠨ ᠬᠦᠴᠦᠨ᠎ᠤ ᠣᠷᠣᠨ ᠵᠠᠶ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠎ᠪᠠᠷ ᠭᠣᠤᠯ ᠰᠢᠵᠢᠮ᠂ ᠤᠶᠤᠨᠲᠤ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠬᠤ ᠵᠢ ᠠᠬᠢᠭᠤᠯᠬᠤ᠎ᠪᠠᠷ ᠬᠥᠲᠥᠯᠦᠮᠵᠢ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠪᠠᠢ᠌ᠭᠤᠯᠤᠯ ᠲᠣᠭᠲᠠᠴᠠ ᠵᠢ ᠪᠠᠢ᠌ᠭᠤᠯᠬᠤ᠎ᠪᠠᠷ ᠭᠠᠷᠳᠠᠴᠠ ᠪᠣᠯᠭ᠋ᠠᠵᠤ᠂ ᠣᠷᠣᠨ᠎ᠤ ᠲᠥᠪ ᠬᠥᠬᠡᠬᠣᠲᠠ ᠵᠢᠨ ᠳᠠᠭ᠋ᠠᠭᠤᠯᠬᠤ ᠦᠢᠯᠡᠳᠦᠯ᠎ᠢ ᠴᠢᠩᠭ᠋ᠠᠷᠠᠭᠤᠯᠤᠨ᠂ ᠪᠦᠬᠦᠢ᠌ᠯᠡ ᠣᠷᠣᠨ ᠪᠦᠰᠡ ᠵᠢᠨ ᠬᠠᠮᠵᠢᠯᠴᠠᠨ ᠬᠣᠯᠪᠣᠭ᠋ᠠᠯᠠᠨ ᠬᠥᠭᠵᠢᠬᠦ ᠵᠢ ᠣᠳᠤᠷᠢᠳᠤᠨ ᠳᠠᠢ᠌ᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠯᠲᠡ᠂ ᠠᠵᠤ ᠦᠢ᠍ᠯᠡᠰ᠎ᠤᠨ ᠬᠠᠮᠵᠢᠯᠴᠠᠭ᠎ᠠ᠂ ᠰᠠᠭᠤᠷᠢ ᠪᠡᠯᠡᠳᠬᠡᠮᠵᠢ᠂ ᠠᠮᠢ ᠠᠬᠤᠶ ᠣᠷᠴᠢᠨ ᠲᠣᠭᠣᠷᠢᠨ᠂ ᠣᠯᠠᠨ ᠨᠡᠢ᠌ᠲᠡ ᠵᠢᠨ ᠦᠢ᠍ᠯᠡᠴᠢᠯᠡᠭᠡ᠂ ᠨᠡᠭᠡᠭᠡᠯᠲᠡ ᠬᠢᠵᠦ ᠬᠠᠮᠲᠤᠷᠠᠯᠴᠠᠬᠤ ᠵᠡᠷᠭᠡ ᠭᠣᠤᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠨᠢᠭᠡ ᠴᠣᠭᠴᠠᠵᠢᠭᠤᠯᠬᠤ ᠬᠢᠷᠢ ᠲᠥᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠵᠢᠯ᠎ᠤᠨ ᠬᠤᠪᠢᠶᠠᠷᠢᠯᠠᠯ ᠵᠣᠬᠢᠰᠲᠠᠶ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ᠂ ᠥᠪᠡᠷᠮᠢᠴᠡ ᠣᠨᠴᠠᠯᠢᠭ᠎ᠲᠠᠢ᠂ ᠣᠷᠣᠨ ᠲᠣᠭᠣᠷᠢᠭ᠎ᠢ ᠨᠢᠭᠡ ᠴᠤᠭᠴᠠᠵᠢᠭᠤᠯᠬᠤ ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠷᠴᠢᠮ᠎ᠲᠠᠢ ᠢᠳᠡᠪᠬᠢ ᠨᠡᠮᠡᠭᠳᠡᠯ᠎ᠢ ᠳᠠᠢ᠌ᠴᠢᠯᠠᠬᠤ ᠲᠤᠢ᠌ᠯ᠎ᠢ ᠪᠣᠶ ᠪᠣᠯᠭ᠋ᠠᠵᠤ᠂ ᠪᠦᠬᠦ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠵᠢᠯᠣᠭᠣᠳᠬᠤ ᠭᠣᠤᠯ ᠬᠥᠳᠡᠯᠭᠡᠬᠦ ᠬᠦᠴᠦᠨ᠎ᠤ ᠡᠬᠢ ᠰᠤᠷᠪᠤᠯᠵᠢ᠎ᠢ ᠪᠦᠲᠦᠭᠡᠨ ᠪᠠᠢ᠌ᠭᠤᠯᠵᠤ᠂ ᠮᠠᠨ᠎ᠤ ᠤᠯᠤᠰ᠎ᠤᠨ ᠳᠤᠮᠳᠠ ᠪᠠᠷᠠᠭᠤᠨ ᠬᠡᠰᠡᠭ᠎ᠤᠨ ᠴᠢᠬᠤᠯᠠ ᠨᠥᠯᠥᠭᠡᠯᠡᠬᠦ ᠬᠦᠴᠦᠨ ᠪᠦᠬᠦᠢ ᠬᠣᠲᠠ ᠵᠢᠨ ᠪᠥᠭᠡᠮᠨᠡᠷᠡᠯ᠎ᠢ ᠪᠣᠢ᠌ᠵᠢᠭᠤᠯᠤᠨ᠎ᠠ᠃
     (ᠬᠣᠶᠠᠷ) ᠦᠨᠳᠦᠰᠦᠨ ᠵᠠᠷᠴᠢᠮ
      ᠥᠭᠡᠷᠡᠴᠢᠯᠡᠯᠲᠡ ᠨᠡᠭᠡᠭᠡᠯᠲᠡ ᠬᠢᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠨ᠎ᠠ; ᠵᠦᠶ ᠵᠣᠬᠢᠰᠲᠠᠶ ᠠᠵᠢᠯ ᠬᠤᠪᠢᠶᠠᠷᠢᠯᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠦᠷᠲᠡᠬᠦ ᠵᠢ ᠪᠠᠷᠢᠮᠲᠠᠯᠠᠨ᠎ᠠ; ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠲᠠᠯᠠᠨ᠎ᠠ; ᠨᠢᠭᠡᠳᠦᠯᠲᠡᠶ ᠲᠥᠯᠥᠪᠯᠡᠵᠦ᠂ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠨ᠎ᠠ᠃
     (ᠭᠤᠷᠪᠠ) ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ
      ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠶᠣᠰᠣᠭ᠋ᠠᠷ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠣᠷᠣᠨ ᠪᠦᠰᠡ ᠵᠢᠨ ᠪᠠᠢ᠌ᠷᠢ ᠰᠠᠭᠤᠷᠢ᠂ ᠬᠥᠭᠵᠢᠯᠲᠡ ᠵᠢᠨ ᠳᠠᠪᠠᠭᠤᠯᠢᠭ ᠪᠠ ᠲᠡᠦᠬᠡᠲᠦ ᠡᠭᠦᠷᠭᠡ ᠵᠢ ᠦᠨᠳᠦᠰᠦᠯᠡᠨ᠂ ᠲᠠᠪᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ 《ᠭᠤᠷᠪᠠᠨ ᠣᠷᠣᠨ ᠨᠢᠭᠡ ᠬᠠᠯᠬᠠᠪᠴᠢ ᠨᠢᠭᠡ ᠬᠡᠪᠡᠯᠢ ᠭᠠᠵᠠᠷ》 ᠵᠢ ᠲᠣᠭᠲᠠᠭ᠋ᠠᠵᠠᠢ᠂ ᠲᠤᠬᠠᠢ᠌ᠯᠠᠪᠠᠯ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠬᠤ ᠣᠷᠣᠨ᠂ ᠤᠶᠤᠨᠲᠤ ᠬᠣᠲᠠ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠦᠷᠲᠡᠬᠦ ᠬᠣᠰᠢᠭᠤᠴᠢ ᠣᠷᠣᠨ᠂ ᠨᠢᠭᠡ ᠴᠣᠭᠴᠠᠵᠢᠭᠰᠠᠨ ᠬᠥᠭᠵᠢᠯᠲᠡ ᠵᠢᠨ ᠬᠣᠰᠢᠭᠤᠴᠢ ᠣᠷᠣᠨ᠂ ᠬᠠᠲᠤᠨ ᠭᠣᠤᠯ᠎ᠤᠨ 《几》 ᠬᠡᠯᠪᠡᠷᠢᠲᠦ ᠲᠣᠬᠤᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ᠂ ᠤᠮᠠᠷᠠᠰᠢ ᠨᠡᠭᠡᠭᠡᠯᠲᠡ ᠬᠢᠬᠦ ᠬᠥᠭᠥᠷᠭᠡᠨ ᠪᠡᠬᠢᠯᠡᠯᠲᠡ ᠵᠢᠨ ᠴᠢᠬᠤᠯᠠ ᠪᠠᠢ᠌ᠯᠳᠤᠬᠤ ᠪᠣᠳᠣᠯᠭ᠎ᠠ ᠵᠢᠨ ᠬᠡᠪᠡᠯᠢ ᠭᠠᠵᠠᠷ᠃
     (ᠳᠥᠷᠪᠡ) ᠬᠥᠭᠵᠢᠯᠲᠡ ᠵᠢᠨ ᠬᠠᠷᠠᠯᠲᠠ
     2025 ᠣᠨ ᠪᠣᠯᠬᠤ᠎ᠳᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠦᠨᠡᠨ ᠬᠦ᠌ ᠠᠭᠢᠭᠤᠯᠵᠤ᠂ ᠦᠢᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠤᠨ ᠴᠢᠯᠥᠭᠡᠲᠡᠶ ᠰᠢᠯᠵᠢᠬᠦ ᠵᠢ ᠬᠠᠷᠰᠢᠯᠠᠵᠤ ᠪᠦᠬᠦᠢ ᠵᠠᠰᠠᠭ ᠵᠠᠬᠢᠷᠭ᠋ᠠᠨ᠎ᠤ ᠬᠣᠷᠢᠭ᠎ᠠ ᠴᠠᠷᠠᠭ᠎ᠠ ᠪᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠦᠨᠳᠦᠰᠦᠨ᠎ᠳᠤ᠎ᠪᠠᠨ ᠠᠷᠢᠯᠭ᠋ᠠᠵᠤ᠂ ᠬᠣᠲᠠ ᠵᠢᠨ ᠪᠥᠭᠡᠮᠨᠡᠷᠡᠯ᠎ᠤᠨ ᠶᠡᠷᠦᠩᠬᠡᠢ᠌ᠯᠡᠭᠰᠡᠨ ᠳᠠᠭ᠋ᠠᠭ᠋ᠠᠬᠤ ᠴᠢᠳᠠᠪᠤᠷᠢ ᠪᠠ ᠨᠥᠯᠥᠭᠡᠯᠡᠨ ᠳᠠᠢ᠌ᠴᠢᠯᠠᠬᠤ ᠦᠢᠯᠡᠳᠦᠯ᠎ᠢ ᠢᠯᠡᠳᠲᠡ ᠴᠢᠩᠭ᠋ᠠᠷᠠᠭᠤᠯᠵᠤ᠂ ᠪᠥᠬᠥ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ᠎ᠤ ᠡᠬᠢ ᠰᠤᠷᠪᠤᠯᠵᠢ ᠵᠢ ᠪᠤᠢ ᠪᠤᠯᠭ᠋ᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠵᠢᠯ ᠪᠦᠷᠢ ᠳᠤᠮᠳᠠᠴᠢ᠎ᠪᠠᠷ 6% ᠣᠷᠴᠢᠮ ᠨᠡᠮᠡᠭᠳᠡᠭᠦᠯᠬᠦ᠎ᠪᠠᠷ ᠴᠢᠷᠮᠠᠢ᠌ᠵᠤ᠂ ᠬᠣᠲᠠ ᠪᠠᠯᠭ᠋ᠠᠰᠤᠨ᠎ᠤ ᠪᠠᠢ᠌ᠩᠭᠤ ᠰᠠᠭᠤᠭ᠎ᠠ ᠬᠥᠮᠦᠨ ᠠᠮᠠ ᠵᠢ 5% ᠣᠷᠴᠢᠮ ᠨᠡᠮᠡᠭᠳᠡᠭᠦᠯᠬᠦ᠎ᠪᠠᠷ ᠵᠢᠱ᠌ᠢᠵᠦ ᠪᠣᠶ᠃ 2035 ᠣᠨ ᠪᠣᠯᠬᠤ᠎ᠳᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠪᠠᠢ᠌ᠷᠢᠰᠢᠯ᠎ᠢ ᠦᠨᠳᠦᠰᠦᠨ᠎ᠳᠤ᠎ᠨᠢ ᠪᠦᠷᠢᠯᠳᠦᠭᠦᠯᠵᠦ᠂ ᠪᠦᠬᠦᠯᠢ ᠴᠣᠭᠴᠠ ᠵᠢᠨ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ᠎ᠢ ᠢᠯᠡᠳᠲᠡ ᠴᠢᠩᠭ᠋ᠠᠷᠠᠭᠤᠯᠤᠨ᠂ ᠣᠷᠣᠨ ᠵᠠᠶ ᠵᠢᠨ ᠪᠦᠲᠦᠴᠡ ᠲᠣᠳᠣᠷᠬᠠᠶ᠂ ᠬᠣᠲᠠ ᠵᠢᠨ ᠴᠢᠳᠠᠮᠵᠢ ᠬᠠᠷᠢᠯᠴᠠᠨ ᠨᠥᠬᠥᠪᠥᠷᠢᠯᠡᠭᠰᠡᠨ᠂ ᠬᠦᠴᠦᠨ ᠵᠦᠢᠯ᠎ᠤᠨ ᠰᠢᠯᠵᠢᠯᠲᠡ ᠡᠮᠬᠢ ᠵᠢᠷᠤᠮ᠎ᠲᠠᠢ᠂ ᠠᠵᠤ ᠦᠢᠯᠡᠰ᠎ᠤᠨ ᠠᠵᠢᠯ᠎ᠤᠨ ᠬᠤᠪᠢᠶᠠᠷᠢᠯᠠᠯ ᠵᠣᠬᠢᠴᠠᠩᠭᠤᠶ᠂ ᠵᠠᠮ ᠬᠠᠷᠢᠯᠴᠠᠭ᠎ᠠ ᠰᠢᠯᠤᠭᠤᠨ᠂ ᠣᠯᠠᠨ ᠨᠡᠢ᠌ᠲᠡ ᠵᠢᠨ ᠦᠢᠯᠡᠴᠢᠯᠡᠭᠡ ᠲᠡᠩᠴᠡᠭᠦᠷᠢᠲᠡᠶ᠂ ᠠᠮᠢ ᠠᠬᠤᠶ ᠣᠷᠴᠢᠨ ᠲᠣᠭᠣᠷᠢᠨ ᠰᠠᠢ᠌ᠨ ᠬᠠᠲᠤᠨ ᠭᠣᠤᠯ᠎ᠤᠨ ᠳᠤᠮᠳᠠ ᠳᠡᠭᠡᠳᠦ ᠤᠷᠤᠰᠬᠠᠯ᠎ᠤᠨ ᠬᠠᠮᠤᠭ᠎ᠤᠨ ᠴᠢᠬᠤᠯᠠ ᠣᠳᠣᠬᠢᠴᠢᠯᠠᠭᠰᠠᠨ ᠬᠣᠲᠠ ᠵᠢᠨ ᠪᠥᠭᠡᠮᠨᠡᠷᠡᠯ᠎ᠢ ᠦᠨᠳᠦᠰᠦᠨ᠎ᠳᠤ᠎ᠪᠠᠨ ᠪᠠᠢ᠌ᠭᠤᠯᠤᠨ᠎ᠠ᠃
      ᠭᠤᠷᠪᠠ᠂ ᠭᠣᠣᠯ ᠠᠭᠤᠯᠭ᠎ᠠ
     (ᠨᠢᠭᠡ) ᠨᠢᠭᠡ ᠴᠣᠭᠴᠠᠵᠢᠭᠤᠯᠤᠭᠰᠠᠨ ᠬᠥᠭᠵᠢᠯᠲᠡ ᠵᠢᠨ ᠣᠷᠣᠨ ᠵᠠᠶ ᠵᠢᠨ ᠪᠠᠢ᠌ᠷᠢᠰᠢᠯ᠎ᠢ ᠪᠠᠢ᠌ᠭᠤᠯᠤᠨ᠎ᠠ
      ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠪᠤᠷᠢ᠎ᠳᠤ ᠰᠠᠭᠤᠷᠢᠯᠠᠨ᠂ ᠠᠮᠢ ᠠᠬᠤᠶ ᠣᠷᠴᠢᠨ ᠲᠣᠭᠣᠷᠢᠨ᠂ ᠤᠰᠤᠨ᠎ᠤ ᠡᠬᠢ ᠪᠠᠶᠠᠯᠢᠭ ᠵᠡᠷᠭᠡ ᠬᠢᠵᠠᠭ᠋ᠠᠷᠯᠠᠯ ᠪᠠ ᠬᠣᠲᠠ ᠪᠠᠯᠭ᠋ᠠᠰᠤ ᠵᠢᠨ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠤᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠬᠣᠲᠠ ᠵᠢᠨ ᠪᠥᠭᠡᠮᠨᠡᠷᠡᠯ᠎ᠤᠨ ᠳᠣᠲᠣᠭ᠋ᠠᠳᠤ ᠣᠷᠣᠨ ᠵᠠᠶ ᠵᠢᠨ ᠪᠦᠲᠦᠴᠡ ᠵᠢ ᠰᠢᠯᠢᠳᠡᠭᠵᠢᠭᠦᠯᠦᠨ᠂ ᠳᠥᠷᠪᠡᠨ ᠲᠥᠪ ᠳᠠᠢ᠌ᠴᠢᠯᠠᠭᠰᠠᠨ᠂ ᠭᠤᠷᠪᠠᠨ ᠱᠠᠲᠤ ᠳᠠᠪᠬᠤᠷᠭ᠎ᠠ ᠬᠠᠮᠲᠤᠷᠠᠨ ᠠᠵᠢᠯᠯᠠᠭᠰᠠᠨ᠂ ᠣᠯᠠᠨ ᠵᠠᠩᠭᠢᠯᠠᠭ᠎ᠠ ᠴᠡᠭ ᠬᠠᠷᠢᠯᠴᠠᠨ ᠬᠥᠳᠡᠯᠦᠯᠴᠡᠭᠰᠡᠨ ᠲᠣᠤᠷ ᠰᠦᠯᠵᠢᠶᠡᠨ᠎ᠤ ᠬᠡᠯᠪᠡᠷᠢᠲᠦ ᠬᠣᠲᠠ ᠵᠢᠨ ᠪᠥᠭᠡᠮᠨᠡᠷᠡᠯ᠎ᠤᠨ ᠪᠦᠲᠦᠴᠡ ᠵᠢ ᠪᠠᠢ᠌ᠭᠤᠯᠵᠤ᠂ ᠨᠢᠭᠲᠠᠷᠠᠴᠠ ᠲᠡᠩᠴᠡᠭᠦᠨ᠂ ᠡᠷᠴᠢᠮᠯᠢᠭ ᠪᠥᠭᠡᠳ ᠥᠨᠳᠥᠷ ᠪᠦᠲᠦᠮᠵᠢᠲᠦ ᠣᠷᠣᠨ ᠵᠠᠶ ᠵᠢᠨ ᠪᠠᠢ᠌ᠷᠢᠰᠢᠯ᠎ᠢ ᠪᠣᠶ ᠪᠣᠯᠭ᠋ᠠᠬᠤ ᠵᠢ ᠠᠬᠢᠭᠤᠯᠤᠨ᠎ᠠ᠃ ᠳᠥᠷᠪᠡᠨ ᠬᠣᠲᠠ ᠵᠢᠨ ᠣᠨᠴᠠᠯᠢᠭᠲᠤ ᠡᠬᠢ ᠪᠠᠶᠠᠯᠢᠭ ᠪᠠ ᠠᠵᠤ ᠦᠢᠯᠡᠰ᠎ᠤᠨ ᠰᠠᠭᠤᠷᠢ ᠵᠢ ᠦᠨᠳᠦᠰᠦᠯᠡᠨ᠂ ᠳᠥᠷᠪᠡᠨ ᠬᠣᠲᠠ ᠵᠢᠨ ᠴᠢᠳᠠᠮᠵᠢ ᠵᠢᠨ ᠪᠠᠢ᠌ᠷᠢᠰᠢᠭᠤᠯᠤᠯᠲᠠ ᠪᠠ ᠣᠷᠣᠨ ᠵᠠᠶ ᠵᠢᠨ ᠪᠦᠲᠦᠴᠡ ᠵᠢ ᠰᠢᠯᠢᠳᠡᠭᠵᠢᠭᠦᠯᠬᠦ᠂ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠪᠠᠢ᠌ᠷᠢ ᠰᠣᠯᠪᠢᠴᠠᠭᠤᠯᠤᠨ ᠬᠥᠭᠵᠢᠭᠦᠯᠬᠦ ᠵᠢ ᠲᠣᠳᠣᠷᠬᠠᠶ ᠪᠣᠯᠭ᠋ᠠᠨ᠂ ᠬᠥᠬᠡᠬᠣᠲᠠ ᠵᠢᠨ ᠦᠢᠯᠡᠴᠢᠯᠡᠭᠡᠨ᠎ᠤ ᠴᠢᠳᠠᠮᠵᠢ ᠵᠢ ᠭᠣᠤᠯᠳᠠᠯᠭ᠎ᠠ᠎ᠲᠠᠢ ᠳᠡᠭᠡᠭᠰᠢᠯᠡᠭᠦᠯᠬᠦ᠂ ᠪᠤᠭᠤᠲᠤ ᠬᠣᠲᠠ ᠵᠢᠨ ᠦᠢᠯᠡᠳᠬᠦ ᠦᠢᠯᠡᠰ᠎ᠤᠨ ᠨᠥᠯᠥᠭᠡᠯᠡᠬᠦ ᠴᠢᠳᠠᠮᠵᠢ ᠵᠢ ᠭᠣᠤᠯᠳᠠᠯᠭ᠎ᠠ᠎ᠲᠠᠢ ᠪᠠᠳᠠᠷᠠᠭᠤᠯᠬᠤ᠂ ᠣᠷᠳᠣᠰ ᠬᠣᠲᠠ ᠵᠢᠨ ᠣᠲᠣ ᠦᠶ᠎ᠡ ᠵᠢᠨ ᠡᠨᠧᠷᠭᠢ ᠵᠢᠨ ᠬᠠᠩᠭ᠋ᠠᠯᠭ᠎ᠠ ᠵᠢᠨ ᠴᠢᠳᠠᠮᠵᠢ ᠵᠢ ᠭᠣᠤᠯᠳᠠᠯᠭ᠎ᠠ᠎ᠲᠠᠢ ᠰᠢᠯᠢᠳᠡᠭᠵᠢᠭᠦᠯᠬᠦ᠂ ᠤᠯᠠᠭ᠋ᠠᠨᠴᠠᠪ ᠬᠣᠲᠠ ᠵᠢᠨ ᠬᠦᠢᠰᠦ ᠠᠵᠤ ᠠᠬᠤᠶ ᠵᠢᠨ ᠲᠥᠪᠯᠡᠷᠡᠭᠦᠯᠬᠦ ᠴᠢᠳᠠᠮᠵᠢ ᠵᠢ ᠭᠣᠤᠯᠳᠠᠯᠭ᠎ᠠ᠎ᠲᠠᠢ ᠳᠡᠭᠡᠭᠰᠢᠯᠡᠭᠦᠯᠬᠦ᠎ᠳᠤ ᠳᠡᠮᠵᠢᠯᠭᠡ ᠦᠵᠡᠭᠦᠯᠦᠨ᠎ᠡ᠃
     (ᠬᠣᠶᠠᠷ) ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠬᠠᠮᠵᠢᠯᠴᠠᠨ ᠪᠠᠢ᠌ᠭᠤᠯᠤᠨ᠎ᠠ
      ᠣᠳᠤᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠪᠦᠬᠦ ᠲᠠᠯ᠎ᠠ᠎ᠳᠠᠬᠢ ᠰᠢᠨ᠎ᠡ ᠵᠢ ᠡᠭᠦᠳᠬᠦ ᠵᠢᠨ ᠭᠣᠣᠯᠯᠠᠬᠤ ᠪᠠᠢ᠌ᠷᠢ ᠰᠠᠭᠤᠷᠢ ᠵᠢ ᠪᠠᠷᠢᠮᠲᠠᠯᠠᠨ᠂

《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠬᠦᠴᠦᠲᠡᠢ ᠥᠷᠨᠢᠭᠦᠯᠵᠦ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠡᠭᠦᠳᠦᠨ ᠪᠠᠢ᠌ᠭᠤᠯᠬᠤ᠎ᠪᠠᠷ ᠲᠣᠬᠢᠶᠠᠯ ᠪᠣᠯᠭ᠋ᠠᠨ᠂ ᠰᠢᠨ᠎ᠡ ᠵᠢ ᠡᠭᠦᠳᠬᠦ ᠴᠢᠬᠤᠯᠠ ᠬᠦᠴᠦᠨ ᠵᠦᠢ᠍ᠯ᠎ᠤᠨ ᠵᠦᠢ ᠵᠣᠬᠢᠰᠲᠠᠶ ᠰᠢᠯᠵᠢᠯᠲᠡ ᠪᠠ ᠥᠨᠳᠥᠷ ᠦᠷ᠎ᠡ ᠪᠦᠲᠦᠮᠵᠢᠲᠡᠶ ᠨᠡᠢ᠌ᠯᠡᠯ᠎ᠢ ᠠᠬᠢᠭᠤᠯᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠵᠢ ᠰᠢᠪᠲᠤᠯᠬᠤ᠎ᠪᠠᠷ ᠬᠠᠮᠲᠤᠷᠠᠨ ᠬᠦᠳᠡᠯᠦᠯᠴᠡᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠠᠮᠲᠤ ᠵᠢᠨ ᠴᠣᠭᠴᠠ ᠵᠢ ᠪᠠᠢ᠌ᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠬᠦᠴᠦ᠎ᠪᠠᠨ ᠬᠠᠮᠲᠤᠳᠬᠠᠨ ᠪᠠᠢ᠌ᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
     (ᠭᠤᠷᠪᠠ) ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠬᠠᠮᠲᠤᠷᠠᠨ ᠪᠠᠢ᠌ᠭᠤᠯᠤᠨ᠎ᠠ
      ᠳᠥᠷᠪᠡᠨ ᠬᠣᠲᠠ ᠵᠢᠨ ᠲᠤᠰ ᠪᠦᠷᠢ ᠵᠢᠨ ᠭᠢᠨᠢ ᠳᠠᠪᠠᠭᠤᠯᠢᠭ᠎ᠢ ᠪᠠᠳᠠᠷᠠᠭᠤᠯᠵᠤ᠂ ᠣᠷᠣᠨ ᠪᠦᠰᠡ ᠵᠢᠨ ᠬᠣᠭᠣᠷᠣᠨᠳᠣᠬᠢ ᠠᠵᠤ ᠦᠢ᠍ᠯᠡᠰ᠎ᠤᠨ ᠵᠦᠢ ᠵᠣᠬᠢᠰᠲᠠᠢ ᠲᠠᠷᠬᠠᠯᠲᠠ ᠪᠠ ᠳᠡᠭᠡᠳᠦ ᠳᠣᠣᠷᠠᠳᠤ ᠤᠷᠤᠰᠬᠠᠯ᠎ᠤᠨ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢᠨ ᠰᠢᠨ᠎ᠡ ᠵᠢ ᠡᠭᠦᠳᠴᠦ᠂ ᠠᠵᠤ ᠦᠢ᠍ᠯᠡᠰ᠎ᠤᠨ ᠬᠠᠮᠵᠢᠯᠴᠠᠬᠤ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠵᠦ᠂ ᠲᠣᠭᠲᠠᠪᠤᠷᠢᠵᠢᠭᠤᠯᠵᠤ᠂ ᠳᠡᠭᠡᠭᠰᠢᠯᠡᠭᠦᠯᠵᠦ᠂ ᠨᠥᠬᠥᠴᠡᠯ ᠪᠦᠷᠢᠳᠦᠭᠰᠡᠨ ᠠᠵᠤ ᠦᠢ᠍ᠯᠡᠰ᠎ᠢ ᠪᠥᠭᠡᠮᠨᠡᠷᠡᠭᠦᠯᠦᠨ ᠭᠦᠭᠵᠢᠭᠦᠯᠬᠦ ᠵᠢ ᠠᠬᠢᠭᠤᠯᠵᠤ᠂ ᠥᠨᠳᠥᠷ ᠪᠦᠲᠦᠮᠵᠢᠲᠡᠢ᠎ᠪᠠᠷ ᠠᠵᠢᠯ ᠬᠤᠪᠢᠶᠠᠷᠢᠯᠠᠬᠤ᠂ ᠰᠣᠯᠪᠢᠴᠠᠭᠤᠯᠤᠨ ᠬᠥᠭᠵᠢᠭᠦᠯᠬᠦ᠂ ᠡᠮᠬᠢ ᠵᠢᠷᠤᠮ᠎ᠲᠠᠢ ᠥᠷᠢᠰᠦᠯᠳᠦᠬᠦ᠂ ᠬᠠᠷᠢᠯᠴᠠᠨ ᠠᠭᠤᠰᠤᠯᠴᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠤᠨ᠎ᠠ᠃
     (ᠳᠥᠷᠪᠡ) ᠰᠠᠭᠤᠷᠢ ᠪᠡᠯᠡᠳᠬᠡᠮᠵᠢ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ
      ᠳᠣᠲᠣᠭ᠋ᠠᠳᠤ᠎ᠳᠤ᠎ᠪᠠᠨ ᠬᠣᠯᠪᠣᠭ᠋ᠠᠯᠠᠨ ᠭᠠᠳᠠᠭᠰᠢ ᠨᠡᠪᠲᠡᠷᠡᠯᠴᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠤᠯᠠᠮᠵᠢᠯᠠᠯᠲᠤ ᠪᠠ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢ ᠲᠦᠷᠭᠡᠪᠴᠢᠯᠡᠨ ᠪᠦᠷᠢᠨᠰᠢᠭᠦᠯᠵᠦ᠂ ᠪᠠᠢ᠌ᠷᠢᠰᠢᠯ ᠵᠦᠢ ᠵᠣᠬᠢᠰᠲᠠᠢ᠂ ᠴᠢᠳᠠᠮᠵᠢ ᠪᠦᠷᠢᠨ ᠲᠡᠭᠦᠯᠳᠡᠷ᠂ ᠠᠮᠤᠷ ᠲᠦᠪᠰᠢᠨ ᠮᠥᠷᠲᠡᠭᠡᠨ ᠥᠨᠳᠥᠷ ᠪᠦᠲᠦᠮᠵᠢᠲᠡᠢ᠂ ᠰᠢᠯᠢᠳᠡᠭ ᠦᠢ᠍ᠯᠡᠴᠢᠯᠡᠭᠡ᠎ᠲᠠᠢ ᠤᠳᠤ ᠦᠶ᠎ᠡ ᠵᠢᠨ ᠰᠠᠭᠤᠷᠢ ᠪᠡᠯᠡᠳᠬᠡᠮᠵᠢ ᠵᠢᠨ ᠲᠣᠭᠲᠠᠯᠴᠠᠭ᠎ᠠ ᠵᠢ ᠪᠠᠢ᠌ᠭᠤᠯᠵᠤ᠂ ᠬᠥᠮᠦᠨ᠎ᠤ ᠶᠠᠪᠤᠯᠴᠠᠭ᠎ᠠ᠂ ᠪᠠᠷᠠᠭ᠋ᠠᠨ᠎ᠤ ᠭᠦᠢ᠍ᠯᠭᠡᠭᠡ᠂ ᠮᠡᠳᠡᠭᠡ ᠵᠠᠩᠭᠢ ᠵᠢᠨ ᠭᠦᠢ᠍ᠯᠭᠡᠭᠡᠨ᠎ᠤ ᠴᠢᠯᠥᠭᠡᠲᠡᠢ ᠪᠥᠭᠡᠳ ᠳᠥᠭᠥᠮ ᠳᠥᠲᠡ ᠰᠢᠯᠵᠢᠯᠲᠡ ᠵᠢ ᠠᠬᠢᠭᠤᠯᠵᠤ᠂ ᠨᠢᠭᠡ ᠴᠤᠭᠴᠠᠵᠢᠭᠰᠠᠨ ᠬᠥᠭᠵᠢᠯᠲᠡ ᠵᠢᠨ ᠲᠤᠯᠭ᠋ᠠᠭᠤᠷᠢᠯᠠᠬᠤ ᠪᠠᠲᠤᠯᠠᠭ᠎ᠠ ᠵᠢ ᠴᠢᠩᠭ᠋ᠠᠳᠬᠠᠨ᠎ᠠ᠃
     (ᠲᠠᠪᠤ) ᠬᠠᠲᠤᠨ ᠭᠣᠤᠯ᠎ᠤᠨ 《几》 ᠬᠡᠯᠪᠡᠷᠢᠲᠦ ᠲᠣᠬᠤᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠬᠠᠮᠲᠤ᠎ᠪᠠᠷ ᠴᠣᠭᠴᠠᠯᠠᠨ᠎ᠠ
      ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠤᠰᠤ ᠮᠥᠨ ᠭᠡᠬᠦ ᠣᠨᠤᠯᠵᠢᠬᠤᠨ᠎ᠢ ᠪᠠᠲᠤ ᠪᠤᠢ ᠪᠣᠯᠭ᠋ᠠᠵᠤ᠂ ᠬᠠᠳᠤᠨ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠬᠤᠯᠠ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠨ᠂ ᠶᠡᠬᠡ᠎ᠪᠠᠷ ᠬᠠᠮᠠᠭ᠋ᠠᠯᠠᠬᠤ ᠵᠢ ᠬᠠᠮᠲᠤ᠎ᠪᠠᠷ ᠰᠠᠢ᠌ᠲᠤᠷ ᠠᠳᠬᠤᠵᠤ᠂ ᠶᠡᠬᠡ ᠵᠠᠰᠠᠯᠲᠠ ᠵᠢ ᠬᠠᠮᠵᠢᠯᠴᠠᠨ ᠠᠬᠢᠭᠤᠯᠵᠤ᠂ ᠳᠡᠭᠡᠳᠦ ᠲᠤᠤᠷᠠᠳᠤ ᠤᠷᠤᠰᠬᠠᠯ᠂ ᠭᠣᠣᠯ ᠤᠷᠤᠰᠬᠠᠯ ᠰᠠᠯᠪᠤᠷᠢ ᠤᠷᠤᠰᠬᠠᠯ᠂ ᠵᠡᠭᠦᠨ ᠪᠠᠷᠠᠭᠤᠨ ᠡᠷᠭᠢ ᠵᠢ ᠬᠠᠮᠠᠭ᠋ᠠᠯᠠᠬᠤ ᠪᠠ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠢ᠌ᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠬᠠᠮᠵᠢᠯᠴᠠᠨ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠷᠭᠡᠳᠬᠡᠵᠦ᠂ ᠬᠥᠮᠦᠨ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠪᠠᠢ᠌ᠷᠢᠰᠢᠯ᠎ᠢ ᠪᠦᠷᠢᠯᠳᠦᠭᠦᠯᠦᠨ᠎ᠡ᠃
     (ᠵᠢᠷᠭᠤᠭ᠎ᠠ) ᠣᠯᠠᠨ ᠨᠡᠢ᠌ᠲᠡ ᠵᠢᠨ ᠦᠢᠯᠡᠴᠢᠯᠡᠭᠡ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠭᠥᠷᠳᠡᠬᠦ ᠵᠢ ᠲᠦᠷᠭᠡᠳᠬᠡᠨ᠎ᠡ
      ᠣᠯᠠᠨ ᠨᠡᠢ᠌ᠲᠡ ᠵᠢᠨ ᠦᠢᠯᠡᠴᠢᠯᠡᠭᠡ ᠵᠢ ᠲᠡᠩᠴᠡᠭᠦᠷᠢᠲᠡᠶ ᠪᠥᠭᠡᠳ ᠲᠥᠭᠡᠮᠡᠯ ᠬᠠᠷᠠᠭ᠋ᠠᠯᠵᠠᠬᠤ᠂ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠠᠷᠠᠳ᠎ᠤᠨ ᠠᠰᠢᠭ ᠲᠤᠰᠠ ᠵᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠵᠣᠪᠠᠨᠢᠯ᠎ᠢ ᠢᠯᠡᠭᠦᠬᠡᠨ ᠰᠢᠢᠳᠪᠦᠷᠢᠯᠡᠵᠦ᠂ ᠨᠢᠭᠡ ᠴᠣᠭᠴᠠᠵᠢᠭᠤᠯᠬᠤ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠳᠤ ᠳᠤᠲᠠᠭᠰᠠᠨ᠎ᠢ ᠨᠥᠬᠥᠪᠥᠷᠢᠯᠡᠬᠦ ᠵᠢ ᠪᠠᠷᠢᠮᠲᠠᠯᠠᠵᠤ᠂ ᠵᠠᠰᠠᠭ ᠵᠠᠬᠢᠷᠭ᠋ᠠᠨ᠎ᠤ ᠬᠣᠷᠢᠭ᠎ᠠ ᠴᠠᠷᠠᠭ᠎ᠠ ᠵᠢ ᠡᠪᠳᠡᠵᠦ᠂ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠣᠲᠠ ᠵᠢᠨ ᠵᠥᠷᠢᠶ᠎ᠡ ᠵᠢ ᠬᠦᠴᠦᠯᠡᠨ ᠪᠠᠭ᠋ᠠᠰᠬᠠᠵᠤ᠂ ᠣᠯᠠᠨ ᠨᠡᠢ᠌ᠲᠡ ᠵᠢᠨ ᠦᠢᠯᠡᠴᠢᠯᠡᠭᠡ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠭᠥᠷᠳᠡᠬᠦ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
     (ᠳᠣᠯᠣᠭ᠎ᠠ) ᠳᠣᠲᠣᠭ᠋ᠠᠳᠤ ᠬᠠᠭᠤᠷᠠᠶ ᠵᠢᠨ ᠥᠭᠡᠷᠡᠴᠢᠯᠡᠯᠲᠡ ᠨᠡᠭᠡᠭᠡᠯᠲᠡ ᠵᠢᠨ ᠥᠨᠳᠥᠷᠯᠢᠭ᠎ᠢ ᠬᠠᠮᠲᠤ᠎ᠪᠠᠷ ᠴᠣᠭᠴᠠᠯᠠᠨ᠎ᠠ
      ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠡᠷᠢᠭᠦᠨ᠎ᠤ ᠪᠠᠷᠢᠮᠵᠢᠶ᠎ᠠ᠎ᠪᠠᠷ ᠪᠠᠷᠢᠮᠵᠢᠶᠠᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠠᠢ᠌ᠵᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠭᠠᠵᠠᠷ ᠣᠷᠣᠨ᠎ᠤ ᠬᠡᠰᠡᠭᠯᠡᠯ ᠪᠠ ᠵᠠᠰᠠᠭ ᠵᠠᠬᠢᠷᠭ᠋ᠠᠨ᠎ᠤ ᠬᠣᠷᠢᠭ᠎ᠠ ᠴᠠᠷᠠᠭ᠎ᠠ ᠵᠢ ᠡᠪᠳᠡᠵᠦ᠂ ᠲᠦᠷᠢᠮ᠎ᠢ ᠨᠢᠭᠡᠳᠦᠯᠲᠡᠶ ᠨᠡᠭᠡᠭᠡᠯᠲᠡ᠎ᠲᠠᠢ ᠪᠠᠢ᠌ᠬᠤ᠂ ᠪᠠᠷᠢᠮᠵᠢᠶ᠎ᠠ ᠵᠢ ᠬᠠᠷᠢᠯᠴᠠᠨ ᠮᠡᠳᠡᠷᠡᠬᠦ᠂ ᠴᠢᠬᠤᠯᠠ ᠬᠦᠴᠦᠨ ᠵᠦᠢ᠍ᠯ᠎ᠢ ᠴᠢᠯᠥᠭᠡᠲᠡᠶ ᠰᠢᠯᠵᠢᠭᠦᠯᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠣᠶ ᠪᠣᠯᠭ᠋ᠠᠵᠤ᠂ ᠨᠠᠩ ᠥᠨᠳᠥᠷ ᠲᠦᠪᠰᠢᠨ ᠪᠥᠬᠥᠶ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠰᠢᠨ᠎ᠡ ᠪᠠᠢ᠌ᠭᠤᠯᠤᠯ᠎ᠢ ᠪᠠᠢ᠌ᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠣᠮᠣ ᠵᠠᠬ᠎ᠠ ᠳᠡᠯᠭᠡᠭᠦᠷ᠎ᠲᠤ ᠪᠥᠬᠥ ᠲᠠᠯ᠎ᠠ᠎ᠪᠠᠷ ᠠᠭᠤᠰᠤᠯᠴᠠᠭᠤᠯᠵᠤ᠂ ᠪᠥᠬᠥ ᠣᠷᠣᠨ᠎ᠤ ᠥᠭᠡᠷᠡᠴᠢᠯᠡᠯᠲᠡ ᠨᠡᠭᠡᠭᠡᠯᠲᠡ᠎ᠳᠤ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢᠯᠡᠳᠦᠯ᠎ᠢ ᠪᠠᠳᠠᠷᠠᠭᠤᠯᠤᠨ᠎ᠠ᠃
      ᠳᠥᠷᠪᠡ᠂ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠠᠬᠢᠭᠤᠯᠤᠨ᠎ᠠ
      ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠨᠢᠭᠡ ᠴᠣᠭᠴᠠᠵᠢᠭᠰᠠᠨ ᠬᠥᠭᠵᠢᠯᠲᠡ᠎ᠳᠠᠬᠢ ᠨᠠᠮ᠎ᠤᠨ ᠤᠳᠤᠷᠢᠳᠤᠯᠭ᠎ᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠬᠤ᠂ ᠨᠠᠩ ᠶᠡᠬᠡ ᠨᠡᠢ᠌ᠯᠡᠮᠡᠯ ᠬᠦᠴᠦᠨ᠎ᠢ ᠨᠢᠭᠲᠠᠷᠠᠭᠤᠯᠬᠤ ᠵᠡᠷᠭᠡ ᠳᠥᠷᠪᠡᠨ ᠲᠠᠯ᠎ᠠ᠎ᠪᠠᠷ ᠳᠠᠮᠵᠢᠭᠤᠯᠤᠨ ᠲᠥᠯᠥᠪᠵᠢᠭᠦᠯᠭᠡ ᠵᠢ ᠬᠡᠷᠡᠭᠵᠢᠭᠦᠯᠬᠦ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠴᠤ᠂ ᠬᠡᠷᠡᠭᠵᠢᠭᠦᠯᠬᠦ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠥᠯᠥᠪᠵᠢᠭᠦᠯᠭᠡ ᠵᠢᠨ ᠭᠣᠤᠯ ᠬᠠᠷᠠᠯᠲᠠ ᠪᠠ ᠡᠭᠦᠷᠭᠡ ᠵᠢ ᠤᠷᠤᠭᠰᠢᠲᠠᠶ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠠᠭᠤᠴᠢᠯᠠᠭᠤᠷ᠎ᠤᠨ ᠲᠠᠶ᠋ᠢᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠰᠤᠲᠠᠨ᠎ᠢ ᠠᠰᠠᠷᠠᠵᠤ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠵᠢᠭᠦᠯᠬᠦ ᠲᠥᠰᠦᠯ (2021 — 2025 ᠣᠨ)᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠲᠥᠯᠥᠪᠵᠢᠭᠦᠯᠭᠡ ᠵᠢᠨ ᠬᠤᠭᠤᠴᠠᠭ᠋ᠠᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠭᠠᠵᠠᠷ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠤᠪᠢᠶᠠᠷᠢᠯᠠᠨ ᠰᠢᠯᠵᠢᠭᠦᠯᠬᠦ ᠵᠢᠯᠣᠭᠣᠳᠬᠤ ᠭᠠᠷᠴᠠᠭ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》
 
            