ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-11-03

      ᠨᠢᠭᠡ᠂ 《ᠠᠷᠭ᠎ᠠ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ
      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠶ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢ ᠲᠥᠷᠭᠡᠳᠬᠡᠵᠦ᠂ ᠪᠣᠬᠢᠷᠲᠤᠯ ᠦᠭᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ ᠵᠢ ᠬᠡᠷᠡᠭᠵᠢᠭᠦᠯᠬᠦ ᠲᠦᠷᠢᠮ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠷᠣᠭᠰᠢ ᠲᠤᠰᠬᠠᠶ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 134 ᠳ᠋ᠦᠭᠡᠷ ᠲᠣᠭ᠋ᠠᠲᠤ) ᠵᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃
      ᠬᠣᠶᠠᠷ᠂ 《ᠠᠷᠭ᠎ᠠ》 ᠵᠢᠨ ᠭᠣᠣᠯ ᠠᠭᠤᠯᠭ᠎ᠠ
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠬᠥᠭᠵᠢᠭᠦᠯᠬᠦ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠨᠢ ᠨᠡᠶ᠋ᠢᠲᠡ 6 ᠪᠦᠯᠦᠭ 17 ᠵᠦᠢ᠍ᠯ ᠪᠠᠶ᠋ᠢᠵᠤ᠂ ᠭᠣᠤᠯ ᠠᠭᠤᠯᠭ᠎ᠠ᠎ᠳᠤ᠄ ᠪᠠᠯᠠ ᠮᠥᠩᠭᠥ ᠵᠢᠨ ᠬᠡᠷᠡᠭᠯᠡᠭᠡᠨ᠎ᠤ ᠬᠡᠪᠴᠢᠶ᠎ᠡ᠂ ᠪᠠᠯᠠ ᠮᠥᠩᠭᠥ ᠵᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠤᠪᠢᠶᠠᠷᠢᠯᠠᠬᠤ᠂ ᠪᠠᠭᠤᠯᠭ᠋ᠠᠬᠤ᠂ ᠪᠠᠯᠠ ᠮᠥᠩᠭᠥ ᠵᠢ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠵᠤ ᠬᠠᠮᠢᠶᠠᠷᠬᠤ ᠪᠠ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠵᠡᠷᠭᠡ ᠪᠠᠭᠲᠠᠨ᠎ᠠ᠃
      ᠲᠣᠰ ᠠᠷᠭ᠎ᠠ᠎ᠳᠤ ᠬᠡᠯᠡᠵᠦ ᠪᠠᠶ᠋ᠢᠭ᠎ᠠ 《ᠨᠢᠭᠡ ᠵᠢ ᠬᠢᠵᠠᠭ᠋ᠠᠷᠯᠠᠬᠤ᠂ ᠬᠣᠶᠠᠷ᠎ᠢ ᠪᠠᠭ᠋ᠠᠰᠬᠠᠬᠤ᠂ ᠭᠤᠷᠪᠠ ᠵᠢ ᠦᠨᠳᠦᠰᠦᠨ᠎ᠠᠴᠠ᠎ᠨᠢ ᠰᠢᠢ᠍ᠳᠪᠦᠷᠢᠯᠡᠬᠦ》 ᠭᠡᠳᠡᠭ᠎ᠨᠢ ᠪᠣᠳᠠᠲᠠᠶ᠎ᠪᠠᠷ᠄ 《ᠨᠢᠭᠡ ᠵᠢ ᠬᠢᠵᠠᠭ᠋ᠠᠷᠯᠠᠬᠤ》 ᠭᠡᠳᠡᠭ᠎ᠨᠢ ᠲᠠᠷᠢᠶᠠᠯᠠᠩ᠎ᠳᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠪᠠ ᠲᠠᠷᠢᠶᠠᠯᠠᠩ᠎ᠤᠨ ᠤᠰᠤᠨ᠎ᠤ ᠣᠷᠴᠢᠨ ᠲᠣᠭᠣᠷᠢᠨ᠎ᠤ ᠪᠣᠬᠢᠷᠲᠤᠯ᠎ᠢ ᠬᠢᠵᠠᠭ᠋ᠠᠷᠯᠠᠬᠤ ᠵᠢ ᠵᠢᠭ᠋ᠠᠵᠤ ᠪᠣᠶ᠂ 《ᠬᠣᠶᠠᠷ᠎ᠢ ᠪᠠᠭ᠋ᠠᠰᠬᠠᠬᠤ》 ᠭᠡᠳᠡᠭ᠎ᠨᠢ ᠬᠢᠮᠢ ᠵᠢᠨ ᠪᠣᠷᠲᠣᠭᠣᠷ᠂ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠨ ᠬᠡᠷᠡᠭᠯᠡᠬᠦ ᠵᠢ ᠵᠢᠭ᠋ᠠᠵᠤ ᠪᠣᠶ᠂ 《ᠭᠤᠷᠪᠠ ᠵᠢ ᠦᠨᠳᠦᠰᠦᠨ᠎ᠠᠴᠠ᠎ᠨᠢ ᠰᠢᠢ᠍ᠳᠪᠦᠷᠢᠯᠡᠬᠦ》 ᠭᠡᠳᠡᠭ᠎ᠨᠢ ᠮᠠᠯ ᠵᠢᠭᠦᠷᠲᠡᠨ᠎ᠤ ᠢᠯᠭ᠋ᠠᠳᠠᠰᠤ ᠵᠢᠨ ᠪᠣᠬᠢᠷᠲᠤᠯ᠂ ᠲᠠᠷᠢᠶᠠᠯᠠᠩ᠎ᠤᠨ ᠵᠤᠯᠤᠮ᠎ᠠ ᠪᠦᠷᠬᠦᠪᠴᠢ᠂ ᠲᠠᠷᠢᠮᠠᠯ᠎ᠤᠨ ᠡᠰᠢ ᠰᠦᠷᠡᠯ᠎ᠢ ᠦᠨᠳᠦᠰᠦᠨ᠎ᠠᠴᠠ᠎ᠪᠠᠨ ᠡᠬᠢ ᠪᠠᠶᠠᠯᠢᠭᠵᠢᠭᠤᠯᠬᠤ᠂ ᠶᠡᠷᠦᠩᠬᠡᠶ᠋ᠢᠯᠡᠨ ᠡᠷᠭᠢᠯᠳᠦᠭᠦᠯᠦᠨ ᠳᠠᠬᠢᠨ ᠠᠰᠢᠭᠯᠠᠬᠤ ᠪᠠ ᠬᠣᠤᠷ ᠦᠭᠡᠢ᠌ᠵᠢᠭᠦᠯᠦᠨ ᠰᠢᠢ᠍ᠳᠪᠦᠷᠢᠯᠡᠬᠦ ᠵᠢ ᠪᠡᠶᠡᠯᠡᠭᠦᠯᠬᠦ ᠵᠢ ᠵᠢᠭ᠋ᠠᠵᠤ ᠪᠣᠶ᠃
      ᠲᠣᠰ ᠬᠠᠮᠢᠶᠠᠷᠤᠯᠲᠠ ᠵᠢᠨ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠠᠷᠠᠭ᠎ᠠ ᠬᠡᠷᠡᠭᠵᠢᠭᠦᠯᠦᠨ᠎ᠡ᠂ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠤᠨ ᠲᠦᠷᠦ ᠵᠢᠨ ᠪᠣᠳᠤᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠠᠮᠢᠶᠠᠷᠣᠯᠲᠠ ᠵᠢᠨ ᠠᠷᠭ᠎ᠠ》 ᠵᠢᠨ ᠲᠠᠢ᠌ᠯᠤᠮᠵᠢ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢᠨ ᠲᠠᠢ᠌ᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            