ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ ᠬᠢᠭᠡᠳ ᠠᠴᠢ ᠬᠣᠯᠪᠣᠭᠳᠠᠯ
ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠵᠢ ᠠᠬᠢᠭᠤᠯᠬᠤ ᠲᠠᠯ᠎ᠠ᠎ᠪᠠᠷ᠎ᠬᠢ ᠰᠠᠭᠤᠷᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠲᠦᠷᠭᠡᠳᠬᠡᠨ ᠠᠬᠢᠭᠤᠯᠵᠤ᠂ ᠬᠢᠨᠠᠨ ᠰᠢᠯᠭ᠋ᠠᠯᠲᠠ ᠵᠢᠨ ᠬᠢᠵᠠᠭ᠋ᠠᠷᠯᠠᠯ ᠪᠠ ᠣᠯᠠᠨ ᠲᠠᠯ᠎ᠠ ᠵᠢᠨ ᠬᠢᠨᠠᠯᠲᠠ ᠲᠠᠯᠪᠢᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠠᠵᠢᠯᠯᠠᠭ᠎ᠠ ᠵᠢ ᠬᠦᠴᠦᠯᠡᠨ ᠵᠠᠰᠠᠵᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠪᠠ ᠵᠠᠰᠠᠭ᠎ᠤᠨ ᠣᠷᠳᠣᠨ᠎ᠤ ᠨᠡᠶ᠋ᠢᠲᠡ ᠵᠢᠨ ᠢᠲᠡᠭᠡᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠥᠪ ᠴᠢᠬᠡᠴᠢ ᠬᠡᠪ ᠰᠤᠷᠲᠠᠯ᠎ᠲᠠᠢ ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ ᠵᠢᠨ ᠲᠦᠯᠦᠭᠡ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠤᠭ ᠰᠢᠨ᠎ᠡ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠣᠳᠣᠬᠠᠨ᠎ᠤ ᠮᠠᠨ᠎ᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ ᠵᠢᠴᠢ ᠠᠵᠢᠯ᠎ᠤᠨ ᠭᠣᠤᠯᠳᠠᠯᠭ᠎ᠠ᠂ ᠬᠦᠴᠢᠷᠳᠡᠯ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》 (ᠥᠪᠥᠷ ᠵᠠᠰᠠᠭ ᠲᠠᠷᠬᠠᠭ᠋ᠠᠭᠰᠠᠨ [2017] 123 ᠳ᠋ᠤᠭ᠋ᠠᠷ ᠲᠣᠭ᠋ᠠᠲᠤ)᠎ᠳᠤ ᠵᠠᠰᠠᠪᠤᠷᠢ ᠣᠷᠣᠭᠤᠯᠬᠤ ᠴᠢᠬᠤᠯᠠᠲᠠᠶ ᠪᠣᠯᠤᠭᠰᠠᠨ ᠪᠠᠢ᠌ᠨ᠎ᠠ᠃
ᠬᠣᠶᠠᠷ᠂ ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ
(ᠨᠢᠭᠡ) ᠬᠠᠰᠤᠭᠰᠠᠨ ᠠᠭᠤᠯᠭ᠎ᠠ᠃ ᠨᠢᠭᠡ᠎ᠳᠤ ᠣᠳᠣᠬᠠᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠠᠭᠤᠯᠭ᠎ᠠ ᠵᠢ ᠬᠠᠰᠤᠵᠤ ᠬᠠᠶᠠᠪᠠ᠂ ᠡᠭᠦᠨ᠎ᠳᠤ 《ᠨᠠᠢ᠍ᠮᠠᠨ ᠨᠠᠷᠢᠨ ᠲᠠᠩᠰᠠ》 ᠵᠢᠨ ᠲᠦᠷᠢᠮ ᠪᠠ ᠳᠡᠭᠡᠳᠦ ᠪᠠᠶ᠋ᠢᠷᠢ ᠵᠢᠨ ᠬᠠᠤᠯᠢ ᠵᠢᠨ ᠦᠨᠳᠦᠰᠦᠯᠡᠯ ᠥᠬᠡᠶ ᠬᠡᠰᠡᠭ ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ ᠬᠣᠶᠠᠷ᠎ᠲᠤ ᠪᠡᠯᠡ ᠣᠷᠣᠭᠤᠯᠤᠯᠲᠠ ᠵᠢ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ᠂ ᠤᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠠᠵᠢᠯᠯᠠᠭ᠎ᠠ ᠵᠢ ᠵᠢᠷᠤᠮᠵᠢᠭᠤᠯᠬᠤ ᠵᠡᠷᠭᠡ ᠵᠢ ᠪᠠᠭᠲᠠᠭ᠋ᠠᠭᠰᠠᠨ ᠨᠢᠭᠡᠨᠲᠡ ᠪᠡᠶᠡᠯᠡᠭᠦᠯᠦᠭᠰᠡᠨ ᠠᠵᠢᠯ᠎ᠢ ᠬᠠᠰᠤᠵᠤ ᠬᠠᠶᠠᠪᠠ᠃ ᠭᠤᠷᠪᠠ᠎ᠳᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ᠎ᠲᠠᠢ ᠬᠠᠮᠢᠶ᠎ᠠ ᠥᠬᠡᠶ ᠦᠨᠡᠨ ᠨᠡᠷ᠎ᠡ᠎ᠪᠠᠷ ᠳᠠᠩᠰᠠᠯᠠᠬᠤ ᠲᠦᠷᠢᠮ᠎ᠤᠨ ᠬᠠᠮᠢᠶ᠎ᠠ ᠪᠥᠬᠥᠶ ᠠᠭᠤᠯᠭ᠎ᠠ ᠵᠢ ᠬᠠᠰᠤᠪᠠ᠃
(ᠬᠣᠶᠠᠷ) ᠦᠯᠡᠳᠡᠭᠡᠭᠰᠡᠨ ᠠᠭᠤᠯᠭ᠎ᠠ᠃ ᠵᠠᠰᠠᠭ᠎ᠤᠨ ᠶᠠᠪᠤᠳᠠᠯ᠎ᠤᠨ ᠭᠣᠣᠯ ᠴᠣᠭᠴᠠ ᠵᠢᠨ ᠦᠨᠡᠨᠴᠢ ᠢᠲᠡᠭᠡᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠪᠣᠯ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠰᠠᠭᠤᠷᠢ ᠮᠦᠨ᠃ ᠡᠶ᠋ᠢᠮᠦ᠎ᠠᠴᠠ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠥᠰᠦᠯ᠎ᠳᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠦᠨᠡᠨᠴᠢ ᠢᠲᠡᠭᠡᠮᠵᠢ ᠵᠢᠨ ᠬᠥᠮᠦᠵᠢᠯ᠂ ᠢᠲᠡᠭᠡᠮᠵᠢ ᠵᠢ ᠰᠡᠷᠭᠦᠭᠡᠬᠦ ᠪᠠ ᠣᠯᠠᠨ ᠲᠠᠯ᠎ᠠ᠎ᠪᠠᠷ ᠬᠢᠨᠠᠯᠲᠠ ᠲᠠᠯᠪᠢᠬᠤ ᠵᠡᠷᠭᠡ ᠠᠭᠤᠯᠭ᠎ᠠ ᠵᠢ ᠦᠯᠡᠳᠡᠭᠡᠭᠰᠡᠨ ᠪᠥᠭᠡᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠰᠢᠨ᠎ᠡ ᠱᠠᠭ᠋ᠠᠷᠳᠠᠯᠭ᠎ᠠ ᠶᠣᠰᠣᠭ᠋ᠠᠷ ᠠᠭᠤᠯᠭ᠎ᠠ᠎ᠳᠤ ᠲᠣᠬᠢᠷᠠᠭᠤᠯᠤᠯᠲᠠ ᠬᠢᠪᠡ᠃
(ᠭᠤᠷᠪᠠ) ᠪᠦᠷᠢᠨᠰᠢᠭᠦᠯᠦᠭᠰᠡᠨ ᠠᠭᠤᠯᠭ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠭᠦᠨᠵᠡᠭᠡᠶ᠋ᠢᠷᠡᠨ ᠠᠭᠢᠬᠤ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠱᠠᠭ᠋ᠠᠷᠳᠠᠯᠭ᠎ᠠ ᠠᠯᠬᠤᠮ ᠠᠯᠬᠤᠮ ᠵᠶ᠋ᠠᠷ ᠳᠡᠭᠡᠭᠰᠢᠯᠡᠬᠦ ᠵᠢ ᠳᠠᠭ᠋ᠠᠯᠳᠤᠨ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠬᠦᠷᠢᠶ᠎ᠡ ᠵᠣᠬᠢᠬᠤ ᠬᠡᠮᠵᠢᠶ᠎ᠡ᠎ᠪᠠᠷ ᠥᠷᠭᠡᠳᠴᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠦᠷᠭᠡᠨ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠬᠤ ᠠᠰᠠᠭᠤᠳᠠᠯ᠎ᠢ ᠦᠨᠳᠦᠰᠦᠨ᠎ᠠᠴᠠ᠎ᠨᠢ ᠰᠡᠷᠭᠡᠶ᠋ᠢᠯᠡᠨ ᠠᠷᠢᠯᠭ᠋ᠠᠬᠤ ᠴᠢᠬᠤᠯᠠᠲᠠᠶ ᠪᠠᠶ᠋ᠢᠨ᠎ᠠ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠥᠰᠦᠯ᠎ᠳᠤ ᠡᠭᠦᠰᠴᠦ ᠮᠡᠳᠡᠬᠦ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠬᠤ ᠠᠵᠢᠯᠯᠠᠭ᠎ᠠ᠎ᠳᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ ᠶᠣᠰᠣᠭ᠋ᠠᠷ ᠭᠡᠷ᠎ᠡ ᠭᠦᠢ᠍ᠴᠡᠳᠬᠡᠬᠦ᠂ ᠲᠦᠷᠢᠮ᠎ᠢ ᠪᠦᠷᠢᠨᠰᠢᠭᠦᠯᠬᠦ᠂ ᠬᠠᠤᠯᠢ ᠶᠣᠰᠣᠭ᠋ᠠᠷ ᠲᠥᠯᠥᠪᠦᠷᠢ ᠥᠭᠬᠦ᠂ ᠪᠥᠬᠥ ᠲᠠᠯ᠎ᠠ᠎ᠪᠠᠷ ᠥᠷᠢ ᠰᠢᠷᠢ ᠵᠢ ᠢᠯᠭ᠋ᠠᠷᠠᠭᠤᠯᠬᠤ ᠪᠠ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ ᠵᠢ ᠨᠢᠭᠡᠳᠦᠯᠲᠡᠶ ᠳᠤᠷᠠᠳᠤᠨ ᠭᠠᠷᠭ᠋ᠠᠪᠠ᠃
(ᠳᠥᠷᠪᠡ) ᠰᠢᠨ᠎ᠡ᠎ᠪᠠᠷ ᠨᠡᠮᠡᠭᠰᠡᠨ ᠠᠭᠤᠯᠭ᠎ᠠ᠃ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠶᠠᠪᠤᠳᠠᠯ᠎ᠢ ᠨᠤᠲᠠᠯᠠᠬᠤ ᠪᠠᠷᠢᠮᠵᠢᠶ᠎ᠠ ᠪᠠ ᠬᠦᠷᠢᠶ᠎ᠡ ᠬᠡᠪᠴᠢᠶ᠎ᠡ ᠲᠣᠳᠣᠷᠬᠠᠶ ᠦᠭᠡᠶ ᠪᠠᠢ᠌ᠬᠤ᠂ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠦᠷᠲᠡᠵᠦ ᠴᠢᠳᠠᠬᠤ ᠦᠭᠡᠶ ᠪᠠᠢ᠌ᠬᠤ᠂ ᠴᠤᠭᠯᠠᠭᠤᠯᠤᠭᠰᠠᠨ᠎ᠨᠢ ᠪᠦᠷᠢᠨ ᠪᠤᠰᠤ ᠪᠠᠢ᠌ᠬᠤ᠂ ᠬᠡᠷᠡᠭᠯᠡᠭᠰᠡᠨ᠎ᠨᠢ ᠥᠷᠭᠡᠨ ᠪᠤᠰᠤ ᠪᠠᠢ᠌ᠬᠤ᠂ ᠵᠠᠯᠬᠠᠭ᠋ᠠᠨ ᠴᠡᠭᠡᠷᠯᠡᠭᠦᠯᠦᠭᠰᠡᠨ᠎ᠨᠢ ᠪᠠᠷᠢᠮᠵᠢᠶ᠎ᠠ᠎ᠳᠤ ᠬᠦᠷᠬᠦ ᠥᠬᠡᠶ ᠪᠠᠢ᠌ᠬᠤ ᠵᠢᠴᠢ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠢᠯᠡᠷᠡᠭᠦᠯᠬᠦ᠎ᠳᠤ ᠬᠦᠴᠢᠷ᠂ ᠮᠡᠳᠡᠭᠡ ᠵᠠᠩᠭᠢ ᠵᠢ ᠤᠯᠬᠤ᠎ᠳᠤ ᠬᠦᠴᠢᠷ ᠵᠡᠷᠭᠡ ᠠᠰᠠᠭᠤᠳᠠᠯ᠎ᠳᠤ ᠴᠢᠭᠯᠡᠭᠦᠯᠦᠨ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠥᠰᠦᠯ᠎ᠳᠤ ᠲᠠᠪᠤᠨ ᠵᠦᠢ᠍ᠯ᠎ᠤᠨ ᠠᠵᠢᠯ᠎ᠤᠨ ᠠᠭᠤᠯᠭ᠎ᠠ ᠵᠢ ᠳᠤᠷᠠᠳᠤᠨ ᠭᠠᠷᠭ᠋ᠠᠪᠠ᠄ ᠨᠢᠭᠡ᠎ᠳᠤ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠨᠠᠷᠢᠨ ᠳᠠᠩᠰᠠ ᠪᠠ ᠢᠲᠡᠭᠡᠯ ᠠᠯᠳᠠᠭᠰᠠᠨ ᠶᠠᠪᠤᠳᠠᠯ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠮᠡᠳᠡᠭᠡ ᠵᠠᠩᠭᠢ ᠵᠢ ᠴᠤᠭᠯᠠᠭᠤᠯᠬᠤ ᠪᠠ ᠣᠷᠣᠨ ᠨᠤᠲᠤᠭ᠎ᠤᠨ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠠᠵᠢᠯ᠎ᠢ ᠬᠢᠨᠠᠨ ᠬᠡᠮᠵᠢᠵᠦ ᠦᠨᠡᠯᠡᠨ ᠵᠢᠱ᠌ᠢᠬᠦ ᠦᠨᠳᠦᠰᠦᠯᠡᠯ ᠪᠣᠯᠭ᠋ᠠᠪᠠ᠃ ᠬᠣᠶᠠᠷ᠎ᠲᠤ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠶᠠᠪᠤᠳᠠᠯ᠎ᠢ ᠢᠯᠡᠴᠢᠯᠡᠨ ᠵᠠᠭ᠋ᠠᠯᠳᠤᠬᠤ ᠠᠷᠭ᠎ᠠ ᠵᠠᠮ᠎ᠢ ᠥᠷᠭᠡᠳᠬᠡᠵᠦ᠂ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠠᠵᠢᠯᠯᠠᠭ᠎ᠠ ᠵᠢᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠪᠠ ᠢᠯᠡᠴᠢᠯᠡᠬᠦ ᠡᠷᠴᠢᠮ᠎ᠢ ᠴᠢᠩᠭ᠋ᠠᠷᠠᠭᠤᠯᠪᠠ᠃ ᠭᠤᠷᠪᠠ᠎ᠳᠤ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠮᠡᠳᠡᠭᠡ ᠵᠠᠩᠭᠢ ᠵᠢ ᠪᠠᠭᠲᠠᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠡᠷᠴᠢᠮ᠎ᠢ ᠴᠢᠩᠭ᠋ᠠᠷᠠᠭᠤᠯᠵᠤ᠂ ᠪᠦᠬᠦ ᠬᠡᠮᠵᠢᠶ᠎ᠡ᠎ᠪᠠᠷ ᠴᠤᠭᠯᠠᠭᠤᠯᠬᠤ ᠪᠠ ᠡᠬᠢ ᠪᠠᠶᠠᠯᠢᠭ᠎ᠢ ᠬᠠᠮᠲᠤ᠎ᠪᠠᠷ ᠬᠦᠷᠲᠡᠬᠦ ᠵᠢ ᠱᠠᠭ᠋ᠠᠷᠳᠠᠪᠠ᠃ ᠲᠦᠷᠪᠡ᠎ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠲᠤ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠠᠴᠠ ᠡᠮᠦᠨ᠎ᠡ ᠢᠲᠡᠭᠡᠮᠵᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ᠂ ᠢᠲᠡᠭᠡᠯ ᠠᠯᠳᠠᠭᠰᠠᠨ ᠠᠵᠢᠯᠯᠠᠭ᠎ᠠ ᠣᠷᠣᠰᠢᠵᠤ ᠪᠠᠶ᠋ᠢᠭ᠎ᠠ ᠰᠠᠯᠠᠭ᠎ᠠ ᠮᠥᠴᠢᠷ ᠪᠣᠯᠤᠨ ᠠᠯᠪᠠᠨ ᠲᠤᠰᠢᠶᠠᠯᠲᠠᠨ᠎ᠢ ᠬᠢᠵᠠᠭ᠋ᠠᠷᠯᠠᠬᠤ ᠬᠡᠷᠡᠭᠲᠡᠢ ᠭᠡᠵᠦ ᠱᠠᠭ᠋ᠠᠷᠳᠠᠵᠠᠢ᠃ ᠲᠠᠪᠤ᠎ᠳᠤ᠂ ᠠᠶ᠋ᠢᠮᠠᠭ ᠬᠣᠲᠠ᠎ᠳᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠣᠨ᠎ᠤ ᠦᠨᠡᠯᠡᠨ ᠵᠢᠱ᠌ᠢᠯᠲᠡ ᠪᠠ ᠤᠯᠠᠷᠢᠯ᠎ᠤᠨ ᠬᠢᠨᠠᠨ ᠬᠡᠮᠵᠢᠯᠲᠡ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠲᠤ ᠬᠢᠨᠠᠨ ᠰᠢᠯᠭ᠋ᠠᠬᠤ ᠠᠵᠢᠯ᠎ᠢ ᠦᠷᠨᠢᠭᠦᠯᠬᠦ᠎ᠪᠠᠷ ᠪᠣᠯᠪᠠ᠃
ᠭᠤᠷᠪᠠ᠂ ᠦᠨᠳᠦᠰᠦᠨ ᠪᠣᠷᠣ ᠲᠦᠰᠦᠪ ᠪᠠ ᠭᠣᠣᠯ ᠠᠭᠤᠯᠭ᠎ᠠ
ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠥᠰᠦᠯ᠎ᠳᠤ ᠭᠤᠷᠪᠠᠨ ᠬᠡᠰᠡᠭ ᠠᠭᠤᠯᠭ᠎ᠠ ᠪᠠᠭᠲᠠᠨ᠎ᠠ᠄
ᠨᠢᠭᠡᠳᠦᠭᠡᠷ ᠬᠡᠰᠡᠭ᠄ ᠮᠠᠨ᠎ᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠶᠡᠷᠦᠩᠬᠡᠶ ᠱᠠᠭ᠋ᠠᠷᠳᠠᠯᠭ᠎ᠠ ᠳᠤᠷᠠᠳᠪᠠ᠃
ᠬᠣᠶᠠᠳᠤᠭ᠋ᠠᠷ ᠬᠡᠰᠡᠭ᠄ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠦᠨᠡᠨᠴᠢ ᠢᠲᠡᠭᠡᠮᠵᠢᠲᠡᠶ᠎ᠪᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠠᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠵᠠᠰᠠᠭ᠎ᠤᠨ ᠶᠠᠪᠤᠳᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠤᠨ ᠬᠡᠷᠡᠭᠯᠡᠬᠦ ᠲᠣᠭᠲᠠᠯᠴᠠᠭ᠎ᠠ ᠵᠢ ᠪᠦᠷᠢᠨᠰᠢᠭᠦᠯᠬᠦ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠎ᠳᠤ ᠰᠢᠨᠵᠢᠯᠡᠬᠦ ᠤᠬᠠᠭ᠋ᠠᠨᠴᠢ ᠪᠥᠭᠡᠳ ᠪᠦᠲᠦᠮᠵᠢᠲᠡᠶ ᠬᠢᠨᠠᠯᠲᠠ ᠲᠠᠯᠪᠢᠬᠤ ᠦᠨᠡᠯᠡᠬᠦ ᠲᠣᠭᠲᠠᠯᠴᠠᠭ᠎ᠠ ᠵᠢ ᠪᠠᠶ᠋ᠢᠭᠤᠯᠬᠤ ᠵᠡᠷᠭᠡ ᠭᠤᠷᠪᠠᠨ ᠬᠦᠷᠢᠶ᠎ᠡ ᠴᠠᠷᠠᠭ᠎ᠠ᠎ᠠᠴᠠ ᠮᠠᠨ᠎ᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ 11 ᠲᠠᠯ᠎ᠠ ᠵᠢᠨ ᠠᠵᠢᠯ᠎ᠤᠨ ᠡᠭᠦᠷᠭᠡ ᠵᠢ ᠳᠤᠷᠠᠳᠪᠠ᠃
ᠭᠤᠷᠪᠠᠳᠤᠭ᠋ᠠᠷ ᠬᠡᠰᠡᠭ᠄ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠬᠦ᠂ ᠠᠵᠢᠯ᠎ᠤᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠬᠤ᠂ ᠤᠬᠠᠭᠤᠯᠬᠤ ᠬᠥᠲᠥᠯᠦᠨ ᠵᠢᠯᠣᠭᠣᠳᠬᠤ ᠡᠷᠴᠢᠮ᠎ᠢ ᠴᠢᠩᠭ᠋ᠠᠷᠠᠭᠤᠯᠬᠤ ᠵᠡᠷᠭᠡ ᠭᠤᠷᠪᠠᠨ ᠲᠠᠯ᠎ᠠ ᠵᠢᠨ ᠠᠵᠢᠯ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠃