《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠭᠤᠴᠢᠨ ᠨᠢᠭᠡᠳᠦᠭᠡᠷ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃
ᠨᠢᠭᠡ᠂ 《ᠲᠦᠷᠢᠮ》᠎ᠢ ᠨᠡᠶ᠋ᠢᠲᠡᠯᠡᠭᠰᠡᠨ ᠠᠬᠤᠶ ᠪᠠᠶ᠋ᠢᠳᠠᠯ
ᠬᠥᠮᠦᠨ ᠠᠮᠠ ᠵᠢᠨ ᠨᠠᠰᠤᠵᠢᠯᠲᠠ ᠪᠣᠯ ᠣᠳᠣᠬᠠᠨ᠎ᠤ ᠮᠠᠨ᠎ᠤ ᠤᠯᠤᠰ᠎ᠤᠨ ᠦᠨᠳᠦᠰᠦᠨ ᠪᠠᠶ᠋ᠢᠳᠠᠯ ᠮᠥᠨ᠃ ᠳᠣᠯᠣᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠮᠠᠨ᠎ᠤ ᠤᠯᠤᠰ᠎ᠤᠨ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ
2.64 ᠳ᠋ᠦᠩᠰᠢᠭᠤᠷ ᠪᠠᠶ᠋ᠢᠵᠤ᠂ ᠪᠥᠬᠥ ᠤᠯᠤᠰ᠎ᠤᠨ ᠬᠥᠮᠦᠨ ᠠᠮᠠ ᠵᠢᠨ ᠶᠡᠷᠦᠩᠬᠡᠶ ᠲᠣᠭ᠋ᠠᠨ᠎ᠤ 18.70% (ᠡᠭᠦᠨ᠎ᠳᠤ 65 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ 1.9 ᠳ᠋ᠦᠩᠰᠢᠭᠤᠷ ᠪᠠᠶ᠋ᠢᠵᠤ᠂ 13.5% ᠵᠢ ᠡᠵᠡᠯᠡᠨ᠎ᠡ) ᠵᠢ ᠡᠵᠡᠯᠡᠵᠦ ᠪᠠᠶ᠋ᠢᠨ᠎ᠠ᠃ ᠮᠠᠨ᠎ᠤ ᠣᠷᠣᠨ᠎ᠳᠤ ᠣᠲᠣ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ 475.7 ᠲᠦᠮᠡ ᠪᠠᠶ᠋ᠢᠵᠤ᠂ ᠪᠥᠬᠥ ᠣᠷᠣᠨ᠎ᠤ ᠬᠥᠮᠦᠨ ᠠᠮᠠ ᠵᠢᠨ ᠶᠡᠷᠦᠩᠬᠡᠶ ᠲᠣᠭ᠋ᠠᠨ᠎ᠤ 19.8% ᠵᠢ ᠡᠵᠡᠯᠡᠵᠦ᠂ ᠪᠥᠬᠥ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ 1.1 ᠵᠠᠭᠤᠨ᠎ᠤ ᠴᠡᠭ ᠥᠨᠳᠥᠷ ᠪᠠᠶ᠋ᠢᠨ᠎ᠠ; 65 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ 313.9 ᠲᠦᠮᠡ ᠪᠠᠶ᠋ᠢᠵᠤ᠂ ᠨᠠᠰᠤᠲᠠᠶ᠋ᠢᠴᠤᠳ᠎ᠤᠨ ᠬᠥᠮᠦᠨ ᠠᠮᠠ ᠵᠢᠨ ᠶᠡᠷᠦᠩᠬᠡᠢ ᠲᠣᠭ᠋ᠠᠨ᠎ᠤ 65.9% ᠵᠢ ᠡᠵᠡᠯᠡᠵᠦ ᠪᠠᠶ᠋ᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠬᠥᠮᠦᠨ ᠠᠮᠠ ᠵᠢᠨ ᠨᠠᠰᠤᠵᠢᠯᠲᠠ ᠵᠢᠨ ᠬᠡᠮᠵᠢᠶ᠎ᠡ ᠪᠠᠰᠠ ᠦᠷᠭᠦᠯᠵᠢᠯᠡᠨ ᠬᠤᠷᠴᠠᠳᠴᠤ᠂ ᠨᠠᠰᠤᠵᠢᠯ᠎ᠤᠨ ᠨᠡᠢ᠌ᠭᠡᠮ ᠤᠯᠠᠮ ᠥᠷᠭᠡᠵᠢᠬᠦ ᠪᠣᠯᠤᠨ᠎ᠠ᠃
ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠶ᠋ᠢᠷᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯ ᠮᠥᠨ᠂ ᠨᠠᠰᠤᠲᠠᠨ ᠵᠶ᠋ᠠᠨ ᠠᠰᠠᠷᠠᠬᠤ ᠪᠣᠯ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠦᠢ᠍ᠯᠡᠰ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠳᠤᠷᠠᠳᠤᠭᠰᠠᠨ᠎ᠨᠢ᠂ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠬᠡᠷ ᠪᠥᠯᠢ᠂ ᠨᠡᠶ᠋ᠢᠭᠡᠮ ᠲᠣᠭᠣᠷᠢᠭ᠂ ᠪᠠᠶ᠋ᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠤᠭᠰᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠦᠷᠭᠡᠨ ᠪᠠᠶ᠋ᠢᠭᠤᠯᠬᠤ ᠬᠡᠷᠡᠭᠲᠡᠢ ᠭᠡᠵᠡᠢ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠠᠴᠠ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠬᠤ ᠵᠢ ᠠᠩᠬ᠎ᠠ ᠤᠳᠠᠭ᠎ᠠ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠥᠨᠳᠥᠷᠴᠡ᠎ᠳᠤ ᠳᠡᠭᠡᠭᠰᠢᠯᠡᠭᠦᠯᠪᠡ᠃ ᠣᠶ᠋ᠢᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠷᠢᠳ ᠬᠣᠵᠢᠳ ᠣᠯᠠᠨ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠲᠣᠭᠲᠠᠭ᠋ᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠪᠠ᠃ ᠭᠡᠪᠡᠴᠦ ᠮᠠᠨ᠎ᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠳᠤ ᠮᠥᠨ ᠬᠦ᠌ ᠰᠠᠭᠤᠷᠢ ᠪᠡᠯᠡᠳᠬᠡᠮᠵᠢ ᠬᠣᠴᠣᠷᠤᠩᠭᠤᠶ᠂ ᠪᠠᠯᠠ ᠮᠥᠩᠭᠥ ᠵᠢᠨ ᠣᠷᠣᠭᠤᠯᠤᠯᠲᠠ ᠬᠦᠷᠦᠯᠴᠡᠬᠦ ᠥᠬᠡᠶ᠂ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠣᠯᠠᠨ ᠪᠢᠰᠢ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠲᠤᠲᠠᠮᠠᠭ᠂ ᠬᠢᠨᠠᠨ ᠬᠠᠮᠢᠶᠠᠷᠬᠤ ᠲᠣᠭᠲᠠᠴᠠ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ᠂ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠬᠡᠯᠪᠡᠷᠢ᠎ᠪᠠᠷ ᠳᠠᠮᠵᠢᠭᠤᠯᠤᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠲᠤᠯᠭ᠋ᠠᠷᠠᠵᠤ ᠪᠠᠶ᠋ᠢᠭ᠎ᠠ ᠪᠣᠳᠠᠲᠠᠶ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠡᠭᠦᠨ᠎ᠤ ᠤᠯᠠᠮ ᠵᠶ᠋ᠡᠷ ᠥᠷᠭᠡᠨ ᠣᠯᠠᠨ ᠨᠠᠰᠤᠲᠠᠶ᠋ᠢᠴᠤᠳ᠎ᠤᠨ ᠣᠯᠠᠨ ᠲᠠᠰ ᠳᠠᠪᠬᠤᠷᠭ᠎ᠠ ᠵᠢᠨ᠂ ᠣᠯᠠᠨ ᠶᠠᠩᠵᠤ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠴᠢᠬᠤᠯᠠᠲᠠᠶ ᠪᠠᠶ᠋ᠢᠨ᠎ᠠ᠃
ᠬᠣᠶᠠᠷ᠂ 《ᠲᠦᠷᠢᠮ》᠎ᠢ ᠨᠡᠶ᠋ᠢᠲᠡᠯᠡᠵᠦ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ
《ᠳᠦᠷᠢᠮ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠤᠶ ᠪᠣᠯᠭ᠋ᠠᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠡᠬᠢ ᠪᠤᠶ ᠪᠣᠯᠭ᠋ᠠᠵᠤ᠂ ᠣᠶ᠋ᠢᠷ᠎ᠠ ᠵᠢᠨ ᠵᠢᠯ᠎ᠤᠨ ᠲᠤᠷᠰᠢᠲᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠤᠭᠰᠠᠨ ᠪᠦᠲᠦᠮᠵᠢᠲᠡᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠡᠮᠬᠢᠯᠡᠨ ᠳᠢᠭᠯᠡᠭᠰᠡᠨᠤ ᠬᠠᠮᠲᠤ ᠲᠣᠭᠲᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠲᠣᠭᠲᠠᠭ᠋ᠠᠯ ᠪᠣᠯᠭ᠋ᠠᠨ ᠳᠡᠭᠡᠭᠰᠢᠯᠡᠭᠦᠯᠵᠦ᠂ ᠴᠢᠩᠭ᠎ᠠ ᠬᠢᠵᠠᠭ᠋ᠠᠷᠯᠠᠬᠤ ᠬᠦᠴᠦᠨ ᠪᠠ ᠬᠡᠷᠡᠭᠵᠢᠭᠦᠯᠬᠦ ᠬᠦᠴᠦᠨ᠎ᠢ ᠴᠢᠩᠭ᠋ᠠᠷᠠᠭᠤᠯᠤᠭᠰᠠᠨ ᠶᠠᠪᠤᠳᠠᠯ᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪᠡᠭᠲᠡᠶ᠂ ᠡᠮᠵᠡᠭᠲᠡᠢ᠂ ᠲᠥᠭᠵᠢᠷᠡᠯ ᠠᠰᠠᠭᠤᠳᠠᠯ᠎ᠢ ᠰᠢᠢ᠍ᠳᠪᠦᠷᠢᠯᠡᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠬᠦᠯᠦᠨ ᠲᠡᠭᠦᠯᠳᠡᠷᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
《ᠲᠦᠷᠢᠮ》᠎ᠢ ᠲᠣᠭᠲᠠᠭ᠋ᠠᠵᠤ ᠨᠡᠶ᠋ᠢᠲᠡᠯᠡᠭᠰᠡᠨ ᠶᠠᠪᠤᠳᠠᠯ ᠪᠣᠯ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ᠎ᠪᠠᠷ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ᠎ᠪᠠᠷ ᠠᠷᠭ᠋ᠠᠴᠠᠭ᠋ᠠᠬᠤ ᠪᠣᠯ ᠨᠢᠭᠡ ᠵᠦᠢ᠍ᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ᠂ ᠪᠦᠬᠦ ᠲᠠᠯ᠎ᠠ ᠵᠢᠨ ᠴᠢᠨᠠᠷᠲᠠᠶ᠂ ᠶᠡᠷᠦᠩᠬᠡᠶ᠋ᠢᠯᠡᠭᠰᠡᠨ ᠴᠢᠨᠠᠷᠲᠠᠶ ᠠᠤᠭ᠎ᠠ ᠶᠡᠬᠡ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠶ᠋ᠢᠭᠡᠮ᠂ ᠭᠡᠷ ᠪᠦᠯᠢ ᠪᠣᠯᠤᠨ ᠨᠠᠰᠤᠲᠠᠶ᠋ᠢᠴᠤᠳ᠎ᠢ ᠪᠠᠭᠲᠠᠭ᠋ᠠᠭᠰᠠᠨ ᠡᠯ᠎ᠡ ᠲᠠᠯ᠎ᠠ ᠵᠢᠨ ᠬᠦᠴᠦᠨ᠎ᠢ ᠭᠦᠢ᠍ᠴᠡᠳ ᠳᠠᠶ᠋ᠢᠴᠢᠯᠠᠵᠤ᠂ ᠪᠡᠯᠡ ᠮᠥᠩᠭᠥ᠂ ᠠᠵᠢᠯᠳᠠᠨ᠂ ᠲᠠᠯᠠᠪᠤᠷ ᠭᠠᠵᠠᠷ᠂ ᠪᠡᠯᠡᠳᠬᠡᠮᠵᠢ᠂ ᠲᠥᠬᠥᠭᠡᠷᠦᠮᠵᠢ ᠵᠡᠷᠭᠡ ᠡᠯ᠎ᠡ ᠲᠦᠷᠦᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ᠎ᠲᠠᠢ ᠵᠣᠬᠢᠴᠠᠭᠰᠠᠨ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ ᠠᠷᠭ᠋ᠠᠴᠠᠭ᠋ᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠪᠤᠢ ᠪᠣᠯᠭ᠋ᠠᠵᠤ᠂ ᠬᠥᠮᠦᠨ ᠪᠦᠬᠦᠨ᠎ᠳᠤ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡ ᠵᠢ ᠬᠦᠷᠲᠡᠭᠡᠬᠦ ᠦᠨᠡᠨ ᠬᠦ᠌ ᠪᠠᠲᠤᠯᠠᠬᠤ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ᠃
《ᠲᠦᠷᠢᠮ》᠎ᠢ ᠲᠣᠭᠲᠠᠭ᠋ᠠᠵᠤ ᠨᠡᠶ᠋ᠢᠲᠡᠯᠡᠭᠰᠡᠨ ᠶᠠᠪᠤᠳᠠᠯ ᠪᠣᠯ 《ᠨᠠᠰᠤᠲᠠᠶ᠋ᠢᠴᠤᠳ᠎ᠤᠨ ᠡᠷᠬᠡ ᠠᠰᠢᠭ᠎ᠢ ᠪᠠᠲᠤᠯᠠᠬᠤ ᠬᠠᠤᠯᠢ》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠴᠢᠬᠤᠯᠠ ᠢᠯᠡᠷᠡᠯ ᠪᠣᠯᠤᠨ᠎ᠠ᠃ 2018 ᠣᠨ᠎ᠤ 12 ᠳ᠋ᠤᠭ᠋ᠠᠷ ᠰᠠᠷ᠎ᠠ᠎ᠳᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠳᠣᠯᠣᠳᠤᠭ᠋ᠠᠷ ᠬᠤᠷᠠᠯᠳᠤᠭ᠋ᠠᠨ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠲᠠᠶ᠋ᠢᠴᠤᠳ᠎ᠤᠨ ᠡᠷᠬᠡ ᠠᠰᠢᠭ᠎ᠢ ᠪᠠᠲᠤᠯᠠᠬᠤ ᠬᠠᠤᠯᠢ》 ᠵᠢ ᠬᠢᠨᠠᠨ ᠶᠠᠷᠢᠯᠴᠠᠵᠤ ᠪᠠᠲᠤᠯᠠᠪᠠ᠃ ᠮᠠᠨ᠎ᠤ ᠣᠷᠣᠨ 2018 ᠣᠨ᠎ᠤ 10 ᠳ᠋ᠤᠭ᠋ᠠᠷ ᠰᠠᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠶ᠋ᠢᠴᠤᠳ᠎ᠤᠨ ᠡᠷᠬᠡ ᠠᠰᠢᠭ᠎ᠢ ᠪᠠᠲᠤᠯᠠᠬᠤ ᠲᠦᠷᠢᠮ》᠎ᠢ ᠨᠡᠶ᠋ᠢᠲᠡᠯᠡᠨ ᠬᠡᠷᠡᠭᠵᠢᠭᠦᠯᠪᠡ᠃ ᠲᠣᠰ ᠤᠳᠠᠭ᠎ᠠ ᠲᠣᠭᠲᠠᠭ᠋ᠠᠵᠤ ᠨᠡᠶ᠋ᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠷᠢᠮ》᠎ᠨᠢ 《ᠨᠠᠰᠤᠲᠠᠶ᠋ᠢᠴᠤᠳ᠎ᠤᠨ ᠡᠷᠬᠡ ᠠᠰᠢᠭ᠎ᠢ ᠪᠠᠲᠤᠯᠠᠬᠤ ᠬᠠᠤᠯᠢ》 ᠵᠢᠨ ᠬᠠᠤᠯᠢ ᠲᠣᠭᠲᠠᠭ᠋ᠠᠬᠤ ᠵᠣᠷᠢᠭ ᠰᠠᠨᠠᠭ᠎ᠠ ᠪᠠ ᠦᠨᠳᠦᠰᠦᠨ ᠵᠠᠷᠴᠢᠮ᠎ᠢ ᠪᠦᠷᠢᠮᠦᠰᠦᠨ ᠵᠢᠷᠤᠮᠯᠠᠵᠤ᠂ 《ᠲᠦᠷᠢᠮ》᠎ᠳᠠᠬᠢ ᠮᠠᠰᠢ ᠣᠯᠠᠨ ᠵᠦᠢ᠍ᠯ ᠵᠤᠷᠪᠤᠰ ᠪᠠ ᠠᠭᠤᠯᠭ᠎ᠠ᠎ᠨᠢ 《ᠨᠠᠰᠤᠲᠠᠶ᠋ᠢᠴᠤᠳ᠎ᠤᠨ ᠡᠷᠬᠡ ᠠᠰᠢᠭ᠎ᠢ ᠪᠠᠲᠤᠯᠠᠬᠤ ᠬᠠᠤᠯᠢ》 ᠵᠢᠨ ᠬᠣᠯᠪᠣᠭᠳᠠᠯ ᠪᠥᠬᠥᠶ ᠵᠦᠢ᠍ᠯ ᠵᠤᠷᠪᠤᠰ᠎ᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠤᠭᠰᠠᠨᠤ ᠬᠠᠮᠲᠤ ᠪᠠᠰᠠ ᠥᠪᠡᠷᠲᠡᠭᠡᠨ ᠵᠠᠰᠠᠬᠤ ᠣᠷᠣᠨ᠎ᠤ 《ᠨᠠᠰᠤᠲᠠᠶ᠋ᠢᠴᠤᠳ᠎ᠤᠨ ᠡᠷᠬᠡ ᠠᠰᠢᠭ᠎ᠢ ᠪᠠᠲᠤᠯᠠᠬᠤ ᠲᠦᠷᠢᠮ》᠎ᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠎ᠳᠤ ᠴᠢᠬᠤᠯᠠ ᠨᠥᠬᠥᠪᠥᠷᠢ ᠪᠠ ᠪᠦᠷᠢᠨᠰᠢᠭᠦᠯᠦᠯ ᠬᠢᠭᠰᠡᠨ ᠪᠠᠶ᠋ᠢᠨ᠎ᠠ᠃
《ᠲᠦᠷᠢᠮ》᠎ᠢ ᠲᠣᠭᠲᠠᠭ᠋ᠠᠨ ᠨᠡᠢ᠌ᠲᠡᠯᠡᠭᠰᠡᠨ ᠶᠠᠪᠤᠳᠠᠯ ᠪᠣᠯ ᠮᠠᠨ᠎ᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠬᠦᠴᠦᠲᠡᠶ ᠲᠤᠯᠭ᠋ᠠᠭᠤᠷᠢᠯᠠᠯ ᠪᠣᠯᠤᠨ᠎ᠠ᠃ ᠣᠳᠣᠬᠠᠨ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠳᠤ᠂ ᠮᠠᠨ᠎ᠤ ᠣᠷᠣᠨ 《ᠭᠡᠷ ᠪᠦᠯᠢ᠂ ᠨᠡᠶ᠋ᠢᠭᠡᠮ ᠲᠣᠭᠣᠷᠢᠭ᠂ ᠪᠠᠶ᠋ᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠤᠭᠰᠠᠨ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠨᠡᠶ᠋ᠢᠳᠬᠡᠨ ᠰᠢᠯᠢᠳᠡᠭᠵᠢᠭᠦᠯᠬᠦ᠂ ᠬᠠᠩᠭ᠋ᠠᠯᠭ᠎ᠠ ᠵᠢᠨ ᠴᠢᠳᠠᠪᠤᠷᠢ ᠵᠢᠨ ᠪᠠᠲᠤᠯᠠᠭ᠎ᠠ ᠵᠢ ᠴᠢᠩᠭ᠋ᠠᠳᠬᠠᠬᠤ᠂ ᠬᠠᠮᠢᠶᠠᠷᠤᠯᠲᠠ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ᠎ᠢ ᠴᠢᠩᠭ᠋ᠠᠷᠠᠭᠤᠯᠬᠤ ᠵᠡᠷᠭᠡ ᠲᠠᠯ᠎ᠠ᠎ᠪᠠᠷ ᠰᠢᠨ᠎ᠡ ᠠᠬᠢᠴᠠ ᠪᠠ ᠰᠢᠪᠲᠤᠯᠤᠯᠲᠠ᠎ᠲᠠᠢ ᠪᠣᠯᠭ᠋ᠠᠬᠤ᠎ᠪᠠᠷ ᠬᠦᠴᠦᠯᠡᠨ ᠴᠢᠷᠮᠠᠢ᠌ᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠡᠩ ᠴᠢᠨᠠᠷ ᠰᠠᠶ᠋ᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦᠢ᠌ᠴᠡ᠂ ᠨᠡᠩ ᠠᠮᠤᠷ ᠲᠦᠪᠰᠢᠨ ᠬᠥᠭᠵᠢᠯᠲᠡ ᠵᠢ ᠠᠬᠢᠭᠤᠯᠵᠤ᠂ ᠡᠭᠦᠨ᠎ᠤ ᠤᠯᠠᠮ ᠵᠶ᠋ᠡᠷ ᠠᠷᠠᠳ᠎ᠤᠨ ᠠᠮᠢᠳᠤᠷᠠᠯ᠎ᠢ ᠬᠦᠴᠦᠲᠡᠢ ᠪᠠᠲᠤᠯᠠᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠤ᠂ ᠠᠷᠠᠳ ᠲᠦᠮᠡᠨ᠎ᠤ ᠠᠮᠤᠷ ᠲᠠᠶ᠋ᠢᠪᠤᠩ ᠠᠵᠤ ᠲᠦᠷᠦᠭᠦ ᠵᠢ ᠪᠡᠶᠡᠯᠡᠭᠦᠯᠦᠨ᠎ᠡ᠃
《ᠲᠦᠷᠢᠮ》᠎ᠢ ᠲᠣᠭᠲᠠᠭ᠋ᠠᠨ ᠨᠡᠢ᠌ᠲᠡᠯᠡᠭᠰᠡᠨ ᠶᠠᠪᠤᠳᠠᠯ ᠪᠣᠯ ᠨᠠᠰᠤᠲᠠᠶ᠋ᠢᠴᠤᠳ᠎ᠤᠨ ᠬᠡᠷᠡᠭᠴᠡᠭᠡ ᠱᠠᠭ᠋ᠠᠷᠳᠠᠯᠭ᠎ᠠ ᠪᠠ ᠨᠡᠶ᠋ᠢᠭᠡᠮ᠎ᠤᠨ ᠡᠯ᠎ᠡ ᠡᠲᠡᠭᠡᠳ᠎ᠤᠨ ᠬᠦᠰᠡᠯ ᠡᠷᠡᠮᠡᠯᠵᠡᠯ᠎ᠳᠤ ᠬᠠᠷᠢᠭᠤ ᠥᠭᠬᠦ ᠪᠣᠳᠠᠲᠤ ᠠᠵᠢᠯᠯᠠᠭ᠎ᠠ ᠮᠥᠨ᠃ ᠣᠶ᠋ᠢᠯᠠᠭ᠋ᠠᠭᠰᠠᠨ ᠵᠶ᠋ᠠᠷ᠂ ᠣᠳᠣᠬᠠᠨ᠎ᠳᠤ ᠭᠤᠸᠠᠩᠳᠦ᠋ᠩ᠂ ᠾᠤᠪᠸᠢ᠂ ᠵᠢᠶᠠᠩᠰᠦ᠂ ᠱᠠᠨᠳᠦ᠋ᠩ᠂ ᠱᠠᠩᠬᠠᠶ᠂ ᠭᠠᠨᠰᠦ᠂ ᠭᠦᠢ᠍ᠵᠸᠦ ᠵᠡᠷᠭᠡ ᠮᠤᠵᠢ ᠬᠣᠲᠠ ᠮᠤᠵᠢ ᠵᠢᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠷᠢᠮ᠎ᠢ ᠨᠡᠶ᠋ᠢᠲᠡᠯᠡᠵᠦ᠂ ᠨᠠᠨᠵᠢᠩ᠂ ᠳ᠋ᠸᠵᠸᠦ᠂ ᠾᠸᠹᠸᠢ᠂ ᠰᠦᠵᠧᠦ ᠵᠡᠷᠭᠡ ᠲᠤᠰᠬᠠᠶ ᠣᠷᠣᠨ ᠬᠣᠲᠠ ᠣᠷᠣᠨ ᠨᠤᠲᠤᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠷᠢᠮ᠎ᠢ ᠲᠣᠭᠲᠠᠭ᠋ᠠᠭᠰᠠᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠷᠢᠮ᠎ᠢ ᠲᠣᠭᠲᠠᠭ᠋ᠠᠨ ᠨᠡᠶ᠋ᠢᠲᠡᠯᠡᠬᠦ᠎ᠨᠢ ᠨᠠᠰᠤᠲᠠᠶ᠋ᠢᠴᠤᠳ᠎ᠤᠨ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠰᠡᠳᠬᠢᠯ ᠰᠠᠨᠠᠭ᠎ᠠ ᠵᠢ ᠲᠠᠶ᠋ᠢᠳᠬᠤᠷᠠᠭᠤᠯᠬᠤ᠂ ᠵᠤᠭ᠎ᠠ ᠴᠡᠩᠭᠡᠯ ᠵᠡᠷᠭᠡ ᠲᠠᠯ᠎ᠠ ᠵᠢᠨ ᠪᠣᠳᠠᠲᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ 《ᠥᠲᠡᠯᠪᠡᠴᠦ ᠠᠰᠠᠷᠠᠮᠵᠢ᠎ᠲᠠᠢ ᠪᠠᠢ᠌ᠬᠤ᠂ ᠥᠲᠡᠯᠪᠡᠴᠦ ᠲᠦᠰᠢᠭ᠎ᠲᠠᠢ ᠪᠠᠢ᠌ᠬᠤ᠂ ᠥᠲᠡᠯᠪᠡᠴᠦ ᠵᠤᠭᠠᠲᠠᠢ ᠪᠠᠢ᠌ᠬᠤ᠂ ᠥᠲᠡᠯᠪᠡᠴᠦ ᠠᠮᠤᠷ ᠠᠮᠤᠭᠤᠯᠠᠩ ᠪᠠᠢ᠌ᠬᠤ》 ᠵᠢ ᠪᠡᠶᠡᠯᠡᠭᠦᠯᠬᠦ᠎ᠳᠤ ᠠᠰᠢᠭᠲᠠᠶ᠎ᠪᠠᠷ ᠪᠠᠷᠠᠬᠤ ᠥᠬᠡᠶ᠂ ᠪᠠᠰᠠ ᠪᠠᠶ᠋ᠢᠳᠠᠯ᠎ᠤᠨ ᠬᠥᠭᠵᠢᠯᠲᠡ᠎ᠳᠤ ᠵᠣᠬᠢᠴᠠᠭᠤᠯᠤᠨ᠂ ᠣᠯᠠᠨ ᠨᠡᠶ᠋ᠢᠲᠡ ᠵᠢᠨ ᠪᠣᠳᠣᠯ ᠰᠠᠨᠠᠭ᠎ᠠ ᠵᠢ ᠲᠤᠰᠬᠠᠵᠤ᠂ ᠨᠡᠶ᠋ᠢᠭᠡᠮ᠎ᠤᠨ ᠬᠠᠷᠢᠭᠤᠴᠠᠯᠭ᠎ᠠ ᠵᠢ ᠢᠯᠡᠷᠡᠭᠦᠯᠬᠦ᠎ᠳᠤ ᠠᠰᠢᠭᠲᠠᠶ ᠶᠤᠮ᠃
ᠭᠤᠷᠪᠠ᠂ 《ᠲᠦᠷᠢᠮ》᠎ᠤᠨ ᠭᠣᠣᠯ ᠠᠭᠤᠯᠭ᠎ᠠ
《ᠲᠦᠷᠢᠮ》᠎ᠳᠤ ᠶᠡᠷᠦᠩᠬᠡᠶ ᠳᠦᠷᠢᠮ᠂ ᠪᠡᠯᠡᠳᠬᠡᠮᠵᠢ ᠵᠢᠨ ᠲᠥᠯᠥᠪᠵᠢᠭᠦᠯᠭᠡ ᠬᠢᠭᠡᠳ ᠪᠥᠲᠥᠭᠡᠨ ᠪᠠᠶ᠋ᠢᠭᠤᠯᠤᠯᠲᠠ᠂ ᠬᠣᠲᠠ ᠬᠥᠳᠡᠭᠡ ᠵᠢᠨ ᠬᠡᠷ᠎ᠲᠡᠭᠡᠨ ᠰᠠᠭᠤᠬᠤ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠪᠠᠶ᠋ᠢᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠬᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯᠲᠠᠨ᠂ ᠲᠡᠳᠬᠦᠨ ᠳᠡᠮᠵᠢᠬᠦ ᠪᠠᠲᠤᠯᠠᠭ᠎ᠠ ᠬᠠᠩᠭ᠋ᠠᠬᠤ᠂ ᠬᠢᠨᠠᠯᠲᠠ ᠬᠠᠮᠢᠶᠠᠷᠤᠯᠲᠠ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠳᠠᠭ᠋ᠠᠯᠳᠤᠭᠤᠯᠤᠯ ᠲᠦᠷᠢᠮ ᠵᠡᠷᠭᠡ 10 ᠪᠦᠯᠦᠭ 80 ᠵᠦᠢ᠍ᠯ᠎ᠤᠨ ᠪᠣᠳᠠᠲᠠᠶ ᠲᠣᠭᠲᠠᠭ᠋ᠠᠯ ᠭᠠᠷᠭ᠋ᠠᠵᠠᠶ᠃ ᠲᠡᠭᠦᠨ᠎ᠤ ᠠᠭᠤᠯᠭ᠎ᠠ᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢᠨ ᠦᠵᠦ ᠵᠢᠷᠤᠭ ᠲᠥᠯᠥᠪᠯᠡᠭᠡ᠎ᠠᠴᠠ ᠠᠪᠤᠭ᠋ᠠᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠣᠳᠠᠲᠠᠶ ᠭᠣᠭᠴᠣᠭ᠎ᠠ ᠬᠦᠷᠲᠡᠯᠡᠬᠢ ᠡᠯ᠎ᠡ ᠲᠠᠯ᠎ᠠ ᠵᠢ ᠬᠠᠮᠤᠷᠴᠤ᠂ ᠴᠢᠩᠭ᠎ᠠ ᠬᠢᠵᠠᠭ᠋ᠠᠷᠯᠠᠬᠤ ᠳᠦᠷᠢᠮ ᠪᠠᠶ᠋ᠢᠬᠤ᠎ᠪᠠᠷ ᠪᠠᠷᠠᠬᠤ ᠦᠭᠡᠢ ᠪᠠᠰᠠ ᠵᠣᠷᠢᠭᠵᠢᠭᠤᠯᠵᠤ ᠤᠷᠮᠠᠰᠢᠭᠤᠯᠬᠤ ᠠᠷᠭ᠎ᠠ ᠬᠡᠮᠵᠢᠶ᠎ᠡ᠎ᠲᠠᠢ ᠪᠠᠢ᠌ᠵᠤ᠂ ᠶᠡᠷᠦᠩᠬᠡᠶ᠎ᠳᠤ᠎ᠪᠠᠨ ᠡᠷᠬᠡ ᠪᠣᠯᠤᠨ ᠡᠭᠦᠷᠭᠡ ᠵᠢ ᠨᠢᠭᠡᠳᠬᠡᠭᠰᠡᠨ᠂ ᠡᠷᠬᠡ ᠲᠡᠭᠰᠢ ᠴᠢᠨᠠᠷ ᠪᠣᠯᠤᠨ ᠲᠥᠪ ᠭᠣᠣᠯᠴᠢ ᠴᠢᠨᠠᠷ᠎ᠢ ᠤᠶᠠᠯᠳᠤᠭᠤᠯᠤᠭᠰᠠᠨ ᠣᠨᠴᠠᠯᠢᠭ᠎ᠢ ᠬᠠᠷᠠᠭᠤᠯᠪᠠ᠃ ᠡᠭᠦᠨ᠎ᠳᠤ ᠭᠣᠣᠯᠳᠠᠭᠤ ᠳᠣᠣᠷᠠᠬᠢ 9 ᠲᠠᠯ᠎ᠠ ᠵᠢᠨ ᠬᠣᠯᠪᠣᠭᠳᠠᠯ ᠪᠦᠬᠦᠢ ᠲᠣᠭᠲᠠᠭ᠋ᠠᠯ ᠪᠤᠢ᠄
ᠨᠢᠭᠡ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ ᠵᠠᠭ᠋ᠠᠭᠯᠠᠨ ᠲᠣᠭᠲᠠᠭ᠋ᠠᠪᠠ᠃ 《ᠲᠦᠷᠢᠮ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠣᠰ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠵᠠᠷᠤᠳᠠᠯ᠎ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ᠎ᠪᠠᠨ ᠣᠷᠣᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠵᠢᠨ ᠬᠠᠮᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠭᠣᠣᠯᠴᠢᠯᠠᠨ ᠬᠠᠮᠢᠶᠠᠷᠴᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠵᠦ᠂ ᠰᠠᠭᠤᠭ᠋ᠠᠯᠢ ᠠᠷᠠᠳ᠎ᠤᠨ ᠵᠥᠪᠯᠡᠯ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠨᠢ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠪᠣᠯᠤᠨ ᠳᠠᠪᠠᠭᠤᠯᠢᠭ ᠵᠶ᠋ᠠᠨ ᠪᠠᠳᠠᠷᠠᠭᠤᠯᠤᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠬᠠᠪᠰᠤᠷᠤᠨ ᠰᠠᠶ᠋ᠢᠲᠤᠷ ᠬᠢᠬᠦ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠶ᠋ᠢᠭᠡᠮᠯᠢᠭ ᠵᠢᠴᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠲᠦᠷᠦᠯ᠎ᠤᠨ ᠵᠣᠬᠢᠶᠠᠨ ᠪᠠᠶ᠋ᠢᠭᠤᠯᠤᠯᠲᠠ᠂ ᠨᠠᠰᠤᠲᠠᠶ᠋ᠢᠴᠤᠳ᠎ᠤᠨ ᠵᠣᠬᠢᠶᠠᠨ ᠪᠠᠶ᠋ᠢᠭᠤᠯᠤᠯᠲᠠ᠂ ᠪᠤᠶᠠᠨ᠎ᠤ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠲᠤᠰᠢᠶᠠᠯ ᠬᠠᠷᠢᠭᠤᠴᠠᠯᠭ᠎ᠠ ᠪᠤᠶᠤ ᠲᠦᠷᠢᠮ᠎ᠢ ᠦᠨᠳᠦᠰᠦᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠳᠤ ᠣᠷᠣᠯᠴᠠᠬᠤ ᠬᠡᠷᠡᠭᠲᠡᠢ ᠭᠡᠵᠡᠢ᠃
ᠬᠣᠶᠠᠷ᠎ᠲᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠥᠯᠥᠪᠵᠢᠭᠦᠯᠭᠡ ᠪᠣᠯᠤᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃ ᠬᠣᠲᠠ ᠬᠥᠳᠡᠭᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ 《ᠲᠦᠷᠢᠮ》᠎ᠳᠤ ᠲᠣᠭᠲᠠᠭ᠋ᠠᠭᠰᠠᠨ᠎ᠨᠢ᠄ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠠᠳᠠᠯᠢ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠦᠨᠳᠦᠰᠦᠯᠡᠨ᠂ ᠬᠥᠮᠦᠨ ᠠᠮᠠ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠳᠦᠭᠡᠠ ᠪᠠᠶ᠋ᠢᠭᠤᠯᠤᠯᠲᠠ᠎ᠳᠤ ᠭᠠᠵᠠᠷ ᠬᠡᠷᠡᠭᠯᠡᠬᠦ᠎ᠳᠤ ᠤᠯᠤᠰ᠎ᠤᠨ ᠥᠮᠴᠢᠯᠡᠯ᠎ᠤᠨ ᠰᠢᠯᠵᠢᠭᠦᠯᠦᠨ ᠥᠭᠭᠦᠭᠰᠡᠨ ᠭᠠᠵᠠᠷ ᠰᠢᠷᠣᠶ ᠪᠤᠶᠤ ᠬᠠᠮᠲᠤ ᠵᠢᠨ ᠥᠮᠴᠢᠯᠡᠯ᠎ᠤᠨ ᠭᠠᠵᠠᠷ ᠰᠢᠷᠣᠶ ᠵᠢ ᠬᠠᠤᠯᠢ ᠶᠣᠰᠣᠭ᠋ᠠᠷ ᠬᠡᠷᠡᠭᠯᠡᠵᠦ ᠪᠣᠯᠣᠨ᠎ᠠ; ᠠᠰᠢᠭ ᠣᠯᠵᠠᠪᠤᠷᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠎ᠳᠤ ᠭᠠᠵᠠᠷ ᠬᠡᠷᠡᠭᠯᠡᠬᠦ᠎ᠳᠤ ᠲᠦᠷᠢᠶᠡᠰᠦᠯᠡᠭᠦᠯᠬᠦ᠂ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠮᠠᠶᠢᠭ ᠵᠶ᠋ᠠᠷ ᠬᠡᠷᠡᠭᠯᠡᠭᠦᠯᠵᠦ ᠪᠣᠯᠣᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠳ ᠬᠠᠷᠠᠭ᠋ᠠᠯᠵᠠᠯ᠎ᠤᠨ ᠠᠷᠭ᠎ᠠ ᠬᠡᠮᠵᠢᠶ᠎ᠡ ᠲᠣᠭᠲᠠᠭ᠋ᠠᠨ᠂ ᠭᠠᠷᠳᠠᠮ ᠭᠦᠢ᠍ᠴᠡᠳᠬᠡᠬᠦ ᠲᠡᠰ ᠳᠠᠷᠠᠭ᠋ᠠᠯᠠᠯ᠎ᠢ ᠳᠥᠭᠥᠮᠴᠢᠯᠡᠵᠦ᠂ ᠨᠡᠶ᠋ᠢᠭᠡᠮ᠎ᠤᠨ ᠬᠦᠴᠦᠨ᠎ᠢ ᠳᠡᠮᠵᠢᠬᠦ ᠪᠠ ᠬᠥᠲᠥᠯᠥᠨ ᠵᠢᠯᠣᠭᠣᠳᠴᠤ ᠪᠠᠶ᠋ᠢᠭ᠋ᠠᠳ ᠨᠥᠬᠥᠴᠡᠯ ᠪᠦᠷᠢᠳᠦᠭᠰᠡᠨ ᠰᠤᠯᠠ ᠪᠠᠶ᠋ᠢᠬᠤ ᠠᠯᠪᠠᠨ ᠭᠡᠷ ᠪᠠᠶ᠋ᠢᠰᠢᠩ᠂ ᠪᠣᠯᠪᠠᠰᠤᠷᠠᠯ᠎ᠤᠨ ᠲᠥᠪ᠂ ᠰᠤᠷᠭ᠋ᠠᠭᠤᠯᠢ᠂ ᠵᠣᠴᠢᠳ ᠪᠠᠭᠤᠳᠠᠯ᠂ ᠵᠣᠴᠢᠯᠠᠬᠤ ᠭᠠᠵᠠᠷ᠂ ᠰᠤᠪᠢᠯᠠᠯᠲᠠ ᠵᠢᠨ ᠭᠠᠵᠠᠷ᠂ ᠦᠢ᠍ᠯᠡᠳᠪᠦᠷᠢ ᠵᠢᠨ ᠭᠡᠷ ᠪᠠᠶ᠋ᠢᠰᠢᠩ᠂ ᠬᠤᠳᠠᠯᠳᠤᠭ᠋ᠠᠨ᠎ᠤ ᠪᠡᠯᠡᠳᠬᠡᠮᠵᠢ ᠵᠡᠷᠭᠡ ᠵᠢ ᠬᠠᠤᠯᠢ ᠶᠣᠰᠣᠭ᠋ᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠪᠣᠯᠭ᠋ᠠᠨ ᠥᠭᠡᠷᠡᠴᠢᠯᠡᠵᠦ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠬᠥᠭᠵᠢᠭᠦᠯᠬᠦ᠎ᠳᠤ ᠤᠷᠢᠳ ᠵᠶ᠋ᠠᠷ ᠬᠡᠷᠡᠭᠯᠡᠬᠦ ᠵᠢ ᠵᠣᠷᠢᠭᠵᠢᠭᠤᠯᠤᠨ᠎ᠠ᠃ ᠰᠢᠨ᠎ᠡ᠎ᠪᠠᠷ ᠪᠠᠢ᠌ᠭᠤᠯᠤᠭᠰᠠᠨ᠂ ᠥᠭᠡᠷᠡᠴᠢᠯᠡᠨ ᠪᠠᠢ᠌ᠭᠤᠯᠤᠭᠰᠠᠨ ᠪᠠ ᠥᠷᠭᠡᠳᠬᠡᠨ ᠪᠠᠢ᠌ᠭᠤᠯᠤᠭᠰᠠᠨ ᠣᠷᠣᠨ ᠰᠠᠭᠤᠴᠠ ᠵᠢᠨ ᠲᠣᠭᠣᠷᠢᠭ᠎ᠲᠤ ᠵᠠᠭᠤᠨ ᠡᠷᠦᠬᠡ ᠪᠦᠷᠢ᠎ᠳᠤ 20 ᠺᠤᠸᠠᠲ ᠮᠧᠲᠷ᠎ᠠᠴᠠ ᠳᠤᠲᠠᠭᠤ ᠥᠬᠡᠶ ᠪᠠᠷᠢᠯᠭ᠎ᠠ ᠵᠢᠨ ᠲᠠᠯᠠᠪᠠᠶ ᠵᠢᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢ ᠢᠵᠢ ᠪᠥᠷᠢᠳᠦᠭᠦᠯᠦᠨ ᠪᠥᠲᠥᠭᠡᠨ ᠪᠠᠶ᠋ᠢᠭᠤᠯᠬᠤ ᠵᠢᠨ ᠬᠠᠮᠲᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠯᠦᠭᠡ ᠵᠡᠷᠭᠡ᠎ᠳᠤ᠎ᠨᠢ ᠲᠥᠯᠥᠪᠵᠢᠭᠦᠯᠵᠦ᠂ ᠵᠡᠷᠭᠡ᠎ᠳᠤ᠎ᠨᠢ ᠪᠥᠲᠥᠭᠡᠨ ᠪᠠᠶ᠋ᠢᠭᠤᠯᠵᠤ᠂ ᠵᠡᠷᠭᠡ᠎ᠳᠤ᠎ᠨᠢ ᠰᠢᠯᠭ᠋ᠠᠨ ᠠᠪᠴᠤ᠂ ᠵᠡᠷᠭᠡ᠎ᠳᠤ᠎ᠨᠢ ᠲᠥᠯᠥᠪᠦᠷᠢ ᠥᠬᠡᠶ᠎ᠪᠠᠷ ᠲᠤᠰᠢᠶᠠᠨ ᠥᠭᠬᠦ ᠬᠡᠷᠡᠭᠲᠡᠶ᠃ ᠨᠢᠭᠡᠨᠲᠡ ᠪᠠᠶ᠋ᠢᠭᠤᠯᠤᠭᠰᠠᠨ ᠣᠷᠣᠨ ᠰᠠᠭᠤᠴᠠ ᠵᠢᠨ ᠲᠣᠭᠣᠷᠢᠭ᠎ᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢ ᠢᠵᠢ ᠪᠥᠷᠢᠳᠦᠭᠦᠯᠦᠨ ᠪᠥᠲᠥᠭᠡᠨ ᠪᠠᠶ᠋ᠢᠭᠤᠯᠤᠭᠰᠠᠨ ᠥᠬᠡᠶ ᠪᠤᠶᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ᠎ᠨᠢ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠪᠠᠷᠢᠮᠵᠢᠶ᠎ᠠ᠎ᠳᠤ ᠬᠦᠷᠦᠭᠰᠡᠨ ᠥᠬᠡᠶ ᠪᠠᠶ᠋ᠢᠪᠠᠯ᠂ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠭᠤᠨ ᠡᠷᠦᠬᠡ ᠪᠦᠷᠢ᠎ᠳᠤ 20 ᠺᠤᠸᠠᠲ ᠮᠧᠲᠷ᠎ᠠᠴᠠ ᠳᠤᠲᠠᠭᠤ ᠥᠬᠡᠶ ᠪᠠᠷᠢᠯᠭ᠎ᠠ ᠵᠢᠨ ᠲᠠᠯᠠᠪᠠᠶ ᠵᠢᠨ ᠪᠠᠷᠢᠮᠵᠢᠶ᠎ᠠ᠎ᠪᠠᠷ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠣᠬᠢᠷᠠᠭᠤᠯᠤᠯᠲᠠ ᠬᠢᠬᠦ ᠬᠡᠷᠡᠭᠲᠡᠶ ᠭᠡᠵᠡᠢ᠃
ᠭᠤᠷᠪᠠ᠎ᠳᠤ᠂ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠨᠳᠦᠰᠦᠨ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠳᠬᠠᠪᠠ᠃ 《ᠲᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠣᠲᠠ ᠬᠥᠳᠡᠭᠡ ᠵᠢᠨ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠪᠠ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠪᠠᠶ᠋ᠢᠭᠤᠯᠤᠨ ᠪᠦᠷᠢᠨᠰᠢᠭᠦᠯᠵᠦ᠂ ᠠᠵᠤ ᠠᠬᠤᠶ᠋ᠢᠯᠠᠯ ᠪᠠ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠨᠢ ᠨᠡᠶ᠋ᠢᠭᠡᠮ ᠲᠣᠭᠣᠷᠢᠭ᠎ᠲᠤ ᠲᠦᠰᠢᠭᠯᠡᠨ ᠣᠶ᠋ᠢᠷ᠎ᠠ ᠬᠠᠪᠢ᠎ᠳᠤ᠎ᠪᠠᠨ ᠲᠥᠬᠥᠮ ᠦᠵᠡᠭᠦᠯᠬᠦ᠂ ᠠᠮᠤᠷ ᠲᠦᠪᠰᠢᠨ ᠴᠢᠨᠠᠷ ᠰᠠᠶ᠋ᠢᠲᠠᠶ᠂ ᠦᠨ᠎ᠡ ᠬᠠᠩᠰᠢ᠎ᠨᠢ ᠵᠦᠶ ᠵᠣᠬᠢᠰᠲᠠᠶ ᠪᠠᠶ᠋ᠢᠬᠤ ᠵᠠᠷᠴᠢᠮ ᠶᠣᠰᠣᠭ᠋ᠠᠷ ᠬᠣᠲᠠ ᠬᠥᠳᠡᠭᠡ ᠵᠢᠨ ᠨᠠᠰᠤᠲᠠᠶ᠋ᠢᠴᠤᠳ᠎ᠲᠤ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠣᠯᠭᠣᠬᠤ ᠵᠢ ᠠᠬᠢᠭᠤᠯᠬᠤ ᠪᠠ ᠳᠡᠮᠵᠢᠯᠭᠡ ᠦᠵᠡᠭᠦᠯᠬᠦ ᠬᠡᠷᠡᠭᠲᠡᠶ᠃ ᠬᠣᠲᠠ ᠬᠥᠳᠡᠭᠡ ᠵᠢᠨ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠳᠤ ᠭᠣᠤᠯᠳᠠᠭᠤ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯ ᠮᠡᠨᠳᠦ ᠵᠢᠨ ᠰᠤᠪᠢᠯᠠᠯᠲᠠ᠂ ᠣᠶᠤᠨ ᠰᠠᠨᠠᠭ᠋ᠠᠨ᠎ᠤ ᠲᠠᠶ᠋ᠢᠳᠬᠤᠷᠠᠭᠤᠯᠤᠯ᠂ ᠪᠠᠴᠢᠮ ᠠᠪᠤᠷᠠᠨ ᠲᠤᠰᠠᠯᠠᠯᠲᠠ᠂ ᠬᠠᠤᠯᠢ ᠴᠠᠭ᠋ᠠᠵᠠ ᠵᠢᠨ ᠯᠠᠪᠯᠠᠭ᠎ᠠ᠂ ᠨᠠᠰᠤᠲᠠᠶ᠋ᠢᠴᠤᠳ᠎ᠤᠨ ᠬᠥᠮᠦᠵᠢᠯ᠂ ᠰᠣᠶᠣᠯ ᠵᠤᠭ᠎ᠠ ᠴᠡᠩᠭᠡᠯ᠂ ᠪᠡᠶ᠎ᠡ ᠵᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠰᠡᠯᠡᠭᠦᠴᠡᠯ ᠰᠤᠪᠢᠯᠠᠯᠲᠠ ᠵᠡᠷᠭᠡ 6 ᠶᠡᠬᠡ ᠲᠥᠷᠥᠯ 21 ᠵᠦᠢ᠍ᠯ᠎ᠤᠨ ᠪᠣᠳᠠᠲᠠᠶ ᠦᠢ᠍ᠯᠡᠴᠢᠯᠡᠭᠡ ᠪᠠᠭᠲᠠᠨ᠎ᠠ; ᠪᠠᠶ᠋ᠢᠭᠤᠯᠤᠮᠵᠢ ᠵᠢᠨ ᠨᠠᠰᠤᠵᠢᠯ᠎ᠤᠨ ᠠᠰᠠᠷᠠᠮᠵᠢ᠎ᠳᠤ ᠭᠣᠤᠯᠳᠠᠭᠤ ᠠᠮᠢᠳᠤᠷᠠᠯ᠎ᠤᠨ ᠬᠠᠷᠠᠭ᠋ᠠᠯᠵᠠᠯ᠂ ᠡᠳᠦᠷ ᠲᠤᠲᠤᠮ᠎ᠤᠨ ᠡᠷᠡᠭᠦᠯ ᠮᠡᠨᠳᠦ᠂ ᠣᠶᠤᠨ ᠰᠠᠨᠠᠭ᠋ᠠᠨ᠎ᠤ ᠲᠠᠶ᠋ᠢᠳᠬᠤᠷᠠᠭᠤᠯᠤᠯ᠂ ᠰᠣᠶᠣᠯ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ ᠵᠤᠭ᠎ᠠ ᠴᠡᠩᠭᠡᠯ ᠵᠡᠷᠭᠡ 4 ᠶᠡᠬᠡ ᠲᠥᠷᠥᠯ 16 ᠵᠦᠢ᠍ᠯ᠎ᠤᠨ ᠪᠣᠳᠠᠲᠠᠶ ᠦᠢ᠍ᠯᠡᠴᠢᠯᠡᠭᠡ ᠪᠠᠭᠲᠠᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠥᠬᠥᠪᠥᠷᠢ ᠥᠭᠬᠦ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠳᠡᠮᠵᠢᠬᠦ ᠵᠢᠨ ᠬᠠᠮᠲᠤ᠂ ᠠᠵᠤ ᠠᠮᠢᠳᠤᠷᠠᠯ᠎ᠨᠢ ᠬᠦᠴᠢᠷᠳᠡᠯᠲᠡᠶ ᠦᠲᠡᠭᠦᠰ᠂ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠪᠤᠶᠤ ᠬᠡᠰᠡᠭ ᠠᠯᠳᠠᠭᠰᠠᠨ᠂ ᠭᠣᠣᠨᠢ ᠪᠡᠶ᠎ᠡ᠂ ᠭᠠᠭᠴᠠᠭ᠋ᠠᠷ ᠬᠣᠴᠣᠷᠤᠭᠰᠠᠨ᠂ ᠬᠡᠷ᠎ᠲᠤ᠎ᠪᠠᠨ ᠦᠯᠡᠳᠡᠭᠰᠡᠨ ᠪᠠ ᠲᠥᠯᠥᠪᠯᠡᠭᠡᠲᠦ ᠦᠷᠡᠵᠢᠯ᠎ᠤᠨ ᠣᠨᠴᠠᠭ᠋ᠠᠢ ᠬᠡᠷ ᠪᠦᠯᠢ ᠵᠡᠷᠭᠡ ᠨᠠᠰᠤᠲᠠᠶ᠋ᠢᠴᠤᠳ᠎ᠤᠨ ᠬᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠠᠲᠤᠯᠠᠬᠤ ᠬᠡᠷᠡᠭᠲᠡᠶ ᠭᠡᠵᠡᠢ᠃
ᠳᠥᠷᠪᠡ᠎ᠳᠤ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠪᠠ ᠡᠵᠡᠩᠨᠡᠯᠲᠡ ᠵᠢᠨ ᠵᠢᠷᠤᠮᠵᠢᠯ᠎ᠢ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ ᠲᠣᠭᠲᠠᠭ᠋ᠠᠵᠠᠶ᠃ 《ᠲᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠨᠡᠶ᠋ᠢᠭᠡᠮ᠎ᠤᠨ ᠬᠦᠴᠦᠨ᠎ᠤ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠡᠷᠭᠢᠯᠡᠬᠦ ᠵᠢ ᠵᠣᠷᠢᠭᠵᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠠᠴᠠ ᠪᠠᠯᠠ ᠣᠷᠣᠭᠤᠯᠵᠤ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠨᠠᠶ᠋ᠢᠳᠠᠨ ᠬᠠᠮᠢᠶᠠᠷᠤᠭᠤᠯᠬᠤ᠂ ᠲᠦᠷᠢᠶᠡᠰᠦᠯᠡᠨ ᠡᠵᠡᠩᠨᠡᠭᠦᠯᠬᠦ ᠵᠡᠷᠭᠡ ᠠᠷᠭ᠎ᠠ ᠮᠠᠶᠢᠭ ᠵᠶ᠋ᠠᠷ ᠠᠵᠢᠯᠯᠠᠭᠤᠯᠵᠤ ᠪᠣᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠎ᠨᠢ ᠰᠠᠭᠤᠵᠤ ᠪᠠᠶ᠋ᠢᠭ᠎ᠠ ᠨᠠᠰᠤᠲᠠᠨ ᠪᠤᠶᠤ ᠲᠡᠭᠦᠨ᠎ᠤ ᠣᠷᠣᠯᠠᠭᠴᠢ᠎ᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠥᠪᠳᠡᠯᠴᠡᠭᠡᠷ ᠲᠣᠭᠲᠠᠵᠤ᠂ ᠬᠣᠶᠠᠷ ᠲᠠᠯ᠎ᠠ ᠵᠢᠨ ᠡᠷᠬᠡ ᠪᠠ ᠡᠭᠦᠷᠭᠡ ᠵᠢ ᠲᠣᠳᠣᠷᠬᠠᠶ᠋ᠢᠯᠠᠬᠤ ᠬᠡᠷᠡᠭᠲᠡᠢ; ᠠᠰᠠᠷᠠᠮᠵᠢ ᠵᠢᠨ ᠬᠦᠷᠢᠶᠡᠯᠡᠩ᠎ᠳᠤ ᠰᠠᠭᠤᠬᠤ ᠨᠠᠰᠤᠲᠠᠶ᠋ᠢᠴᠤᠳ᠎ᠤᠨ ᠪᠡᠶ᠎ᠡ ᠮᠠᠬᠠᠪᠣᠳ ᠰᠡᠳᠬᠢᠯ ᠰᠠᠨᠠᠭ᠋ᠠᠨ᠎ᠤ ᠡᠷᠡᠭᠦᠯ ᠮᠡᠨᠳᠦ ᠵᠢᠨ ᠪᠠᠶ᠋ᠢᠳᠠᠯ᠎ᠳᠤ ᠠᠰᠠᠷᠠᠮᠵᠢ᠎ᠳᠤ ᠰᠠᠭᠤᠬᠤ ᠪᠠ ᠲᠣᠭᠲᠠᠮᠠᠯ ᠬᠤᠭᠤᠴᠠᠭ᠎ᠠ ᠪᠦᠬᠦᠢ ᠦᠨᠡᠯᠡᠨ ᠵᠢᠱ᠌ᠢᠯᠲᠡ ᠬᠢᠬᠦ ᠵᠢᠨ ᠬᠠᠮᠲᠤ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ ᠬᠠᠷᠠᠭ᠋ᠠᠯᠵᠠᠵᠤ ᠰᠤᠪᠢᠯᠠᠬᠤ ᠵᠡᠷᠭᠡ ᠳᠡᠰ᠎ᠢ ᠲᠣᠭᠲᠠᠭ᠋ᠠᠬᠤ ᠪᠤᠶᠤ ᠬᠤᠪᠢᠷᠠᠭᠤᠯᠬᠤ ᠬᠡᠷᠡᠭᠲᠡᠶ; ᠠᠶᠤᠯᠭᠦᠢ ᠦᠢ᠍ᠯᠡᠳᠪᠦᠷᠢᠯᠡᠯ ᠪᠠ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠬᠡᠵᠦ᠂ ᠭᠠᠯ ᠰᠡᠷᠭᠡᠶ᠋ᠢᠯᠡᠨ ᠤᠨᠲᠠᠷᠠᠭ᠋ᠠᠬᠤ᠂ ᠠᠮᠤᠷ ᠲᠦᠪᠰᠢᠨ᠎ᠤ ᠵᠢᠵᠢᠭᠦᠷ ᠵᠢᠪᠬᠦ᠂ ᠪᠡᠯᠡᠳᠬᠡᠮᠵᠢ ᠲᠥᠬᠥᠭᠡᠷᠦᠮᠵᠢ ᠪᠠ ᠢᠳᠡᠭᠡᠨ᠎ᠤ ᠵᠦᠢ᠍ᠯ ᠡᠮ᠎ᠤᠨ ᠵᠦᠢ᠍ᠯ ᠵᠡᠷᠭᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ; ᠭᠡᠨᠡᠳᠲᠡ ᠵᠢᠨ ᠬᠡᠷᠡᠭ᠎ᠢ ᠪᠠᠴᠢᠮ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠵᠤ᠂ ᠪᠠᠴᠢᠮ ᠪᠠᠶ᠋ᠢᠳᠠᠯ᠎ᠢ ᠠᠷᠠᠭᠴᠠᠭ᠋ᠠᠬᠤ ᠰᠣᠷᠢᠯᠲᠠ ᠪᠠ ᠠᠮᠤᠷ ᠲᠦᠪᠰᠢᠨ᠎ᠤ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠥᠷᠨᠢᠭᠦᠯᠬᠦ ᠵᠢ᠎ᠨᠢ ᠵᠣᠷᠢᠭᠵᠢᠭᠤᠯᠵᠤ᠂ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠨᠠᠰᠤᠲᠠᠶ᠋ᠢᠴᠤᠳ᠎ᠤᠨ ᠣᠷᠣᠨ ᠰᠠᠭᠤᠴᠠ᠎ᠳᠤ ᠬᠡᠷ ᠪᠦᠯᠢ ᠵᠢᠨ ᠬᠠᠷᠠᠭ᠋ᠠᠯᠵᠠᠨ ᠠᠰᠠᠷᠠᠬᠤ ᠣᠷᠣ ᠭᠠᠷᠭ᠋ᠠᠬᠤ᠎ᠳᠤ ᠳᠡᠮᠵᠢᠯᠭᠡ ᠦᠵᠡᠭᠦᠯᠬᠦ ᠬᠡᠷᠡᠭᠲᠡᠢ᠃ ᠨᠠᠷᠠᠲᠤ ᠲᠥᠷᠥᠯ ᠲᠡᠮᠳᠡᠭᠵᠢᠭᠰᠡᠨ᠂ ᠬᠡᠯᠬᠢᠶᠡᠵᠢᠭᠰᠡᠨ᠂ ᠲᠤᠰᠬᠠᠶ᠋ᠢᠵᠢᠭᠰᠠᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠬᠥᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ ᠭᠡᠵᠡᠢ᠃
ᠲᠠᠪᠤ᠎ᠳᠤ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠵᠢ ᠤᠶᠠᠯᠳᠤᠭᠤᠯᠬᠤ ᠲᠠᠯ᠎ᠠ᠎ᠪᠠᠷ ᠤᠳᠤᠷᠢᠳᠤᠮᠵᠢ ᠵᠢᠨ ᠴᠢᠨᠠᠷᠲᠠᠶ ᠵᠢᠯᠣᠭᠣᠳᠣᠯᠭ᠎ᠠ ᠳᠤᠷᠠᠳᠪᠠ᠃ 《ᠲᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠎ᠳᠤ ᠡᠮᠴᠢᠯᠡᠭᠡᠨ᠎ᠤ ᠪᠠᠶ᠋ᠢᠭᠤᠯᠤᠮᠵᠢ ᠭᠠᠷᠭ᠋ᠠᠬᠤ ᠵᠢ ᠳᠡᠮᠵᠢᠵᠦ᠂ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠵᠢᠯᠣᠭᠣᠳᠤᠨ ᠨᠠᠰᠤᠲᠠᠶ᠋ᠢᠴᠤᠳ᠎ᠢ ᠠᠰᠠᠷᠠᠬᠤ ᠣᠷᠣ ᠭᠠᠷᠭ᠋ᠠᠬᠤ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠳᠣᠲᠣᠷ᠎ᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠵᠦ ᠪᠠᠶ᠋ᠢᠪᠠᠯ᠂ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭ᠋ᠠᠬᠤ ᠬᠡᠪᠴᠢᠶᠡᠨ᠎ᠳᠤ ᠣᠷᠣᠭᠤᠯᠵᠤ ᠪᠣᠯᠣᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠬᠢᠭᠡᠳ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠬᠠᠮᠲᠤᠷᠠᠯᠴᠠᠨ ᠠᠵᠢᠯᠯᠠᠬᠤ ᠵᠢ ᠠᠬᠢᠭᠤᠯᠵᠤ᠂ ᠤᠷᠢᠳᠴᠢᠯᠠᠨ ᠪᠣᠯᠵᠣᠵᠤ ᠡᠮᠨᠡᠭᠦᠯᠬᠦ᠂ ᠬᠣᠤᠰ ᠴᠢᠭᠯᠡᠯ ᠵᠶ᠋ᠠᠷ ᠰᠢᠯᠵᠢᠭᠦᠯᠦᠨ ᠡᠮᠨᠡᠭᠦᠯᠬᠦ᠂ ᠲᠦᠷᠭᠡᠨ ᠡᠮᠨᠡᠭᠦᠯᠬᠦ ᠵᠡᠷᠭᠡ ᠡᠮᠴᠢᠯᠡᠭᠡᠨ᠎ᠤ ᠦᠢ᠍ᠯᠡᠴᠢᠯᠡᠭᠡᠨ᠎ᠤ ᠰᠢᠭᠤᠳ ᠵᠠᠮ᠎ᠢ ᠪᠠᠶ᠋ᠢᠭᠤᠯᠵᠤ᠂ ᠨᠠᠰᠤᠲᠠᠶ᠋ᠢᠴᠤᠳ᠎ᠤᠨ ᠡᠮᠴᠢᠯᠡᠭᠡᠨ᠎ᠤ ᠦᠢ᠍ᠯᠡᠴᠢᠯᠡᠭᠡ ᠬᠦᠷᠲᠡᠬᠦ᠎ᠳᠤ ᠲᠥᠬᠥᠮ ᠦᠵᠡᠭᠦᠯᠬᠦ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠦᠨᠳᠦᠰᠦᠨ ᠱᠠᠲᠤᠨ᠎ᠤ ᠡᠮ ᠬᠡᠷᠡᠭᠯᠡᠬᠦ ᠬᠠᠮᠢᠶᠠᠷᠤᠯᠲᠠ ᠵᠢᠨ ᠲᠦᠷᠢᠮ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠡᠷᠡᠭᠯᠡᠬᠦ ᠡᠮ᠎ᠤᠨ ᠲᠠᠩᠰᠠ ᠲᠠᠶ᠋ᠢᠯᠬᠤ ᠲᠥᠷᠥ ᠵᠢᠨ ᠪᠣᠳᠣᠯᠭ᠎ᠠ ᠵᠢ ᠪᠦᠷᠢᠨᠰᠢᠭᠦᠯᠵᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠮ᠎ᠤᠨ ᠵᠦᠢ᠍ᠯ᠎ᠤᠨ ᠲᠣᠬᠢᠷᠠᠭᠤᠯᠤᠯᠲᠠ ᠵᠢ ᠪᠠᠲᠤᠯᠠᠵᠤ᠂ ᠨᠠᠰᠤᠲᠠᠶ᠋ᠢᠴᠤᠳ᠎ᠤᠨ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠤᠳᠠᠭ᠋ᠠᠨ ᠴᠢᠨᠠᠷᠲᠠᠶ ᠡᠪᠡᠳᠴᠢᠨ᠎ᠢ ᠡᠮᠨᠡᠨ ᠵᠠᠰᠠᠬᠤ᠎ᠳᠤ ᠲᠥᠬᠥᠮ ᠦᠵᠡᠭᠦᠯᠬᠦ ᠬᠡᠷᠡᠭᠲᠡᠶ᠃ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠨᠠᠰᠤᠲᠠᠶ᠋ᠢᠴᠤᠳ᠎ᠲᠤ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠤᠨ ᠥᠭᠴᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠦᠢ᠍ᠳᠬᠡᠯ ᠬᠤᠷᠢᠶᠠᠬᠤ ᠥᠬᠡᠶ᠎ᠪᠠᠷ ᠪᠡᠶ᠎ᠡ ᠵᠢᠨ ᠪᠠᠶ᠋ᠢᠴᠠᠭ᠋ᠠᠯᠲᠠ ᠬᠢᠬᠦ᠂ ᠡᠷᠡᠭᠦᠯ ᠮᠡᠨᠳᠦ ᠵᠢᠨ ᠵᠢᠯᠣᠭᠣᠳᠣᠯᠭ᠎ᠠ ᠬᠢᠬᠦ᠂ ᠡᠷᠡᠭᠦᠯᠵᠢᠯ᠎ᠤᠨ ᠯᠠᠪᠯᠠᠭ᠎ᠠ ᠥᠭᠬᠦ᠂ ᠭᠡᠷ᠎ᠲᠤ᠎ᠨᠢ ᠬᠦᠷᠴᠦ ᠡᠮᠴᠢᠯᠡᠬᠦ ᠵᠡᠷᠭᠡ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠶ᠃ ᠨᠥᠬᠥᠴᠡᠯ ᠪᠦᠬᠦᠢ ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ᠋ᠢᠯᠡᠭᠰᠡᠨ ᠡᠮᠴᠢᠯᠡᠭᠡᠨ᠎ᠤ ᠪᠠᠶ᠋ᠢᠭᠤᠯᠤᠮᠵᠢ᠎ᠤᠨ ᠨᠠᠰᠤᠲᠠᠶ᠋ᠢᠴᠤᠳ᠎ᠤᠨ ᠡᠪᠡᠳᠴᠢᠨ᠎ᠤ ᠰᠠᠯᠠᠭ᠎ᠠ ᠭᠠᠷᠭ᠋ᠠᠬᠤ᠂ ᠨᠠᠰᠤᠲᠠᠶ᠋ᠢᠴᠤᠳ᠎ᠤᠨ ᠡᠪᠡᠳᠴᠢᠲᠡᠨ᠎ᠤ ᠣᠷᠣ ᠨᠡᠮᠡᠵᠦ ᠭᠠᠷᠭ᠋ᠠᠬᠤ ᠵᠢ᠎ᠨᠢ ᠵᠣᠷᠢᠭᠵᠢᠭᠤᠯᠬᠤ ᠬᠡᠷᠡᠭᠲᠡᠢ᠃ ᠬᠢᠲᠠᠳ ᠡᠮᠨᠡᠯᠭᠡ (ᠮᠣᠩᠭᠣᠯ ᠡᠮᠨᠡᠯᠭᠡ)᠂ ᠲᠤᠰᠬᠠᠶ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠨᠠᠰᠤᠲᠠᠶ᠋ᠢᠴᠤᠳ᠎ᠤᠨ ᠡᠪᠡᠳᠴᠢᠨ᠎ᠤ ᠲᠤᠰᠬᠠᠶ ᠰᠠᠯᠠᠭ᠎ᠠ ᠪᠠᠶ᠋ᠢᠭᠤᠯᠬᠤ ᠵᠢ᠎ᠨᠢ ᠵᠣᠷᠢᠭᠵᠢᠭᠤᠯᠬᠤ ᠬᠡᠷᠡᠭᠲᠡᠢ᠃ ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ᠋ᠢᠯᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠬᠡᠷᠡᠭᠴᠡᠭᠡ᠎ᠪᠠᠨ ᠦᠨᠳᠦᠰᠦᠯᠡᠨ᠂ ᠠᠮᠤᠷ ᠲᠠᠶ᠋ᠢᠪᠤᠩ ᠰᠤᠪᠢᠯᠠᠯᠲᠠ ᠵᠢᠨ ᠡᠪᠡᠳᠴᠢᠲᠡᠨ᠎ᠤ ᠣᠷᠣᠨ ᠭᠠᠷᠭ᠋ᠠᠬᠤ ᠪᠤᠶᠤ ᠠᠮᠤᠷ ᠲᠠᠶ᠋ᠢᠪᠤᠩ ᠰᠤᠪᠢᠯᠠᠯᠲᠠ ᠵᠢᠨ ᠣᠷᠣ ᠭᠠᠷᠭ᠋ᠠᠵᠤ ᠪᠣᠯᠤᠨ᠎ᠠ ᠭᠡᠵᠡᠢ᠃
ᠵᠢᠷᠭᠤᠭ᠎ᠠ᠎ᠳᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠪᠠ᠃ 《ᠲᠦᠷᠢᠮ》᠎ᠳᠤ ᠲᠣᠭᠲᠠᠭ᠋ᠠᠭᠰᠠᠨ᠎ᠨᠢ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠭᠢᠯᠡᠭᠰᠡᠳ᠎ᠲᠠᠢ ᠬᠠᠤᠯᠢ ᠶᠣᠰᠣᠭ᠋ᠠᠷ ᠬᠥᠳᠡᠯᠮᠦᠷᠢ ᠵᠢᠨ ᠬᠠᠷᠢᠴᠠᠭ᠎ᠠ ᠪᠠᠶ᠋ᠢᠭᠤᠯᠵᠤ᠂ ᠠᠵᠢᠯ᠎ᠤᠨ ᠨᠥᠬᠥᠴᠡᠯ ᠵᠶ᠋ᠠᠨ ᠰᠠᠶ᠋ᠢᠵᠢᠷᠠᠭᠤᠯᠤᠨ᠂ ᠬᠥᠳᠡᠯᠮᠦᠷᠢ ᠵᠢᠨ ᠬᠠᠮᠠᠭ᠋ᠠᠯᠠᠯᠲᠠ ᠪᠠ ᠠᠵᠢᠯ ᠮᠡᠷᠭᠡᠵᠢᠯ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠭᠢᠯᠡᠭᠰᠡᠳ᠎ᠲᠤ ᠬᠠᠤᠯᠢ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠢ ᠲᠤᠰᠢᠶᠠᠵᠤ ᠥᠭᠬᠦ ᠵᠢᠨ ᠬᠠᠮᠲᠤ ᠲᠡᠳᠡᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠡᠷᠡᠭᠦᠯ ᠮᠡᠨᠳᠦ ᠵᠢᠨ ᠪᠠᠶ᠋ᠢᠴᠠᠭ᠋ᠠᠯᠲᠠ ᠬᠢᠯᠭᠡᠬᠦ᠎ᠪᠠᠷ ᠲᠣᠬᠢᠷᠠᠭᠤᠯᠬᠤ ᠬᠡᠷᠡᠭᠲᠡᠶ; ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠥᠮᠦᠵᠢᠯ᠂ ᠬᠠᠤᠯᠢ᠎ᠪᠠᠷ ᠵᠠᠰᠠᠬᠤ ᠬᠥᠮᠦᠵᠢᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠲᠡᠳᠡᠨ᠎ᠤ ᠠᠵᠢᠯ ᠮᠡᠷᠭᠡᠵᠢᠯ᠎ᠤᠨ ᠶᠣᠰᠣ ᠮᠣᠷᠠᠯ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠡᠷᠭᠡ᠎ᠳᠤ ᠲᠦᠰᠢᠭᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠶ᠋ᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠬᠤ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠡᠷᠭᠢᠯᠡᠵᠦ ᠪᠠᠶ᠋ᠢᠭ᠎ᠠ ᠠᠵᠢᠯ ᠡᠷᠭᠢᠯᠡᠬᠦ ᠡᠮᠴᠢ᠂ ᠰᠤᠪᠢᠯᠠᠭᠴᠢ᠂ ᠡᠷᠡᠭᠦᠯᠵᠢᠭᠦᠯᠬᠦ ᠡᠮᠴᠢ ᠵᠡᠷᠭᠡ ᠲᠤᠰᠬᠠᠶ ᠮᠡᠷᠭᠡᠵᠢᠯ᠎ᠤᠨ ᠠᠵᠢᠯᠲᠠᠨ᠎ᠳᠤ ᠡᠮᠴᠢᠯᠡᠭᠡᠨ᠎ᠤ ᠪᠠᠶ᠋ᠢᠭᠤᠯᠤᠮᠵᠢ᠎ᠲᠠᠢ ᠠᠳᠠᠯᠢᠬᠠᠨ ᠠᠵᠢᠯ ᠡᠷᠭᠢᠯᠡᠬᠦ ᠬᠢᠷᠢ ᠬᠡᠮ᠂ ᠳᠡᠩᠰᠡᠯᠡᠵᠦ ᠬᠢᠨᠠᠨ ᠰᠢᠯᠭ᠋ᠠᠬᠤ ᠲᠦᠷᠢᠮ᠎ᠢ ᠬᠡᠷᠡᠭᠵᠢᠭᠦᠯᠵᠦ᠂ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ᠂ ᠦᠷᠭᠦᠯᠵᠢᠯᠡᠨ ᠰᠤᠷᠭ᠋ᠠᠨ ᠬᠥᠮᠦᠵᠢᠭᠦᠯᠬᠦ ᠵᠡᠷᠭᠡ ᠲᠠᠯ᠎ᠠ᠎ᠪᠠᠷ ᠡᠮᠴᠢᠯᠡᠭᠡᠨ᠎ᠤ ᠪᠠᠶ᠋ᠢᠭᠤᠯᠤᠮᠵᠢ ᠵᠢᠨ ᠠᠳᠠᠯᠢ ᠲᠥᠷᠥᠯ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠲᠠᠢ ᠠᠳᠠᠯᠢᠬᠠᠨ ᠬᠠᠷᠠᠭ᠋ᠠᠯᠵᠠᠯ ᠬᠦᠷᠲᠡᠭᠡᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠭᠢᠯᠡᠭᠰᠡᠳ᠎ᠤᠨ ᠡᠩᠨᠡᠭᠡ ᠵᠢ ᠲᠣᠭᠲᠠᠪᠤᠷᠢᠵᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠭᠢᠯᠡᠭᠰᠡᠳ᠎ᠤᠨ ᠬᠥᠯᠥᠰᠥ ᠣᠯᠭᠣᠮᠵᠢ ᠵᠢ ᠵᠦᠶ ᠵᠣᠬᠢᠰᠲᠠᠶ ᠨᠡᠮᠡᠭᠳᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠭᠢᠯᠡᠭᠰᠡᠳ᠎ᠤᠨ ᠪᠣᠯᠪᠠᠰᠤᠷᠠᠯ᠎ᠤᠨ ᠵᠠᠷᠤᠳᠠᠯ᠎ᠤᠨ ᠨᠥᠬᠥᠪᠥᠷᠢ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ ᠭᠡᠵᠡᠢ᠃
ᠲᠤᠯᠤᠭ᠎ᠠ᠎ᠳᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ ᠠᠯᠢ ᠤᠯᠠᠨ ᠲᠡᠳᠬᠦᠨ ᠳᠡᠮᠵᠢᠬᠦ ᠪᠠᠲᠤᠯᠠᠭ᠎ᠠ ᠵᠢᠨ ᠲᠦᠷᠢᠮ᠎ᠢ ᠢᠵᠢ ᠪᠦᠷᠢᠳᠦᠭᠦᠯᠦᠨ ᠪᠦᠷᠢᠨᠰᠢᠭᠦᠯᠪᠡ᠃ 《ᠲᠦᠷᠢᠮ》᠎ᠳᠤ ᠲᠣᠭᠲᠠᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ᠂ ᠡᠳ᠋᠎ᠤᠨ ᠵᠠᠰᠠᠭ᠎ᠤᠨ ᠪᠠᠶ᠋ᠢᠳᠠᠯ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠡᠷᠭᠡ ᠪᠠᠶ᠋ᠢᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢ ᠲᠣᠭᠲᠠᠭ᠋ᠠᠨ ᠨᠡᠶ᠋ᠢᠲᠡᠯᠡᠵᠦ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢᠨ ᠵᠢᠯᠣᠭᠣᠳᠬᠤ ᠴᠢᠨᠠᠷᠲᠠᠶ ᠭᠠᠷᠴᠠᠭ᠎ᠲᠤ ᠣᠷᠣᠭᠤᠯᠬᠤ ᠬᠡᠷᠡᠭᠲᠡᠶ᠃ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠷᠴᠠᠭ᠎ᠤᠨ ᠶᠣᠰᠣᠭ᠋ᠠᠷ ᠵᠠᠰᠠᠭ᠎ᠤᠨ ᠣᠷᠳᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠵᠢ ᠠᠬᠢᠭᠤᠯᠵᠤ᠂ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠣᠶᠤᠨ ᠰᠠᠨᠠᠭ᠋ᠠᠨ᠎ᠤ ᠲᠠᠶ᠋ᠢᠳᠬᠤᠷᠠᠭᠤᠯᠤᠯ ᠵᠡᠷᠭᠡ ᠦᠢ᠍ᠯᠡᠴᠢᠯᠡᠭᠡ ᠵᠢ ᠭᠣᠤᠯᠳᠠᠯᠭ᠎ᠠ᠎ᠲᠠᠢ ᠬᠤᠳᠠᠯᠳᠤᠨ ᠠᠪᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠶ ᠳᠠᠭ᠋ᠠᠳᠬᠠᠯ᠂ ᠠᠰᠠᠷᠠᠮᠵᠢ ᠵᠢᠴᠢ ᠲᠡᠩᠬᠡᠷᠡᠭᠦᠯᠦᠨ ᠲᠤᠰᠠᠯᠠᠬᠤ ᠵᠢ ᠬᠠᠷᠢᠯᠴᠠᠨ ᠵᠣᠯᠭ᠋ᠠᠭᠤᠯᠤᠭᠰᠠᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠪᠠᠲᠤᠯᠠᠭ᠎ᠠ ᠵᠢᠨ ᠲᠦᠷᠢᠮ᠎ᠢ ᠪᠠᠶ᠋ᠢᠭᠤᠯᠵᠤ᠂ ᠣᠷᠳᠣ ᠬᠤᠭᠤᠴᠠᠭ᠎ᠠ᠎ᠪᠠᠷ ᠴᠢᠳᠠᠪᠤᠷᠢ᠎ᠪᠠᠨ ᠠᠯᠳᠠᠭᠰᠠᠨ ᠨᠠᠰᠤᠲᠠᠶ᠋ᠢᠴᠤᠳ᠎ᠤᠨ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠂ ᠪᠠᠶ᠋ᠢᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠦᠷᠭᠦᠯᠵᠢᠯᠡᠨ ᠬᠦᠷᠲᠡᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠠᠰᠤᠲᠠᠶ᠋ᠢᠴᠤᠳ᠎ᠤᠨ ᠴᠢᠳᠠᠪᠤᠷᠢ ᠵᠢ ᠦᠨᠡᠯᠡᠨ ᠵᠢᠱ᠌ᠢᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠨᠠᠰᠤᠲᠠᠶ᠋ᠢᠴᠤᠳ᠎ᠤᠨ ᠦᠲᠡᠭᠦᠰ᠎ᠤᠨ ᠨᠡᠮᠡᠭᠦᠷᠢ᠂ ᠠᠵᠤ ᠠᠮᠢᠳᠤᠷᠠᠯ᠎ᠨᠢ ᠬᠦᠴᠢᠷᠳᠡᠯᠲᠡᠶ ᠨᠠᠰᠤᠲᠠᠶ᠋ᠢᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠥᠷᠢ᠂ ᠠᠮᠢᠳᠤᠷᠠᠯ ᠵᠶ᠋ᠠᠨ ᠥᠪᠡᠷ ᠵᠶ᠋ᠠᠨ ᠠᠷᠭ᠋ᠠᠴᠠᠭ᠋ᠠᠵᠤ ᠳᠡᠶ᠋ᠢᠯᠬᠦ ᠥᠬᠡᠶ ᠭᠡᠵᠦ ᠮᠠᠭ᠋ᠠᠳᠯᠠᠨ ᠲᠣᠭᠲᠠᠭ᠋ᠠᠭᠰᠠᠨ ᠠᠵᠤ ᠠᠮᠢᠳᠤᠷᠠᠯ᠎ᠨᠢ ᠬᠦᠴᠢᠷᠳᠡᠯ᠎ᠲᠠᠢ ᠨᠠᠰᠤᠲᠠᠶ᠋ᠢᠴᠤᠳ᠎ᠢ ᠠᠰᠠᠷᠠᠨ ᠰᠤᠪᠢᠯᠠᠬᠤ ᠨᠥᠬᠥᠪᠥᠷᠢ᠂ ᠨᠠᠰᠤᠲᠠᠶ᠋ᠢᠴᠤᠳ᠎ᠤᠨ ᠰᠠᠨᠠᠭ᠋ᠠᠨ᠎ᠳᠤ ᠥᠬᠡᠶ ᠭᠡᠮᠲᠦᠯ᠎ᠤᠨ ᠳᠠᠭ᠋ᠠᠳᠬᠠᠯ ᠵᠡᠷᠭᠡ ᠨᠠᠰᠤᠵᠢᠯ᠎ᠤᠨ ᠦᠨᠳᠦᠰᠦᠨ ᠦᠢ᠍ᠯᠡᠴᠢᠯᠡᠭᠡᠨ᠎ᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃
ᠨᠠᠢ᠍ᠮᠠ᠎ᠳᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠪᠠ᠃ 《ᠲᠦᠷᠢᠮ》᠎ᠳᠤ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠬᠢᠨᠠᠨ ᠬᠠᠮᠢᠶᠠᠷᠬᠤ ᠲᠦᠷᠢᠮ᠎ᠢ ᠪᠦᠷᠢᠨᠰᠢᠭᠦᠯᠦᠨ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠬᠡᠮᠵᠢᠬᠦ ᠲᠥᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ᠎ᠨᠢ ᠬᠢᠨᠠᠨ ᠬᠡᠮᠵᠢᠬᠦ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠭᠰᠠᠨ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠬᠡᠮᠵᠢᠭᠰᠡᠨ ᠦᠷ᠎ᠡ ᠳ᠋ᠦᠩ᠎ᠢ ᠨᠡᠶ᠋ᠢᠭᠡᠮ ᠨᠡᠢ᠌ᠲᠡ᠎ᠳᠤ ᠢᠯᠡ ᠨᠡᠢ᠌ᠲᠡᠯᠡᠬᠦ ᠵᠢᠨ ᠬᠠᠮᠲᠤ ᠲᠡᠭᠦᠨ᠎ᠤ ᠬᠣᠯᠪᠣᠭᠳᠠᠯ ᠪᠦᠬᠦᠢ ᠨᠥᠬᠥᠪᠥᠷᠢ ᠣᠯᠬᠤ ᠵᠢᠨ ᠬᠢᠨᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠪᠣᠯᠭ᠋ᠠᠬᠤ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠪᠠ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠵᠠᠰᠠᠭ᠎ᠤᠨ ᠣᠷᠳᠣᠨ᠎ᠠᠴᠠ ᠪᠠᠯᠠ ᠣᠷᠣᠭᠤᠯᠤᠨ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠡᠳ᠋᠎ᠤᠨ ᠶᠠᠪᠤᠳᠠᠯ᠎ᠤᠨ ᠪᠠᠶ᠋ᠢᠳᠠᠯ᠂ ᠡᠳ᠋᠎ᠤᠨ ᠵᠠᠰᠠᠭ᠎ᠤᠨ ᠴᠢᠨᠠᠷᠲᠠᠶ ᠪᠠᠯᠠ ᠮᠥᠩᠭᠥ ᠵᠢ ᠬᠡᠷᠡᠭᠯᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ᠎ᠳᠠᠬᠢ ᠬᠠᠤᠯᠢ ᠪᠤᠰᠤ᠎ᠪᠠᠷ ᠪᠠᠯᠠ ᠴᠤᠭᠯᠠᠭᠤᠯᠬᠤ᠂ ᠬᠢᠬᠠᠨ ᠮᠡᠬᠡᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠣᠯᠪᠣᠭᠳᠠᠯ ᠪᠥᠬᠥᠶ ᠪᠠᠶ᠋ᠢᠳᠠᠯ᠎ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠵᠦ᠂ ᠲᠦᠭᠰᠢᠭᠦᠷᠢ ᠵᠢᠨ ᠰᠠᠨᠠᠭᠤᠯᠤᠮᠵᠢ ᠵᠢ ᠴᠢᠩᠭ᠋ᠠᠳᠬᠠᠬᠤ ᠵᠢᠨ ᠬᠠᠮᠲᠤ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠡᠳᠦᠯᠲᠡᠶ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠤᠲᠠᠰᠤ ᠪᠤᠶᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨᠯᠦᠭᠡ ᠬᠣᠯᠪᠣᠭᠳᠠᠬᠤ ᠵᠠᠭ᠋ᠠᠯᠳᠤᠯᠭ᠎ᠠ᠂ ᠢᠯᠡᠴᠢᠯᠡᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠶ; ᠵᠠᠭ᠋ᠠᠯᠳᠤᠯᠭ᠎ᠠ᠂ ᠢᠯᠡᠴᠢᠯᠡᠯᠲᠡ ᠵᠢ ᠣᠯᠤᠭᠰᠠᠨ᠎ᠤ ᠳᠠᠷᠠᠭ᠎ᠠ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ ᠪᠥᠭᠡᠳ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠵᠠᠭ᠋ᠠᠯᠳᠤᠭᠴᠢ᠂ ᠢᠯᠡᠴᠢᠯᠡᠭᠴᠢ᠎ᠳᠤ ᠮᠡᠳᠡᠭᠳᠡᠬᠦ ᠬᠡᠷᠡᠭᠲᠡᠶ᠃
ᠶᠢᠰᠦ᠎ᠳᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶᠡᠨ᠎ᠳᠠᠬᠢ ᠬᠠᠤᠯᠢ ᠴᠠᠭ᠋ᠠᠵᠠ ᠵᠢᠨ ᠴᠠᠭ᠋ᠠᠵᠠᠯᠠᠬᠤ ᠦᠢ᠍ᠯᠡ ᠠᠵᠢᠯᠯᠠᠭ᠎ᠠ ᠪᠠ ᠵᠣᠬᠢᠴᠠᠩᠭᠤᠶ ᠰᠢᠳᠬᠡᠬᠦ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠪᠠ᠃ 《ᠳᠦᠷᠢᠮ》᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠢᠵᠢ ᠪᠦᠷᠢᠳᠦᠭᠦᠯᠬᠦ ᠪᠡᠯᠡᠳᠬᠡᠮᠵᠢ ᠵᠢ ᠲᠣᠭᠲᠠᠭ᠋ᠠᠯ ᠶᠣᠰᠣᠭ᠋ᠠᠷ ᠪᠠᠶ᠋ᠢᠭᠤᠯᠤᠭᠰᠠᠨ ᠦᠭᠡᠶ ᠪᠥᠭᠡᠳ ᠲᠤᠰᠢᠶᠠᠨ ᠥᠭᠴᠦ ᠬᠡᠷᠡᠭᠯᠡᠭᠦᠯᠦᠭᠰᠡᠨ ᠦᠭᠡᠶ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠬᠡᠷᠡᠭᠯᠡᠯᠲᠡ ᠵᠢᠨ ᠰᠢᠨᠵᠢ ᠴᠢᠨᠠᠷ᠎ᠢ ᠳᠤᠷ᠎ᠠ᠎ᠪᠠᠷ ᠵᠶ᠋ᠠᠨ ᠥᠭᠡᠷᠡᠴᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢ ᠡᠵᠡᠯᠡᠭᠰᠡᠨ᠂ ᠬᠣᠬᠢᠷᠠᠭᠤᠯᠤᠭᠰᠠᠨ ᠪᠤᠶᠤ ᠳᠤᠷ᠎ᠠ᠎ᠪᠠᠷ ᠵᠶ᠋ᠠᠨ ᠨᠤᠷᠠᠭ᠋ᠠᠭᠰᠠᠨ ᠵᠡᠷᠭᠡ ᠪᠠᠶ᠋ᠢᠳᠠᠯ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯᠲᠠᠨ ᠨᠠᠰᠤᠲᠠᠨ᠎ᠢ ᠬᠠᠷᠢᠶᠠᠭᠰᠠᠨ᠂ ᠳᠣᠷᠣᠮᠵᠢᠯᠠᠭᠰᠠᠨ᠂ ᠬᠠᠯᠠ ᠦᠵᠡᠭᠦᠯᠦᠭᠰᠡᠨ᠂ ᠵᠣᠳᠣᠭᠰᠠᠨ᠂ ᠨᠠᠰᠤᠲᠠᠨ᠎ᠤ ᠡᠳ᠋ ᠬᠣᠭᠰᠢᠯ᠎ᠢ ᠬᠤᠯᠠᠭ᠋ᠠᠢ᠌ᠯᠠᠭᠰᠠᠨ᠂ ᠮᠡᠬᠡᠯᠡᠨ ᠠᠪᠤᠭᠰᠠᠨ᠂ ᠠᠯᠪᠠᠳᠠᠯᠭ᠎ᠠ᠎ᠪᠠᠷ ᠬᠢᠬᠠᠨ ᠠᠪᠤᠭᠰᠠᠨ ᠪᠤᠶᠤ ᠵᠣᠷᠢᠭᠤᠳᠠ ᠡᠪᠳᠡᠨ ᠰᠦᠢ᠍ᠳᠬᠡᠭᠰᠡᠨ᠂ ᠦᠢ᠍ᠯᠡᠴᠢᠯᠡᠭᠡᠨ᠎ᠤ ᠠᠵᠢᠯᠯᠠᠭ᠎ᠠ ᠳᠤᠮᠳᠠ ᠣᠯᠵᠤ ᠮᠡᠳᠡᠭᠰᠡᠨ ᠨᠠᠰᠤᠲᠠᠶ᠋ᠢᠴᠤᠳ᠎ᠤᠨ ᠬᠤᠪᠢ ᠵᠢᠨ ᠨᠢᠭᠤᠴᠠ ᠵᠢ ᠵᠠᠳᠠᠷᠠᠭᠤᠯᠤᠭᠰᠠᠨ ᠵᠡᠷᠭᠡ ᠦᠢ᠍ᠯᠡ ᠠᠵᠢᠯᠯᠠᠭ᠎ᠠ ᠵᠢᠴᠢ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠠᠰᠠᠷᠠᠮᠵᠢ ᠵᠢᠨ ᠬᠦᠷᠢᠶᠡᠯᠡᠩ᠎ᠳᠤ ᠰᠠᠭᠤᠬᠤ᠎ᠳᠤ ᠲᠣᠭᠲᠠᠭ᠋ᠠᠯ ᠶᠣᠰᠣᠭ᠋ᠠᠷ ᠦᠨᠡᠯᠡᠨ ᠵᠢᠱ᠌ᠢᠯᠲᠡ ᠬᠢᠭᠰᠡᠨ ᠦᠭᠡᠶ᠂ ᠰᠠᠭᠤᠵᠤ ᠪᠠᠶ᠋ᠢᠭ᠎ᠠ ᠨᠠᠰᠤᠲᠠᠨ ᠪᠤᠶᠤ ᠲᠡᠭᠦᠨ᠎ᠤ ᠣᠷᠣᠯᠠᠭᠴᠢ᠎ᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠥᠪᠳᠡᠯᠴᠡᠭᠡᠷ ᠲᠣᠭᠲᠠᠭᠰᠠᠨ ᠦᠭᠡᠶ᠂ ᠲᠣᠭᠲᠠᠭ᠋ᠠᠭᠰᠠᠨ ᠪᠠᠷᠢᠮᠵᠢᠶ᠎ᠠ ᠪᠤᠶᠤ ᠵᠢᠷᠤᠮᠵᠢᠯ ᠶᠣᠰᠣᠭ᠋ᠠᠷ ᠦᠢ᠍ᠯᠡᠴᠢᠯᠡᠭᠡ ᠬᠠᠩᠭ᠋ᠠᠭᠰᠠᠨ ᠦᠭᠡᠶ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢ ᠠᠰᠢᠭᠯᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠣᠷᠢᠯᠲᠠ᠎ᠲᠠᠢ ᠬᠣᠯᠪᠣᠭᠳᠠᠯ ᠦᠭᠡᠶ ᠠᠵᠢᠯᠯᠠᠭ᠎ᠠ ᠥᠷᠨᠢᠭᠦᠯᠦᠭᠰᠡᠨ᠂ ᠦᠢ᠍ᠯᠡᠴᠢᠯᠡᠭᠡ᠎ᠪᠠᠨ ᠲᠦᠷ ᠵᠣᠭᠰᠣᠭ᠋ᠠᠬᠤ ᠪᠤᠶᠤ ᠪᠦᠷᠢᠮᠦᠰᠦᠨ ᠵᠣᠭᠰᠣᠭ᠋ᠠᠬᠤ᠎ᠳᠤ᠎ᠪᠠᠨ ᠰᠠᠭᠤᠵᠤ ᠪᠠᠶ᠋ᠢᠭ᠎ᠠ ᠨᠠᠰᠤᠲᠠᠶ᠋ᠢᠴᠤᠳ᠎ᠢ ᠲᠣᠭᠲᠠᠭ᠋ᠠᠯ ᠶᠣᠰᠣᠭ᠋ᠠᠷ ᠲᠣᠬᠢᠲᠠᠶ ᠲᠥᠪᠬᠢᠨᠡᠭᠦᠯᠦᠭᠰᠡᠨ ᠦᠭᠡᠶ ᠵᠡᠷᠭᠡ ᠪᠠᠶ᠋ᠢᠳᠠᠯ᠎ᠳᠤ ᠴᠥᠮ ᠵᠠᠯᠬᠠᠭ᠋ᠠᠨ ᠴᠡᠭᠡᠷᠯᠡᠭᠦᠯᠬᠦ ᠪᠠ ᠰᠢᠳᠬᠡᠬᠦ ᠵᠣᠬᠢᠴᠠᠩᠭᠤᠶ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠭᠰᠠᠨ ᠪᠠᠶ᠋ᠢᠨ᠎ᠠ᠃
ᠲᠦᠷᠪᠡ᠂ 《ᠲᠦᠷᠢᠮ》᠎ᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠬᠡᠷᠬᠢᠨ ᠰᠠᠶ᠋ᠢᠲᠤᠷ ᠬᠢᠬᠦ ᠪᠤᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠷᠢᠮ》᠎ᠨᠢ ᠣᠷᠣᠨ ᠨᠤᠲᠤᠭ᠎ᠤᠨ ᠨᠢᠭᠡᠨ ᠬᠠᠤᠯᠢ ᠲᠣᠭᠲᠠᠭ᠋ᠠᠯᠲᠠ ᠪᠣᠯᠣᠭᠰᠠᠨ᠎ᠤ ᠬᠤᠪᠢ᠎ᠳᠤ᠂ ᠨᠡᠶ᠋ᠢᠲᠡᠯᠡᠭᠰᠡᠨ᠎ᠤ ᠳᠠᠷᠠᠭ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠠᠬᠢᠭᠤᠯᠤᠨ᠎ᠠ᠃
ᠨᠢᠭᠡ᠎ᠳᠤ᠂ 《ᠲᠦᠷᠢᠮ》᠎ᠢ ᠰᠤᠷᠤᠯᠴᠠᠵᠤ ᠤᠬᠠᠭᠤᠯᠬᠤ ᠠᠵᠢᠯ᠎ᠢ ᠥᠷᠭᠡᠨ ᠵᠶ᠋ᠠᠷ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ ᠰᠣᠨᠢᠨ᠂ ᠷᠠᠳᠢᠣ᠋᠂ ᠲᠧᠯᠸᠢᠰ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ ᠵᠢᠴᠢ ᠫᠣᠷᠲᠸᠯ ᠰᠦᠯᠵᠢᠶᠡᠨ ᠥᠷᠲᠡᠭᠡ᠂ ᠸᠢᠴᠠᠲ᠂ ᠪᠢᠴᠢᠯ ᠪᠯᠤᠭ᠂ Tik tok ᠵᠡᠷᠭᠡ ᠰᠦᠯᠵᠢᠶᠡᠨ᠎ᠤ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠪᠥᠬᠥ ᠠᠭᠤᠯᠭ᠎ᠠ᠎ᠪᠠᠷ ᠨᠡᠪᠲᠡᠷᠡᠭᠦᠯᠬᠦ᠂ ᠨᠢᠭᠡ ᠠᠰᠠᠭᠤᠯᠲᠠ ᠵᠢ ᠨᠢᠭᠡ ᠬᠠᠷᠢᠭᠤᠯᠬᠤ᠂ ᠠᠬᠤᠶ ᠪᠠᠶ᠋ᠢᠳᠠᠯ᠎ᠢ ᠳᠦᠷᠰᠦᠯᠡᠨ ᠦᠵᠡᠭᠦᠯᠬᠦ᠂ ᠭᠠᠷ ᠳᠡᠪᠲᠡᠷ ᠵᠣᠬᠢᠶᠠᠬᠤ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ 《ᠲᠦᠷᠢᠮ》᠎ᠢ ᠤᠬᠠᠭᠤᠯᠵᠤ᠂ 《ᠲᠦᠷᠢᠮ》᠎ᠤᠨ ᠠᠭᠤᠯᠭ᠎ᠠ ᠵᠢ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ 《ᠲᠦᠷᠢᠮ》᠎ᠢ ᠣᠶ᠋ᠢᠯᠠᠭ᠋ᠠᠬᠤ ᠬᠡᠮᠵᠢᠶ᠎ᠡ ᠵᠢ ᠴᠢᠷᠮᠠᠶ᠋ᠢᠨ ᠳᠡᠭᠡᠭᠰᠢᠯᠡᠭᠦᠯᠦᠨ᠎ᠡ᠃ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠨᠢ 《ᠲᠦᠷᠢᠮ》᠎ᠤᠨ ᠲᠤᠰᠬᠠᠶ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠺᠠᠳ᠋ᠷ ᠠᠵᠢᠯᠲᠠᠨ ᠠᠵᠢᠯᠴᠢᠨ᠎ᠤ 《ᠲᠦᠷᠢᠮ》᠎ᠤᠨ ᠪᠣᠳᠠᠲᠠᠶ ᠠᠭᠤᠯᠭ᠎ᠠ ᠵᠢ ᠭᠦᠢ᠍ᠴᠡᠳ ᠣᠢ᠌ᠯᠠᠭ᠋ᠠᠨ ᠡᠵᠡᠮᠰᠢᠬᠦ ᠵᠢ ᠦᠨᠡᠨ ᠬᠦ᠌ ᠪᠠᠲᠤᠯᠠᠵᠤ᠂ ᠠᠵᠢᠯ᠎ᠤᠨ ᠦᠢ᠍ᠯᠡᠳᠦᠯᠭᠡ ᠳᠤᠮᠳᠠ ᠪᠦᠲᠦᠮᠵᠢᠲᠡᠶ ᠬᠡᠷᠡᠭᠯᠡᠬᠦ ᠪᠣᠯᠭ᠋ᠠᠨ᠎ᠠ᠃ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ᠂ ᠨᠠᠰᠤᠲᠠᠶ᠋ᠢᠴᠤᠳ᠎ᠤᠨ ᠨᠡᠶ᠋ᠢᠲᠡ ᠵᠢᠨ ᠪᠠᠶ᠋ᠢᠷᠢ ᠵᠡᠷᠭᠡ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠪᠠ ᠵᠡᠭᠡᠯᠢ ᠭᠤᠳᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠲᠠᠯᠠᠪᠤᠷ ᠭᠠᠵᠠᠷ᠎ᠲᠤ ᠬᠠᠮᠢᠶᠠᠷᠤᠯᠲᠠ ᠪᠠ ᠦᠢ᠍ᠯᠡᠴᠢᠯᠡᠭᠡᠨ᠎ᠤ ᠬᠥᠮᠦᠰ ᠵᠢᠴᠢ ᠨᠠᠰᠤᠲᠠᠶ᠋ᠢᠴᠤᠳ᠎ᠲᠤ ᠦᠢ᠍ᠯᠡᠴᠢᠯᠡᠬᠦ ᠬᠦᠮᠦᠰ᠎ᠢ ᠵᠣᠬᠢᠶᠠᠨ ᠪᠠᠶ᠋ᠢᠭᠤᠯᠤᠨ 《ᠲᠦᠷᠢᠮ》᠎ᠤᠨ ᠬᠠᠮᠢᠶ᠎ᠠ ᠪᠥᠬᠥᠶ ᠠᠭᠤᠯᠭ᠎ᠠ ᠵᠢ ᠰᠤᠷᠤᠯᠴᠠᠨ ᠣᠢ᠌ᠯᠠᠭ᠋ᠠᠭᠤᠯᠵᠤ᠂ ᠵᠠᠰᠠᠭ᠎ᠤᠨ ᠣᠷᠳᠣᠨ᠂ ᠨᠡᠶ᠋ᠢᠭᠡᠮ᠂ ᠬᠡᠷ ᠪᠦᠯᠢ ᠵᠢᠴᠢ ᠨᠠᠰᠤᠲᠠᠶ᠋ᠢᠴᠤᠳ᠎ᠤᠨ ᠬᠤᠪᠢ ᠬᠥᠮᠦᠨ᠎ᠤ ᠢᠳᠡᠪᠬᠢ ᠦᠢ᠍ᠯᠡᠳᠦᠯ᠎ᠢ᠎ᠨᠢ ᠪᠠᠳᠠᠷᠠᠭᠤᠯᠤᠨ᠂ 《ᠲᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠠᠮᠲᠤ᠎ᠪᠠᠷ ᠠᠬᠢᠭᠤᠯᠤᠨ᠎ᠠ᠃
ᠬᠣᠶᠠᠷ᠎ᠲᠤ᠂ 《ᠲᠦᠷᠢᠮ》᠎ᠢ ᠲᠤᠭᠤᠰᠢᠯᠠᠭᠤᠯᠬᠤ ᠪᠣᠳᠠᠲᠠᠶ ᠬᠡᠷᠡᠭᠵᠢᠭᠦᠯᠬᠦ ᠲᠥᠰᠦᠯ᠎ᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ 《ᠲᠦᠷᠢᠮ》᠎ᠳᠤ ᠲᠣᠭᠲᠠᠭ᠋ᠠᠭᠰᠠᠨ ᠬᠠᠷᠠᠯᠲᠠᠲᠤ ᠡᠭᠦᠷᠭᠡ᠂ ᠠᠵᠢᠯ᠎ᠤᠨ ᠠᠷᠭ᠎ᠠ ᠬᠡᠮᠵᠢᠶ᠎ᠡ ᠪᠠ ᠬᠠᠷᠢᠭᠤᠴᠠᠯᠭ᠋ᠠᠲᠤ ᠨᠢᠭᠡᠴᠢ ᠵᠢ ᠲᠣᠳᠣᠷᠬᠠᠶ᠋ᠢᠯᠠᠵᠤ᠂ ᠨᠠᠰᠤᠵᠢᠯ᠎ᠤᠨ 《ᠲᠦᠷᠢᠮ》᠎ᠤᠨ ᠦᠢ᠍ᠯᠡᠴᠢᠯᠡᠭᠡᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠂ ᠬᠠᠮᠢᠶ᠎ᠠ ᠪᠥᠬᠥᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠯᠦᠭᠡ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠵᠤ᠂ 《ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠭᠦᠨ᠎ᠤ ᠬᠠᠮᠲᠤ᠂ ᠡᠯ᠎ᠡ ᠠᠶ᠋ᠢᠮᠠᠭ ᠬᠣᠲᠠ᠎ᠳᠤ 《ᠲᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠤᠨ ᠰᠠᠨᠠᠯ ᠪᠤᠶᠤ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠨᠡᠶ᠋ᠢᠲᠡᠯᠡᠵᠦ᠂ ᠠᠵᠢᠯ᠎ᠤᠨ ᠬᠠᠷᠠᠯᠲᠠ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠬᠡᠮᠵᠢᠶᠡᠵᠢᠭᠦᠯᠵᠦ᠂ 《ᠲᠦᠷᠢᠮ》᠎ᠢ ᠦᠨᠳᠦᠰᠦᠨ ᠱᠠᠲᠤᠨ᠎ᠳᠤ ᠭᠦᠢ᠍ᠴᠡᠳ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠨ᠎ᠠ᠃
ᠭᠤᠷᠪᠠ᠎ᠳᠤ᠂ ᠢᠵᠢ ᠪᠦᠷᠢᠳᠦᠯ᠎ᠤᠨ ᠲᠦᠷᠢᠮ᠎ᠳᠤ ᠵᠠᠰᠠᠪᠤᠷᠢ ᠣᠷᠣᠭᠤᠯᠤᠨ ᠪᠦᠷᠢᠨᠰᠢᠭᠦᠯᠦᠨ᠎ᠡ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶᠡᠨ᠎ᠳᠠᠬᠢ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠪᠠ ᠢᠵᠢ ᠪᠦᠷᠢᠳᠦᠯ᠎ᠤᠨ ᠲᠦᠷᠢᠮ᠎ᠢ ᠬᠢᠨᠠᠮᠠᠭ᠋ᠠᠶ ᠡᠮᠬᠢᠯᠡᠨ ᠳᠢᠭᠯᠡᠵᠦ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠲᠦᠷᠢᠮ᠎ᠳᠠᠬᠢ 《ᠲᠦᠷᠢᠮ》᠎ᠲᠠᠢ ᠵᠦᠷᠢᠶᠡᠨ᠎ᠲᠠᠢ ᠪᠠᠢ᠌ᠬᠤ ᠵᠦᠢ᠍ᠯ᠎ᠢ ᠴᠠᠭ ᠲᠤᠬᠠᠶ᠎ᠳᠤᠨᠢ ᠢᠯᠭ᠋ᠠᠷᠠᠭᠤᠯᠤᠨ ᠳᠢᠭᠯᠡᠵᠦ ᠬᠦᠴᠦᠨ ᠥᠬᠡᠶ ᠪᠣᠯᠭ᠋ᠠᠬᠤ ᠪᠤᠶᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠤᠨ᠎ᠠ; 《ᠲᠦᠷᠢᠮ》᠎ᠳᠤ ᠱᠠᠭ᠋ᠠᠷᠳᠠᠭᠰᠠᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠯ᠎ᠢ ᠪᠠᠲᠤᠯᠠᠬᠤ᠂ ᠣᠨᠴᠠᠭ᠋ᠠᠶ ᠬᠦᠴᠢᠷᠳᠡᠯᠲᠡᠶ ᠬᠦᠮᠦᠰ᠎ᠢ ᠰᠤᠷᠪᠤᠯᠵᠢᠯᠠᠬᠤ᠂ ᠨᠠᠰᠤᠲᠠᠶ᠋ᠢᠴᠤᠳ᠎ᠤᠨ ᠶᠡᠷᠦᠩᠬᠡᠶ᠋ᠢᠯᠡᠭᠰᠡᠨ ᠴᠢᠳᠠᠪᠤᠷᠢ ᠵᠢ ᠦᠨᠡᠯᠡᠨ ᠵᠢᠱ᠌ᠢᠬᠦ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠬᠡᠮᠵᠢᠬᠦ ᠵᠡᠷᠭᠡ ᠢᠵᠢ ᠪᠥᠷᠢᠳᠦᠭᠦᠯᠬᠦ ᠲᠦᠷᠢᠮ᠎ᠢ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠱᠠᠯᠠᠪᠳᠠᠨ ᠵᠣᠬᠢᠴᠠᠭᠤᠯᠵᠤ ᠪᠠᠶ᠋ᠢᠭ᠋ᠠᠳ ᠰᠤᠳᠤᠯᠤᠨ ᠲᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠪᠠᠯᠠᠢ ᠣᠷᠣᠨ ᠪᠠ ᠬᠣᠭᠣᠰᠣᠨ ᠭᠠᠵᠠᠷ᠎ᠢ ᠨᠥᠬᠥᠪᠦᠷᠢᠯᠡᠨ᠎ᠡ᠃ ᠡᠭᠦᠨ᠎ᠤ ᠬᠠᠮᠲᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠤᠯᠤᠰ᠎ᠤᠨ ᠪᠠᠷᠢᠮᠵᠢᠶ᠎ᠠ ᠵᠢ ᠦᠨᠳᠦᠰᠦᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ᠂ ᠬᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠠᠰᠤᠲᠠᠶ᠋ᠢᠴᠤᠳ᠎ᠤᠨ ᠦᠢ᠍ᠯᠡᠳᠬᠦᠨ ᠬᠡᠷᠡᠭᠯᠡᠬᠦᠨ ᠵᠡᠷᠭᠡ ᠲᠠᠯ᠎ᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠲᠦᠷᠭᠡᠬᠡᠨ ᠲᠣᠭᠲᠠᠭ᠋ᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠠᠵᠢᠯ ᠲᠥᠷᠥᠯ᠎ᠤᠨ ᠬᠠᠮᠢᠶᠠᠷᠤᠯᠲᠠ ᠪᠠ ᠡᠵᠡᠩᠨᠡᠯᠲᠡ ᠵᠢᠨ ᠦᠢ᠍ᠯᠡᠴᠢᠯᠡᠭᠡᠨ᠎ᠤ ᠡᠯ᠎ᠡ ᠭᠣᠭᠴᠣᠭ᠎ᠠ᠎ᠳᠤ ᠨᠠᠶ᠋ᠢᠳᠠᠪᠤᠷᠢᠵᠢᠭᠤᠯᠬᠤ᠎ᠪᠠᠷ ᠴᠢᠷᠮᠠᠶ᠋ᠢᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠷᠢᠮᠵᠢᠶ᠎ᠠ᠎ᠳᠤ ᠵᠣᠬᠢᠴᠠᠭᠤᠯᠤᠨ ᠳᠡᠭᠡᠭᠰᠢᠯᠡᠭᠦᠯᠬᠦ ᠵᠢ ᠠᠬᠢᠭᠤᠯᠤᠨ᠎ᠠ᠃
ᠲᠦᠷᠪᠡ᠎ᠳᠤ᠂ 《ᠲᠦᠷᠢᠮ》 ᠪᠠ ᠬᠣᠯᠪᠣᠭᠳᠠᠯ ᠪᠦᠬᠦᠢ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠬᠥᠭᠵᠢᠯᠲᠡ ᠵᠢᠨ ᠲᠥᠯᠥᠪᠵᠢᠭᠦᠯᠭᠡ》 ᠵᠢ ᠲᠣᠭᠲᠠᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠥᠭᠵᠢᠯᠲᠡ ᠵᠢᠨ ᠬᠠᠷᠠᠯᠲᠠ᠂ ᠭᠣᠤᠯ ᠡᠭᠦᠷᠭᠡ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠪᠠ᠃ ᠪᠢᠳᠡ 《ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ ᠬᠠᠮᠢᠶ᠎ᠠ ᠪᠦᠬᠦᠢ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠳᠦᠷᠢᠮ》᠎ᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢᠨ ᠴᠢᠬᠤᠯᠠ ᠬᠠᠤᠯᠢ ᠴᠠᠭ᠋ᠠᠵᠠ ᠵᠢᠨ ᠵᠢᠷᠤᠮᠯᠠᠯ ᠪᠣᠯᠭ᠋ᠠᠵᠤ᠂ ᠬᠣᠯᠪᠣᠭᠳᠠᠯ ᠪᠥᠬᠥᠶ ᠲᠥᠯᠥᠪᠵᠢᠭᠦᠯᠭᠡ ᠵᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭ᠋ᠠᠵᠤ᠂ ᠬᠠᠷᠠᠯᠲᠠ᠎ᠪᠠᠨ ᠨᠢᠭᠡᠳᠬᠡᠵᠦ᠂ ᠠᠷᠭ᠎ᠠ ᠵᠠᠮ ᠵᠶ᠋ᠠᠨ ᠨᠢᠭᠡᠳᠬᠡᠵᠦ᠂ ᠣᠳᠣᠬᠠᠨ᠎ᠤ ᠪᠠᠶ᠋ᠢᠳᠠᠯ᠎ᠳᠠᠭᠠᠨ ᠰᠠᠭᠤᠷᠢᠯᠠᠨ᠂ ᠠᠯᠤᠰ ᠬᠡᠲᠦ ᠵᠢ ᠪᠣᠳᠣᠯᠬᠢᠯᠠᠬᠤ ᠵᠢ ᠪᠠᠷᠢᠮᠲᠠᠯᠠᠨ᠂ ᠱᠠᠲᠤ ᠦᠶ᠎ᠡ ᠵᠢᠨ ᠴᠢᠨᠠᠷᠲᠠᠶ ᠬᠠᠷᠠᠯᠲᠠᠲᠤ ᠡᠭᠦᠷᠭᠡ ᠵᠢ ᠪᠡᠶᠡᠯᠡᠭᠦᠯᠬᠦ᠎ᠪᠠᠷ ᠪᠠᠷᠠᠬᠤ ᠥᠬᠡᠶ ᠪᠠᠰᠠ ᠠᠯᠤᠰ ᠬᠡᠲᠦ ᠵᠢ ᠪᠠᠲᠤᠯᠠᠬᠤ ᠪᠠᠶ᠋ᠢᠭᠤᠯᠤᠯ ᠲᠣᠭᠲᠠᠴᠠ ᠵᠢ ᠪᠠᠶ᠋ᠢᠭᠤᠯᠵᠤ᠂ ᠴᠢᠨᠠᠷ ᠰᠠᠶ᠋ᠢᠲᠠᠶ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠴᠯᠠᠭᠠ ᠵᠢᠨ ᠪᠠᠶ᠋ᠢᠭᠤᠯᠤᠯᠲᠠ ᠵᠢ ᠬᠠᠮᠲᠤ᠎ᠪᠠᠷ ᠠᠬᠢᠭᠤᠯᠤᠨ᠎ᠠ᠃
ᠲᠠᠪᠤ᠎ᠳᠤ᠂ 《ᠲᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠪᠠᠶ᠋ᠢᠴᠠᠭ᠋ᠠᠯᠲᠠ ᠵᠢ ᠴᠠᠭᠲᠤᠨᠢ ᠲᠣᠬᠢᠷᠠᠭᠤᠯᠤᠨ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠣᠬᠢᠷᠠᠭᠤᠯᠤᠯᠲᠠ ᠶᠣᠰᠣᠭ᠋ᠠᠷ 《ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠪᠠᠶ᠋ᠢᠴᠠᠭ᠋ᠠᠯᠲᠠ ᠵᠢᠨ ᠠᠵᠢᠯ᠎ᠢ ᠴᠠᠭᠲᠤᠨᠢ ᠲᠣᠬᠢᠷᠠᠭᠤᠯᠤᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠣᠳᠠᠲᠤ ᠪᠠᠶ᠋ᠢᠳᠠᠯ᠎ᠳᠤ ᠭᠦᠨᠵᠡᠭᠡᠶ᠋ᠢᠷᠡᠵᠦ᠂ ᠣᠯᠠᠨ ᠲᠦᠮᠡᠨ᠎ᠤ ᠳᠤᠮᠳᠠ ᠭᠦᠨᠵᠡᠭᠡᠶ᠋ᠢᠷᠡᠵᠦ᠂ 《ᠳᠦᠷᠢᠮ》᠎ᠢ ᠦᠨᠳᠦᠰᠦᠨ ᠱᠠᠲᠤᠨ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠪᠠᠢ᠌ᠭ᠎ᠠ ᠪᠠᠶ᠋ᠢᠳᠠᠯ᠎ᠢ ᠣᠨᠣᠪᠴᠢᠲᠠᠶ ᠡᠵᠡᠮᠰᠢᠬᠦ ᠵᠢᠨ ᠬᠠᠮᠲᠤ ᠪᠦᠬᠦ ᠲᠠᠯ᠎ᠠ ᠵᠢᠨ ᠦᠨᠡᠯᠡᠯᠲᠡ ᠬᠢᠵᠦ᠂ 《ᠲᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠴᠠ᠎ᠳᠤ ᠣᠯᠤᠭᠰᠠᠨ ᠠᠵᠢᠯ᠎ᠤᠨ ᠦᠷ᠎ᠡ ᠪᠦᠲᠦᠮᠵᠢ ᠪᠠ ᠰᠠᠶ᠋ᠢᠨ ᠲᠤᠷᠰᠢᠯᠭ᠎ᠠ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠵᠦ᠂ 《ᠲᠦᠷᠢᠮ》᠎ᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠪᠣᠳᠠᠲᠠᠶ ᠠᠰᠠᠭᠤᠳᠠᠯ ᠵᠢᠴᠢ ᠰᠢᠯᠲᠠᠭ᠋ᠠᠨ᠎ᠢ ᠨᠠᠷᠢᠨ ᠬᠢᠨᠠᠮᠠᠭ᠋ᠠᠶ ᠵᠠᠳᠠᠯᠤᠨ ᠰᠤᠳᠤᠯᠵᠤ ᠮᠠᠭ᠋ᠠᠳᠯᠠᠭ᠋ᠠᠳ᠂ ᠠᠵᠢᠯ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠨ ᠰᠠᠶ᠋ᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠥᠶ ᠰᠠᠯᠠᠭ᠎ᠠ ᠮᠥᠴᠢᠷ ᠨᠢᠭᠡᠴᠢ᠎ᠳᠤ ᠲᠤᠰᠢᠶᠠᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠭᠤᠯᠤᠨ᠎ᠠ᠃