ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠠᠮᠢᠶᠠᠷᠣᠯᠲᠠ ᠵᠢᠨ ᠠᠷᠭ᠎ᠠ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-12-06


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠡᠯᠧᠺᠲᠷᠣᠨ ᠬᠤᠳᠠᠯᠳᠤᠭ᠋ᠠᠨ᠎ᠤ ᠲᠠᠯᠠᠪᠤᠷ (ᠳᠣᠷᠣᠭᠰᠢ  《ᠡᠯᠧᠺᠲᠷᠣᠨ ᠬᠤᠳᠠᠯᠳᠤᠭ᠋ᠠᠨ᠎ᠤ ᠲᠠᠯᠠᠪᠤᠷ》 ᠭᠡᠵᠦ ᠲᠣᠪᠴᠢᠯᠠᠨ᠎ᠠ)᠎ᠠᠴᠠ ᠬᠤᠳᠠᠯᠳᠤᠨ ᠠᠪᠠᠨ᠋ᠥ ᠠᠵᠢᠯᠯᠠᠭ᠎ᠠ ᠵᠢ ᠵᠢᠷᠤᠮᠵᠢᠭᠤᠯᠤᠨ᠂ ᠵᠠᠰᠠᠭ᠎ᠤᠨ ᠣᠷᠳᠣᠨ᠎ᠤ   ᠬᠤᠳᠠᠯᠳᠤᠨ ᠠᠪᠠᠨ᠋ᠥ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠤᠳᠠᠯᠳᠤᠨ ᠠᠪᠠᠨ᠋ᠥ ᠥᠪᠡᠷ᠎ᠤᠨ ᠥᠷᠲᠡᠭ᠎ᠢ ᠪᠠᠭᠤᠷᠠᠭᠤᠯᠤᠨ᠂ ᠤᠯᠤᠰ᠎ᠤᠨ ᠠᠰᠢᠭ ᠲᠤᠰᠠ᠂   ᠨᠡᠢ᠌ᠭᠡᠮ ᠨᠡᠢ᠌ᠲᠡ ᠵᠢᠨ ᠠᠰᠢᠭ ᠲᠤᠰᠠ ᠪᠠ ᠡᠯ᠎ᠡ ᠲᠠᠯ᠎ᠠ ᠵᠢᠨ ᠬᠣᠯᠪᠤᠭᠳᠠᠬᠤ ᠬᠦᠮᠦᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠡᠯᠧᠺᠲᠷᠣᠨ   ᠬᠤᠳᠠᠯᠳᠤᠭ᠋ᠠᠨ᠎ᠤ ᠲᠠᠯᠠᠪᠤᠷ᠎ᠢ ᠡᠷᠡᠭᠦᠯ᠂ ᠲᠥᠪ ᠭᠣᠤᠯᠴᠢ᠂ ᠡᠮᠬᠢ ᠵᠢᠷᠤᠮ᠎ᠲᠠᠢ ᠡᠵᠡᠩᠨᠡᠬᠦ ᠵᠢ ᠨᠠᠩ ᠰᠠᠢ᠌ᠲᠤᠷ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ   ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠥᠪ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ   ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ᠂ ᠡᠳᠦᠭᠡ ᠳᠣᠤᠷᠠᠬᠢ ᠮᠡᠲᠦ ᠲᠠᠢ᠌ᠯᠤᠮᠵᠢ ᠬᠢᠶ᠎ᠡ᠄

      ᠨᠢᠭᠡ᠂ 《ᠠᠷᠭ᠎ᠠ》 ᠵᠢ ᠶᠠᠮᠠᠷ ᠠᠬᠤᠶ ᠪᠠᠢ᠌ᠳᠠᠯ ᠎ᠳᠤ ᠨᠡᠢ᠌ᠲᠡᠯᠡᠭᠰᠡᠨ ᠪᠣᠶ?

      《ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠴᠢ ᠲᠤᠰ ᠬᠠᠤᠯᠢ ᠵᠢ ᠬᠡᠷᠡᠭᠵᠢᠭᠦᠯᠬᠦ   ᠳᠦᠷᠢᠮ᠂ ᠲᠥᠪ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠥᠪᠯᠡᠯ᠎ᠤᠨ ᠪᠠᠲᠤᠯᠠᠭᠰᠠᠨ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ   ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠦᠯ》᠂ ᠡᠳ᠋᠎ᠤᠨ ᠵᠠᠰᠠᠭ᠎ᠤᠨ ᠶᠠᠮᠤᠨ᠎ᠤ ᠬᠡᠷᠡᠭᠵᠢᠭᠦᠯᠬᠦ ᠰᠠᠨᠠᠯ ᠪᠠ ᠥᠪᠡᠷᠲᠡᠭᠡᠨ ᠵᠠᠰᠠᠬᠤ ᠣᠷᠣᠨ᠎ᠤ   ᠠᠵᠢᠯ᠎ᠤᠨ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠦᠷᠦᠭᠦᠯᠡᠨ ᠪᠦᠬᠦ ᠣᠷᠣᠨ᠎ᠢ   ᠬᠠᠮᠤᠷᠤᠭᠰᠠᠨ   ᠡᠯᠧᠺᠲᠷᠣᠨ ᠬᠤᠳᠠᠯᠳᠤᠭ᠋ᠠᠨ᠎ᠤ ᠲᠠᠯᠠᠪᠤᠷ ᠵᠢ ᠪᠠᠢ᠌ᠭᠤᠯᠤᠭ᠋ᠠᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠢ ᠬᠢᠯᠪᠡᠷᠴᠢᠯᠠᠬᠤ᠂ ᠳᠥᠭᠥᠮᠴᠢᠯᠡᠬᠦ   ᠵᠢ ᠶᠡᠬᠡᠪᠡᠷ ᠠᠭᠢᠭᠤᠯᠤᠭᠰᠠᠨ ᠪᠠᠢ᠌ᠨ᠎ᠠ᠂ ᠭᠡᠬᠦ᠎ᠳᠡᠭᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠦᠷᠢᠮ᠎ᠤᠨ ᠥᠭᠡᠷᠡᠴᠢᠯᠡᠯᠲᠡ ᠲᠠᠰᠤᠷᠠᠯᠲᠠ ᠦᠭᠡᠢ   ᠭᠦᠨᠵᠡᠭᠡᠢ᠌ᠷᠡᠬᠦ ᠵᠢ ᠳᠠᠭ᠋ᠠᠯᠳᠤᠨ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠣᠯᠪᠣᠭᠳᠠᠯ ᠪᠥᠬᠥᠶ ᠬᠠᠮᠢᠶᠠᠷᠤᠯᠲᠠ ᠵᠢᠨ ᠲᠦᠷᠢᠮ᠎ᠢ ᠪᠠᠢ᠌ᠭᠤᠯᠤᠨ ᠪᠦᠷᠢᠨᠰᠢᠭᠦᠯᠬᠦ   ᠠᠵᠢᠯ ᠲᠤᠯᠭ᠋ᠠᠮ ᠱᠠᠭ᠋ᠠᠷᠳᠠᠭᠳᠠᠵᠤ ᠪᠠᠢ᠌ᠨ᠎ᠠ᠂ ᠡᠢ᠌ᠨ ᠬᠦ᠌ ᠭᠦᠢ᠍ᠴᠡᠳ ᠪᠠᠢ᠌ᠴᠠᠭ᠋ᠠᠨ ᠰᠣᠳᠤᠯᠤᠯᠲᠠ ᠬᠢᠭᠰᠡᠨ ᠰᠠᠭᠤᠷᠢᠨ ᠳᠡᠭᠡᠷ᠎ᠡ ᠮᠠᠨ᠎ᠤ ᠣᠷᠣᠨ᠎ᠤ ᠡᠯᠧᠺᠲᠷᠣᠨ   ᠬᠤᠳᠠᠯᠳᠤᠭ᠋ᠠᠨ᠎ᠤ ᠲᠠᠯᠠᠪᠤᠷ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠲᠤᠰ ᠠᠷᠭ᠎ᠠ ᠵᠢ ᠲᠣᠭᠲᠠᠭ᠋ᠠᠨ ᠨᠡᠢ᠌ᠲᠡᠯᠡᠪᠡ᠃

      ᠬᠣᠶᠠᠷ᠂ ᠲᠤᠰ 《ᠠᠷᠭ᠎ᠠ》 ᠵᠢ ᠲᠣᠭᠲᠠᠭ᠋ᠠᠭᠰᠠᠨ ᠭᠣᠤᠯ ᠦᠨᠳᠦᠰᠦᠯᠡᠯ᠎ᠨᠢ ᠶᠠᠭᠤ ᠪᠣᠶ?

      ᠲᠤᠰ 《ᠠᠷᠭ᠎ᠠ》᠎ᠨᠢ ᠭᠣᠤᠯᠳᠠᠭᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》   ᠵᠢᠴᠢ ᠲᠤᠰ ᠬᠠᠤᠯᠢ ᠵᠢ ᠬᠡᠷᠡᠭᠵᠢᠭᠦᠯᠬᠦ ᠳᠦᠷᠢᠮ᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠷᠠᠭ᠎ᠠ ᠪᠠ ᠦᠢᠯᠡᠴᠢᠯᠡᠭᠡᠨ᠎ᠤ ᠳᠠᠭ᠋ᠠᠭ᠋ᠠᠴᠢᠯᠠᠯᠲᠠ ᠵᠠᠷᠯᠠᠵᠤ   ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠠᠷᠭ᠎ᠠ》 (ᠡᠳ᠋᠎ᠤᠨ ᠵᠠᠰᠠᠭ᠎ᠤᠨ ᠶᠠᠮᠤᠨ 87 ᠳ᠋ᠤᠭ᠋ᠠᠷ ᠲᠣᠭ᠋ᠠᠲᠤ ᠵᠠᠷᠯᠢᠭ)᠂ 《ᠵᠠᠰᠠᠭ᠎ᠤᠨ ᠣᠷᠳᠣᠨ᠎ᠤ   ᠬᠤᠳᠠᠯᠳᠤᠨ ᠠᠪᠬᠤ᠎ᠳᠤ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠪᠤᠰᠤ ᠠᠷᠭ᠎ᠠ ᠵᠢᠨ ᠬᠠᠮᠢᠶᠠᠷᠤᠯᠲᠠ ᠵᠢᠨ ᠠᠷᠭ᠎ᠠ》 (ᠡᠳ᠋᠎ᠤᠨ ᠵᠠᠰᠠᠭ᠎ᠤᠨ ᠶᠠᠮᠤᠨ 74   ᠳ᠋ᠦ᠍ᠭᠡᠷ ᠲᠣᠭ᠋ᠠᠲᠤ ᠵᠠᠷᠯᠢᠭ)᠂ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠭᠦᠴᠡᠯ᠎ᠢ ᠰᠢᠯᠢᠳᠡᠭᠵᠢᠭᠦᠯᠬᠦ ᠳᠦᠷᠢᠮ》᠂ 《ᠵᠠᠰᠠᠭ᠎ᠤᠨ ᠣᠷᠳᠣᠨ᠎ᠤ ᠬᠤᠳᠠᠯᠳᠤᠨ   ᠠᠪᠬᠤ ᠵᠢ ᠰᠡᠵᠢᠭᠯᠡᠬᠦ ᠪᠠ ᠵᠠᠭ᠋ᠠᠯᠳᠤᠬᠤ ᠠᠷᠭ᠎ᠠ》 (ᠡᠳ᠋᠎ᠤᠨ ᠵᠠᠰᠠᠭ᠎ᠤᠨ ᠶᠠᠮᠤᠨ 94 ᠳ᠋ᠦ᠍ᠭᠡᠷ ᠲᠣᠭ᠋ᠠᠲᠤ ᠵᠠᠷᠯᠢᠭ) ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ   ᠲᠣᠭᠲᠠᠭ᠋ᠠᠯ ᠵᠶ᠋ᠠᠷ ᠦᠨᠳᠦᠰᠦᠯᠡᠯ ᠪᠣᠯᠭ᠋ᠠᠵᠠᠢ᠃

      ᠭᠤᠷᠪᠠ᠂ 《ᠠᠷᠭ᠎ᠠ》᠎ᠳᠤ ᠲᠣᠭᠲᠠᠭ᠋ᠠᠭᠰᠠᠨ ᠭᠣᠤᠯ ᠵᠠᠷᠴᠢᠮ ᠶᠠᠭᠤ ᠪᠣᠶ?

      ᠨᠢᠭᠡ᠎ᠳᠤ᠂ ᠬᠠᠤᠯᠢ ᠲᠣᠭᠲᠠᠭ᠋ᠠᠯ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ   ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠪᠠ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠢ ᠦᠨᠳᠦᠰᠦᠯᠡᠨ ᠲᠦᠷᠢᠮ᠎ᠤᠨ ᠵᠢᠷᠤᠭ ᠲᠥᠯᠥᠪᠯᠡᠭᠡ ᠬᠢᠪᠡ᠃ ᠬᠣᠶᠠᠷ  ᠎ᠲᠤ 《ᠲᠠᠯᠪᠢᠬᠤ ᠬᠠᠮᠢᠶᠠᠷᠬᠤ ᠦᠢᠯᠡᠴᠢᠯᠡᠬᠦ》 ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠳᠣᠷᠣᠭᠰᠢᠯᠠᠭᠤᠯᠤᠨ᠂ ᠡᠷᠬᠡ ᠲᠡᠭᠰᠢ᠎ᠪᠠᠷ ᠥᠷᠢᠰᠦᠯᠳᠦᠬᠦ ᠵᠢ ᠠᠬᠢᠭᠤᠯᠵᠤ᠂ ᠳᠥᠭᠥᠮ ᠳᠥᠲᠡ ᠣᠷᠴᠢᠨ ᠨᠥᠬᠥᠴᠡᠯ᠎ᠢ ᠪᠣᠶ ᠪᠣᠯᠭ᠋ᠠᠵᠠᠢ᠃ ᠭᠤᠷᠪᠠ᠎ᠳᠤ 《ᠬᠡᠨ ᠡᠯᠰᠡᠨ ᠴᠤᠭᠯᠠᠭᠤᠯᠤᠭᠰᠠᠨ   ᠪᠣᠯ ᠲᠡᠷᠡ ᠬᠢᠨᠠᠨ ᠬᠠᠷᠭᠤᠭᠤᠯᠵᠤ᠂ ᠬᠠᠷᠢᠭᠤᠴᠠᠵᠤ᠂ ᠬᠢᠨᠠᠨ ᠬᠠᠮᠢᠶᠠᠷᠬᠤ》 ᠵᠠᠷᠴᠢᠮ᠎ᠢ ᠵᠢᠷᠤᠮᠯᠠᠨ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠡᠵᠡᠩᠨᠡᠯᠲᠡ ᠪᠠ   ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠤᠷᠬᠠᠢ᠌ᠯᠠᠪᠠ᠃ ᠲᠦᠷᠪᠡ᠎ᠳᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ  ᠎ᠤᠨ ᠬᠣᠯᠪᠤᠭᠳᠠᠬᠤ ᠬᠥᠮᠦᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂   ᠬᠣᠶᠠᠷ ᠲᠠᠯ᠎ᠠ ᠵᠢᠨ ᠬᠣᠯᠪᠤᠭᠳᠠᠬᠤ ᠬᠥᠮᠦᠨ ᠡᠯᠧᠺᠲᠷᠣᠨ ᠬᠤᠳᠠᠯᠳᠤᠭ᠋ᠠᠨ᠎ᠤ ᠲᠠᠯᠠᠪᠤᠷ  ᠎ᠲᠤ ᠠᠷᠠᠯᠵᠢᠶ᠎ᠠ ᠬᠢᠬᠦ ᠦᠶᠡᠰ᠎ᠲᠤ ᠭᠦᠢ᠍ᠴᠡᠳᠬᠡᠬᠦ ᠶᠣᠰᠣᠲᠠᠢ ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢ ᠲᠣᠳᠤᠷᠬᠠᠢ᠌ᠯᠠᠪᠠ᠃ ᠲᠠᠪᠤ᠎ᠳᠤ᠂ ᠱᠠᠲᠤ ᠬᠤᠪᠢᠶᠠᠨ   ᠬᠠᠮᠢᠶᠠᠷᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠬᠠᠤᠯᠢ᠎ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠨ   ᠰᠢᠨᠵᠢ ᠴᠢᠨᠠᠷ᠂ ᠦᠢᠯᠡ ᠪᠠᠢ᠌ᠳᠠᠯ ᠪᠠ ᠨᠡᠢ᠌ᠭᠡᠮ᠎ᠳᠤ ᠤᠴᠠᠷᠠᠭᠤᠯᠤᠭᠰᠠᠨ ᠬᠣᠤᠷ ᠬᠥᠨᠥᠭᠡᠯ᠎ᠤᠨ ᠬᠡᠮᠵᠢᠶ᠎ᠡ ᠵᠡᠷᠭᠡ ᠵᠢ ᠶᠡᠷᠦᠩᠬᠡᠢ᠌ᠯᠡᠨ ᠪᠣᠳᠣᠯᠬᠢᠯᠠᠵᠤ᠂ ᠬᠠᠤᠯᠢ᠎ᠠᠴᠠ   ᠵᠥᠷᠢᠴᠡᠵᠦ ᠢᠲᠡᠭᠡᠯ ᠠᠯᠳᠠᠭᠰᠠᠨ ᠬᠡᠮᠵᠢᠶ᠎ᠡ᠎ᠯᠦᠭᠡ ᠵᠣᠬᠢᠴᠠᠯᠳᠤᠭᠰᠠᠨ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠲᠣᠬᠢᠷᠠᠭᠤᠯᠵᠠᠢ᠃

      ᠳᠥᠷᠪᠡ᠂ 《ᠠᠷᠭ᠎ᠠ》 ᠵᠢ ᠶᠠᠮᠠᠷ ᠬᠡᠪᠴᠢᠶᠡᠨ᠎ᠳᠤ ᠬᠡᠷᠡᠭᠯᠡᠬᠦ ᠪᠣᠶ?

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠲᠥᠷᠥ ᠵᠢᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠠ ᠪᠦᠯᠬᠦᠮ ᠨᠡᠢ᠌ᠲᠡ   ᠵᠢᠨ ᠵᠣᠬᠢᠶᠠᠨ ᠪᠠᠢ᠌ᠭᠤᠯᠤᠯᠲᠠ᠎ᠨᠤᠭᠤᠳ (ᠳᠣᠷᠣᠭᠰᠢ 《ᠬᠤᠳᠠᠯᠳᠤᠨ ᠠᠪᠤᠭᠴᠢ》 ᠭᠡᠵᠦ ᠲᠣᠪᠴᠢᠯᠠᠨ᠎ᠠ) ᠡᠳ᠋᠎ᠤᠨ ᠵᠠᠰᠠᠭ᠎ᠤᠨ ᠴᠢᠨᠠᠷᠲᠠᠶ ᠪᠠᠯᠠ ᠮᠥᠩᠭᠥ ᠵᠶ᠋ᠠᠷ   ᠡᠯᠧᠺᠲᠷᠣᠨ ᠬᠤᠳᠠᠯᠳᠤᠭ᠋ᠠᠨ᠎ᠤ ᠲᠠᠯᠠᠪᠤᠷ ᠵᠶ᠋ᠠᠷ ᠳᠠᠮᠵᠢᠭᠤᠯᠤᠨ ᠲᠠᠸᠠᠷ ᠬᠠᠩᠭ᠋ᠠᠬᠤ ᠬᠠᠤᠯᠢ ᠵᠢᠨ ᠡᠷᠬᠡᠲᠡᠨ᠂ ᠪᠤᠰᠤᠳ ᠵᠣᠬᠢᠶᠠᠨ ᠪᠠᠢ᠌ᠭᠤᠯᠤᠯᠲᠠ ᠪᠤᠶᠤ ᠪᠠᠢ᠌ᠭ᠋ᠠᠯᠢ   ᠬᠥᠮᠦᠨ (ᠳᠣᠷᠣᠭᠰᠢ 《ᠬᠠᠩᠭ᠋ᠠᠭᠴᠢ ᠬᠤᠳᠠᠯᠳᠤᠭ᠋ᠠᠴᠢᠨ》 ᠭᠡᠵᠦ ᠲᠣᠪᠴᠢᠯᠠᠨ᠎ᠠ)᠎ᠠᠴᠠ ᠬᠠᠤᠯᠢ ᠶᠣᠰᠣᠭ᠋ᠠᠷ ᠲᠣᠭᠲᠠᠭ᠋ᠠᠭᠰᠠᠨ ᠲᠥᠪᠯᠡᠷᠡᠭᠦᠯᠦᠨ ᠬᠤᠳᠠᠯᠳᠤᠨ ᠠᠪᠬᠤ   ᠭᠠᠷᠴᠠᠭ᠎ᠤᠨ ᠳᠣᠲᠣᠷ᠎ᠠ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠠᠴᠠ ᠳᠣᠷᠣᠭᠰᠢᠬᠢ ᠪᠤᠶᠤ ᠲᠥᠪᠯᠡᠷᠡᠭᠦᠯᠦᠨ ᠬᠤᠳᠠᠯᠳᠤᠨ ᠠᠪᠬᠤ   ᠭᠠᠷᠴᠠᠭ᠎ᠠᠴᠠ ᠭᠠᠳᠠᠨᠠᠬᠢ᠂ ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭ᠋ᠠᠷ ᠲᠣᠭ᠎ᠠ ᠵᠢᠨ ᠪᠠᠷᠢᠮᠵᠢᠶ᠎ᠠ᠎ᠠᠴᠠ ᠳᠣᠷᠣᠭᠰᠢᠬᠢ ᠪᠠᠷᠠᠭ᠎ᠠ ᠪᠠ ᠦᠢᠯᠡᠴᠢᠯᠡᠭᠡᠨ᠎ᠢ   ᠬᠤᠳᠠᠯᠳᠤᠨ ᠠᠪᠬᠤ᠎ᠳᠤ ᠲᠤᠰ ᠠᠷᠭ᠎ᠠ ᠵᠢ ᠬᠡᠷᠡᠭᠯᠡᠨ᠎ᠡ᠃

      ᠲᠠᠪᠤ᠂ 《ᠠᠷᠭ᠎ᠠ》 ᠵᠢᠨ ᠳᠣᠲᠣᠷᠠᠬᠢ ᠪᠠᠷᠠᠭ᠋ᠠᠨ᠎ᠤ ᠨᠡᠷᠡᠰ᠎ᠤᠨ ᠭᠠᠷᠴᠠᠭ᠎ᠲᠤ ᠶᠠᠭᠤ ᠶᠠᠭᠤ ᠪᠠᠢ᠌ᠬᠤ ᠪᠣᠶ? ᠬᠤᠳᠠᠯᠳᠤᠨ ᠠᠪᠬᠤ ᠦᠶᠡᠰ᠎ᠲᠤ ᠬᠡᠷᠬᠢᠨ   ᠠᠰᠢᠭᠯᠠᠬᠤ ᠪᠣᠢ?

      ᠣᠳᠣᠬᠠᠨ᠎ᠳᠤ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠪᠠᠷᠠᠭ᠋ᠠᠨ᠎ᠤ ᠨᠡᠷᠡᠰ᠎ᠤᠨ ᠭᠠᠷᠴᠠᠭ᠎ᠲᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ   ᠳᠣᠲᠣᠷᠠᠬᠢ ᠬᠤᠳᠠᠯᠳᠤᠨ ᠠᠪᠬᠤ ᠪᠠᠷᠠᠭ᠋ᠠᠨ᠎ᠤ ᠨᠡᠷᠡᠰ ᠪᠠ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠭᠠᠳᠠᠨᠠᠬᠢ ᠬᠤᠳᠠᠯᠳᠤᠨ ᠠᠪᠬᠤ ᠪᠠᠷᠠᠭ᠋ᠠᠨ᠎ᠤ ᠨᠡᠷᠡᠰ᠎ᠢ   ᠪᠠᠭᠲᠠᠭ᠋ᠠᠵᠤ ᠪᠤᠢ᠃

      《ᠪᠥᠬᠥ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ (2020 ᠣᠨ᠎ᠤ ᠬᠡᠪᠯᠡᠯ)》   ᠵᠢᠨ ᠲᠣᠭᠲᠠᠭ᠋ᠠᠯ᠎ᠢ ᠦᠨᠳᠦᠰᠦᠯᠡᠪᠡᠯ᠂ ᠬᠤᠳᠠᠯᠳᠤᠨ ᠠᠪᠤᠭᠴᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠲᠣᠳᠤᠷᠠᠬᠢ ᠵᠢᠴᠢ᠂ ᠢᠯᠡ᠎ᠪᠠᠷ ᠳᠠᠭ᠋ᠠᠭ᠋ᠠᠴᠢᠯᠠᠯᠲᠠ   ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠥᠯᠥ ᠬᠦᠷᠬᠦ᠂ ᠬᠤᠳᠠᠯᠳᠤᠨ ᠠᠪᠬᠤ ᠲᠦᠷᠢᠮ᠎ᠳᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ   ᠠᠪᠬᠤ ᠪᠠᠷᠠᠭ᠎ᠠ ᠪᠤᠶᠤ ᠦᠢᠯᠡᠴᠢᠯᠡᠭᠡᠨ᠎ᠤ ᠲᠥᠷᠥᠯ ᠵᠦᠢ᠍ᠯᠡᠰ᠎ᠢ ᠨᠢᠭᠡᠨᠲᠡ ᠲᠣᠳᠣᠷᠬᠠᠢ᠌ᠯᠠᠭᠰᠠᠨ ᠪᠠᠢ᠌ᠪᠠᠯ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ   ᠠᠪᠬᠤ ᠬᠡᠷᠡᠭᠲᠡᠢ; ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠠᠴᠠ ᠭᠠᠳᠠᠨᠠᠬᠢ ᠵᠢᠴᠢ᠂ ᠬᠡᠰᠡᠭᠯᠡᠨ ᠬᠤᠳᠠᠯᠳᠤᠨ ᠠᠪᠬᠤ ᠬᠢᠵᠠᠭ᠋ᠠᠷᠯᠠᠭᠰᠠᠨ ᠲᠣᠭ᠎ᠠ ᠵᠢᠨ   ᠪᠠᠷᠢᠮᠵᠢᠶ᠎ᠠ᠎ᠳᠤ ᠥᠯᠥ ᠬᠦᠷᠦᠭᠰᠡᠨ ᠪᠠᠷᠠᠭ᠎ᠠ ᠪᠤᠶᠤ ᠦᠢᠯᠡᠴᠢᠯᠡᠭᠡᠨ᠎ᠤ ᠲᠥᠷᠥᠯ ᠵᠦᠢ᠍ᠯᠡᠰ᠎ᠢ ᠬᠤᠳᠠᠯᠳᠤᠨ ᠠᠪᠬᠤ ᠦᠶᠡᠰ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ   ᠪᠤᠶᠤ ᠨᠢᠭᠡᠴᠢ ᠵᠢᠨ ᠳᠣᠲᠣᠭ᠋ᠠᠳᠤ ᠵᠢᠨ ᠡᠵᠡᠮᠳᠡᠬᠦ ᠳᠦᠷᠢᠮ ᠶᠣᠰᠣᠭ᠋ᠠᠷ ᠬᠤᠳᠠᠯᠳᠤᠨ ᠠᠪᠴᠤ ᠪᠣᠯᠤᠨ᠎ᠠ᠃

      ᠵᠢᠷᠭᠤᠭ᠎ᠠ᠂ 《ᠠᠷᠭ᠎ᠠ》᠎ᠳᠤ ᠭᠣᠤᠯᠳᠠᠭᠤ ᠶᠠᠮᠠᠷ ᠶᠠᠮᠠᠷ ᠠᠭᠤᠯᠭ᠎ᠠ ᠵᠢ ᠪᠠᠭᠲᠠᠭ᠋ᠠᠵᠤ ᠪᠠᠢ᠌ᠬᠤ ᠪᠣᠶ?

      《ᠠᠷᠭ᠎ᠠ》᠎ᠨᠢ ᠶᠢᠰᠦᠳᠦᠭᠡᠷ ᠶᠡᠬᠡ ᠬᠡᠰᠡᠭ ᠵᠶ᠋ᠡᠷ ᠪᠦᠷᠢᠯᠳᠦᠵᠦ ᠪᠤᠢ᠃ ᠨᠢᠭᠡᠳᠦᠭᠡᠷ ᠬᠡᠰᠡᠭ ᠶᠡᠷᠦᠩᠬᠡᠢ ᠳᠦᠷᠢᠮ᠎ᠳᠤ ᠭᠣᠣᠯᠳᠠᠭᠤ ᠡᠯᠧᠺᠲᠷᠣᠨ ᠬᠤᠳᠠᠯᠳᠤᠭ᠋ᠠᠨ  ᠎ᠤ ᠲᠠᠯᠠᠪᠤᠷ᠎ᠢ ᠪᠦᠲᠦᠭᠡᠨ ᠪᠠᠢ᠌ᠭᠤᠯᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯᠯᠠᠭ᠋ᠠᠨ᠎ᠤ ᠦᠨᠳᠦᠰᠦᠨ ᠵᠠᠷᠴᠢᠮ ᠵᠡᠷᠭᠡ ᠠᠭᠤᠯᠭ᠎ᠠ ᠵᠢ ᠪᠠᠭᠲᠠᠭ᠋ᠠᠨ᠎ᠠ;   ᠬᠣᠶᠠᠳᠤᠭ᠋ᠠᠷ ᠬᠡᠰᠡᠭ ᠬᠤᠳᠠᠯᠳᠤᠨ ᠠᠪᠤᠭᠴᠢ ᠵᠢᠨ ᠬᠠᠮᠢᠶᠠᠷᠤᠯᠲᠠ᠎ᠳᠤ ᠭᠣᠣᠯᠳᠠᠭᠤ ᠬᠤᠳᠠᠯᠳᠤᠨ ᠠᠪᠤᠭᠴᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ   ᠬᠤᠳᠠᠯᠳᠤᠨ ᠠᠪᠬᠤ᠎ᠳᠤ ᠭᠦᠢ᠍ᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠵᠢ ᠲᠣᠳᠤᠷᠬᠠᠢ᠌ᠯᠠᠪᠠ; ᠭᠤᠷᠪᠠᠳᠤᠭ᠋ᠠᠷ ᠬᠡᠰᠡᠭ ᠬᠤᠳᠠᠯᠳᠤᠭ᠎ᠠ ᠬᠠᠩᠭ᠋ᠠᠭᠴᠢ ᠵᠢᠨ   ᠬᠠᠮᠢᠶᠠᠷᠤᠯᠲᠠ᠎ᠳᠤ ᠭᠣᠣᠯᠴᠠᠭᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠤᠳᠠᠯᠳᠤᠭ᠎ᠠ ᠬᠠᠩᠭ᠋ᠠᠭᠴᠢᠳ᠎ᠤᠨ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ   ᠣᠷᠤᠬᠤ ᠨᠥᠬᠥᠴᠡᠯ ᠪᠠ ᠠᠷᠭ᠎ᠠ ᠮᠠᠶᠢᠭ᠎ᠢ ᠪᠠᠭᠲᠠᠭ᠋ᠠᠨ᠎ᠠ; ᠳᠥᠷᠪᠡᠳᠦᠭᠡᠷ ᠬᠡᠰᠡᠭ ᠲᠠᠸᠠᠷ᠎ᠤᠨ ᠬᠠᠮᠢᠶᠠᠷᠤᠯᠲᠠ᠎ᠳᠤ ᠭᠣᠣᠯᠳᠠᠭᠤ ᠡᠯᠧᠺᠲᠷᠣᠨ ᠬᠤᠳᠠᠯᠳᠤᠭ᠋ᠠᠨ᠎ᠤ   ᠲᠠᠯᠠᠪᠤᠷ᠎ᠲᠤ ᠲᠠᠸᠠᠷ ᠭᠠᠷᠭ᠋ᠠᠬᠤ᠎ᠳᠤ ᠡᠷᠬᠡᠪᠰᠢ ᠪᠦᠷᠢᠳᠦᠭᠦᠯᠬᠦ ᠨᠥᠬᠥᠴᠡᠯ ᠵᠡᠷᠭᠡ ᠠᠭᠤᠯᠭ᠎ᠠ᠎ᠨᠤᠭᠤᠳ᠎ᠢ ᠪᠠᠭᠲᠠᠭ᠋ᠠᠨ᠎ᠠ; ᠲᠠᠪᠤᠳᠤᠭ᠋ᠠᠷ ᠬᠡᠰᠡᠭ ᠠᠷᠠᠯᠵᠢᠶᠠᠨ᠎ᠤ   ᠬᠠᠮᠢᠶᠠᠷᠤᠯᠲᠠ᠎ᠳᠤ ᠭᠣᠤᠯᠳᠠᠭᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠠᠷᠠᠯᠵᠢᠶᠠᠨ᠎ᠤ ᠠᠷᠭ᠎ᠠ ᠮᠠᠶᠢᠭ᠂ ᠬᠡᠷᠡᠭᠯᠡᠬᠦ ᠠᠶ᠂ ᠠᠷᠠᠯᠵᠢᠶᠠᠯᠠᠬᠤ ᠪᠠ ᠠᠷᠠᠯᠵᠢᠶ᠎ᠠ   ᠪᠦᠲᠦᠬᠦ ᠵᠠᠷᠴᠢᠮ ᠵᠡᠷᠭᠡ ᠠᠭᠤᠯᠭ᠎ᠠ᠎ᠨᠤᠭᠤᠳ᠎ᠢ ᠪᠠᠭᠲᠠᠭ᠋ᠠᠨ᠎ᠠ; ᠵᠢᠷᠭᠤᠳᠤᠭ᠋ᠠᠷ ᠬᠡᠰᠡᠭ ᠭᠡᠷ᠎ᠡ ᠪᠠ ᠭᠡᠷ᠎ᠡ ᠵᠢ ᠭᠦᠢᠴᠡᠳᠬᠡᠬᠦ ᠬᠠᠮᠢᠶᠠᠷᠤᠯᠲᠠ᠂ ᠭᠣᠤᠯᠳᠠᠭᠤ ᠡᠯᠧᠺᠲᠷᠣᠨ   ᠬᠤᠳᠠᠯᠳᠤᠭ᠋ᠠᠨ᠎ᠤ ᠭᠡᠷ᠎ᠡ ᠲᠣᠭᠲᠠᠬᠤ᠂ ᠵᠠᠷᠯᠠᠨ ᠨᠡᠢ᠌ᠲᠡᠯᠡᠬᠦ᠂ ᠳᠥᠯᠥᠬᠦ ᠵᠡᠷᠭᠡ ᠠᠭᠤᠯᠭ᠎ᠠ᠎ᠨᠤᠭᠤᠳ᠎ᠢ ᠪᠠᠭᠲᠠᠭ᠋ᠠᠨ᠎ᠠ; ᠳᠣᠯᠣᠳᠤᠭ᠋ᠠᠷ ᠬᠡᠰᠡᠭ ᠦᠨᠡᠨᠴᠢ ᠢᠲᠡᠭᠡᠮᠵᠢ ᠵᠢᠨ   ᠬᠠᠮᠢᠶᠠᠷᠤᠯᠲᠠ᠎ᠳᠤ ᠭᠣᠣᠯᠳᠠᠭᠤ ᠬᠤᠳᠠᠯᠳᠤᠨ ᠠᠪᠤᠭᠴᠢ ᠪᠠ ᠬᠤᠳᠠᠯᠳᠤᠭ᠎ᠠ ᠬᠠᠩᠭ᠋ᠠᠭᠴᠢ᠎ᠠᠴᠠ ᠢᠲᠡᠭᠡᠮᠵᠢ ᠠᠯᠳᠠᠭᠰᠠᠨ᠎ᠢ᠎ᠨᠢ ᠵᠠᠯᠬᠠᠭ᠋ᠠᠨ ᠴᠡᠭᠡᠷᠯᠡᠭᠦᠯᠬᠦ ᠵᠡᠷᠭᠡ   ᠠᠭᠤᠯᠭ᠎ᠠ᠎ᠨᠤᠭᠤᠳ᠎ᠢ ᠪᠠᠭᠲᠠᠭ᠋ᠠᠨ᠎ᠠ; ᠨᠠᠢ᠍ᠮᠠᠳᠤᠭ᠋ᠠᠷ ᠬᠡᠰᠡᠭ ᠬᠢᠨᠠᠯᠲᠠ ᠬᠠᠮᠢᠶᠠᠷᠤᠯᠲᠠ᠎ᠳᠤ ᠭᠣᠣᠯᠳᠠᠭᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠡᠯ᠎ᠡ ᠲᠠᠯ᠎ᠠ ᠵᠢᠨ   ᠬᠣᠯᠪᠤᠭᠳᠠᠬᠤ ᠬᠦᠮᠦᠰ᠎ᠤᠨ ᠡᠷᠬᠡ ᠠᠰᠢᠭ᠎ᠢ ᠬᠠᠮᠠᠭ᠋ᠠᠯᠠᠬᠤ ᠪᠠ ᠬᠢᠨᠠᠵᠤ ᠬᠠᠮᠢᠶᠠᠷᠬᠤ ᠵᠡᠷᠭᠡ ᠠᠭᠤᠯᠭ᠎ᠠ᠎ᠨᠤᠭᠤᠳ᠎ᠢ ᠪᠠᠭᠲᠠᠭ᠋ᠠᠨ᠎ᠠ; ᠶᠢᠰᠦᠳᠦᠭᠡᠷ ᠬᠡᠰᠡᠭ   ᠳᠠᠭ᠋ᠠᠯᠳᠤᠭᠤᠯᠤᠯ ᠲᠤᠢ᠍ᠷᠢᠮ᠎ᠳᠤ ᠭᠣᠣᠯᠴᠠᠭᠤ ᠲᠤᠰ ᠠᠷᠭ᠎ᠠ ᠵᠢ ᠲᠠᠢ᠌ᠯᠪᠤᠷᠢᠯᠠᠬᠤ ᠡᠷᠬᠡ᠂ ᠭᠡᠯᠳᠦᠷᠢᠬᠦᠯᠬᠦ ᠵᠦᠢ᠍ᠯ ᠵᠣᠷᠪᠤᠰ ᠪᠠ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ   ᠠᠭᠤᠯᠭ᠎ᠠ᠎ᠨᠤᠭᠤᠳ᠎ᠢ ᠪᠠᠭᠲᠠᠭ᠋ᠠᠵᠠᠢ᠃

      ᠳᠣᠯᠣᠭ᠎ᠠ᠂ 《ᠠᠷᠭ᠎ᠠ》᠎ᠳᠤ ᠬᠤᠳᠠᠯᠳᠤᠨ ᠠᠪᠤᠭᠴᠢ ᠬᠤᠳᠠᠯᠳᠤᠨ ᠠᠪᠬᠤ ᠬᠠᠮᠢᠶᠠᠷᠤᠯᠲᠠ᠎ᠪᠠᠨ ᠬᠡᠷᠬᠢᠨ ᠰᠠᠢ᠌ᠲᠤᠷ ᠬᠢᠬᠦ ᠪᠣᠶ?

      ᠬᠤᠳᠠᠯᠳᠤᠨ ᠠᠪᠤᠭᠴᠢ ᠪᠣᠯ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠬᠤ ᠭᠣᠤᠯ ᠴᠣᠭᠴᠠ ᠮᠥᠨ᠂ ᠡᠯᠧᠺᠲᠷᠣᠨ ᠬᠤᠳᠠᠯᠳᠤᠭ᠋ᠠᠨ᠎ᠤ   ᠲᠠᠯᠠᠪᠤᠷ᠎ᠠᠴᠠ ᠬᠤᠳᠠᠯᠳᠤᠨ ᠠᠪᠬᠤ᠎ᠳᠤ᠎ᠪᠠᠨ ᠬᠠᠮᠢᠶ᠎ᠠ ᠪᠥᠬᠥᠶ ᠡᠭᠦᠷᠭᠡ ᠬᠠᠷᠢᠭᠤᠴᠠᠯᠭ᠎ᠠ ᠵᠢ ᠭᠦᠢᠴᠡᠳᠬᠡᠵᠦ᠂ 《ᠬᠡᠨ ᠬᠤᠳᠠᠯᠳᠤᠨ ᠠᠪᠤᠭᠰᠠᠨ ᠪᠣᠯ ᠲᠡᠷᠡ   ᠬᠠᠷᠢᠭᠤᠴᠠᠬᠤ》 ᠵᠠᠷᠴᠢᠮ ᠶᠣᠰᠣᠭ᠋ᠠᠷ᠂ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ᠎ᠳᠤ ᠬᠠᠷᠢᠭᠤᠴᠠᠬᠤ ᠬᠠᠮᠢᠶᠠᠷᠤᠯᠲᠠ   ᠵᠢᠨ ᠲᠣᠭᠲᠠᠴᠠ ᠵᠢ ᠪᠠᠢ᠌ᠭᠤᠯᠬᠤ ᠬᠡᠷᠡᠭᠲᠡᠶ᠃ ᠪᠦᠬᠦᠯᠢ ᠵᠢ ᠬᠡᠰᠡᠭᠯᠡᠨ ᠰᠠᠯᠭ᠋ᠠᠬᠤ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠵᠠᠢ᠌ᠯᠠᠬᠤ ᠦᠢᠯᠡ ᠠᠵᠢᠯᠯᠠᠭ᠎ᠠ ᠵᠢ ᠡᠷᠡᠰ   ᠬᠣᠷᠢᠭᠯᠠᠵᠤ᠂ ᠬᠢᠵᠠᠭ᠋ᠠᠷᠯᠠᠬᠤ ᠴᠢᠨᠠᠷᠲᠠᠶ ᠨᠥᠬᠥᠴᠡᠯ ᠲᠣᠬᠢᠷᠠᠭᠤᠯᠬᠤ ᠪᠤᠶᠤ ᠵᠦᠶ ᠵᠣᠬᠢᠰ ᠥᠬᠡᠶ ᠨᠥᠬᠥᠴᠡᠯ ᠳᠤᠷᠠᠳᠬᠤ ᠡᠰᠡᠭᠦᠯ᠎ᠡ ᠬᠤᠳᠠᠯᠳᠤᠭ᠎ᠠ ᠬᠠᠩᠭ᠋ᠠᠬᠤ ᠪᠤᠯᠤᠮᠵᠢ   ᠪᠦᠬᠦᠢ ᠬᠤᠳᠠᠯᠳᠤᠭ᠋ᠠᠴᠢᠨ᠎ᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠠᠷᠠᠯᠵᠢᠶ᠎ᠠ᠎ᠳᠤ ᠣᠷᠣᠯᠴᠠᠬᠤ ᠵᠢ ᠭᠠᠳᠠᠭᠤᠷᠴᠢᠯᠠᠬᠤ ᠵᠡᠷᠭᠡ ᠵᠢ ᠴᠠᠭ᠋ᠠᠵᠠᠯᠠᠨ᠎ᠠ᠂ ᠡᠰᠡ   ᠲᠡᠢ᠌ᠮᠦ ᠪᠣᠯ 《ᠠᠷᠭ᠎ᠠ》᠎ᠳᠠᠬᠢ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠰᠢᠢᠳᠪᠦᠷᠢᠯᠡᠨ᠎ᠡ᠃

      ᠨᠠᠢᠮᠠ᠂ 《ᠠᠷᠭ᠎ᠠ》᠎ᠳᠤ ᠬᠤᠳᠠᠯᠳᠤᠭ᠎ᠠ ᠬᠠᠩᠭ᠋ᠠᠭᠴᠢ ᠵᠢᠨ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ ᠣᠷᠤᠵᠤ ᠬᠤᠳᠠᠯᠳᠤᠭ᠎ᠠ ᠡᠷᠬᠢᠯᠡᠬᠦ ᠵᠢ ᠬᠡᠷᠬᠢᠨ   ᠬᠠᠮᠢᠶᠠᠷᠬᠤ ᠪᠣᠶ?

      ᠬᠤᠳᠠᠯᠳᠤᠭ᠎ᠠ ᠬᠠᠩᠭ᠋ᠠᠭᠴᠢ ᠵᠢᠨ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ ᠣᠷᠤᠵᠤ ᠬᠤᠳᠠᠯᠳᠤᠭ᠎ᠠ ᠡᠷᠬᠢᠯᠡᠬᠦ᠎ᠳᠤ᠎ᠨᠢ ᠠᠮᠠᠯᠠᠯᠲᠠ ᠵᠢᠨ ᠲᠦᠷᠢᠮ ᠪᠠ 《ᠨᠢᠭᠡ ᠭᠠᠵᠠᠷ᠎ᠠᠴᠠ ᠡᠯᠰᠡᠵᠦ᠂   ᠪᠦᠬᠦ ᠣᠷᠤᠨ᠎ᠳᠤ ᠬᠦᠷᠲᠡᠭᠡᠬᠦ》 ᠬᠠᠮᠢᠶᠠᠷᠤᠯᠲᠠ ᠵᠢᠨ ᠠᠷᠭ᠎ᠠ ᠵᠢ ᠬᠡᠷᠡᠭᠯᠡᠨ᠎ᠡ᠃ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ   ᠡᠵᠡᠩᠨᠡᠯᠲᠡ ᠬᠢᠬᠦ ᠬᠤᠳᠠᠯᠳᠤᠭ᠎ᠠ ᠬᠠᠩᠭ᠋ᠠᠭᠴᠢ ᠥᠪᠡᠷ᠎ᠤᠨ ᠦᠢᠯᠡᠴᠢᠯᠡᠭᠡᠨ᠎ᠤ ᠴᠢᠳᠠᠪᠤᠷᠢ᠎ᠪᠠᠨ ᠦᠨᠳᠦᠰᠦᠯᠡᠨ᠂ ᠲᠣᠭᠲᠠᠭ᠋ᠠᠯ ᠶᠣᠰᠣᠭ᠋ᠠᠷ ᠡᠯᠧᠺᠲᠷᠣᠨ ᠬᠤᠳᠠᠯᠳᠤᠭ᠋ᠠᠨ᠎ᠤ   ᠲᠠᠯᠠᠪᠤᠷ᠎ᠲᠤ ᠭᠠᠷᠴᠤ᠂ ᠦᠨᠡᠨ ᠪᠣᠳᠠᠲᠠᠶ ᠬᠠᠤᠯᠢ ᠵᠢᠨ ᠬᠦᠴᠦᠨ᠎ᠲᠠᠢ ᠬᠠᠮᠢᠶ᠎ᠠ ᠪᠥᠬᠥᠶ ᠮᠠᠲ᠋ᠧᠷᠢᠶᠠᠯ ᠵᠶ᠋ᠠᠨ ᠬᠠᠩᠭ᠋ᠠᠨ᠎ᠠ᠂ ᠢᠲᠡᠭᠡᠮᠵᠢ ᠰᠠᠢ᠌ᠲᠠᠢ ᠠᠵᠤ ᠠᠬᠤᠢ᠌ᠯᠠᠯ᠎ᠨᠢ   ᠠᠳᠠᠯᠢ ᠨᠥᠬᠥᠴᠡᠯ᠎ᠤᠨ ᠳᠣᠤᠷ᠎ᠠ ᠤᠷᠢᠳᠠᠪᠠᠷ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ ᠡᠵᠡᠩᠨᠡᠯᠲᠡ ᠬᠢᠵᠦ ᠪᠣᠯᠤᠨ᠎ᠠ᠃ ᠨᠢᠭᠡᠨᠲᠡ ᠡᠯᠧᠺᠲᠷᠣᠨ ᠬᠤᠳᠠᠯᠳᠤᠭ᠋ᠠᠨ᠎ᠤ   ᠲᠠᠯᠠᠪᠤᠷ᠎ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭ᠋ᠠᠭᠴᠢ ᠦᠨᠡᠨᠴᠢ ᠢᠲᠡᠭᠡᠮᠵᠢᠲᠡᠶ᠎ᠪᠠᠷ ᠠᠷᠠᠯᠵᠢᠶᠠᠯᠠᠬᠤ ᠪᠠ ᠬᠢᠨᠠᠯᠲᠠ ᠬᠠᠮᠢᠶᠠᠷᠤᠯᠲᠠ ᠵᠢ ᠳᠠᠭ᠋ᠠᠬᠤ᠎ᠪᠠᠨ   ᠠᠮᠠᠯᠠᠬᠤ ᠵᠢᠨ ᠬᠠᠮᠲᠤ᠂ ᠬᠤᠳᠠᠯᠳᠤᠭ᠎ᠠ ᠬᠠᠩᠭ᠋ᠠᠭᠴᠢ ᠵᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠴᠢᠩᠭ᠎ᠠ ᠭᠦᠢᠴᠡᠳᠬᠡᠬᠦ ᠬᠡᠷᠡᠭᠲᠡᠶ᠃ ᠬᠦᠨᠳᠦ ᠨᠣᠴᠢᠲᠠᠶ   ᠢᠲᠡᠭᠡᠯ ᠵᠶ᠋ᠡᠨ ᠠᠯᠳᠠᠭᠰᠠᠨ ᠠᠵᠤ ᠠᠬᠤᠢ᠌ᠯᠠᠯ᠎ᠳᠤ 《ᠨᠢᠭᠡ ᠭᠠᠵᠠᠷ᠎ᠲᠤ ᠬᠦᠴᠦᠨ ᠦᠭᠡᠶ ᠪᠣᠯᠭ᠋ᠠᠵᠤ᠂ ᠪᠦᠬᠦ ᠣᠷᠣᠨ᠎ᠠᠴᠠ ᠪᠤᠴᠠᠭ᠋ᠠᠨ ᠭᠠᠷᠭ᠋ᠠᠯᠭ᠋ᠠᠬᠤ》 ᠲᠣᠭᠲᠠᠴᠠ   ᠵᠢ ᠬᠡᠷᠡᠭᠵᠢᠭᠦᠯᠵᠦ᠂ ᠢᠲᠡᠭᠡᠯ ᠠᠯᠳᠠᠭᠰᠠᠨ ᠠᠵᠤ ᠠᠬᠤᠢ᠌ᠯᠠᠯ᠎ᠤᠨ ᠮᠡᠳᠡᠭᠡ ᠵᠠᠩᠭᠢ ᠵᠢ ᠣᠯᠠᠨ᠎ᠠ ᠨᠡᠪᠲᠡᠷᠡᠭᠦᠯᠵᠦ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ   ᠠᠷᠠᠯᠵᠢᠶ᠎ᠠ ᠡᠷᠬᠢᠯᠡᠬᠦ ᠬᠢᠷᠢ ᠬᠡᠮ᠎ᠢ᠎ᠨᠢ ᠬᠠᠰᠤᠨ᠎ᠠ᠃

      ᠶᠢᠰᠦ᠂ 《ᠠᠷᠭ᠎ᠠ》᠎ᠳᠤ ᠲᠠᠸᠠᠷ᠎ᠤᠳ᠎ᠢ ᠬᠡᠷᠬᠢᠨ ᠬᠠᠮᠢᠶᠠᠷᠬᠤ ᠪᠣᠶ?

      ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭ᠋ᠠᠭᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ   ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠲᠠᠸᠠᠷ᠎ᠤᠳ᠎ᠤᠨ ᠨᠡᠢ᠌ᠲᠡᠯᠡᠯᠲᠡ ᠵᠢᠴᠢ ᠬᠠᠮᠢᠶᠠᠷᠤᠯᠲᠠ ᠵᠢᠨ ᠵᠢᠷᠤᠮᠵᠢᠯ》  ᠎ᠤᠨ ᠱᠠᠭ᠋ᠠᠷᠳᠠᠯᠭ᠎ᠠ ᠶᠣᠰᠣᠭ᠋ᠠᠷ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ ᠲᠠᠸᠠᠷ ᠵᠶ᠋ᠠᠨ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ   ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠡᠵᠡᠩᠨᠡᠨ ᠬᠠᠮᠢᠶᠠᠷᠬᠤ ᠪᠠᠢ᠌ᠭᠤᠯᠤᠮᠵᠢ᠎ᠪᠠᠷ ᠬᠢᠨᠠᠨ ᠬᠠᠷᠭᠤᠭᠤᠯᠤᠭ᠋ᠠᠳ ᠪᠠᠲᠤᠯᠠᠭᠳᠠᠭᠰᠠᠨ᠎ᠤ ᠳᠠᠷᠠᠭ᠎ᠠ ᠰᠠᠶᠢ ᠡᠯᠧᠺᠲᠷᠣᠨ   ᠬᠤᠳᠠᠯᠳᠤᠭ᠋ᠠᠨ᠎ᠤ ᠲᠠᠯᠠᠪᠤᠷ᠎ᠲᠤ ᠪᠣᠷᠤᠯᠠᠭᠤᠯᠵᠤ ᠪᠣᠯᠬᠤ ᠵᠢ ᠱᠠᠭ᠋ᠠᠷᠳᠠᠨ᠎ᠠ᠃ ᠲᠠᠸᠠᠷ᠎ᠤᠨ ᠭᠠᠷᠴᠠᠭ᠂ ᠨᠡᠷᠡᠢ᠌ᠳᠦᠯ᠂ ᠪᠣᠯᠵᠣᠯᠲᠤ ᠲᠣᠭ᠎ᠠ᠂ ᠦᠨ᠎ᠡ ᠬᠠᠩᠰᠢ ᠵᠡᠷᠭᠡ   ᠬᠠᠮᠢᠶ᠎ᠠ ᠪᠥᠬᠥᠶ ᠵᠢᠷᠤᠮᠵᠢᠯ ᠪᠤᠶᠤ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠠᠸᠠᠷ᠎ᠢ ᠬᠤᠷᠢᠶᠠᠨ ᠰᠢᠢ᠍ᠳᠪᠦᠷᠢᠯᠡᠬᠦ ᠵᠢᠨ ᠬᠠᠮᠲᠤ 《ᠠᠷᠭ᠎ᠠ》 ᠵᠢᠨ ᠭᠤᠴᠢᠨ ᠲᠠᠪᠤᠳᠤᠭ᠋ᠠᠷ ᠵᠦᠢᠯ᠎ᠤᠨ ᠲᠣᠭᠲᠠᠭ᠋ᠠᠯ ᠶᠣᠰᠣᠭ᠋ᠠᠷ ᠰᠢᠢᠳᠪᠦᠷᠢᠯᠡᠨ᠎ᠡ᠃

        ᠠᠷᠪᠠ᠂ 《ᠠᠷᠭ᠎ᠠ》 ᠵᠢᠨ ᠠᠷᠠᠯᠵᠢᠶᠠᠨ᠎ᠤ ᠬᠠᠮᠢᠶᠠᠷᠤᠯᠲᠠ᠎ᠳᠤ ᠬᠤᠳᠠᠯᠳᠤᠨ ᠠᠪᠤᠭᠴᠢ᠎ᠨᠢ ᠬᠤᠳᠠᠯᠳᠤᠨ ᠠᠪᠬᠤ ᠲᠥᠰᠦᠪ᠎ᠤᠨ ᠵᠣᠭᠣᠰ᠎ᠤᠨ ᠲᠣᠭ᠎ᠠ ᠪᠠ   ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠠᠷᠠᠯᠵᠢᠶᠠᠯᠠᠬᠤ ᠠᠷᠭ᠎ᠠ ᠮᠠᠶᠢᠭ᠎ᠢ ᠥᠪᠡᠰᠦᠪᠡᠨ ᠰᠣᠩᠭᠣᠵᠤ ᠪᠣᠯᠬᠤ ᠵᠢ ᠲᠣᠳᠤᠷᠬᠠᠢ᠌ᠯᠠᠪᠠ᠂   ᠲᠡᠭᠡᠪᠡᠯ ᠪᠣᠳᠠᠲᠠᠶ ᠬᠡᠷᠬᠢᠨ ᠰᠣᠩᠭᠣᠬᠤ ᠪᠤᠢ?

      (ᠨᠢᠭᠡ) ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ ᠪᠣᠯᠬᠤ ᠵᠢ   ᠨᠢᠭᠡᠨᠲᠡ ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡᠨ ᠲᠥᠭᠥᠷᠢᠭ᠎ᠲᠤ ᠦᠯᠦ ᠬᠦᠷᠬᠦ ᠪᠠᠷᠠᠭ᠎ᠠ ᠵᠢᠨ   ᠲᠥᠷᠥᠯ᠎ᠤᠨ ᠲᠥᠷᠥᠯ ᠵᠦᠢᠯ᠎ᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠰᠢᠭᠤᠳ ᠬᠤᠳᠠᠯᠳᠤᠨ ᠠᠪᠬᠤ ᠪᠤᠶᠤ ᠰᠦᠯᠵᠢᠶᠡᠨ ᠳᠡᠭᠡᠷ᠎ᠡ ᠦᠨ᠎ᠡ ᠦᠷᠢᠰᠦᠯᠳᠦᠬᠦ᠂   ᠦᠨ᠎ᠡ ᠯᠠᠪᠯᠠᠬᠤ ᠠᠷᠭ᠎ᠠ ᠮᠠᠶᠢᠭ ᠵᠶ᠋ᠠᠷ ᠬᠤᠳᠠᠯᠳᠤᠨ ᠠᠪᠬᠤ ᠠᠵᠢᠯᠯᠠᠭ᠎ᠠ ᠵᠢ ᠬᠡᠷᠡᠭᠵᠢᠭᠦᠯᠵᠦ ᠪᠣᠯᠤᠨ᠎ᠠ᠃ ᠡᠭᠦᠨ᠎ᠳᠤ ᠭᠣᠣᠯᠳᠠᠭᠤ᠄ ᠦᠢ᠍ᠯᠡᠴᠢᠯᠡᠭᠦᠷ ᠮᠠᠰᠢᠨ᠂   ᠲᠠᠯᠪᠢᠭᠤᠷ ᠺᠣᠮᠫᠢᠦ᠋ᠲ᠋ᠧᠷ᠂ ᠠᠪᠴᠤ ᠶᠠᠪᠤᠬᠤ᠎ᠳᠤ ᠲᠤᠢ᠍ᠬᠦᠮ ᠺᠣᠮᠫᠢᠦ᠋ᠲ᠋ᠧᠷ᠂ ᠪᠤᠳᠦᠬ ᠰᠦᠷᠴᠢᠨ ᠳᠠᠷᠤᠮᠠᠯᠯᠠᠬᠤ ᠮᠠᠰᠢᠨ᠂ ᠯᠠᠢ᠌ᠰᠧᠷ ᠳᠠᠷᠤᠮᠠᠯᠯᠠᠬᠤ ᠮᠠᠰᠢᠨ᠂ ᠵᠡᠭᠦᠦ   ᠬᠡᠯᠪᠡᠷᠢᠲᠦ ᠳᠠᠷᠤᠮᠠᠯᠯᠠᠬᠤ ᠮᠠᠰᠢᠨ᠂ ᠰᠢᠩᠭᠡᠨ ᠲᠠᠯᠠᠰᠲᠤ ᠦᠵᠡᠭᠦᠯᠦᠭᠦᠷ᠂ ᠰᠢᠷᠪᠢᠭᠦᠷ ᠮᠠᠰᠢᠨ᠂ ᠳᠠᠷᠤᠮᠠᠯᠯᠠᠭᠤᠷ ᠮᠠᠰᠢᠨ᠂ ᠲᠤᠰᠬᠠᠯᠳᠠ ᠵᠢᠨ ᠮᠠᠰᠢᠨ᠂ ᠤᠯᠡᠠ   ᠴᠢᠳᠠᠪᠤᠷᠢᠲᠤ ᠨᠢᠭᠡ ᠴᠣᠭᠴᠠ ᠮᠠᠰᠢᠨ᠂ LED - ᠦᠵᠡᠭᠦᠯᠬᠦ ᠳᠡᠯᠭᠡᠴᠡ᠂ ᠬᠦᠷᠦᠯᠴᠡᠯ ᠡᠵᠡᠮᠰᠢᠯᠳᠦ ᠨᠢᠭᠡ ᠴᠣᠭᠴᠠ ᠮᠠᠰᠢᠨ᠂ ᠴᠠᠭ᠋ᠠᠰᠤ ᠤᠷᠠᠬᠤ ᠮᠠᠰᠢᠨ᠂   ᠲᠡᠰᠦᠷᠡᠯᠳᠠ ᠤᠢ᠍ᠭᠡᠢ ᠴᠠᠬᠢᠯᠭ᠋ᠠᠨ ᠡᠭᠦᠰᠭᠡᠭᠴᠢ (UPS)᠂ ᠠᠭ᠋ᠠᠷ ᠲᠤᠬᠢᠷᠡᠭᠤᠯᠦᠷ᠂ ᠪᠠᠭᠤᠯᠭ᠋ᠠᠪᠤᠷᠢ ᠴᠠᠭ᠋ᠠᠰᠤ ᠵᠡᠷᠭᠡ ᠲᠤᠢ᠍ᠷᠦᠯ ᠵᠦᠢ᠍ᠯᠡᠰ᠎ᠢ ᠪᠠᠭᠲᠠᠭ᠋ᠠᠨ᠎ᠠ᠃

       (ᠬᠣᠶᠠᠷ) ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ   ᠪᠣᠯᠬᠤ ᠵᠢ ᠨᠢᠭᠡᠨᠲᠡ ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡ᠎ᠠᠴᠠ ᠳᠡᠭᠡᠭᠰᠢ᠂ ᠢᠯᠡ᠎ᠪᠠᠷ   ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠡᠰᠡ ᠬᠦᠷᠦᠭᠰᠡᠨ ᠪᠠᠷᠠᠭ᠎ᠠ ᠵᠢᠨ ᠲᠥᠷᠥᠯ᠎ᠤᠨ ᠲᠥᠷᠥᠯ ᠵᠦᠢ᠍ᠯ᠎ᠢ ᠬᠡᠷᠬᠢᠨ ᠬᠤᠳᠠᠯᠳᠤᠨ ᠠᠪᠬᠤ ᠪᠤᠶ?

      ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ ᠪᠣᠯᠬᠤ ᠵᠢ ᠨᠢᠭᠡᠨᠲᠡ   ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡ᠎ᠠᠴᠠ ᠳᠡᠭᠡᠭᠰᠢ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ   ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠡᠰᠡ ᠬᠦᠷᠦᠭᠰᠡᠨ ᠪᠠᠷᠠᠭ᠎ᠠ ᠵᠢᠨ ᠲᠥᠷᠥᠯ ᠵᠦᠢᠯ᠎ᠳᠤ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠤ ᠰᠦᠯᠵᠢᠶᠡᠨ ᠳᠡᠭᠡᠷ᠎ᠡ   ᠦᠨ᠎ᠡ ᠦᠷᠢᠰᠦᠯᠳᠦᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠠᠷᠭ᠎ᠠ ᠮᠠᠶᠢᠭ ᠵᠶ᠋ᠠᠷ ᠬᠤᠳᠠᠯᠳᠤᠨ ᠠᠪᠴᠤ ᠪᠣᠯᠤᠨ᠎ᠠ᠃

     (ᠭᠤᠷᠪᠠ) ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ   ᠪᠣᠯᠬᠤ ᠵᠢ ᠨᠢᠭᠡᠨᠲᠡ ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡᠨ ᠲᠥᠭᠥᠷᠢᠭ᠎ᠲᠤ ᠦᠯᠦ ᠬᠦᠷᠬᠦ   ᠦᠢ᠍ᠯᠡᠴᠢᠯᠡᠭᠡᠨ᠎ᠤ ᠲᠥᠷᠥᠯ᠎ᠤᠨ ᠲᠥᠷᠥᠯ ᠵᠦᠢ᠍ᠯ᠎ᠢ ᠬᠡᠷᠬᠢᠨ ᠬᠤᠳᠠᠯᠳᠤᠨ ᠠᠪᠬᠤ ᠪᠤᠶ?       ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ ᠪᠣᠯᠬᠤ ᠵᠢ ᠨᠢᠭᠡᠨᠲᠡ   ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡᠨ ᠲᠥᠭᠥᠷᠢᠭ᠎ᠲᠤ ᠦᠯᠦ ᠬᠦᠷᠬᠦ ᠦᠢᠯᠡᠴᠢᠯᠡᠭᠡᠨ᠎ᠤ ᠲᠥᠷᠥᠯ  ᠎ᠤᠨ ᠲᠥᠷᠥᠯ ᠵᠦᠢᠯ᠎ᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠰᠢᠭᠤᠳ ᠬᠤᠳᠠᠯᠳᠤᠨ ᠠᠪᠬᠤ ᠪᠤᠶᠤ ᠭᠤᠷᠪᠠ᠎ᠠᠴᠠ ᠳᠡᠭᠡᠭᠰᠢ ᠬᠤᠳᠠᠯᠳᠤᠭ᠎ᠠ ᠬᠠᠩᠭ᠋ᠠᠭᠴᠢᠳ  ᠎ᠢ ᠤᠷᠢᠵᠤ ᠬᠢᠵᠠᠭ᠋ᠠᠷᠲᠠᠶ ᠦᠨ᠎ᠡ ᠦᠷᠢᠰᠦᠯᠳᠦᠬᠦ ᠪᠤᠶᠤ ᠪᠥᠬᠥ ᠰᠦᠯᠵᠢᠶ᠎ᠡ᠎ᠪᠠᠷ ᠢᠯᠡ᠎ᠪᠠᠷ ᠦᠨ᠎ᠡ ᠦᠷᠢᠰᠦᠯᠳᠦᠨ ᠬᠤᠳᠠᠯᠳᠤᠨ ᠠᠪᠴᠤ ᠪᠣᠯᠤᠨ᠎ᠠ᠃ ᠡᠭᠦᠨ᠎ᠳᠤ   ᠭᠣᠣᠯᠴᠠᠭᠤ᠄ ᠲᠡᠷᠭᠡ ᠬᠥᠰᠬᠡ ᠵᠢ ᠰᠡᠯᠪᠢᠨ ᠵᠠᠰᠠᠬᠤ ᠪᠠ ᠠᠷᠠᠴᠢᠯᠠᠨ ᠬᠠᠮᠠᠭ᠋ᠠᠯᠠᠬᠤ ᠦᠢᠯᠡᠴᠢᠯᠡᠭᠡ᠂ ᠬᠡᠪᠯᠡᠭᠦ ᠦᠢᠯᠡᠴᠢᠯᠡᠭᠡ᠂ ᠠᠳᠠᠯ ᠠᠬᠤᠶ ᠵᠢᠨ ᠬᠠᠮᠢᠶᠠᠷᠤᠯᠲᠠ ᠵᠢᠨ   ᠦᠢᠯᠡᠴᠢᠯᠡᠭᠡ ᠵᠡᠷᠭᠡ ᠦᠢᠯᠡᠳᠬᠦᠨ᠎ᠤ ᠭᠠᠷᠴᠠᠭ᠎ᠢ ᠪᠠᠭᠲᠠᠭ᠋ᠠᠨ᠎ᠠ᠃

     (ᠳᠥᠷᠪᠡ) ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ   ᠪᠣᠯᠬᠤ ᠵᠢ ᠨᠢᠭᠡᠨᠲᠡ ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡ᠎ᠠᠴᠠ ᠳᠡᠭᠡᠭᠰᠢ᠂ ᠢᠯᠡ᠎ᠪᠠᠷ   ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠥᠯᠥ ᠬᠦᠷᠬᠦ ᠦᠢ᠍ᠯᠡᠴᠢᠯᠡᠭᠡᠨ᠎ᠤ ᠲᠥᠷᠥᠯ᠎ᠤᠨ ᠲᠥᠷᠥᠯ ᠵᠦᠢ᠍ᠯ᠎ᠢ ᠬᠡᠷᠬᠢᠨ ᠬᠤᠳᠠᠯᠳᠤᠨ ᠠᠪᠬᠤ ᠪᠤᠶ?

      ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠳᠣᠲᠣᠷ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ ᠪᠣᠯᠬᠤ ᠵᠢ ᠨᠢᠭᠡᠨᠲᠡ   ᠲᠣᠳᠣᠷᠬᠠᠢ᠌ᠯᠠᠭᠰᠠᠨ ᠪᠥᠭᠡᠳ ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ 30 ᠲᠦᠮᠡ᠎ᠠᠴᠠ ᠳᠡᠭᠡᠭᠰᠢ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ   ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠥᠯᠥ ᠬᠦᠷᠬᠦ ᠦᠢᠯᠡᠴᠢᠯᠡᠭᠡᠨ᠎ᠤ ᠲᠥᠷᠥᠯ᠎ᠤᠨ ᠲᠥᠷᠥᠯ ᠵᠦᠢᠯ᠎ᠢ ᠬᠤᠳᠠᠯᠳᠤᠨ ᠠᠪᠬᠤ᠎ᠳᠤ᠂ ᠡᠯᠧᠺᠲᠷᠣᠨ ᠬᠤᠳᠠᠯᠳᠤᠭ᠋ᠠᠨ᠎ᠤ   ᠲᠠᠯᠠᠪᠤᠷ᠎ᠲᠤ ᠭᠤᠷᠪᠠ᠎ᠠᠴᠠ ᠳᠡᠭᠡᠭᠰᠢᠬᠢ ᠬᠤᠳᠠᠯᠳᠤᠭ᠎ᠠ ᠬᠠᠩᠭ᠋ᠠᠭᠴᠢᠳ᠎ᠢ ᠤᠷᠢᠵᠤ ᠬᠢᠵᠠᠭ᠋ᠠᠷᠲᠠᠶ ᠦᠨ᠎ᠡ ᠥᠷᠢᠰᠦᠯᠳᠦᠬᠦ ᠪᠤᠶᠤ ᠪᠥᠬᠥ ᠰᠦᠯᠵᠢᠶ᠎ᠡ᠎ᠪᠠᠷ ᠢᠯᠡ᠎ᠪᠠᠷ   ᠦᠨ᠎ᠡ ᠬᠠᠶᠠᠯᠴᠠᠨ ᠬᠤᠳᠠᠯᠳᠤᠨ ᠠᠪᠴᠤ ᠪᠣᠯᠤᠨ᠎ᠠ᠃

      (ᠲᠠᠪᠤ) ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠠᠴᠠ ᠭᠠᠳᠠᠨ᠎ᠠ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ ᠪᠣᠯᠬᠤ᠂   ᠳᠠᠩ ᠲᠥᠷᠦᠯ᠎ᠤᠨ ᠪᠤᠶᠤ ᠪᠥᠭᠡᠮ ᠵᠣᠭᠣᠰ᠎ᠤᠨ ᠲᠣᠭ᠎ᠠ᠎ᠨᠢ ᠬᠡᠰᠡᠭᠯᠡᠨ ᠬᠤᠳᠠᠯᠳᠤᠨ ᠠᠪᠬᠤ ᠬᠢᠵᠠᠭ᠋ᠠᠷ ᠲᠣᠭ᠎ᠠ ᠵᠢᠨ ᠪᠠᠷᠢᠮᠵᠢᠶ᠎ᠠ᠎ᠠᠴᠠ ᠳᠣᠷᠣᠭᠰᠢᠬᠢ ᠪᠠᠷᠠᠭ᠎ᠠ ᠪᠠ   ᠦᠢᠯᠡᠴᠢᠯᠡᠭᠡᠨ᠎ᠤ ᠲᠥᠷᠥᠯ᠎ᠤᠨ ᠲᠥᠷᠥᠯ ᠵᠦᠢᠯ᠎ᠢ ᠬᠡᠷᠬᠢᠨ ᠬᠤᠳᠠᠯᠳᠤᠨ ᠠᠪᠬᠤ ᠪᠣᠶ?

      ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠠᠴᠠ ᠭᠠᠳᠠᠨᠠᠬᠢ᠂ ᠬᠡᠰᠡᠭᠯᠡᠨ ᠬᠤᠳᠠᠯᠳᠤᠨ ᠠᠪᠬᠤ ᠬᠢᠵᠠᠭ᠋ᠠᠷ ᠲᠣᠭ᠎ᠠ ᠵᠢᠨ ᠪᠠᠷᠢᠮᠵᠢᠶ᠎ᠠ᠎ᠠᠴᠠ ᠳᠣᠷᠣᠭᠰᠢᠬᠢ   ᠬᠤᠳᠠᠯᠳᠤᠨ ᠠᠪᠬᠤ ᠲᠥᠷᠥᠯ ᠵᠦᠢᠯ᠎ᠢ ᠬᠤᠳᠠᠯᠳᠤᠨ ᠠᠪᠤᠭᠴᠢ᠎ᠨᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠴᠤ ᠪᠣᠯᠤᠨ᠎ᠠ (ᠦᠢᠯᠡᠳᠬᠦᠨ᠎ᠤ   ᠭᠠᠷᠴᠠᠭ᠎ᠲᠤ᠄ ᠵᠠᠮᠨᠠᠭᠤᠷ᠂ ᠰᠣᠯᠢᠯᠴᠠᠭᠤᠷ᠂ ᠨᠢᠭᠲᠠᠯᠠᠨ ᠪᠤᠳᠤᠬᠤ ᠦᠢᠯᠡᠴᠢᠯᠡᠭᠡ᠂ ᠬᠢᠨᠠᠨ ᠪᠤᠳᠤᠬᠤ ᠦᠢᠯᠡᠴᠢᠯᠡᠭᠡ᠂ ᠬᠠᠤᠯᠢ ᠴᠠᠭ᠋ᠠᠵᠠ ᠵᠢᠨ ᠦᠢᠯᠡᠴᠢᠯᠡᠭᠡ ᠵᠡᠷᠭᠡ   ᠪᠠᠭᠲᠠᠨ᠎ᠠ)᠂ ᠪᠠᠰᠠ ᠨᠢᠭᠡᠴᠢ ᠵᠢᠨ ᠳᠣᠲᠣᠭ᠋ᠠᠳᠤ ᠡᠵᠡᠮᠳᠡᠯ᠎ᠤᠨ ᠳᠦᠷᠢᠮ ᠶᠣᠰᠣᠭ᠋ᠠᠷ ᠥᠪᠡᠰᠦᠪᠡᠨ ᠬᠤᠳᠠᠯᠳᠤᠨ ᠪᠣᠯᠤᠨ᠎ᠠ᠃

      ᠠᠷᠪᠠᠨ ᠨᠢᠭᠡ᠂ ᠬᠤᠳᠠᠯᠳᠤᠨ ᠠᠪᠤᠭᠴᠢ᠎ᠨᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠵᠶ᠋ᠡᠨ ᠴᠠᠭ ᠲᠤᠬᠠᠶ᠎ᠳᠤ᠎ᠨᠢ ᠨᠤᠲᠠᠯᠠᠭᠰᠠᠨ ᠥᠬᠡᠶ ᠪᠠᠢ᠌ᠪᠠᠯ᠂ 《ᠠᠷᠭ᠎ᠠ》   ᠬᠡᠷᠬᠢᠨ ᠬᠠᠮᠢᠶᠠᠷᠬᠤ ᠪᠣᠶ?

      ᠬᠤᠳᠠᠯᠳᠤᠨ ᠠᠪᠤᠭᠴᠢ ᠦᠨ᠎ᠡ ᠦᠷᠢᠰᠦᠯᠳᠦᠬᠦ᠂ ᠦᠨ᠎ᠡ ᠯᠠᠪᠯᠠᠬᠤ ᠴᠠᠭ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠦᠷ᠎ᠡ ᠳ᠋ᠦᠩ᠎ᠢ ᠴᠠᠭ ᠲᠤᠬᠠᠶ᠎ᠳᠤ᠎ᠨᠢ   ᠨᠤᠲᠠᠯᠠᠬᠤ ᠬᠡᠷᠡᠭᠲᠡᠶ᠂ ᠦᠷ᠎ᠡ ᠳ᠋ᠦᠩ᠎ᠢ ᠴᠠᠭ ᠲᠤᠬᠠᠶ᠎ᠳᠤ᠎ᠨᠢ ᠨᠤᠲᠠᠯᠠᠭᠰᠠᠨ ᠥᠬᠡᠶ ᠪᠠᠢ᠌ᠪᠠᠯ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ 5 ᠠᠵᠢᠯᠯᠠᠬᠤ ᠡᠳᠦᠷ᠎ᠤᠨ   ᠳᠠᠷᠠᠭ᠎ᠠ᠂ ᠰᠢᠰᠲ᠋ᠧᠮ᠎ᠠᠴᠠ ᠦᠷ᠎ᠡ ᠳ᠋ᠦᠩ᠎ᠢ ᠠᠶᠠᠨᠳᠠᠭ᠋ᠠᠨ ᠨᠤᠲᠠᠯᠠᠵᠤ᠂ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭ᠋ᠠᠭᠴᠢ ᠵᠢ ᠲᠠᠨᠢᠯᠴᠠᠭᠤᠯᠤᠨ᠎ᠠ᠃

      ᠠᠷᠪᠠᠨ ᠬᠣᠶᠠᠷ᠂ ᠬᠤᠳᠠᠯᠳᠤᠭ᠎ᠠ ᠬᠠᠩᠭ᠋ᠠᠭᠴᠢ 5 ᠠᠵᠢᠯᠯᠠᠬᠤ ᠡᠳᠦᠷ ᠬᠡᠲᠦᠷᠡᠭᠰᠡᠨ ᠪᠠᠢ᠌ᠲᠠᠯ᠎ᠠ ᠮᠥᠨ ᠦᠷ᠎ᠡ ᠳ᠋ᠦᠩ᠎ᠢ ᠨᠤᠲᠠᠯᠠᠭᠰᠠᠨ ᠥᠬᠡᠶ ᠪᠠᠢ᠌ᠪᠠᠯ᠂ 《ᠠᠷᠭ᠎ᠠ》 ᠬᠡᠷᠬᠢᠨ ᠬᠠᠮᠢᠶᠠᠷᠬᠤ ᠪᠣᠶ?

      ᠬᠤᠳᠠᠯᠳᠤᠭ᠎ᠠ ᠬᠠᠩᠭ᠋ᠠᠭᠴᠢ 5 ᠠᠵᠢᠯᠯᠠᠬᠤ ᠡᠳᠦᠷ᠎ᠤᠨ ᠳᠣᠲᠣᠷ᠎ᠠ ᠵᠠᠬᠢᠶᠠᠯᠠᠭ᠎ᠠ ᠵᠢᠨ ᠬᠠᠭᠤᠳᠠᠰᠤ ᠪᠤᠶᠤ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠨᠣᠲᠠᠯᠠᠬᠤ   ᠬᠡᠷᠡᠭᠲᠡᠢ᠂ 5 ᠠᠵᠢᠯᠯᠠᠬᠤ ᠡᠳᠦᠷ ᠬᠡᠲᠦᠷᠡᠭᠰᠡᠨ ᠪᠠᠢ᠌ᠲᠠᠯ᠎ᠠ ᠮᠥᠨ ᠵᠠᠬᠢᠶᠠᠯᠠᠭ᠎ᠠ ᠵᠢᠨ ᠬᠠᠭᠤᠳᠠᠰᠤ ᠪᠤᠶᠤ ᠦᠷ᠎ᠡ ᠳ᠋ᠦᠩ᠎ᠢ ᠨᠤᠲᠠᠯᠠᠭᠰᠠᠨ ᠥᠬᠡᠶ ᠪᠣᠯ᠂ ᠡᠯᠧᠺᠲᠷᠣᠨ   ᠬᠤᠳᠠᠯᠳᠤᠭ᠋ᠠᠨ᠎ᠤ ᠲᠠᠯᠠᠪᠤᠷ ᠰᠢᠭᠤᠳ ᠵᠠᠬᠢᠶᠠᠯᠠᠭᠰᠠᠨ ᠬᠤᠳᠠᠯᠳᠤᠨ ᠠᠪᠬᠤ ᠲᠥᠷᠦᠯ ᠵᠦᠢ᠍ᠯ᠎ᠤᠨ ᠵᠠᠬᠢᠶᠠᠯᠠᠭ᠎ᠠ ᠵᠢ ᠠᠶᠠᠨᠳᠠᠭ᠋ᠠᠨ ᠬᠦᠴᠦᠨ ᠥᠬᠡᠶ ᠪᠣᠯᠭ᠋ᠠᠨ᠎ᠠ;   ᠰᠦᠯᠵᠢᠶᠡᠨ ᠳᠡᠭᠡᠷ᠎ᠡ ᠦᠨ᠎ᠡ ᠦᠷᠢᠰᠦᠯᠳᠡᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠲᠥᠷᠥᠯ ᠵᠦᠢᠯ᠎ᠢ᠂ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠨᠢ   ᠠᠶᠠᠨᠳᠠᠭ᠋ᠠᠨ ᠳᠠᠷᠠᠭ᠋ᠠᠬᠢ ᠵᠢᠨ ᠨᠢᠭᠡ ᠵᠢ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭ᠋ᠠᠭᠴᠢ ᠪᠣᠯᠭ᠋ᠠᠭ᠋ᠠᠳ᠂ ᠲᠠᠷᠠᠭ᠋ᠠᠴᠢ ᠵᠢᠨ ᠨᠢᠭᠡ ᠬᠤᠳᠠᠯᠳᠤᠭ᠎ᠠ ᠬᠠᠩᠭ᠋ᠠᠭᠴᠢ   ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠨᠣᠲᠠᠯᠠᠬᠤ ᠬᠦᠷᠲᠡᠯ᠎ᠡ ᠤᠷᠲᠤᠳᠬᠠᠨ᠎ᠠ᠃ ᠡᠭᠦᠨ᠎ᠤ ᠬᠠᠮᠲᠤ᠂ 5 ᠠᠵᠢᠯᠯᠠᠬᠤ ᠡᠳᠦᠷ᠎ᠠᠴᠠ ᠬᠡᠲᠦᠷᠡᠭᠰᠡᠨ ᠪᠠᠢ᠌ᠲᠠᠯ᠎ᠠ ᠵᠦᠶ   ᠶᠣᠰᠣᠨ᠎ᠤ ᠰᠢᠯᠲᠠᠭ᠋ᠠᠨ ᠥᠬᠡᠶ᠎ᠪᠠᠷ ᠦᠷ᠎ᠡ ᠳ᠋ᠦᠩ ᠵᠶ᠋ᠠᠨ ᠡᠰᠡ ᠨᠣᠲᠠᠯᠠᠭᠰᠠᠨ ᠬᠤᠳᠠᠯᠳᠤᠭ᠎ᠠ ᠬᠠᠩᠭ᠋ᠠᠭᠴᠢ᠎ᠢ 《ᠠᠷᠭ᠎ᠠ》 ᠵᠢᠨ ᠭᠤᠴᠢᠨ ᠲᠠᠪᠤᠳᠤᠭ᠋ᠠᠷ ᠵᠦᠢᠯ᠎ᠤᠨ   ᠲᠣᠭᠲᠠᠭ᠋ᠠᠯ ᠶᠣᠰᠣᠭ᠋ᠠᠷ ᠲᠡᠭᠦᠨ᠎ᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠠᠬᠢ ᠠᠷᠠᠯᠵᠢᠶᠠᠯᠠᠬᠤ ᠡᠷᠬᠡ ᠵᠢ 3 ᠰᠠᠷ᠎ᠠ ᠲᠦᠷ ᠵᠣᠭᠰᠣᠭ᠋ᠠᠬᠤ ᠵᠢᠨ ᠬᠠᠮᠲᠤ ᠢᠯᠡ   ᠨᠡᠢ᠌ᠲᠡᠯᠡᠨ᠎ᠡ᠃

      ᠠᠷᠪᠠᠨ ᠭᠤᠷᠪᠠ᠂ ᠬᠤᠳᠠᠯᠳᠤᠨ ᠠᠪᠤᠭᠴᠢ ᠵᠦᠶ ᠶᠣᠰᠣᠨ᠎ᠤ ᠰᠢᠯᠲᠠᠭ᠋ᠠᠨ ᠥᠬᠡᠶ᠎ᠪᠠᠷ ᠶᠠᠭ ᠶᠠᠪᠤᠭᠳᠠᠵᠤ ᠪᠠᠢ᠌ᠭ᠎ᠠ ᠬᠤᠳᠠᠯᠳᠤᠨ ᠠᠪᠬᠤ ᠲᠥᠷᠥᠯ ᠵᠦᠢᠯ᠎ᠢ   ᠬᠦᠴᠦᠨ ᠥᠬᠡᠶ ᠪᠣᠯᠭ᠋ᠠᠭᠰᠠᠨ ᠪᠣᠯ᠂ 《ᠠᠷᠭ᠎ᠠ》 ᠬᠡᠷᠬᠢᠨ ᠬᠠᠮᠢᠶᠠᠷᠬᠤ ᠪᠣᠶ?

      《ᠠᠷᠭ᠎ᠠ》 ᠵᠢᠨ ᠭᠤᠴᠢᠨ ᠳᠥᠷᠪᠡᠳᠦᠭᠡᠷ ᠵᠦᠢᠯ᠎ᠤᠨ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠪᠡᠯ᠂ ᠬᠤᠳᠠᠯᠳᠤᠨ ᠠᠪᠤᠭᠴᠢ᠎ᠨᠢ ᠵᠦᠶ   ᠶᠣᠰᠣᠨ᠎ᠤ ᠰᠢᠯᠲᠠᠭ᠋ᠠᠨ ᠥᠬᠡᠶ᠎ᠪᠠᠷ ᠬᠤᠳᠠᠯᠳᠤᠨ ᠠᠪᠬᠤ ᠲᠥᠷᠥᠯ ᠵᠦᠢᠯ ᠪᠤᠶᠤ ᠵᠠᠬᠢᠶᠠᠯᠠᠭ᠎ᠠ ᠵᠢ ᠬᠦᠴᠦᠨ ᠥᠬᠡᠶ ᠪᠣᠯᠭ᠋ᠠᠭᠰᠠᠨ ᠪᠠᠢ᠌ᠪᠠᠯ᠂ ᠠᠳᠠᠯᠢ ᠱᠠᠲᠤᠨ᠎ᠤ ᠵᠠᠰᠠᠭ  ᠎ᠤᠨ ᠣᠷᠳᠣᠨ᠎ᠤ ᠬᠤᠳᠠᠯᠳᠤᠨ ᠠᠪᠬᠤ ᠵᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠵᠠᠷᠯᠢᠭᠳᠠᠵᠤ᠂ ᠴᠢᠬᠤᠯᠠᠲᠠᠶ   ᠦᠶ᠎ᠡ᠎ᠳᠤ ᠪᠣᠯᠵᠣᠨ ᠶᠠᠷᠢᠯᠴᠠᠨ᠎ᠠ᠃ ᠪᠠᠢ᠌ᠳᠠᠯ ᠬᠦᠨᠳᠦ ᠨᠣᠴᠢᠲᠠᠶ ᠪᠣᠯ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ   ᠬᠤᠳᠠᠯᠳᠤᠨ ᠠᠪᠬᠤ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

      ᠠᠷᠪᠠᠨ ᠳᠥᠷᠪᠡ᠂ ᠬᠤᠳᠠᠯᠳᠤᠭ᠎ᠠ ᠬᠠᠩᠭ᠋ᠠᠭᠴᠢ ᠬᠤᠳᠠᠯᠳᠤᠨ ᠠᠪᠬᠤ ᠭᠡᠷ᠎ᠡ ᠵᠢᠨ ᠶᠣᠰᠣᠭ᠋ᠠᠷ ᠪᠠᠷᠠᠭ᠎ᠠ ᠬᠠᠩᠭ᠋ᠠᠬᠤ ᠠᠷᠭ᠎ᠠ ᠥᠬᠡᠶ ᠪᠣᠯᠤᠭᠰᠠᠨ ᠪᠠᠢ᠌ᠪᠠᠯ  《ᠠᠷᠭ᠎ᠠ》 ᠬᠡᠷᠬᠢᠨ ᠬᠠᠮᠢᠶᠠᠷᠬᠤ ᠪᠣᠶ?

      ᠬᠤᠳᠠᠯᠳᠤᠭ᠎ᠠ ᠬᠠᠩᠭ᠋ᠠᠭᠴᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠦᠨ᠎ᠡ ᠦᠷᠢᠰᠦᠯᠳᠡᠬᠦ ᠪᠤᠶᠤ ᠦᠨ᠎ᠡ ᠯᠠᠪᠯᠠᠬᠤ᠎ᠳᠤ ᠣᠷᠣᠯᠴᠠᠬᠤ᠎ᠠᠴᠠ᠎ᠪᠠᠨ ᠡᠮᠦᠨ᠎ᠡ᠂ ᠪᠠᠷᠠᠭ᠎ᠠ ᠭᠦᠢ᠍ᠴᠡᠳ ᠪᠠᠢ᠌ᠬᠤ ᠵᠢ ᠪᠠᠲᠤᠯᠠᠬᠤ ᠵᠢᠨ ᠬᠠᠮᠲᠤ ᠴᠠᠭ ᠲᠤᠬᠠᠢ᠎ᠳᠤ᠎ᠨᠢ ᠪᠠᠷᠠᠭ᠎ᠠ ᠬᠠᠩᠭ᠋ᠠᠬᠤ ᠵᠢ ᠦᠨᠡᠨ ᠬᠦ᠌ ᠪᠠᠲᠤᠯᠠᠵᠤ᠂ ᠠᠷᠠᠯᠵᠢᠶ᠎ᠠ ᠪᠦᠲᠦᠭᠰᠡᠨ ᠦᠷ᠎ᠡ   ᠳ᠋ᠦᠩ᠎ᠢ ᠨᠡᠢ᠌ᠲᠡᠯᠡᠭᠰᠡᠨ᠎ᠤ ᠲᠠᠷᠠᠭ᠎ᠠ ᠬᠤᠳᠠᠯᠳᠤᠭ᠎ᠠ ᠬᠠᠩᠭ᠋ᠠᠭᠴᠢ ᠬᠤᠳᠠᠯᠳᠤᠨ ᠠᠪᠤᠭᠴᠢ᠎ᠲᠠᠢ ᠴᠠᠭ ᠲᠤᠬᠠᠢ᠎ᠳᠤ᠎ᠨᠢ ᠭᠡᠷ᠎ᠡ ᠲᠣᠭᠲᠠᠬᠤ ᠵᠢᠨ ᠬᠠᠮᠲᠤ ᠭᠡᠷ᠎ᠡ ᠵᠢ   ᠭᠦᠢ᠍ᠴᠡᠳᠬᠡᠬᠦ ᠬᠡᠷᠡᠭᠲᠡᠢ᠃ ᠬᠤᠳᠠᠯᠳᠤᠭ᠎ᠠ ᠬᠠᠩᠭ᠋ᠠᠭᠴᠢ᠎ᠤ ᠲᠣᠰ ᠪᠡᠶ᠎ᠡ ᠵᠢᠨ ᠰᠢᠯᠲᠠᠭ᠋ᠠᠨ᠎ᠠᠴᠠ ᠪᠣᠯᠵᠣ᠂ ᠬᠤᠳᠠᠯᠳᠤᠨ ᠠᠪᠬᠤ ᠨᠢᠭᠡᠴᠢ ᠵᠢᠨ ᠬᠤᠳᠠᠯᠳᠤᠨ ᠠᠪᠬᠤ   ᠠᠵᠢᠯ᠎ᠤᠨ ᠬᠡᠪ ᠵᠶ᠋ᠡᠷ ᠶᠠᠪᠤᠭᠳᠠᠬᠤ ᠵᠢ ᠨᠥᠯᠥᠭᠡᠯᠡᠭᠰᠡᠨ ᠪᠠᠢ᠌ᠪᠠᠯ᠂ 《ᠠᠷᠭ᠎ᠠ》 ᠵᠢᠨ ᠭᠤᠴᠢᠨ ᠵᠢᠷᠭᠤᠳᠤᠭ᠋ᠠᠷ ᠵᠦᠢᠯ᠎ᠤᠨ ᠲᠣᠭᠲᠠᠭ᠋ᠠᠯ ᠶᠣᠰᠣᠭ᠋ᠠᠷ᠂ ᠡᠯ᠎ᠡ ᠱᠠᠲᠤᠨ᠎ᠤ   ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠡᠵᠡᠩᠨᠡᠵᠦ ᠬᠠᠮᠢᠶᠠᠷᠬᠤ ᠪᠠᠢ᠌ᠭᠤᠯᠤᠮᠵᠢ ᠲᠣᠭᠲᠠᠭ᠋ᠠᠯ᠎ᠠᠴᠠ ᠵᠥᠷᠢᠴᠡᠭᠰᠡᠨ ᠬᠤᠳᠠᠯᠳᠤᠭ᠎ᠠ ᠬᠠᠩᠭ᠋ᠠᠭᠴᠢ ᠵᠢᠨ ᠡᠯᠧᠺᠲᠷᠣᠨ   ᠬᠤᠳᠠᠯᠳᠤᠭ᠋ᠠᠨ᠎ᠤ ᠲᠠᠯᠠᠪᠤᠷ᠎ᠲᠤ ᠠᠷᠠᠯᠵᠢᠶᠠᠯᠠᠬᠤ ᠡᠷᠬᠡ ᠵᠢ 6 ᠰᠠᠷ᠎ᠠ ᠲᠦᠷ ᠵᠣᠭᠰᠣᠭ᠋ᠠᠬᠤ ᠵᠢᠨ ᠬᠠᠮᠲᠤ ᠢᠯᠡ ᠨᠡᠢ᠌ᠲᠡᠯᠡᠨ᠎ᠡ᠃

      ᠠᠷᠪᠠᠨ ᠲᠠᠪᠤ᠂ 《ᠠᠷᠭ᠎ᠠ》᠎ᠳᠠᠬᠢ ᠭᠡᠷ᠎ᠡ ᠪᠠ ᠭᠡᠷ᠎ᠡ ᠵᠢ ᠭᠦᠢᠴᠡᠳᠬᠡᠬᠦ ᠬᠠᠮᠢᠶᠠᠷᠤᠯᠲᠠ᠎ᠳᠠᠬᠢ ᠵᠣᠭᠣᠰ ᠲᠤᠰᠢᠶᠠᠬᠤ ᠬᠤᠭᠤᠴᠠᠭ᠋ᠠᠨ᠎ᠤ ᠱᠠᠭ᠋ᠠᠷᠳᠠᠯᠭ᠎ᠠ ᠵᠢ   ᠬᠡᠷᠬᠢᠨ ᠵᠥᠪ ᠣᠢ᠌ᠯᠠᠭ᠋ᠠᠬᠤ ᠪᠣᠶ

      ᠡᠯᠧᠺᠲᠷᠣᠨ ᠬᠤᠳᠠᠯᠳᠤᠭ᠋ᠠᠨ᠎ᠤ ᠲᠠᠯᠠᠪᠤᠷ ᠣᠯᠠᠨ ᠤᠳᠠᠭ᠎ᠠ᠂ ᠨᠡᠢ᠌ᠳᠡᠮ ᠬᠡᠷᠡᠭᠯᠡᠬᠦ ᠲᠥᠷᠥᠯ᠎ᠤᠨ ᠡᠳ᠋ ᠪᠠᠷᠠᠭ᠎ᠠ ᠵᠢᠨ ᠦᠢ᠍ᠯᠡᠴᠢᠯᠡᠭᠡᠨ᠎ᠤ ᠠᠷᠠᠯᠵᠢᠶ᠎ᠠ ᠬᠢᠳᠡᠭ᠂   ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠤᠳᠠᠯᠳᠤᠭ᠎ᠠ ᠬᠠᠩᠭ᠋ᠠᠭᠴᠢᠳ᠎ᠤᠨ ᠣᠯᠠᠩᠬᠢ᠎ᠨᠢ ᠴᠥᠮ ᠳᠤᠮᠳᠠ ᠵᠢᠵᠢᠭ ᠠᠵᠤ ᠠᠬᠤᠢ᠌ᠯᠠᠯ ᠪᠠᠢ᠌ᠵᠤ᠂ ᠳᠤᠮᠳᠠ ᠵᠢᠵᠢᠭ   ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠲᠥᠯᠥᠭᠡ᠂ 《ᠠᠷᠭ᠎ᠠ》᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠡᠢ᠌ᠲᠡᠯᠡᠭᠰᠡᠨ 《ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ ᠲᠥᠯᠦᠬᠦ ᠵᠢ ᠪᠠᠲᠤᠯᠠᠬᠤ ᠲᠦᠷᠢᠮ》  ᠎ᠤᠨ ᠲᠣᠭᠲᠠᠭ᠋ᠠᠯ ᠶᠣᠰᠣᠭ᠋ᠠᠷ᠂ ᠬᠤᠳᠠᠯᠳᠤᠨ ᠠᠪᠤᠭᠴᠢ ᠪᠠᠷᠠᠭ᠎ᠠ᠂ ᠦᠢᠯᠡᠴᠢᠯᠡᠭᠡ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠮᠥᠩᠭᠦ᠎ᠪᠠᠨ ᠲᠥᠯᠦᠬᠦ   ᠬᠡᠷᠡᠭᠲᠡᠶ᠃ ᠭᠡᠷ᠎ᠡ᠎ᠳᠤ ᠠᠰᠲᠠᠭ᠋ᠠᠨ ᠪᠣᠯᠵᠣᠨ ᠲᠣᠭᠲᠠᠭᠰᠠᠨ ᠪᠠᠢ᠌ᠪᠠᠯ ᠮᠥᠩᠭᠥ ᠲᠤᠢ᠍ᠯᠦᠬᠦ ᠬᠤᠭᠤᠴᠠᠭ᠎ᠠ ᠵᠢ ᠬᠠᠮᠤᠭ᠎ᠤᠨ ᠤᠷᠳᠦ᠎ᠳᠤ᠎ᠪᠠᠨ 60 ᠡᠳᠦᠷ᠎ᠠᠴᠠ   ᠬᠡᠲᠦᠷᠡᠭᠦᠯᠵᠦ ᠪᠣᠯᠬᠤ ᠤᠢ᠍ᠭᠡᠢ ᠭᠡᠵᠦ ᠱᠠᠭ᠋ᠠᠷᠳᠠᠪᠠ᠃

      ᠠᠷᠪᠠᠨ ᠵᠢᠷᠭᠤᠭ᠎ᠠ᠂ 《ᠠᠷᠭ᠎ᠠ》᠎ᠳᠠᠬᠢ ᠦᠨᠡᠨᠴᠢ ᠢᠲᠡᠭᠡᠮᠵᠢ ᠵᠢᠨ ᠬᠠᠮᠢᠶᠠᠷᠤᠯᠲᠠ᠎ᠳᠤ ᠢᠲᠡᠭᠡᠮᠵᠢ ᠵᠢᠷᠤᠮᠯᠠᠭᠰᠠᠳ᠎ᠢ ᠬᠠᠮᠲᠤᠷᠠᠨ ᠤᠷᠮᠠᠰᠢᠭᠤᠯᠬᠤ᠂   ᠢᠲᠡᠭᠡᠮᠵᠢ ᠠᠯᠳᠠᠭᠰᠠᠳ᠎ᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠬᠠᠮᠢᠶᠠᠷᠤᠯᠲᠠ ᠵᠢᠨ ᠠᠷᠭ᠎ᠠ ᠵᠢ ᠬᠡᠷᠬᠢᠨ ᠵᠥᠪ ᠣᠢ᠌ᠯᠠᠭ᠋ᠠᠬᠤ ᠪᠣᠶ?

      《ᠠᠷᠭ᠎ᠠ》 ᠵᠢᠨ ᠭᠤᠴᠢᠨ ᠭᠤᠷᠪᠠᠳᠤᠭ᠋ᠠᠷ ᠵᠦᠢᠯ᠎ᠳᠤ᠂ ᠡᠯ᠎ᠡ ᠱᠠᠲᠤᠨ᠎ᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠢ ᠡᠵᠡᠩᠨᠡᠵᠦ ᠬᠠᠮᠢᠶᠠᠷᠬᠤ ᠪᠠᠢ᠌ᠭᠤᠯᠤᠮᠵᠢ   ᠣᠯᠠᠨ ᠨᠡᠢ᠌ᠲᠡ ᠵᠢᠨ ᠢᠲᠡᠭᠡᠮᠵᠢ ᠵᠢᠨ ᠬᠠᠮᠢᠶᠠᠷᠤᠯᠲᠠ ᠪᠠ ᠦᠨᠡᠨᠴᠢ ᠢᠲᠡᠭᠡᠮᠵᠢ ᠵᠢᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠢᠲᠡᠭᠡᠮᠵᠢ ᠵᠢᠷᠤᠮᠯᠠᠭᠰᠠᠳ᠎ᠢ   ᠬᠣᠯᠪᠣᠭ᠋ᠠᠯᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ᠎ᠢ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃ ᠦᠨᠡᠨᠴᠢ ᠢᠲᠡᠭᠡᠮᠵᠢᠲᠡᠶ ᠬᠤᠳᠠᠯᠳᠤᠭ᠎ᠠ   ᠬᠠᠩᠭ᠋ᠠᠭᠴᠢ᠎ᠳᠤ ᠤᠷᠢᠳᠠᠪᠠᠷ ᠰᠣᠩᠭᠣᠬᠤ᠂ 《ᠰᠠᠭ᠋ᠠᠳ ᠥᠬᠡᠶ ᠨᠡᠪᠲᠡᠷᠡᠬᠦ ᠵᠠᠮ》᠎ᠤᠨ ᠲᠣᠭᠲᠠᠴᠠ ᠵᠢ ᠬᠡᠷᠡᠭᠵᠢᠭᠦᠯᠦᠨ᠎ᠡ; ᠢᠲᠡᠭᠡᠯ ᠠᠯᠳᠠᠭᠰᠠᠨ ᠬᠤᠳᠠᠯᠳᠤᠭ᠎ᠠ   ᠬᠠᠩᠭ᠋ᠠᠭᠴᠢ᠎ᠳᠤ ᠲᠠᠰ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠠᠳᠠᠯᠢ ᠪᠤᠰᠤ ᠪᠠᠢ᠌ᠳᠠᠯ᠎ᠢ ᠦᠨᠳᠦᠰᠦᠯᠡᠨ᠂ 《ᠠᠷᠭ᠎ᠠ》 ᠵᠢᠨ ᠭᠤᠴᠢᠨ ᠲᠠᠪᠤᠳᠤᠭ᠋ᠠᠷ   ᠵᠦᠢᠯ᠎ᠠᠴᠠ ᠭᠤᠴᠢᠨ ᠨᠠᠢᠮᠠᠳᠤᠭ᠋ᠠᠷ ᠵᠦᠢᠯ᠎ᠤᠨ ᠲᠣᠭᠲᠠᠭ᠋ᠠᠯ ᠶᠣᠰᠤᠭ᠋ᠠᠷ᠂ ᠬᠠᠤᠯᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠨ ᠰᠢᠨᠵᠢ ᠴᠢᠨᠠᠷ᠂   ᠪᠠᠢ᠌ᠳᠠᠯ ᠪᠠ ᠨᠡᠢ᠌ᠭᠡᠮ᠎ᠳᠤ ᠤᠴᠠᠷᠠᠭᠤᠯᠤᠭᠰᠠᠨ ᠬᠣᠤᠷ ᠬᠥᠨᠥᠭᠡᠯ᠎ᠤᠨ ᠬᠡᠮᠵᠢᠶ᠎ᠡ ᠵᠢ ᠶᠡᠷᠦᠩᠬᠡᠢ᠌ᠯᠡᠨ ᠪᠣᠳᠣᠯᠬᠢᠯᠠᠭᠰᠠᠨ ᠰᠠᠭᠤᠷᠢᠨ᠎ᠳᠤ᠂ ᠬᠤᠳᠠᠯᠳᠤᠭ᠎ᠠ ᠬᠠᠩᠭ᠋ᠠᠭᠴᠢ ᠵᠢᠨ   ᠬᠠᠤᠯᠢ᠎ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ᠎ᠳᠤ ᠠᠷᠠᠯᠵᠢᠶᠠᠯᠠᠬᠤ ᠡᠷᠬᠡ ᠵᠢ᠎ᠨᠢ ᠭᠤᠷᠪᠠᠨ ᠰᠠᠷ᠎ᠠ ᠲᠦᠷ ᠵᠣᠭᠰᠣᠭ᠋ᠠᠬᠤ᠂ ᠠᠷᠠᠯᠵᠢᠶᠠᠯᠠᠬᠤ ᠡᠷᠬᠡ ᠵᠢ᠎ᠨᠢ   ᠵᠢᠷᠭᠤᠭ᠋ᠠᠨ ᠰᠠᠷ᠎ᠠ ᠲᠦᠷ ᠵᠣᠭᠰᠣᠭ᠋ᠠᠬᠤ᠂ ᠡᠯᠰᠡᠭᠳᠡᠬᠦ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ ᠵᠡᠷᠭᠡ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠨ᠎ᠠ ᠭᠡᠵᠦ   ᠲᠣᠭᠲᠠᠭ᠋ᠠᠵᠠᠢ᠃

      ᠠᠷᠪᠠᠨ ᠳᠤᠯᠤᠭ᠎ᠠ᠂ ᠬᠤᠳᠠᠯᠳᠤᠨ ᠠᠪᠤᠭᠴᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠬᠤ᠎ᠳᠤ ᠶᠠᠮᠠᠷ ᠶᠠᠮᠠᠷ ᠦᠢ᠍ᠯᠡ ᠠᠵᠢᠯᠯᠠᠭ᠎ᠠ 《ᠪᠤᠰᠤᠳ ᠵᠦᠢ ᠪᠣᠰᠤ ᠨᠥᠬᠥᠴᠡᠯ ᠵᠶ᠋ᠡᠷ ᠬᠤᠳᠠᠯᠳᠤᠭ᠎ᠠ ᠬᠠᠩᠭ᠋ᠠᠭᠴᠢ ᠵᠢ ᠬᠢᠵᠠᠭ᠋ᠠᠷᠯᠠᠭᠰᠠᠨ ᠪᠤᠶᠤ ᠭᠠᠳᠠᠭᠤᠷᠴᠢᠯᠠᠭᠰᠠᠨ》᠎ᠳᠤ ᠲᠣᠭ᠋ᠠᠴᠠᠭᠳᠠᠬᠤ ᠪᠤᠢ? ᠡᠭᠦᠨ᠎ᠳᠤ   ᠶᠠᠮᠠᠷ ᠶᠠᠮᠠᠷ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠᠢ᠌ᠬᠤ ᠪᠣᠶ?

      《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢᠨ ᠬᠡᠷᠡᠭᠵᠢᠭᠦᠯᠬᠦ ᠳᠦᠷᠢᠮ》᠎ᠤᠨ ᠬᠣᠷᠢᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂   ᠬᠤᠳᠠᠯᠳᠤᠨ ᠠᠪᠤᠭᠴᠢ ᠬᠤᠳᠠᠯᠳᠤᠨ ᠠᠪᠬᠤ ᠵᠦᠢ᠍ᠯᠡᠰ᠎ᠤᠨ ᠵᠶ᠋ᠡᠨ ᠣᠨᠴᠠᠭ᠋ᠠᠢ ᠱᠠᠭ᠋ᠠᠷᠳᠠᠯᠭ᠎ᠠ ᠵᠢ ᠦᠨᠳᠦᠰᠦᠯᠡᠨ ᠬᠤᠳᠠᠯᠳᠤᠭ᠎ᠠ ᠬᠠᠩᠭ᠋ᠠᠭᠴᠢ᠎ᠳᠤ ᠣᠨᠴᠠᠭ᠋ᠠᠢ ᠨᠥᠬᠥᠴᠡᠯ   ᠲᠣᠭᠲᠠᠭ᠋ᠠᠵᠤ ᠪᠣᠯᠤᠨ᠎ᠠ᠂ ᠭᠡᠬᠦ᠎ᠳᠤ᠎ᠪᠠᠨ ᠵᠦᠢ ᠪᠤᠰᠤ ᠨᠥᠬᠥᠴᠡᠯ ᠵᠶ᠋ᠡᠷ ᠬᠤᠳᠠᠯᠳᠤᠭ᠎ᠠ ᠬᠠᠩᠭ᠋ᠠᠭᠴᠢ ᠵᠢ ᠲᠡᠭᠰᠢ ᠪᠤᠰᠤ ᠬᠠᠷᠠᠭ᠋ᠠᠯᠵᠠᠬᠤ ᠪᠤᠶᠤ ᠭᠠᠳᠠᠭᠤᠷᠴᠢᠯᠠᠵᠤ ᠪᠣᠯᠬᠤ   ᠦᠭᠡᠢ᠃

      ᠳᠠᠷᠠᠭ᠋ᠠᠬᠢ ᠪᠠᠢ᠌ᠳᠠᠯ᠎ᠢ ᠪᠠᠭᠲᠠᠭ᠋ᠠᠬᠤ ᠪᠥᠭᠡᠳ ᠵᠥᠪᠬᠡᠨ ᠳᠠᠷᠠᠭ᠋ᠠᠬᠢ ᠪᠠᠢ᠌ᠳᠠᠯ᠎ᠳᠤ ᠬᠢᠵᠠᠭ᠋ᠠᠷᠯᠠᠭᠳᠠᠬᠤ ᠦᠭᠡᠢ᠄

      (ᠨᠢᠭᠡ) ᠬᠤᠳᠠᠯᠳᠤᠭ᠎ᠠ ᠬᠠᠩᠭ᠋ᠠᠭᠴᠢ᠎ᠳᠤ ᠦᠢ᠍ᠯᠡᠳᠪᠦᠷᠢ᠎ᠠᠴᠠ ᠣᠯᠭᠣᠭᠰᠠᠨ ᠡᠷᠬᠡ ᠪᠤᠶᠤ ᠠᠮᠠᠯᠠᠯᠲᠠ᠂ ᠦᠢ᠍ᠯᠡᠳᠪᠦᠷᠢ ᠵᠢᠨ ᠪᠣᠷᠣᠯᠠᠭᠤᠯᠤᠭᠰᠠᠨ᠎ᠤ ᠳᠠᠷᠠᠭ᠋ᠠᠬᠢ   ᠦᠢ᠍ᠯᠡᠴᠢᠯᠡᠭᠡᠨ᠎ᠤ ᠠᠮᠠᠯᠠᠯᠲᠠ ᠵᠢᠨ ᠵᠠᠬᠢᠳᠠᠯ ᠪᠤᠶᠤ ᠲᠠᠸᠠᠷ᠎ᠤᠨ ᠪᠤᠯᠵᠤᠯᠳᠤ ᠲᠣᠭ᠎ᠠ ᠵᠢ ᠨᠤᠲᠠᠯᠠᠬᠤ ᠵᠠᠬᠢᠳᠠᠯ ᠬᠠᠩᠭ᠋ᠠᠯᠭ᠋ᠠᠬᠤ᠎ᠪᠠᠷ ᠱᠠᠭ᠋ᠠᠷᠳᠠᠬᠤ ᠪᠠᠢ᠌ᠳᠠᠯ᠃

     (ᠬᠣᠶᠠᠷ) ᠦᠢ᠍ᠯᠡᠳᠪᠦᠷᠢ᠎ᠠᠴᠠ ᠪᠠᠷᠠᠭ᠎ᠠ ᠵᠢ ᠰᠢᠭᠤᠳ ᠶᠠᠪᠤᠭᠤᠯᠬᠤ᠂ ᠲᠤᠰ ᠭᠠᠵᠠᠷ᠎ᠤᠨ ᠦᠢ᠍ᠯᠡᠳᠪᠦᠷᠢ ᠬᠤᠳᠠᠯᠳᠤᠭ᠎ᠠ ᠵᠢᠨ ᠵᠣᠴᠢᠳ᠎ᠤᠨ ᠳᠠᠭ᠋ᠠᠭ᠋ᠠᠮᠠᠯ ᠵᠶ᠋ᠠᠷ   ᠬᠠᠪᠰᠤᠷᠤᠭᠤᠯᠤᠨ ᠰᠢᠯᠭ᠋ᠠᠨ ᠠᠪᠤᠭᠤᠯᠬᠤ᠂ ᠦᠢ᠍ᠯᠡᠳᠪᠦᠷᠢ ᠵᠢᠨ ᠪᠣᠷᠣᠯᠠᠭᠤᠯᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠢᠨᠵᠧᠨᠧᠷ᠎ᠢ ᠣᠴᠢᠭᠤᠯᠵᠤ ᠪᠠᠷᠠᠭ᠎ᠠ ᠰᠢᠯᠭ᠋ᠠᠨ   ᠪᠠᠢ᠌ᠴᠠᠭ᠋ᠠᠯᠭ᠋ᠠᠬᠤ ᠪᠤᠶᠤ ᠵᠢᠭ᠋ᠠᠨ ᠲᠣᠭᠲᠠᠭ᠋ᠠᠵᠤ ᠰᠢᠯᠭ᠋ᠠᠨ ᠠᠪᠤᠭᠤᠯᠬᠤ᠎ᠳᠤ ᠦᠢ᠍ᠯᠡᠳᠪᠦᠷᠢ ᠵᠢ ᠵᠢᠭ᠋ᠠᠨ ᠲᠣᠭᠲᠠᠭ᠋ᠠᠬᠤ᠎ᠪᠠᠷ ᠱᠠᠭ᠋ᠠᠷᠳᠠᠬᠤ ᠪᠠᠢ᠌ᠳᠠᠯ᠃

      (ᠭᠤᠷᠪᠠ) ᠲᠦᠷᠦᠯ ᠲᠡᠮᠳᠡᠭ᠂ ᠬᠡᠯᠪᠡᠷᠢ ᠮᠠᠶᠢᠭ᠎ᠢ ᠬᠢᠵᠠᠭ᠋ᠠᠷᠯᠠᠬᠤ ᠪᠤᠶᠤ ᠣᠨᠴᠠ ᠵᠢᠭ᠋ᠠᠨ ᠲᠣᠭᠲᠠᠭ᠋ᠠᠬᠤ᠃

      ᠳᠡᠭᠡᠷᠡᠬᠢ ᠪᠠᠢ᠌ᠳᠠᠯ᠎ᠨᠢ ᠵᠦᠢ ᠪᠤᠰᠤ ᠨᠥᠬᠥᠴᠡᠯ ᠵᠶ᠋ᠡᠷ ᠬᠤᠳᠠᠯᠳᠤᠭ᠎ᠠ ᠬᠠᠩᠭ᠋ᠠᠭᠴᠢ ᠵᠢ ᠬᠢᠵᠠᠭ᠋ᠠᠷᠯᠠᠭᠰᠠᠨ ᠪᠤᠶᠤ ᠭᠠᠳᠠᠭᠤᠷᠴᠢᠯᠠᠭᠰᠠᠨ᠎ᠳᠤ ᠬᠠᠷᠢᠶᠠᠯᠠᠭᠳᠠᠨ᠎ᠠ᠂ 《ᠠᠷᠭ᠎ᠠ》 ᠵᠢᠨ ᠭᠤᠴᠢᠨ ᠳᠥᠷᠪᠡᠳᠦᠭᠡᠷ ᠵᠦᠢᠯ᠎ᠤᠨ ᠲᠣᠭᠲᠠᠭ᠋ᠠᠯ ᠶᠣᠰᠣᠭ᠋ᠠᠷ᠂ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠬᠢᠨᠠᠨ   ᠬᠠᠮᠢᠶᠠᠷᠬᠤ ᠰᠠᠯᠠᠭ᠎ᠠ ᠮᠥᠴᠢᠷ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠵᠠᠷᠯᠢᠭᠳᠠᠵᠤ᠂ ᠴᠢᠬᠤᠯᠠᠲᠠᠶ ᠦᠶ᠎ᠡ᠎ᠳᠤ ᠪᠣᠯᠵᠣᠨ ᠶᠠᠷᠢᠯᠴᠠᠨ᠎ᠠ᠃ ᠪᠠᠢ᠌ᠳᠠᠯ᠎ᠨᠢ ᠬᠦᠨᠳᠦ   ᠨᠣᠴᠢᠲᠠᠶ ᠪᠣᠯ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ   ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

      ᠠᠷᠪᠠᠨ ᠨᠠᠢ᠍ᠮᠠ᠂ ᠬᠤᠳᠠᠯᠳᠤᠭ᠎ᠠ ᠬᠠᠩᠭ᠋ᠠᠭᠴᠢ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠬᠤ᠎ᠳᠤ ᠶᠠᠮᠠᠷ ᠶᠠᠮᠠᠷ ᠦᠢ᠍ᠯᠡ ᠠᠵᠢᠯᠯᠠᠭ᠎ᠠ᠎ᠨᠢ   ᠬᠤᠤᠪᠢᠯᠳᠤᠨ ᠰᠦᠯᠪᠡᠭᠡᠯᠳᠡᠭᠰᠡᠨ᠎ᠳᠤ ᠲᠣᠭ᠋ᠠᠴᠠᠭᠳᠠᠬᠤ ᠪᠤᠢ? 《ᠠᠷᠭ᠎ᠠ》᠎ᠳᠤ ᠡᠭᠦᠨ᠎ᠤ ᠲᠤᠬᠠᠢ ᠶᠠᠮᠠᠷ ᠶᠠᠮᠠᠷ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠᠢ᠌ᠬᠤ ᠪᠣᠶ?       ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠠᠴᠠ ᠬᠤᠳᠠᠯᠳᠤᠨ ᠠᠪᠬᠤ᠎ᠳᠤ ᠳᠠᠷᠠᠭ᠋ᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠬᠤᠤᠪᠢᠯᠳᠤᠨ ᠰᠦᠯᠪᠡᠭᠡᠯᠳᠡᠭᠰᠡᠨ᠎ᠳᠤ   ᠲᠣᠭ᠋ᠠᠴᠠᠭᠳᠠᠨ᠎ᠠ᠄

     (ᠨᠢᠭᠡ) ᠬᠤᠳᠠᠯᠳᠤᠭ᠎ᠠ ᠬᠠᠩᠭ᠋ᠠᠭᠴᠢ ᠬᠣᠭᠣᠷᠣᠨᠳᠣ᠎ᠪᠠᠨ ᠮᠡᠳᠡᠭᠦᠯᠦᠭᠰᠡᠨ ᠦᠨ᠎ᠡ᠂ ᠮᠡᠷᠭᠡᠵᠢᠯ᠎ᠤᠨ ᠲᠥᠰᠦᠯ ᠪᠤᠶᠤ ᠳᠠᠭ᠋ᠠᠬᠤ ᠪᠢᠴᠢᠭ ᠮᠠᠲ᠋ᠧᠷᠢᠶᠠᠯ᠎ᠤᠨ ᠮᠥᠨ   ᠴᠢᠨᠠᠷ᠎ᠤᠨ ᠠᠭᠤᠯᠭ᠎ᠠ ᠵᠢ ᠵᠥᠪᠳᠡᠯᠴᠡᠭᠰᠡᠨ ᠪᠠᠢ᠌ᠳᠠᠯ᠃

      (ᠬᠣᠶᠠᠷ) ᠬᠤᠳᠠᠯᠳᠤᠭ᠎ᠠ ᠬᠠᠩᠭ᠋ᠠᠭᠴᠢ ᠬᠣᠭᠣᠷᠣᠨᠳᠣ᠎ᠪᠠᠨ ᠶᠠᠮᠠᠷ ᠨᠢᠭᠡᠨ ᠣᠨᠴᠠ ᠲᠣᠭᠲᠠᠭᠰᠠᠨ ᠬᠤᠳᠠᠯᠳᠤᠭ᠎ᠠ ᠬᠠᠩᠭ᠋ᠠᠭᠴᠢ ᠵᠢ ᠳᠠᠭ᠋ᠠᠭ᠋ᠠᠴᠢᠯᠠᠯᠲᠠ   ᠣᠯᠤᠭᠰᠠᠨ ᠵᠶ᠋ᠠᠷ᠂ ᠮᠠᠢ᠌ᠮᠠᠢ ᠪᠦᠲᠦᠭᠰᠡᠨ ᠵᠶ᠋ᠠᠷ ᠤᠷᠢᠳᠠᠪᠠᠷ ᠪᠣᠯᠵᠣᠨ ᠲᠣᠭᠲᠠᠭᠰᠠᠨ ᠪᠠᠢ᠌ᠳᠠᠯ᠃

      (ᠭᠤᠷᠪᠠ) ᠬᠤᠳᠠᠯᠳᠤᠭ᠎ᠠ ᠬᠠᠩᠭ᠋ᠠᠭᠴᠢ ᠬᠣᠭᠣᠷᠣᠨᠳᠣ᠎ᠪᠠᠨ ᠵᠥᠪᠳᠡᠯᠴᠡᠨ ᠵᠠᠷᠢᠮ ᠬᠤᠳᠠᠯᠳᠤᠭ᠎ᠠ ᠬᠠᠩᠭ᠋ᠠᠭᠴᠢ ᠵᠢ ᠵᠠᠰᠠᠭ᠎ᠤᠨ ᠣᠷᠳᠣᠨ᠎ᠤ ᠬᠤᠳᠠᠯᠳᠤᠨ   ᠠᠪᠬᠤ ᠠᠵᠢᠯᠯᠠᠭ᠎ᠠ᠎ᠳᠤ ᠣᠷᠤᠯᠴᠠᠬᠤ ᠪᠤᠶᠤ ᠳᠠᠭ᠋ᠠᠭ᠋ᠠᠴᠢᠯᠠᠯᠲᠠ ᠣᠯᠬᠤ᠂ ᠠᠷᠠᠯᠵᠢᠶ᠎ᠠ ᠪᠦᠲᠦᠬᠦ ᠡᠷᠬᠡ ᠵᠢ ᠬᠠᠶᠠᠭᠤᠯᠬᠤ᠎ᠪᠠᠷ ᠲᠣᠭᠲᠠᠭ᠋ᠠᠭᠰᠠᠨ ᠪᠠᠢ᠌ᠳᠠᠯ᠃

      (ᠲᠦᠷᠪᠡ) ᠬᠤᠳᠠᠯᠳᠤᠭ᠎ᠠ ᠬᠠᠩᠭ᠋ᠠᠭᠴᠢ ᠪᠠ ᠬᠤᠳᠠᠯᠳᠤᠨ ᠠᠪᠤᠭᠴᠢ ᠪᠤᠶᠤ ᠬᠤᠳᠠᠯᠳᠤᠭ᠎ᠠ ᠬᠠᠩᠭ᠋ᠠᠭᠴᠢ᠎ᠯᠤᠭ᠎ᠠ ᠬᠣᠭᠣᠷᠣᠨᠳᠣ᠎ᠪᠠᠨ ᠣᠨᠴᠠ ᠲᠣᠭᠲᠠᠭᠰᠠᠨ   ᠬᠤᠳᠠᠯᠳᠤᠭ᠎ᠠ ᠬᠠᠩᠭ᠋ᠠᠭᠴᠢ᠎ᠳᠤ ᠳᠠᠭ᠋ᠠᠭ᠋ᠠᠴᠢᠯᠠᠯᠲᠠ ᠣᠯᠭᠤᠬᠤ᠂ ᠠᠷᠠᠯᠵᠢᠶ᠎ᠠ ᠪᠦᠲᠦᠬᠦ ᠵᠢᠨ ᠬᠢᠨᠢ ᠲᠥᠯᠥᠭᠡ ᠬᠥᠭᠡᠭᠡᠴᠡᠯᠳᠦᠭᠰᠡᠨ ᠪᠤᠶᠤ ᠪᠤᠰᠤᠳ ᠬᠤᠳᠠᠯᠳᠤᠭ᠎ᠠ   ᠬᠠᠩᠭ᠋ᠠᠭᠴᠢ᠎ᠢ ᠭᠠᠳᠠᠭᠤᠷᠴᠢᠯᠠᠭᠰᠠᠨ ᠪᠠᠢ᠌ᠳᠠᠯ᠃

      (ᠲᠠᠪᠤ) ᠪᠤᠰᠤᠳ ᠪᠠᠢ᠌ᠳᠠᠯ

      ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠤᠳᠠᠯᠳᠤᠭ᠎ᠠ ᠬᠠᠩᠭ᠋ᠠᠭᠴᠢ᠎ᠳᠤ ᠳᠡᠭᠡᠷᠡᠬᠢ ᠪᠠᠢ᠌ᠳᠠᠯ ᠭᠠᠷᠪᠠᠯ᠂ 《ᠠᠷᠭ᠎ᠠ》 ᠵᠢᠨ ᠭᠤᠴᠢᠨ ᠳᠣᠯᠣᠳᠤᠭ᠋ᠠᠷ   ᠵᠦᠢᠯ᠎ᠤᠨ ᠲᠣᠭᠲᠠᠭ᠋ᠠᠯ ᠶᠣᠰᠣᠭ᠋ᠠᠷ᠂ ᠡᠯ᠎ᠡ ᠱᠠᠲᠤᠨ᠎ᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠡᠵᠡᠩᠨᠡᠯᠲᠡ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ   ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠲᠠᠬᠢ ᠡᠵᠡᠩᠨᠡᠯᠲᠡ ᠵᠢᠨ ᠵᠥᠪᠯᠡᠯᠴᠡᠭᠡᠷ᠎ᠢ ᠬᠡᠷᠡᠭᠵᠢᠭᠦᠯᠬᠦ ᠵᠢ ᠵᠣᠭᠰᠣᠭ᠋ᠠᠬᠤ ᠵᠢᠨ ᠬᠠᠮᠲᠤ ᠵᠠᠷᠯᠠᠨ ᠨᠡᠢ᠌ᠲᠡᠯᠡᠵᠦ᠂ 1᠎ᠠᠴᠠ 3   ᠵᠢᠯ᠎ᠤᠨ ᠳᠣᠲᠣᠷ᠎ᠠ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠵᠢ ᠴᠠᠭ᠋ᠠᠵᠠᠯᠠᠨ᠎ᠠ᠃

      ᠲᠣᠰ 《ᠲᠠᠢ᠌ᠯᠤᠮᠵᠢ》 ᠵᠢ ᠬᠡᠷᠡᠭᠵᠢᠭᠦᠯᠬᠦ ᠶᠠᠪᠤᠴᠠ᠎ᠳᠤ ᠮᠠᠳᠠᠭ᠎ᠲᠠᠢ ᠠᠰᠠᠭᠤᠳᠠᠯ ᠣᠷᠣᠰᠢᠵᠤ ᠪᠠᠢ᠌ᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ   ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ  ᠎ᠠᠴᠠ ᠠᠰᠠᠭᠤᠨ ᠯᠠᠪᠯᠠᠵᠤ ᠪᠣᠯᠤᠨ᠎ᠠ᠃

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠄ ᠸᠠᠩ ᠶᠦᠨ ᠫᠧᠩ 0471 - 4192321

      ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠄ ᠴᠧᠨ ᠢ ᠸᠸᠨ 0471 - 5617263

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠬᠣᠳᠠᠯᠳᠣᠭ᠋ᠠᠨ᠎ᠤ ᠶᠠᠪᠤᠳᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ — ᠬᠥᠭᠵᠢᠯᠲᠡ ᠵᠢᠨ ᠰᠢᠨ᠎ᠡ ᠰᠢᠪᠲᠤᠯᠤᠯᠲᠠ
ᠦᠨᠳᠦᠰᠦᠲᠡᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢᠨ ᠰᠠᠴᠤᠷᠠᠨᠭ᠌ᠭᠤᠢ ᠲᠤᠶᠠᠭ᠋ᠠᠯᠠᠯ ᠳᠤᠤᠷ᠎ᠠ ᠤᠮᠤᠭᠲᠠᠢ ᠤᠷᠤᠭᠰᠢᠯᠠᠨ᠎ᠠ
ᠮᠠᠨ᠎ᠤ ᠣᠯᠣᠰ᠎ᠤᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠬᠦᠨᠵᠡᠭᠡᠢ᠌ᠷᠡᠯ
ᠰᠢᠨ᠎ᠡ ᠬᠡᠪ ᠪᠠᠢ᠍ᠢ᠍ᠳᠠᠯ᠎ᠢ ᠲᠠᠨᠢᠵᠥ ᠰᠢᠨ᠎ᠡ ᠠᠵᠠ ᠲᠤᠬᠢᠶᠠᠯ᠎ᠢ ᠡᠵᠡᠮᠳᠡᠵᠥ ᠰᠢᠨ᠎ᠡ ᠬᠦᠭᠵᠢᠯᠳᠡ ᠵᠢ ᠲᠥᠯᠥᠪᠵᠢᠬᠦᠯᠥᠨᠡᠮ — ᠲᠦᠪ᠎ᠤᠨ ᠠᠵᠥ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠋ᠠᠨ᠎ᠤ ᠲᠤᠬᠠᠢ ᠲᠠᠢ᠍ᠢ᠍ᠯᠤᠮᠵᠢ
ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ ᠠᠵᠢᠯᠴᠢᠨ᠎ᠤ ᠦᠨᠳᠦᠰᠦᠨ ᠴᠠᠯᠢᠩ᠎ᠤᠨ ᠪᠠᠷᠢᠮᠵᠢᠶ᠎ᠠ᠎ᠳᠤ ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
 
            