ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠰᠥᠭ ᠪᠢᠴᠢᠭ ᠵᠶ᠋ᠠᠷ ᠥᠭᠦᠯᠡᠬᠦᠢ᠄ 《ᠴᠠᠭ ᠠᠭᠤᠷ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2022-03-22

      ᠨᠢᠭᠡ᠂ ᠲᠣᠭᠲᠠᠭ᠋ᠠᠭᠰᠠᠨ ᠠᠬᠤᠶ ᠪᠠᠢ᠌ᠳᠠᠯ
      ᠰᠢᠨ᠎ᠡ ᠳᠤᠮᠳᠠᠳᠤ ᠤᠯᠤᠰ᠎ᠤᠨ ᠴᠠᠭ ᠠᠭᠤᠷ᠎ᠤᠨ ᠦᠢᠯᠡᠰ᠎ᠤᠨ 70 ᠵᠢᠯ᠎ᠤᠨ ᠣᠶ ᠵᠢᠨ ᠲᠠᠰᠢᠷᠠᠮ᠎ᠳᠤ ᠶᠡᠷᠦᠩᠬᠡᠢ ᠱᠦᠵᠢ ᠰᠢ ᠵᠢᠨ ᠫᠢᠩ ᠴᠠᠭ ᠠᠭᠤᠷ᠎ᠤᠨ   ᠠᠵᠢᠯ᠎ᠳᠤ ᠴᠢᠬᠤᠯᠠ ᠵᠢᠭ᠋ᠠᠪᠤᠷᠢ ᠥᠭᠴᠦ᠂ ᠴᠠᠭ ᠠᠭᠤᠷ᠎ᠤᠨ ᠠᠵᠢᠯ ᠠᠮᠢ ᠨᠠᠰᠤᠨ᠎ᠤ ᠠᠮᠤᠷ ᠲᠦᠪᠰᠢᠨ᠂ ᠦᠢ᠍ᠯᠡᠳᠪᠦᠷᠢᠯᠡᠯ᠎ᠤᠨ ᠬᠥᠭᠵᠢᠯᠲᠡ᠂ ᠪᠠᠶᠠᠨ ᠴᠢᠨᠡᠭᠡᠯᠢᠭ   ᠠᠮᠢᠳᠤᠷᠠᠯ᠂ ᠰᠠᠢ᠌ᠨ ᠰᠠᠢ᠌ᠬᠠᠨ ᠠᠮᠢ ᠠᠬᠤᠶ᠎ᠲᠠᠢ ᠬᠣᠯᠪᠤᠭᠳᠠᠳᠠᠭ ᠪᠣᠯᠬᠤᠷ ᠴᠠᠭ ᠠᠭᠤᠷ᠎ᠤᠨ ᠠᠵᠢᠯ᠎ᠢ ᠰᠠᠢ᠌ᠲᠤᠷ ᠬᠢᠬᠦ ᠵᠢᠨ ᠠᠴᠢ ᠬᠣᠯᠪᠣᠭᠳᠠᠯ ᠴᠢᠬᠤᠯᠠ᠂   ᠬᠠᠷᠢᠭᠤᠴᠠᠯᠭ᠎ᠠ ᠠᠰᠤᠷᠤ ᠬᠦᠨᠳᠦ ᠪᠠᠢ᠌ᠳᠠᠭ᠎ᠢ ᠵᠢᠭ᠋ᠠᠨ ᠭᠠᠷᠭ᠋ᠠᠵᠤ᠂ ᠥᠷᠭᠡᠨ ᠣᠯᠠᠨ ᠴᠠᠭ ᠠᠭᠤᠷ᠎ᠤᠨ ᠠᠵᠢᠯᠲᠠᠳ᠎ᠢ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠤᠨ   ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠵᠢ ᠲᠦᠷᠭᠡᠳᠬᠡᠵᠦ᠂ ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ ᠤᠷᠢᠳᠴᠢᠯᠠᠨ ᠮᠡᠳᠡᠭᠡᠯᠡᠬᠦ᠂   ᠨᠠᠷᠢᠯᠢᠭ ᠬᠢᠨᠠᠮᠠᠭ᠋ᠠᠢ ᠦᠢ᠍ᠯᠡᠴᠢᠯᠡᠬᠦ ᠵᠢ ᠪᠡᠶᠡᠯᠡᠭᠦᠯᠵᠦ᠂ ᠴᠠᠭ ᠠᠭᠤᠷ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠭᠢᠭᠤᠯᠵᠤ᠂ ᠴᠠᠭ ᠠᠭᠤᠷ᠎ᠤᠨ   ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠨᠢᠭᠡᠳᠦᠭᠡᠷ ᠰᠡᠷᠭᠡᠢ᠌ᠯᠡᠯᠲᠡ   ᠵᠢᠨ ᠱᠤᠭᠤᠮ᠎ᠤᠨ ᠦᠢ᠍ᠯᠡᠳᠦᠯ᠎ᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠳᠤᠮᠳᠠᠳᠤ ᠤᠯᠤᠰ᠎ᠤᠨ   ᠬᠦᠰᠡᠯᠡᠩ᠎ᠢ ᠪᠡᠶᠡᠯᠡᠭᠦᠯᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠬᠤ ᠬᠡᠷᠡᠭᠲᠡᠢ ᠬᠡᠮᠡᠨ ᠱᠠᠭ᠋ᠠᠷᠳᠠᠵᠠᠢ᠃ ᠶᠡᠷᠦᠩᠬᠡᠢ ᠰᠠᠢ᠌ᠳ ᠯᠢ ᠺᠸ ᠴᠢᠶᠠᠩ ᠴᠠᠭ   ᠠᠭᠤᠷ᠎ᠤᠨ ᠠᠵᠢᠯ᠎ᠳᠤ ᠴᠣᠬᠣᠯᠠᠪᠤᠷᠢ ᠥᠭᠴᠦ᠂ ᠳᠡᠳ᠋ ᠶᠡᠷᠦᠩᠬᠡᠢ ᠰᠠᠢ᠌ᠳ ᠬᠤ᠌ ᠴᠦᠨ ᠬᠤᠸᠠ ᠰᠢᠨ᠎ᠡ ᠳᠤᠮᠳᠠᠳᠤ ᠤᠯᠤᠰ᠎ᠤᠨ ᠴᠠᠭ ᠠᠭᠤᠷ᠎ᠤᠨ ᠦᠢ᠍ᠯᠡᠰ᠎ᠤᠨ 70   ᠵᠢᠯ᠎ᠤᠨ ᠤᠢ ᠵᠢᠨ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
      ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠡᠯ᠎ᠡ ᠵᠦᠢᠯ᠎ᠤᠨ ᠠᠵᠢᠯ ᠦᠢᠯᠡᠰ᠎ᠤᠨ   ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠤᠷᠢᠳ ᠬᠣᠵᠢᠳ 2 ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠵᠤ ᠠᠵᠢᠯ ᠵᠢᠯᠤᠭᠤᠳᠴᠤ᠂ 4   ᠤᠳᠠᠭ᠎ᠠ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠤᠯᠴᠠᠭ᠋ᠠᠳ ᠥᠪᠥᠷ ᠮᠣᠩᠭᠣᠯ᠎ᠤᠨ ᠪᠠᠢ᠌ᠯᠳᠤᠬᠤ ᠪᠣᠳᠣᠯᠭ᠎ᠠ ᠵᠢᠨ   ᠪᠠᠢ᠌ᠷᠢ ᠲᠣᠭᠲᠠᠭ᠋ᠠᠯᠲᠠ ᠪᠠ ᠠᠵᠢᠯᠯᠠᠭ᠋ᠠᠨ᠎ᠤ ᠬᠥᠲᠥᠯᠪᠦᠷᠢ ᠵᠢ ᠲᠣᠳᠣᠷᠬᠠᠶ ᠵᠢᠭ᠋ᠠᠨ ᠭᠠᠷᠭ᠋ᠠᠵᠤ᠂ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠨᠡᠢ᠌ᠴᠡᠭᠰᠡᠨ᠂   ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠭᠰᠡᠨ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ   ᠪᠣᠯᠭ᠋ᠠᠭᠰᠠᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠵᠠᠮ᠎ᠢ ᠴᠢᠷᠮᠠᠢ᠌ᠨ ᠰᠦᠪᠡᠭᠴᠢᠯᠡᠵᠦ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠥᠲᠥᠭᠡᠨ   ᠪᠠᠢ᠌ᠭᠤᠯᠵᠤ ᠠᠭᠤᠤ ᠶᠡᠬᠡ ᠳᠤᠮᠳᠠᠳᠤ ᠵᠢᠨ ᠬᠦᠰᠡᠯᠡᠩ᠎ᠢ ᠬᠠᠮᠲᠤ᠎ᠪᠠᠷ ᠪᠡᠶᠡᠯᠡᠭᠦᠯᠬᠦ》 ᠵᠢ ᠴᠢᠷᠮᠠᠢ᠌ᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠢ᠌ᠯ᠎ᠠ᠃
      ᠶᠡᠷᠦᠩᠬᠡᠶ ᠱᠦᠵᠢ ᠰᠢ ᠵᠢᠨ ᠫᠢᠩ᠎ᠤᠨ ᠴᠠᠭ ᠠᠭᠤᠷ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠴᠢ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ   ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠨᠢ ᠮᠠᠨ᠎ᠤ ᠣᠷᠣᠨ᠎ᠤ ᠴᠠᠭ ᠠᠭᠤᠷ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠦᠨᠳᠦᠰᠦᠨ   ᠵᠢᠷᠤᠮᠯᠠᠯ ᠬᠠᠩᠭ᠋ᠠᠵᠤ᠂ ᠤᠯᠤᠰ᠎ᠲᠤ ᠦᠢᠯᠡᠴᠢᠯᠡᠬᠦ᠂ ᠠᠷᠠᠳ ᠲᠦᠮᠡᠨ᠎ᠳᠤ ᠦᠢᠯᠡᠴᠢᠯᠡᠬᠦ ᠦᠨᠳᠦᠰᠦᠨ ᠴᠢᠭᠯᠡᠯ᠎ᠢ ᠲᠣᠳᠤᠷᠬᠠᠢ᠌ᠯᠠᠭᠰᠠᠨ ᠪᠠᠢ᠌ᠨ᠎ᠠ᠃ ᠦᠨᠡᠯᠡᠨ ᠵᠢᠱ᠌ᠢᠬᠦ  ᠎ᠪᠠᠷ ᠳᠠᠮᠵᠢᠭ᠋ᠠᠳ᠂ 2020 ᠣᠨ ᠪᠣᠯᠬᠤ᠎ᠳᠤ᠂ ᠮᠠᠨ᠎ᠤ ᠣᠷᠣᠨ ᠬᠠᠩᠭ᠋ᠠᠯᠭ᠎ᠠ ᠬᠡᠷᠡᠭᠴᠡᠭᠡ᠎ᠳᠤ ᠳᠣᠭᠢᠷᠬᠠᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ᠎ᠤ   ᠴᠢᠳᠠᠮᠵᠢ ᠪᠠ ᠬᠦᠴᠦᠲᠡᠢ ᠪᠠᠲᠤᠯᠠᠭ᠎ᠠ᠎ᠲᠠᠢ ᠥᠪᠥᠷ ᠮᠣᠩᠭᠣᠯ᠎ᠤᠨ ᠣᠨᠴᠠᠯᠢᠭ ᠪᠦᠬᠦᠢ ᠴᠠᠭ ᠠᠭᠤᠷ᠎ᠤᠨ ᠣᠳᠣᠬᠢᠴᠢᠯᠠᠯᠲᠠ ᠵᠢᠨ ᠲᠣᠭᠲᠠᠯᠴᠠᠭ᠎ᠠ ᠵᠢ   ᠦᠨᠳᠦᠰᠦᠨ᠎ᠳᠤ᠎ᠪᠠᠨ ᠪᠠᠢ᠌ᠭᠤᠯᠵᠤ᠂ ᠴᠠᠭ ᠠᠭᠤᠷ᠎ᠤᠨ ᠣᠳᠣᠬᠢᠴᠢᠯᠠᠯᠲᠠ ᠵᠢᠨ ᠪᠦᠬᠦᠯᠢ ᠴᠣᠭᠴᠠ ᠵᠢᠨ ᠬᠢᠷᠢ ᠲᠥᠪᠰᠢᠨ᠎ᠢ ᠢᠯᠡᠳᠲᠡ ᠳᠡᠭᠡᠭᠰᠢᠯᠡᠭᠦᠯᠦᠨ᠂ ᠬᠡᠰᠡᠭ   ᠬᠦᠷᠢᠶ᠎ᠡ ᠴᠠᠷᠠᠭ᠎ᠠ ᠵᠢ ᠮᠤᠵᠢ ᠵᠢᠨ ᠱᠠᠲᠤᠨ᠎ᠤ ᠲᠡᠷᠢᠭᠦᠨ᠎ᠤ ᠬᠢᠷᠢ ᠲᠥᠪᠰᠢᠨ᠎ᠳᠤ ᠬᠦᠷᠦᠭᠦᠯᠪᠡ᠃ ᠭᠡᠪᠡᠴᠦ ᠬᠥᠭᠵᠢᠭᠰᠡᠨ ᠮᠤᠵᠢ ᠣᠷᠣᠨ᠎ᠲᠠᠢ ᠬᠠᠷᠢᠴᠠᠭᠤᠯᠪᠠᠯ᠂ ᠮᠠᠨ  ᠎ᠤ ᠣᠷᠣᠨ᠎ᠤ ᠴᠠᠭ ᠠᠭᠤᠷ᠎ᠤᠨ ᠦᠢᠯᠡᠰ᠎ᠲᠤ ᠪᠠᠰᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠬᠢᠬᠦ ᠲᠣᠭᠲᠠᠯᠴᠠᠭ᠎ᠠ ᠦᠢ᠍ᠯᠡᠳᠦᠯ᠎ᠨᠢ ᠳᠣᠣᠷ᠎ᠠ᠂ ᠴᠠᠭ ᠠᠭᠤᠷ  ᠎ᠢ ᠠᠵᠢᠭᠯᠠᠨ ᠰᠢᠨᠵᠢᠯᠡᠬᠦ ᠶᠡᠷᠦᠩᠬᠡᠢ᠌ᠯᠡᠭᠰᠡᠨ ᠴᠢᠳᠠᠪᠤᠷᠢ ᠵᠢ ᠴᠢᠩᠭ᠋ᠠᠳᠬᠠᠵᠤ᠂ ᠤᠷᠢᠳᠴᠢᠯᠠᠨ ᠮᠡᠳᠡᠭᠡᠯᠡᠵᠦ ᠲᠥᠰᠦᠭᠡᠯᠡᠬᠦ ᠵᠢ ᠨᠠᠷᠢᠯᠢᠬ᠍ᠵᠢᠭᠤᠯᠬᠤ ᠬᠢᠷᠢ ᠲᠥᠪᠰᠢᠨ᠎ᠢ   ᠳᠡᠭᠡᠭᠰᠢᠯᠡᠭᠦᠯᠬᠦ ᠴᠢᠬᠤᠯᠠᠲᠠᠶ᠂ ᠴᠠᠭ ᠠᠭᠤᠷ᠎ᠤᠨ ᠦᠢᠯᠡᠴᠢᠯᠡᠭᠡᠨ᠎ᠤ ᠬᠠᠩᠭ᠋ᠠᠯᠭ᠎ᠠ ᠵᠢᠨ ᠪᠦᠲᠦᠴᠡ ᠲᠡᠩᠴᠡᠭᠦᠷᠢ ᠦᠭᠡᠢ ᠵᠡᠷᠭᠡ ᠠᠰᠠᠭᠤᠳᠠᠯ᠎ᠤᠳ ᠣᠷᠣᠰᠢᠵᠤ ᠪᠤᠢ᠃
      ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠂ ᠶᠡᠷᠦᠩᠬᠡᠶ ᠰᠠᠢ᠌ᠳ ᠯᠢ ᠺᠧ ᠴᠢᠶᠠᠩ᠎ᠤᠨ ᠴᠣᠬᠣᠯᠠᠪᠤᠷᠢ ᠪᠠ ᠳᠡᠳ᠋ ᠶᠡᠷᠦᠩᠬᠡᠶ ᠰᠠᠢ᠌ᠳ ᠬᠤ᠌   ᠴᠦᠨ ᠬᠤᠸᠠ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ᠎ᠤ ᠣᠷᠣᠨ᠎ᠤ ᠴᠠᠭ ᠠᠭᠤᠷ᠎ᠤᠨ ᠦᠢᠯᠡᠰ᠎ᠤᠨ ᠴᠢᠨᠠᠷ   ᠰᠠᠢ᠌ᠲᠠᠶ ᠬᠥᠭᠵᠢᠯᠲᠡ ᠵᠢ ᠠᠬᠢᠭᠤᠯᠬᠤ ᠵᠢᠨ ᠲᠤᠯᠠᠳᠠ᠂ ᠪᠥᠬᠥ ᠣᠷᠣᠨ᠎ᠤ ᠴᠠᠭ ᠠᠭᠤᠷ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢᠨ ᠵᠢᠯᠣᠭᠣᠳᠬᠤ ᠴᠢᠨᠠᠷᠲᠠᠶ   ᠰᠠᠨᠠᠯ᠎ᠢ ᠨᠡᠢ᠌ᠲᠡᠯᠡᠨ᠂ ᠰᠢᠨ᠎ᠡ ᠴᠠᠭ᠎ᠤᠨ ᠪᠠᠢ᠌ᠳᠠᠯ᠎ᠳᠠᠬᠢ ᠪᠥᠬᠥ ᠣᠷᠣᠨ᠎ᠤ ᠴᠠᠭ ᠠᠭᠤᠷ᠎ᠤᠨ ᠦᠢᠯᠡᠰ᠎ᠤᠨ ᠬᠥᠭᠵᠢᠯᠲᠡ ᠵᠢᠨ ᠭᠣᠤᠯ ᠰᠡᠳᠬᠢᠮᠵᠢ᠂ ᠭᠣᠤᠯᠳᠠᠯᠭ᠎ᠠ᠎ᠲᠠᠢ   ᠡᠭᠦᠷᠭᠡ ᠵᠢᠴᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠪᠥᠬᠥ ᠣᠷᠣᠨ᠎ᠤ ᠴᠠᠭ ᠠᠭᠤᠷ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ   ᠠᠬᠢᠭᠤᠯᠬᠤ ᠴᠢᠬᠤᠯᠠᠲᠠᠶ᠃
      ᠬᠣᠶᠠᠷ᠂ ᠵᠢᠯᠣᠭᠣᠳᠬᠤ ᠦᠵᠡᠯ ᠰᠠᠨᠠᠭ᠎ᠠ  
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂   ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂   ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠳᠤ ᠲᠤᠭᠤᠰᠢᠯᠠᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠠᠭ ᠠᠭᠤᠷ᠎ᠤᠨ ᠠᠵᠢᠯ᠎ᠤᠨ   ᠲᠤᠬᠠᠢ ᠴᠢᠬᠤᠯᠠ ᠵᠢᠭ᠋ᠠᠪᠤᠷᠢ ᠵᠢᠴᠢ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠶ ᠵᠢ ᠤᠷᠢᠳ ᠵᠶ᠋ᠠᠷ ᠪᠣᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ   ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠵᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢ᠌ᠯᠳᠤᠬᠤ   ᠪᠤᠳᠤᠯᠭ᠎ᠠ ᠵᠢᠨ ᠪᠠᠢ᠌ᠷᠢ ᠲᠣᠭᠲᠠᠭ᠋ᠠᠯᠲᠠ ᠵᠢᠨ ᠲᠣᠭᠤᠷᠢᠨ᠎ᠳᠤ ᠴᠢᠩᠭ᠎ᠠ ᠨᠢᠭᠲᠠᠷᠠᠵᠤ᠂ 《ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ ᠤᠷᠢᠳᠴᠢᠯᠠᠨ   ᠮᠡᠳᠡᠭᠡᠯᠡᠬᠦ᠂ ᠨᠠᠷᠢᠯᠢᠭ ᠬᠢᠨᠠᠮᠠᠭ᠋ᠠᠢ ᠦᠢ᠍ᠯᠡᠴᠢᠯᠡᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ   ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠮᠢ ᠨᠠᠰᠤᠨ᠎ᠤ ᠠᠮᠤᠷ ᠲᠦᠪᠰᠢᠨ᠂ ᠦᠢ᠍ᠯᠡᠳᠪᠦᠷᠢᠯᠡᠯ᠎ᠤᠨ ᠬᠥᠭᠵᠢᠯᠲᠡ᠂   ᠠᠮᠢᠳᠤᠷᠠᠯ᠎ᠤᠨ ᠪᠠᠶᠠᠨ ᠴᠢᠨᠡᠭᠡᠯᠢᠭ᠂ ᠠᠮᠢ ᠠᠬᠤᠶ ᠵᠢᠨ ᠰᠠᠢ᠌ᠨ ᠰᠠᠢ᠌ᠬᠠᠨ ᠪᠠᠢ᠌ᠬᠤ ᠵᠢ ᠦᠨᠡᠨ ᠬᠦ᠌ ᠪᠠᠲᠤᠯᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ   ᠪᠦᠲᠦᠭᠡᠨ ᠪᠠᠢ᠌ᠭᠤᠯᠬᠤ᠂ ᠠᠭᠤᠤ ᠶᠡᠬᠡ ᠳᠤᠮᠳᠠᠳᠤ ᠵᠢᠨ ᠬᠦᠰᠡᠯᠡᠩ᠎ᠢ ᠬᠠᠮᠲᠤ᠎ᠪᠠᠷ ᠪᠡᠶᠡᠯᠡᠭᠦᠯᠬᠦ᠎ᠳᠤ ᠪᠠᠲᠤ ᠪᠡᠬᠢ ᠠᠭᠤᠷ ᠠᠮᠢᠰᠬᠤᠯ᠎ᠤᠨ ᠪᠠᠲᠤᠯᠠᠭ᠎ᠠ ᠬᠠᠩᠭ᠋ᠠᠨ᠎ᠠ᠃
      ᠭᠤᠷᠪᠠ᠂ ᠬᠥᠭᠵᠢᠯᠲᠡ ᠵᠢᠨ ᠬᠠᠷᠠᠯᠲᠠ
     2025 ᠣᠨ ᠪᠣᠯᠬᠤ᠎ᠳᠤ᠂ ᠬᠠᠩᠭ᠋ᠠᠯᠭ᠎ᠠ ᠬᠡᠷᠡᠭᠴᠡᠭᠡ᠎ᠳᠤ ᠲᠣᠬᠢᠷᠠᠭᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ᠎ᠤ ᠴᠢᠳᠠᠮᠵᠢ ᠪᠠ ᠬᠦᠴᠦᠲᠡᠶ ᠪᠠᠲᠤᠯᠠᠭ᠎ᠠ  ᠎ᠲᠠᠢ ᠣᠲᠣ ᠦᠶ᠎ᠡ ᠵᠢᠨ ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ᠂ ᠦᠢᠯᠡᠴᠢᠯᠡᠭᠡ᠂ ᠲᠤᠬᠠᠢ᠌ᠯᠠᠭᠰᠠᠨ ᠠᠵᠢᠯ ᠪᠠ ᠵᠠᠰᠠᠯᠲᠠ ᠵᠢᠨ   ᠲᠣᠭᠲᠠᠯᠴᠠᠭ᠎ᠠ ᠵᠢ ᠪᠠᠢ᠌ᠭᠤᠯᠵᠤ᠂ ᠠᠮᠢ ᠠᠬᠤᠶ ᠵᠢᠨ ᠴᠠᠭ ᠠᠭᠤᠷ᠂ ᠳᠠᠭ᠋ᠠᠭᠤᠯᠢ ᠣᠳᠣᠨ᠎ᠤ ᠠᠯᠤᠰ ᠰᠡᠷᠡᠯ᠂ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠪᠠ   ᠴᠠᠭ ᠠᠭᠤᠷ᠎ᠤᠨ ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠵᠢ ᠪᠥᠬᠥ ᠤᠯᠤᠰ᠎ᠤᠨ ᠲᠡᠷᠢᠭᠦᠨ᠎ᠤ ᠬᠢᠷᠢ ᠲᠦᠪᠰᠢᠨ᠎ᠳᠤ ᠬᠦᠷᠦᠭᠦᠯᠵᠦ᠂ ᠴᠠᠭ ᠠᠭᠤᠷ᠎ᠤᠨ   ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠪᠥᠬᠥ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠣᠭᠤᠯᠤᠨ᠎ᠠ᠃ 2035 ᠣᠨ ᠪᠣᠯᠬᠤ᠎ᠳᠤ᠂ ᠬᠡᠷᠡᠭᠴᠡᠭᠡ ᠱᠠᠭ᠋ᠠᠷᠳᠠᠯᠭ᠎ᠠ ᠵᠢ   ᠬᠠᠩᠭ᠋ᠠᠭᠰᠠᠨ᠂ ᠣᠨᠴᠠᠯᠢᠭ ᠢᠯᠡ ᠲᠣᠳᠣ᠂ ᠮᠡᠷᠭᠡᠵᠢᠯ ᠲᠡᠷᠢᠭᠦᠨ᠎ᠤ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠴᠠᠭ ᠠᠭᠤᠷ᠎ᠤᠨ ᠣᠳᠣᠬᠢᠴᠢᠯᠠᠭᠰᠠᠨ   ᠲᠣᠭᠲᠠᠯᠴᠠᠭ᠎ᠠ ᠵᠢ ᠪᠥᠬᠥ ᠲᠠᠯ᠎ᠠ᠎ᠪᠠᠷ ᠪᠠᠢ᠌ᠭᠤᠯᠵᠤ᠂ ᠴᠠᠭ ᠠᠭᠤᠷ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠣᠯᠭᠤᠬᠤ ᠦᠷ᠎ᠡ ᠪᠦᠲᠦᠮᠵᠢ ᠵᠢ ᠨᠠᠩ ᠢᠯᠡᠷᠬᠡᠶ   ᠪᠣᠯᠭ᠋ᠠᠵᠤ᠂ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠪᠥᠬᠥ ᠤᠯᠤᠰ᠎ᠤᠨ ᠲᠡᠷᠢᠭᠦᠨ᠎ᠤ ᠲᠦᠪᠰᠢᠨ᠎ᠳᠤ ᠬᠦᠷᠭᠡᠨ ᠴᠠᠭ ᠠᠭᠤᠷ᠎ᠤᠨ ᠲᠣᠮᠣ ᠣᠷᠣᠨ᠎ᠠᠴᠠ ᠴᠠᠭ   ᠠᠭᠤᠷ᠎ᠤᠨ ᠬᠦᠴᠦᠷᠬᠡᠭ ᠣᠷᠣᠨ ᠲᠠᠢ᠌ᠰᠢ ᠳᠡᠪᠰᠢᠯᠲᠡ᠎ᠲᠠᠢ ᠪᠣᠯᠭ᠋ᠠᠨ᠎ᠠ᠃
      ᠳᠥᠷᠪᠡ᠂ ᠭᠣᠣᠯ ᠡᠭᠦᠷᠭᠡ
     《ᠰᠠᠨᠠᠯ》᠎ᠳᠤ ᠲᠤᠯᠤᠭ᠋ᠠᠨ ᠲᠠᠯ᠎ᠠ ᠵᠢᠨ ᠭᠣᠤᠯ ᠡᠭᠦᠷᠭᠡ ᠵᠢ ᠳᠤᠷᠠᠳᠤᠨ ᠭᠠᠷᠭ᠋ᠠᠪᠠ᠄ ᠨᠢᠭᠡ᠂ ᠴᠠᠭ ᠠᠭᠤᠷ᠎ᠤᠨ ᠭᠠᠮᠰᠢᠭ᠎ᠠᠴᠠ ᠰᠡᠷᠭᠡᠢ᠌ᠯᠡᠬᠦ   ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠨᠢᠭᠡᠳᠦᠭᠡᠷ ᠰᠡᠷᠭᠡᠢ᠌ᠯᠡᠯᠲᠡ ᠵᠢᠨ   ᠱᠤᠭᠤᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ; ᠬᠣᠶᠠᠷ᠂ ᠠᠮᠢ ᠠᠬᠤᠢ ᠵᠢᠨ ᠪᠣᠯᠪᠠᠰᠤᠨ᠎ᠳᠠᠬᠢ ᠴᠠᠭ ᠠᠭᠤᠷ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ   ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠬᠥᠭᠵᠢᠯᠲᠡ᠎ᠳᠤ ᠦᠢ᠍ᠯᠡᠴᠢᠯᠡᠬᠦ ᠴᠠᠭ ᠠᠭᠤᠷ᠎ᠤᠨ ᠪᠠᠲᠤᠯᠠᠭ᠎ᠠ ᠵᠢᠨ ᠦᠢ᠍ᠯᠡᠳᠦᠯ᠎ᠢ᠎ᠨᠢ   ᠪᠠᠳᠠᠷᠠᠭᠤᠯᠤᠨ᠎ᠠ; ᠭᠤᠷᠪᠠ᠂ ᠣᠲᠣ ᠦᠶ᠎ᠡ ᠵᠢᠨ ᠮᠠᠯ ᠠᠵᠤ ᠠᠬᠤᠶ ᠲᠠᠷᠢᠶᠠᠯᠠᠩ᠎ᠳᠠᠬᠢ ᠴᠠᠭ ᠠᠭᠤᠷ᠎ᠤᠨ ᠦᠢᠯᠡᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ   ᠴᠢᠩᠭ᠋ᠠᠳᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ   ᠰᠠᠭᠤᠷᠢᠨ᠎ᠤ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ ᠵᠢ ᠠᠬᠢᠭᠤᠯᠤᠨ᠎ᠠ; ᠳᠥᠷᠪᠡ᠂ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠵᠢᠯ᠎ᠤᠨ   ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠣᠬᠢᠷᠠᠯ᠎ᠠᠴᠠ ᠵᠠᠢ᠌ᠯᠠᠭᠤᠯᠬᠤ ᠦᠢᠯᠡᠴᠢᠯᠡᠭᠡᠨ᠎ᠤ ᠪᠠᠲᠤᠯᠠᠭ᠎ᠠ ᠵᠢᠨ ᠦᠷ᠎ᠡ ᠠᠰᠢᠭ᠎ᠢ ᠪᠠᠳᠠᠷᠠᠭᠤᠯᠤᠨ᠎ᠠ;   ᠲᠠᠪᠤ᠂ ᠤᠯᠠᠨ ᠨᠡᠢ᠌ᠲᠡ ᠵᠢᠨ ᠴᠠᠭ ᠠᠭᠤᠷ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ   ᠪᠠ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠬᠢᠷᠢ ᠲᠥᠪᠰᠢᠨ᠎ᠢ ᠳᠡᠭᠡᠭᠰᠢᠯᠡᠭᠦᠯᠦᠨ᠎ᠡ; ᠵᠢᠷᠭᠤᠭ᠎ᠠ᠂ ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠳᠤ   ᠰᠢᠨᠡᠴᠢᠯᠡᠯᠲᠡ ᠬᠢᠬᠦ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠦᠨ᠎ᠡ;   ᠳᠣᠯᠣᠭ᠎ᠠ᠂ ᠣᠳᠣ ᠦᠶ᠎ᠡ ᠵᠢᠨ ᠴᠠᠭ ᠠᠭᠤᠷ᠎ᠤᠨ ᠲᠤᠬᠠᠢ᠌ᠯᠠᠭᠰᠠᠨ ᠠᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠠᠭ   ᠠᠭᠤᠷ᠎ᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠪᠠ ᠰᠡᠷᠡᠮᠵᠢᠯᠡᠭᠦᠯᠬᠦ ᠦᠢ᠍ᠯᠡᠴᠢᠯᠡᠭᠡᠨ᠎ᠤ ᠬᠢᠷᠢ ᠲᠥᠪᠰᠢᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠃
      ᠲᠠᠪᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ
      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠴᠠᠯᠳᠤᠨ ᠬᠠᠮᠵᠢᠯᠴᠠᠬᠤ᠎ᠪᠠᠨ   ᠴᠢᠩᠭ᠋ᠠᠳᠬᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠴᠠᠭ ᠠᠭᠤᠷ᠎ᠤᠨ ᠦᠢ᠍ᠯᠡᠰ᠎ᠤᠨ ᠬᠥᠭᠵᠢᠯᠲᠡ ᠵᠢᠨ ᠳᠤᠮᠳᠠ ᠲᠤᠯᠭ᠋ᠠᠷᠠᠬᠤ ᠳᠣᠪᠣᠢ᠌ᠮ᠎ᠠ   ᠠᠰᠠᠭᠤᠳᠠᠯ᠎ᠤᠳ᠎ᠢ ᠴᠠᠭ ᠲᠤᠬᠠᠶ᠎ᠳᠤ᠎ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠂ ᠲᠥᠷᠥ ᠵᠢᠨ ᠪᠣᠳᠣᠯᠭ᠎ᠠ ᠵᠢᠨ   ᠳᠡᠮᠵᠢᠯᠭᠡ᠂ ᠬᠠᠤᠯᠢᠵᠢᠯ᠎ᠤᠨ ᠪᠠᠲᠤᠯᠠᠭ᠎ᠠ᠂ ᠴᠢᠳᠠᠪᠤᠷᠢᠲᠠᠨ᠎ᠤ ᠪᠠᠲᠤᠯᠠᠭ᠎ᠠ ᠪᠠ ᠰᠢᠯᠭ᠋ᠠᠨ ᠬᠢᠨᠠᠵᠤ ᠦᠨᠡᠯᠡᠬᠦ ᠵᠢ ᠴᠢᠩᠭ᠋ᠠᠳᠬᠠᠨ ᠪᠥᠬᠥ ᠣᠷᠣᠨ᠎ᠤ ᠴᠠᠭ ᠠᠭᠤᠷ᠎ᠤᠨ   ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ᠃  
     

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠰᠥᠭ ᠵᠶ᠋ᠠᠷ ᠥᠭᠦᠯᠡᠬᠦᠢ᠄ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠬᠡᠷᠡᠭᠵᠢᠭᠦᠯᠦᠯᠲᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 ᠎ᠤᠨ ᠲᠤᠬᠠᠢ ᠲᠠᠢ᠌ᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠬᠡᠷᠡᠭᠵᠢᠭᠦᠯᠬᠦ ᠲᠥᠰᠥᠯ (2021 — 2025 ᠣᠨ)》᠎ᠤᠨ ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠦᠰᠦᠭ ᠪᠢᠴᠢᠭ ᠵᠶ᠋ᠠᠷ ᠥᠭᠦᠯᠡᠬᠦᠢ᠄ 《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠦᠰᠦᠭ ᠪᠢᠴᠢᠭ ᠵᠶ᠋ᠡᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠩ ᠰᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ ᠵᠶ᠋ᠡᠷ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠦᠰᠦᠯ》
 
            