ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠬᠡᠷᠡᠭᠵᠢᠭᠦᠯᠬᠦ ᠲᠥᠰᠥᠯ (2021 — 2025 ᠣᠨ)》᠎ᠤᠨ ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠨᠡᠶ᠋ᠢᠲᠡᠯᠡᠭᠰᠡᠨ ᠴᠠᠭ᠄ 2022-03-21

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ   ᠬᠥᠭᠵᠢᠯᠲᠡ ᠵᠢᠨ ᠬᠡᠷᠡᠭᠵᠢᠭᠦᠯᠬᠦ ᠲᠥᠰᠥᠯ (2021 — 2025 ᠣᠨ)》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠥᠪᠡᠷᠲᠡᠭᠡᠨ ᠵᠠᠰᠠᠬᠤ   ᠣᠷᠣᠨ᠎ᠤ ᠵᠠᠰᠠᠭ᠎ᠤᠨ ᠣᠷᠳᠣᠨ᠎ᠤ 2021 ᠣᠨ᠎ᠤ 21 ᠳ᠋ᠦ᠍ᠭᠡᠷ ᠤᠳᠠᠭ᠎ᠠ ᠵᠢᠨ ᠪᠠᠢ᠌ᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠥᠪᠡᠷᠲᠡᠭᠡᠨ ᠵᠠᠰᠠᠬᠤ   ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠳᠠᠷᠤᠮᠠᠯᠯᠠᠨ ᠲᠠᠷᠬᠠᠭ᠋ᠠᠪᠠ᠃ ᠨᠡᠢ᠌ᠭᠡᠮ ᠨᠡᠶ᠋ᠢᠲᠡ᠎ᠪᠠᠷ ᠵᠶ᠋ᠡᠨ 《ᠲᠥᠰᠥᠯ》᠎ᠤᠨ   ᠬᠠᠮᠢᠶ᠎ᠠ ᠪᠦᠬᠦᠢ ᠠᠭᠤᠯᠭ᠎ᠠ ᠵᠢ ᠥᠷᠭᠡᠨ ᠵᠶ᠋ᠡᠷ ᠣᠢ᠌ᠯᠠᠭ᠋ᠠᠬᠤ ᠪᠠ ᠵᠥᠪ ᠣᠢ᠌ᠯᠠᠭ᠋ᠠᠬᠤ᠎ᠳᠤ ᠲᠥᠬᠥᠮ ᠦᠵᠡᠭᠦᠯᠬᠦ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠢ᠌ᠯᠤᠮᠵᠢ   ᠬᠢᠪᠡ᠃
      ᠨᠢᠭᠡ᠂ ᠶᠠᠭᠤᠨ᠎ᠤ ᠤᠴᠢᠷ᠎ᠠᠴᠠ 《ᠲᠥᠰᠥᠯ》᠎ᠢ ᠲᠣᠭᠲᠠᠭ᠋ᠠᠵᠤ ᠨᠡᠢ᠌ᠲᠡᠯᠡᠭᠰᠡᠨ ᠪᠤᠢ?
      ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠳᠤ ᠬᠦᠷᠭᠡᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ   ᠪᠡᠶᠡᠯᠡᠭᠦᠯᠬᠦ ᠪᠣᠯ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ   ᠪᠠᠢ᠌ᠷᠢᠯᠠᠭᠤᠯᠤᠯᠲᠠ ᠪᠣᠯᠣᠨ᠎ᠠ᠃ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠳᠤ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯ ᠴᠡᠨᠡᠭ ᠵᠡᠷᠭᠡ᠎ᠪᠠᠷ ᠭᠣᠣᠯ ᠪᠣᠯᠭ᠋ᠠᠭᠰᠠᠨ ᠰᠢᠨ᠎ᠡ   ᠡᠨᠧᠷᠭᠢ ᠵᠢᠨ ᠰᠤᠷᠪᠤᠯᠵᠢ᠎ᠨᠢ ᠲᠦᠷᠭᠡᠨ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠡᠨᠧᠷᠭᠢ ᠵᠢᠨ ᠰᠤᠷᠪᠤᠯᠵᠢ ᠵᠢᠨ ᠲᠤᠨᠤᠭ ᠲᠥᠬᠦᠭᠡᠷᠦᠮᠵᠢ᠎ᠳᠠᠬᠢ ᠬᠡᠷᠡᠭᠴᠡᠭᠡ   ᠯᠤᠲᠤ ᠶᠡᠬᠡ ᠪᠣᠯᠣᠨ᠎ᠠ᠃ ᠥᠪᠥᠷ ᠮᠣᠩᠭᠣᠯ᠎ᠤᠨ ᠰᠠᠯᠬᠢᠨ᠎ᠤ ᠡᠨᠧᠷᠭᠢ᠂ ᠨᠡᠷᠡᠨ᠎ᠤ ᠡᠨᠧᠷᠭᠢ ᠵᠢᠨ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠬᠥᠭᠵᠢᠭᠦᠯᠬᠦ ᠳᠠᠯᠳᠠ   ᠬᠦᠴᠦᠨ ᠯᠤᠲᠤ ᠶᠡᠬᠡ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ   ᠬᠥᠭᠵᠢᠯᠲᠡ᠎ᠳᠤ ᠴᠢᠬᠤᠯᠠ ᠶᠡᠬᠡ ᠵᠠᠬ᠎ᠠ ᠳᠡᠯᠭᠡᠭᠦᠷ᠎ᠤᠨ ᠠᠵᠠ ᠲᠣᠬᠢᠶᠠᠯ ᠬᠠᠩᠭ᠋ᠠᠪᠠ᠃ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ᠎ᠯᠦᠭᠡ ᠵᠣᠬᠢᠴᠠᠯᠳᠤᠭᠰᠠᠨ   ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠢ ᠲᠦᠷᠭᠡᠳᠬᠡᠨ ᠬᠥᠭᠵᠢᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ   ᠲᠠᠰ ᠳᠡᠪᠰᠢᠬᠦ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠠᠴᠠ 《ᠲᠥᠰᠥᠯ》᠎ᠢ ᠲᠣᠭᠲᠠᠭ᠋ᠠᠪᠠ᠃
      ᠬᠣᠶᠠᠷ᠂ 《ᠲᠥᠰᠥᠯ》᠎ᠤᠨ ᠶᠡᠷᠦᠩᠬᠡᠢ ᠱᠠᠭ᠋ᠠᠷᠳᠠᠯᠭ᠎ᠠ᠎ᠨᠢ ᠶᠠᠭᠤ ᠪᠤᠢ?
     《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠵᠢᠯ᠎ᠤᠨ ᠭᠠᠷᠤᠯᠲᠠ᠎ᠨᠢ 800 ᠲᠦᠮᠡᠨ ᠺᠢᠯᠣᠸᠠᠲ᠎ᠠᠴᠠ   ᠳᠡᠭᠡᠭᠰᠢᠬᠢ ᠰᠠᠯᠬᠢᠨ ᠬᠦᠴᠦᠨ᠎ᠤ ᠴᠠᠬᠢᠯᠭ᠋ᠠᠨ᠎ᠤ ᠪᠦᠬᠦᠯᠢ ᠮᠠᠰᠢᠨ ᠵᠢᠴᠢ ᠰᠡᠯᠪᠢᠭ ᠲᠤᠨᠤᠭ᠂ 400 ᠲᠦᠮᠡᠨ ᠺᠢᠯᠣᠸᠠᠲ᠎ᠠᠴᠠ ᠳᠡᠭᠡᠭᠰᠢᠬᠢ ᠨᠡᠷᠡᠨ ᠡᠨᠧᠷᠭᠢ ᠵᠢᠨ ᠳ᠋ᠢᠶᠠᠨ   ᡂᠢ ᠵᠢᠴᠢ ᠲᠣᠨᠣᠭᠯᠠᠭ᠋ᠠᠰᠤ᠂ 360 ᠲᠦᠮᠡᠨ ᠺᠢᠯᠣᠸᠠᠲ᠎ᠠᠴᠠ ᠳᠡᠭᠡᠭᠰᠢᠬᠢ ᠡᠨᠧᠷᠭᠢ ᠬᠠᠳᠠᠭ᠋ᠠᠯᠠᠬᠤ ᠲᠣᠨᠣᠭ ᠲᠦᠬᠦᠭᠡᠷᠦᠮᠵᠢ᠂ 5000 ᠢᠵᠢ᠎ᠠᠴᠠ ᠳᠡᠭᠡᠭᠰᠢᠬᠢ   ᠲᠦᠯᠡᠰᠢᠨ ᠳ᠋ᠢᠶᠠᠨ ᡂᠢ ᠵᠢᠨ ᠮᠠᠰᠢᠨ ᠲᠡᠷᠭᠡᠨ᠎ᠤ ᠴᠠᠬᠢᠯᠭ᠋ᠠᠨ ᠵᠤᠤᠬ᠎ᠠ ᠵᠢᠨ ᠰᠢᠰᠲ᠋ᠧᠮ᠂ 800 ᠢᠵᠢ᠎ᠠᠴᠠ ᠳᠡᠭᠡᠭᠰᠢᠬᠢ ᠤᠰᠤᠲᠥ᠋ᠷᠥᠭᠴᠢ ᠦᠢ᠍ᠯᠡᠳᠬᠦ ᠵᠢᠴᠢ ᠠᠵᠤ   ᠦᠢ᠍ᠯᠡᠳᠪᠦᠷᠢ ᠵᠢᠨ ᠳᠠᠭ᠋ᠠᠯᠲᠠ ᠭᠠᠷᠤᠯᠲᠠ ᠵᠢᠨ ᠤᠰᠤᠲᠥ᠋ᠷᠥᠭᠴᠢ ᠵᠢ ᠴᠡᠪᠡᠷᠰᠢᠭᠦᠯᠬᠦ ᠲᠥᠬᠦᠭᠡᠷᠦᠮᠵᠢ᠂ 40 ᠲᠦᠮᠡᠨ ᠲᠣᠨ᠎ᠠᠴᠠ ᠳᠡᠭᠡᠭᠰᠢᠬᠢ ᠤᠰᠤᠲᠥ᠋ᠷᠥᠭᠴᠢ   ᠬᠠᠳᠠᠭ᠋ᠠᠯᠠᠬᠤ ᠲᠥᠬᠦᠭᠡᠷᠦᠮᠵᠢ ᠵᠢᠨ ᠦᠢ᠍ᠯᠡᠳᠪᠦᠷᠢᠯᠡᠬᠦ ᠴᠢᠳᠠᠪᠤᠷᠢ ᠵᠢ ᠪᠦᠷᠢᠯᠳᠦᠭᠦᠯᠬᠦ᠎ᠪᠠᠷ ᠲᠥᠯᠥᠪᠵᠢᠭᠦᠯᠪᠡ᠃ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ   ᠦᠢ᠍ᠯᠡᠳᠬᠡᠯ᠎ᠤᠨ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ 1000 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠦᠨ᠎ᠡ᠃
      ᠭᠤᠷᠪᠠ᠂ 《ᠲᠥᠰᠥᠯ》᠎ᠳᠤ ᠲᠣᠳᠣᠷᠬᠠᠢ᠌ᠯᠠᠭᠰᠠᠨ ᠰᠢᠨ᠎ᠡ ᠡᠨᠧᠷᠭᠢ ᠵᠢᠨ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠬᠥᠭᠵᠢᠯᠲᠡ ᠵᠢᠨ   ᠴᠢᠭᠯᠡᠯ᠎ᠨᠢ ᠶᠠᠭᠤ ᠪᠤᠢ?
      ᠰᠠᠯᠬᠢ᠂ ᠭᠡᠷᠡᠯ᠂ ᠤᠰᠤᠲᠥ᠋ᠷᠥᠭᠴᠢ᠂ ᠨᠥᠭᠡᠴᠡᠯᠡᠬᠦ ᠲᠣᠨᠣᠭᠯᠠᠯ ᠦᠢ᠍ᠯᠡᠳᠬᠦ ᠳᠦᠷᠪᠡᠨ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠨ ᠴᠢᠭᠯᠡᠯ ᠪᠣᠯᠣᠨ   ᠮᠡᠷᠭᠡᠵᠢᠯ᠎ᠤᠨ ᠭᠦᠢ᠍ᠴᠡᠳᠬᠡᠯ᠎ᠤᠨ ᠲᠣᠭ᠎ᠠ ᠵᠢ ᠳᠤᠷᠠᠳᠪᠠ᠃ ᠣᠲᠣ ᠵᠢᠨ ᠪᠠᠢ᠌ᠭ᠎ᠠ ᠦᠢ᠍ᠯᠡᠳᠪᠦᠷᠢᠯᠡᠬᠦ ᠴᠢᠳᠠᠪᠤᠷᠢ ᠵᠢᠨ ᠠᠰᠢᠭᠯᠠᠮᠵᠢ ᠵᠢ ᠳᠡᠭᠡᠭᠰᠢᠯᠡᠭᠦᠯᠦᠨ᠎ᠡ᠃ ᠳᠡᠯᠪᠢ᠂   ᠴᠠᠬᠢᠯᠭ᠋ᠠᠨ ᠭᠠᠷᠭ᠋ᠠᠬᠤ ᠮᠠᠰᠢᠨ᠂ ᠬᠤᠷᠳᠤᠴᠠ ᠨᠡᠮᠡᠭᠳᠡᠯ᠎ᠤᠨ ᠮᠠᠰᠢᠨ᠂ ᠪᠤᠯᠤ᠂ ᠭᠣᠣᠯ ᠲᠡᠩᠭᠡᠯᠢᠭ᠂ ᠲᠣᠭᠲᠠᠮᠠᠯ ᠡᠷᠭᠢᠭᠴᠢ᠂ ᠹᠠᠯᠠᠨ᠂ ᠬᠣᠯᠬᠣᠪᠴᠢ᠂ ᠡᠵᠡᠮᠰᠢᠯ᠎ᠤᠨ   ᠰᠢᠰᠲ᠋ᠧᠮ ᠵᠡᠷᠭᠡ ᠭᠣᠣᠯ ᠪᠣᠯᠬᠤ ᠢᠵᠢ ᠪᠦᠷᠢᠳᠦᠭᠦᠯᠬᠦ ᠰᠡᠯᠪᠢᠭ ᠲᠣᠨᠣᠭ᠎ᠢ ᠭᠣᠣᠯᠳᠠᠯᠭ᠎ᠠ᠎ᠲᠠᠢ ᠬᠥᠭᠵᠢᠭᠦᠯᠵᠦ᠂ ᠰᠡᠯᠪᠢᠭ ᠲᠣᠨᠣᠭ᠎ᠤᠨ ᠣᠷᠣᠨ᠎ᠤ ᠳᠣᠲᠣᠷᠠᠬᠢ ᠢᠵᠢ   ᠪᠦᠷᠢᠳᠦᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠡᠷᠡᠯ ᠴᠡᠨᠡᠭ᠎ᠤᠨ ᠮᠠᠲ᠋ᠧᠷᠢᠶᠠᠯ᠎ᠤᠨ ᠠᠵᠤ ᠦᠢ᠍ᠯᠡᠰ᠎ᠤᠨ ᠳᠠᠪᠠᠭᠤᠯᠢᠭ᠎ᠲᠤ ᠲᠦᠰᠢᠭᠯᠡᠨ᠂ ᠣᠯᠠᠨ ᠲᠠᠯᠠᠰᠲᠤ   ᠴᠠᠬᠢᠭᠤᠷ᠂ ᠲᠠᠩ ᠲᠠᠯᠠᠰᠲᠤ ᠴᠠᠬᠢᠭᠤᠷ᠎ᠤᠨ ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠬᠡᠯᠬᠢᠶ᠎ᠡ᠎ᠪᠠᠨ ᠤᠷᠲᠤᠳᠬᠠᠬᠤ ᠵᠢ ᠵᠣᠷᠢᠭᠵᠢᠭᠤᠯᠵᠤ᠂ ᠳᠣᠣᠷᠠᠳᠤ   ᠤᠷᠤᠰᠬᠠᠯ᠎ᠤᠨ ᠳ᠋ᠢᠶᠠᠨ ᡂᠢ ᠵᠢᠨ ᠢᠯᠲᠠᠰᠤ᠂ ᠳ᠋ᠢᠶᠠᠨ ᡂᠢ ᠵᠢᠨ ᠲᠣᠨᠣᠭᠯᠠᠭ᠋ᠠᠰᠤ ᠵᠢ ᠬᠥᠭᠵᠢᠭᠦᠯᠦᠨ᠎ᠡ᠃ ᠬᠡᠷᠡᠯ ᠴᠡᠨᠡᠭ᠎ᠤᠨ ᠰᠢᠯ᠂ ᠠᠷᠤ ᠬᠠᠪᠲᠠᠰᠤ᠂ EVA ᠭᠣᠮ   ᠪᠦᠷᠬᠦᠪᠴᠢ᠂ ᠰᠥᠷᠬᠦ ᠬᠤᠪᠢᠷᠠᠭ᠋ᠠᠭᠤᠷ ᠵᠡᠷᠭᠡ ᠲᠥᠷᠥᠯ ᠵᠦᠢ᠍ᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠬᠡᠷᠡᠯ ᠴᠡᠨᠡᠭ᠎ᠤᠨ ᠲᠣᠨᠣᠭ ᠲᠥᠬᠦᠭᠡᠷᠦᠮᠵᠢ ᠦᠢᠯᠡᠳᠬᠦ   ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠪᠣᠶ ᠪᠣᠯᠭ᠋ᠠᠨ᠎ᠠ᠃ ᠡᠯᠪᠡᠭ ᠪᠠᠶᠠᠯᠢᠭ ᠡᠨᠧᠷᠭᠢ ᠵᠢᠨ ᠡᠬᠢ ᠪᠠᠶᠠᠯᠢᠭ ᠪᠠ ᠤᠰᠤᠲᠥ᠋ᠷᠥᠭᠴᠢ ᠡᠨᠧᠷᠭᠢ ᠵᠢᠨ ᠬᠡᠷᠡᠭᠯᠡᠭᠡᠨ᠎ᠤ ᠠᠬᠤᠢ   ᠪᠠᠢ᠌ᠳᠠᠯ᠎ᠳᠤ ᠲᠦᠰᠢᠭᠯᠡᠨ᠂ ᠤᠰᠤᠲᠥ᠋ᠷᠥᠭᠴᠢ ᠡᠨᠧᠷᠭᠢ ᠵᠢᠨ ᠲᠣᠨᠣᠭᠯᠠᠯ᠎ᠤᠨ ᠮᠡᠷᠭᠡᠵᠢᠯ᠎ᠤᠨ ᠰᠢᠨᠡᠴᠢᠯᠡᠯᠲᠡ ᠵᠢ ᠴᠢᠩᠭ᠋ᠠᠳᠬᠠᠵᠤ᠂ ᠴᠠᠬᠢᠯᠭ᠋ᠠᠨ ᠵᠠᠳᠠᠯᠤᠯ᠎ᠤᠨ ᠤᠰᠤ᠎ᠪᠠᠷ   ᠤᠰᠤᠲᠥ᠋ᠷᠥᠭᠴᠢ ᠦᠢ᠍ᠯᠡᠳᠬᠦ ᠲᠣᠨᠣᠭᠯᠠᠯ᠂ ᠠᠵᠤ ᠦᠢ᠍ᠯᠡᠳᠪᠦᠷᠢ ᠵᠢᠨ ᠳᠠᠭ᠋ᠠᠯᠲᠠ ᠭᠠᠷᠤᠯᠲᠠ ᠵᠢᠨ ᠤᠰᠤᠲᠥ᠋ᠷᠥᠭᠴᠢ ᠵᠢ ᠴᠡᠪᠡᠷᠰᠢᠭᠦᠯᠬᠦ ᠲᠣᠨᠣᠭᠯᠠᠯ᠂ ᠤᠰᠤᠲᠥ᠋ᠷᠥᠭᠴᠢ   ᠡᠨᠧᠷᠭᠢ ᠵᠢ ᠬᠠᠳᠠᠭ᠋ᠠᠯᠠᠵᠤ ᠵᠥᠭᠡᠭᠡᠪᠦᠷᠢᠯᠡᠬᠦ ᠲᠣᠨᠣᠭᠯᠠᠯ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠢ   ᠬᠥᠭᠵᠢᠭᠦᠯᠦᠨ᠎ᠡ᠃
      ᠳᠥᠷᠪᠡ᠂ 《ᠲᠥᠰᠥᠯ》᠎ᠤᠨ ᠭᠣᠣᠯ ᠡᠭᠦᠷᠭᠡ᠎ᠳᠤ ᠠᠯᠢ ᠠᠯᠢ ᠲᠠᠯ᠎ᠠ ᠵᠢ ᠪᠠᠭᠲᠠᠭ᠋ᠠᠬᠤ ᠪᠤᠢ?
      ᠨᠢᠭᠡ᠎ᠳᠤ᠂ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠪᠠᠢ᠌ᠷᠢᠰᠢᠯ᠎ᠢ ᠠᠬᠢᠭᠤᠯᠤᠨ᠎ᠠ᠃ ᠠᠵᠤ ᠦᠢ᠍ᠯᠡᠰ᠎ᠤᠨ ᠰᠠᠭᠤᠷᠢ᠂ ᠣᠷᠣᠨ ᠪᠠᠢ᠌ᠷᠢ ᠵᠢᠨ ᠨᠥᠬᠥᠴᠡᠯ᠂   ᠡᠬᠢ ᠪᠠᠶᠠᠯᠢᠭ᠎ᠤᠨ ᠬᠦᠴᠦᠨ ᠵᠦᠢ᠍ᠯ ᠵᠡᠷᠭᠡ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ᠂ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠵᠢᠨ ᠠᠵᠤ ᠦᠢ᠍ᠯᠡᠰ᠎ᠤᠨ   ᠲᠥᠷᠥᠯ ᠵᠦᠢ᠍ᠯ ᠵᠢᠴᠢ ᠦᠢᠯᠡᠳᠬᠦ ᠰᠠᠭᠤᠷᠢᠨ ᠭᠠᠵᠠᠷ᠎ᠢ ᠲᠥᠪᠯᠡᠷᠡᠭᠦᠯᠦᠨ ᠪᠠᠢ᠌ᠷᠢᠯᠠᠭᠤᠯᠤᠨ᠎ᠠ᠃
      ᠬᠣᠶᠠᠷ᠎ᠲᠤ᠂ ᠠᠵᠤ ᠦᠢ᠍ᠯᠡᠰ᠎ᠢ ᠬᠡᠯᠬᠢᠶᠡᠵᠢᠭᠰᠡᠨ ᠬᠡᠯᠪᠡᠷᠢ᠎ᠪᠠᠷ ᠤᠷᠲᠤᠳᠬᠠᠬᠤ ᠵᠢ ᠠᠬᠢᠭᠤᠯᠤᠨ᠎ᠠ᠃ ᠬᠡᠯᠬᠢᠶᠡᠵᠢᠯ᠎ᠤᠨ ᠭᠣᠣᠯ ᠠᠵᠤ ᠠᠬᠤᠢ᠌ᠯᠠᠯ᠂ ᠬᠥᠲᠥᠴᠢ   ᠠᠵᠤ ᠠᠬᠤᠢ᠌ᠯᠠᠯ᠂ 《ᠲᠤᠰᠬᠠᠢ ᠨᠠᠷᠢᠯᠢᠭ ᠣᠨᠴᠠ ᠰᠢᠨ᠎ᠡ》 ᠳᠤᠮᠳᠠ ᠵᠢᠵᠢᠭ ᠠᠵᠤ ᠠᠬᠤᠢ᠌ᠯᠠᠯ᠎ᠢ ᠶᠡᠬᠡ᠎ᠪᠠᠷ ᠪᠣᠢ᠌ᠵᠢᠭᠤᠯᠤᠨ᠎ᠠ᠃ ᠳᠤᠮᠳᠠ ᠵᠢᠵᠢᠭ ᠠᠵᠤ   ᠠᠬᠤᠢ᠌ᠯᠠᠯ᠎ᠤᠨ ᠲᠣᠮᠣ ᠬᠡᠯᠪᠡᠷᠢ ᠵᠢᠨ ᠨᠢᠷᠤᠭᠤᠪᠴᠢ ᠠᠵᠤ ᠠᠬᠤᠢ᠌ᠯᠠᠯ᠎ᠤᠨ ᠲᠣᠭᠣᠷᠢᠨ᠎ᠳᠤ ᠬᠠᠮᠵᠢᠯᠴᠠᠨ ᠢᠵᠢ ᠪᠦᠷᠢᠳᠦᠭᠦᠯᠬᠦ ᠵᠢ ᠵᠣᠷᠢᠭᠵᠢᠭᠤᠯᠤᠨ᠎ᠠ᠃
      ᠭᠤᠷᠪᠠ᠎ᠳᠤ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠳᠡᠭᠡᠭᠰᠢᠯᠡᠯᠲᠡ ᠵᠢ ᠠᠬᠢᠭᠤᠯᠤᠨ᠎ᠠ᠃ ᠠᠵᠤ ᠠᠬᠤᠢ᠌ᠯᠠᠯ᠎ᠢ ᠵᠣᠷᠢᠭᠵᠢᠭᠤᠯᠤᠨ   ᠬᠥᠲᠥᠯᠥᠨ ᠵᠢᠯᠤᠭᠣᠳᠴᠤ ᠪᠠᠢ᠌ᠭ᠋ᠠᠳ ᠪᠡᠯᠡ ᠮᠥᠩᠭᠥ ᠣᠷᠣᠭᠤᠯᠬᠤ᠂ ᠮᠡᠷᠭᠡᠵᠢᠯ ᠣᠷᠣᠭᠤᠯᠬᠤ᠂ ᠴᠢᠳᠠᠪᠤᠷᠢᠲᠠᠨ ᠣᠷᠣᠭᠤᠯᠬᠤ ᠡᠷᠴᠢᠮ᠎ᠢ ᠴᠢᠩᠭ᠋ᠠᠷᠠᠭᠤᠯᠵᠤ᠂ ᠪᠡᠶ᠎ᠡ᠎ᠪᠠᠨ   ᠳᠠᠭ᠋ᠠᠭ᠋ᠠᠵᠤ ᠰᠤᠳᠤᠯᠤᠨ ᠨᠡᠭᠡᠭᠡᠬᠦ ᠣᠷᠣᠭᠤᠯᠤᠯᠲᠠ ᠵᠢ ᠨᠡᠮᠡᠭᠳᠡᠭᠦᠯᠦᠨ᠂ ᠭᠠᠳᠠᠭ᠋ᠠᠳᠤ᠎ᠳᠤ ᠬᠠᠨᠳᠤᠭᠤᠯᠤᠭᠰᠠᠨ ᠮᠡᠷᠭᠡᠵᠢᠯ᠎ᠤᠨ ᠰᠢᠨᠡᠴᠢᠯᠡᠯᠲᠡ ᠬᠠᠮᠲᠤᠷᠠᠯᠴᠠᠭ᠎ᠠ ᠵᠢ   ᠥᠷᠭᠡᠳᠬᠡᠵᠦ᠂ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠭᠴᠢ ᠬᠦᠴᠦᠨ᠎ᠢ   ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠵᠢᠨ ᠲᠤᠨᠤᠭ ᠲᠥᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠬᠥᠭᠵᠢᠯᠲᠡ᠎ᠯᠦᠭᠡ ᠲᠣᠬᠢᠷᠠᠯᠴᠠᠭᠰᠠᠨ   ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠠᠵᠤ ᠦᠢ᠍ᠯᠡᠰᠵᠢᠭᠦᠯᠦᠨ ᠬᠡᠷᠡᠭᠯᠡᠬᠦ ᠵᠢ   ᠪᠡᠶᠡᠯᠡᠭᠦᠯᠦᠨ᠎ᠡ᠃
    ᠳᠥᠷᠪᠡ᠎ᠳᠤ᠂ ᠠᠵᠤ ᠦᠢ᠍ᠯᠡᠰ᠎ᠤᠨ ᠲᠣᠭ᠋ᠠᠴᠢᠯᠠᠭᠰᠠᠨ ᠬᠥᠭᠵᠢᠯᠲᠡ ᠵᠢ ᠠᠬᠢᠭᠤᠯᠤᠨ᠎ᠠ᠃ ᠲᠣᠭ᠋ᠠᠴᠢᠯᠠᠭᠰᠠᠨ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠵᠤ᠂   ᠭᠠᠩᠨᠠᠨ ᠵᠠᠯᠭ᠋ᠠᠬᠤ᠂ ᠰᠦᠷᠴᠢᠨ ᠰᠢᠷᠳᠡᠬᠦ ᠵᠡᠷᠭᠡ ᠵᠠᠩᠭᠢᠯᠠᠭ᠎ᠠ ᠵᠢᠨ ᠠᠵᠢᠯ᠎ᠤᠨ ᠭᠣᠭᠴᠣᠭ᠎ᠠ᠎ᠳᠤ ᠮᠠᠰᠢᠨ ᠵᠶ᠋ᠠᠷ ᠬᠥᠮᠥᠨ᠎ᠢ ᠣᠷᠣᠯᠠᠭᠤᠯᠬᠤ ᠠᠵᠢᠯ᠎ᠢ ᠥᠷᠨᠢᠭᠦᠯᠦᠨ᠎ᠡ;   ᠠᠵᠤ ᠠᠬᠤᠢ᠌ᠯᠠᠯ᠎ᠤᠨ ᠲᠣᠮᠣ ᠳ᠋ᠠᠢ᠌ᠲ᠋ᠠ᠂ ᠡᠭᠦᠯᠡᠨ ᠮᠡᠷᠭᠡᠵᠢᠯ᠂ 5G ᠵᠢᠨ ᠬᠡᠷᠡᠭᠯᠡᠭᠡ ᠵᠢ ᠠᠰᠢᠭᠯᠠᠨ᠂ ᠲᠣᠭ᠋ᠠᠴᠢᠯᠠᠭᠰᠠᠨ ᠦᠢ᠍ᠯᠡᠳᠪᠦᠷᠢ ᠵᠢᠨ ᠲᠠᠰᠤᠭ᠂ ᠣᠶᠤᠨᠲᠤ   ᠦᠢ᠍ᠯᠡᠳᠪᠦᠷᠢ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠬᠦ ᠵᠢ ᠵᠣᠷᠢᠭᠵᠢᠭᠤᠯᠤᠨ᠎ᠠ᠃ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠲᠡᠭᠡᠭᠡᠪᠦᠷᠢ᠂ ᠪᠠᠢ᠌ᠴᠠᠭ᠋ᠠᠯᠲᠠ᠂   ᠵᠠᠰᠠᠯᠲᠠ ᠵᠢ ᠨᠢᠭᠡ ᠴᠣᠭᠴᠠᠵᠢᠭᠤᠯᠤᠭᠰᠠᠨ ᠰᠠᠭᠤᠷᠢᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠤᠨ᠎ᠠ᠃
      ᠲᠠᠪᠤ᠂ 《ᠲᠥᠰᠥᠯ》᠎ᠨᠢ ᠰᠢᠨ᠎ᠡ ᠡᠨᠧᠷᠭᠢ ᠵᠢᠨ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠬᠥᠭᠵᠢᠯᠲᠡ᠎ᠳᠤ ᠶᠠᠮᠠᠷ ᠶᠠᠮᠠᠷ ᠲᠦᠷᠦ ᠵᠢᠨ   ᠪᠣᠳᠣᠯᠭ᠎ᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠤᠢ?
      ᠨᠢᠭᠡ᠎ᠳᠤ᠂ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠲᠣᠮᠣ ᠬᠡᠯᠪᠡᠷᠢ ᠵᠢᠨ ᠰᠢᠨ᠎ᠡ ᠡᠨᠧᠷᠭᠢ ᠵᠢᠨ 《ᠡᠬᠢ ᠰᠤᠷᠪᠤᠯᠵᠢ ᠵᠢ ᠲᠣᠥᠷᠵᠢᠭᠤᠯᠤᠨ   ᠨᠥᠭᠡᠴᠡᠯᠡᠬᠦ》 ᠬᠠᠮᠵᠢᠯᠴᠠᠨ ᠦᠢ᠍ᠯᠡᠳᠦᠯᠴᠡᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠵᠣᠷᠢᠭᠵᠢᠭᠤᠯᠤᠨ᠎ᠠ᠃ ᠠᠵᠤ ᠦᠢ᠍ᠯᠡᠰ᠎ᠤᠨ   ᠬᠡᠯᠬᠢᠶ᠎ᠡ ᠵᠢ ᠤᠷᠲᠤᠳᠬᠠᠬᠤ ᠵᠢ ᠵᠣᠷᠢᠭᠵᠢᠭᠤᠯᠵᠤ᠂ ᠬᠠᠷᠠᠭ᠋ᠠᠯᠵᠠᠯᠲᠤ ᠴᠠᠬᠢᠯᠭ᠋ᠠᠨ᠎ᠤ ᠦᠨ᠎ᠡ ᠵᠢᠨ ᠳᠡᠮᠵᠢᠯᠭᠡ ᠦᠵᠡᠭᠦᠯᠦᠨ᠎ᠡ᠃ ᠭᠠᠵᠠᠷ ᠣᠷᠣᠨ᠎ᠤ ᠬᠣᠭᠣᠷᠣᠨᠳᠤ᠎ᠪᠠᠨ   ᠰᠲ᠋ᠣᠺ᠎ᠤᠨ ᠡᠷᠬᠡ ᠵᠢᠨ ᠬᠤᠪᠢᠶᠠᠷᠢᠯᠠᠯᠲᠠ᠂ ᠭᠠᠢ᠌ᠯᠢ ᠲᠠᠲᠠᠪᠤᠷᠢ ᠵᠢᠨ ᠬᠤᠪᠢᠳᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠴᠢᠬᠤᠯᠠ ᠶᠡᠬᠡ ᠲᠥᠷᠥᠯ ᠵᠦᠢ᠍ᠯ᠎ᠢ   ᠬᠠᠮᠲᠤᠷᠠᠨ ᠪᠠᠶ᠋ᠢᠭᠤᠯᠬᠤ ᠵᠢ ᠵᠣᠷᠢᠭᠵᠢᠭᠤᠯᠤᠨ᠎ᠠ᠃
      ᠬᠣᠶᠠᠷ᠎ᠲᠤ᠂ ᠡᠳ᠋᠎ᠤᠨ ᠵᠠᠰᠠᠭ ᠭᠠᠢ᠌ᠯᠢ ᠵᠢᠨ ᠳᠡᠮᠵᠢᠯᠭᠡ ᠵᠢ ᠴᠢᠩᠭ᠋ᠠᠳᠬᠠᠨ᠎ᠠ᠃ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠪᠠ ᠳᠡᠭᠡᠳᠦ ᠰᠢᠨ᠎ᠡ   ᠮᠡᠷᠭᠡᠵᠢᠯ᠎ᠤᠨ ᠠᠵᠤ ᠠᠬᠤᠢ᠌ᠯᠠᠯ᠎ᠤᠨ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠭᠠᠢ᠌ᠯᠢ ᠲᠠᠲᠠᠪᠤᠷᠢ ᠵᠢ ᠬᠥᠩᠭᠡᠯᠡᠵᠦ ᠬᠡᠯᠲᠦᠷᠢᠭᠦᠯᠬᠦ ᠵᠣᠬᠢᠬᠤ ᠲᠦᠷᠦ ᠵᠢᠨ ᠪᠣᠳᠣᠯᠭ᠎ᠠ ᠵᠢ   ᠡᠳ᠋ᠯᠡᠭᠦᠯᠦᠨ᠎ᠡ᠃ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠠᠵᠤ ᠦᠢ᠍ᠯᠡᠰ᠎ᠤᠨ ᠰᠠᠭᠤᠷᠢ ᠮᠥᠩᠭᠥ ᠪᠠᠶ᠋ᠢᠭᠤᠯᠬᠤ ᠵᠢ   ᠠᠬᠢᠭᠤᠯᠵᠤ᠂ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠲᠥᠷᠥᠯ ᠵᠦᠢ᠍ᠯ᠂ ᠢᠯᠠᠩᠭᠤᠶ᠎ᠠ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ   ᠨᠥᠬᠥᠪᠦᠷᠢᠯᠡᠬᠦ᠂ ᠠᠵᠤ ᠦᠢ᠍ᠯᠡᠰ᠎ᠤᠨ ᠬᠣᠭᠣᠰᠤᠨ᠎ᠢ ᠨᠥᠬᠥᠪᠦᠷᠢᠯᠡᠬᠦ ᠵᠠᠩᠭᠢᠯᠠᠭ᠎ᠠ ᠵᠢᠨ ᠰᠡᠯᠪᠢᠭ ᠲᠣᠨᠣᠭ᠎ᠤᠨ ᠢᠵᠢ ᠪᠦᠷᠢᠳᠦᠭᠦᠯᠬᠦ ᠲᠥᠷᠥᠯ ᠵᠦᠢ᠍ᠯ᠎ᠳᠤ ᠪᠡᠯᠡ   ᠣᠷᠣᠭᠤᠯᠤᠯᠲᠠ ᠵᠢᠨ ᠨᠥᠬᠥᠪᠦᠷᠢ ᠪᠤᠶᠤ ᠵᠢᠭᠡᠯᠡᠯᠭᠡ ᠵᠢᠨ ᠳᠠᠮ ᠬᠦᠦ ᠵᠢᠨ ᠳᠡᠮᠵᠢᠯᠭᠡ ᠦᠵᠡᠭᠦᠯᠦᠨ᠎ᠡ; 《ᠲᠤᠰᠬᠠᠢ ᠨᠠᠷᠢᠯᠢᠭ ᠣᠨᠴᠠ ᠰᠢᠨ᠎ᠡ》 ᠳᠤᠮᠳᠠ ᠵᠢᠵᠢᠭ   ᠠᠵᠤ ᠠᠬᠤᠢ᠌ᠯᠠᠯ ᠵᠶ᠋ᠠᠷ ᠲᠣᠭᠲᠠᠭ᠋ᠠᠭᠳᠠᠭᠰᠠᠨ ᠪᠣᠯ ᠲᠥᠷᠥᠯ ᠬᠤᠪᠢᠶᠠᠨ ᠱᠠᠩᠨᠠᠵᠤ᠂ ᠣᠷᠣᠨ᠎ᠤ ᠳᠣᠲᠣᠷᠠᠬᠢ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ   ᠦᠢ᠍ᠯᠡᠳᠬᠡᠯ᠎ᠤᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠤᠭᠰᠠᠨ᠎ᠢ᠎ᠨᠢ ᠱᠠᠲᠤ ᠬᠤᠪᠢᠶᠠᠨ ᠱᠠᠩᠨᠠᠵᠤ ᠨᠥᠬᠥᠪᠦᠷᠢᠯᠡᠨ᠎ᠡ᠃
      ᠭᠤᠷᠪᠠ᠎ᠳᠤ᠂ ᠰᠢᠨ᠎ᠡ ᠵᠢ ᠡᠭᠦᠳᠬᠦ ᠳᠡᠮᠵᠢᠯᠭᠡ ᠵᠢ ᠴᠢᠩᠭ᠋ᠠᠳᠬᠠᠨ᠎ᠠ᠃ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠂ ᠮᠡᠷᠭᠡᠵᠢᠯ᠎ᠤᠨ ᠲᠥᠪ ᠪᠠᠢ᠌ᠭᠤᠯᠬᠤ   ᠵᠢᠴᠢ ᠤᠯᠤᠰ᠎ᠤᠨ ᠲᠠᠰ᠎ᠤᠨ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠡᠯ᠎ᠤᠨ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠢ ᠰᠢᠨ᠎ᠡ᠎ᠪᠠᠷ ᠡᠭᠦᠳᠦᠨ ᠪᠠᠶ᠋ᠢᠭᠤᠯᠬᠤ ᠵᠢ   ᠵᠣᠷᠢᠭᠵᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢᠨ ᠠᠩᠬᠠᠨ᠎ᠤ ᠰᠠᠭᠤᠷᠢ (ᠢᠵᠢ)᠂ ᠵᠠᠩᠭᠢᠯᠠᠭ᠎ᠠ ᠵᠢᠨ ᠰᠡᠯᠪᠢᠭ   ᠲᠣᠨᠣᠭ᠎ᠤᠨ ᠠᠩᠬᠠᠨ᠎ᠤ ᠪᠦᠯᠦᠭ (ᠤᠳᠠᠭ᠎ᠠ)᠎ᠤᠨ ᠦᠢ᠍ᠯᠡᠳᠬᠦᠨ ᠵᠶ᠋ᠡᠷ ᠪᠠᠲᠤᠯᠠᠭᠳᠠᠭᠰᠠᠨ᠂ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠠᠵᠢᠯ ᠲᠥᠷᠥᠯ᠎ᠤᠨ   ᠣᠯᠠᠨ ᠤᠯᠤᠰ᠎ᠤᠨ ᠪᠠᠷᠢᠮᠵᠢᠶ᠎ᠠ᠂ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠬᠤ᠎ᠪᠠᠷ ᠭᠣᠣᠯᠯᠠᠭᠰᠠᠨ ᠪᠤᠶᠤ ᠣᠷᠣᠯᠴᠠᠭᠰᠠᠨ ᠣᠷᠣᠨ᠎ᠤ   ᠳᠣᠲᠣᠷᠠᠬᠢ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠵᠢᠨ ᠦᠢ᠍ᠯᠡᠳᠬᠡᠯ᠎ᠤᠨ ᠠᠵᠤ ᠠᠬᠤᠢ᠌ᠯᠠᠯ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ   ᠪᠦᠬᠦᠢ ᠲᠣᠭᠲᠠᠭ᠋ᠠᠯ ᠶᠣᠰᠣᠭ᠋ᠠᠷ ᠱᠠᠩᠨᠠᠯ ᠪᠠ ᠨᠥᠬᠥᠪᠦᠷᠢ ᠣᠯᠭᠣᠨ᠎ᠠ᠃
      ᠳᠥᠷᠪᠡ᠎ᠳᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠠᠵᠤ ᠦᠢ᠍ᠯᠡᠰ᠎ᠤᠨ ᠬᠡᠯᠬᠢᠶ᠎ᠡ ᠵᠢᠨ ᠳᠤᠲᠠᠭᠤᠳᠠᠯ ᠪᠠ ᠪᠠᠭᠤᠷᠠᠢ   ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠠᠷᠢᠯᠢᠭ   ᠣᠨᠣᠴᠠᠲᠠᠢ᠎ᠪᠠᠷ ᠬᠤᠳᠠᠯᠳᠤᠭ᠋ᠠᠴᠢᠨ ᠤᠷᠢᠬᠤ ᠵᠢ ᠥᠷᠨᠢᠭᠦᠯᠵᠦ᠂ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ   ᠦᠭᠡᠢ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ᠃ 《ᠬᠡᠯᠬᠢᠶᠡᠨ᠎ᠤ ᠳᠠᠷᠤᠭ᠎ᠠ + ᠲᠤᠰᠬᠠᠢ ᠠᠩᠭᠢ》 ᠵᠢᠨ ᠦᠢ᠍ᠯᠡᠴᠢᠯᠡᠭᠡᠨ᠎ᠤ ᠵᠠᠭᠪᠤᠷ᠎ᠢ ᠪᠠᠢ᠌ᠭᠤᠯᠵᠤ᠂ ᠲᠥᠷᠥᠯ   ᠵᠦᠢ᠍ᠯ᠎ᠳᠤ ᠪᠥᠬᠥ ᠶᠠᠪᠤᠴᠠ ᠵᠢᠨ᠂ ᠪᠥᠬᠥ ᠲᠠᠯ᠎ᠠ ᠵᠢᠨ ᠣᠷᠣᠯᠠᠨ ᠭᠦᠢ᠍ᠴᠡᠳᠬᠡᠬᠦ ᠬᠠᠪᠰᠤᠷᠤᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠨ᠎ᠠ᠃
      ᠵᠢᠷᠭᠤᠭ᠎ᠠ᠂ 《ᠲᠥᠰᠥᠯ》᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠬᠡᠷᠬᠢᠨ ᠪᠠᠲᠤᠯᠠᠬᠤ ᠪᠤᠢ?
     《ᠥᠪᠡᠷᠲᠡᠭᠡᠨ ᠵᠠᠰᠠᠬᠤ ᠣᠷᠣᠨ᠎ᠤ ᠨᠢᠭᠡ ᠤᠳᠤᠷᠢᠳᠤᠯᠭ᠎ᠠ᠂ ᠲᠢᠩᠬᠢᠮ ᠲᠣᠪᠴᠢᠶ᠎ᠠ ᠵᠢᠨ ᠨᠢᠭᠡ ᠬᠠᠷᠢᠭᠤᠴᠠᠯᠭ᠋ᠠᠲᠠᠨ᠂ ᠨᠢᠭᠡ ᠠᠵᠢᠯ᠎ᠤᠨ ᠲᠥᠰᠥᠯ᠂ ᠨᠢᠭᠡ   ᠢᠵᠢ ᠳᠡᠮᠵᠢᠯᠭᠡ ᠵᠢᠨ ᠲᠥᠷᠥ ᠵᠢᠨ ᠪᠣᠳᠣᠯᠭ᠎ᠠ》 ᠭᠡᠬᠦ 《ᠳᠥᠷᠪᠡᠨ ᠨᠢᠭᠡ》 ᠵᠢᠨ ᠠᠵᠢᠯ᠎ᠤᠨ ᠲᠣᠭᠲᠠᠴᠠ ᠵᠢ ᠪᠠᠢ᠌ᠭᠤᠯᠵᠤ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢ   ᠨᠠᠢ᠌ᠳᠠᠪᠤᠷᠢᠵᠢᠭᠤᠯᠤᠨ᠂ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠨᠢᠭᠡᠳᠦᠯᠲᠡᠢ ᠲᠥᠯᠥᠪᠯᠡᠨ   ᠠᠬᠢᠭᠤᠯᠤᠨ᠎ᠠ ᠭᠡᠵᠦ ᠳᠤᠷᠠᠳᠪᠠ᠃
      ᠡᠯ᠎ᠡ ᠠᠢ᠌ᠮᠠᠭ ᠬᠣᠲᠠ ᠲᠣᠰ ᠭᠠᠵᠠᠷ ᠣᠷᠣᠨ᠎ᠤ᠎ᠪᠠᠨ ᠪᠣᠳᠠᠲᠠᠢ᠎ᠲᠠᠢ ᠤᠶᠠᠯᠳᠤᠭᠤᠯᠤᠨ᠂ ᠠᠵᠢᠯ᠎ᠤᠨ ᠲᠤᠰᠬᠠᠢ ᠠᠩᠭᠢ ᠪᠠᠢ᠌ᠭᠤᠯᠵᠤ᠂ ᠭᠣᠣᠯᠳᠠᠯᠭ᠎ᠠ᠎ᠲᠠᠢ   ᠡᠭᠦᠷᠭᠡ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠰᠠᠢ᠌ᠲᠤᠷ ᠠᠳᠬᠤᠵᠤ᠂ ᠮᠥᠷᠳᠡᠨ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠂ ᠴᠢᠬᠤᠯᠠ ᠶᠡᠬᠡ ᠲᠥᠷᠥᠯ   ᠵᠦᠢ᠍ᠯ᠎ᠢ ᠰᠠᠷ᠎ᠠ᠎ᠪᠠᠷ ᠲᠣᠬᠢᠷᠠᠭᠤᠯᠵᠤ᠂ ᠭᠣᠣᠯᠳᠠᠯᠭ᠎ᠠ᠎ᠲᠠᠢ ᠠᠵᠢᠯ᠎ᠢ ᠤᠯᠠᠷᠢᠯ ᠵᠶ᠋ᠠᠷ ᠳ᠋ᠦᠩᠨᠡᠵᠦ᠂ ᠬᠣᠯᠪᠣᠭᠳᠠᠯ ᠪᠦᠬᠦᠢ ᠪᠠᠢ᠌ᠳᠠᠯ᠎ᠢ ᠴᠠᠭ ᠲᠤᠬᠠᠢ᠎ᠳᠤ᠎ᠨᠢ ᠥᠪᠡᠷᠲᠡᠭᠡᠨ   ᠵᠠᠰᠠᠬᠤ ᠣᠷᠣᠨ᠎ᠳᠤ ᠮᠡᠳᠡᠭᠦᠯᠬᠦ ᠬᠡᠷᠡᠭᠲᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠠᠷ ᠥᠭᠦᠯᠡᠬᠦᠢ᠄ 《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠦᠰᠦᠭ ᠪᠢᠴᠢᠭ ᠵᠶ᠋ᠡᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠩ ᠰᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ ᠵᠶ᠋ᠡᠷ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠦᠰᠦᠯ》
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡ ᠵᠢ ᠠᠬᠢᠭᠤᠯᠬᠤ 2022 ᠣᠨ᠎ᠤ ᠠᠵᠢᠯᠯᠠᠭ᠎ᠠ ᠵᠢᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠣᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠤ ᠲᠠᠶ᠋ᠢᠯᠤᠮᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠰ᠎ᠤᠨ 2022 ᠣᠨ᠎ᠤ ᠠᠵᠢᠯᠯᠠᠭ᠋ᠠᠨ᠎ᠤ ᠲᠥᠰᠦᠯ》
 
            