ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2022-03-21

     《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠰᠠᠭᠤᠷᠢ ᠮᠥᠩᠭᠥ ᠵᠢᠨ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ ᠵᠢᠵᠢᠭ   ᠪᠢᠴᠢᠯ ᠠᠵᠤ ᠠᠬᠤᠢ᠌ᠯᠠᠯ ᠪᠠ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠬᠥᠭᠵᠢᠯᠲᠡ ᠵᠢ ᠦᠨᠡᠨ ᠬᠦ᠌ ᠳᠡᠮᠵᠢᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ   ᠠᠯᠪᠠᠨ ᠲᠢᠩᠬᠢᠮ᠎ᠤᠨ ᠵᠢᠯᠤᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 6 ᠳ᠋ᠤᠭ᠋ᠠᠷ ᠲᠣᠭ᠋ᠠᠲᠤ)᠂ 《ᠵᠠᠰᠠᠭ᠎ᠤᠨ ᠣᠷᠳᠣᠨ᠎ᠤ ᠴᠢᠨᠠᠷᠲᠠᠢ   ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠳᠤᠮᠳᠠᠳᠤ ᠤᠯᠤᠰ᠎ᠤᠨ ᠪᠠᠩᠬᠢ   ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠡᠷᠭᠡ ᠲᠤᠯᠤᠭ᠋ᠠᠨ ᠰᠠᠯᠠᠭ᠎ᠠ ᠮᠥᠴᠢᠷ᠎ᠤᠨ ᠮᠡᠳᠡᠭᠳᠡᠯ》 (ᠪᠠᠩᠬᠢ ᠳᠠᠭ᠋ᠠᠳᠬᠠᠯ᠎ᠤᠨ ᠬᠢᠨᠠᠯᠲᠠ ᠲᠠᠷᠬᠠᠭ᠋ᠠᠭᠰᠠᠨ [2020] 39 ᠳ᠋ᠦ᠍ᠭᠡᠷ ᠲᠣᠭ᠋ᠠᠲᠤ)᠂ 《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ   ᠵᠢᠵᠢᠭ ᠪᠢᠴᠢᠯ ᠠᠵᠤ ᠠᠬᠤᠢ᠌ᠯᠠᠯ ᠪᠠ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠭᠣᠣᠯ ᠴᠣᠭᠴᠠ ᠵᠢᠨ ᠪᠡᠯᠡ ᠲᠣᠬᠢᠷᠠᠭᠤᠯᠬᠤ ᠢᠲᠡᠭᠡᠮᠵᠢ ᠵᠢ ᠨᠡᠮᠡᠭᠳᠡᠭᠦᠯᠬᠦ   ᠲᠤᠬᠠᠢ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋ ᠮᠥᠩᠭᠥᠨ [2020] 19 ᠳ᠋ᠦ᠍ᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ   ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ   ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠨᠡᠢ᠌ᠭᠡᠮ ᠨᠡᠶ᠋ᠢᠲᠡ᠎ᠪᠠᠷ ᠵᠶ᠋ᠡᠨ 《ᠰᠠᠨᠠᠯ》᠎ᠤᠨ ᠬᠠᠮᠢᠶ᠎ᠠ ᠪᠦᠬᠦᠢ ᠠᠭᠤᠯᠭ᠎ᠠ ᠵᠢ   ᠥᠷᠭᠡᠨ ᠵᠶ᠋ᠡᠷ ᠣᠢ᠌ᠯᠠᠭ᠋ᠠᠬᠤ ᠪᠠ ᠵᠥᠪ ᠣᠢ᠌ᠯᠠᠭ᠋ᠠᠬᠤ᠎ᠳᠤ ᠲᠥᠬᠥᠮ ᠦᠵᠡᠭᠦᠯᠬᠦ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠢ᠌ᠯᠤᠮᠵᠢ ᠬᠢᠪᠡ᠃
      ᠨᠢᠭᠡ᠂ 《ᠰᠠᠨᠠᠯ》᠎ᠢ ᠨᠡᠢ᠌ᠲᠡᠯᠡᠭᠰᠡᠨ ᠠᠬᠤᠢ ᠪᠠᠢ᠌ᠳᠠᠯ ᠪᠠ ᠠᠴᠢ ᠬᠣᠯᠪᠣᠭᠳᠠᠯ
      ᠣᠢ᠌ᠷ᠎ᠠ ᠵᠢᠨ ᠵᠢᠯ᠎ᠤᠳ᠎ᠲᠤ᠂ ᠤᠯᠤᠰ᠎ᠠᠴᠠ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠠᠵᠢᠯ ᠲᠥᠷᠥᠯ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ   ᠴᠢᠬᠤᠯᠠᠴᠢᠯᠠᠵᠤ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠵᠢᠵᠢᠭ ᠪᠢᠴᠢᠯ ᠠᠵᠤ ᠠᠬᠤᠢ᠌ᠯᠠᠯ ᠪᠠ 《ᠮᠠᠯ   ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠭᠣᠣᠯ ᠴᠣᠭᠴᠠ ᠪᠠ ᠠᠵᠢᠯ ᠲᠥᠷᠥᠯ᠎ᠤᠨ ᠬᠥᠭᠵᠢᠯᠲᠡ ᠵᠢ ᠲᠤᠯᠭ᠋ᠠᠭᠤᠷᠢᠯᠠᠬᠤ ᠭᠣᠣᠯ ᠬᠦᠴᠦᠨ   ᠪᠣᠯᠭ᠋ᠠᠪᠠ᠃ 2020 ᠣᠨ᠎ᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 《ᠵᠠᠰᠠᠭ᠎ᠤᠨ ᠣᠷᠳᠣᠨ᠎ᠤ ᠴᠢᠨᠠᠷᠲᠠᠢ   ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠬᠠᠮᠤᠷᠬᠤ ᠬᠡᠪᠴᠢᠶ᠎ᠡ ᠵᠢ ᠶᠡᠬᠡ᠎ᠪᠠᠷ ᠥᠷᠭᠡᠳᠬᠡᠬᠦ ᠵᠢᠨ ᠬᠠᠮᠲᠤ ᠵᠠᠷᠤᠳᠠᠯ᠎ᠤᠨ ᠨᠤᠷᠮ᠎ᠠ ᠵᠢ ᠮᠡᠳᠡᠭᠳᠡᠮ᠎ᠡ ᠪᠠᠭᠤᠷᠠᠭᠤᠯᠤᠨ᠎ᠠ》   ᠭᠡᠵᠦ ᠳᠤᠷᠠᠳᠪᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠠᠵᠢᠯ ᠲᠥᠷᠥᠯ᠎ᠳᠤ ᠳᠠᠭ᠋ᠠᠭᠤᠯᠤᠭᠴᠢ ᠪᠠᠢ᠌ᠭᠤᠯᠤᠮᠵᠢ ᠦᠭᠡᠢ᠂   ᠤᠯᠤᠰ᠎ᠤᠨ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠰᠠᠭᠤᠷᠢ ᠮᠥᠩᠭᠥ ᠵᠢᠨ ᠬᠠᠮᠲᠤᠷᠠᠯᠴᠠᠭ᠋ᠠᠨ᠎ᠤ ᠬᠡᠪᠴᠢᠶᠡᠨ᠎ᠳᠤ ᠣᠷᠣᠭᠤᠯᠬᠤ ᠵᠢᠨ ᠠᠷᠭ᠎ᠠ ᠦᠭᠡᠢ᠂ ᠭᠣᠣᠯ ᠠᠵᠢᠯ  ᠎ᠨᠢ ᠲᠣᠪᠣᠢ᠌ᠮ᠎ᠠ ᠪᠤᠰᠤ᠂ ᠳᠠᠭ᠋ᠠᠭ᠋ᠠᠯᠲᠠ ᠵᠢᠨ ᠴᠢᠳᠠᠪᠤᠷᠢ᠎ᠨᠢ ᠴᠢᠩᠭ᠎ᠠ ᠪᠤᠰᠤ᠂ ᠪᠠᠩᠬᠢ ᠪᠠ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠬᠠᠮᠲᠤᠷᠠᠯᠴᠠᠭ᠎ᠠ᠎ᠨᠢ ᠰᠢᠯᠤᠭᠤᠨ ᠪᠤᠰᠤ᠂ ᠲᠦᠭᠰᠢᠭᠦᠷᠢ ᠵᠢ ᠬᠤᠪᠢᠶᠠᠨ ᠡᠭᠦᠷᠭᠡᠯᠡᠬᠦ ᠲᠣᠭᠲᠠᠴᠠ ᠵᠢ ᠥᠯᠥ ᠨᠠᠢ᠌ᠳᠠᠪᠤᠷᠢᠵᠢᠭᠤᠯᠬᠤ ᠵᠡᠷᠭᠡ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠳᠠ᠂ ᠥᠪᠡᠷᠲᠡᠭᠡᠨ   ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ   ᠤᠶᠠᠯᠳᠤᠭᠤᠯᠤᠨ᠂ 《ᠰᠠᠨᠠᠯ》᠎ᠢ ᠰᠤᠳᠤᠯᠤᠨ ᠲᠣᠭᠲᠠᠭ᠋ᠠᠵᠤ ᠵᠢᠯᠤᠭᠣᠳᠬᠤ ᠪᠢᠴᠢᠭ ᠮᠠᠲ᠋ᠧᠷᠢᠶᠠᠯ ᠪᠣᠯᠭ᠋ᠠᠵᠤ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ   ᠳᠠᠭ᠋ᠠᠭ᠋ᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ ᠵᠢ ᠠᠬᠢᠭᠤᠯᠤᠨ᠂ ᠵᠠᠰᠠᠭ ᠪᠠᠩᠬᠢ ᠬᠠᠮᠲᠤᠷᠠᠨ ᠠᠵᠢᠯᠯᠠᠬᠤ ᠰᠢᠨ᠎ᠡ ᠮᠠᠶᠢᠭ᠎ᠤᠨ ᠲᠣᠭᠲᠠᠴᠠ ᠵᠢ ᠪᠠᠶ᠋ᠢᠭᠤᠯᠬᠤ ᠵᠢ   ᠠᠬᠢᠭᠤᠯᠵᠤ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠭᠣᠣᠯ ᠠᠵᠢᠯ   ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠵᠢᠷᠤᠮᠵᠢᠭᠤᠯᠤᠨ ᠬᠥᠭᠵᠢᠭᠦᠯᠵᠦ᠂ ᠪᠣᠳᠠᠲᠤ ᠴᠣᠭᠴᠠ ᠵᠢᠨ ᠠᠵᠤ ᠠᠬᠤᠢ᠎ᠳᠤ ᠦᠢ᠍ᠯᠡᠴᠢᠯᠡᠬᠦ ᠴᠢᠳᠠᠪᠤᠷᠢ ᠵᠢ᠎ᠨᠢ   ᠳᠡᠭᠡᠭᠰᠢᠯᠡᠭᠦᠯᠦᠨ᠎ᠡ᠃
      ᠬᠣᠶᠠᠷ᠂ 《ᠰᠠᠨᠠᠯ》᠎ᠤᠨ ᠭᠣᠣᠯ ᠠᠭᠤᠯᠭ᠎ᠠ  
    《ᠰᠠᠨᠠᠯ》᠎ᠢ ᠶᠡᠷᠦᠩᠬᠡᠢ ᠱᠠᠭ᠋ᠠᠷᠳᠠᠯᠭ᠎ᠠ᠂ ᠭᠣᠣᠯ ᠠᠷᠭ᠎ᠠ ᠬᠡᠮᠵᠢᠶ᠎ᠡ᠂ ᠠᠵᠢᠯ᠎ᠤᠨ ᠪᠠᠲᠤᠯᠠᠭ᠎ᠠ ᠭᠡᠵᠦ ᠭᠤᠷᠪᠠᠨ ᠬᠡᠰᠡᠭ᠎ᠲᠤ ᠬᠤᠪᠢᠶᠠᠪᠠ᠂ ᠪᠣᠳᠠᠲᠠᠢ ᠠᠭᠤᠯᠭ᠎ᠠ  ᠎ᠨᠢ ᠳᠣᠣᠷᠠᠬᠢ ᠮᠡᠲᠦ᠄
     (ᠨᠢᠭᠡ) ᠶᠡᠷᠦᠩᠬᠡᠢ ᠱᠠᠭ᠋ᠠᠷᠳᠠᠯᠭ᠎ᠠ ᠵᠢᠨ ᠬᠡᠰᠡᠭ᠃ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ᠎ᠨᠢ ᠳᠡᠰᠯᠡᠬᠦ   ᠣᠯᠠᠨ ᠨᠡᠶ᠋ᠢᠲᠡ ᠵᠢᠨ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠵᠤ᠂ 《ᠵᠢᠵᠢᠭ ᠠᠵᠤ ᠠᠬᠤᠢ᠌ᠯᠠᠯ ᠪᠠ ᠲᠠᠷᠢᠶᠠᠯᠠᠩ᠎ᠢ ᠳᠡᠮᠵᠢᠬᠦ》 ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ   ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠨ᠎ᠠ ᠭᠡᠵᠦ ᠲᠣᠳᠣᠷᠬᠠᠢ ᠲᠣᠭᠲᠠᠭ᠋ᠠᠪᠠ᠃ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ   ᠳᠠᠭ᠋ᠠᠭ᠋ᠠᠯᠲᠠ ᠵᠢᠨ ᠪᠠᠢ᠌ᠭᠤᠯᠤᠮᠵᠢ ᠪᠠ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ ᠬᠠᠮᠲᠤ᠎ᠪᠠᠷ ᠣᠷᠣᠯᠴᠠᠭᠰᠠᠨ᠂ ᠵᠦᠢ ᠵᠣᠬᠢᠰᠲᠠᠢ   ᠲᠦᠭᠰᠢᠭᠦᠷᠢ ᠪᠦᠬᠦᠢ ᠪᠠᠩᠬᠢ ᠪᠠ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠢᠳᠡᠪᠬᠢᠲᠡᠢ ᠨᠠᠢ᠌ᠳᠠᠪᠤᠷᠢᠵᠢᠭᠤᠯᠤᠨ᠎ᠠ ᠭᠡᠵᠦ ᠲᠣᠳᠣᠷᠬᠠᠢ   ᠲᠣᠭᠲᠠᠭ᠋ᠠᠪᠠ᠃
     (ᠬᠣᠶᠠᠷ) ᠭᠣᠣᠯ ᠠᠷᠭ᠎ᠠ ᠬᠡᠮᠵᠢᠶ᠎ᠡ ᠵᠢᠨ ᠬᠡᠰᠡᠭ᠃ ᠡᠭᠦᠨ᠎ᠳᠤ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠳᠠᠭ᠋ᠠᠭ᠋ᠠᠯᠲᠠ ᠵᠢᠨ ᠪᠦᠯᠦᠭᠯᠡᠯ᠎ᠤᠨ ᠪᠦᠲᠦᠭᠡᠨ   ᠪᠠᠢ᠌ᠭᠤᠯᠤᠯᠲᠠ ᠵᠢ ᠲᠦᠷᠭᠡᠳᠬᠡᠬᠦ᠂ ᠬᠥᠷᠥᠩᠭᠡ ᠮᠥᠩᠭᠥ ᠵᠢ ᠦᠷᠭᠦᠯᠵᠢᠯᠡᠨ ᠨᠥᠬᠥᠪᠦᠷᠢᠯᠡᠬᠦ ᠲᠣᠭᠲᠠᠴᠠ ᠵᠢ ᠪᠠᠶ᠋ᠢᠭᠤᠯᠬᠤ᠂ ᠠᠢ᠌ᠮᠠᠭ ᠬᠣᠲᠠ ᠵᠢᠨ ᠵᠠᠰᠠᠭ᠎ᠤᠨ   ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠪᠣᠢ᠌ᠵᠢᠭᠤᠯᠬᠤ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ   ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠨᠡᠷᠡᠰ᠎ᠤᠨ ᠬᠥᠳᠡᠯᠦᠩᠭᠦᠢ ᠬᠠᠮᠢᠶᠠᠷᠤᠯᠲᠠ ᠵᠢ ᠰᠠᠢ᠌ᠲᠤᠷ ᠬᠢᠬᠦ᠂ ᠵᠠᠰᠠᠭ ᠪᠠᠩᠬᠢ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ   ᠬᠠᠮᠲᠤᠷᠠᠯᠴᠠᠭ᠋ᠠᠨ᠎ᠤ ᠰᠢᠨ᠎ᠡ ᠬᠡᠯᠪᠡᠷᠢ ᠵᠢᠨ ᠵᠠᠭᠪᠤᠷ᠎ᠢ ᠳᠡᠯᠭᠡᠷᠡᠭᠦᠯᠬᠦ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ   ᠵᠠᠰᠠᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠵᠢᠷᠭᠤᠭ᠋ᠠᠨ ᠲᠠᠯ᠎ᠠ ᠵᠢ ᠪᠠᠭᠲᠠᠭ᠋ᠠᠨ᠎ᠠ᠃
     (ᠭᠤᠷᠪᠠ) ᠠᠵᠢᠯ᠎ᠤᠨ ᠪᠠᠲᠤᠯᠠᠭ᠎ᠠ ᠵᠢᠨ ᠬᠡᠰᠡᠭ᠃ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠣᠭᠲᠠᠯᠴᠠᠭ᠎ᠠ ᠵᠢᠨ   ᠪᠠᠢ᠌ᠭᠤᠯᠤᠯᠲᠠ ᠵᠢ ᠰᠠᠢ᠌ᠲᠤᠷ ᠬᠢᠬᠦ᠎ᠳᠤ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠠᠵᠢᠯ᠎ᠤᠨ ᠠᠮᠵᠢᠯᠲᠠ   ᠪᠦᠲᠦᠮᠵᠢ ᠵᠢ ᠰᠢᠯᠭ᠋ᠠᠨ ᠬᠢᠨᠠᠵᠤ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠬᠠᠷᠢᠭᠤᠴᠠᠯᠭ᠎ᠠ ᠵᠢ   ᠰᠠᠢ᠌ᠲᠤᠷ ᠨᠠᠢ᠌ᠳᠠᠪᠤᠷᠢᠵᠢᠭᠤᠯᠤᠨ᠂ ᠴᠢᠳᠠᠪᠤᠷᠢᠲᠠᠨ᠎ᠤ ᠪᠠᠢ᠌ᠭᠤᠯᠤᠯᠲᠠ ᠪᠠ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠬᠤ ᠬᠡᠷᠡᠭᠲᠡᠢ ᠭᠡᠵᠦ   ᠲᠣᠳᠣᠷᠬᠠᠢ ᠲᠣᠭᠲᠠᠭ᠋ᠠᠪᠠ᠃
      ᠭᠤᠷᠪᠠ᠂ 《ᠰᠠᠨᠠᠯ》᠎ᠤᠨ ᠣᠨᠴᠠᠯᠢᠭᠲᠤ ᠭᠢᠯᠠᠰ ᠴᠡᠭ
     (ᠨᠢᠭᠡ) ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠭᠰᠡᠨ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ   ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠠᠭ᠋ᠠᠭ᠋ᠠᠯᠲᠠ ᠵᠢᠨ ᠪᠦᠯᠦᠭᠯᠡᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ ᠵᠢᠨ   ᠬᠠᠮᠲᠤ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠪᠠ ᠳᠠᠬᠢᠨ ᠳᠠᠭ᠋ᠠᠭ᠋ᠠᠯᠲᠠ ᠬᠢᠬᠦ ᠲᠤᠬᠠᠢ᠌ᠯᠠᠭᠰᠠᠨ ᠠᠵᠢᠯ ᠵᠶ᠋ᠠᠷ ᠬᠣᠯᠪᠣᠭ᠋ᠠᠰᠤ ᠪᠣᠯᠭ᠋ᠠᠵᠤ᠂ ᠳᠠᠭ᠋ᠠᠭᠤᠯᠤᠭᠴᠢ᠎ᠪᠠᠷ   ᠳᠠᠢ᠌ᠴᠢᠯᠠᠬᠤ᠂ ᠴᠤᠭᠯᠠᠷᠠᠭᠤᠯᠤᠨ ᠢᠲᠡᠭᠡᠮᠵᠢ ᠵᠢ ᠨᠡᠮᠡᠭᠳᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ   ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠳᠠᠶ᠋ᠢᠴᠢᠯᠠᠨ ᠪᠣᠳᠠᠲᠤ ᠴᠣᠭᠴᠠᠲᠤ ᠠᠵᠤ ᠠᠬᠤᠢ᠎ᠳᠤ ᠨᠠᠩ ᠰᠠᠢ᠌ᠨ   ᠦᠢ᠍ᠯᠡᠴᠢᠯᠡᠭᠦᠯᠦᠨ᠎ᠡ᠃ ᠠᠢ᠌ᠮᠠᠭ ᠬᠣᠲᠠ ᠵᠢᠨ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠪᠣᠢ᠌ᠵᠢᠭᠤᠯᠵᠤ᠂ ᠣᠷᠣᠨ   ᠪᠦᠰᠡ ᠵᠢᠨ 《ᠳᠠᠭ᠋ᠠᠭᠤᠯᠤᠭᠴᠢ》 ᠵᠢᠨ ᠦᠢ᠍ᠯᠡᠳᠦᠯ᠎ᠢ ᠪᠠᠳᠠᠷᠠᠭᠤᠯᠤᠨ᠂ ᠬᠠᠷᠢᠶ᠎ᠠ ᠣᠷᠣᠨ᠎ᠤ ᠳᠣᠲᠣᠷᠠᠬᠢ ᠵᠢᠵᠢᠭ ᠪᠢᠴᠢᠯ ᠠᠵᠤ ᠠᠬᠤᠢ᠌ᠯᠠᠯ ᠪᠠ 《ᠮᠠᠯ ᠲᠠᠷᠢᠶᠠᠯᠠᠩ   ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠤᠬᠠᠢ᠌ᠯᠠᠭᠰᠠᠨ ᠠᠵᠢᠯ᠎ᠤᠨ ᠬᠠᠮᠤᠷᠬᠤ ᠬᠡᠪᠴᠢᠶ᠎ᠡ ᠵᠢ   ᠥᠷᠭᠡᠳᠬᠡᠨ᠎ᠡ᠃
     (ᠬᠣᠶᠠᠷ) ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠣᠭᠲᠠᠴᠠ ᠵᠢ ᠪᠦᠷᠢᠨᠰᠢᠭᠦᠯᠦᠨ᠎ᠡ᠃ ᠪᠠᠩᠬᠢ ᠪᠠ   ᠳᠠᠭ᠋ᠠᠭ᠋ᠠᠯᠲᠠ ᠵᠢᠨ ᠪᠠᠢ᠌ᠭᠤᠯᠤᠮᠵᠢ ᠬᠣᠶᠠᠷ ᠲᠠᠯ᠎ᠠ ᠵᠢᠨ 《ᠶᠡᠷᠦᠩᠬᠡᠢ ᠺᠣᠮᠫᠠᠨᠢ᠎ᠨᠢ ᠺᠣᠮᠫᠠᠨᠢ᠎ᠲᠠᠢ ᠬᠡᠯᠡᠯᠴᠡᠭᠡᠷ ᠲᠣᠭᠲᠠᠬᠤ》 ᠬᠠᠮᠲᠤᠷᠠᠯᠴᠠᠭ᠎ᠠ ᠵᠢ ᠠᠬᠢᠭᠤᠯᠵᠤ᠂ 《ᠬᠤᠳᠠᠯᠳᠤᠭ᠋ᠠᠨ᠎ᠤ ᠦᠢ᠍ᠯᠡᠰ᠎ᠢ ᠦᠷᠭᠦᠯᠵᠢᠯᠡᠭᠦᠯᠬᠦ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠵᠦ ᠪᠣᠯᠬᠤ》 ᠬᠠᠮᠲᠤᠷᠠᠯᠴᠠᠭ᠋ᠠᠨ᠎ᠤ ᠵᠠᠭᠪᠤᠷ᠎ᠢ ᠨᠢᠭᠡᠳᠦᠯᠲᠡᠢ ᠲᠥᠯᠥᠪᠯᠡᠨ   ᠲᠣᠭᠲᠠᠭ᠋ᠠᠨ᠎ᠠ᠃ ᠰᠢᠨ᠎ᠡ ᠬᠡᠯᠪᠡᠷᠢ ᠵᠢᠨ ᠵᠠᠰᠠᠭ ᠪᠠᠩᠬᠢ ᠳᠠᠭ᠋ᠠᠭ᠋ᠠᠯᠲᠠ ᠵᠢᠨ ᠪᠠᠢ᠌ᠭᠤᠯᠤᠮᠵᠢ ᠬᠠᠮᠲᠤᠷᠠᠯᠴᠠᠭ᠋ᠠᠨ᠎ᠤ ᠵᠠᠭᠪᠤᠷ᠎ᠢ ᠢᠳᠡᠪᠬᠢᠲᠡᠢ᠎ᠪᠠᠷ ᠪᠠᠢ᠌ᠭᠤᠯᠵᠤ᠂   ᠳᠠᠭ᠋ᠠᠭ᠋ᠠᠯᠲᠠ ᠵᠢᠨ ᠵᠣᠭᠣᠰ᠎ᠤᠨ ᠲᠣᠭ᠎ᠠ᠎ᠨᠢ 1000 ᠲᠦᠮᠡᠨ ᠲᠥᠭᠥᠷᠢᠭ᠎ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠢ᠌ᠯᠠᠯ ᠪᠠ 《ᠮᠠᠯ ᠲᠠᠷᠢᠶᠠᠯᠠᠩ ᠮᠠᠯᠵᠢᠬᠤ   ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤᠨ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠤᠬᠠᠢ᠌ᠯᠠᠭᠰᠠᠨ ᠠᠵᠢᠯ᠎ᠳᠤ ᠤᠤᠯ᠎ᠤᠨ ᠳᠠᠭ᠋ᠠᠭ᠋ᠠᠯᠲᠠ ᠵᠢᠨ ᠪᠠᠢ᠌ᠭᠤᠯᠤᠮᠵᠢ᠂   ᠥᠪᠡᠷᠲᠡᠭᠡᠨ ᠵᠠᠰᠠᠬᠤ ᠣᠷᠣᠨ᠎ᠤ ᠳᠠᠭ᠋ᠠᠭ᠋ᠠᠯᠲᠠ ᠵᠢᠨ ᠪᠦᠯᠦᠭᠯᠡᠯ᠂ ᠬᠠᠮᠲᠤᠷᠠᠯᠴᠠᠭ᠋ᠠᠨ᠎ᠤ ᠪᠠᠩᠬᠢ᠎ᠠᠴᠠ 4᠄ 3᠄ 3 ᠵᠢᠨ ᠬᠠᠷᠢᠴᠠᠯ ᠵᠶ᠋ᠠᠷ ᠣᠷᠣᠯᠠᠨ ᠳᠥᠯᠥᠬᠦ   ᠬᠠᠷᠢᠭᠤᠴᠠᠯᠭ᠎ᠠ ᠵᠢ ᠡᠭᠦᠷᠭᠡᠯᠡᠨ᠎ᠡ᠃ ᠡᠭᠦᠨ᠎ᠤ ᠬᠠᠮᠲᠤ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠺᠣᠮᠫᠠᠨᠢ᠎ᠳᠤ   ᠵᠠᠰᠠᠯᠲᠠ ᠵᠢ ᠲᠡᠭᠦᠯᠳᠡᠷᠵᠢᠭᠦᠯᠬᠦ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠬᠤ ᠲᠠᠯ᠎ᠠ᠎ᠪᠠᠷ ᠪᠠᠰᠠ ᠪᠣᠳᠠᠲᠠᠢ ᠱᠠᠭ᠋ᠠᠷᠳᠠᠯᠭ᠎ᠠ ᠳᠤᠷᠠᠳᠪᠠ᠃
     (ᠭᠤᠷᠪᠠ) ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ   ᠪᠦᠷᠢᠨᠰᠢᠭᠦᠯᠦᠨ᠎ᠡ᠃ ᠬᠥᠷᠥᠩᠭᠡ ᠮᠥᠩᠭᠥ ᠵᠢ ᠦᠷᠭᠦᠯᠵᠢᠯᠡᠨ ᠨᠥᠬᠥᠪᠦᠷᠢᠯᠡᠬᠦ ᠲᠣᠭᠲᠠᠴᠠ ᠵᠢ ᠪᠠᠢ᠌ᠭᠤᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠲᠣᠰ ᠱᠠᠲᠤᠨ᠎ᠤ   ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ᠎ᠳᠤ ᠬᠥᠷᠥᠩᠭᠡ ᠮᠥᠩᠭᠥ ᠵᠢᠨ ᠣᠷᠣᠭᠤᠯᠤᠯᠲᠠ ᠬᠢᠬᠦ ᠡᠷᠴᠢᠮ ᠵᠶ᠋ᠡᠨ   ᠲᠠᠰᠤᠷᠠᠯᠲᠠ ᠦᠭᠡᠢ ᠴᠢᠩᠭ᠋ᠠᠷᠠᠭᠤᠯᠬᠤ ᠵᠢ ᠳᠡᠮᠵᠢᠨ᠎ᠡ᠃ ᠳᠠᠭ᠋ᠠᠳᠬᠠᠯ᠎ᠤᠨ ᠰᠦᠢ᠍ᠳᠬᠡᠯ᠎ᠤᠨ ᠨᠥᠬᠥᠪᠦᠷᠢ᠂ ᠲᠦᠭᠰᠢᠭᠦᠷᠢ ᠵᠢᠨ ᠨᠥᠬᠥᠪᠦᠷᠢ ᠵᠡᠷᠭᠡ ᠡᠳ᠋᠎ᠤᠨ ᠵᠠᠰᠠᠭ᠎ᠤᠨ   ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ 《ᠵᠢᠵᠢᠭ ᠠᠵᠤ ᠠᠬᠤᠢ᠌ᠯᠠᠯ ᠪᠠ ᠲᠠᠷᠢᠶᠠᠯᠠᠩ᠎ᠢ ᠳᠡᠮᠵᠢᠬᠦ》 ᠲᠤᠬᠠᠢ᠌ᠯᠠᠭᠰᠠᠨ ᠠᠵᠢᠯ᠎ᠤᠨ   ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠤᠷᠮᠠᠰᠢᠭᠤᠯᠵᠤ ᠰᠢᠯᠭ᠋ᠠᠨ ᠬᠢᠨᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠤᠨ   ᠦᠷ᠎ᠡ ᠪᠦᠲᠦᠮᠵᠢ ᠵᠢ ᠰᠢᠯᠭ᠋ᠠᠨ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠩ ᠰᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ ᠵᠶ᠋ᠡᠷ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠦᠰᠦᠯ》
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡ ᠵᠢ ᠠᠬᠢᠭᠤᠯᠬᠤ 2022 ᠣᠨ᠎ᠤ ᠠᠵᠢᠯᠯᠠᠭ᠎ᠠ ᠵᠢᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠣᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠤ ᠲᠠᠶ᠋ᠢᠯᠤᠮᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠰ᠎ᠤᠨ 2022 ᠣᠨ᠎ᠤ ᠠᠵᠢᠯᠯᠠᠭ᠋ᠠᠨ᠎ᠤ ᠲᠥᠰᠦᠯ》
《ᠠᠩᠬᠠᠨ᠎ᠤ ᠳᠡᠯᠭᠡᠭᠦᠷ᠎ᠤᠨ ᠠᠩᠬ᠎ᠠ ᠲᠠᠷᠬᠠᠭ᠋ᠠᠬᠤ ᠠᠵᠤ ᠠᠬᠤᠶ ᠵᠢ ᠶᠡᠬᠡᠪᠡᠷ ᠬᠥᠭᠵᠢᠭᠦᠯᠵᠦ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            