ᠨᠢᠭᠡ᠂ ᠲᠥᠷᠥ ᠵᠢᠨ ᠪᠣᠳᠣᠯᠭ᠎ᠠ ᠵᠢ ᠲᠣᠭᠲᠠᠭ᠋ᠠᠭᠰᠠᠨ ᠠᠬᠤᠶ ᠪᠠᠶ᠋ᠢᠳᠠᠯ
2017 ᠣᠨ᠎ᠠᠴᠠ ᠨᠠᠭ᠋ᠠᠰᠢ᠂ ᠲᠥᠪ᠎ᠤᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠥᠬᠡᠬᠣᠲᠠ᠂ ᠦᠬᠠᠶ ᠬᠣᠲᠠ ᠵᠡᠷᠭᠡ 7 ᠠᠶ᠋ᠢᠮᠠᠭ ᠬᠣᠲᠠ ᠵᠢᠨ ᠱᠠᠲᠤ᠂ 23 ᠬᠣᠰᠢᠭᠤ ᠰᠢᠶᠠᠨ (ᠬᠣᠲᠠ᠂ ᠲᠣᠭᠣᠷᠢᠭ) ᠪᠣᠯᠤᠨ 1 ᠨᠡᠭᠡᠭᠡᠯᠲᠡ ᠵᠢᠨ ᠲᠣᠭᠣᠷᠢᠭ ᠨᠡᠶ᠋ᠢᠲᠡ 31 ᠭᠠᠵᠠᠷ ᠣᠷᠣᠨ᠎ᠳᠤ ᠬᠠᠷᠢᠴᠠᠩᠭᠤᠶ᠎ᠪᠠᠷ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠦᠭᠡᠳ ᠵᠣᠬᠢᠬᠤ ᠦᠷ᠎ᠡ ᠪᠦᠲᠦᠮᠵᠢ ᠣᠯᠪᠠ᠃ ᠥᠭᠡᠷᠡᠴᠢᠯᠡᠯᠲᠡ ᠵᠢᠨ ᠭᠦᠨᠵᠡᠭᠡᠶ᠋ᠢᠷᠡᠬᠦ ᠵᠢ ᠳᠠᠭ᠋ᠠᠯᠳᠤᠨ᠂ ᠦᠢ᠍ᠯᠡᠳᠦᠯᠭᠡ ᠵᠢᠨ ᠳᠤᠮᠳᠠ ᠬᠡᠰᠡᠭ ᠬᠦᠷᠢᠶ᠎ᠡ ᠪᠠ ᠬᠡᠷᠡᠭ ᠶᠠᠪᠤᠳᠠᠯ᠎ᠤᠨ ᠬᠢᠨᠠᠨ ᠬᠠᠮᠢᠶᠠᠷᠬᠤ ᠠᠵᠢᠯ᠎ᠨᠢ ᠠᠪᠴᠠᠯᠳᠤᠭᠤᠯᠬᠤ᠎ᠪᠠᠷ ᠠᠨᠠᠢ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠤᠭᠤᠳᠤᠯᠭ᠎ᠠ ᠳᠤᠲᠠᠮᠠᠭ ᠪᠠᠶ᠋ᠢᠬᠤ ᠵᠢᠴᠢ ᠲᠤᠷᠰᠢᠯᠲᠠ ᠵᠢᠨ ᠭᠠᠵᠠᠷ ᠣᠷᠣᠨ᠎ᠳᠤ ᠬᠡᠷᠡᠭ ᠶᠠᠪᠤᠳᠠᠯ᠎ᠢ ᠬᠤᠪᠢᠶᠠᠷᠢᠯᠠᠨ ᠰᠢᠯᠵᠢᠭᠦᠯᠬᠦ᠎ᠳᠤ ᠬᠦᠴᠢᠷᠲᠡᠶ᠂ ᠬᠡᠷᠡᠭ ᠶᠠᠪᠤᠳᠠᠯ ᠨᠢᠭᠡᠳᠦᠯ ᠦᠭᠡᠢ᠂ ᠴᠢᠨᠠᠷ ᠪᠠᠷᠤᠭᠲᠠᠢ ᠪᠠᠢ᠌ᠬᠤ ᠵᠡᠷᠭᠡ ᠠᠰᠠᠭᠤᠳᠠᠯ ᠣᠷᠣᠰᠢᠵᠤ᠂ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠵᠣᠬᠢᠬᠤ ᠬᠡᠮᠵᠢᠶ᠎ᠡ᠎ᠪᠠᠷ ᠨᠥᠯᠥᠭᠡᠯᠡᠭᠰᠡᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ ᠥᠭᠡᠷᠡᠴᠢᠯᠡᠯᠲᠡ ᠵᠢᠨ ᠲᠤᠷᠰᠢᠯᠲᠠ ᠵᠢᠨ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠭᠦᠨᠵᠡᠭᠡᠶ ᠪᠠᠶ᠋ᠢᠴᠠᠭ᠋ᠠᠨ ᠰᠤᠳᠤᠯᠵᠤ᠂ ᠰᠤᠷᠤᠯᠴᠠᠨ ᠰᠢᠨᠵᠢᠯᠡᠵᠦ᠂ ᠳᠠᠬᠢᠨ ᠳᠠᠪᠲᠠᠨ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ 《〈ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠭᠠᠵᠠᠷ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠤᠪᠢᠶᠠᠷᠢᠯᠠᠨ ᠰᠢᠯᠵᠢᠭᠦᠯᠬᠦ ᠵᠢᠯᠣᠭᠣᠳᠬᠤ ᠭᠠᠷᠴᠠᠭ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠤᠭᠤᠷᠪᠢᠵᠤ᠂ 《ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠭᠠᠵᠠᠷ ᠣᠷᠣᠨ᠎ᠤ ᠬᠤᠪᠢᠶᠠᠷᠢᠯᠠᠨ ᠰᠢᠯᠵᠢᠭᠦᠯᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠵᠢᠯᠣᠭᠣᠳᠬᠤ ᠭᠠᠷᠴᠠᠭ》 (ᠳᠣᠷᠣᠭᠰᠢ 《ᠵᠢᠯᠣᠭᠣᠳᠬᠤ ᠭᠠᠷᠴᠠᠭ》 ᠭᠡᠵᠦ ᠲᠣᠪᠴᠢᠯᠠᠨ᠎ᠠ)᠎ᠢ ᠰᠤᠳᠤᠯᠤᠨ ᠨᠠᠶ᠋ᠢᠷᠠᠭᠤᠯᠤᠨ ᠵᠣᠬᠢᠶᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠤᠪᠢᠶᠠᠷᠢᠯᠠᠨ ᠰᠢᠯᠵᠢᠭᠦᠯᠬᠦ ᠶᠠᠪᠤᠳᠠᠯ᠎ᠢ ᠨᠢᠭᠡᠳᠦᠯᠲᠡᠶ ᠵᠢᠷᠤᠮᠵᠢᠭᠤᠯᠬᠤ ᠵᠢᠴᠢ ᠬᠣᠯᠪᠣᠭᠳᠠᠯ ᠪᠦᠬᠦᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠪᠠ᠃
ᠬᠣᠶᠠᠷ᠂ ᠲᠥᠷᠥ ᠵᠢᠨ ᠪᠣᠳᠣᠯᠭ᠎ᠠ ᠵᠢᠨ ᠭᠣᠤᠯ ᠠᠭᠤᠯᠭ᠎ᠠ
《ᠮᠡᠳᠡᠭᠳᠡᠯ》᠎ᠳᠤ ᠭᠣᠤᠯᠳᠠᠭᠤ 《ᠨᠢᠭᠡ ᠲᠠᠮᠠᠭ᠎ᠠ᠎ᠪᠠᠷ ᠬᠢᠨᠠᠨ ᠵᠥᠪᠰᠢᠶᠡᠷᠡᠬᠦ ᠵᠢ ᠬᠠᠮᠢᠶᠠᠷᠬᠤ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠨᠢᠭᠡᠳᠦᠯᠲᠡᠶ ᠬᠤᠪᠢᠶᠠᠷᠢᠯᠠᠨ ᠰᠢᠯᠵᠢᠭᠦᠯᠬᠦ᠂ ᠬᠢᠨᠠᠨ ᠬᠠᠮᠢᠶᠠᠷᠬᠤ ᠵᠢ ᠵᠣᠯᠭ᠋ᠠᠭᠤᠯᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠦᠷᠭᠦᠯᠵᠢᠯᠡᠨ ᠰᠢᠯᠢᠳᠡᠭᠵᠢᠭᠦᠯᠬᠦ᠂ ᠳᠡᠭᠡᠳᠦ ᠳᠣᠤᠷᠠᠳᠤ ᠱᠠᠲᠤᠨ᠎ᠤ ᠬᠠᠮᠵᠢᠯᠴᠠᠭ᠎ᠠ ᠵᠢ ᠴᠢᠩᠭ᠋ᠠᠳᠬᠠᠬᠤ᠂ ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠵᠢᠷᠭᠤᠭ᠋ᠠᠨ ᠬᠡᠰᠡᠭ ᠠᠭᠤᠯᠭ᠎ᠠ ᠵᠢ ᠪᠠᠭᠲᠠᠭ᠋ᠠᠨ᠎ᠠ᠃
《ᠵᠢᠯᠣᠭᠣᠳᠣᠯᠭ᠎ᠠ ᠵᠢᠨ ᠭᠠᠷᠴᠠᠭ》᠎ᠲᠤ 131 ᠵᠦᠢ᠍ᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ (ᠡᠷᠬᠡᠪᠰᠢ ᠬᠤᠪᠢᠶᠠᠷᠢᠯᠠᠬᠤ 76 ᠵᠦᠢ᠍ᠯ᠂ ᠬᠤᠪᠢᠶᠠᠷᠢᠯᠠᠪᠠᠯ ᠵᠣᠬᠢᠬᠤ 55 ᠵᠦᠢ᠍ᠯ)᠎ᠢ ᠬᠤᠪᠢᠶᠠᠷᠢᠯᠠᠨ ᠰᠢᠯᠵᠢᠭᠦᠯᠬᠦ ᠲᠤᠬᠠᠢ ᠲᠣᠳᠣᠷᠬᠠᠶ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ 20 ᠲᠤᠬᠠᠶ᠋ᠢᠯᠠᠭᠰᠠᠨ ᠠᠵᠢᠯ᠎ᠤᠨ ᠵᠢᠯᠣᠭᠣᠳᠬᠤ ᠰᠠᠯᠠᠭ᠎ᠠ ᠮᠥᠴᠢᠷ ᠴᠥᠮ ᠲᠤᠷᠰᠢᠯᠲᠠ ᠵᠢᠨ ᠭᠠᠵᠠᠷ ᠣᠷᠣᠨ᠎ᠳᠤ ᠬᠤᠪᠢᠶᠠᠷᠢᠯᠠᠨ ᠰᠢᠯᠵᠢᠭᠦᠯᠬᠦ ᠵᠢ ᠵᠥᠪᠰᠢᠶᠡᠷᠡᠪᠡ᠃ ᠡᠭᠦᠨ᠎ᠳᠤ᠂ ᠬᠤᠪᠢᠶᠠᠷᠢᠯᠠᠨ ᠰᠢᠯᠵᠢᠭᠦᠯᠬᠦ ᠵᠦᠢ᠍ᠯᠡᠰ᠎ᠤᠨ ᠳᠣᠲᠣᠷ᠎ᠠ ᠠᠶ᠋ᠢᠮᠠᠭ ᠬᠣᠲᠠ ᠪᠣᠯᠤᠨ ᠬᠣᠰᠢᠭᠤ ᠰᠢᠶᠠᠨ᠎ᠤ ᠴᠥᠮ ᠬᠡᠷᠡᠭᠵᠢᠭᠦᠯᠬᠦ ᠵᠦᠢ᠍ᠯᠡᠰ᠎ᠨᠢ 92 ᠵᠦᠢ᠍ᠯ᠂ ᠠᠶ᠋ᠢᠮᠠᠭ ᠬᠣᠲᠠ ᠵᠢᠨ ᠲᠠᠯ᠎ᠠ᠎ᠠᠴᠠ ᠪᠡᠶ᠎ᠡ᠎ᠪᠠᠨ ᠳᠠᠭ᠋ᠠᠭ᠋ᠠᠵᠤ ᠬᠡᠷᠡᠭᠵᠢᠭᠦᠯᠬᠦ ᠵᠦᠢ᠍ᠯᠡᠰ᠎ᠨᠢ 20 ᠵᠦᠢ᠍ᠯ᠂ ᠬᠣᠰᠢᠭᠤ ᠰᠢᠶᠠᠨ᠎ᠤ ᠲᠠᠯ᠎ᠠ᠎ᠠᠴᠠ ᠪᠡᠶ᠎ᠡ᠎ᠪᠠᠨ ᠳᠠᠭ᠋ᠠᠭ᠋ᠠᠵᠤ ᠬᠡᠷᠡᠭᠵᠢᠭᠦᠯᠬᠦ ᠵᠦᠢ᠍ᠯᠡᠰ᠎ᠨᠢ 19 ᠵᠦᠢ᠍ᠯ ᠪᠣᠯᠤᠨ᠎ᠠ᠃
ᠭᠤᠷᠪᠠ᠂ 《ᠵᠢᠯᠣᠭᠣᠳᠬᠤ ᠭᠠᠷᠴᠠᠭ》᠎ᠢ ᠨᠠᠶ᠋ᠢᠷᠠᠭᠤᠯᠤᠨ ᠵᠣᠬᠢᠶᠠᠭᠰᠠᠨ ᠭᠣᠣᠯ ᠪᠣᠳᠣᠯᠬᠢᠯᠠᠯ
ᠨᠢᠭᠡ᠎ᠨᠢ ᠬᠠᠤᠯᠢ ᠶᠣᠰᠣᠭ᠋ᠠᠷ ᠬᠤᠪᠢᠶᠠᠷᠢᠯᠠᠨ ᠰᠢᠯᠵᠢᠭᠦᠯᠦᠨ᠎ᠡ᠃ 《ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠠᠵᠤ ᠠᠬᠤᠶ᠋ᠢᠯᠠᠯ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠨᠢᠭᠲᠠ ᠬᠣᠯᠪᠣᠭ᠎ᠠ᠎ᠲᠠᠢ᠂ ᠪᠠᠶ᠋ᠢᠩᠭᠤ ᠡᠭᠦᠰᠳᠡᠭ᠂ ᠭᠤᠶᠤᠴᠢᠯᠠᠭᠰᠠᠨ ᠬᠡᠮᠵᠢᠶ᠎ᠡ᠎ᠪᠠᠷ ᠶᠡᠬᠡ ᠵᠦᠢ᠍ᠯᠡᠰ᠎ᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠬᠤᠪᠢᠶᠠᠷᠢᠯᠠᠨ ᠰᠢᠯᠵᠢᠭᠦᠯᠦᠨ᠎ᠡ᠃
ᠬᠣᠶᠠᠷ᠎ᠨᠢ ᠪᠣᠳᠠᠲᠤ ᠪᠠᠶ᠋ᠢᠳᠠᠯ᠎ᠢ ᠴᠢᠬᠤᠯᠠᠴᠢᠯᠠᠨ᠎ᠠ᠃ ᠳᠣᠲᠣᠭ᠋ᠠᠳᠤ ᠵᠢ ᠬᠠᠮᠠᠭ᠋ᠠᠯᠠᠬᠤ᠂ ᠠᠮᠢ ᠠᠬᠤᠶ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠦᠵᠡᠯ ᠤᠬᠠᠮᠰᠠᠷ᠎ᠤᠨ ᠬᠡᠯᠪᠡᠷᠢ ᠵᠡᠷᠭᠡ ᠬᠦᠷᠢᠶᠡᠨ᠎ᠳᠠᠬᠢ ᠠᠮᠤᠷ ᠲᠦᠪᠰᠢᠨ᠎ᠤ ᠲᠦᠭᠰᠢᠭᠦᠷᠢ ᠵᠢᠨ ᠬᠡᠮᠵᠢᠶ᠎ᠡ ᠬᠠᠷᠢᠴᠠᠩᠭᠤᠢ ᠥᠨᠳᠥᠷ ᠵᠦᠢ᠍ᠯᠡᠰ᠎ᠲᠤ ᠬᠣᠯᠪᠣᠭᠳᠠᠬᠤ ᠵᠦᠢ᠍ᠯᠡᠰ᠎ᠢ 《ᠵᠢᠯᠣᠭᠣᠳᠬᠤ ᠭᠠᠷᠴᠠᠭ》᠎ᠲᠤ ᠣᠷᠣᠭᠤᠯᠤᠭᠰᠠᠨ ᠥᠬᠡᠶ᠂ ᠨᠥᠬᠥᠴᠡᠯ ᠪᠦᠷᠢᠯᠳᠦᠭᠰᠡᠨ᠎ᠤ ᠳᠠᠷᠠᠭ᠎ᠠ ᠪᠣᠳᠠᠲᠠᠶ ᠪᠠᠶ᠋ᠢᠳᠠᠯ᠎ᠢ ᠦᠨᠳᠦᠰᠦᠯᠡᠨ ᠠᠯᠬᠤᠮ ᠠᠯᠬᠤᠮ ᠵᠶ᠋ᠠᠷ ᠬᠤᠪᠢᠶᠠᠷᠢᠯᠠᠨ ᠰᠢᠯᠵᠢᠭᠦᠯᠦᠨ᠎ᠡ᠃
ᠭᠤᠷᠪᠠ᠎ᠨᠢ ᠭᠣᠣᠯᠳᠠᠯᠭ᠎ᠠ ᠵᠢ ᠲᠤᠪᠤᠢ᠍ᠢ᠍ᠯᠭ᠋ᠠᠨᠠ᠃ ᠭᠣᠣᠯᠳᠠᠭᠤ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠪᠡᠯᠡ ᠣᠷᠣᠭᠤᠯᠵᠤ ᠪᠦᠲᠦᠭᠡᠨ ᠪᠠᠶ᠋ᠢᠭᠤᠯᠬᠤ ᠵᠡᠷᠭᠡ ᠬᠦᠷᠢᠶᠡᠨ᠎ᠳᠠᠬᠢ ᠬᠢᠨᠠᠨ ᠵᠥᠪᠰᠢᠶᠡᠷᠡᠬᠦ ᠵᠦᠢ᠍ᠯᠡᠰ᠎ᠢ ᠬᠤᠪᠢᠶᠠᠷᠢᠯᠠᠨ ᠰᠢᠯᠵᠢᠭᠦᠯᠵᠦ᠂ ᠵᠦᠢ᠍ᠯᠡᠰ᠎ᠢ ᠬᠤᠪᠢᠶᠠᠷᠢᠯᠠᠨ ᠰᠢᠯᠵᠢᠭᠦᠯᠬᠦ ᠴᠢᠨᠠᠷ᠎ᠢ ᠳᠡᠭᠡᠭᠰᠢᠯᠡᠭᠦᠯᠦᠨ᠎ᠡ᠃
ᠳᠥᠷᠪᠡ᠎ᠨᠢ ᠲᠥᠷᠥᠯ ᠬᠤᠪᠢᠶᠠᠨ ᠬᠡᠷᠡᠭᠵᠢᠭᠦᠯᠦᠨ᠎ᠡ᠃ ᠬᠤᠪᠢᠶᠠᠷᠢᠯᠠᠨ ᠰᠢᠯᠵᠢᠭᠦᠯᠬᠦ ᠵᠦᠢ᠍ᠯᠡᠰ᠎ᠢ 《ᠡᠷᠬᠡᠪᠰᠢ ᠬᠤᠪᠢᠶᠠᠷᠢᠯᠠᠬᠤ》 ᠪᠠ 《ᠬᠤᠪᠢᠶᠠᠷᠢᠯᠠᠪᠠᠯ ᠵᠣᠬᠢᠬᠤ》 ᠭᠡᠵᠦ ᠬᠣᠶᠠᠷ ᠲᠥᠷᠥᠯ᠎ᠳᠤ ᠬᠤᠪᠢᠶᠠᠵᠤ᠂ ᠡᠷᠬᠡᠪᠰᠢ ᠬᠤᠪᠢᠶᠠᠷᠢᠯᠠᠨ ᠰᠢᠯᠵᠢᠭᠦᠯᠬᠦ ᠵᠦᠢ᠍ᠯᠡᠰ᠎ᠢ ᠡᠷᠬᠡᠪᠰᠢ ᠪᠦᠬᠦᠨ᠎ᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠬᠤᠪᠢᠶᠠᠷᠢᠯᠠᠨ ᠰᠢᠯᠵᠢᠭᠦᠯᠵᠦ ᠬᠡᠷᠡᠭᠵᠢᠭᠦᠯᠦᠨ᠎ᠡ᠂ ᠬᠤᠪᠢᠶᠠᠷᠢᠯᠠᠬᠤ ᠶᠣᠰᠣᠲᠠᠢ ᠵᠦᠢ᠍ᠯᠡᠰ᠎ᠢ ᠪᠣᠳᠠᠲᠠᠶ ᠳᠠᠭ᠋ᠠᠭ᠋ᠠᠨ ᠠᠪᠬᠤ ᠴᠢᠳᠠᠪᠤᠷᠢ ᠵᠢ ᠦᠨᠳᠦᠰᠦᠯᠡᠨ ᠬᠤᠭᠤᠴᠠᠭ᠎ᠠ ᠪᠦᠯᠦᠭ ᠬᠤᠪᠢᠶᠠᠨ ᠬᠤᠪᠢᠶᠠᠷᠢᠯᠠᠨ ᠰᠢᠯᠵᠢᠭᠦᠯᠦᠨ᠎ᠡ᠃