ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠨᠡᠢ᠌ᠲᠡᠯᠡᠵᠡᠢ᠂ 《ᠬᠡᠷᠡᠭᠵᠢᠭᠦᠯᠬᠦ ᠲᠥᠰᠦᠯ》᠎ᠤᠨ ᠬᠠᠮᠢᠶ᠎ᠠ ᠪᠥᠬᠥᠶ ᠠᠭᠤᠯᠭ᠎ᠠ ᠵᠢ ᠨᠡᠶ᠋ᠢᠭᠡᠮ ᠨᠡᠶ᠋ᠢᠲᠡ᠎ᠳᠤ ᠬᠦᠨᠵᠡᠭᠡᠢ ᠪᠥᠭᠡᠳ ᠵᠥᠪ ᠵᠶ᠋ᠠᠷ ᠣᠢ᠌ᠯᠠᠭᠤᠯᠬᠤᠳᠤ ᠲᠥᠬᠥᠮ᠎ᠤᠨ ᠲᠤᠯᠠᠳᠠ᠂ ᠡᠳᠦᠭᠡ ᠳᠣᠤᠷᠠᠬᠢ ᠮᠡᠲᠦ ᠲᠠᠶ᠋ᠢᠯᠤᠮᠵᠢ ᠬᠢᠪᠠ᠃
ᠨᠢᠭᠡ᠂ ᠶᠠᠭᠤᠨ᠎ᠳᠤ 《ᠬᠡᠷᠡᠭᠵᠢᠭᠦᠯᠬᠦ ᠲᠥᠰᠦᠯ》᠎ᠢ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠬᠤ ᠪᠤᠢ?
《ᠡᠮ ᠡᠮᠨᠡᠯᠭᠡ ᠵᠢᠨ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2020] 5 ᠳ᠋ᠤᠭ᠋ᠠᠷ ᠲᠣᠭ᠋ᠠᠲᠤ)᠎ᠳᠤ᠄ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠣᠯ ᠣᠯᠠᠨ ᠲᠦᠮᠡᠨ᠎ᠤ ᠡᠮ ᠡᠮᠨᠡᠯᠭᠡ ᠵᠢᠨ ᠰᠢᠯᠢᠳᠡᠭ ᠦᠢ᠍ᠯᠡᠴᠢᠯᠡᠭᠡ ᠭᠥᠷᠳᠡᠬᠦ ᠵᠢ ᠪᠠᠲᠤᠯᠠᠬᠤ᠂ ᠰᠠᠭᠤᠷᠢ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠲᠣᠭᠲᠠᠴᠠ ᠮᠥᠨ᠃ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠳ᠋ᠠᠶ᠋ᠢᠲ᠋ᠠ ᠵᠢᠨ ᠬᠡᠷᠡᠭᠯᠡᠯᠲᠡ ᠵᠢ ᠬᠦᠴᠦᠲᠡᠢ ᠠᠬᠢᠭᠤᠯᠵᠤ᠂ ᠡᠪᠡᠳᠴᠢᠨ᠎ᠤ ᠲᠥᠷᠥᠯ ᠵᠶ᠋ᠠᠷ ᠠᠩᠭᠢᠯᠠᠨ ᠲᠣᠭ᠋ᠠᠴᠠᠭ᠎ᠠ ᠬᠢᠬᠦ᠎ᠪᠠᠷ ᠭᠣᠤᠯ ᠪᠣᠯᠭ᠋ᠠᠭᠰᠠᠨ ᠣᠯᠠᠨ ᠡᠰᠢᠲᠦ ᠨᠡᠶ᠋ᠢᠯᠡᠮᠡᠯ ᠮᠠᠶᠢᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠬᠡᠷᠡᠭᠵᠢᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠵᠠᠢ᠃ ᠡᠮ ᠡᠮᠨᠡᠯᠭᠡ ᠵᠢᠨ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠬᠦᠷᠢᠶᠡᠨ᠎ᠳᠠᠬᠢ ᠤᠷᠮᠠᠰᠢᠭᠤᠯᠬᠤ ᠪᠠ ᠬᠢᠵᠠᠭ᠋ᠠᠷᠯᠠᠬᠤ ᠦᠢ᠍ᠯᠡᠳᠦᠯ᠎ᠢ ᠴᠢᠩᠭ᠋ᠠᠷᠠᠭᠤᠯᠤᠨ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠷᠬᠡ ᠠᠰᠢᠭ᠎ᠢ ᠪᠠᠲᠤᠯᠠᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠢᠷᠤᠮᠵᠢᠭᠤᠯᠤᠨ᠂ ᠡᠮᠴᠢᠯᠡᠭᠡᠨ᠎ᠤ ᠵᠠᠷᠤᠳᠠᠯ ᠵᠦᠶ ᠵᠣᠬᠢᠰ ᠥᠬᠡᠶ᠎ᠪᠠᠷ ᠨᠡᠮᠡᠭᠳᠡᠬᠦ ᠵᠢ ᠬᠢᠵᠠᠭ᠋ᠠᠷᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ 《ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠠᠢ᠃
ᠬᠣᠶᠠᠷ᠂ 《ᠬᠡᠷᠡᠭᠵᠢᠭᠦᠯᠬᠦ ᠲᠥᠰᠦᠯ》᠎ᠤᠨ ᠬᠠᠷᠠᠯᠲᠠ ᠡᠭᠦᠷᠭᠡ᠎ᠨᠢ ᠶᠠᠭᠤ ᠪᠤᠢ?
《ᠬᠡᠷᠡᠭᠵᠢᠭᠦᠯᠬᠦ ᠲᠥᠰᠦᠯ》᠎ᠳᠤ ᠮᠠᠨ᠎ᠤ ᠣᠷᠣᠨ᠎ᠤ ᠣᠶ᠋ᠢᠷ᠎ᠠ ᠵᠢᠨ 5 ᠵᠢᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠬᠠᠷᠠᠯᠲᠠ ᠵᠢ ᠲᠣᠳᠣᠷᠬᠠᠶ ᠲᠣᠭᠲᠠᠭ᠋ᠠᠪᠠ᠃
ᠡᠮᠨᠡᠯᠭᠡ᠎ᠳᠤ ᠰᠠᠭᠤᠭᠰᠠᠨ ᠵᠠᠷᠤᠳᠠᠯ᠎ᠢ ᠳᠥᠯᠥᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠲᠠᠯ᠎ᠠ᠎ᠪᠠᠷ᠄ 2022 ᠣᠨ᠎ᠳᠤ᠂ ᠡᠮᠨᠡᠯᠭᠡ᠎ᠳᠤ ᠰᠠᠭᠤᠭᠰᠠᠨ ᠵᠠᠷᠤᠳᠠᠯ᠎ᠢ ᠡᠪᠡᠳᠴᠢᠨ ᠡᠮᠭᠡᠭ᠎ᠤᠨ ᠣᠨᠣᠰᠢᠯᠠᠯᠲᠠ ᠵᠢᠨ ᠬᠠᠮᠢᠶ᠎ᠠ ᠪᠥᠬᠥᠶ ᠠᠩᠭᠢᠯᠠᠯ (DRG) ᠪᠠ ᠡᠪᠡᠳᠴᠢᠨ᠎ᠤ ᠲᠥᠷᠥᠯ᠎ᠤᠨ ᠨᠣᠭᠳᠠᠯ ᠬᠤᠪᠢ (DIP)᠎ᠪᠠᠷ ᠲᠤᠰᠢᠶᠠᠬᠤ ᠵᠢ ᠪᠣᠶ ᠪᠥᠬᠥᠶ ᠨᠢᠭᠡᠳᠦᠯᠲᠡᠶ ᠲᠦᠯᠦᠪᠵᠢᠭᠦᠯᠬᠦ ᠣᠷᠣᠨ᠎ᠤ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ᠎ᠳᠤ ᠪᠦᠷᠬᠦᠭᠦᠯᠦᠨ᠎ᠡ᠃ 2025 ᠣᠨ ᠪᠣᠯᠬᠤ᠎ᠳᠤ᠂ DRG/DIP ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠨᠥᠬᠥᠴᠡᠯ᠎ᠳᠤ ᠨᠡᠶ᠋ᠢᠴᠡᠬᠦ ᠮᠥᠷᠲᠡᠭᠡᠨ ᠡᠮᠨᠡᠯᠭᠡ᠎ᠳᠤ ᠰᠠᠭᠤᠬᠤ ᠦᠢ᠍ᠯᠡᠴᠢᠯᠡᠭᠡ ᠥᠷᠨᠢᠭᠦᠯᠵᠦ ᠪᠠᠶ᠋ᠢᠭ᠎ᠠ ᠪᠣᠶ ᠪᠥᠬᠥᠶ ᠡᠮᠴᠢᠯᠡᠭᠡᠨ᠎ᠤ ᠪᠠᠶ᠋ᠢᠭᠤᠯᠤᠮᠵᠢ᠎ᠳᠤ ᠬᠠᠮᠤᠷᠤᠭᠤᠯᠵᠤ᠂ ᠡᠪᠡᠳᠴᠢᠨ᠎ᠤ ᠲᠥᠷᠥᠯ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠪᠦᠬᠦᠨ᠎ᠢ ᠬᠠᠮᠤᠷᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃
ᠡᠭᠦᠳᠡᠨ ᠡᠮᠨᠡᠯᠭᠡ ᠵᠢᠨ ᠵᠠᠷᠤᠳᠠᠯ᠎ᠢ ᠲᠦᠯᠦᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠲᠠᠯ᠎ᠠ᠎ᠪᠠᠷ᠄ ᠡᠯ᠎ᠡ ᠭᠠᠵᠠᠷ᠎ᠤᠳ᠎ᠤᠨ ᠬᠥᠮᠦᠨ᠎ᠤ ᠲᠣᠭ᠎ᠠ᠂ ᠣᠨᠣᠰᠢᠯᠠᠬᠤ ᠡᠮᠨᠡᠬᠦ ᠠᠷᠭ᠎ᠠ ᠵᠢᠨ ᠤᠶᠠᠯᠳᠤᠯ᠂ ᠡᠪᠡᠳᠴᠢᠨ᠎ᠤ ᠲᠥᠷᠥᠯ᠂ ᠲᠥᠷᠥᠯ ᠵᠦᠢ᠍ᠯ ᠵᠡᠷᠭᠡ᠎ᠪᠠᠷ ᠣᠯᠠᠨ ᠵᠦᠢ᠍ᠯ᠎ᠤᠨ ᠡᠭᠦᠳᠡᠨ ᠡᠮᠨᠡᠯᠭᠡ ᠵᠢᠨ ᠵᠠᠷᠤᠳᠠᠯ ᠲᠤᠰᠢᠶᠠᠬᠤ ᠠᠷᠭ᠎ᠠ ᠮᠠᠶᠢᠭ᠎ᠢ ᠰᠦᠪᠡᠭᠴᠢᠯᠡᠨ ᠥᠷᠨᠢᠭᠦᠯᠬᠦ ᠵᠢ ᠵᠣᠷᠢᠭᠵᠢᠭᠤᠯᠤᠨ᠎ᠠ᠃ 2025 ᠣᠨ ᠪᠣᠯᠬᠤ᠎ᠳᠤ᠂ ᠡᠭᠦᠳᠡᠨ ᠡᠮᠨᠡᠯᠭᠡ ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠪᠣᠶ ᠪᠥᠬᠥᠶ ᠡᠮᠴᠢᠯᠡᠭᠡᠨ᠎ᠤ ᠪᠠᠶ᠋ᠢᠭᠤᠯᠤᠮᠵᠢ᠎ᠳᠤ ᠬᠠᠮᠤᠷᠤᠭᠤᠯᠵᠤ᠂ ᠡᠭᠦᠳᠡᠨ ᠡᠮᠨᠡᠯᠭᠡ ᠵᠢᠨ ᠨᠢᠭᠡᠳᠦᠯᠲᠡᠶ ᠲᠦᠯᠦᠪᠵᠢᠭᠦᠯᠬᠦᠯᠦᠭᠡ ᠬᠠᠷᠢᠯᠴᠠᠨ ᠳᠣᠭᠢᠷᠠᠯᠴᠠᠭᠰᠠᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠳᠤ ᠨᠡᠶ᠋ᠢᠴᠡᠭᠰᠡᠨ ᠣᠯᠠᠨ ᠡᠰᠢᠲᠦ ᠨᠡᠶ᠋ᠢᠯᠡᠮᠡᠯ ᠮᠠᠶᠢᠭ᠎ᠤᠨ ᠡᠭᠦᠳᠡᠨ ᠡᠮᠨᠡᠯᠭᠡ ᠵᠢᠨ ᠵᠠᠷᠤᠳᠠᠯ᠎ᠤᠨ ᠲᠣᠭ᠋ᠠᠴᠠᠭ᠎ᠠ ᠬᠢᠬᠦ ᠲᠣᠭᠲᠠᠴᠠ ᠵᠢ ᠨᠡᠶ᠋ᠢᠳᠡᠮ ᠬᠡᠷᠡᠭᠵᠢᠭᠦᠯᠦᠨ᠎ᠡ᠃
ᠭᠤᠷᠪᠠ᠂ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠭᠣᠣᠯ ᠠᠭᠤᠯᠭ᠎ᠠ᠎ᠨᠢ ᠶᠠᠭᠤ ᠶᠠᠭᠤ ᠪᠠᠶ᠋ᠢᠳᠠᠭ ᠪᠤᠢ?
ᠨᠢᠭᠡ᠎ᠳᠤ ᠶᠡᠷᠦᠩᠬᠡᠶ ᠲᠣᠭ᠋ᠠᠨ᠎ᠤ ᠲᠥᠰᠦᠪ᠎ᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠣᠷᠣᠯᠭ᠎ᠠ᠎ᠪᠠᠷ ᠵᠠᠷᠤᠯᠭ᠎ᠠ ᠵᠢ ᠲᠣᠭᠲᠠᠭ᠋ᠠᠬᠤ᠂ ᠣᠷᠣᠯᠭ᠎ᠠ ᠵᠠᠷᠤᠯᠭ᠎ᠠ ᠵᠢ ᠲᠡᠩᠴᠡᠭᠦᠯᠬᠦ᠂ ᠪᠠᠭ᠎ᠠ ᠦᠯᠡᠳᠡᠪᠦᠷᠢ᠎ᠲᠠᠢ ᠪᠠᠶ᠋ᠢᠯᠭ᠋ᠠᠬᠤ ᠵᠠᠷᠴᠢᠮ ᠶᠣᠰᠣᠭ᠋ᠠᠷ᠂ ᠰᠠᠭᠤᠷᠢ ᠮᠥᠩᠭᠥᠨ᠎ᠤ ᠲᠥᠰᠦᠪ᠎ᠤᠨ ᠬᠠᠮᠢᠶᠠᠷᠤᠯᠲᠠ ᠪᠠ ᠵᠠᠷᠤᠳᠠᠯ᠎ᠢ ᠳ᠋ᠦᠩᠨᠡᠨ ᠪᠤᠳᠤᠬᠤ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠵᠤ᠂ ᠣᠨ᠎ᠤ ᠶᠡᠷᠦᠩᠬᠡᠶ ᠲᠣᠭ᠎ᠠ ᠵᠢ ᠡᠵᠡᠮᠳᠡᠬᠦ ᠬᠠᠷᠠᠯᠲᠠ ᠵᠢᠨ ᠰᠠᠭᠤᠷᠢᠨ ᠳᠡᠭᠡᠷ᠎ᠡ᠂ ᠡᠭᠦᠳᠡᠨ ᠡᠮᠨᠡᠯᠭᠡ ᠵᠢᠨ ᠵᠠᠷᠤᠯᠭ᠎ᠠ᠂ ᠡᠮᠨᠡᠯᠭᠡ᠎ᠳᠤ ᠰᠠᠭᠤᠭᠰᠠᠨ ᠵᠠᠷᠤᠯᠭ᠎ᠠ ᠵᠢᠨ ᠲᠥᠰᠦᠪ᠎ᠤᠨ ᠶᠡᠷᠦᠩᠬᠡᠶ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠨ᠎ᠠ᠃ ᠶᠡᠷᠦᠩᠬᠡᠶ ᠲᠣᠭ᠎ᠠ ᠵᠢᠨ ᠡᠵᠡᠮᠳᠡᠯᠯᠦᠭᠡ ᠲᠣᠬᠢᠷᠠᠯᠴᠠᠭᠰᠠᠨ ᠰᠢᠯᠭ᠋ᠠᠨ ᠬᠢᠨᠠᠵᠤ ᠦᠨᠡᠯᠡᠬᠦ ᠲᠣᠭᠲᠠᠯᠴᠠᠭ᠎ᠠ ᠪᠠ ᠬᠥᠳᠡᠯᠦᠩᠭᠦᠶ ᠳᠣᠭᠢᠷᠠᠭᠤᠯᠬᠤ ᠲᠣᠭᠲᠠᠴᠠ ᠵᠢ ᠪᠦᠷᠢᠨᠰᠢᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠨ᠎ᠠ᠃ ᠡᠮ ᠡᠮᠨᠡᠯᠭᠡ ᠵᠢᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠪᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠬᠣᠭᠣᠷᠣᠨᠳᠣᠬᠢ ᠵᠥᠪᠳᠡᠯᠴᠡᠨ ᠬᠡᠯᠡᠯᠴᠡᠬᠦ ᠲᠣᠭᠲᠠᠴᠠ ᠪᠠ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠲᠤ᠎ᠪᠠᠷ ᠵᠥᠪᠳᠡᠯᠴᠡᠬᠦ ᠵᠢ ᠠᠬᠢᠭᠤᠯᠤᠨ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ 《ᠦᠯᠡᠳᠡᠪᠦᠷᠢ ᠮᠥᠩᠭᠦ ᠵᠢ ᠦᠷᠭᠦᠯᠵᠢᠯᠡᠨ ᠵᠠᠷᠤᠵᠤ᠂ ᠵᠦᠶ ᠵᠣᠬᠢᠰᠲᠠᠶ᠎ᠪᠠᠷ ᠬᠡᠲᠦᠷᠡᠭᠦᠯᠦᠨ ᠵᠠᠷᠤᠭᠰᠠᠨ ᠵᠠᠷᠤᠳᠠᠯ᠎ᠢ ᠬᠤᠪᠢᠶᠠᠨ ᠡᠭᠦᠷᠭᠡᠯᠡᠬᠦ》 ᠲᠣᠭᠲᠠᠴᠠ ᠵᠢ ᠪᠠᠶ᠋ᠢᠭᠤᠯᠤᠨ᠎ᠠ᠃
ᠬᠣᠶᠠᠷ᠎ᠲᠤ ᠡᠮᠨᠡᠯᠭᠡ᠎ᠳᠤ ᠰᠠᠭᠤᠭᠰᠠᠳ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠶᠡᠷᠦᠩᠬᠡᠶ ᠲᠣᠭ᠎ᠠ ᠵᠢᠨ ᠲᠥᠰᠦᠪ᠎ᠤᠨ ᠰᠠᠭᠤᠷᠢᠨ ᠳᠡᠭᠡᠷ᠎ᠡ᠂ ᠡᠪᠡᠳᠴᠢᠨ᠎ᠤ ᠲᠥᠷᠥᠯ ᠵᠶ᠋ᠠᠷ ᠵᠠᠷᠤᠳᠠᠯ ᠲᠤᠰᠢᠶᠠᠬᠤ᠎ᠪᠠᠷ ᠭᠣᠤᠯ ᠪᠣᠯᠭ᠋ᠠᠭᠰᠠᠨ ᠣᠯᠠᠨ ᠡᠰᠢᠲᠦ ᠨᠡᠶ᠋ᠢᠯᠡᠮᠡᠯ ᠮᠠᠶᠢᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠠᠭᠢᠭᠤᠯᠤᠨ᠎ᠠ᠃ ᠦᠬᠠᠶ ᠬᠣᠲᠠ ᠵᠢᠨ ᠡᠪᠡᠳᠴᠢᠨ ᠡᠮᠭᠡᠭ᠎ᠤᠨ ᠣᠨᠤᠰᠢᠯᠠᠯᠲᠠ ᠵᠢᠨ ᠬᠠᠮᠢᠶ᠎ᠠ ᠪᠥᠬᠥᠶ ᠠᠩᠭᠢᠯᠡᠯ (DRG) ᠵᠶ᠋ᠠᠷ ᠵᠠᠷᠤᠳᠠᠯ ᠲᠤᠰᠢᠶᠠᠬᠤ ᠲᠤᠷᠰᠢᠯᠲᠠ ᠵᠢᠨ ᠴᠡᠭ ᠵᠢᠴᠢ ᠬᠥᠯᠥᠨ ᠪᠣᠶ᠋ᠢᠷ ᠬᠣᠲᠠ᠂ ᠤᠯᠠᠭ᠋ᠠᠨᠬᠠᠳᠠ ᠬᠣᠲᠠ᠂ ᠣᠷᠳᠣᠰ ᠬᠣᠲᠠ ᠵᠢᠨ ᠣᠷᠣᠨ ᠪᠦᠰᠡ ᠵᠢᠨ ᠣᠯᠭᠤᠬᠤ ᠬᠤᠪᠢ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠨᠣᠭᠳᠠᠯ ᠬᠤᠪᠢ (DIP)᠎ᠪᠠᠷ ᠵᠠᠷᠤᠳᠠᠯ ᠲᠤᠰᠢᠶᠠᠬᠤ ᠤᠯᠤᠰ᠎ᠤᠨ ᠲᠤᠷᠰᠢᠯᠲᠠ ᠵᠢᠨ ᠴᠡᠭ᠎ᠤᠨ ᠡᠭᠦᠷᠭᠡ ᠵᠢ ᠭᠦᠨᠵᠡᠭᠡᠶ ᠠᠬᠢᠭᠤᠯᠤᠨ᠎ᠠ᠃ ᠡᠭᠦᠨ᠎ᠤ ᠵᠡᠷᠭᠡᠴᠡᠭᠡ᠎ᠪᠠᠷ ᠥᠪᠡᠷᠲᠡᠭᠡᠨ ᠵᠠᠰᠠᠬᠤ ᠣᠷᠣᠨ᠎ᠤ ᠪᠤᠰᠤᠳ ᠠᠶ᠋ᠢᠮᠠᠭ ᠬᠣᠲᠠ᠎ᠨᠤᠭᠤᠳ᠎ᠲᠤ DIP ᠵᠠᠷᠤᠳᠠᠯ ᠲᠤᠰᠢᠶᠠᠬᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠶᠠᠪᠤᠭᠳᠠᠭᠤᠯᠤᠨ᠎ᠠ᠃
ᠭᠤᠷᠪᠠ᠎ᠳᠤ ᠡᠭᠦᠳᠡᠨ ᠡᠮᠨᠡᠯᠭᠡ ᠵᠢᠨ ᠵᠠᠷᠤᠳᠠᠯ᠎ᠢ ᠲᠦᠯᠦᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠥᠷᠨᠢᠭᠦᠯᠦᠨ᠎ᠡ᠃ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠡᠩ᠎ᠤᠨ ᠡᠭᠦᠳᠡᠨ ᠡᠮᠨᠡᠯᠭᠡ ᠵᠢᠨ ᠬᠥᠮᠦᠨ᠎ᠤ ᠲᠣᠭ᠎ᠠ᠎ᠪᠠᠷ ᠵᠠᠷᠤᠳᠠᠯ ᠲᠤᠰᠢᠶᠠᠬᠤ ᠵᠢ ᠬᠡᠷᠡᠭᠵᠢᠭᠦᠯᠦᠨ᠎ᠡ᠃ ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠡᠩ᠎ᠤᠨ ᠡᠭᠦᠳᠡᠨ ᠡᠮᠨᠡᠯᠭᠡ᠎ᠳᠤ ᠣᠨᠣᠰᠢᠯᠠᠬᠤ ᠡᠮᠨᠡᠬᠦ ᠠᠷᠭ᠎ᠠ ᠵᠢᠨ ᠤᠶᠠᠯᠳᠤᠯ ᠵᠶ᠋ᠠᠷ ᠵᠠᠷᠤᠳᠠᠯ ᠲᠤᠰᠢᠶᠠᠬᠤ ᠠᠷᠭ᠎ᠠ ᠮᠠᠶᠢᠭ᠎ᠢ ᠰᠦᠪᠡᠭᠴᠢᠯᠡᠨ᠎ᠡ᠃ ᠪᠥᠬᠥ ᠣᠷᠣᠨ᠎ᠤ ᠡᠭᠦᠳᠡᠨ ᠡᠮᠨᠡᠯᠭᠡ ᠵᠢᠨ ᠤᠵᠢᠭ ᠡᠪᠡᠳᠴᠢᠨ᠎ᠤ ᠲᠥᠷᠥᠯ᠎ᠤᠨ ᠬᠡᠪᠴᠢᠶ᠎ᠡ ᠵᠢ ᠨᠢᠭᠡᠳᠦᠯᠲᠡᠶ ᠪᠣᠯᠭ᠋ᠠᠨ᠎ᠠ᠃ ᠡᠪᠡᠳᠴᠢᠲᠡᠨ᠎ᠤ ᠥᠷᠥᠭᠡ᠂ ᠡᠳᠦᠷ ᠲᠤᠲᠤᠮ᠎ᠤᠨ ᠮᠡᠰᠡ ᠵᠠᠰᠠᠯ᠎ᠳᠤ ᠡᠪᠡᠳᠴᠢᠨ᠎ᠤ ᠲᠥᠷᠥᠯ ᠵᠶ᠋ᠠᠷ ᠵᠠᠷᠤᠳᠠᠯ ᠲᠤᠰᠢᠶᠠᠬᠤ ᠠᠷᠭ᠎ᠠ ᠮᠠᠶᠢᠭ᠎ᠢ ᠬᠡᠷᠡᠭᠵᠢᠭᠦᠯᠬᠦ ᠵᠢ ᠬᠠᠶ᠋ᠢᠨ ᠰᠦᠪᠡᠭᠴᠢᠯᠡᠨ᠎ᠡ᠃ ᠡᠮᠨᠡᠯᠭᠡ᠎ᠳᠤ ᠰᠠᠭᠤᠭᠰᠠᠨ ᠵᠠᠷᠤᠳᠠᠯ᠎ᠢ DRG᠂ DIP ᠠᠷᠭ᠎ᠠ ᠵᠶ᠋ᠠᠷ ᠲᠤᠰᠢᠶᠠᠬᠤ ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠴᠢᠯᠡᠭᠡᠨ᠎ᠤ ᠪᠠᠶ᠋ᠢᠭᠤᠯᠤᠮᠵᠢ᠎ᠨᠢ ᠡᠪᠡᠳᠴᠢᠲᠡᠨ᠎ᠤ ᠥᠷᠥᠭᠡ ᠪᠤᠶᠤ ᠡᠳᠦᠷ ᠲᠤᠲᠤᠮ᠎ᠤᠨ ᠮᠡᠰᠡ ᠵᠠᠰᠠᠯ ᠵᠶ᠋ᠠᠷ ᠡᠮᠴᠢᠯᠡᠵᠦ ᠪᠣᠯᠬᠤ᠂ ᠣᠨᠣᠰᠢᠯᠠᠯᠲᠠ᠎ᠨᠢ ᠲᠣᠳᠣᠷᠬᠠᠶ᠂ ᠡᠮᠴᠢᠯᠡᠭᠡᠨ᠎ᠤ ᠠᠷᠭ᠎ᠠ᠎ᠨᠢ ᠲᠣᠳᠤᠷᠬᠠᠢ ᠡᠪᠡᠳᠴᠢᠨ᠎ᠤ ᠵᠢᠱ᠌ᠢᠶ᠎ᠡ᠎ᠳᠤ DRG᠂ DIP᠎ᠪᠠᠷ ᠵᠠᠷᠤᠳᠠᠯ ᠲᠤᠰᠢᠶᠠᠬᠤ ᠠᠷᠭ᠎ᠠ ᠵᠢ ᠠᠪᠴᠤ ᠪᠣᠯᠤᠨ᠎ᠠ᠃
ᠳᠥᠷᠪᠡ᠎ᠳᠤ ᠨᠢᠭᠲᠠ ᠬᠡᠯᠪᠡᠷᠢ ᠵᠢᠨ ᠡᠮᠴᠢᠯᠡᠭᠡᠨ᠎ᠤ ᠬᠣᠯᠪᠣᠭ᠋ᠠᠲᠤ ᠴᠣᠭᠴᠠ ᠵᠢᠨ ᠵᠠᠷᠤᠳᠠᠯ ᠲᠤᠰᠢᠶᠠᠬᠤ ᠲᠣᠭᠲᠠᠴᠠ ᠵᠢ ᠬᠠᠶ᠋ᠢᠨ ᠰᠦᠪᠡᠭᠴᠢᠯᠡᠨ᠎ᠡ᠃ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠡᠷᠭᠡ ᠨᠢᠭᠲᠠ ᠬᠡᠯᠪᠡᠷᠢ ᠵᠢᠨ ᠡᠮᠴᠢᠯᠡᠭᠡᠨ᠎ᠤ ᠬᠣᠯᠪᠣᠭ᠋ᠠᠲᠤ ᠴᠣᠭᠴᠠ᠎ᠳᠤ DRG ᠰᠦᠢ᠍ᠳᠬᠡᠯ ᠲᠤᠰᠢᠶᠠᠬᠤ ᠠᠷᠭ᠎ᠠ ᠮᠠᠶᠢᠭ᠎ᠢ ᠬᠡᠷᠡᠭᠵᠢᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠨᠢ ᠡᠮᠴᠢᠯᠡᠭᠡᠨ᠎ᠤ ᠬᠣᠯᠪᠣᠭ᠋ᠠᠲᠤ ᠴᠣᠭᠴᠠ ᠵᠢᠨ ᠳᠣᠲᠣᠭ᠋ᠠᠳᠤ ᠵᠢᠨ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨ᠎ᠤ ᠶᠡᠷᠦᠩᠬᠡᠶ ᠲᠣᠭ᠎ᠠ ᠵᠢ ᠡᠵᠡᠮᠳᠡᠬᠦ ᠭᠦᠢ᠍ᠴᠡᠳᠬᠡᠯ ᠲᠣᠭ᠎ᠠ ᠵᠢ ᠨᠡᠶ᠋ᠢᠯᠡᠭᠦᠯᠦᠨ ᠪᠣᠳᠤᠵᠤ ᠥᠭᠬᠦ ᠵᠢ ᠬᠠᠢ᠌ᠨ ᠰᠦᠪᠡᠭᠴᠢᠯᠡᠨ᠎ᠡ᠃ ᠡᠮᠴᠢᠯᠡᠭᠡᠨ᠎ᠤ ᠬᠣᠯᠪᠣᠭ᠋ᠠᠲᠤ ᠴᠣᠭᠴᠠ ᠵᠢᠨ ᠳᠣᠲᠣᠭ᠋ᠠᠳᠤ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠪᠠᠯᠠ ᠮᠥᠩᠭᠥ ᠵᠢ ᠨᠢᠭᠡᠳᠦᠯᠲᠡᠶ ᠬᠡᠷᠡᠭᠯᠡᠨ᠂ ᠦᠯᠡᠳᠡᠪᠦᠷᠢ ᠮᠥᠩᠭᠦ ᠵᠢ ᠦᠷᠭᠦᠯᠵᠢᠯᠡᠨ ᠵᠠᠷᠤᠵᠤ᠂ ᠵᠦᠶ ᠵᠣᠬᠢᠰᠲᠠᠶ᠎ᠪᠠᠷ ᠬᠡᠲᠦᠷᠡᠭᠦᠯᠦᠨ ᠵᠠᠷᠤᠭᠰᠠᠨ ᠵᠠᠷᠤᠳᠠᠯ᠎ᠢ ᠬᠤᠪᠢᠶᠠᠨ ᠡᠭᠦᠷᠭᠡᠯᠡᠨ᠎ᠡ᠃ ᠨᠢᠭᠲᠠ ᠬᠡᠯᠪᠡᠷᠢ ᠵᠢᠨ ᠡᠮᠴᠢᠯᠡᠭᠡᠨ᠎ᠤ ᠬᠣᠯᠪᠤᠭ᠋ᠠᠲᠤ ᠴᠣᠭᠴᠠ ᠵᠢᠨ ᠳᠣᠲᠣᠭ᠋ᠠᠳᠤ ᠵᠢᠨ ᠠᠳᠠᠯᠢ ᠪᠤᠰᠤ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠣᠭᠣᠷᠣᠨᠳᠣᠬᠢ ᠡᠮᠴᠢᠯᠡᠭᠡᠨ᠎ᠤ ᠲᠠᠩᠰᠠ ᠲᠠᠶ᠋ᠢᠯᠬᠤ ᠬᠠᠷᠢᠴᠠᠯ᠎ᠤᠨ ᠵᠥᠷᠢᠶ᠎ᠡ ᠵᠢ ᠵᠦᠶ ᠵᠣᠬᠢᠰᠲᠠᠢ ᠨᠡᠮᠡᠭᠳᠡᠭᠦᠯᠦᠨ᠎ᠡ᠃
ᠲᠠᠪᠤ᠎ᠳᠤ 《ᠢᠨᠲᠸᠷ ᠰᠦᠯᠵᠢᠶ᠎ᠡ + ᠡᠮᠴᠢᠯᠡᠭᠡ》 ᠵᠡᠷᠭᠡ ᠰᠢᠨ᠎ᠡ ᠦᠢ᠍ᠯᠡᠴᠢᠯᠡᠭᠡᠨ᠎ᠤ ᠵᠠᠭᠪᠤᠷ᠎ᠤᠨ ᠬᠥᠭᠵᠢᠯᠲᠡ ᠵᠢ ᠲᠡᠮᠵᠢᠨ᠎ᠠ᠃ 《ᠢᠨᠲᠸᠷ ᠰᠦᠯᠵᠢᠶ᠎ᠡ + ᠡᠮᠴᠢᠯᠡᠭᠡ》 ᠵᠢᠨ ᠦᠢ᠍ᠯᠡᠴᠢᠯᠡᠭᠡ ᠵᠢ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠪ ᠭᠣᠤᠯᠴᠢ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢᠴᠢ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠢᠶ᠎ᠠ ᠪᠥᠬᠥᠶ ᠲᠣᠭᠲᠠᠭ᠋ᠠᠯ᠎ᠤᠨ ᠳᠣᠲᠤᠷ᠎ᠠ 《ᠢᠨᠲᠸᠷ ᠰᠦᠯᠵᠢᠶ᠎ᠡ +》 ᠡᠮ ᠡᠮᠨᠡᠯᠭᠡ ᠵᠢᠨ ᠦᠢ᠍ᠯᠡᠴᠢᠯᠡᠭᠡ ᠥᠷᠨᠢᠭᠦᠯᠵᠦ ᠪᠠᠶ᠋ᠢᠭ᠎ᠠ ᠡᠮᠴᠢᠯᠡᠭᠡᠨ᠎ᠤ ᠪᠠᠶ᠋ᠢᠭᠤᠯᠤᠮᠵᠢ ᠵᠢ ᠦᠨᠡᠯᠡᠨ ᠵᠢᠱ᠌ᠢᠬᠦ᠎ᠪᠠᠷ ᠳᠡᠮᠵᠢᠨ 《ᠢᠨᠲᠸᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡᠨ᠎ᠤ ᠬᠡᠪᠴᠢᠶᠡᠨ᠎ᠳᠤ ᠣᠷᠣᠭᠤᠯᠬᠤ ᠵᠢᠨ ᠬᠠᠮᠲᠤ ᠨᠥᠬᠦᠪᠦᠷᠢ ᠵᠥᠪᠯᠡᠯᠴᠡᠭᠡᠷ ᠲᠣᠭᠲᠠᠨ᠎ᠠ᠃ ᠣᠷᠣᠨ ᠨᠤᠲᠤᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠪᠠ 《ᠢᠨᠲᠸᠷ ᠰᠦᠯᠵᠢᠶ᠎ᠡ +》 ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠬᠤ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠠᠭᠤᠯᠭ᠎ᠠ ᠵᠢ ᠦᠨᠳᠦᠰᠦᠯᠡᠨ ᠲᠣᠭ᠋ᠠᠴᠠᠭ᠎ᠠ ᠬᠢᠬᠦ ᠬᠡᠪᠴᠢᠶ᠎ᠡ ᠵᠢ ᠲᠣᠭᠲᠠᠭ᠋ᠠᠨ᠎ᠠ᠃
ᠵᠢᠷᠭᠤᠭ᠎ᠠ᠎ᠳᠤ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠢ᠍ᠯᠡᠴᠢᠯᠡᠭᠡ ᠵᠢ ᠬᠡᠷᠡᠭᠯᠡᠬᠦ ᠵᠢ ᠵᠣᠷᠢᠭᠵᠢᠭᠤᠯᠤᠨ᠎ᠠ᠃ ᠨᠥᠬᠥᠴᠡᠯ᠎ᠳᠤ ᠨᠡᠶ᠋ᠢᠴᠡᠬᠦ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠡᠮ ᠡᠮᠨᠡᠯᠭᠡ ᠵᠢᠨ ᠳᠠᠭ᠋ᠠᠳᠬᠠᠯ᠎ᠤᠨ ᠵᠥᠪᠳᠡᠯᠴᠡᠬᠡᠷ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠨ᠎ᠠ᠃ ᠲᠣᠭᠲᠠᠭ᠋ᠠᠯ᠎ᠳᠤ ᠨᠡᠶ᠋ᠢᠴᠡᠬᠦ ᠮᠣᠩᠭᠣᠯ ᠪᠡᠯᠡᠨ ᠡᠮ᠂ ᠡᠮᠨᠡᠯᠭᠡ ᠵᠢᠨ ᠬᠣᠷᠢᠶ᠎ᠠ ᠵᠢᠨ ᠨᠠᠶ᠋ᠢᠷᠠᠭᠰᠠᠨ ᠡᠮ᠂ ᠴᠢᠨᠠᠬᠤ ᠡᠮ ᠪᠠ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠣᠨᠴᠣᠭᠣᠶ ᠣᠨᠣᠰᠢᠯᠠᠨ ᠡᠮᠨᠡᠬᠦ ᠮᠡᠷᠭᠡᠵᠢᠯ᠎ᠢ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠨ᠎ᠠ᠃ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠢ᠍ᠯᠡᠴᠢᠯᠡᠭᠡᠨ ᠬᠡᠷᠡᠭᠯᠡᠬᠦ ᠵᠢ ᠵᠣᠷᠢᠭᠵᠢᠭᠤᠯᠤᠨ᠎ᠠ᠃ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠥᠭᠡᠷᠡᠴᠢᠯᠡᠨ ᠪᠦᠷᠢᠨᠰᠢᠭᠦᠯᠵᠦ᠂ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠥᠭᠡᠷᠡᠴᠢᠯᠡᠨ᠎ᠡ᠃
ᠳᠥᠷᠪᠡ᠂ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠬᠡᠷᠬᠢᠨ ᠪᠠᠲᠤᠯᠠᠬᠤ ᠪᠣᠶ?
ᠨᠢᠭᠡ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠤᠯᠭ᠎ᠠ ᠵᠢᠨ ᠠᠷᠭ᠎ᠠ ᠬᠡᠮᠵᠢᠶ᠎ᠡ ᠵᠢ ᠪᠦᠷᠢᠨᠰᠢᠭᠦᠯᠦᠨ᠎ᠡ᠃ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠦᠷᠢᠶ᠎ᠡ ᠬᠡᠪᠴᠢᠶ᠎ᠡ ᠵᠢ ᠲᠣᠳᠣᠷᠬᠠᠶ᠋ᠢᠯᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠨᠠᠷᠢᠨ ᠳᠠᠩᠰᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠲᠦᠷᠢᠮ᠂ ᠦᠨᠳᠦᠰᠦᠨ ᠲᠥᠷᠥ ᠵᠢᠨ ᠪᠣᠳᠣᠯᠭ᠎ᠠ᠂ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠲᠥᠷᠥᠯ ᠵᠦᠢ᠍ᠯ ᠪᠠ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠤᠨ᠂ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠢ ᠬᠠᠤᠯᠢᠵᠢᠭᠤᠯᠬᠤ᠂ ᠰᠢᠢ᠍ᠳᠪᠦᠷᠢᠲᠦ ᠪᠣᠳᠣᠯᠭ᠎ᠠ ᠵᠢ ᠰᠢᠨᠵᠢᠯᠡᠬᠦ ᠤᠬᠠᠭ᠋ᠠᠨᠴᠢᠯᠠᠬᠤ᠂ ᠬᠠᠮᠢᠶᠠᠷᠤᠯᠲᠠ ᠵᠢ ᠵᠢᠷᠤᠮᠵᠢᠭᠤᠯᠬᠤ ᠵᠢ ᠠᠬᠢᠭᠤᠯᠤᠨ᠎ᠠ᠃ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠣᠭᠢᠷᠠᠭᠤᠯᠤᠨ ᠡᠵᠡᠮᠳᠡᠬᠦ ᠦᠢ᠍ᠯᠡᠳᠦᠯ᠎ᠢ ᠪᠠᠳᠠᠷᠠᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ᠎ᠢ ᠪᠠᠶ᠋ᠢᠭᠤᠯᠤᠨ ᠪᠦᠷᠢᠨᠰᠢᠭᠦᠯᠬᠦ ᠵᠢ ᠳᠡᠮᠵᠢᠵᠦ᠂ ᠡᠮᠴᠢᠯᠡᠭᠡᠨ᠎ᠤ ᠬᠣᠯᠪᠣᠭ᠋ᠠᠲᠤ ᠴᠣᠭᠴᠠ ᠵᠢᠨ ᠪᠠᠶ᠋ᠢᠭᠤᠯᠤᠯᠲᠠ ᠵᠢ ᠳᠡᠮᠵᠢᠵᠦ᠂ ᠡᠮ᠎ᠤᠨ ᠵᠦᠢ᠍ᠯᠡᠰ᠎ᠤᠨ 《ᠬᠣᠤᠰ ᠨᠡᠪᠲᠡᠷᠡᠬᠦ ᠵᠠᠮ》᠎ᠤᠨ ᠲᠣᠭᠲᠠᠴᠠ ᠪᠠᠶ᠋ᠢᠭᠤᠯᠬᠤ ᠵᠢ ᠠᠬᠢᠭᠤᠯᠤᠨ᠎ᠠ᠃
ᠬᠣᠶᠠᠷ᠎ᠲᠤ ᠡᠮ ᠡᠮᠨᠡᠯᠭᠡ ᠵᠢᠨ ᠳᠠᠭ᠋ᠠᠳᠬᠠᠯ᠎ᠤᠨ ᠡᠮᠴᠢᠯᠡᠭᠡᠨ᠎ᠤ ᠠᠵᠢᠯᠯᠠᠭ᠎ᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠥᠪᠳᠡᠯᠴᠡᠬᠡᠷ᠎ᠤᠨ ᠬᠠᠮᠢᠶᠠᠷᠤᠯᠲᠠ ᠵᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠵᠢᠨ ᠭᠣᠤᠯᠳᠠᠯᠭ᠎ᠠ ᠵᠢ ᠡᠮᠴᠢᠯᠡᠭᠡᠨ᠎ᠤ ᠵᠠᠷᠤᠳᠠᠯ᠎ᠢ ᠡᠵᠡᠮᠳᠡᠵᠦ ᠪᠠᠶ᠋ᠢᠭᠰᠠᠨ᠎ᠠᠴᠠ ᠡᠮᠴᠢᠯᠡᠭᠡᠨ᠎ᠤ ᠵᠠᠷᠤᠳᠠᠯ ᠪᠠ ᠡᠮᠴᠢᠯᠡᠭᠡᠨ᠎ᠤ ᠴᠢᠨᠠᠷ ᠴᠢᠨᠰᠠᠭ᠎ᠠ ᠵᠢᠨ ᠬᠣᠣᠰ ᠡᠵᠡᠮᠳᠡᠯ ᠲᠡᠢ᠌ᠰᠢ ᠰᠢᠯᠵᠢᠭᠦᠯᠦᠨ᠎ᠡ᠃ ᠲᠣᠭ᠋ᠠᠴᠠᠭ᠎ᠠ ᠬᠢᠬᠦ ᠠᠳᠠᠯᠢ ᠪᠤᠰᠤ ᠠᠷᠭ᠎ᠠ ᠮᠠᠶᠢᠭ᠎ᠤᠨ ᠣᠨᠴᠠᠯᠢᠭ᠎ᠢ ᠦᠨᠳᠦᠰᠦᠯᠡᠨ᠂ ᠦᠨᠡᠯᠡᠬᠦ ᠭᠦᠢ᠍ᠴᠡᠳᠬᠡᠯ ᠲᠣᠭ᠎ᠠ᠂ ᠰᠢᠯᠭ᠋ᠠᠨ ᠬᠢᠨᠠᠬᠤ ᠠᠷᠭ᠎ᠠ ᠵᠢᠴᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠪᠦᠷᠢᠨᠰᠢᠭᠦᠯᠦᠨ ᠨᠠᠷᠢᠯᠢᠬ᠍ᠵᠢᠭᠤᠯᠵᠤ᠂ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠦᠨᠡᠯᠡᠬᠦ ᠲᠣᠭᠲᠠᠯᠴᠠᠭ᠎ᠠ ᠵᠢ ᠪᠠᠶ᠋ᠢᠭᠤᠯᠤᠨ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ᠎ᠯᠦᠭᠡ ᠬᠣᠯᠪᠣᠭᠳᠠᠭᠤᠯᠤᠨ᠎ᠠ᠃ ᠡᠮ ᠡᠮᠨᠡᠯᠭᠡ ᠵᠢᠨ ᠳᠠᠭ᠋ᠠᠳᠬᠠᠯ᠎ᠢ ᠣᠶᠤᠨᠴᠢ᠎ᠪᠠᠷ ᠬᠢᠨᠠᠨ ᠡᠵᠡᠮᠳᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠤᠨ ᠳ᠋ᠦᠩᠨᠡᠨ ᠪᠣᠳᠤᠯᠲᠠ ᠵᠢ ᠬᠡᠰᠡᠭ ᠲᠠᠯ᠎ᠠ᠎ᠪᠠᠷ ᠬᠢᠨᠠᠨ ᠬᠠᠷᠭᠤᠭᠤᠯᠵᠤ ᠪᠠᠢ᠌ᠭᠰᠠᠨ᠎ᠠᠴᠠ ᠪᠥᠬᠥ ᠲᠠᠯ᠎ᠠ᠎ᠪᠠᠷ ᠬᠢᠨᠠᠨ ᠬᠠᠷᠭᠤᠭᠤᠯᠬᠤ ᠪᠣᠯᠭ᠋ᠠᠨ ᠬᠤᠪᠢᠷᠠᠭᠤᠯᠬᠤ᠂ ᠭᠠᠷᠭ᠋ᠠᠭᠰᠠᠨ ᠠᠯᠳᠠᠭ᠎ᠠ ᠵᠢ ᠵᠠᠯᠠᠷᠠᠭᠤᠯᠵᠤ ᠪᠠᠢ᠌ᠭᠰᠠᠨ᠎ᠠᠴᠠ ᠠᠯᠳᠠᠭ᠎ᠠ ᠭᠠᠷᠭ᠋ᠠᠬᠤ᠎ᠠᠴᠠ ᠡᠮᠦᠨ᠎ᠡ ᠰᠠᠨᠠᠭᠤᠯᠬᠤ᠂ ᠬᠡᠷᠡᠭ᠎ᠤᠨ ᠳᠤᠮᠳᠠ ᠬᠢᠨᠠᠯᠲᠠ ᠲᠠᠯᠪᠢᠬᠤ ᠪᠣᠯᠭ᠋ᠠᠨ ᠬᠤᠪᠢᠷᠠᠭᠤᠯᠬᠤ᠂ ᠵᠥᠪᠬᠡᠨ ᠵᠠᠬᠢᠷᠤᠨ ᠬᠠᠮᠢᠶᠠᠷᠴᠤ ᠪᠠᠢ᠌ᠭᠰᠠᠨ᠎ᠠᠴᠠ ᠬᠢᠨᠠᠯᠲᠠ ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ ᠵᠢ ᠤᠶᠠᠯᠳᠤᠭᠤᠯᠬᠤ ᠪᠣᠯᠭ᠋ᠠᠨ ᠬᠤᠪᠢᠷᠠᠭᠤᠯᠬᠤ ᠵᠢ ᠪᠡᠶᠡᠯᠡᠭᠦᠯᠦᠨ᠎ᠡ᠃
ᠭᠤᠷᠪᠠ᠎ᠳᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠬᠣᠯᠪᠣᠭᠳᠠᠯ ᠪᠦᠬᠦᠢ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠤᠨ᠎ᠠ᠃ ᠣᠷᠣᠨ ᠪᠦᠰᠡ ᠵᠢᠨ ᠳᠣᠲᠣᠷᠠᠬᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠂ ᠡᠮᠴᠢᠯᠡᠭᠡᠨ᠎ᠤ ᠵᠠᠷᠤᠳᠠᠯ᠎ᠤᠨ ᠶᠡᠷᠦᠩᠬᠡᠶ ᠬᠡᠮᠵᠢᠶ᠎ᠡ ᠬᠢᠭᠡᠳ ᠠᠵᠤ ᠠᠬᠤᠶ ᠵᠢᠨ ᠬᠥᠭᠵᠢᠯᠲᠡ ᠵᠢᠨ ᠬᠢᠷᠢ ᠲᠥᠪᠰᠢᠨ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠥᠯᠥᠬᠦ ᠴᠢᠳᠠᠪᠤᠷᠢ ᠬᠠᠷᠢᠯᠴᠠᠨ ᠵᠣᠬᠢᠴᠠᠯᠳᠤᠭᠰᠠᠨ ᠬᠣᠷᠸ᠎ᠠ ᠲᠣᠬᠢᠷᠠᠭᠤᠯᠤᠯ ᠡᠵᠡᠮᠳᠡᠯ᠎ᠤᠨ ᠲᠣᠭᠲᠠᠴᠠ ᠵᠢ ᠪᠠᠶ᠋ᠢᠭᠤᠯᠵᠤ᠂ ᠡᠮᠴᠢᠯᠡᠭᠡᠨ᠎ᠤ ᠵᠠᠷᠤᠳᠠᠯ᠎ᠤᠨ ᠬᠡᠲᠦ ᠲᠦᠷᠭᠡᠨ ᠨᠡᠮᠡᠭᠳᠡᠬᠦ ᠵᠢ ᠡᠵᠡᠮᠳᠡᠨ᠎ᠡ᠃ ᠡᠮᠴᠢᠯᠡᠭᠡᠨ᠎ᠤ ᠠᠷᠭ᠎ᠠ ᠵᠠᠮ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠠᠳᠠᠯᠢ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠯᠲᠠ ᠵᠢᠨ ᠰᠢᠯᠭ᠋ᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠠᠬᠢᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠦᠷ᠎ᠡ ᠪᠦᠲᠦᠮᠵᠢ ᠪᠠ ᠵᠠᠷᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠲᠣᠭᠲᠠᠴᠠ ᠵᠢ ᠪᠠᠶ᠋ᠢᠭᠤᠯᠵᠤ᠂ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢᠨ ᠰᠢᠨᠵᠢᠯᠡᠬᠦ ᠤᠬᠠᠭ᠋ᠠᠨᠴᠢ ᠵᠦᠶ ᠶᠣᠰᠣᠴᠢ ᠴᠢᠨᠠᠷ ᠪᠠ ᠠᠵᠢᠯ ᠲᠥᠷᠥᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠢ ᠲᠤᠰᠬᠠᠶ ᠮᠡᠷᠭᠡᠵᠢᠯᠲᠡᠨ ᠦᠨᠡᠯᠡᠬᠦ ᠪᠠ ᠪᠤᠷᠤᠭᠤ ᠵᠢ ᠵᠠᠯᠠᠷᠠᠭᠤᠯᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠳᠣᠲᠣᠭ᠋ᠠᠳᠤ ᠵᠢᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠪᠠ ᠣᠷᠣᠯᠭ᠎ᠠ ᠵᠢ ᠬᠤᠪᠢᠶᠠᠷᠢᠯᠠᠬᠤ ᠲᠣᠭᠲᠠᠴᠠ ᠵᠢ ᠪᠦᠷᠢᠨᠰᠢᠭᠦᠯᠦᠨ᠂ ᠡᠮᠨᠡᠯᠭᠡ ᠵᠢᠨ ᠠᠵᠢᠯᠲᠠᠨ᠎ᠤ ᠣᠯᠠᠨ ᠴᠡᠭ᠎ᠲᠤ ᠠᠵᠢᠯ ᠡᠷᠭᠢᠯᠡᠬᠦ ᠵᠢ ᠵᠢᠷᠤᠮᠵᠢᠭᠤᠯᠤᠨ ᠠᠬᠢᠭᠤᠯᠤᠨ᠎ᠠ᠃
ᠨᠡᠷ᠎ᠡ ᠦᠭᠡ ᠵᠢᠨ ᠲᠠᠶ᠋ᠢᠯᠪᠤᠷᠢ
ᠣᠷᠣᠨ ᠪᠦᠰᠡ ᠵᠢᠨ ᠣᠯᠭᠤᠬᠤ ᠬᠤᠪᠢ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠨᠣᠭᠳᠠᠯ ᠬᠤᠪᠢ᠎ᠪᠠᠷ ᠵᠠᠷᠤᠳᠠᠯ ᠲᠤᠰᠢᠶᠠᠬᠤ (DIP) ᠭᠡᠳᠡᠭ᠎ᠨᠢ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ ᠶᠡᠷᠦᠩᠬᠡᠶ ᠲᠣᠭ᠎ᠠ ᠵᠢᠨ ᠬᠢᠵᠠᠭ᠋ᠠᠷᠯᠠᠯ᠎ᠳᠤ ᠰᠠᠭᠤᠷᠢᠯᠠᠨ᠂ ᠠᠳᠠᠯᠢ ᠪᠤᠰᠤ ᠡᠪᠡᠳᠴᠢᠨ᠎ᠤ ᠲᠥᠷᠥᠯ᠎ᠳᠤ ᠠᠳᠠᠯᠢ ᠪᠤᠰᠤ ᠨᠣᠭᠳᠠᠯ ᠬᠤᠪᠢ ᠣᠯᠭᠣᠵᠤ᠂ ᠡᠪᠡᠳᠴᠢᠲᠡᠨ᠎ᠤ ᠡᠮᠨᠡᠯᠭᠡ᠎ᠠᠴᠠ ᠭᠠᠷᠤᠭᠰᠠᠨ ᠨᠡᠶ᠋ᠢᠲᠡ ᠨᠣᠭᠳᠠᠯ ᠬᠤᠪᠢ ᠵᠶ᠋ᠠᠷ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠵᠠᠷᠤᠳᠠᠯ᠎ᠢ ᠳ᠋ᠦᠩᠨᠡᠨ ᠪᠤᠳᠤᠬᠤ ᠨᠢᠭᠡ ᠵᠦᠢ᠍ᠯ᠎ᠤᠨ ᠵᠠᠷᠤᠳᠠᠯ ᠲᠤᠰᠢᠶᠠᠬᠤ ᠠᠷᠭ᠎ᠠ ᠵᠢ ᠵᠢᠭ᠋ᠠᠵᠤ ᠪᠣᠶ᠃
ᠡᠪᠡᠳᠴᠢᠨ ᠡᠮᠭᠡᠭ᠎ᠤᠨ ᠣᠨᠤᠰᠢᠯᠠᠯᠲᠠ ᠵᠢᠨ ᠬᠠᠮᠢᠶ᠎ᠠ ᠪᠥᠬᠥᠶ ᠠᠩᠭᠢᠯᠠᠯᠲᠠ᠎ᠪᠠᠷ ᠵᠠᠷᠤᠳᠠᠯ ᠲᠤᠰᠢᠶᠠᠬᠤ (DRG) ᠭᠡᠳᠡᠭ᠎ᠨᠢ ᠡᠮᠨᠡᠯᠭᠡ᠎ᠳᠤ ᠰᠠᠭᠤᠬᠤ ᠡᠮ ᠡᠮᠨᠡᠯᠭᠡ ᠵᠢᠨ ᠦᠢ᠍ᠯᠡᠴᠢᠯᠡᠭᠡ᠎ᠳᠤ᠂ ᠡᠪᠡᠳᠴᠢᠨ ᠡᠮᠭᠡᠭ᠎ᠤᠨ ᠬᠦᠨᠳᠦ ᠨᠣᠴᠢᠲᠠᠶ ᠬᠡᠮᠵᠢᠶ᠎ᠡ᠂ ᠡᠮᠨᠡᠨ ᠵᠠᠰᠠᠬᠤ ᠠᠷᠭ᠎ᠠ ᠵᠢᠨ ᠪᠤᠳᠤᠯᠢᠶᠠᠨᠲᠤ ᠬᠡᠮᠵᠢᠶ᠎ᠡ ᠪᠠ ᠪᠣᠳᠠᠲᠠᠶ ᠡᠬᠢ ᠪᠠᠶᠠᠯᠢᠭ᠎ᠤᠨ ᠬᠣᠷᠣᠭᠳᠠᠯ᠎ᠤᠨ ᠬᠢᠷᠢ ᠬᠡᠮᠵᠢᠶ᠎ᠡ ᠵᠡᠷᠭᠡ᠎ᠪᠠᠷ ᠡᠪᠡᠳᠴᠢᠨ᠎ᠤ ᠲᠥᠷᠥᠯ᠎ᠢ ᠠᠩᠭᠢᠯᠠᠵᠤ᠂ ᠡᠪᠡᠳᠴᠢᠨ ᠡᠮᠭᠡᠭ᠎ᠤᠨ ᠣᠨᠣᠰᠢᠯᠠᠯᠲᠠ ᠵᠢ ᠠᠩᠭᠢᠯᠠᠬᠤ ᠮᠡᠷᠭᠡᠵᠢᠯ ᠵᠶ᠋ᠠᠷ ᠲᠤᠯᠭ᠋ᠠᠭᠤᠷᠢᠯᠠᠯ ᠪᠣᠯᠭ᠋ᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠣᠰᠢᠯᠠᠨ ᠡᠮᠨᠡᠬᠦ ᠥᠪᠡᠷ᠎ᠤᠨ ᠥᠷᠲᠡᠭ ᠬᠢᠭᠡᠳ ᠡᠮᠴᠢᠯᠡᠭᠡᠨ᠎ᠤ ᠦᠷ᠎ᠡ ᠪᠦᠲᠦᠮᠵᠢ ᠵᠢ ᠬᠡᠮᠵᠢᠨ ᠦᠨᠡᠯᠡᠬᠦ ᠠᠷᠭ᠎ᠠ ᠵᠢ ᠵᠢᠭ᠋ᠠᠵᠤ ᠪᠣᠶ᠃