ᠨᠢᠭᠡ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ᠎ᠤᠨ ᠡᠷᠭᠢᠴᠡᠭᠦᠯᠦᠯ
ᠵᠡᠮᠳᠡᠭᠴᠦᠳ᠎ᠤᠨ ᠦᠢ᠍ᠯᠡᠰ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠡᠮᠳᠡᠭᠴᠦᠳ᠎ᠢ ᠣᠨᠴᠠᠭ᠋ᠠᠶ ᠬᠠᠯᠠᠮᠵᠢᠯᠠᠵᠤ᠂ ᠣᠨᠴᠠᠭ᠋ᠠᠶ ᠠᠩᠬᠠᠷᠴᠤ ᠪᠤᠢ᠃ ᠶᠡᠷᠦᠩᠬᠡᠶ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ 《ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠥᠬᠡᠶ ᠬᠠᠩᠭ᠋ᠠᠬᠤ᠎ᠳᠤ ᠡᠷᠬᠡᠪᠰᠢ ᠵᠡᠮᠳᠡᠭᠴᠦᠳ᠎ᠤᠨ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠵᠤ᠂ ᠵᠡᠮᠳᠡᠭᠴᠦᠳ᠎ᠤᠨ ᠦᠢ᠍ᠯᠡᠰ᠎ᠢ ᠵᠠᠪᠠᠯ ᠦᠷᠭᠦᠯᠵᠢᠯᠡᠨ ᠠᠬᠢᠭᠤᠯᠬᠤ ᠬᠡᠷᠡᠭᠲᠡᠶ》᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ ᠵᠡᠮᠳᠡᠭᠴᠦᠳ᠎ᠢ ᠶᠠᠭ᠋ᠠᠬᠢᠭᠰᠠᠨ ᠴᠤ᠌ ᠡᠩᠨᠡᠭᠡ᠎ᠠᠴᠠ ᠬᠣᠴᠣᠷᠭ᠋ᠠᠵᠤ ᠪᠣᠯᠬᠤ ᠥᠬᠡᠶ ᠭᠡᠵᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠠᠴᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠪᠥᠬᠥ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠦᠨᠢᠷ ᠪᠦᠲᠦᠭᠡᠯ ᠦᠯᠡᠮᠵᠢ ᠠᠮᠵᠢᠯᠲᠠ ᠣᠯᠪᠠ᠃ ᠵᠡᠮᠳᠡᠭᠴᠦᠳ᠎ᠢ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠪᠦᠬᠦ ᠲᠠᠯ᠎ᠠ ᠵᠢᠨ ᠢᠯᠠᠯᠲᠠ ᠵᠢ ᠣᠯᠵᠤ᠂ 11.2 ᠲᠦᠮᠡᠨ ᠳᠠᠩᠰᠠ ᠺᠠᠷᠲ᠎ᠲᠠᠢ ᠶᠠᠳᠠᠭᠤ ᠬᠦᠴᠢᠷᠳᠡᠯᠲᠡᠢ ᠵᠡᠮᠳᠡᠭᠴᠦᠳ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ᠂ ᠵᠡᠮᠳᠡᠭᠴᠦᠳ᠎ᠢ ᠨᠢᠭᠡ ᠵᠢ ᠴᠦ᠍ ᠣᠷᠬᠢᠭᠳᠠᠭᠤᠯᠬᠤ ᠦᠭᠡᠢ》 ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠲᠣᠳᠣᠷᠬᠠᠶ᠋ᠢᠯᠠᠭᠰᠠᠨ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ 31 ᠲᠦᠮᠡᠨ ᠬᠦᠴᠢᠷᠳᠡᠯᠲᠡᠢ ᠵᠡᠮᠳᠡᠭᠴᠦᠳ᠎ᠲᠤ ᠠᠮᠢᠳᠤᠷᠠᠯ᠎ᠤᠨ ᠨᠥᠬᠥᠪᠥᠷᠢ ᠣᠯᠭᠣᠵᠤ᠂ 28.5 ᠲᠦᠮᠡᠨ ᠬᠦᠨᠳᠦ ᠳᠡᠰ᠎ᠤᠨ ᠵᠡᠮᠳᠡᠭᠴᠦᠳ᠎ᠲᠤ ᠰᠤᠪᠢᠯᠠᠯᠲᠠ ᠵᠢᠨ ᠨᠥᠬᠥᠪᠥᠷᠢ ᠣᠯᠭᠣᠵᠤ᠂ 17.5 ᠲᠦᠮᠡᠨ ᠵᠡᠮᠳᠡᠭᠴᠦᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠢ ᠣᠷᠣᠯᠠᠨ ᠲᠤᠰᠢᠶᠠᠵᠤ᠂ ᠵᠡᠮᠳᠡᠭᠴᠦᠳ᠎ᠤᠨ ᠬᠡᠨᠡᠳᠲᠡ ᠵᠢᠨ ᠰᠢᠷᠬᠠᠲᠤᠯ᠎ᠤᠨ ᠳᠠᠭ᠋ᠠᠳᠬᠠᠯ᠎ᠢ ᠨᠡᠶ᠋ᠢᠳᠡᠮ᠎ᠳᠤᠨᠢ ᠬᠠᠮᠤᠷᠤᠭᠤᠯᠬᠤ ᠵᠢ ᠪᠡᠶᠡᠯᠡᠭᠦᠯᠵᠦ᠂ ᠵᠡᠮᠳᠡᠭᠴᠦᠳ᠎ᠤᠨ ᠦᠨᠳᠦᠰᠦᠨ ᠡᠷᠡᠭᠦᠯᠵᠢᠯ᠎ᠤᠨ ᠦᠢ᠍ᠯᠡᠴᠢᠯᠡᠭᠡᠨ᠎ᠤ ᠬᠥᠮᠦᠨ᠎ᠤ ᠲᠣᠭ᠎ᠠ 40.1 ᠲᠦᠮᠡᠨ ᠬᠥᠮᠦᠨ ᠤᠳᠠᠭ᠎ᠠ᠎ᠳᠤ ᠬᠦᠷᠴᠦ᠂ ᠵᠡᠮᠳᠡᠭᠴᠦᠳ᠎ᠤᠨ ᠲᠤᠰᠠᠯᠠᠬᠤ ᠪᠠᠭ᠋ᠠᠵᠢ ᠬᠡᠷᠡᠭᠰᠡᠯ᠎ᠤᠨ ᠳᠣᠭᠢᠷᠠᠭᠤᠯᠤᠨ ᠦᠢ᠍ᠯᠡᠴᠢᠯᠡᠬᠦ ᠬᠥᠮᠦᠨ᠎ᠤ ᠲᠣᠭ᠎ᠠ 20.3 ᠲᠦᠮᠡᠨ ᠬᠥᠮᠦᠨ ᠤᠳᠠᠭ᠎ᠠ᠎ᠳᠤ ᠬᠦᠷᠴᠦ᠂ ᠵᠡᠮᠳᠡᠭ ᠬᠡᠤᠬᠡᠳ ᠪᠠᠭ᠋ᠠᠴᠤᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠭᠥᠷᠳᠡᠬᠦ ᠬᠠᠷᠢᠴᠠᠯ 95.3%᠎ᠳᠤ ᠬᠦᠷᠴᠦ᠂ ᠬᠣᠲᠠ ᠪᠠᠯᠭ᠋ᠠᠰᠤ ᠪᠠ ᠮᠠᠯᠵᠢᠬᠤ ᠲᠠᠷᠢᠶᠠᠯᠠᠬᠤ ᠣᠷᠣᠨ᠎ᠤ ᠵᠡᠮᠳᠡᠭᠴᠦᠳ᠎ᠤᠨ ᠲᠣᠭᠲᠠᠪᠤᠷᠢᠲᠠᠶ ᠠᠵᠢᠯ ᠣᠯᠣᠭᠰᠠᠨ ᠬᠥᠮᠦᠨ᠎ᠤ ᠲᠣᠭ᠎ᠠ ᠲᠣᠰ ᠲᠣᠰ 1.5 ᠲᠦᠮᠡ ᠪᠠ 12.8 ᠲᠦᠮᠡ᠎ᠳᠤ ᠬᠦᠷᠴᠦ᠂ ᠵᠡᠮᠳᠡᠭᠴᠦᠳ᠎ᠤᠨ ᠨᠠᠶ᠋ᠢᠳᠠᠨ ᠠᠰᠠᠷᠠᠭᠤᠯᠬᠤ ᠦᠢ᠍ᠯᠡᠴᠢᠯᠡᠭᠡ ᠬᠦᠷᠲᠡᠭᠰᠡᠨ ᠬᠥᠮᠦᠨ᠎ᠤ ᠲᠣᠭ᠎ᠠ 1.3 ᠲᠦᠮᠡ᠎ᠳᠤ ᠬᠦᠷᠴᠦ᠂ ᠪᠥᠬᠥ ᠣᠷᠣᠨ᠎ᠳᠤ ᠵᠡᠮᠳᠡᠭᠴᠦᠳ᠎ᠤᠨ ᠪᠡᠶ᠎ᠡ ᠴᠢᠬᠢᠷᠠᠭᠵᠢᠭᠤᠯᠵᠤ ᠵᠢᠱ᠌ᠢᠶ᠎ᠡ ᠦᠵᠡᠭᠦᠯᠬᠦ ᠨᠡᠶ᠋ᠢᠭᠡᠮ ᠲᠣᠭᠣᠷᠢᠭ᠎ᠢ 290 ᠪᠠᠶ᠋ᠢᠭᠤᠯᠵᠤ᠂ ᠵᠡᠮᠳᠡᠭᠴᠦᠳ᠎ᠢ ᠲᠤᠰᠠᠯᠠᠬᠤ ᠰᠠᠶ᠋ᠢᠨ ᠳᠤᠷ᠎ᠠ ᠵᠢᠨ ᠠᠵᠢᠯᠯᠠᠭᠴᠢ᠎ᠪᠠᠷ ᠳᠠᠩᠰᠠᠯᠠᠭᠤᠯᠤᠭᠰᠠᠨ ᠬᠥᠮᠦᠨ᠎ᠤ ᠲᠣᠭ᠎ᠠ 3.8 ᠲᠦᠮᠡ᠎ᠳᠤ ᠬᠦᠷᠪᠡ᠃ ᠡᠲᠡᠭᠡᠷ ᠠᠮᠵᠢᠯᠲᠠ ᠵᠢ ᠣᠯᠤᠭᠰᠠᠨ᠎ᠨᠢ ᠵᠡᠮᠳᠡᠭᠴᠦᠳ᠎ᠤᠨ ᠠᠮᠢᠳᠤᠷᠠᠯ᠎ᠢ ᠪᠦᠲᠦᠮᠵᠢᠲᠡᠶ ᠰᠠᠶ᠋ᠢᠵᠢᠷᠠᠭᠤᠯᠵᠤ᠂ ᠨᠡᠶ᠋ᠢᠭᠡᠮ᠎ᠤᠨ ᠪᠣᠯᠪᠠᠰᠤᠨ᠎ᠤ ᠳᠠᠪᠰᠢᠯᠲᠠ ᠵᠢ ᠬᠦᠴᠦᠲᠡᠶ ᠠᠬᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠪᠥᠲᠥᠭᠡᠨ ᠪᠠᠶ᠋ᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃
ᠬᠣᠶᠠᠷ᠂ 《ᠲᠥᠯᠥᠪᠵᠢᠭᠦᠯᠭᠡ》 ᠵᠢᠨ ᠦᠨᠳᠦᠰᠦᠨ ᠪᠦᠳᠦᠭᠦᠪᠴᠢ ᠲᠥᠰᠥᠪ ᠪᠠ ᠭᠣᠣᠯ ᠠᠭᠤᠯᠭ᠎ᠠ
《ᠲᠥᠯᠥᠪᠵᠢᠭᠦᠯᠭᠡ》᠎ᠨᠢ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠠᠴᠠ ᠡᠭᠦᠰᠴᠦ᠂ ᠮᠠᠨ᠎ᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ ᠡᠭᠦᠷᠭᠡ ᠵᠢ ᠪᠥᠬᠥ ᠲᠠᠯ᠎ᠠ᠎ᠪᠠᠷ ᠵᠠᠳᠠᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠶᠡᠷᠦᠩᠬᠡᠶ ᠰᠡᠳᠬᠢᠴᠡ᠂ ᠭᠣᠤᠯᠳᠠᠯᠭ᠎ᠠ᠎ᠲᠠᠢ ᠡᠭᠦᠷᠭᠡ ᠪᠠ ᠠᠵᠢᠯ᠎ᠤᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃ ᠡᠭᠦᠨ᠎ᠳᠤ ᠨᠠᠢ᠍ᠢ᠍ᠳᠠ ᠲᠦᠷᠪᠡᠨ ᠬᠡᠰᠡᠭ ᠬᠤᠪᠢᠶᠠᠪᠠ᠄
ᠨᠢᠭᠡᠳᠦᠭᠡᠷ ᠬᠡᠰᠡᠭ᠎ᠨᠢ ᠨᠠᠢ᠌ᠷᠠᠭᠤᠯᠤᠨ ᠵᠣᠬᠢᠶᠠᠭᠰᠠᠨ ᠠᠬᠤᠶ ᠪᠠᠶ᠋ᠢᠳᠠᠯ᠃ ᠭᠣᠣᠯᠳᠠᠭᠤ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠢᠯ᠎ᠢ ᠳ᠋ᠦᠩᠨᠡᠨ ᠡᠷᠭᠢᠴᠡᠭᠦᠯᠵᠦ᠂ ᠣᠷᠣᠰᠢᠵᠤ ᠪᠠᠶ᠋ᠢᠭ᠎ᠠ ᠠᠰᠠᠭᠤᠳᠠᠯ ᠪᠠ ᠲᠤᠯᠭ᠋ᠠᠷᠠᠵᠤ ᠪᠠᠶ᠋ᠢᠭ᠎ᠠ ᠠᠵᠠ ᠲᠣᠬᠢᠶᠠᠯ᠎ᠢ ᠵᠠᠳᠠᠯᠪᠠ᠃
ᠬᠣᠶᠠᠳᠤᠭ᠋ᠠᠷ ᠬᠡᠰᠡᠭ᠎ᠨᠢ ᠶᠡᠷᠦᠩᠬᠡᠶ ᠱᠠᠭ᠋ᠠᠷᠳᠠᠯᠭ᠎ᠠ᠃ ᠡᠭᠦᠨ᠎ᠳᠤ ᠭᠣᠣᠯᠳᠠᠭᠤ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠣᠣᠯ ᠬᠠᠷᠠᠯᠲᠠ ᠵᠡᠷᠭᠡ ᠭᠤᠷᠪᠠᠨ ᠲᠠᠯ᠎ᠠ ᠵᠢ ᠪᠠᠭᠲᠠᠭ᠋ᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠵᠡᠮᠳᠡᠭᠴᠦᠳ᠎ᠤᠨ ᠠᠮᠢᠳᠤᠷᠠᠯ᠎ᠢ ᠪᠠᠲᠤᠯᠠᠬᠤ᠂ ᠵᠡᠮᠳᠡᠭᠴᠦᠳ᠎ᠤᠨ ᠬᠥᠭᠵᠢᠯᠲᠡ ᠵᠢ ᠠᠬᠢᠭᠤᠯᠬᠤ ᠰᠢᠨ᠎ᠡ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠠᠭᠤᠯᠭ᠎ᠠ ᠵᠢᠨ ᠲᠠᠯ᠎ᠠ᠎ᠪᠠᠷ ᠴᠢᠨᠠᠷᠯᠢᠭ ᠬᠥᠭᠵᠢᠯᠲᠡ ᠵᠢᠨ ᠭᠣᠣᠯ ᠰᠡᠳᠦᠪ᠎ᠢ ᠲᠤᠭᠤᠰᠢᠯᠠᠭᠤᠯᠵᠤ᠂ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ᠂ ᠵᠡᠮᠳᠡᠭᠴᠦᠳ᠎ᠤᠨ ᠪᠦᠬᠦ ᠲᠠᠯ᠎ᠠ ᠵᠢᠨ ᠬᠥᠭᠵᠢᠯᠲᠡ ᠪᠣᠯᠤᠨ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠭᠣᠣᠯ ᠱᠤᠭᠤᠮ᠎ᠢ ᠲᠤᠪᠤᠢ᠍ᠢ᠍ᠯᠭ᠋ᠠᠵᠦ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠬᠤ᠂ ᠦᠨᠳᠦᠰᠦᠨ ᠵᠦᠢ᠍ᠯ᠎ᠢ ᠪᠠᠲᠤᠯᠠᠬᠤ ᠪᠠ ᠬᠣᠷᠢᠭ᠎ᠠ ᠱᠤᠭᠤᠮ᠎ᠢ ᠪᠠᠲᠤᠯᠠᠬᠤ ᠵᠢ ᠪᠠᠷᠢᠮᠲᠠᠯᠠᠬᠤ᠂ ᠰᠠᠭᠤᠷᠢ ᠵᠢ ᠪᠠᠲᠤᠳᠬᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ ᠵᠢ ᠪᠠᠷᠢᠮᠲᠠᠯᠠᠬᠤ᠂ ᠬᠠᠤᠯᠢ ᠶᠣᠰᠣᠭ᠋ᠠᠷ ᠬᠥᠭᠵᠢᠭᠦᠯᠬᠦ ᠵᠢ ᠪᠠᠷᠢᠮᠲᠠᠯᠠᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠪᠠᠷᠢᠮᠲᠠᠯᠠᠬᠤ᠂ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢᠷᠭᠤᠭ᠋ᠠᠨ ᠵᠠᠷᠴᠢᠮ᠎ᠢ ᠲᠣᠳᠣᠷᠬᠠᠶ᠋ᠢᠯᠠᠪᠠ᠃ 2025 ᠣᠨ ᠪᠣᠯᠬᠤ᠎ᠳᠤ᠂ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠵᠡᠮᠳᠡᠭᠴᠦᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ᠎ᠤᠨ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠪᠠ ᠴᠢᠨᠠᠷᠯᠢᠭ ᠬᠥᠭᠵᠢᠭᠦᠯᠬᠦ ᠬᠠᠷᠠᠯᠲᠠ ᠵᠢ ᠪᠡᠶᠡᠯᠡᠭᠦᠯᠬᠦ᠎ᠪᠠᠷ ᠲᠣᠭᠲᠠᠭ᠋ᠠᠪᠠ᠃ 2035 ᠣᠨ ᠪᠣᠯᠬᠤ᠎ᠳᠤ᠂ ᠵᠡᠮᠳᠡᠭᠴᠦᠳ᠎ᠤᠨ ᠦᠢ᠍ᠯᠡᠰ ᠬᠢᠭᠡᠳ ᠠᠵᠤ ᠠᠬᠤᠶ ᠨᠡᠶ᠋ᠢᠭᠡᠮ᠎ᠤᠨ ᠵᠣᠬᠢᠴᠠᠩᠭᠤᠶ ᠬᠥᠭᠵᠢᠯᠲᠡ ᠵᠢ ᠪᠡᠶᠡᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠠᠯᠤᠰ ᠬᠡᠲᠦ ᠵᠢᠨ ᠬᠠᠷᠠᠯᠲᠠ᠎ᠯᠤᠭ᠎ᠠ ᠲᠣᠬᠢᠷᠠᠯᠴᠠᠭᠤᠯᠤᠨ᠎ᠠ᠃
ᠭᠤᠷᠪᠠᠳᠤᠭ᠋ᠠᠷ ᠬᠡᠰᠡᠭ᠎ᠨᠢ ᠭᠣᠣᠯᠳᠠᠯᠭ᠎ᠠ᠎ᠲᠠᠢ ᠡᠭᠦᠷᠭᠡ ᠪᠠ ᠭᠣᠣᠯ ᠠᠷᠭ᠎ᠠ ᠬᠡᠮᠵᠢᠶ᠎ᠡ᠃ ᠡᠭᠦᠨ᠎ᠳᠤ ᠭᠣᠣᠯᠳᠠᠭᠤ ᠲᠤᠯᠤᠭ᠋ᠠᠨ ᠲᠠᠯ᠎ᠠ ᠵᠢ ᠪᠠᠭᠲᠠᠭ᠋ᠠᠨ᠎ᠠ᠄ ᠨᠢᠭᠡ᠎ᠳᠤ᠂ ᠵᠡᠮᠳᠡᠭᠴᠦᠳ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠲᠣᠭᠲᠠᠭᠤᠨ ᠪᠥᠭᠡᠳ ᠨᠠᠶ᠋ᠢᠳᠠᠪᠤᠷᠢᠲᠠᠶ ᠲᠣᠭᠲᠠᠴᠠ ᠵᠢ ᠪᠠᠶ᠋ᠢᠭᠤᠯᠵᠤ᠂ ᠵᠡᠮᠳᠡᠭᠴᠦᠳ᠎ᠤᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠴᠢᠳᠠᠪᠤᠷᠢ ᠵᠢ ᠨᠡᠮᠡᠭᠳᠡᠭᠦᠯᠦᠨ᠎ᠡ; ᠬᠣᠶᠠᠷ᠎ᠲᠤ᠂ ᠰᠠᠢ᠍ᠢ᠍ᠨ ᠰᠠᠶ᠋ᠢᠬᠠᠨ ᠠᠵᠢᠯ ᠣᠯᠭᠣᠯᠲᠠ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠵᠡᠮᠳᠡᠭᠴᠦᠳ᠎ᠤᠨ ᠦᠢ᠍ᠯᠡᠰ ᠪᠤᠰᠬᠠᠵᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠭᠤᠷᠪᠠ᠎ᠳᠤ᠂ ᠡᠷᠡᠭᠦᠯᠵᠢᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠠᠶ᠋ᠢᠵᠢᠷᠠᠭᠤᠯᠵᠤ᠂ ᠵᠡᠮᠳᠡᠭᠴᠦᠳ᠎ᠤᠨ ᠡᠷᠡᠭᠦᠯ ᠮᠡᠨᠳᠦ ᠵᠢᠨ ᠲᠦᠪᠰᠢᠨ᠎ᠢ ᠳᠡᠭᠡᠭᠰᠢᠯᠡᠭᠦᠯᠦᠨ᠎ᠡ; ᠲᠦᠷᠪᠡ᠎ᠳᠤ᠂ ᠵᠡᠮᠳᠡᠭᠴᠦᠳ᠎ᠤᠨ ᠰᠤᠷᠭ᠋ᠠᠨ ᠬᠥᠮᠦᠵᠢᠯ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠵᠦ᠂ ᠵᠡᠮᠳᠡᠭᠴᠦᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠳᠡᠭᠡᠭᠰᠢᠯᠡᠭᠦᠯᠦᠨ᠎ᠡ; ᠲᠠᠪᠤ᠎ᠳᠤ᠂ ᠬᠠᠤᠯᠢ᠎ᠪᠠᠷ ᠵᠠᠰᠠᠬᠤ ᠪᠠ ᠬᠠᠷᠰᠢ ᠰᠠᠭ᠋ᠠᠳ ᠦᠭᠡᠢ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠵᠡᠮᠳᠡᠭᠴᠦᠳ᠎ᠤᠨ ᠠᠳᠠᠯᠢ ᠲᠡᠭᠰᠢ ᠡᠷᠬᠡ ᠡᠳ᠋ᠯᠡᠬᠦ ᠵᠢ ᠪᠠᠲᠤᠯᠠᠨ᠎ᠠ; ᠵᠢᠷᠭᠤᠭ᠎ᠠ᠎ᠳᠤ᠂ ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠡᠮᠳᠡᠭᠴᠦᠳ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠰᠠᠢ᠍ᠢ᠍ᠨ ᠰᠠᠶ᠋ᠢᠬᠠᠨ ᠨᠥᠬᠥᠴᠡᠯ ᠪᠦᠷᠢᠯᠳᠦᠭᠦᠯᠵᠦ ᠥᠭᠭᠦᠨ᠎ᠡ; ᠲᠤᠯᠤᠭ᠎ᠠ᠎ᠳᠤ᠂ ᠴᠢᠩᠭ᠎ᠠ ᠬᠦᠴᠦᠲᠡᠢ ᠲᠤᠯᠭ᠋ᠠᠭᠤᠷᠢᠯᠠᠯ᠎ᠤᠨ ᠲᠣᠭᠲᠠᠴᠯᠠᠭᠠ ᠵᠢ ᠪᠠᠶ᠋ᠢᠭᠤᠯᠵᠤ᠂ ᠵᠡᠮᠳᠡᠭᠴᠦᠳ᠎ᠤᠨ ᠠᠭᠤᠰᠤᠯᠴᠠᠨ ᠪᠦᠬᠦ ᠲᠠᠯ᠎ᠠ᠎ᠪᠠᠷ ᠬᠥᠭᠵᠢᠬᠦ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃
ᠳᠥᠷᠪᠡᠳᠦᠭᠡᠷ ᠬᠡᠰᠡᠭ᠎ᠨᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠂ ᠵᠡᠮᠳᠡᠭᠴᠦᠳ᠎ᠤᠨ ᠠᠵᠢᠯ᠎ᠤᠨ ᠵᠥᠪᠯᠡᠯ ᠪᠣᠯᠤᠨ ᠡᠯ᠎ᠡ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠳ᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠶᠠᠪᠤᠴᠠ᠎ᠳᠠᠬᠢ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠵᠠᠷᠤᠳᠠᠯ ᠪᠣᠯᠤᠨ ᠪᠤᠰᠤᠳ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠭᠣᠣᠯ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠣᠭ᠎ᠠ ᠵᠢ ᠲᠣᠭᠲᠠᠭ᠋ᠠᠵᠤ᠂ ᠲᠥᠯᠥᠪᠵᠢᠭᠦᠯᠭᠡ ᠵᠢ ᠬᠡᠷᠡᠭᠵᠢᠭᠦᠯᠬᠦ ᠵᠢᠨ ᠬᠢᠨᠠᠨ ᠰᠢᠨᠵᠢᠯᠡᠯᠲᠡ ᠪᠠ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠲᠣᠭᠲᠠᠴᠠ ᠵᠢ ᠪᠠᠶ᠋ᠢᠭᠤᠯᠤᠨ᠂ ᠬᠡᠷᠡᠭᠵᠢᠭᠦᠯᠬᠦ ᠲᠥᠰᠦᠯ ᠲᠣᠭᠲᠠᠭ᠋ᠠᠬᠤ ᠪᠠ ᠡᠯ᠎ᠡ ᠠᠶ᠋ᠢᠮᠠᠭ ᠬᠤᠳᠠ ᠵᠢᠨ ᠵᠡᠮᠳᠡᠭᠴᠦᠳ᠎ᠤᠨ ᠦᠢ᠍ᠯᠡᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠱᠠᠭ᠋ᠠᠷᠳᠠᠯᠭ᠎ᠠ ᠳᠤᠷᠠᠳᠪᠠ᠃
ᠭᠤᠷᠪᠠ᠂ 《ᠲᠥᠯᠥᠪᠵᠢᠭᠦᠯᠭᠡ》 ᠵᠢᠨ ᠭᠣᠣᠯ ᠣᠨᠴᠠᠯᠢᠭ
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠦᠭᠰᠡᠨ᠎ᠤ ᠲᠠᠷᠠᠭ᠎ᠠ᠂ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠯᠠᠯ ᠵᠶ᠋ᠠᠨ ᠡᠬᠢᠯᠡᠭᠦᠯᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠶ᠋ᠢᠰᠢ ᠤᠷᠤᠭᠰᠢᠯᠠᠬᠤ ᠠᠩᠬᠠᠳᠤᠭ᠋ᠠᠷ ᠲᠠᠪᠤᠨ ᠵᠢᠯ ᠪᠣᠯᠣᠨ᠎ᠠ᠃ ᠰᠢᠨ᠎ᠡ ᠠᠶᠠᠨ ᠵᠠᠮ᠎ᠤᠨ ᠠᠩᠬᠠᠳᠤᠭ᠋ᠠᠷ ᠲᠠᠪᠤᠨ ᠵᠢᠯ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠵᠢᠷᠤᠭᠯᠠᠬᠤ᠎ᠨᠢ ᠮᠠᠨ᠎ᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠂ ᠵᠡᠮᠳᠡᠭᠴᠦᠳ᠎ᠤᠨ ᠠᠭᠤᠰᠤᠯᠴᠠᠨ ᠬᠥᠭᠵᠢᠬᠦ ᠪᠠ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠬᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 《ᠲᠥᠯᠥᠪᠵᠢᠭᠦᠯᠭᠡ》᠎ᠨᠢ ᠭᠣᠣᠯᠳᠠᠭᠤ ᠳᠣᠣᠷᠠᠬᠢ ᠮᠡᠲᠦ ᠣᠨᠴᠠᠯᠢᠭ᠎ᠲᠠᠢ᠄
ᠨᠢᠭᠡ᠎ᠳᠤ᠂ ᠬᠠᠷᠠᠯᠲᠠ ᠲᠣᠳᠣᠷᠬᠠᠶ᠃ 《ᠲᠥᠯᠥᠪᠵᠢᠭᠦᠯᠭᠡ》᠎ᠳᠤ ᠪᠠᠭᠲᠠᠭ᠋ᠠᠭᠰᠠᠨ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠣᠭ᠎ᠠ 6 ᠵᠦᠢ᠍ᠯ ᠪᠠᠢ᠌ᠵᠤ᠂ ᠵᠢᠱ᠌ᠢᠯᠲᠡ ᠵᠢᠨ ᠴᠢᠨᠠᠷᠲᠠᠶ ᠭᠦᠢ᠍ᠴᠡᠳᠬᠡᠯ ᠲᠣᠭ᠎ᠠ 5 ᠵᠦᠢ᠍ᠯ ᠪᠤᠢ᠃ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠣᠭ᠎ᠠ᠎ᠳᠤ ᠭᠣᠤᠯᠳᠠᠭᠤ ᠨᠥᠬᠥᠴᠡᠯ᠎ᠳᠤ ᠨᠡᠢ᠌ᠴᠡᠭᠰᠡᠨ ᠵᠡᠮᠳᠡᠭᠴᠦᠳ᠎ᠢ 100%᠎ᠪᠠᠷ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠤᠨ᠎ᠠ; ᠬᠦᠴᠢᠷᠳᠡᠯᠲᠡᠶ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ ᠵᠢ ᠬᠠᠮᠤᠷᠤᠭᠤᠯᠬᠤ ᠨᠤᠷᠮ᠎ᠠ ᠵᠢ 100%᠎ᠳᠤ ᠬᠦᠷᠦᠭᠦᠯᠦᠨ᠎ᠡ; ᠬᠦᠨᠳᠦ ᠳᠡᠰ᠎ᠤᠨ ᠵᠡᠮᠳᠡᠭᠴᠦᠳ᠎ᠢ ᠠᠰᠠᠷᠠᠨ ᠰᠤᠪᠢᠯᠠᠬᠤ ᠨᠥᠬᠥᠪᠥᠷᠢ ᠵᠢᠨ ᠬᠠᠮᠤᠷᠤᠭᠤᠯᠬᠤ ᠨᠣᠷᠮ᠎ᠠ ᠵᠢ 100%᠎ᠳᠤ ᠬᠦᠷᠦᠭᠦᠯᠦᠨ᠎ᠡ; ᠵᠡᠮᠳᠡᠭᠴᠦᠳ᠎ᠤᠨ ᠦᠨᠳᠦᠰᠦᠨ ᠡᠷᠡᠭᠦᠯᠵᠢᠯ᠎ᠤᠨ ᠦᠢ᠍ᠯᠡᠴᠢᠯᠡᠭᠡᠨ᠎ᠤ ᠬᠠᠮᠤᠷᠤᠭᠤᠯᠬᠤ ᠨᠣᠷᠮ᠎ᠠ ᠵᠢ 90%᠎ᠠᠴᠠ ᠳᠡᠭᠡᠭᠰᠢ ᠪᠠᠢ᠌ᠯᠭ᠋ᠠᠨ᠎ᠠ; ᠵᠡᠮᠳᠡᠭᠴᠦᠳ᠎ᠤᠨ ᠲᠤᠰᠠᠯᠠᠬᠤ ᠪᠠᠭ᠋ᠠᠵᠢ ᠬᠡᠷᠡᠭᠰᠡᠯ᠎ᠢ ᠲᠣᠬᠢᠷᠠᠭᠤᠯᠤᠨ ᠬᠠᠩᠭ᠋ᠠᠬᠤ ᠨᠣᠷᠮ᠎ᠠ ᠵᠢ 90%᠎ᠠᠴᠠ ᠳᠡᠭᠡᠭᠰᠢ ᠪᠠᠢ᠌ᠯᠭ᠋ᠠᠨ᠎ᠠ; 3 ᠲᠦᠮᠡᠨ ᠡᠷᠦᠬᠡ᠎ᠠᠴᠠ ᠳᠡᠭᠡᠭᠰᠢ ᠬᠦᠴᠢᠷᠳᠡᠯᠲᠡᠶ ᠬᠦᠨᠳᠦ ᠳᠡᠰ᠎ᠤᠨ ᠵᠡᠮᠳᠡᠭᠴᠦᠳ᠎ᠤᠨ ᠬᠡᠷ ᠪᠦᠯᠢ᠎ᠳᠤ ᠬᠠᠷᠰᠢ ᠰᠠᠭ᠋ᠠᠳ ᠥᠬᠡᠶ ᠥᠭᠡᠷᠡᠴᠢᠯᠡᠯᠲᠡ ᠵᠢᠨ ᠠᠵᠢᠯ᠎ᠢ ᠥᠷᠨᠢᠭᠦᠯᠦᠨ᠎ᠡ᠃ ᠵᠢᠱ᠌ᠢᠯᠲᠡ ᠵᠢᠨ ᠴᠢᠨᠠᠷᠲᠠᠶ ᠭᠦᠢ᠍ᠴᠡᠳᠬᠡᠯ ᠲᠣᠭ᠎ᠠ᠎ᠳᠤ ᠭᠣᠤᠯᠳᠠᠭᠤ ᠵᠡᠮᠳᠡᠭᠴᠦᠳ᠎ᠤᠨ ᠬᠡᠷ ᠪᠦᠯᠢ ᠵᠢᠨ ᠬᠥᠮᠦᠨ ᠳᠤᠮᠳᠠᠴᠢ ᠣᠷᠣᠯᠭ᠎ᠠ ᠵᠢ ᠵᠢᠯ ᠪᠦᠷᠢ ᠳᠤᠮᠳᠠᠴᠢ᠎ᠪᠠᠷ 7.5%᠎ᠠᠴᠠ ᠳᠡᠭᠡᠭᠰᠢ ᠨᠡᠮᠡᠭᠳᠡᠭᠦᠯᠦᠨ᠎ᠡ; 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠣᠲᠠ ᠬᠥᠳᠡᠭᠡ ᠵᠢᠨ 4 ᠲᠦᠮᠡ᠎ᠠᠴᠠ ᠳᠡᠭᠡᠭᠰᠢ ᠵᠡᠮᠳᠡᠭᠴᠦᠳ᠎ᠲᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠭᠡᠨ᠎ᠡ; ᠵᠡᠮᠳᠡᠭᠴᠦᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ 90%᠎ᠠᠴᠠ ᠳᠡᠭᠡᠭᠰᠢ ᠪᠠᠢ᠌ᠯᠭ᠋ᠠᠨ᠎ᠠ; ᠵᠡᠮᠳᠡᠭᠴᠦᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ 95%᠎ᠠᠴᠠ ᠳᠡᠭᠡᠭᠰᠢ ᠪᠠᠢ᠌ᠯᠭ᠋ᠠᠨ᠎ᠠ; ᠵᠡᠮᠳᠡᠭ ᠬᠡᠦᠬᠡᠳ ᠪᠠᠭ᠋ᠠᠴᠤᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠨᠤᠷᠮ᠎ᠠ ᠵᠢ 97%᠎ᠠᠴᠠ ᠳᠡᠭᠡᠭᠰᠢ ᠪᠠᠢ᠌ᠯᠭ᠋ᠠᠨ᠎ᠠ᠃
ᠬᠣᠶᠠᠷ᠎ᠲᠤ᠂ ᠠᠭᠤᠯᠭ᠎ᠠ ᠪᠦᠷᠢᠨ᠃ 《ᠲᠥᠯᠥᠪᠵᠢᠭᠦᠯᠭᠡ》᠎ᠨᠢ 7 ᠲᠠᠯ᠎ᠠ᠂ 31 ᠪᠣᠳᠠᠲᠠᠶ ᠡᠭᠦᠷᠭᠡ᠂ 7 ᠲᠤᠰᠬᠠᠶ ᠪᠤᠯᠤᠩ ᠵᠶ᠋ᠠᠷ ᠵᠡᠮᠳᠡᠭᠴᠦᠳ᠎ᠤᠨ ᠨᠡᠶ᠋ᠢᠭᠡᠮ᠎ᠤᠨ ᠪᠠᠲᠤᠯᠠᠭ᠎ᠠ᠂ ᠠᠵᠢᠯ ᠣᠯᠭᠣᠯᠲᠠ ᠦᠢ᠍ᠯᠡᠰ ᠴᠣᠭᠴᠠᠯᠠᠯᠲᠠ᠂ ᠡᠷᠡᠭᠦᠯᠵᠢᠯ᠎ᠤᠨ ᠬᠡᠷᠡᠭᠴᠡᠭᠡ᠂ ᠰᠣᠶᠣᠯ ᠪᠡᠶ᠎ᠡ ᠵᠢᠨ ᠲᠠᠮᠢᠷ᠂ ᠬᠠᠤᠯᠢᠵᠢᠯᠲᠠ᠂ ᠬᠠᠷᠰᠢ ᠰᠠᠭ᠋ᠠᠳ ᠥᠬᠡᠶ ᠪᠥᠲᠥᠭᠡᠨ ᠪᠠᠶ᠋ᠢᠭᠤᠯᠤᠯᠲᠠ᠂ ᠴᠢᠨᠠᠷᠯᠢᠭ ᠬᠥᠭᠵᠢᠯᠲᠡ ᠵᠡᠷᠭᠡ ᠲᠠᠯ᠎ᠠ ᠵᠢᠨ ᠠᠵᠢᠯ᠎ᠢ ᠨᠠᠷᠢᠯᠢᠬ᠍ᠵᠢᠭᠤᠯᠪᠠ᠃ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ᠂ ᠠᠷᠭ᠎ᠠ ᠬᠡᠮᠵᠢᠶ᠎ᠡ ᠪᠣᠯᠤᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠲᠣᠳᠣᠷᠬᠠᠶ᠂ ᠪᠣᠳᠠᠲᠠᠶ ᠪᠥᠭᠡᠳ ᠨᠠᠷᠢᠯᠢᠭ ᠪᠠᠢ᠌ᠵᠤ᠂ 《ᠬᠠᠭᠤᠷᠠᠶ ᠬᠦᠨᠡᠰᠦ》 ᠠᠷᠪᠢᠨ᠂ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠶ᠋ᠠᠷ ᠴᠢᠩᠭ᠎ᠠ ᠪᠠᠶ᠋ᠢᠵᠤ᠂ ᠵᠡᠮᠳᠡᠭᠴᠦᠳ᠎ᠤᠨ ᠨᠡᠶ᠋ᠢᠭᠡᠮ᠎ᠤᠨ ᠠᠰᠠᠷᠠᠮᠵᠢ ᠪᠣᠯᠤᠨ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡᠨ᠎ᠤ ᠡᠯ᠎ᠡ ᠬᠦᠷᠢᠶ᠎ᠡ᠂ ᠡᠯ᠎ᠡ ᠭᠣᠭᠴᠣᠭ᠎ᠠ ᠵᠢ ᠬᠠᠮᠤᠷᠴᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠳᠥᠭᠡᠨ ᠪᠠᠶ᠋ᠢᠭᠤᠯᠬᠤ ᠰᠢᠨ᠎ᠡ ᠠᠶᠠᠨ᠎ᠤ ᠠᠩᠬᠠᠳᠤᠭ᠋ᠠᠷ ᠲᠠᠪᠤᠨ ᠵᠢᠯ᠎ᠤᠨ ᠮᠠᠨ᠎ᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ ᠬᠠᠮᠤᠭ᠎ᠤᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ᠂ ᠵᠠᠮ ᠱᠤᠭᠤᠮ᠎ᠤᠨ ᠵᠢᠷᠤᠭ ᠪᠠ ᠬᠠᠮᠲᠤ ᠵᠢᠨ ᠠᠵᠢᠯᠯᠠᠭ᠋ᠠᠨ᠎ᠤ ᠵᠦᠭᠯᠡᠭᠦᠷ ᠪᠣᠯᠤᠨ᠎ᠠ᠃
ᠭᠤᠷᠪᠠ᠎ᠳᠤ᠂ ᠬᠠᠷᠢᠭᠤᠴᠠᠯᠭ᠎ᠠ ᠲᠣᠳᠣᠷᠬᠠᠢ᠃ ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶ᠋ᠢᠭᠡᠮ ᠵᠶ᠋ᠠᠷ ᠵᠶ᠋ᠠᠨ ᠣᠷᠣᠯᠴᠠᠬᠤ᠂ ᠵᠠᠬ᠎ᠠ ᠳᠡᠯᠭᠡᠭᠦᠷ ᠵᠶ᠋ᠠᠷ ᠠᠬᠢᠭᠤᠯᠬᠤ᠂ ᠵᠡᠮᠳᠡᠭᠴᠦᠳ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠡᠮᠳᠡᠭᠴᠦᠳ᠎ᠤᠨ ᠦᠢ᠍ᠯᠡᠰ᠎ᠤᠨ ᠤᠳᠤᠷᠢᠳᠬᠤ ᠪᠠᠶ᠋ᠢᠭᠤᠯᠤᠮᠵᠢ ᠪᠠ ᠠᠵᠢᠯ᠎ᠤᠨ ᠲᠣᠭᠲᠠᠴᠠ ᠵᠢ ᠪᠠᠷᠢᠮᠲᠠᠯᠠᠵᠤ᠂ 《ᠲᠥᠯᠥᠪᠵᠢᠭᠦᠯᠭᠡ》᠎ᠳᠠᠬᠢ ᠡᠭᠦᠷᠭᠡ ᠨᠢᠭᠡᠪᠦᠷᠢ ᠵᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭ᠋ᠠᠲᠤ ᠰᠠᠯᠠᠭ᠎ᠠ ᠮᠥᠴᠢᠷ᠎ᠢ ᠲᠣᠳᠣᠷᠬᠠᠶ᠋ᠢᠯᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢ ᠴᠢᠩᠭ᠋ᠠᠷᠠᠭᠤᠯᠤᠭᠰᠠᠨ᠎ᠨᠢ ᠵᠡᠮᠳᠡᠭᠴᠦᠳ᠎ᠤᠨ ᠠᠵᠢᠯ᠎ᠢ ᠡᠯ᠎ᠡ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ ᠪᠠ ᠬᠠᠷᠠᠯᠲᠠᠲᠤ ᠬᠠᠮᠢᠶᠠᠷᠤᠯᠲᠠ᠎ᠳᠤ ᠣᠷᠣᠭᠤᠯᠵᠤ᠂ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠂ ᠮᠠᠨ᠎ᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠬᠠᠮᠲᠤ᠎ᠪᠠᠷ ᠠᠬᠢᠭᠤᠯᠬᠤ᠎ᠳᠤ ᠠᠰᠢᠭᠲᠠᠶ ᠶᠤᠮ᠃