ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2022-03-22

      ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠷᠠᠳ᠎ᠤᠨ ᠰᠡᠳᠬᠢᠯ᠎ᠤᠨ ᠢᠨᠵᠧᠨᠧᠷᠢᠩ ᠮᠥᠨ᠂ ᠪᠠᠰᠠ ᠴᠤ᠌ ᠠᠵᠤ   ᠠᠬᠤᠶ ᠵᠢᠨ ᠬᠥᠭᠵᠢᠯᠲᠡ ᠵᠢᠨ ᠦᠨᠳᠦᠰᠦᠨ ᠲᠤᠯᠭ᠋ᠠᠭᠤᠷᠢᠯᠠᠯ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠤᠨ ᠴᠢᠬᠤᠯᠠ ᠪᠠᠲᠤᠯᠠᠭ᠎ᠠ ᠮᠥᠨ᠃ 《ᠥᠪᠥᠷ ᠮᠣᠩᠭᠣᠯ᠎ᠤᠨ   ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠢᠯ ᠣᠯᠭᠣᠯᠲᠠ ᠵᠢ ᠠᠬᠢᠭᠤᠯᠬᠤ   ᠲᠥᠯᠥᠪᠵᠢᠭᠦᠯᠭᠡ》᠎ᠨᠢ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢᠨ ᠠᠮᠵᠢᠯᠲᠠ   ᠪᠦᠲᠦᠮᠵᠢ ᠵᠢ ᠪᠥᠬᠥ ᠲᠠᠯ᠎ᠠ᠎ᠪᠠᠷ ᠳ᠋ᠦᠩᠨᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢᠨ   ᠠᠵᠢᠯ᠎ᠢ ᠰᠢᠰᠲ᠋ᠧᠮ᠎ᠲᠠᠢ ᠲᠥᠯᠥᠪᠵᠢᠭᠦᠯᠦᠭᠰᠡᠨ ᠪᠥᠭᠡᠳ ᠢᠷᠡᠭᠡᠳᠦᠶ ᠵᠢᠨ ᠨᠢᠭᠡ ᠬᠡᠰᠡᠭ ᠬᠤᠭᠤᠴᠠᠭ᠋ᠠᠨ᠎ᠤ ᠬᠥᠭᠵᠢᠯᠲᠡ ᠵᠢᠨ ᠵᠢᠷᠤᠭ ᠲᠥᠯᠥᠪᠯᠡᠭᠡ ᠵᠢ ᠵᠢᠷᠤᠭᠯᠠᠭᠰᠠᠨ   ᠪᠠᠶ᠋ᠢᠨ᠎ᠠ᠃
      ᠨᠢᠭᠡ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢᠨ ᠠᠵᠢᠯ᠎ᠤᠨ ᠦᠷ᠎ᠡ ᠪᠦᠲᠦᠮᠵᠢ
     《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠰᠢ ᠵᠢᠨ ᠫᠢᠩ ᠨᠥᠬᠥᠷ ᠵᠶ᠋ᠠᠷ ᠭᠣᠤᠯᠯᠠᠭᠤᠯᠤᠭᠰᠠᠨ ᠨᠠᠮ᠎ᠤᠨ   ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ   ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠠᠵᠢᠯ ᠣᠯᠭᠣᠯᠲᠠ᠎ᠪᠠᠷ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠡᠯ᠎ᠡ ᠲᠠᠯ᠎ᠠ ᠵᠢᠨ᠎ᠬᠢᠨ᠎ᠲᠠᠢ   ᠬᠠᠮᠲᠤᠷᠠᠨ ᠡᠷᠡᠮᠡᠬᠡᠶ᠋ᠢᠯᠡᠨ ᠤᠷᠤᠭᠰᠢᠯᠠᠵᠤ᠂ ᠪᠡᠷᠬᠡ ᠵᠢ ᠳᠠᠪᠠᠨ ᠬᠦᠴᠢᠷ᠎ᠢ ᠰᠢᠢ᠍ᠳᠪᠦᠷᠢᠯᠡᠵᠦ᠂ ᠠᠵᠢᠯ ᠣᠯᠭᠣᠯᠲᠠ ᠵᠢ ᠠᠬᠢᠭᠤᠯᠬᠤ ᠠᠵᠢᠯ ᠢᠳᠡᠪᠬᠢᠲᠡᠢ ᠠᠬᠢᠴᠠ᠎ᠲᠠᠢ   ᠪᠣᠯᠵᠣ᠂ ᠪᠠᠰᠠ ᠪᠥᠬᠥ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃
      ᠨᠢᠭᠡ᠎ᠳᠤ᠂ ᠠᠵᠢᠯ ᠣᠯᠭᠣᠯᠲᠠ ᠵᠢᠨ ᠬᠡᠪᠴᠢᠶ᠎ᠡ ᠲᠣᠭᠲᠠᠭᠤᠨ ᠪᠠᠶ᠋ᠢᠬᠤ ᠵᠢ ᠪᠠᠲᠤᠯᠠᠪᠠ᠃ ᠬᠤᠲᠠ ᠪᠠᠯᠭ᠋ᠠᠰᠤᠨ᠎ᠤ 128.4 ᠲᠦᠮᠡᠨ ᠬᠥᠮᠦᠨ᠎ᠳᠤ ᠰᠢᠨ᠎ᠡ᠎ᠪᠠᠷ   ᠠᠵᠢᠯ ᠣᠯᠭᠣᠵᠤ᠂ 125 ᠲᠦᠮᠡᠨ ᠬᠥᠮᠦᠨ᠎ᠳᠤ ᠠᠵᠢᠯ ᠣᠯᠭᠣᠬᠤ ᠬᠠᠷᠠᠯᠲᠠ ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠬᠤᠳᠠ ᠪᠠᠯᠭ᠋ᠠᠰᠤᠨ᠎ᠤ ᠳᠠᠩᠰᠠᠯᠠᠭᠤᠯᠤᠭᠰᠠᠨ   ᠠᠵᠢᠯ ᠠᠯᠳᠠᠯᠲᠠ ᠵᠢᠨ ᠨᠤᠷᠮ᠎ᠠ 3.8% ᠣᠷᠴᠢᠮ ᠪᠠᠢ᠌ᠵᠤ᠂ 4%᠎ᠠᠴᠠ ᠳᠣᠣᠷ᠎ᠠ ᠪᠠᠢ᠌ᠯᠭ᠋ᠠᠬᠤ᠎ᠪᠠᠷ ᠵᠢᠱ᠌ᠢᠭᠰᠡᠨ ᠬᠢᠵᠠᠭ᠋ᠠᠷᠯᠠᠬᠤ ᠬᠠᠷᠠᠯᠲᠠ ᠵᠢ ᠪᠡᠶᠡᠯᠡᠭᠦᠯᠪᠡ᠃
      ᠬᠣᠶᠠᠷ᠎ᠲᠤ᠂ ᠭᠣᠤᠯᠳᠠᠯᠭ᠎ᠠ᠎ᠲᠠᠢ ᠬᠦᠮᠦᠰ ᠵᠢᠨ ᠪᠠᠢ᠌ᠳᠠᠯ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠨ᠎ᠠ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ 72.8   ᠲᠦᠮᠡᠨ ᠬᠥᠮᠥᠨ᠎ᠳᠤ ᠠᠵᠢᠯ ᠣᠯᠭᠣᠵᠤ᠂ ᠠᠵᠢᠯ ᠣᠯᠭᠣᠯᠲᠠ ᠵᠢᠨ ᠬᠢᠷᠢ ᠲᠦᠪᠰᠢᠨ ᠲᠣᠭᠲᠠᠭᠤᠨ ᠪᠠᠶ᠋ᠢᠳᠠᠯ᠎ᠢ ᠪᠠᠲᠤᠯᠠᠪᠠ᠃ 1264.3 ᠲᠦᠮᠡᠨ ᠮᠠᠯᠴᠢᠨ   ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠵᠤ᠂ ᠡᠭᠦᠨ᠎ᠳᠤ 1034.2 ᠲᠦᠮᠡᠨ ᠮᠠᠯᠴᠢᠨ ᠲᠠᠷᠢᠶᠠᠴᠢᠨ᠎ᠢ 6 ᠰᠠᠷ᠎ᠠ᠎ᠠᠴᠠ ᠳᠡᠭᠡᠭᠰᠢ ᠰᠢᠯᠵᠢᠭᠦᠯᠦᠨ ᠠᠵᠢᠯ ᠣᠯᠭᠣᠪᠠ᠃ ᠬᠦᠴᠢᠷᠳᠡᠯᠲᠡᠢ ᠬᠦᠮᠦᠰ᠎ᠢ ᠪᠦᠲᠦᠮᠵᠢᠲᠡᠶ᠎ᠪᠠᠷ ᠬᠠᠪᠰᠤᠷᠤᠨ ᠲᠡᠳᠬᠦᠵᠦ᠂ ᠬᠤᠳᠠ ᠪᠠᠯᠭ᠋ᠠᠰᠤᠨ᠎ᠤ 36.9 ᠲᠦᠮᠡᠨ ᠠᠵᠢᠯ ᠠᠯᠳᠠᠭᠰᠠᠳ᠎ᠲᠤ ᠲᠠᠬᠢᠨ ᠠᠵᠢᠯ ᠣᠯᠭᠣᠵᠤ᠂ ᠠᠵᠢᠯ ᠤᠯᠬᠤ᠎ᠳᠤ ᠬᠦᠴᠢᠷᠳᠡᠯ᠎ᠲᠠᠢ 31.1 ᠲᠦᠮᠡᠨ ᠬᠥᠮᠦᠨ᠎ᠳᠤ ᠠᠵᠢᠯ ᠣᠯᠭᠣᠪᠠ᠃
      ᠭᠤᠷᠪᠠ᠎ᠳᠤ᠂ ᠠᠵᠢᠯ ᠣᠯᠭᠣᠯᠲᠠ ᠵᠢᠨ ᠶᠠᠰᠤ ᠴᠢᠨᠠᠷ ᠠᠯᠬᠤᠮ ᠠᠯᠬᠤᠮ ᠵᠶ᠋ᠠᠷ ᠳᠡᠭᠡᠭᠰᠢᠯᠡᠪᠡ᠃ ᠬᠥᠳᠡᠯᠮᠦᠷᠢᠴᠢᠳ᠎ᠤᠨ ᠬᠡᠪ ᠴᠢᠨᠠᠷ ᠨᠡᠶ᠋ᠢᠳᠡᠮ᠎ᠳᠤ᠎ᠪᠠᠨ   ᠳᠡᠭᠡᠭᠰᠢᠯᠡᠵᠦ᠂ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ 106 ᠲᠦᠮᠡᠨ ᠬᠥᠮᠦᠨ᠎ᠳᠤ ᠬᠦᠷᠴᠦ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ   ᠶᠡᠷᠦᠩᠬᠡᠶ ᠬᠡᠮᠵᠢᠶ᠎ᠡ 74.1 ᠲᠦᠮᠡᠨ ᠬᠥᠮᠦᠨ᠎ᠳᠤ ᠬᠦᠷᠴᠡᠶ᠃ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ ᠲᠣᠭᠲᠠᠭᠤᠨ ᠵᠶ᠋ᠠᠷ ᠨᠡᠮᠡᠭᠳᠡᠵᠦ᠂   ᠪᠦᠲᠦᠴᠡ᠎ᠨᠢ ᠲᠠᠰᠤᠷᠠᠯᠳᠠ ᠦᠭᠡᠢ ᠰᠠᠶ᠋ᠢᠵᠢᠷᠠᠨ᠂ ᠠᠵᠢᠯᠳᠠᠨ ᠠᠵᠢᠯᠴᠢᠨ᠎ᠤ ᠴᠠᠯᠢᠩ ᠬᠥᠯᠥᠰᠥ ᠵᠦᠢ ᠵᠣᠬᠢᠰᠲᠠᠶ᠎ᠪᠠᠷ ᠨᠡᠮᠡᠭᠳᠡᠵᠦ᠂ ᠬᠥᠳᠡᠯᠮᠦᠷᠢ ᠵᠢᠨ ᠡᠷᠬᠡ   ᠠᠰᠢᠭ᠎ᠤᠨ ᠪᠠᠲᠤᠯᠠᠭ᠎ᠠ ᠴᠢᠩᠭ᠋ᠠᠷᠠᠵᠤ᠂ ᠨᠡᠶ᠋ᠢᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠪᠠᠲᠤᠯᠠᠭ᠎ᠠ ᠵᠢᠨ ᠬᠢᠷᠢ ᠲᠦᠪᠰᠢᠨ ᠠᠯᠬᠤᠮ   ᠠᠯᠬᠤᠮ ᠵᠶ᠋ᠠᠷ ᠳᠡᠭᠡᠭᠰᠢᠯᠡᠪᠡ᠃
     《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠭᠠᠳᠠᠭ᠋ᠠᠳᠤ ᠣᠷᠴᠢᠨ ᠨᠥᠬᠥᠴᠡᠯ᠎ᠤᠨ ᠪᠤᠳᠤᠯᠢᠶᠠᠨᠲᠠᠶ ᠬᠤᠪᠢᠷᠠᠯᠲᠠ᠂ ᠭᠡᠨᠡᠳᠲᠡ ᠡᠭᠦᠰᠦᠭᠰᠡᠨ ᠰᠢᠨ᠎ᠡ ᠲᠢᠶᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠵᠡᠷᠭᠡ ᠣᠯᠠᠨ ᠳᠠᠪᠬᠤᠷ ᠬᠦᠨᠳᠦ ᠨᠣᠴᠢᠲᠠᠶ ᠲᠠᠭ᠋ᠠᠷᠢᠯᠲᠠ ᠵᠢᠨ ᠡᠮᠦᠨ᠎ᠡ᠂   ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠶ᠎ᠳᠤ᠎ᠪᠠᠨ ᠲᠣᠭᠲᠠᠭᠤᠨ ᠪᠠᠢ᠌ᠳᠠᠯ᠎ᠢ ᠪᠠᠲᠤᠯᠠᠪᠠ᠃
      ᠬᠣᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢ ᠠᠬᠢᠭᠤᠯᠬᠤ   ᠲᠥᠯᠥᠪᠵᠢᠭᠦᠯᠭᠡ ᠵᠢᠨ ᠣᠨᠴᠠᠯᠢᠭ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ   ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢ ᠲᠣᠭᠲᠠᠭ᠋ᠠᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠨᠢᠭᠲᠠ ᠤᠶᠠᠯᠳᠤᠭᠤᠯᠤᠨ᠂ ᠳᠣᠤᠷᠠᠬᠢ   ᠭᠤᠷᠪᠠᠨ ᠲᠠᠯ᠎ᠠ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠪᠠ᠄
     (ᠨᠢᠭᠡ) ᠠᠵᠢᠯ ᠣᠯᠭᠣᠯᠲᠠ ᠵᠢᠨ ᠠᠵᠢᠯ᠎ᠤᠨ ᠭᠣᠣᠯᠳᠠᠯᠭ᠎ᠠ ᠵᠢ ᠳᠣᠪᠣᠢ᠌ᠯᠭ᠋ᠠᠪᠠ᠃ ᠲᠥᠯᠥᠪᠵᠢᠭᠦᠯᠭᠡ᠎ᠳᠤ 《ᠶᠡᠷᠦᠩᠬᠡᠶ ᠬᠡᠮᠵᠢᠶ᠎ᠡ ᠵᠢ ᠥᠷᠭᠡᠳᠬᠡᠵᠦ᠂ ᠶᠠᠰᠤ   ᠴᠢᠨᠠᠷ᠎ᠢ ᠳᠡᠭᠡᠭᠰᠢᠯᠡᠭᠦᠯᠬᠦ》᠎ᠪᠠᠷ ᠦᠨᠳᠦᠰᠦᠨ ᠵᠣᠭᠰᠣᠴᠠ ᠪᠣᠯᠭ᠋ᠠᠵᠤ᠂ ᠨᠠᠩ ᠭᠦᠢ᠍ᠴᠡᠳ ᠪᠥᠭᠡᠳ ᠨᠠᠩ ᠴᠢᠨᠠᠷᠯᠢᠭ ᠠᠵᠢᠯ ᠣᠯᠭᠣᠯᠲᠠ ᠵᠢ ᠪᠡᠶᠡᠯᠡᠭᠦᠯᠬᠦ᠎ᠳᠤ ᠭᠤᠷᠪᠠᠨ   ᠲᠠᠯ᠎ᠠ ᠵᠢ ᠳᠣᠪᠣᠶ᠋ᠢᠯᠭ᠋ᠠᠨ ᠡᠵᠡᠮᠳᠡᠪᠡ᠄ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠬᠠᠮᠵᠢᠯᠴᠠᠨ ᠬᠦᠴᠦᠯᠡᠬᠦ ᠵᠢ ᠳᠣᠪᠣᠢ᠌ᠯᠭ᠋ᠠᠪᠠ᠃ ᠠᠵᠢᠯ ᠣᠯᠭᠣᠯᠲᠠ ᠵᠢ ᠬᠣᠷᠸ᠎ᠠ   ᠲᠦᠷᠦ ᠵᠢᠨ ᠪᠤᠳᠤᠯᠭ᠎ᠠ ᠵᠢᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠵᠠᠰᠠᠭ᠎ᠤᠨ ᠣᠷᠳᠣᠨ᠎ᠤ ᠲᠤᠬᠢᠷᠠᠭᠤᠯᠤᠯ ᠡᠵᠡᠮᠳᠡᠯ᠎ᠤᠨ ᠲᠡᠷᠢᠭᠦᠨ ᠬᠠᠷᠠᠯᠲᠠ ᠪᠠ ᠠᠵᠤ ᠠᠬᠤᠶ ᠵᠢᠨ   ᠠᠵᠢᠯᠯᠠᠭ᠋ᠠᠨ᠎ᠤ ᠵᠦᠢ ᠵᠣᠬᠢᠰᠲᠠᠶ ᠣᠷᠣᠨ ᠵᠠᠶ ᠵᠢᠨ ᠳᠤᠤᠷᠠᠳᠤ ᠬᠢᠵᠠᠭ᠋ᠠᠷ ᠪᠣᠯᠭ᠋ᠠᠵᠤ᠂ ᠡᠯ᠎ᠡ ᠲᠠᠯ᠎ᠠ ᠵᠢᠨ ᠲᠦᠷᠦ ᠵᠢᠨ ᠪᠤᠳᠤᠯᠭ᠎ᠠ᠎ᠪᠠᠷ ᠠᠵᠢᠯ ᠣᠯᠭᠣᠯᠲᠠ ᠵᠢ ᠳᠡᠮᠵᠢᠬᠦ   ᠤᠳᠤᠷᠢᠳᠤᠮᠵᠢ ᠵᠢ ᠴᠢᠩᠭ᠋ᠠᠳᠬᠠᠪᠠ; ᠬᠣᠶᠠᠷ᠎ᠲᠤ᠂ ᠪᠦᠲᠦᠴᠡ ᠵᠢᠨ ᠴᠢᠨᠠᠷᠲᠠᠶ ᠠᠵᠢᠯ ᠣᠯᠭᠣᠯᠲᠠ ᠵᠢᠨ ᠵᠥᠷᠢᠴᠡᠯ᠎ᠢ ᠳᠣᠪᠣᠢ᠌ᠯᠭ᠋ᠠᠨ ᠨᠠᠮᠳᠠᠭᠤᠯᠤᠨ᠎ᠠ᠃ ᠤᠷ᠎ᠠ   ᠴᠢᠳᠠᠪᠤᠷᠢᠲᠠᠨ᠎ᠢ ᠬᠥᠮᠦᠵᠢᠭᠦᠯᠬᠦ ᠵᠢ ᠨᠡᠩ ᠲᠤᠪᠤᠢ᠍ᠢ᠍ᠮ᠎ᠠ ᠪᠠᠶ᠋ᠢᠷᠢᠨ᠎ᠳᠤ ᠲᠠᠯᠪᠢᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠶᠡᠬᠡ ᠬᠡᠪᠴᠢᠶ᠎ᠡ᠂   ᠤᠯᠠᠨ ᠲᠡᠰ ᠳᠠᠪᠬᠤᠷᠭ᠎ᠠ᠎ᠪᠠᠷ ᠥᠷᠨᠢᠭᠦᠯᠵᠦ᠂ ᠬᠥᠳᠡᠯᠮᠦᠷᠢ ᠬᠦᠴᠦᠨ᠎ᠤ ᠡᠯᠧᠮᠧᠨ᠋ᠲ᠎ᠤᠨ ᠶᠠᠰᠤ ᠴᠢᠨᠠᠷ᠎ᠢ ᠰᠠᠶ᠋ᠢᠵᠢᠷᠠᠭᠤᠯᠤᠨ᠎ᠠ; ᠭᠤᠷᠪᠠ᠎ᠳᠤ᠂ ᠨᠡᠶ᠋ᠢᠭᠡᠮ᠎ᠤᠨ   ᠠᠩᠬᠠᠷᠤᠯ ᠲᠠᠯᠪᠢᠵᠤ ᠪᠠᠶ᠋ᠢᠭ᠎ᠠ ᠭᠣᠣᠯᠳᠠᠯᠭ᠎ᠠ᠎ᠲᠠᠢ ᠬᠦᠷᠢᠶ᠎ᠡ ᠵᠢ ᠳᠣᠪᠣᠢ᠌ᠯᠭ᠋ᠠᠪᠠ᠃ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠣᠷᠴᠢᠨ ᠨᠥᠬᠥᠴᠡᠯ᠎ᠢ   ᠰᠢᠯᠢᠳᠡᠭᠵᠢᠭᠦᠯᠬᠦ᠂ ᠬᠥᠳᠡᠯᠮᠦᠷᠢ ᠵᠢᠨ ᠬᠥᠯᠥᠰᠥ ᠣᠯᠭᠣᠮᠵᠢ ᠵᠢ ᠳᠡᠭᠡᠭᠰᠢᠯᠡᠭᠦᠯᠬᠦ᠂ ᠠᠵᠢᠯ ᠣᠯᠭᠣᠬᠤ ᠦᠢ᠍ᠯᠡᠴᠢᠯᠡᠭᠡ ᠵᠢ ᠰᠠᠶ᠋ᠢᠵᠢᠷᠠᠭᠤᠯᠬᠤ᠂ ᠬᠥᠳᠡᠯᠮᠦᠷᠢ ᠵᠢᠨ ᠡᠷᠬᠡ   ᠠᠰᠢᠭ᠎ᠢ ᠪᠠᠲᠤᠯᠠᠬᠤ ᠵᠡᠷᠭᠡ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠲᠠᠢ ᠤᠶᠠᠯᠳᠤᠭᠤᠯᠤᠨ᠂ ᠪᠣᠳᠠᠲᠠᠶ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ   ᠳᠤᠷᠠᠳᠤᠨ ᠭᠠᠷᠭ᠋ᠠᠪᠠ᠃
     (ᠬᠣᠶᠠᠷ) ᠠᠵᠢᠯ ᠣᠯᠭᠣᠯᠲᠠ ᠵᠢᠨ ᠡᠯ᠎ᠡ ᠵᠦᠢ᠍ᠯ᠎ᠤᠨ ᠭᠦᠢ᠍ᠴᠡᠳᠬᠡᠯ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠥᠰᠦᠭᠡᠯᠡᠨ ᠪᠣᠳᠣᠪᠠ᠃ ᠠᠵᠤ ᠠᠬᠤᠶ   ᠨᠡᠶ᠋ᠢᠭᠡᠮ᠎ᠤᠨ ᠬᠥᠭᠵᠢᠯᠲᠡ ᠵᠢᠨ ᠬᠠᠨᠳᠤᠰᠢ ᠵᠢ ᠦᠨᠳᠦᠰᠦᠯᠡᠨ ᠭᠦᠢ᠍ᠴᠡᠳᠬᠡᠯ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠥᠰᠦᠭᠡᠯᠡᠨ ᠪᠣᠳᠣᠪᠠ᠃ 《ᠠᠷᠪᠠᠨ   ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠶᠡᠷᠦᠩᠬᠡᠶ ᠬᠥᠮᠦᠨ ᠠᠮᠠ᠂ ᠬᠤᠳᠠ ᠬᠥᠳᠡᠭᠡ ᠵᠢᠨ ᠬᠥᠳᠡᠯᠮᠦᠷᠢ ᠵᠢᠨ ᠬᠥᠮᠦᠨ   ᠠᠮᠠ ᠵᠢᠨ ᠪᠠᠭᠤᠷᠠᠯᠲᠠ ᠵᠢᠨ ᠬᠠᠨᠳᠤᠰᠢ᠎ᠳᠤ ᠰᠠᠭᠤᠷᠢᠯᠠᠪᠠᠯ᠂ ᠬᠤᠳᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ᠂ ᠮᠠᠯᠴᠢᠨ ᠲᠠᠷᠢᠶᠠᠴᠢᠨ᠎ᠢ   ᠰᠢᠯᠵᠢᠭᠦᠯᠦᠨ ᠠᠵᠢᠯ ᠣᠯᠭᠣᠬᠤ ᠵᠡᠷᠭᠡ ᠭᠦᠢ᠍ᠴᠡᠳᠬᠡᠯ ᠲᠣᠭ᠎ᠠ᠎ᠨᠢ ᠪᠠᠭᠤᠷᠠᠬᠤ ᠬᠠᠨᠳᠤᠰᠢ᠎ᠲᠠᠢ ᠪᠠᠢ᠌ᠵᠤ᠂ ᠡᠨᠡ᠎ᠨᠢ ᠤᠯᠤᠰ᠎ᠤᠨ ᠲᠥᠯᠥᠪᠵᠢᠭᠦᠯᠭᠡ᠎ᠳᠤ ᠳᠤᠷᠠᠳᠤᠭᠰᠠᠨ   ᠬᠠᠨᠳᠤᠰᠢ᠎ᠲᠠᠢ ᠨᠢᠭᠡᠳᠦᠯᠲᠡᠶ ᠪᠠᠶ᠋ᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠶ ᠵᠢᠨ   ᠬᠥᠭᠵᠢᠯᠲᠡ ᠵᠢᠨ ᠠᠵᠢᠯ ᠣᠯᠭᠣᠬᠤ ᠴᠢᠳᠠᠪᠤᠷᠢ᠂ ᠪᠦᠲᠦᠴᠡ ᠵᠢᠨ ᠴᠢᠨᠠᠷᠲᠠᠶ ᠠᠵᠢᠯ ᠣᠯᠭᠣᠯᠲᠠ ᠵᠢᠨ ᠵᠥᠷᠢᠴᠡᠯ ᠵᠡᠷᠭᠡ ᠪᠠᠶ᠋ᠢᠳᠠᠯ᠎ᠢ ᠦᠨᠳᠦᠰᠦᠯᠡᠪᠡᠯ᠂ ᠬᠣᠲᠠ   ᠪᠠᠯᠭ᠋ᠠᠰᠤ ᠵᠢᠨ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ᠂ ᠪᠠᠶ᠋ᠢᠴᠠᠭ᠋ᠠᠯᠲᠠ ᠬᠢᠭᠰᠡᠨ ᠠᠵᠢᠯ ᠠᠯᠳᠠᠯᠲᠠ ᠵᠢᠨ ᠨᠣᠷᠮ᠎ᠠ ᠨᠡᠮᠡᠭᠳᠡᠬᠦ ᠬᠠᠨᠳᠤᠰᠢ᠎ᠲᠠᠢ ᠪᠠᠢ᠌ᠵᠤ᠂   ᠪᠥᠬᠥ ᠠᠵᠢᠯᠲᠠᠨ᠎ᠤ ᠬᠥᠳᠡᠯᠮᠦᠷᠢ ᠦᠢ᠍ᠯᠡᠳᠪᠦᠷᠢᠯᠡᠯ᠎ᠤᠨ ᠨᠣᠷᠮ᠎ᠠ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠵᠢ   ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠭᠡ ᠵᠢᠨ ᠬᠥᠲᠥᠯᠪᠦᠷᠢ᠎ᠯᠦᠭᠡ ᠨᠢᠭᠡᠳᠦᠯᠲᠡᠶ ᠪᠠᠶ᠋ᠢᠯᠭ᠋ᠠᠨ᠎ᠠ᠃
     (ᠭᠤᠷᠪᠠ) ᠲᠥᠷᠥᠯ ᠵᠦᠢ᠍ᠯ᠎ᠤᠨ ᠲᠤᠯᠭ᠋ᠠᠭᠤᠷᠢᠯᠠᠯ ᠵᠶ᠋ᠠᠷ ᠳᠠᠮᠵᠢᠨ ᠭᠣᠤᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠪᠠ᠃ ᠲᠥᠯᠥᠪᠵᠢᠭᠦᠯᠭᠡ᠎ᠳᠤ 9   ᠲᠥᠯᠥᠪᠯᠡᠭᠡ ᠵᠢᠨ ᠲᠤᠰᠬᠠᠢ ᠪᠤᠯᠤᠩ᠂ 29 ᠪᠣᠳᠠᠲᠠᠢ ᠲᠦᠷᠦᠯ ᠵᠦᠢ᠍ᠯ᠎ᠢ ᠲᠤᠬᠢᠷᠠᠭᠤᠯᠵᠤ᠂ ᠲᠦᠷᠦᠯ ᠵᠦᠢ᠍ᠯ ᠨᠢᠭᠡᠪᠦᠷᠢ᠎ᠳᠤ ᠴᠥᠮ ᠬᠠᠷᠠᠯᠲᠠ ᠡᠭᠦᠷᠭᠡ᠂ ᠪᠣᠳᠠᠲᠠᠢ   ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠦᠷ᠎ᠡ ᠪᠦᠲᠦᠮᠵᠢ ᠵᠢ ᠲᠣᠳᠣᠷᠬᠠᠶ᠋ᠢᠯᠠᠪᠠ᠃ ᠡᠭᠦᠨ᠎ᠤ ᠵᠣᠷᠢᠯᠭ᠎ᠠ᠎ᠨᠢ ᠳᠠᠷᠤᠢ ᠲᠦᠷᠦᠯ ᠵᠦᠢ᠍ᠯ᠎ᠢ ᠬᠡᠷᠡᠭᠵᠢᠭᠦᠯᠬᠦ᠎ᠪᠠᠷ ᠭᠠᠷᠳᠠᠴᠠ   ᠪᠣᠯᠭ᠋ᠠᠵᠤ᠂ ᠬᠠᠷᠠᠯᠲᠠ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠵᠢᠨ ᠲᠥᠯᠥᠭᠡ ᠶᠤᠮ᠃ ᠵᠢᠱ᠌ᠢᠶᠡᠯᠡᠪᠡᠯ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ   ᠬᠠᠩᠭ᠋ᠠᠯᠭ᠎ᠠ ᠵᠢ ᠴᠢᠩᠭ᠋ᠠᠳᠬᠠᠬᠤ᠎ᠳᠤ᠂ ᠪᠢᠳᠡ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠪᠥᠲᠥᠭᠡᠨ   ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠳᠣᠭᠢᠷᠠᠭᠤᠯᠵᠤ᠂ ᠡᠯ᠎ᠡ ᠭᠠᠵᠠᠷ᠎ᠤᠨ 《ᠪᠠᠶ᠋ᠢᠷᠢ ᠲᠣᠭᠲᠠᠭ᠋ᠠᠯᠲᠠ ᠲᠣᠳᠣᠷᠬᠠᠶ᠂ ᠣᠨᠴᠠᠯᠢᠭ ᠢᠯᠡ ᠲᠣᠳᠣ᠂ ᠦᠢ᠍ᠯᠡᠴᠢᠯᠡᠭᠡ   ᠲᠤᠰᠬᠠᠶ ᠮᠡᠷᠭᠡᠵᠢᠭᠰᠡᠨ᠂ ᠵᠠᠭᠪᠤᠷ ᠰᠢᠨᠡᠴᠢᠯᠡᠭᠰᠡᠨ᠂ ᠢᠵᠢ ᠪᠦᠷᠢᠳᠦᠭᠰᠡᠨ᠂ ᠴᠢᠳᠠᠮᠵᠢ ᠪᠦᠷᠢᠨ ᠲᠡᠭᠦᠯᠳᠡᠷ》 ᠪᠠᠶ᠋ᠢᠬᠤ ᠬᠠᠷᠠᠯᠲᠠ ᠶᠣᠰᠣᠭ᠋ᠠᠷ ᠬᠥᠮᠦᠨ᠎ᠤ ᠬᠦᠴᠦᠨ᠎ᠤ   ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠲᠠᠰ ᠲᠥᠷᠥᠯ ᠬᠤᠪᠢᠶᠠᠨ ᠪᠥᠲᠥᠭᠡᠨ ᠪᠠᠶ᠋ᠢᠭᠤᠯᠬᠤ ᠵᠢ ᠳᠡᠮᠵᠢᠬᠦ᠎ᠪᠠᠷ ᠪᠤᠢ᠃ 2022 ᠣᠨ   ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ 1 —  2 ᠪᠠᠢ᠌ᠭᠤᠯᠤᠨ᠎ᠠ; 2025 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ   ᠦᠢ᠍ᠯᠡᠰ᠎ᠤᠨ ᠬᠦᠷᠢᠶᠡᠯᠡᠩ᠎ᠢ 3 — 4 ᠪᠠᠶ᠋ᠢᠭᠤᠯᠤᠨ᠎ᠠ᠃ ᠪᠣᠳᠠᠲᠠᠶ ᠲᠥᠷᠥᠯ ᠵᠦᠢ᠍ᠯ᠎ᠤᠨ ᠳᠡᠮᠵᠢᠯᠭᠡ ᠪᠠᠢ᠌ᠮᠠᠨᠵᠢᠨ᠂ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ   ᠪᠠᠶᠠᠯᠢᠭ᠎ᠤᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠰᠠᠶᠢ ᠨᠠᠩ ᠰᠠᠢ᠌ᠨ ᠪᠦᠷᠢᠨᠰᠢᠬᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠠᠷᠭ᠎ᠠ   ᠬᠡᠮᠵᠢᠶ᠎ᠡ ᠵᠢ ᠰᠠᠶᠢ ᠨᠠᠩ ᠰᠠᠶ᠋ᠢᠲᠤᠷ ᠨᠠᠶ᠋ᠢᠳᠠᠪᠤᠷᠢᠵᠢᠭᠤᠯᠵᠤ ᠴᠢᠳᠠᠨ᠎ᠠ᠃
      ᠭᠤᠷᠪᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢ ᠠᠬᠢᠭᠤᠯᠬᠤ   ᠲᠥᠯᠥᠪᠵᠢᠭᠦᠯᠭᠡ ᠵᠢᠨ ᠭᠣᠣᠯ ᠠᠭᠤᠯᠭ᠎ᠠ
      ᠲᠥᠯᠥᠪᠵᠢᠭᠦᠯᠭᠡ ᠵᠢ ᠠᠷᠪᠠᠨ ᠨᠢᠭᠡᠨ ᠬᠡᠰᠡᠭ᠂ 40 ᠵᠦᠢ᠍ᠯ᠎ᠤᠨ ᠠᠭᠤᠯᠭ᠎ᠠ ᠬᠤᠪᠢᠶᠠᠪᠠ᠃
      ᠨᠢᠭᠡ᠎ᠠᠴᠠ ᠬᠣᠶᠠᠳᠤᠭ᠋ᠠᠷ ᠬᠡᠰᠡᠭ᠎ᠲᠤ ᠡᠭᠦᠨ᠎ᠳᠤ ᠬᠥᠭᠵᠢᠯᠲᠡ ᠵᠢᠨ ᠰᠠᠭᠤᠷᠢ᠂ ᠲᠤᠯᠭ᠋ᠠᠷᠠᠵᠤ ᠪᠠᠶ᠋ᠢᠭ᠎ᠠ ᠠᠰᠠᠭᠤᠳᠠᠯ᠂ ᠵᠢᠯᠣᠭᠣᠳᠬᠤ ᠦᠵᠡᠯ ᠰᠠᠨᠠᠭ᠎ᠠ᠂   ᠦᠨᠳᠦᠰᠦᠨ ᠵᠠᠷᠴᠢᠮ ᠪᠠ ᠭᠣᠣᠯ ᠬᠠᠷᠠᠯᠲᠠ ᠵᠢ ᠪᠠᠭᠲᠠᠭ᠋ᠠᠪᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠎ᠠ᠎ᠠᠴᠠ ᠨᠠᠭ᠋ᠠᠰᠢᠬᠢ   ᠠᠵᠢᠯ ᠣᠯᠭᠣᠯᠲᠠ ᠵᠢ ᠠᠬᠢᠭᠤᠯᠤᠭᠰᠠᠨ ᠠᠵᠢᠯ᠎ᠤᠨ ᠦᠷ᠎ᠡ ᠪᠦᠲᠦᠮᠵᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ   ᠲᠤᠯᠭ᠋ᠠᠷᠠᠵᠤ ᠮᠡᠳᠡᠬᠦ ᠠᠵᠠ ᠲᠣᠬᠢᠶᠠᠯ ᠪᠠ ᠥᠷᠢᠰᠥᠯᠳᠦᠭᠡᠨ᠎ᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ   ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠪᠥᠬᠥ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ᠎ᠢ   ᠲᠣᠳᠣᠷᠬᠠᠶ᠋ᠢᠯᠠᠪᠠ᠃ ᠠᠵᠢᠯ ᠣᠯᠭᠣᠯᠲᠠ ᠵᠢᠨ ᠪᠠᠶ᠋ᠢᠳᠠᠯ᠎ᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠦᠲᠦᠴᠡ ᠵᠢᠨ   ᠴᠢᠨᠠᠷᠲᠠᠶ ᠠᠵᠢᠯ ᠣᠯᠭᠣᠯᠲᠠ ᠵᠢᠨ ᠵᠥᠷᠢᠴᠡᠯ᠎ᠢ ᠨᠠᠮᠳᠠᠭᠤᠯᠬᠤ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠬᠤ   ᠪᠠ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ   ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢᠨ 17 ᠵᠦᠢ᠍ᠯ᠎ᠤᠨ ᠭᠣᠣᠯ ᠭᠦᠢ᠍ᠴᠡᠳᠬᠡᠯ ᠲᠣᠭ᠎ᠠ ᠵᠢ ᠲᠣᠳᠣᠷᠬᠠᠶ᠋ᠢᠯᠠᠪᠠ᠃
      ᠭᠤᠷᠪᠠ᠎ᠠᠴᠠ ᠠᠷᠪᠠᠳᠤᠭ᠋ᠠᠷ ᠬᠡᠰᠡᠭ᠎ᠲᠤ ᠨᠠᠢ᠍ᠮᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠠᠭᠲᠠᠭ᠋ᠠᠪᠠ᠂ ᠡᠨᠡ᠎ᠨᠢ ᠪᠠᠰᠠ ᠴᠤ᠌ 《ᠠᠷᠪᠠᠨ ᠳᠥᠷᠪᠡᠳᠦᠭᠡᠷ   ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢᠨ ᠠᠵᠢᠯ᠎ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
      ᠨᠢᠭᠡᠳᠦᠭᠡᠷ ᠵᠦᠢ᠍ᠯ᠎ᠨᠢ ᠠᠵᠤ ᠠᠬᠤᠶ ᠵᠢᠨ ᠬᠥᠭᠵᠢᠯᠲᠡ᠎ᠪᠠᠷ ᠠᠵᠢᠯ ᠣᠯᠭᠣᠯᠲᠠ ᠵᠢᠨ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ ᠠᠵᠢᠯ ᠣᠯᠭᠣᠯᠲᠠ ᠵᠢ   ᠲᠡᠷᠢᠭᠦᠨ᠎ᠳᠤ ᠲᠠᠯᠪᠢᠬᠤ ᠲᠦᠷᠦ ᠵᠢᠨ ᠪᠤᠳᠤᠯᠭ᠎ᠠ ᠵᠢ ᠴᠢᠩᠭ᠋ᠠᠳᠬᠠᠬᠤ᠂ ᠤᠳᠤ ᠦᠶ᠎ᠡ ᠵᠢᠨ ᠠᠵᠤ ᠦᠢ᠍ᠯᠡᠰ᠎ᠤᠨ ᠠᠵᠢᠯ ᠣᠯᠭᠣᠬᠤ ᠪᠠᠭᠲᠠᠭ᠋ᠠᠮᠵᠢ ᠵᠢ ᠥᠷᠭᠡᠳᠬᠡᠬᠦ᠂   ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠣᠯᠭᠣᠯᠲᠠ ᠵᠢ ᠰᠢᠩᠭᠡᠭᠡᠨ ᠠᠪᠬᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ   ᠠᠵᠢᠯ ᠣᠯᠭᠣᠯᠲᠠ ᠵᠢ ᠰᠢᠩᠭᠡᠭᠡᠨ ᠠᠪᠬᠤ ᠵᠢ ᠳᠡᠮᠵᠢᠬᠦ ᠲᠦᠷᠪᠡᠨ ᠲᠠᠯ᠎ᠠ᠎ᠠᠴᠠ ᠪᠠᠶ᠋ᠢᠷᠢᠯᠠᠭᠤᠯᠤᠯᠲᠠ ᠬᠢᠪᠡ᠃ ᠡᠭᠦᠨ᠎ᠤ ᠵᠣᠷᠢᠯᠭ᠎ᠠ᠎ᠨᠢ ᠠᠵᠤ ᠠᠬᠤᠶ᠎ᠪᠠᠷ ᠠᠵᠢᠯ   ᠣᠯᠭᠣᠯᠲᠠ ᠵᠢ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠠᠵᠢᠯ ᠣᠯᠭᠣᠬᠤ ᠪᠠᠭᠲᠠᠭ᠋ᠠᠮᠵᠢ ᠵᠢ ᠥᠷᠭᠡᠳᠬᠡᠵᠦ᠂ ᠠᠵᠢᠯ ᠣᠯᠭᠣᠯᠲᠠ ᠵᠢᠨ ᠶᠠᠰᠤ ᠴᠢᠨᠠᠷ᠎ᠢ   ᠳᠡᠭᠡᠭᠰᠢᠯᠡᠭᠦᠯᠬᠦ ᠵᠢᠨ ᠲᠥᠯᠥᠭᠡ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠤᠳᠠ ᠪᠠᠯᠭ᠋ᠠᠰᠤᠨ᠎ᠤ 100   ᠲᠦᠮᠡ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠤᠳᠠ ᠪᠠᠯᠭ᠋ᠠᠰᠤᠨ᠎ᠤ ᠠᠵᠢᠯ ᠠᠯᠳᠠᠯᠲᠠ ᠵᠢᠨ ᠪᠠᠶ᠋ᠢᠴᠠᠭ᠋ᠠᠯᠲᠠ ᠵᠢᠨ ᠨᠤᠷᠮ᠎ᠠ ᠵᠢ 6%   ᠣᠷᠴᠢᠮ᠎ᠳᠤ ᠬᠢᠵᠠᠭ᠋ᠠᠷᠯᠠᠬᠤ᠎ᠪᠠᠷ ᠴᠢᠷᠮᠠᠶ᠋ᠢᠨ᠎ᠠ᠃
      ᠬᠣᠶᠠᠳᠤᠭ᠋ᠠᠷ ᠵᠦᠢ᠍ᠯ᠎ᠨᠢ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠳᠡᠮᠵᠢᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠶᠡᠬᠡ ᠳᠡᠭᠡᠳᠦ   ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ ᠵᠢ ᠲᠤᠪᠤᠢ᠍ᠢ᠍ᠯᠭ᠋ᠠᠬᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ   ᠰᠢᠯᠵᠢᠭᠦᠯᠦᠨ ᠠᠵᠢᠯ ᠣᠯᠭᠣᠬᠤ ᠵᠢ ᠠᠬᠢᠭᠤᠯᠬᠤ᠂ ᠴᠡᠷᠢᠭ᠎ᠠᠴᠠ ᠬᠠᠯᠠᠭᠳᠠᠭᠰᠠᠳ᠎ᠤᠨ ᠠᠵᠢᠯ ᠣᠯᠭᠣᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ᠂ ᠶᠠᠳᠠᠭᠤ᠎ᠠᠴᠠ   ᠠᠩᠭᠢᠵᠢᠷᠠᠭᠰᠠᠨ ᠬᠥᠮᠦᠨ ᠠᠮᠠ ᠵᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠪᠤᠰᠤᠳ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢᠨ ᠠᠵᠢᠯ᠎ᠢ   ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠬᠦ ᠵᠡᠷᠭᠡ ᠲᠠᠪᠤᠨ ᠲᠠᠯ᠎ᠠ᠎ᠠᠴᠠ ᠪᠠᠶ᠋ᠢᠷᠢᠯᠠᠭᠤᠯᠤᠯᠲᠠ ᠬᠢᠪᠡ᠃ ᠡᠭᠦᠨ᠎ᠤ ᠵᠣᠷᠢᠯᠭ᠎ᠠ᠎ᠨᠢ ᠠᠵᠢᠯ ᠣᠯᠭᠣᠯᠲᠠ ᠵᠢᠨ   ᠰᠠᠭᠤᠷᠢ ᠵᠢ ᠪᠠᠲᠤᠳᠬᠠᠵᠤ᠂ ᠠᠵᠢᠯ ᠣᠯᠭᠣᠯᠲᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠵᠢᠨ ᠲᠥᠯᠥᠭᠡ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ   ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠬᠤᠳᠠ ᠪᠠᠯᠭ᠋ᠠᠰᠤᠨ᠎ᠤ 25 ᠲᠦᠮᠡᠨ ᠠᠵᠢᠯ ᠠᠯᠳᠠᠭᠰᠠᠳ᠎ᠲᠤ ᠲᠠᠬᠢᠨ ᠠᠵᠢᠯ ᠣᠯᠭᠣᠵᠤ᠂ ᠠᠵᠢᠯ ᠤᠯᠬᠤ᠎ᠳᠤ   ᠬᠦᠴᠢᠷᠲᠡᠶ 25 ᠲᠦᠮᠡᠨ ᠬᠥᠮᠥᠨ᠎ᠳᠤ ᠠᠵᠢᠯ ᠣᠯᠭᠣᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ 65 ᠲᠦᠮᠡᠨ ᠬᠥᠮᠥᠨ᠎ᠳᠤ ᠠᠵᠢᠯ ᠣᠯᠭᠣᠵᠤ᠂ 1200   ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠰᠢᠯᠵᠢᠭᠦᠯᠦᠨ ᠠᠵᠢᠯ ᠣᠯᠭᠣᠨ᠎ᠠ᠃  
      ᠭᠤᠷᠪᠠᠳᠤᠭ᠋ᠠᠷ ᠵᠦᠢ᠍ᠯ᠎ᠨᠢ 《ᠦᠢ᠍ᠯᠡᠰ ᠪᠤᠰᠬᠠᠵᠤ ᠰᠢᠨ᠎ᠡ ᠵᠢ ᠡᠭᠦᠳᠬᠦ》 ᠵᠢ ᠬᠥᠭᠵᠢᠭᠡᠵᠦ ᠠᠵᠢᠯ ᠣᠯᠭᠣᠯᠲᠠ ᠵᠢᠨ ᠠᠮᠢᠵᠢᠷᠠᠯ᠎ᠤᠨ ᠬᠦᠴᠦᠨ᠎ᠢ ᠳᠠᠢ᠍ᠢ᠍ᠴᠢᠯᠠᠨ᠎ᠠ᠃ ᠰᠢᠨ᠎ᠡ ᠵᠢ ᠡᠭᠦᠳᠬᠦ ᠪᠠ ᠠᠳᠠᠯ ᠦᠢ᠍ᠯᠡᠰ ᠴᠣᠭᠴᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠴᠢᠳᠠᠪᠤᠷᠢ ᠵᠢ   ᠳᠡᠭᠡᠭᠰᠢᠯᠡᠭᠦᠯᠬᠦ᠂ ᠡᠯ᠎ᠡ ᠲᠦᠷᠦᠯ᠎ᠤᠨ ᠭᠣᠣᠯᠳᠠᠯᠭ᠎ᠠ᠎ᠲᠠᠢ ᠬᠦᠮᠦᠰ᠎ᠤᠨ ᠠᠳᠠᠯ ᠦᠢ᠍ᠯᠡᠰ ᠴᠣᠭᠴᠠᠯᠠᠬᠤ᠎ᠳᠤ ᠣᠷᠣᠯᠴᠠᠬᠤ ᠵᠢ ᠳᠡᠮᠵᠢᠬᠦ ᠭᠤᠷᠪᠠᠨ ᠲᠠᠯ᠎ᠠ᠎ᠠᠴᠠ   ᠪᠠᠶ᠋ᠢᠷᠢᠯᠠᠭᠤᠯᠤᠯᠲᠠ ᠬᠢᠵᠦ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠭᠰᠠᠨ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂   ᠪᠥᠬᠥᠳᠡ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠪᠣᠳᠠᠲᠠᠶ ᠠᠷᠭ᠎ᠠ ᠬᠡᠮᠵᠢᠶ᠎ᠡ ᠵᠢ ᠭᠦᠨᠵᠡᠭᠡᠶ ᠬᠡᠷᠡᠭᠵᠢᠭᠦᠯᠵᠦ᠂   ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠵᠢᠨ ᠲᠠᠬᠢᠨ ᠵᠶ᠋ᠠᠷ ᠨᠡᠮᠡᠭᠳᠡᠭᠦᠯᠬᠦ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠤᠨ᠎ᠠ᠃ 《ᠠᠷᠪᠠᠨ   ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠢᠳᠡ ᠪᠥᠬᠥ ᠣᠷᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠱ᠌ᠢᠶ᠎ᠡ   ᠦᠵᠡᠭᠦᠯᠬᠦ ᠠᠳᠠᠯ ᠦᠢ᠍ᠯᠡᠰ ᠴᠣᠭᠴᠠᠯᠠᠬᠤ ᠬᠦᠷᠢᠶᠡᠯᠡᠩ (ᠠᠳᠠᠯ ᠦᠢ᠍ᠯᠡᠰ ᠴᠣᠭᠴᠠᠯᠠᠬᠤ ᠵᠢ ᠨᠡᠪᠴᠢᠭᠦᠯᠬᠦ ᠰᠠᠭᠤᠷᠢᠨ ᠭᠠᠵᠠᠷ)᠎ᠢ 20 ᠪᠠᠶ᠋ᠢᠭᠤᠯᠤᠨ᠎ᠠ᠃
      ᠳᠥᠷᠪᠡᠳᠦᠭᠡᠷ ᠵᠦᠢ᠍ᠯ᠎ᠨᠢ ᠤᠯᠠᠨ ᠠᠷᠭ᠎ᠠ ᠵᠠᠮ ᠵᠶ᠋ᠠᠷ ᠳᠠᠮᠵᠢᠨ ᠠᠮᠢᠳᠤᠯᠢᠭ ᠵᠶ᠋ᠠᠷ ᠠᠵᠢᠯ ᠣᠯᠭᠣᠬᠤ ᠵᠢ ᠳᠡᠮᠵᠢᠨ᠎ᠡ᠃ ᠬᠠᠨᠳᠤᠰᠢ ᠪᠠᠶ᠋ᠢᠳᠠᠯ᠎ᠢ᠎ᠲᠠᠭᠠᠨ   ᠲᠣᠬᠢᠷᠠᠭᠤᠯᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠵᠦᠢ ᠵᠣᠬᠢᠰ ᠦᠭᠡᠶ ᠬᠢᠵᠠᠭ᠋ᠠᠷᠯᠠᠯ᠎ᠢ ᠡᠪᠳᠡᠵᠦ᠂ ᠠᠮᠢᠳᠤᠯᠢᠭ ᠵᠶ᠋ᠠᠷ ᠠᠵᠢᠯ ᠣᠯᠭᠣᠬᠤ ᠬᠥᠭᠵᠢᠯᠲᠡ ᠵᠢᠨ ᠠᠷᠭ᠎ᠠ   ᠵᠠᠮ᠎ᠢ ᠥᠷᠭᠡᠳᠬᠡᠬᠦ᠎ᠲᠠᠢ ᠤᠶᠠᠯᠳᠤᠭᠤᠯᠤᠨ᠂ ᠬᠤᠪᠢ ᠵᠢᠨ ᠡᠵᠡᠩᠨᠡᠯᠲᠡ ᠵᠢᠨ ᠬᠥᠭᠵᠢᠯᠲᠡ ᠵᠢ ᠵᠣᠷᠢᠭᠵᠢᠭᠤᠯᠬᠤ᠂ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯ   ᠣᠯᠭᠣᠯᠲᠠ ᠵᠢᠨ ᠲᠣᠬᠢᠶᠠᠯ᠎ᠢ ᠨᠡᠮᠡᠭᠳᠡᠭᠦᠯᠬᠦ᠂ ᠰᠢᠨ᠎ᠡ ᠠᠵᠢᠯ ᠣᠯᠭᠣᠯᠲᠠ ᠵᠢᠨ ᠬᠡᠯᠪᠡᠷᠢ ᠪᠠᠶ᠋ᠢᠳᠠᠯ᠎ᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠬᠦ ᠭᠤᠷᠪᠠᠨ ᠲᠠᠯ᠎ᠠ᠎ᠪᠠᠷ   ᠪᠠᠶ᠋ᠢᠷᠢᠯᠠᠭᠤᠯᠤᠯᠲᠠ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠰᠢᠨ᠎ᠡ ᠠᠵᠢᠯ ᠣᠯᠭᠣᠯᠲᠠ ᠵᠢᠨ ᠬᠡᠯᠪᠡᠷᠢ   ᠪᠠᠶ᠋ᠢᠳᠠᠯ᠎ᠤᠨ ᠳᠣᠣᠷᠠᠬᠢ ᠠᠮᠢᠳᠤᠯᠢᠭ ᠵᠶ᠋ᠠᠷ ᠠᠵᠢᠯ ᠣᠯᠭᠣᠬᠤ ᠪᠠᠲᠤᠯᠠᠭ᠎ᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ ᠠᠵᠤ ᠠᠬᠤᠶ᠂ ᠰᠢᠨ᠎ᠡ   ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠳᠣᠣᠷᠠᠬᠢ ᠬᠥᠳᠡᠯᠮᠦᠷᠢᠴᠢᠳ᠎ᠤᠨ ᠠᠵᠢᠯ ᠣᠯᠭᠣᠯᠲᠠ ᠵᠢᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠨ᠎ᠡ᠃
      ᠲᠠᠪᠤᠳᠤᠭ᠋ᠠᠷ ᠵᠦᠢ᠍ᠯ᠎ᠨᠢ ᠬᠥᠳᠡᠯᠮᠦᠷᠢᠴᠢᠳ᠎ᠤᠨ ᠠᠵᠢᠯ ᠤᠯᠬᠤ ᠪᠠ ᠠᠳᠠᠯ ᠦᠢ᠍ᠯᠡᠰ ᠴᠣᠭᠴᠠᠯᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃   ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠲᠣᠬᠢᠷᠠᠯᠴᠠᠬᠤ ᠦᠭᠡᠶ᠂   ᠤᠷ᠎ᠠ ᠮᠡᠷᠭᠡᠵᠢᠯ᠎ᠤᠨ ᠴᠢᠳᠠᠪᠤᠷᠢᠲᠠᠨ ᠳᠤᠲᠠᠭᠳᠠᠵᠤ ᠪᠠᠶ᠋ᠢᠭ᠎ᠠ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ   ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠠ   ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠬᠥᠳᠡᠯᠮᠦᠷᠢ ᠬᠦᠴᠦᠨ᠎ᠤ ᠡᠯᠧᠮᠧᠨ᠋ᠲ᠎ᠤᠨ ᠶᠠᠰᠤ ᠴᠢᠨᠠᠷ᠎ᠢ ᠬᠦᠴᠦᠯᠡᠨ ᠰᠠᠶ᠋ᠢᠵᠢᠷᠠᠭᠤᠯᠵᠤ᠂ ᠠᠵᠢᠯ ᠮᠡᠷᠭᠡᠵᠢᠯ᠎ᠤᠨ   ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢᠨ ᠬᠢᠷᠢ   ᠲᠦᠪᠰᠢᠨ᠎ᠢ ᠳᠡᠭᠡᠭᠰᠢᠯᠡᠭᠦᠯᠬᠦ᠂ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ᠂ ᠤᠷ᠎ᠠ   ᠴᠢᠳᠠᠪᠤᠷᠢ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠦᠷᠪᠡᠨ ᠲᠠᠯ᠎ᠠ᠎ᠠᠴᠠ ᠠᠵᠢᠯ᠎ᠤᠨ ᠠᠷᠭ᠎ᠠ ᠬᠡᠮᠵᠢᠶ᠎ᠡ ᠵᠢ ᠳᠤᠷᠠᠳᠤᠨ   ᠭᠠᠷᠭ᠋ᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠠᠷᠠᠯᠲᠠ ᠪᠣᠯ ᠨᠥᠬᠥᠪᠥᠷᠢ ᠵᠢᠨ ᠴᠢᠨᠠᠷᠲᠠᠶ ᠠᠵᠢᠯ   ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ 125 ᠲᠦᠮᠡᠨ ᠬᠥᠮᠦᠨ ᠤᠳᠠᠭ᠎ᠠ ᠥᠷᠨᠢᠭᠦᠯᠦᠨ᠎ᠡ; ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ 14 ᠲᠦᠮᠡ   ᠬᠥᠮᠦᠵᠢᠭᠦᠯᠵᠦ᠂ ᠪᠥᠬᠥ ᠣᠷᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠶ ᠲᠣᠭ᠎ᠠ ᠵᠢ 88 ᠲᠦᠮᠡᠨ ᠬᠥᠮᠦᠨ᠎ᠳᠤ ᠬᠦᠷᠭᠡᠨ᠎ᠡ᠃
      ᠵᠢᠷᠭᠤᠳᠤᠭ᠋ᠠᠷ ᠵᠦᠢ᠍ᠯ᠎ᠨᠢ ᠤᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ   ᠣᠷᠣᠨ᠎ᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠥᠪᠥᠷᠢᠯᠡᠬᠦ ᠵᠢᠨ ᠲᠣᠭᠣᠷᠢᠨ᠎ᠳᠤ ᠠᠰᠠᠭᠤᠳᠠᠯ ᠵᠶ᠋ᠠᠷ ᠤᠳᠤᠷᠢᠳᠤᠮᠵᠢ   ᠪᠣᠯᠭ᠋ᠠᠬᠤ ᠵᠢ ᠪᠠᠷᠢᠮᠲᠠᠯᠠᠵᠤ ᠨᠢᠭᠡᠳᠦᠯᠲᠡᠶ ᠲᠥᠯᠥᠪᠯᠡᠨ ᠠᠷᠭ᠎ᠠ ᠤᠬᠠᠭ᠋ᠠᠨ ᠰᠦᠪᠡᠭᠴᠢᠯᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ   ᠲᠣᠭᠲᠠᠯᠴᠠᠭ᠎ᠠ ᠵᠢ ᠪᠦᠷᠢᠨᠰᠢᠬᠦᠯᠬᠦ᠂ ᠤᠯᠠᠨ ᠨᠡᠶ᠋ᠢᠲᠡ ᠵᠢᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠬᠦᠯᠬᠦ᠂ ᠤᠯᠠᠨ   ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠦᠨᠳᠦᠰᠦᠨ ᠱᠠᠲᠤᠨ᠎ᠤ ᠤᠯᠠᠨ ᠨᠡᠶ᠋ᠢᠲᠡ ᠵᠢᠨ ᠠᠵᠢᠯ   ᠣᠯᠭᠣᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠦᠷᠪᠡᠨ ᠲᠠᠯ᠎ᠠ᠎ᠠᠴᠠ ᠪᠠᠶ᠋ᠢᠷᠢᠯᠠᠭᠤᠯᠤᠯᠲᠠ ᠬᠢᠵᠦ᠂ ᠪᠦᠬᠦ ᠶᠠᠪᠤᠴᠠ ᠵᠢ ᠬᠣᠯᠪᠣᠭᠰᠠᠨ᠂   ᠪᠦᠬᠦ ᠣᠷᠣᠨ ᠪᠦᠰᠡ ᠵᠢ ᠨᠥᠯᠥᠭᠡᠯᠡᠭᠰᠡᠨ᠂ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠪᠠᠢ᠌ᠬᠤ ᠪᠦᠬᠦ ᠲᠠᠯ᠎ᠠ ᠵᠢᠨ ᠴᠢᠨᠠᠷᠲᠠᠢ ᠤᠯᠠᠨ ᠨᠡᠶ᠋ᠢᠲᠡ ᠵᠢᠨ ᠠᠵᠢᠯ   ᠣᠯᠭᠣᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠬᠦ ᠬᠦᠴᠦᠨ ᠵᠶ᠋ᠠᠷ ᠵᠶ᠋ᠠᠨ ᠪᠤᠢ ᠪᠣᠯᠭ᠋ᠠᠵᠤ᠂ ᠬᠥᠳᠡᠯᠮᠦᠷᠢᠴᠢᠳ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ   ᠬᠡᠷᠡᠭᠴᠡᠭᠡ ᠵᠢ ᠵᠣᠬᠢᠴᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
      ᠳᠣᠯᠣᠳᠤᠭ᠋ᠠᠷ ᠵᠦᠢ᠍ᠯ᠎ᠨᠢ ᠬᠥᠳᠡᠯᠮᠦᠷᠢᠴᠢᠳ᠎ᠤᠨ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠨᠠᠮ᠎ᠤᠨ ᠠᠷᠪᠠ ᠶᠢᠰᠦᠳᠦᠭᠡᠷ ᠶᠡᠬᠡ   ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ ᠵᠢ ᠨᠡᠩ ᠭᠦᠢ᠍ᠴᠡᠳ ᠠᠬᠢᠭᠤᠯᠤᠭᠰᠠᠨ ᠰᠠᠭᠤᠷᠢᠨ   ᠳᠡᠭᠡᠷ᠎ᠡ᠂ ᠬᠥᠳᠡᠯᠮᠦᠷᠢᠴᠢᠳ᠎ᠤᠨ ᠬᠦᠷᠲᠡᠮᠵᠢ ᠵᠢᠨ ᠲᠦᠷᠦᠭᠳᠡᠯ᠎ᠢ ᠨᠡᠮᠡᠭᠳᠡᠭᠦᠯᠬᠦ᠂ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠲᠠᠴᠠ ᠵᠢ ᠪᠦᠷᠢᠨᠰᠢᠬᠦᠯᠬᠦ᠂   ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠬᠤ ᠭᠤᠷᠪᠠᠨ ᠲᠠᠯ᠎ᠠ᠎ᠠᠴᠠ ᠪᠠᠶ᠋ᠢᠷᠢᠯᠠᠭᠤᠯᠤᠯᠲᠠ ᠬᠢᠪᠡ᠃ ᠡᠭᠦᠨ᠎ᠤ ᠵᠣᠷᠢᠯᠭ᠎ᠠ᠎ᠨᠢ   ᠬᠥᠳᠡᠯᠮᠦᠷᠢᠴᠢᠳ᠎ᠤᠨ ᠠᠵᠢᠯ ᠤᠯᠬᠤ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠬᠥᠳᠡᠯᠮᠦᠷᠢ ᠵᠢᠨ ᠡᠷᠬᠡ ᠠᠰᠢᠭ᠎ᠤᠨ ᠬᠠᠮᠠᠭ᠋ᠠᠯᠠᠯᠲᠠ ᠪᠠ ᠪᠠᠲᠤᠯᠠᠭ᠎ᠠ ᠵᠢ   ᠴᠢᠩᠭ᠋ᠠᠳᠬᠠᠵᠤ᠂ ᠬᠥᠳᠡᠯᠮᠦᠷᠢᠴᠢᠳ᠎ᠤᠨ ᠠᠵᠢᠯ᠎ᠤᠨ ᠪᠠᠶ᠋ᠢᠷᠢ ᠵᠢᠨ ᠬᠠᠷᠠᠭ᠋ᠠᠯᠵᠠᠯ᠎ᠢ ᠳᠡᠭᠡᠭᠰᠢᠯᠡᠭᠦᠯᠵᠦ᠂ ᠬᠥᠳᠡᠯᠮᠦᠷᠢᠴᠢᠳ᠎ᠤᠨ ᠠᠵᠢᠯ ᠤᠯᠬᠤ ᠬᠦᠷᠲᠡᠮᠵᠢ ᠵᠢᠨ   ᠲᠦᠷᠦᠭᠳᠡᠯ ᠪᠠ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠨᠡᠩ ᠴᠢᠨᠠᠷᠯᠢᠭ ᠠᠵᠢᠯ ᠣᠯᠭᠣᠯᠲᠠ ᠵᠢ ᠠᠬᠢᠭᠤᠯᠬᠤ ᠵᠢᠨ ᠲᠥᠯᠥᠭᠡ ᠶᠤᠮ᠃ 《ᠠᠷᠪᠠᠨ   ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠠᠵᠢᠯᠳᠠᠨ᠎ᠤ ᠬᠥᠳᠡᠯᠮᠦᠷᠢ ᠦᠢ᠍ᠯᠡᠳᠪᠦᠷᠢᠯᠡᠯ᠎ᠤᠨ ᠨᠤᠷᠮ᠎ᠠ ᠵᠢ 5% ᠣᠷᠴᠢᠮ   ᠨᠡᠮᠡᠭᠳᠡᠭᠦᠯᠬᠦ᠎ᠪᠠᠷ ᠴᠢᠷᠮᠠᠶ᠋ᠢᠵᠤ᠂ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠡᠵᠡᠯᠡᠬᠦ ᠬᠠᠷᠢᠴᠠᠯ᠎ᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃
      ᠨᠠᠢ᠍ᠮᠠᠳᠤᠭ᠋ᠠᠷ ᠵᠦᠢ᠍ᠯ᠎ᠨᠢ ᠠᠵᠢᠯ ᠣᠯᠭᠣᠯᠲᠠ ᠪᠠ ᠠᠵᠢᠯ ᠠᠯᠳᠠᠯᠲᠠ ᠵᠢᠨ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ ᠨᠠᠮᠳᠠᠭ᠋ᠠᠨ᠎ᠠ᠃ ᠤᠷᠢᠳᠴᠢᠯᠠᠨ   ᠪᠡᠯᠡᠳᠬᠡᠬᠦ ᠵᠢ ᠪᠠᠷᠢᠮᠲᠠᠯᠠᠵᠤ᠂ ᠠᠵᠢᠯ ᠣᠯᠭᠣᠯᠲᠠ ᠭᠡᠬᠦ ᠡᠨᠡ ᠬᠦ᠌ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠠᠵᠢᠯ᠎ᠢ ᠰᠠᠶ᠋ᠢᠲᠤᠷ ᠬᠢᠵᠦ᠂ ᠠᠵᠢᠯ ᠣᠯᠭᠣᠯᠲᠠ ᠵᠢᠨ   ᠪᠠᠶ᠋ᠢᠳᠠᠯ᠎ᠢ ᠵᠠᠳᠠᠯᠤᠨ ᠰᠤᠳᠤᠯᠬᠤ ᠪᠠ ᠮᠠᠭ᠋ᠠᠳᠯᠠᠬᠤ ᠲᠣᠭᠲᠠᠴᠠ ᠵᠢ ᠪᠦᠷᠢᠨᠰᠢᠬᠦᠯᠬᠦ᠂ ᠠᠵᠢᠯ ᠣᠯᠭᠣᠯᠲᠠ ᠪᠠ ᠠᠵᠢᠯ ᠠᠯᠳᠠᠯᠲᠠ ᠵᠢ ᠬᠢᠨᠠᠨ ᠰᠢᠨᠵᠢᠯᠡᠵᠦ ᠤᠷᠢᠳᠴᠢᠯᠠᠨ   ᠰᠡᠷᠡᠮᠵᠢᠯᠡᠭᠦᠯᠬᠦ ᠵᠢ ᠴᠢᠩᠭ᠋ᠠᠳᠬᠠᠬᠤ᠂ ᠠᠵᠢᠯ ᠠᠯᠳᠠᠯᠲᠠ ᠵᠢᠨ ᠲᠦᠭᠰᠢᠭᠦᠷᠢ ᠵᠢ ᠠᠷᠭ᠋ᠠᠴᠠᠭ᠋ᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠵᠡᠷᠭᠡ ᠭᠤᠷᠪᠠᠨ ᠲᠠᠯ᠎ᠠ᠎ᠠᠴᠠ   ᠪᠠᠶ᠋ᠢᠷᠢᠯᠠᠭᠤᠯᠤᠯᠲᠠ ᠬᠢᠵᠦ᠂ ᠬᠡᠪᠴᠢᠶᠡᠵᠢᠭᠰᠡᠨ ᠴᠢᠨᠠᠷᠲᠠᠶ ᠠᠵᠢᠯ ᠠᠯᠳᠠᠯᠲᠠ ᠵᠢᠨ ᠲᠦᠭᠰᠢᠭᠦᠷᠢ ᠡᠭᠦᠰᠬᠦ ᠦᠭᠡᠢ ᠬᠢᠵᠠᠭ᠋ᠠᠷ ᠱᠤᠭᠤᠮ᠎ᠢ ᠡᠷᠡᠰ ᠰᠠᠬᠢᠨ᠎ᠠ᠃
      ᠠᠷᠪᠠᠨ ᠨᠢᠭᠡᠳᠦᠭᠡᠷ ᠬᠡᠰᠡᠭ᠎ᠲᠤ ᠭᠣᠣᠯᠳᠠᠭᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠴᠤ᠂ ᠲᠥᠯᠥᠪᠵᠢᠭᠦᠯᠭᠡ ᠵᠢᠨ ᠬᠠᠷᠢᠭᠤᠴᠠᠯᠭ᠎ᠠ ᠵᠢ   ᠨᠠᠶ᠋ᠢᠳᠠᠪᠤᠷᠢᠵᠢᠭᠤᠯᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠬᠤ᠂ ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠬᠤ᠂ ᠲᠦᠷᠦ ᠵᠢᠨ ᠪᠤᠳᠤᠯᠭ᠎ᠠ ᠵᠢᠨ   ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠬᠢᠨᠠᠨ ᠰᠢᠨᠵᠢᠯᠡᠵᠦ ᠦᠨᠡᠯᠡᠨ ᠵᠢᠱ᠌ᠢᠬᠦ ᠵᠢ ᠴᠢᠩᠭ᠋ᠠᠳᠬᠠᠬᠤ ᠪᠠ ᠤᠬᠠᠭᠤᠯᠵᠤ ᠬᠥᠲᠥᠯᠥᠨ ᠵᠢᠯᠣᠭᠣᠳᠬᠤ ᠵᠢ ᠰᠠᠶ᠋ᠢᠲᠤᠷ ᠬᠢᠬᠦ   ᠵᠡᠷᠭᠡ ᠵᠢᠷᠭᠤᠭ᠋ᠠᠨ ᠲᠠᠯ᠎ᠠ᠎ᠠᠴᠠ ᠪᠣᠳᠠᠲᠠᠢ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠲᠥᠯᠥᠪᠵᠢᠭᠦᠯᠭᠡ ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠪᠣᠳᠠᠲᠠᠶ᠎ᠳᠤ   ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠠᠷ ᠥᠭᠦᠯᠡᠬᠦᠢ᠄ 《ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠭᠠᠵᠠᠷ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠤᠪᠢᠶᠠᠷᠢᠯᠠᠨ ᠰᠢᠯᠵᠢᠭᠦᠯᠬᠦ ᠵᠢᠯᠣᠭᠣᠳᠬᠤ ᠭᠠᠷᠴᠠᠭ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》
ᠥᠰᠥᠭ ᠪᠢᠴᠢᠭ ᠵᠶ᠋ᠠᠷ ᠥᠭᠦᠯᠡᠬᠦᠢ᠄ 《ᠴᠠᠭ ᠠᠭᠤᠷ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠤᠨ ᠲᠠᠢ᠌ᠯᠤᠮᠵᠢ
ᠥᠰᠥᠭ ᠵᠶ᠋ᠠᠷ ᠥᠭᠦᠯᠡᠬᠦᠢ᠄ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠬᠡᠷᠡᠭᠵᠢᠭᠦᠯᠦᠯᠲᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 ᠎ᠤᠨ ᠲᠤᠬᠠᠢ ᠲᠠᠢ᠌ᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠬᠡᠷᠡᠭᠵᠢᠭᠦᠯᠬᠦ ᠲᠥᠰᠥᠯ (2021 — 2025 ᠣᠨ)》᠎ᠤᠨ ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠦᠰᠦᠭ ᠪᠢᠴᠢᠭ ᠵᠶ᠋ᠠᠷ ᠥᠭᠦᠯᠡᠬᠦᠢ᠄ 《ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            