ᠨᠢᠭᠡ᠂ ᠠᠵᠢᠯ᠎ᠤᠨ ᠬᠠᠷᠠᠯᠲᠠ
2025 ᠣᠨ᠎ᠤ ᠰᠡᠭᠦᠯᠴᠢ ᠪᠣᠯᠬᠤ᠎ᠳᠤ᠂ ᠪᠦᠬᠦ ᠣᠷᠣᠨ᠎ᠤ ᠬᠣᠲᠠ ᠬᠥᠳᠡᠭᠡ ᠵᠢᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ᠂ ᠬᠡᠷᠡᠭᠯᠡᠬᠦ ᠭᠠᠵᠠᠷ᠂ ᠡᠳ᠋᠎ᠤᠨ ᠵᠠᠰᠠᠭ ᠭᠠᠶ᠋ᠢᠯᠢ ᠵᠡᠷᠭᠡ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ᠎ᠢ ᠲᠠᠰᠤᠷᠠᠯᠲᠠ ᠦᠭᠡᠶ ᠴᠢᠩᠭ᠋ᠠᠷᠠᠭᠤᠯᠵᠤ᠂ ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠥᠷᠨᠢᠭᠦᠯᠵᠦ᠂ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠲᠤᠰᠬᠠᠶ᠋ᠢᠵᠢᠭᠰᠠᠨ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠠᠰᠤᠷᠠᠯᠲᠠ ᠦᠭᠡᠶ ᠲᠦᠷᠭᠡᠳᠬᠡᠵᠦ᠂ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠡᠵᠡᠩᠨᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠠᠩᠬ᠎ᠠ ᠠᠯᠬᠤᠮ ᠪᠣᠶ ᠪᠣᠯᠭ᠋ᠠᠵᠤ᠂ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠢᠯᠡᠳᠲᠡ ᠨᠡᠮᠡᠭᠳᠡᠭᠦᠯᠦᠨ᠂ ᠨᠠᠰᠤᠲᠠᠨ᠎ᠢ ᠠᠰᠠᠷᠠᠬᠤ ᠪᠠᠶ᠋ᠢᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠣᠷᠣ ᠵᠢᠨ ᠡᠵᠡᠯᠡᠬᠦ ᠬᠠᠷᠢᠴᠠᠯ᠎ᠢ 55%᠎ᠠᠴᠠ ᠳᠡᠭᠡᠭᠰᠢ᠎ᠳᠤ ᠬᠦᠷᠦᠭᠦᠯᠵᠦ᠂ ᠬᠣᠲᠠ ᠵᠢᠨ ᠵᠡᠭᠡᠯᠢ ᠭᠤᠳᠤᠮᠵᠢ ᠵᠢᠨ ᠶᠡᠷᠦᠩᠬᠡᠶ᠋ᠢᠯᠡᠭᠰᠡᠨ ᠴᠢᠨᠠᠷᠲᠠᠶ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ (ᠲᠥᠪ) ᠵᠢᠨ ᠬᠠᠮᠤᠷᠬᠤ ᠨᠣᠷᠮ᠎ᠠ ᠵᠢ 100%᠎ᠳᠤ ᠬᠦᠷᠦᠭᠦᠯᠵᠦ᠂ ᠮᠢᠩᠭ᠋ᠠᠨ ᠬᠥᠮᠦᠨ ᠪᠦᠷᠢ᠎ᠳᠤ 3 ᠨᠠᠰᠤᠨ᠎ᠠᠴᠠ ᠳᠣᠷᠣᠭᠰᠢᠬᠢ ᠨᠢᠯᠬ᠎ᠠ ᠬᠡᠤᠬᠡᠳ᠎ᠢ ᠰᠠᠭ᠋ᠠᠲᠠᠭᠤᠯᠵᠤ ᠳᠡᠢ᠌ᠯᠬᠦ ᠲᠣᠭ᠎ᠠ ᠵᠢ 4᠎ᠠᠴᠠ ᠳᠡᠭᠡᠭᠰᠢ᠎ᠳᠤ ᠬᠦᠷᠦᠭᠦᠯᠦᠨ᠎ᠡ᠃
ᠬᠣᠶᠠᠷ᠂ ᠭᠣᠣᠯ ᠡᠭᠦᠷᠭᠡ
(ᠨᠢᠭᠡ) ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ᠃
ᠨᠠᠰᠤᠲᠠᠨ᠎ᠢ ᠠᠰᠠᠷᠠᠬᠤ ᠪᠠ ᠬᠡᠦᠬᠡᠳ ᠰᠠᠭ᠋ᠠᠲᠠᠭᠤᠯᠬᠤ ᠬᠣᠶᠠᠷ ᠶᠡᠬᠡ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠨᠢᠭᠡᠳᠦᠯᠲᠡᠶ ᠲᠥᠯᠥᠪᠵᠢᠭᠦᠯᠦᠨ᠎ᠡ᠃ 2025 ᠣᠨ ᠪᠣᠯᠬᠤ᠎ᠳᠤ᠂ ᠬᠡᠷ᠎ᠲᠤ᠎ᠪᠠᠨ ᠰᠠᠭᠤᠬᠤ ᠨᠡᠶ᠋ᠢᠭᠡᠮ ᠲᠣᠭᠣᠷᠢᠭ ᠪᠠᠶ᠋ᠢᠭᠤᠯᠤᠮᠵᠢ ᠵᠢ ᠬᠠᠷᠢᠯᠴᠠᠨ ᠵᠣᠬᠢᠴᠠᠭᠤᠯᠵᠤ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠵᠢ ᠤᠶᠠᠯᠳᠤᠭᠤᠯᠤᠭᠰᠠᠨ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠡᠷᠡᠭᠦᠯ ᠮᠡᠨᠳᠦ ᠵᠢᠨ ᠲᠤᠯᠭ᠋ᠠᠭᠤᠷᠢᠯᠠᠯ᠎ᠤᠨ ᠲᠣᠭᠲᠠᠯᠴᠠᠭ᠎ᠠ ᠵᠢ ᠪᠥᠬᠥ ᠲᠠᠯ᠎ᠠ᠎ᠪᠠᠷ ᠪᠠᠶ᠋ᠢᠭᠤᠯᠤᠨ ᠪᠦᠲᠦᠭᠡᠵᠦ᠂ ᠭᠣᠤᠯ ᠴᠣᠭᠴᠠ᠎ᠨᠢ ᠣᠯᠠᠨ ᠡᠰᠢᠵᠢᠭᠰᠡᠨ᠂ ᠨᠡᠶ᠋ᠢᠭᠡᠮ ᠲᠣᠭᠣᠷᠢᠭ᠎ᠲᠤ ᠲᠦᠰᠢᠭᠯᠡᠭᠰᠡᠨ᠂ ᠴᠢᠨᠠᠷᠯᠢᠭ ᠮᠥᠷᠲᠡᠭᠡᠨ ᠲᠦᠭᠡᠮᠡᠯ ᠬᠠᠷᠠᠭ᠋ᠠᠯᠵᠠᠭᠰᠠᠨ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠤᠨ᠎ᠠ᠃
ᠰᠠᠭᠤᠭ᠋ᠠᠯᠢ ᠲᠣᠭᠣᠷᠢᠭ᠎ᠤᠨ ᠢᠵᠢ ᠪᠦᠷᠢᠳᠦᠭᠦᠯᠦᠭᠰᠡᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠳᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠰᠢᠨ᠎ᠡ᠎ᠪᠠᠷ ᠪᠠᠶ᠋ᠢᠭᠤᠯᠤᠭᠰᠠᠨ ᠬᠣᠲᠠ ᠪᠠᠯᠭ᠋ᠠᠰᠤ ᠵᠢᠨ ᠰᠠᠭᠤᠭ᠋ᠠᠯᠢ ᠲᠣᠭᠣᠷᠢᠭ᠎ᠲᠤ ᠬᠠᠮᠢᠶ᠎ᠠ ᠪᠥᠬᠥᠶ ᠪᠠᠷᠢᠮᠵᠢᠶ᠎ᠠ ᠶᠣᠰᠣᠭ᠋ᠠᠷ ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠪᠡᠯᠡᠳᠬᠡᠮᠵᠢ ᠪᠠ ᠨᠢᠯᠬ᠎ᠠ ᠬᠡᠤᠬᠡᠳ᠎ᠢ ᠰᠠᠭ᠋ᠠᠲᠠᠭᠤᠯᠤᠨ ᠠᠰᠠᠷᠠᠬᠤ ᠦᠢ᠍ᠯᠡᠴᠢᠯᠡᠭᠡᠨ᠎ᠤ ᠲᠠᠯᠠᠪᠤᠷ᠎ᠢ ᠢᠵᠢ ᠪᠥᠷᠢᠳᠦᠭᠦᠯᠦᠨ ᠪᠥᠲᠥᠭᠡᠨ ᠪᠠᠶ᠋ᠢᠭᠤᠯᠵᠤ᠂ ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠵᠤ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠢᠵᠢ ᠪᠦᠷᠢᠳᠦᠭᠦᠯᠦᠭᠰᠡᠨ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠡᠪᠴᠢᠶᠡᠨ᠎ᠳᠤ ᠣᠷᠣᠭᠤᠯᠤᠨ᠎ᠠ᠃ 2021 ᠣᠨ᠎ᠠᠴᠠ ᠡᠬᠢᠯᠡᠨ᠂ ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠲᠣᠭᠣᠷᠢᠭ᠎ᠤᠨ ᠢᠵᠢ ᠪᠥᠷᠢᠳᠦᠭᠦᠯᠦᠭᠰᠡᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠡᠯᠡᠳᠬᠡᠮᠵᠢ ᠵᠢᠨ 《ᠳᠥᠷᠪᠡ ᠵᠢ ᠵᠡᠷᠭᠡ᠎ᠳᠤ᠎ᠨᠢ ᠭᠦᠢ᠍ᠴᠡᠳᠬᠡᠬᠦ》 (ᠵᠡᠷᠭᠡ᠎ᠳᠤ᠎ᠨᠢ ᠲᠥᠯᠥᠪᠵᠢᠭᠦᠯᠬᠦ᠂ ᠵᠡᠷᠭᠡ᠎ᠳᠤ᠎ᠨᠢ ᠪᠠᠶ᠋ᠢᠭᠤᠯᠬᠤ᠂ ᠵᠡᠷᠭᠡ᠎ᠳᠤ᠎ᠨᠢ ᠰᠢᠯᠭ᠋ᠠᠬᠤ᠂ ᠵᠡᠷᠭᠡ᠎ᠳᠤ᠎ᠨᠢ ᠲᠤᠰᠢᠶᠠᠬᠤ) ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠲᠣᠭᠣᠷᠢᠭ᠎ᠲᠤ ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠡᠯᠡᠳᠬᠡᠮᠵᠢ ᠵᠢ ᠢᠵᠢ ᠪᠦᠷᠢᠳᠦᠭᠦᠯᠦᠨ ᠪᠠᠢ᠌ᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠵᠢ 100%᠎ᠳᠤ ᠬᠦᠷᠦᠭᠦᠯᠦᠨ᠎ᠡ᠃
ᠡᠳ᠋᠎ᠤᠨ ᠵᠠᠰᠠᠭ ᠭᠠᠶ᠋ᠢᠯᠢ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠬᠡᠷᠡᠭᠯᠡᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃ ᠨᠥᠬᠥᠴᠡᠯ᠎ᠳᠤ ᠨᠡᠢ᠌ᠴᠡᠭᠰᠡᠨ ᠬᠥᠳᠡᠯᠮᠦᠷᠢᠴᠢᠨ᠎ᠢ ᠰᠢᠩᠭᠡᠭᠡᠨ ᠠᠪᠤᠭᠰᠠᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ᠎ᠳᠤ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠤᠨ ᠨᠥᠬᠥᠪᠥᠷᠢ ᠣᠯᠭᠣᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠲᠦᠭᠡᠮᠡᠯ ᠬᠠᠷᠠᠭ᠋ᠠᠯᠵᠠᠯᠲᠤ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠱᠠᠩᠨᠠᠵᠤ ᠨᠥᠬᠥᠪᠥᠷᠢ ᠥᠭᠬᠦ ᠵᠢ ᠵᠣᠷᠢᠭᠵᠢᠭᠤᠯᠬᠤ ᠲᠦᠷᠢᠮ᠎ᠢ ᠰᠦᠪᠡᠭᠴᠢᠯᠡᠨ ᠪᠠᠶ᠋ᠢᠭᠤᠯᠵᠤ᠂ ᠲᠦᠭᠡᠮᠡᠯ ᠬᠠᠷᠠᠭ᠋ᠠᠯᠵᠠᠯᠲᠤ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ᠎ᠳᠤ ᠵᠣᠬᠢᠬᠤ ᠪᠥᠲᠥᠭᠡᠨ ᠪᠠᠶ᠋ᠢᠭᠤᠯᠤᠯᠲᠠ ᠪᠤᠶᠤ ᠡᠵᠡᠩᠨᠡᠯᠲᠡ ᠵᠢᠨ ᠨᠥᠬᠥᠪᠥᠷᠢ ᠣᠯᠭᠣᠨ᠎ᠠ᠃ ᠨᠢᠷᠠᠢ ᠨᠢᠯᠬ᠎ᠠ ᠬᠡᠤᠬᠡᠳ᠎ᠤᠨ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠥᠭᠵᠢᠯᠲᠡ ᠵᠢ ᠬᠥᠲᠥᠯᠦᠨ ᠵᠢᠯᠣᠭᠣᠳᠬᠤ ᠵᠢ ᠵᠣᠷᠢᠭᠵᠢᠭᠤᠯᠤᠨ᠎ᠠ᠃
ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠴᠢ ᠬᠥᠮᠦᠵᠢᠭᠦᠯᠬᠦ ᠠᠷᠭ᠎ᠠ ᠵᠠᠮ᠎ᠢ ᠥᠷᠭᠡᠳᠬᠡᠨ᠎ᠡ᠃ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠦᠨ᠂ ᠵᠢᠭ᠋ᠠᠨ ᠰᠤᠷᠭ᠋ᠠᠬᠤ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠨᠠᠰᠤᠲᠠᠶ᠋ᠢᠴᠤᠳ᠎ᠤᠨ ᠠᠨᠠᠭ᠋ᠠᠬᠤ ᠤᠬᠠᠭ᠋ᠠᠨ᠂ ᠨᠠᠰᠤᠲᠠᠶ᠋ᠢᠴᠤᠳ᠎ᠢ ᠠᠰᠠᠷᠠᠨ ᠰᠤᠪᠢᠯᠠᠬᠤ᠂ ᠨᠡᠶ᠋ᠢᠭᠡᠮ᠎ᠤᠨ ᠠᠵᠢᠯ᠂ ᠨᠢᠷᠠᠢ ᠨᠢᠯᠬ᠎ᠠ ᠬᠡᠦᠬᠡᠳ᠎ᠤᠨ ᠬᠥᠭᠵᠢᠯᠲᠡ ᠬᠢᠭᠡᠳ ᠡᠷᠡᠭᠦᠯ ᠮᠡᠨᠳᠦ ᠵᠢᠨ ᠬᠠᠮᠢᠶᠠᠷᠤᠯᠲᠠ᠂ ᠨᠢᠷᠠᠢ ᠨᠢᠯᠬ᠎ᠠ ᠬᠡᠦᠬᠡᠳ᠎ᠢ ᠠᠰᠠᠷᠠᠨ ᠬᠥᠮᠦᠵᠢᠭᠦᠯᠬᠦ ᠵᠡᠷᠭᠡ ᠰᠢᠨᠵᠢᠯᠡᠭᠡᠨ᠎ᠤ ᠰᠠᠯᠠᠭ᠎ᠠ ᠵᠢᠨ ᠮᠡᠷᠭᠡᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠡᠯ᠎ᠡ ᠲᠥᠷᠥᠯ᠎ᠤᠨ ᠦᠢ᠍ᠯᠡᠰ ᠴᠣᠭᠴᠠᠯᠠᠵᠤ ᠪᠠᠯᠠ ᠣᠷᠣᠭᠤᠯᠬᠤ ᠰᠠᠭᠤᠷᠢ ᠮᠥᠩᠭᠥ᠂ ᠬᠤᠪᠢ᠎ᠪᠠᠷ ᠵᠶ᠋ᠠᠨ ᠴᠤᠭᠯᠠᠭᠤᠯᠤᠭᠰᠠᠨ ᠰᠲ᠋ᠣᠺ᠎ᠤᠨ ᠡᠷᠬᠡ ᠵᠢᠨ ᠰᠠᠭᠤᠷᠢ ᠮᠥᠩᠭᠥ ᠵᠡᠷᠭᠡ ᠵᠢᠨ ᠵᠠᠬ᠎ᠠ ᠳᠡᠯᠭᠡᠭᠦᠷᠴᠢᠯᠡᠬᠦ᠂ ᠬᠠᠤᠯᠢᠵᠢᠬᠤ ᠵᠠᠷᠴᠢᠮ ᠶᠣᠰᠣᠭ᠋ᠠᠷ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠬᠦᠷᠢᠶᠡᠨ᠎ᠳᠠᠬᠢ ᠪᠠᠯᠠ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ ᠵᠢ ᠵᠣᠷᠢᠭᠵᠢᠭᠤᠯᠤᠨ᠎ᠠ᠃ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠬᠠᠮᠢᠶ᠎ᠠ ᠪᠥᠬᠥᠶ ᠬᠠᠷᠢᠭᠤᠴᠠᠯᠭ᠎ᠠ ᠵᠢᠨ ᠳᠠᠭ᠋ᠠᠳᠬᠠᠯ᠂ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠡᠵᠡᠩᠨᠡᠯᠲᠡ ᠵᠢᠨ ᠬᠠᠮᠢᠶ᠎ᠠ ᠪᠥᠬᠥᠶ ᠳᠠᠭ᠋ᠠᠳᠬᠠᠯ ᠵᠢᠴᠢ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠬᠤᠳᠠᠯᠳᠤᠭ᠋ᠠᠨ᠎ᠤ ᠳᠠᠭ᠋ᠠᠳᠬᠠᠯ ᠵᠡᠷᠭᠡ ᠦᠢ᠍ᠯᠡᠳᠬᠦᠨ ᠨᠡᠭᠡᠭᠡᠨ ᠬᠥᠭᠵᠢᠭᠦᠯᠬᠦ ᠵᠢ ᠳᠡᠮᠵᠢᠨ᠎ᠡ᠃
(ᠬᠣᠶᠠᠷ) ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠦᠲᠦᠮᠵᠢᠲᠡᠶ ᠬᠠᠩᠭ᠋ᠠᠯᠭ᠎ᠠ ᠵᠢ ᠥᠷᠭᠡᠳᠬᠡᠨ᠎ᠡ᠃
ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠳᠬᠠᠨ᠎ᠠ᠃ 2025 ᠣᠨ ᠪᠣᠯᠬᠤ᠎ᠳᠤ᠂ ᠠᠮᠢᠳᠤᠷᠠᠯ ᠵᠶ᠋ᠠᠨ ᠥᠪᠡᠷ ᠵᠶ᠋ᠠᠨ ᠠᠷᠭ᠋ᠠᠴᠠᠭ᠋ᠠᠵᠤ ᠳᠡᠶ᠋ᠢᠯᠬᠦ ᠥᠬᠡᠶ ᠣᠨᠴᠠ ᠬᠦᠴᠢᠷᠳᠡᠯᠲᠡᠶ ᠬᠥᠮᠦᠰ᠎ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ᠂ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠰᠠᠨᠠᠭ᠎ᠠ᠎ᠲᠠᠢ ᠣᠨᠴᠠ ᠬᠦᠴᠢᠷᠳᠡᠯᠲᠡᠶ ᠬᠥᠮᠦᠰ᠎ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ ᠵᠢ 100%᠎ᠳᠤ ᠬᠦᠷᠦᠭᠦᠯᠦᠨ᠎ᠡ᠃ ᠤᠯᠤᠰ᠎ᠤᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠵᠤ᠂ 65 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ᠎ᠲᠤ ᠴᠢᠳᠠᠪᠤᠷᠢ ᠵᠢᠨ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠵᠦ᠂ ᠠᠵᠤ ᠠᠬᠤᠶ᠎ᠨᠢ ᠬᠦᠴᠢᠷᠳᠡᠯᠲᠡᠢ ᠨᠠᠰᠤᠲᠠᠶ᠋ᠢᠴᠤᠳ᠎ᠲᠤ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠥᠷᠢ ᠬᠠᠩᠭ᠋ᠠᠵᠤ᠂ ᠠᠮᠢᠳᠤᠷᠠᠯ ᠵᠶ᠋ᠠᠨ ᠥᠪᠡᠷ ᠵᠶ᠋ᠠᠨ ᠠᠷᠭ᠋ᠠᠴᠠᠭ᠋ᠠᠵᠤ ᠳᠡᠶ᠋ᠢᠯᠬᠦ ᠥᠬᠡᠶ ᠠᠵᠤ ᠠᠬᠤᠶ᠎ᠨᠢ ᠬᠦᠴᠢᠷᠳᠡᠯᠲᠡᠢ ᠨᠠᠰᠤᠲᠠᠶ᠋ᠢᠴᠤᠳ᠎ᠲᠤ ᠠᠰᠠᠷᠠᠨ ᠰᠤᠪᠢᠯᠠᠬᠤ ᠨᠥᠬᠥᠪᠥᠷᠢ ᠬᠠᠩᠭ᠋ᠠᠨ᠎ᠠ᠃
ᠬᠡᠷ ᠪᠦᠯᠢ ᠵᠢᠨ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠡᠷ ᠪᠦᠯᠢ ᠵᠢᠨ ᠨᠠᠰᠤᠲᠠᠨ ᠵᠶ᠋ᠠᠨ ᠠᠰᠠᠷᠠᠵᠤ ᠬᠠᠷᠠᠭ᠋ᠠᠯᠵᠠᠨ ᠬᠠᠮᠠᠭ᠋ᠠᠯᠠᠬᠤ ᠣᠷᠣ ᠵᠢᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠨᠥᠬᠥᠴᠡᠯ ᠪᠥᠷᠢᠳᠦᠭᠰᠡᠨ ᠭᠠᠵᠠᠷ ᠣᠷᠣᠨ᠎ᠠᠴᠠ ᠤᠯᠤᠰ᠎ᠤᠨ 《ᠬᠡᠷ᠎ᠲᠤ᠎ᠪᠠᠨ ᠰᠠᠭᠤᠬᠤ ᠪᠠ ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠬᠤ ᠦᠨᠳᠦᠰᠦᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ》 ᠵᠢᠨ ᠲᠤᠷᠰᠢᠯᠲᠠ ᠵᠢᠨ ᠴᠡᠭ᠎ᠢ ᠭᠤᠶᠤᠴᠢᠯᠠᠨ ᠮᠡᠳᠡᠭᠦᠯᠵᠦ ᠪᠣᠯᠤᠨ᠎ᠠ᠃ ᠬᠡᠷ ᠪᠦᠯᠢ ᠵᠢᠨ ᠬᠡᠤᠬᠡᠳ ᠪᠣᠶ᠋ᠢᠵᠢᠭᠤᠯᠬᠤ ᠵᠢ ᠵᠢᠯᠣᠭᠣᠳᠤᠨ ᠳᠡᠮᠵᠢᠬᠦ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠡᠬᠡ ᠨᠢᠯᠬᠠᠰ᠎ᠤᠨ ᠡᠷᠡᠭᠦᠯᠵᠢᠯ᠂ ᠨᠢᠷᠠᠢ ᠨᠢᠯᠬ᠎ᠠ ᠬᠡᠤᠬᠡᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ ᠵᠡᠷᠭᠡ ᠬᠦᠴᠦᠨ᠎ᠳᠤ ᠲᠦᠰᠢᠭᠯᠡᠨ᠂ ᠨᠢᠷᠠᠢ ᠨᠢᠯᠬ᠎ᠠ ᠬᠡᠤᠬᠡᠳ᠎ᠲᠠᠢ ᠬᠡᠷ ᠪᠦᠯᠢ᠎ᠳᠤ ᠬᠠᠷᠠᠭ᠋ᠠᠯᠵᠠᠨ ᠠᠰᠠᠷᠠᠬᠤ ᠵᠢ ᠵᠢᠯᠣᠭᠣᠳᠬᠤ ᠦᠢ᠍ᠯᠡᠴᠢᠯᠡᠭᠡ ᠥᠷᠨᠢᠭᠦᠯᠦᠨ᠎ᠡ᠃
ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠰᠠᠢ᠌ᠵᠢᠷᠠᠭᠤᠯᠤᠨ᠎ᠠ᠃ ᠨᠡᠶ᠋ᠢᠭᠡᠮ ᠲᠣᠭᠣᠷᠢᠭ᠎ᠤᠨ ᠬᠣᠭᠣᠯᠠ ᠤᠮᠳᠠ ᠠᠷᠢᠭᠤᠨ ᠴᠡᠪᠡᠷ᠎ᠲᠤ ᠬᠠᠪᠰᠤᠷᠬᠤ᠂ ᠡᠮᠴᠢᠯᠡᠭᠡ ᠶᠠᠪᠤᠵᠤ ᠰᠠᠭᠤᠬᠤ᠎ᠳᠤ ᠬᠠᠪᠰᠤᠷᠬᠤ᠂ ᠡᠳᠦᠷ ᠲᠤᠳᠤᠮ᠎ᠤᠨ ᠬᠠᠷᠠᠭ᠋ᠠᠯᠵᠠᠯ᠂ ᠡᠷᠡᠭᠦᠯᠵᠢᠯ ᠰᠤᠪᠢᠯᠠᠯᠲᠠ᠂ ᠤᠶᠤᠨ ᠰᠠᠨᠠᠭ᠋ᠠᠨ᠎ᠤ ᠲᠠᠶ᠋ᠢᠳᠬᠤᠷᠠᠭᠤᠯᠤᠯ᠂ ᠨᠢᠯᠬ᠎ᠠ ᠬᠡᠦᠬᠡᠳ᠎ᠢ ᠬᠥᠮᠥᠵᠢᠭᠦᠯᠬᠦ ᠵᠢᠯᠣᠭᠣᠳᠤᠯᠭ᠎ᠠ ᠵᠡᠷᠭᠡ ᠦᠢ᠍ᠯᠡᠴᠢᠯᠡᠭᠡ ᠵᠢ ᠶᠡᠬᠡ᠎ᠪᠠᠷ ᠬᠥᠭᠵᠢᠭᠦᠯᠦᠨ᠎ᠡ᠃ ᠨᠡᠶ᠋ᠢᠭᠡᠮ ᠲᠣᠭᠣᠷᠢᠭ᠎ᠤᠨ ᠬᠡᠤᠬᠡᠳ ᠬᠥᠮᠦᠵᠢᠭᠦᠯᠬᠦ ᠪᠠ ᠨᠠᠰᠤᠲᠠᠨ᠎ᠢ ᠠᠰᠠᠷᠠᠬᠤ ᠵᠢ ᠬᠠᠷᠢᠯᠴᠠᠨ ᠬᠠᠪᠰᠤᠷᠤᠯᠴᠠᠭᠤᠯᠤᠭᠰᠠᠨ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠨ᠎ᠡ᠃
ᠬᠤᠳᠠ ᠬᠥᠳᠡᠭᠡ ᠵᠢᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠡᠷ ᠪᠦᠯᠢ ᠵᠢᠨ ᠠᠰᠠᠷᠠᠨ ᠲᠡᠵᠢᠭᠡᠬᠦ᠎ᠪᠠᠷ ᠰᠠᠭᠤᠷᠢᠯᠠᠭᠰᠠᠨ᠂ ᠰᠢᠶᠠᠨ ᠰᠢᠶᠠᠩ ᠬᠣᠶᠠᠷ ᠱᠠᠲᠤᠨ᠎ᠤ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ᠎ᠳᠤ ᠲᠦᠰᠢᠭᠯᠡᠭᠰᠡᠨ ᠮᠠᠯᠵᠢᠬᠤ ᠲᠠᠷᠢᠶᠠᠯᠠᠬᠤ ᠣᠷᠣᠨ᠎ᠤ ᠨᠠᠰᠤᠲᠠᠨ᠎ᠢ ᠠᠰᠠᠷᠠᠬᠤ ᠪᠡᠯᠡᠳᠬᠡᠮᠵᠢ ᠵᠢᠨ ᠪᠠᠶ᠋ᠢᠷᠢᠰᠢᠭᠤᠯᠤᠯᠲᠠ ᠵᠢ ᠪᠡᠬᠢᠵᠢᠭᠦᠯᠦᠨ ᠰᠢᠯᠢᠳᠡᠭᠵᠢᠭᠦᠯᠦᠨ᠎ᠡ᠃ ᠨᠠᠰᠤᠲᠠᠶ᠋ᠢᠴᠤᠳ᠎ᠲᠤ ᠬᠣᠭᠣᠯᠠ ᠤᠮᠳᠠ ᠬᠠᠩᠭ᠋ᠠᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠲᠠᠶ᠋ᠢᠴᠤᠳ᠎ᠤᠨ ᠬᠣᠭᠣᠯᠠᠨ ᠰᠢᠷᠡᠭᠡᠨ᠎ᠤ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠪᠣᠯᠪᠠᠰᠤᠷᠠᠯ ᠰᠤᠪᠢᠯᠠᠯᠲᠠ ᠵᠢᠨ ᠡᠬᠢ ᠪᠠᠶᠠᠯᠢᠭ᠎ᠤᠨ ᠬᠡᠯᠪᠡᠷᠢ ᠵᠢ ᠬᠤᠪᠢᠷᠠᠭᠤᠯᠤᠨ ᠨᠠᠰᠤᠲᠠᠨ᠎ᠢ ᠠᠰᠠᠷᠠᠬᠤ ᠦᠢ᠍ᠯᠡᠴᠢᠯᠡᠭᠡ ᠵᠢ ᠬᠥᠭᠵᠢᠭᠦᠯᠬᠦ ᠵᠢ ᠠᠬᠢᠭᠤᠯᠤᠨ᠎ᠠ᠃ 《ᠥᠭᠡᠷᠡᠴᠢᠯᠡᠬᠦ ᠶᠣᠰᠣᠲᠠᠶ ᠵᠢ᠎ᠨᠢ ᠪᠦᠬᠦᠨ᠎ᠢ ᠥᠭᠡᠷᠡᠴᠢᠯᠡᠵᠦ᠂ ᠬᠤᠪᠢᠷᠠᠭᠤᠯᠵᠤ ᠪᠣᠯᠬᠤ ᠵᠢ᠎ᠨᠢ ᠬᠤᠪᠢᠷᠠᠭᠤᠯᠬᠤ》 ᠵᠠᠷᠴᠢᠮ ᠶᠣᠰᠣᠭ᠋ᠠᠷ ᠨᠠᠰᠤᠲᠠᠨ᠎ᠢ ᠠᠰᠠᠷᠠᠬᠤ ᠦᠢ᠍ᠯᠡᠴᠢᠯᠡᠭᠡ ᠵᠢᠨ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠵᠢ ᠨᠠᠮ ᠵᠠᠰᠠᠭ᠎ᠤᠨ ᠪᠠᠢ᠌ᠭᠤᠯᠭ᠎ᠠ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠷᠢᠶ᠎ᠠ ᠪᠣᠯᠪᠠᠰᠤᠷᠠᠯ ᠰᠤᠪᠢᠯᠠᠯᠲᠠ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠭᠣᠤᠯ ᠴᠢᠭᠯᠡᠯ ᠪᠣᠯᠭ᠋ᠠᠨ᠎ᠠ᠃
ᠲᠦᠭᠡᠮᠡᠯ ᠬᠠᠷᠠᠭ᠋ᠠᠯᠵᠠᠭᠰᠠᠨ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠲᠤᠰᠬᠠᠶ ᠠᠵᠢᠯᠯᠠᠭ᠎ᠠ ᠵᠢ ᠬᠡᠷᠡᠭᠵᠢᠭᠦᠯᠦᠨ᠎ᠡ᠃ ᠲᠥᠯᠥᠪᠵᠢᠭᠦᠯᠭᠡ᠂ ᠭᠠᠵᠠᠷ ᠰᠢᠷᠣᠶ᠂ ᠣᠷᠣᠨ ᠰᠠᠭᠤᠴᠠ᠂ ᠡᠳ᠋᠎ᠤᠨ ᠵᠠᠰᠠᠭ᠂ ᠪᠡᠯᠡ ᠣᠷᠣᠭᠤᠯᠤᠯᠲᠠ᠂ ᠪᠡᠯᠡ ᠲᠣᠬᠢᠷᠠᠭᠤᠯᠭ᠎ᠠ᠂ ᠴᠢᠳᠠᠪᠤᠷᠢᠲᠠᠨ ᠵᠡᠷᠭᠡ ᠲᠠᠯ᠎ᠠ ᠵᠢᠨ ᠲᠦᠷᠦ ᠵᠢᠨ ᠪᠤᠳᠤᠯᠭ᠎ᠠ ᠵᠢ ᠶᠡᠷᠦᠩᠬᠡᠶ᠋ᠢᠯᠡᠨ ᠬᠡᠷᠡᠭᠯᠡᠵᠦ᠂ ᠨᠡᠶ᠋ᠢᠭᠡᠮ᠎ᠤᠨ ᠬᠦᠴᠦᠨ᠎ᠤ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠴᠢᠨᠠᠷᠯᠢᠭ ᠪᠡᠯᠡᠳᠬᠡᠮᠵᠢ ᠪᠠᠶ᠋ᠢᠭᠤᠯᠬᠤ ᠵᠢ ᠲᠡᠮᠵᠢᠵᠤ᠂ ᠨᠡᠶ᠋ᠢᠭᠡᠮ᠎ᠳᠤ ᠦᠨ᠎ᠡ ᠬᠠᠩᠰᠢ᠎ᠨᠢ ᠲᠣᠬᠢᠷᠠᠮᠵᠢᠲᠠᠶ᠂ ᠳᠥᠭᠥᠮ ᠳᠥᠲᠡ᠂ ᠶᠠᠰᠤ ᠴᠢᠨᠠᠷ᠎ᠨᠢ ᠨᠠᠶ᠋ᠢᠳᠠᠪᠤᠷᠢᠲᠠᠶ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠦᠢ᠍ᠯᠡᠴᠢᠯᠡᠭᠡ ᠬᠠᠩᠭ᠋ᠠᠨ᠎ᠠ᠃ ᠠᠯᠪᠠᠨ᠎ᠠᠴᠠ ᠪᠠᠶ᠋ᠢᠭᠤᠯᠵᠤ ᠠᠷᠠᠳ᠎ᠠᠴᠠ ᠡᠵᠡᠩᠨᠡᠭᠰᠡᠨ᠂ ᠠᠯᠪᠠᠨ᠎ᠠᠴᠠ ᠲᠤᠰᠠᠯᠠᠵᠤ ᠠᠷᠠᠳ᠎ᠠᠴᠠ ᠡᠵᠡᠩᠨᠡᠭᠰᠡᠨ᠂ ᠠᠰᠢᠭ ᠬᠣᠨᠵᠢᠪᠣᠷᠢ ᠵᠢᠨ ᠪᠤᠰᠤ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠤᠭᠤᠳ ᠲᠦᠭᠡᠮᠡᠯ ᠬᠠᠷᠠᠭ᠋ᠠᠯᠵᠠᠯ᠎ᠤᠨ ᠦᠢ᠍ᠯᠡᠴᠢᠯᠡᠭᠡ ᠬᠠᠩᠭ᠋ᠠᠬᠤ᠎ᠪᠠᠷ ᠭᠣᠣᠯᠯᠠᠨ᠎ᠠ᠃ 《ᠬᠡᠤᠬᠡᠳ ᠰᠠᠭ᠋ᠠᠲᠠᠭᠤᠯᠬᠤ ᠠᠵᠢᠯ᠎ᠢ ᠨᠢᠭᠡ ᠴᠤᠭᠴᠠᠵᠢᠭᠤᠯᠬᠤ》 ᠵᠢ ᠠᠬᠢᠭᠤᠯᠵᠤ᠂ ᠨᠥᠬᠥᠴᠡᠯ᠎ᠲᠠᠢ ᠬᠡᠤᠬᠡᠳ᠎ᠤᠨ ᠴᠡᠴᠡᠷᠯᠢᠭ᠎ᠤᠨ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠵᠢᠷᠤᠮᠵᠢᠯ ᠶᠣᠰᠣᠭ᠋ᠠᠷ ᠬᠡᠤᠬᠡᠳ ᠰᠠᠭ᠋ᠠᠲᠠᠭᠤᠯᠬᠤ ᠠᠩᠭᠢ ᠡᠷᠭᠢᠯᠡᠬᠦ ᠵᠢ ᠵᠣᠷᠢᠭᠵᠢᠭᠤᠯᠵᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠵᠣᠬᠢᠰᠲᠠᠶ ᠲᠣᠭᠲᠠᠭ᠋ᠠᠨ᠎ᠠ᠃
(ᠭᠤᠷᠪᠠ) ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠨᠡᠶ᠋ᠢᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃
ᠡᠷᠡᠭᠦᠯᠵᠢᠯ ᠠᠰᠠᠷᠠᠮᠵᠢ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠎ᠠ᠃ ᠵᠢᠭᠤᠯᠴᠢᠯᠠᠨ ᠰᠠᠭᠤᠬᠤ ᠬᠡᠯᠪᠡᠷᠢ ᠵᠢᠨ ᠨᠠᠰᠤᠲᠠᠨ᠎ᠢ ᠠᠰᠠᠷᠠᠬᠤ ᠦᠢ᠍ᠯᠡᠴᠢᠯᠡᠭᠡ ᠵᠢ ᠬᠥᠭᠵᠢᠭᠦᠯᠬᠦ ᠵᠢ ᠳᠡᠮᠵᠢᠨ᠎ᠡ᠃ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠡᠬᠢ ᠪᠠᠶᠠᠯᠢᠭ ᠵᠶ᠋ᠠᠷ ᠨᠠᠰᠤᠲᠠᠶ᠋ᠢᠴᠤᠳ᠎ᠲᠤ ᠥᠷᠭᠡᠨ ᠵᠶ᠋ᠠᠷ ᠦᠢ᠍ᠯᠡᠴᠢᠯᠡᠬᠦ ᠵᠢ ᠠᠬᠢᠭᠤᠯᠤᠨ᠎ᠠ᠃ ᠨᠠᠰᠤᠲᠠᠶ᠋ᠢᠴᠤᠳ᠎ᠤᠨ ᠶᠡᠬᠡ ᠰᠤᠷᠭ᠋ᠠᠭᠤᠯᠢ᠂ ᠨᠡᠶ᠋ᠢᠭᠡᠮ ᠲᠣᠭᠣᠷᠢᠭ᠎ᠤᠨ ᠰᠤᠷᠭ᠋ᠠᠭᠤᠯᠢ ᠪᠠᠶ᠋ᠢᠭᠤᠯᠬᠤ ᠵᠢ ᠵᠣᠷᠢᠭᠵᠢᠭᠤᠯᠤᠨ ᠲᠡᠮᠵᠢᠨ᠎ᠡ᠃ ᠨᠠᠰᠤᠲᠠᠶ᠋ᠢᠴᠤᠳ᠎ᠤᠨ ᠣᠶᠣᠨ ᠰᠠᠨᠠᠭ᠋ᠠᠨ᠎ᠤ ᠬᠠᠶ᠋ᠢᠷ᠎ᠠ ᠬᠠᠯᠠᠮᠵᠢ᠂ ᠰᠡᠳᠬᠢᠴᠡ ᠵᠢᠨ ᠲᠠᠶ᠋ᠢᠳᠬᠤᠷᠠᠭᠤᠯᠤᠯ᠂ ᠬᠢᠮᠤᠷᠠᠯ᠎ᠳᠤ ᠭᠠᠷ ᠲᠦᠷᠦᠭᠦ ᠦᠢ᠍ᠯᠡᠴᠢᠯᠡᠭᠡᠨ᠎ᠤ ᠲᠣᠣᠷ᠎ᠢ ᠪᠦᠷᠢᠨᠰᠢᠭᠦᠯᠦᠨ᠎ᠡ᠃ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠢ ᠬᠥᠭᠵᠢᠭᠦᠯᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ ᠤᠷᠤᠯᠳᠤᠭ᠋ᠠᠨ᠎ᠤ ᠲᠥᠷᠥᠯ ᠲᠡᠮᠳᠡᠭ᠎ᠢ ᠪᠤᠢ ᠪᠣᠯᠭ᠋ᠠᠨ᠎ᠠ᠃
ᠡᠮᠴᠢᠯᠡᠭᠡ ᠰᠤᠪᠢᠯᠠᠯᠲᠠ ᠵᠢ ᠭᠦᠨᠵᠡᠭᠡᠶ ᠠᠭᠤᠰᠤᠯᠴᠠᠭᠤᠯᠬᠤ ᠵᠢ ᠠᠬᠢᠭᠤᠯᠤᠨ᠎ᠠ᠃ ᠶᠡᠷᠦᠩᠬᠡᠢ᠌ᠯᠡᠨ ᠵᠠᠯᠭ᠋ᠠᠯᠳᠤᠭᠤᠯᠤᠭᠰᠠᠨ ᠬᠣᠲᠠ ᠬᠥᠳᠡᠭᠡ ᠵᠢ ᠬᠠᠮᠤᠷᠤᠭᠰᠠᠨ ᠨᠠᠰᠤᠲᠠᠶ᠋ᠢᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠬᠦᠯᠵᠦ᠂ 2025 ᠣᠨ ᠪᠣᠯᠬᠤ᠎ᠳᠤ᠂ ᠪᠥᠬᠥ ᠣᠷᠣᠨ᠎ᠤ ᠬᠣᠶᠠᠳᠤᠭ᠋ᠠᠷ ᠳᠡᠰ ᠵᠢᠴᠢ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠶ ᠡᠮᠨᠡᠯᠭᠡ ᠵᠢᠨ ᠬᠣᠷᠢᠶ᠎ᠠ᠎ᠳᠤ ᠨᠠᠰᠤᠲᠠᠶ᠋ᠢᠴᠤᠳ᠎ᠤᠨ ᠠᠨᠠᠭ᠋ᠠᠬᠤ ᠤᠬᠠᠭ᠋ᠠᠨ᠎ᠤ ᠰᠠᠯᠠᠭ᠎ᠠ ᠳᠣᠭᠢᠷᠠᠭᠤᠯᠬᠤ ᠬᠠᠷᠢᠴᠠᠯ᠎ᠢ 60%᠎ᠠᠴᠠ ᠳᠡᠭᠡᠭᠰᠢ᠎ᠳᠤ ᠬᠦᠷᠦᠭᠦᠯᠵᠦ᠂ ᠨᠠᠰᠤᠲᠠᠨ᠎ᠢ ᠠᠰᠠᠷᠠᠬᠤ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠦᠬᠦᠨ᠎ᠢ ᠬᠠᠮᠤᠷᠤᠭᠤᠯᠬᠤ ᠵᠢ ᠪᠡᠶᠡᠯᠡᠭᠦᠯᠦᠨ᠎ᠡ᠃
ᠣᠶᠤᠨᠴᠢ᠎ᠪᠠᠷ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠰᠢᠨ᠎ᠡ ᠡᠵᠡᠩᠨᠡᠯᠲᠡ ᠵᠢᠨ ᠬᠡᠯᠪᠡᠷᠢ ᠵᠢ ᠪᠣᠶ᠋ᠢᠵᠢᠭᠤᠯᠤᠨ᠎ᠠ᠃ ᠨᠠᠰᠤᠲᠠᠶ᠋ᠢᠴᠤᠳ᠎ᠤᠨ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠰᠦᠯᠵᠢᠶᠡᠨ᠎ᠤ ᠥᠷᠲᠡᠭᠡ᠂ APP ᠵᠡᠷᠭᠡ ᠣᠶᠤᠨᠴᠢ ᠨᠡᠷᠡᠳᠬᠦᠨ᠎ᠢ ᠨᠠᠰᠤᠵᠢᠯᠲᠠ᠎ᠳᠤ ᠲᠣᠬᠢᠷᠠᠭᠤᠯᠤᠨ ᠥᠭᠡᠷᠡᠴᠢᠯᠡᠬᠦ ᠵᠢ ᠠᠬᠢᠭᠤᠯᠤᠨ᠎ᠠ᠃ ᠨᠡᠶ᠋ᠢᠭᠡᠮ ᠲᠣᠭᠣᠷᠢᠭ᠂ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠨᠠᠰᠤᠲᠠᠶ᠋ᠢᠴᠤᠳ᠎ᠤᠨ ᠶᠡᠬᠡ ᠰᠤᠷᠭ᠋ᠠᠭᠤᠯᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠨᠠᠰᠤᠲᠠᠶ᠋ᠢᠴᠤᠳ᠎ᠲᠤ ᠬᠠᠨᠳᠤᠭᠤᠯᠤᠭᠰᠠᠨ ᠣᠶᠤᠨᠴᠢ ᠮᠡᠳᠡᠭᠡ ᠵᠠᠩᠭᠢ ᠵᠢᠨ ᠮᠡᠷᠭᠡᠵᠢᠯ᠎ᠤᠨ ᠪᠣᠯᠪᠠᠰᠤᠷᠠᠯ ᠳᠣᠭᠢᠷᠠᠭᠤᠯᠤᠨ᠎ᠠ᠃ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ 《ᠦᠷ᠎ᠡ ᠬᠡᠤᠬᠡᠳ᠎ᠨᠢ ᠰᠦᠯᠵᠢᠶᠡᠨ ᠳᠡᠭᠡᠷ᠎ᠡ ᠵᠠᠬᠢᠶᠠᠯᠠᠵᠤ᠂ ᠨᠠᠰᠤᠲᠠᠶ᠋ᠢᠴᠤᠳ ᠦᠢ᠍ᠯᠡᠴᠢᠯᠡᠭᠡ ᠵᠢ ᠪᠡᠶᠡᠴᠢᠯᠡᠨ ᠬᠦᠷᠲᠡᠬᠦ》 ᠵᠡᠷᠭᠡ ᠬᠡᠷᠡᠭᠯᠡᠭᠡᠨ᠎ᠤ ᠵᠠᠭᠪᠤᠷ ᠰᠦᠪᠡᠭᠴᠢᠯᠡᠬᠦ ᠵᠢ ᠵᠣᠷᠢᠭᠵᠢᠭᠤᠯᠤᠨ᠎ᠠ᠃ ᠢᠨᠲ᠋ᠧᠷ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠬᠠᠷᠢᠯᠴᠠᠨ ᠦᠢ᠍ᠯᠡᠳᠦᠯᠴᠡᠬᠦ ᠮᠠᠶᠢᠭ᠎ᠤᠨ ᠬᠡᠷ ᠪᠦᠯᠢ ᠵᠢᠨ ᠬᠡᠤᠬᠡᠳ ᠪᠣᠶ᠋ᠢᠵᠢᠭᠤᠯᠬᠤ ᠦᠢ᠍ᠯᠡᠴᠢᠯᠡᠭᠡ ᠵᠢ ᠬᠥᠭᠵᠢᠭᠦᠯᠵᠦ᠂ ᠨᠢᠷᠠᠢ ᠨᠢᠯᠬ᠎ᠠ ᠬᠡᠤᠬᠡᠳ᠎ᠢ ᠥᠰᠬᠡᠨ ᠬᠥᠮᠦᠵᠢᠭᠦᠯᠬᠦ ᠬᠢᠴᠢᠶᠡᠯ᠂ ᠡᠴᠢᠭᠡ ᠡᠬᠡ ᠵᠢᠨ ᠬᠢᠴᠢᠶᠡᠯ᠎ᠤᠨ ᠲᠠᠩᠬᠢᠮ ᠵᠡᠷᠭᠡ ᠵᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃
ᠨᠠᠰᠤᠲᠠᠶ᠋ᠢᠴᠤᠳ ᠪᠠ ᠬᠡᠦᠬᠡᠳ᠎ᠤᠨ ᠨᠥᠬᠥᠷᠰᠡᠭ ᠨᠡᠶ᠋ᠢᠭᠡᠮ᠎ᠤᠨ ᠣᠷᠴᠢᠨ ᠲᠣᠭᠣᠷᠢᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯ᠎ᠡ ᠲᠥᠷᠥᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠠ ᠪᠠᠶ᠋ᠢᠭᠤᠯᠤᠮᠵᠢ ᠵᠢᠨ 《ᠨᠢᠭᠡ ᠨᠠᠰᠤᠲᠠᠨ ᠨᠢᠭᠡ ᠨᠢᠯᠬ᠎ᠠ》 ᠰᠠᠶ᠋ᠢᠨ ᠳᠤᠷ᠎ᠠ ᠵᠢᠨ ᠦᠢ᠍ᠯᠡᠴᠢᠯᠡᠭᠡ ᠥᠷᠨᠢᠭᠦᠯᠬᠦ ᠵᠢ ᠳᠡᠮᠵᠢᠨ᠎ᠡ᠃ ᠨᠠᠰᠤᠲᠠᠶ᠋ᠢᠴᠤᠳ᠎ᠲᠤ ᠬᠣᠯᠪᠣᠭᠳᠠᠭᠰᠠᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠯᠠᠪᠤᠷ᠎ᠨᠢ ᠰᠦᠯᠵᠢᠶᠡᠨ᠎ᠠᠴᠠ ᠭᠠᠳᠠᠭᠤᠷᠬᠢ ᠪᠠ ᠬᠥᠮᠦᠨ᠎ᠤ ᠬᠦᠴᠦᠨ᠎ᠤ ᠦᠢ᠍ᠯᠡᠴᠢᠯᠡᠭᠡ ᠵᠢ ᠦᠯᠡᠳᠡᠭᠡᠬᠦ ᠬᠡᠷᠡᠭᠲᠡᠢ᠃ ᠨᠠᠰᠤᠲᠠᠶ᠋ᠢᠴᠤᠳ ᠪᠠ ᠡᠬᠡ ᠨᠢᠯᠬᠠᠰ᠎ᠤᠨ ᠪᠡᠯᠡᠳᠬᠡᠮᠵᠢ ᠵᠢ ᠢᠵᠢ ᠪᠥᠷᠢᠳᠦᠭᠦᠯᠬᠦ ᠵᠢ ᠴᠢᠩᠭ᠋ᠠᠳᠬᠠᠵᠤ᠂ ᠨᠥᠬᠥᠴᠡᠯ ᠪᠥᠷᠢᠳᠦᠭᠰᠡᠨ ᠣᠯᠠᠨ ᠨᠡᠶ᠋ᠢᠲᠡ ᠵᠢᠨ ᠲᠠᠯᠠᠪᠤᠷ᠎ᠲᠤ ᠲᠤᠰᠬᠠᠶ ᠰᠠᠭᠤᠳᠠᠯ ᠵᠢᠴᠢ ᠰᠠᠭ᠋ᠠᠳ ᠥᠬᠡᠶ ᠨᠡᠪᠲᠡᠷᠡᠬᠦ ᠵᠠᠮ᠎ᠢ ᠨᠡᠶ᠋ᠢᠳᠡᠮ ᠳᠣᠭᠢᠷᠠᠭᠤᠯᠤᠨ᠎ᠠ᠃ ᠨᠢᠷᠠᠢ ᠨᠢᠯᠬ᠎ᠠ ᠬᠡᠦᠬᠡᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠵᠢᠱ᠌ᠢᠶᠡᠴᠢ ᠬᠤᠳᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠪᠠ ᠬᠡᠦᠬᠡᠳ᠎ᠤᠨ ᠨᠥᠬᠥᠷᠰᠡᠭ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠥᠷᠨᠢᠭᠦᠯᠦᠨ᠎ᠡ᠃
(ᠳᠥᠷᠪᠡ) ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠶᠡᠷᠦᠩᠬᠡᠶ᠋ᠢᠯᠡᠨ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ᠎ᠠ᠃ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢᠷᠤᠮᠵᠢᠯ᠎ᠢ ᠴᠢᠩᠭ᠋ᠠᠳᠬᠠᠨ᠎ᠠ᠃ ᠡᠯ᠎ᠡ ᠵᠦᠢ᠍ᠯ᠎ᠤᠨ ᠠᠶᠤᠯ ᠲᠦᠭᠰᠢᠭᠦᠷᠢ ᠵᠢ ᠦᠨᠡᠨ ᠬᠦ᠌ ᠰᠡᠷᠭᠡᠶ᠋ᠢᠯᠡᠨ᠎ᠡ᠃ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠭᠡᠨᠡᠳᠲᠡ ᠵᠢᠨ ᠬᠡᠷᠡᠭ᠎ᠢ ᠤᠷᠢᠳᠴᠢᠯᠠᠨ ᠰᠡᠷᠭᠡᠶ᠋ᠢᠯᠡᠬᠦ ᠬᠢᠭᠡᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ᠂ ᠬᠢᠨᠠᠨ ᠰᠢᠨᠵᠢᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠢᠭᠡᠳ ᠠᠪᠤᠷᠠᠨ ᠲᠤᠰᠠᠯᠠᠬᠤ᠂ ᠬᠡᠷᠡᠭ᠎ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶ᠋ᠢᠭᠤᠯᠬᠤ ᠵᠡᠷᠭᠡ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃