《ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠲᠥᠪ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2020] 22 ᠳ᠋ᠤᠭ᠋ᠠᠷ ᠲᠣᠭ᠋ᠠᠲᠤ) ᠪᠠ 《ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2018] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠯᠤᠭ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠳᠣᠣᠷᠠᠬᠢ ᠮᠡᠲᠦ ᠲᠠᠢ᠌ᠯᠪᠤᠷᠢᠯᠠᠪᠠ᠄
ᠨᠢᠭᠡ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠲᠣᠪᠴᠢᠯᠠᠯ
(ᠨᠢᠭᠡ) ᠨᠡᠢ᠌ᠲᠡᠯᠡᠭᠰᠡᠨ ᠠᠬᠤᠢ ᠪᠠᠢ᠌ᠳᠠᠯ
2020 ᠣᠨ᠎ᠤ 7 ᠳ᠋ᠤᠭ᠋ᠠᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠲᠥᠪ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2020] 22 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ ᠣᠷᠣᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠮᠤᠵᠢ ᠵᠢᠨ ᠱᠠᠲᠤᠨ᠎ᠠᠴᠠ ᠳᠣᠷᠣᠭᠰᠢᠬᠢ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠤᠯᠤᠰ᠎ᠤᠨ ᠥᠭᠡᠷᠡᠴᠢᠯᠡᠯᠲᠡ ᠵᠢᠨ ᠲᠥᠰᠥᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠠᠷᠤᠮᠠᠯᠯᠠᠨ ᠲᠠᠷᠬᠠᠭ᠋ᠠᠭᠰᠠᠨ 《ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》 (ᠥᠪᠥᠷ ᠵᠠᠰᠠᠭ ᠲᠠᠷᠬᠠᠭ᠋ᠠᠭᠰᠠᠨ [2018] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠪᠠ ᠱᠠᠭ᠋ᠠᠷᠳᠠᠯᠭ᠎ᠠ ᠶᠣᠰᠣᠭ᠋ᠠᠷ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠮᠤᠵᠢ ᠵᠢᠨ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠣᠬᠢᠰᠲᠠᠢ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢᠨ ᠲᠥᠰᠥᠯ᠎ᠢ ᠪᠦᠲᠦᠮᠵᠢᠲᠡᠶ ᠬᠡᠷᠡᠭᠵᠢᠭᠦᠯᠬᠦ ᠵᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠯᠤᠭ᠎ᠠ ᠬᠠᠮᠲᠤᠷᠠᠨ ᠲᠤᠰ ᠲᠥᠰᠥᠯ᠎ᠢ ᠰᠤᠳᠤᠯᠤᠨ ᠲᠤᠭᠤᠷᠪᠢᠪᠠ᠃
(ᠬᠣᠶᠠᠷ) ᠦᠨᠳᠦᠰᠦᠨ ᠵᠠᠷᠴᠢᠮ
ᠨᠢᠭᠡ᠎ᠳᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠵᠤ᠂ ᠥᠷᠭᠡᠨ ᠵᠶ᠋ᠡᠷ ᠣᠷᠣᠯᠴᠠᠭᠤᠯᠬᠤ ᠵᠢ ᠪᠠᠷᠢᠮᠲᠠᠯᠠᠨ᠎ᠠ᠃ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ᠎ᠪᠠᠷ ᠡᠬᠢᠯᠡᠯᠲᠡ ᠵᠣᠭᠰᠣᠯᠲᠠ ᠪᠣᠯᠭ᠋ᠠᠵᠤ᠂ ᠮᠠᠨ᠎ᠤ ᠤᠯᠤᠰ᠎ᠤᠨ ᠨᠡᠢ᠌ᠭᠡᠮ ᠵᠢᠷᠤᠮᠲᠤ ᠪᠠᠢ᠌ᠭᠤᠯᠤᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠭᠣᠣᠯᠯᠠᠬᠤ ᠦᠢ᠍ᠯᠡᠳᠦᠯ᠎ᠢ ᠪᠠᠷᠢᠮᠲᠠᠯᠠᠵᠤ᠂ ᠭᠣᠣᠯ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠡᠭᠦᠨ᠎ᠤ ᠵᠡᠷᠭᠡ᠎ᠳᠤ᠂ ᠨᠡᠢ᠌ᠭᠡᠮ᠎ᠤᠨ ᠬᠦᠴᠦᠨ᠎ᠢ ᠲᠡᠳᠡᠨ ᠳᠠᠶ᠋ᠢᠴᠢᠯᠠᠵᠤ ᠪᠠᠢ᠌ᠭ᠋ᠠᠳ ᠥᠷᠭᠡᠨ ᠵᠶ᠋ᠡᠷ ᠣᠷᠣᠯᠴᠠᠭᠤᠯᠵᠤ᠂ ᠵᠠᠰᠠᠭ᠎ᠤᠨ ᠣᠷᠳᠣᠨ ᠪᠣᠯᠣᠨ ᠨᠡᠢ᠌ᠭᠡᠮ᠎ᠤᠨ ᠬᠦᠴᠦᠨ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠬᠠᠮᠵᠢᠯᠴᠠᠭᠰᠠᠨ᠂ ᠠᠰᠢᠭᠲᠠᠢ ᠬᠠᠷᠢᠯᠴᠠᠨ ᠦᠢ᠍ᠯᠡᠳᠦᠯᠴᠡᠭᠰᠡᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠤᠨ ᠲᠣᠭᠲᠠᠴᠠ ᠵᠢ ᠪᠤᠶ ᠪᠣᠯᠭ᠋ᠠᠬᠤ ᠵᠢ ᠠᠬᠢᠭᠤᠯᠤᠨ᠎ᠠ᠃
ᠬᠣᠶᠠᠷ᠎ᠲᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠲᠥᠪ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠵᠢᠨ ᠥᠭᠡᠷᠡᠴᠢᠯᠡᠯᠲᠡ ᠵᠢᠨ ᠲᠥᠰᠥᠯ᠎ᠤᠨ ᠶᠡᠷᠦᠩᠬᠡᠢ ᠪᠣᠷᠣ ᠲᠥᠰᠥᠪ᠎ᠤᠨ ᠳᠣᠣᠷ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠣᠬᠢᠰᠲᠠᠢ ᠬᠤᠪᠢᠶᠠᠷᠢᠯᠠᠵᠤ᠂ ᠪᠥᠬᠥ ᠣᠷᠣᠨ᠎ᠤ ᠴᠢᠨᠠᠷᠲᠠᠢ ᠪᠤᠶᠤ ᠣᠷᠣᠨ ᠪᠦᠰᠡ ᠠᠯᠤᠰᠯᠠᠭᠰᠠᠨ᠂ ᠭᠣᠣᠯᠳᠠᠯᠭ᠎ᠠ᠎ᠲᠠᠢ ᠭᠠᠵᠠᠷ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠣᠬᠢᠬᠤ ᠬᠡᠮᠵᠢᠶ᠎ᠡ᠎ᠪᠠᠷ ᠴᠢᠩᠭ᠋ᠠᠳᠬᠠᠨ᠎ᠠ; ᠣᠷᠣᠨ ᠪᠦᠰᠡ ᠵᠢᠨ ᠴᠢᠨᠠᠷ ᠵᠶ᠋ᠠᠷ ᠴᠢᠩᠭ᠎ᠠ᠂ ᠦᠨᠳᠦᠰᠦᠨ ᠱᠠᠲᠤᠨ᠎ᠳᠤ ᠰᠢᠭᠤᠳ ᠬᠠᠨᠳᠤᠭᠰᠠᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ᠎ᠳᠤ ᠠᠢ᠌ᠮᠠᠭ ᠬᠣᠲᠠ ᠵᠢᠨ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠳᠠᠪᠠᠭᠤᠯᠢᠭ ᠪᠠ ᠢᠳᠡᠪᠬᠢᠵᠢᠯ᠎ᠢ ᠭᠦᠢ᠍ᠴᠡᠳ ᠪᠠᠳᠠᠷᠠᠭᠤᠯᠤᠨ᠎ᠠ; ᠪᠦᠬᠦᠯᠢ ᠴᠣᠭᠴᠠ ᠵᠢᠨ ᠲᠥᠯᠦᠪᠵᠢᠭᠦᠯᠭᠡ ᠵᠢ ᠬᠠᠷᠠᠭᠤᠯᠤᠭᠰᠠᠨ᠂ ᠨᠢᠭᠡᠳᠦᠯᠲᠡᠢ ᠪᠠᠢ᠌ᠷᠢᠯᠠᠭᠤᠯᠤᠭᠰᠠᠨ᠂ ᠱᠠᠲᠤ ᠬᠤᠪᠢᠶᠠᠨ ᠬᠡᠷᠡᠭᠵᠢᠭᠦᠯᠦᠭᠰᠡᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ᠎ᠳᠤ ᠠᠰᠢᠭ ᠭᠥᠷᠳᠡᠬᠦ ᠬᠡᠪᠴᠢᠶ᠎ᠡ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ᠎ᠪᠠᠷ ᠨᠤᠲᠠᠯᠠᠨ ᠲᠣᠭᠲᠠᠭ᠋ᠠᠵᠤ᠂ ᠪᠥᠬᠥ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ᠎ᠤᠨ ᠡᠳ᠋᠎ᠤᠨ ᠵᠠᠰᠠᠭ᠎ᠤᠨ ᠪᠠᠲᠤᠯᠠᠭ᠎ᠠ ᠵᠢᠨ ᠨᠡᠢ᠌ᠯᠡᠮᠡᠯ ᠬᠦᠴᠦᠨ᠎ᠢ ᠴᠢᠷᠮᠠᠢ᠌ᠨ ᠪᠣᠶ ᠪᠣᠯᠭ᠋ᠠᠨ᠎ᠠ᠃
ᠭᠤᠷᠪᠠ᠎ᠳᠤ᠂ ᠯᠠᠪᠳᠠᠭᠤᠨ ᠪᠥᠭᠡᠳ ᠡᠮᠬᠢ ᠵᠢᠷᠤᠮ᠎ᠲᠠᠢ᠂ ᠲᠥᠷᠥᠯ ᠬᠤᠪᠢᠶᠠᠨ ᠠᠬᠢᠭᠤᠯᠬᠤ ᠵᠢ ᠪᠠᠷᠢᠮᠲᠠᠯᠠᠨ᠎ᠠ᠃ ᠣᠲᠣ ᠵᠢᠨ ᠬᠡᠷᠡᠭᠵᠢᠭᠦᠯᠵᠦ ᠪᠠᠢ᠌ᠭ᠎ᠠ ᠡᠳ᠋᠎ᠤᠨ ᠵᠠᠰᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠶᠡᠷᠦᠩᠬᠡᠢ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠣᠳᠣᠬᠠᠨ᠎ᠤ ᠪᠠ ᠠᠯᠤᠰ ᠬᠡᠲᠦ ᠵᠢ ᠬᠠᠮᠲᠤᠳᠤᠨᠢ ᠬᠠᠷᠠᠭ᠋ᠠᠯᠵᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠲᠥᠷᠥᠯ ᠬᠤᠪᠢᠶᠠᠨ ᠠᠬᠢᠭᠤᠯᠵᠤ᠂ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠎ᠠ᠃ ᠣᠲᠣ ᠵᠢᠨ ᠬᠡᠷᠡᠭᠵᠢᠭᠦᠯᠵᠦ ᠪᠠᠢ᠌ᠭ᠎ᠠ ᠬᠤᠪᠢᠶᠠᠷᠢᠯᠠᠯ ᠵᠶ᠋ᠠᠷ ᠨᠡᠯᠢᠶᠡᠳ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠮᠥᠷᠲᠡᠭᠡᠨ ᠪᠦᠲᠦᠮᠵᠢᠲᠡᠶ ᠵᠦᠢ᠍ᠯᠡᠰ᠎ᠢ ᠨᠤᠲᠠᠯᠠᠨ ᠲᠣᠭᠲᠠᠭ᠋ᠠᠨ᠎ᠠ; ᠣᠲᠣ ᠵᠢᠨ ᠬᠡᠷᠡᠭᠵᠢᠭᠦᠯᠵᠦ ᠪᠠᠢ᠌ᠭ᠎ᠠ ᠬᠤᠪᠢᠶᠠᠷᠢᠯᠠᠭ᠋ᠠᠳᠤᠢ ᠵᠦᠢ᠍ᠯᠡᠰ᠎ᠢ ᠨᠥᠬᠥᠪᠦᠷᠢᠯᠡᠨ ᠲᠡᠭᠦᠯᠳᠡᠷᠵᠢᠭᠦᠯᠵᠦ᠂ ᠲᠣᠳᠣᠷᠬᠠᠢ᠌ᠯᠠᠨ᠎ᠠ; ᠥᠭᠡᠷᠡᠴᠢᠯᠡᠯᠲᠡ ᠵᠢᠨ ᠨᠥᠬᠥᠴᠡᠯ ᠬᠠᠷᠠᠬᠠᠨ ᠪᠦᠷᠢᠯᠳᠦᠭᠡᠳᠦᠢ ᠵᠦᠢ᠍ᠯᠡᠰ᠎ᠲᠤ ᠥᠭᠡᠷᠡᠴᠢᠯᠡᠯᠲᠡ ᠵᠢᠨ ᠴᠢᠭᠯᠡᠯ᠎ᠢ ᠲᠣᠳᠣᠷᠬᠠᠢ ᠪᠣᠯᠭ᠋ᠠᠵᠤ᠂ ᠬᠣᠯᠪᠣᠭᠳᠠᠯ ᠪᠦᠬᠦᠢ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢᠨ ᠠᠬᠢᠴᠠ ᠵᠢᠨ ᠪᠠᠢ᠌ᠳᠠᠯ᠎ᠢ ᠦᠨᠳᠦᠰᠦᠯᠡᠨ ᠴᠠᠭ ᠲᠤᠬᠠᠢᠳᠤᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃
(ᠭᠤᠷᠪᠠ) ᠭᠣᠣᠯ ᠠᠭᠤᠯᠭ᠎ᠠ
ᠭᠣᠣᠯ ᠠᠭᠤᠯᠭ᠎ᠠ᠎ᠳᠤ᠄ ᠶᠡᠷᠦᠩᠬᠡᠢ ᠱᠠᠭ᠋ᠠᠷᠳᠠᠯᠭ᠎ᠠ᠂ ᠭᠣᠣᠯ ᠠᠭᠤᠯᠭ᠎ᠠ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠭᠲᠠᠨ᠎ᠠ᠂ ᠪᠣᠳᠠᠲᠠᠢ᠎ᠪᠠᠷ ᠬᠡᠯᠡᠪᠡᠯ ᠳᠣᠣᠷᠠᠬᠢ ᠮᠡᠲᠦ᠄
1. ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠥᠭᠡᠷᠡᠴᠢᠯᠡᠯᠲᠡ ᠵᠢᠨ ᠶᠡᠷᠦᠩᠬᠡᠢ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠤᠨ ᠣᠷᠳᠣᠨ᠎ᠤ ᠬᠣᠭᠣᠷᠣᠨᠳᠣᠬᠢ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠡᠳ᠋᠎ᠤᠨ ᠵᠠᠰᠠᠭ᠎ᠤᠨ ᠡᠷᠬᠡ ᠵᠢᠨ ᠬᠤᠪᠢᠶᠠᠷᠢᠯᠠᠯ᠎ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋᠎ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠬᠠᠷᠢᠴᠠᠭ᠎ᠠ ᠪᠠᠶ᠋ᠢᠭᠤᠯᠬᠤ ᠵᠢ ᠠᠬᠢᠭᠤᠯᠵᠤ᠂ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠢ ᠬᠠᠮᠢᠶᠠᠷᠬᠤ ᠡᠷᠬᠡ᠂ ᠵᠠᠷᠤᠯᠭ᠎ᠠ ᠵᠢᠨ ᠬᠠᠷᠢᠭᠤᠴᠠᠯᠭ᠎ᠠ ᠪᠠ ᠡᠳ᠋᠎ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ᠎ᠢ ᠪᠣᠶ ᠪᠣᠯᠭ᠋ᠠᠵᠤ᠂ ᠮᠠᠨ᠎ᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠦᠷ᠎ᠡ ᠪᠦᠲᠦᠮᠵᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠭᠲᠠᠯᠴᠠᠭ᠎ᠠ ᠪᠠ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃
2. ᠭᠣᠣᠯ ᠠᠭᠤᠯᠭ᠎ᠠ
ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠲᠥᠪ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠪᠣᠷᠣ ᠲᠥᠰᠥᠪ ᠶᠣᠰᠣᠭ᠋ᠠᠷ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠤᠷᠢᠳᠴᠢᠯᠠᠨ ᠰᠡᠷᠭᠡᠢ᠌ᠯᠡᠬᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ᠂ ᠭᠠᠢ ᠭᠠᠮᠰᠢᠭ ᠡᠨᠳᠡᠯ᠎ᠤᠨ ᠲᠦᠭᠰᠢᠭᠦᠷᠢ ᠵᠢᠨ ᠳᠠᠯᠳᠠ ᠬᠡᠮ᠎ᠢ ᠪᠠᠢ᠌ᠴᠠᠭ᠋ᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠪᠠ ᠠᠪᠤᠷᠠᠨ ᠲᠤᠰᠠᠯᠠᠬᠤ ᠭᠤᠷᠪᠠᠨ ᠲᠠᠯ᠎ᠠ ᠵᠢᠨ 8 ᠵᠦᠢ᠍ᠯ᠎ᠤᠨ ᠪᠣᠳᠠᠲᠠᠢ ᠠᠭᠤᠯᠭ᠎ᠠ᠎ᠳᠤ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
ᠨᠢᠭᠡ᠎ᠳᠤ᠂ ᠤᠷᠢᠳᠴᠢᠯᠠᠨ ᠰᠡᠷᠭᠡᠢ᠌ᠯᠡᠬᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ᠎ᠤᠨ ᠲᠠᠯ᠎ᠠ ᠵᠢᠨ ᠪᠣᠳᠠᠲᠠᠢ ᠠᠭᠤᠯᠭ᠎ᠠ᠎ᠳᠤ ᠪᠠᠭᠲᠠᠬᠤ᠎ᠨᠢ᠄
(1) ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠳᠦᠷᠢᠮ᠎ᠤᠨ ᠪᠠᠢ᠌ᠭᠤᠯᠤᠯᠲᠠ; (2) ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠴᠢᠳᠠᠪᠤᠷᠢ ᠵᠢᠨ ᠪᠠᠢ᠌ᠭᠤᠯᠤᠯᠲᠠ; (3) ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠢ᠌ᠭᠤᠯᠤᠯᠲᠠ; (4) ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ; (5) ᠪᠠᠴᠢᠮ ᠪᠠᠢ᠌ᠳᠠᠯ᠎ᠢ ᠠᠷᠭ᠋ᠠᠴᠠᠭ᠋ᠠᠬᠤ ᠤᠬᠠᠭᠤᠯᠭ᠎ᠠ ᠬᠥᠮᠦᠵᠢᠯ᠎ᠤᠨ ᠪᠣᠯᠪᠠᠰᠤᠷᠠᠯ᠃
ᠬᠣᠶᠠᠷ᠎ᠲᠤ᠂ ᠭᠠᠢ ᠭᠠᠮᠰᠢᠭ ᠪᠠ ᠡᠨᠳᠡᠯ᠎ᠤᠨ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠠᠢ᠌ᠴᠠᠭ᠋ᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠣᠳᠠᠲᠠᠢ ᠠᠭᠤᠯᠭ᠎ᠠ᠎ᠳᠤ ᠪᠠᠭᠲᠠᠬᠤ᠎ᠨᠢ᠄
(1) ᠭᠠᠢ ᠭᠠᠮᠰᠢᠭ ᠪᠠ ᠡᠨᠳᠡᠯ᠎ᠤᠨ ᠠᠶᠤᠯ ᠲᠦᠭᠰᠢᠭᠦᠷᠢ ᠵᠢᠨ ᠲᠠᠯᠳᠠ ᠭᠡᠮ᠎ᠢ ᠪᠠᠢ᠌ᠴᠠᠭ᠋ᠠᠬᠤ; (2) ᠭᠠᠢ ᠭᠠᠮᠰᠢᠭ ᠪᠠ ᠡᠨᠳᠡᠯ᠎ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠃
ᠭᠤᠷᠪᠠ᠎ᠳᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ᠎ᠠᠴᠠ ᠠᠪᠤᠷᠠᠬᠤ᠃
3. ᠢᠵᠢ ᠪᠦᠷᠢᠳᠦᠭᠦᠯᠬᠦ ᠠᠷᠭ᠎ᠠ ᠬᠡᠮᠵᠢᠶ᠎ᠡ
ᠨᠢᠭᠡ᠎ᠳᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠪᠠᠲᠤᠯᠠᠨ᠎ᠠ; ᠬᠣᠶᠠᠷ᠎ᠲᠤ᠂ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ; ᠭᠤᠷᠪᠠ᠎ᠳᠤ᠂ ᠢᠵᠢ ᠪᠦᠷᠢᠳᠦᠭᠦᠯᠬᠦ ᠳᠦᠷᠢᠮ᠎ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠤᠨ᠎ᠠ᠃
(ᠳᠥᠷᠪᠡ) ᠲᠥᠷᠥ ᠵᠢᠨ ᠪᠣᠳᠣᠯᠭ᠎ᠠ ᠵᠢᠨ ᠲᠠᠢ᠌ᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ
ᠬᠡᠷᠪᠡ ᠲᠣᠰ ᠲᠥᠰᠥᠯ᠂ ᠰᠠᠨᠠᠯ᠎ᠢ ᠣᠢ᠌ᠯᠠᠭ᠋ᠠᠬᠤ ᠦᠭᠡᠢ ᠭᠠᠵᠠᠷ ᠪᠠᠢ᠌ᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠪᠠᠢ᠌ᠭ᠋ᠠᠯᠢ ᠵᠢᠨ ᠡᠬᠢ ᠪᠠᠶᠠᠯᠢᠭ ᠬᠢᠭᠡᠳ ᠠᠮᠢ ᠠᠬᠤᠢ ᠣᠷᠴᠢᠨ ᠲᠣᠭᠣᠷᠢᠨ᠎ᠤ ᠭᠠᠵᠠᠷ᠎ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠵᠢᠨ ᠪᠣᠳᠣᠯᠭ᠎ᠠ ᠵᠢᠨ ᠠᠰᠠᠭᠤᠨ ᠯᠠᠪᠯᠠᠬᠤ ᠤᠲᠠᠰᠤ᠄ 0471-4192195᠃ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠭᠴᠢ᠄ ᠸᠠᠩ ᠳ᠋ᠦᠩ ᠱᠧᠩ; ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠠᠯᠪᠠᠨ ᠭᠡᠷ᠎ᠠᠴᠠ ᠠᠰᠠᠭᠤᠨ ᠯᠠᠪᠯᠠᠵᠤ ᠪᠣᠯᠣᠨ᠎ᠠ᠂ ᠲᠥᠷᠥ ᠵᠢᠨ ᠪᠣᠳᠣᠯᠭ᠎ᠠ ᠵᠢᠨ ᠠᠰᠠᠭᠤᠨ ᠯᠠᠪᠯᠠᠬᠤ ᠤᠲᠠᠰᠤ᠄ 0471-4820211᠃ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠭᠴᠢ᠄ ᠼᠦᠢ ᠶᠢᠩ ᠵᠢᠶᠧ (ᠠᠵᠢᠯᠯᠠᠬᠤ ᠡᠳᠦᠷ᠎ᠤᠨ 9᠄ 00 - 12᠄ 00᠂ 13᠄ 30 - 17᠄ 00)᠃
ᠬᠣᠶᠠᠷ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠬᠡᠯᠪᠡᠷᠢ
ᠲᠣᠰ ᠲᠠᠢ᠌ᠯᠤᠮᠵᠢ ᠵᠢᠨ ᠲᠥᠰᠥᠯ᠎ᠢ ᠪᠢᠴᠢᠭ᠎ᠤᠨ ᠬᠡᠯᠪᠡᠷᠢ᠎ᠪᠠᠷ ᠲᠠᠢ᠌ᠯᠪᠤᠷᠢᠯᠠᠨ᠎ᠠ᠃
ᠭᠤᠷᠪᠠ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠠᠷᠭ᠎ᠠ ᠵᠠᠮ
ᠲᠣᠰ ᠲᠠᠢ᠌ᠯᠤᠮᠵᠢ ᠵᠢᠨ ᠲᠥᠰᠥᠯ᠎ᠳᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠠᠷᠭ᠎ᠠ ᠵᠠᠮ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠪᠣᠯᠣᠨ᠎ᠠ᠃
ᠳᠥᠷᠪᠡ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠴᠠᠭ
ᠲᠣᠰ ᠲᠠᠢ᠌ᠯᠤᠮᠵᠢ ᠵᠢᠨ ᠲᠥᠰᠥᠯ᠎ᠳᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠴᠠᠭ᠎ᠨᠢ ᠲᠣᠰ ᠲᠥᠰᠥᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ᠎ᠡ᠃