ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠭᠡᠷᠡᠴᠢᠯᠡᠯᠲᠡᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠳᠠᠯᠠᠬᠤ᠎ᠳᠤ ᠭᠣᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠣᠢ
ᠨᠡᠶ᠋ᠢᠲᠡᠯᠡᠭᠰᠡᠨ ᠴᠠᠭ᠄ 2024-11-14

    ᠰᠢᠨᠬᠤᠸᠠ ᠬᠣᠷᠢᠶᠠᠨ᠎ᠤ ᠪᠠᠭᠡᠵᠢᠩ᠎ᠤᠨ 11 ᠳ᠋ᠦ᠍ᠭᠡᠷ ᠰᠠᠷ᠎ᠠ ᠵᠢᠨ 13᠎ᠤ ᠡᠳᠦᠷ᠎ᠤᠨ ᠴᠠᠭᠢᠯᠭ᠋ᠠᠨ ᠮᠡᠳᠡᠭᠡ  《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠬᠤ》 ᠵᠢ ᠪᠠᠷᠢᠮᠲᠠᠯᠠᠭᠰᠠᠨ ᠪᠥᠭᠡᠳ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃  ᠨᠠᠮ᠎ᠤᠨ ᠤᠳᠤᠷᠢᠳᠤᠯᠭ᠎ᠠ ᠪᠣᠯ ᠦᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠵᠢᠨ ᠦᠨᠳᠦᠰᠦᠨ ᠪᠠᠲᠤᠯᠠᠭ᠎ᠠ ᠮᠥᠨ᠂ ᠨᠠᠮ᠎ᠤᠨ ᠲᠥᠪ ᠬᠣᠷᠢᠶᠠᠨ᠎ᠤ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ᠎ᠤᠨ ᠤᠳᠤᠷᠢᠳᠤᠯᠭ᠎ᠠ ᠵᠢᠨ ᠬᠠᠮᠤᠭ᠎ᠤᠨ ᠳᠡᠭᠡᠳᠦ ᠵᠠᠷᠴᠢᠮ ᠮᠥᠨ᠃ 《ᠲᠣᠭᠲᠠᠭ᠋ᠠᠯ》᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠡᠷᠬᠡᠪᠰᠢ ᠲᠤᠭᠤᠰᠢᠯᠠᠭᠤᠯᠬᠤ ᠵᠠᠷᠴᠢᠮ᠎ᠢ ᠲᠤᠭᠤᠰᠢᠯᠠᠭᠤᠯᠬᠤ ᠵᠢᠨ ᠲᠡᠷᠢᠭᠦᠨ ᠴᠢᠬᠤᠯᠠ ᠪᠠᠶ᠋ᠢᠷᠢᠨ᠎ᠳᠤ ᠲᠠᠯᠪᠢᠬᠤ ᠵᠢᠨ ᠬᠠᠮᠲᠤ ᠲᠤᠰᠬᠠᠢ ᠪᠠᠶ᠋ᠢᠷᠢᠯᠠᠭᠤᠯᠤᠯᠲᠠ ᠬᠢᠵᠦ᠂ ᠲᠡᠭᠦᠨ᠎ᠤ ᠲᠦᠢ᠍ᠯ᠎ᠤᠨ ᠴᠢᠬᠤᠯᠠ ᠴᠢᠨᠠᠷ᠎ᠢ ᠭᠦᠢ᠍ᠴᠡᠳ ᠲᠤᠪᠤᠶ᠋ᠢᠯᠭ᠋ᠠᠪᠠ᠃ ᠪᠦᠬᠦ ᠨᠠᠮ ᠵᠶ᠋ᠠᠷ ᠵᠶ᠋ᠠᠨ ᠡᠷᠬᠡᠪᠰᠢ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠶᠠᠪᠤᠴᠠ᠎ᠳᠤ ᠢᠮᠠᠭᠲᠠ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ᠂ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠶᠠᠪᠤᠴᠠ᠎ᠳᠠᠬᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠬᠤ ᠶᠠᠪᠤᠳᠠᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ᠃

   ᠨᠢᠭᠡ᠎ᠳᠤ᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠲᠤᠭᠲᠠᠴᠠ ᠵᠢ ᠲᠡᠭᠦᠯᠳᠡᠷᠵᠢᠭᠦᠯᠦᠨ᠎ᠡ᠃ ᠦᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠨᠠᠮ᠎ᠤᠨ ᠲᠥᠪ ᠬᠣᠷᠢᠶ᠎ᠠ᠎ᠠᠴᠠ ᠲᠥᠪᠯᠡᠷᠡᠭᠦᠯᠦᠨ ᠨᠢᠭᠡᠳᠦᠯᠲᠡᠢ ᠤᠳᠤᠷᠢᠳᠴᠤ᠂ ᠥᠭᠡᠷᠡᠴᠢᠯᠡᠯᠲᠡᠡ ᠵᠢ ᠤᠳᠤᠷᠢᠳᠤᠨ᠎ᠠ᠃ ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠴᠡᠷᠢᠭ ᠠᠩᠭᠢ ᠵᠡᠷᠭᠡ᠎ᠨᠢ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠰᠠᠶ᠋ᠢᠲᠤᠷ ᠡᠭᠦᠷᠭᠡᠯᠡᠵᠦ᠂ ᠴᠢᠬᠤᠯᠠ ᠶᠡᠭᠡ  ᠪᠠᠶ᠋ᠢᠷᠢᠯᠠᠭᠤᠯᠤᠯᠲᠠ᠂ ᠴᠢᠬᠤᠯᠠ ᠡᠭᠦᠷᠭᠡ᠂ ᠭᠤᠣᠯᠳᠠᠯᠭ᠎ᠠ᠎ᠲᠠᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠲᠤᠰ ᠰᠠᠯᠠᠭ᠎ᠠ ᠮᠥᠴᠢᠷ ᠲᠤᠰ ᠨᠢᠭᠡᠴᠢ ᠲᠤᠰ ᠰᠢᠰᠲ᠋ᠧᠮ᠎ᠤᠨ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠭᠦᠨᠵᠡᠭᠡᠢ ᠰᠤᠳᠤᠯᠤᠨ ᠠᠬᠢᠭᠤᠯᠬᠤ ᠬᠡᠷᠡᠭᠲᠡᠢ᠃  ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠴᠢᠬᠤᠯᠠ ᠶᠡᠬᠡ ᠥᠭᠡᠷᠡᠴᠢᠯᠡᠯᠲᠡ᠎ᠳᠤ ᠬᠣᠯᠪᠣᠭᠳᠠᠬᠤ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠰᠠᠶ᠋ᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ᠎ᠤ ᠨᠠᠮ ᠵᠠᠰᠠᠭ᠎ᠤᠨ ᠭᠤᠣᠯ ᠬᠠᠷᠢᠭᠤᠴᠠᠯᠭ᠋ᠠᠲᠠᠨ ᠨᠥᠬᠦᠳ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠥᠭᠡᠷᠡᠴᠢᠯᠡᠯᠲᠡ ᠵᠢ ᠠᠳᠬᠤᠵᠤ᠂ ᠲᠦᠷᠦᠭᠦᠯᠡᠨ ᠳᠠᠭ᠋ᠠᠭᠤᠯᠬᠤ ᠮᠥᠷᠲᠡᠭᠡᠨ ᠠᠶᠠᠨ᠎ᠳᠤ ᠮᠣᠷᠳᠠᠵᠤ᠂ ᠴᠢᠬᠤᠯᠠ ᠥᠭᠡᠷᠡᠴᠢᠯᠡᠯᠲᠡ ᠵᠢ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂ ᠴᠢᠬᠤᠯᠠ ᠶᠡᠭᠡ ᠲᠥᠰᠦᠯ᠎ᠢ ᠪᠡᠶ᠎ᠡ᠎ᠪᠠᠷ ᠵᠶ᠋ᠠᠨ ᠬᠠᠷᠢᠭᠤᠴᠠᠵᠤ᠂ ᠵᠠᠩᠭᠢᠯᠠᠭ᠎ᠠ ᠵᠢᠨ ᠭᠤᠭᠴᠤᠭ᠎ᠠ ᠵᠢ  ᠪᠡᠶ᠎ᠡ᠎ᠪᠠᠷ ᠵᠶ᠋ᠠᠨ ᠵᠣᠬᠢᠴᠠᠭᠤᠯᠵᠤ᠂ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠡᠶ᠎ᠡ᠎ᠪᠠᠷ ᠵᠶ᠋ᠠᠨ ᠱᠠᠯᠠᠪᠳᠠᠭᠤᠯᠤᠨ ᠪᠠᠶ᠋ᠢᠴᠠᠭ᠋ᠠᠬᠤ ᠬᠡᠷᠡᠭᠲᠡᠢ᠃  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ 《ᠲᠣᠭᠲᠠᠭ᠋ᠠᠯ》᠎ᠳᠤ ᠲᠣᠭᠲᠠᠭ᠋ᠠᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠣᠨᠣᠪᠴᠢᠲᠠᠶ ᠡᠵᠡᠮᠳᠡᠵᠦ᠂ ᠪᠥᠬᠦ ᠲᠠᠯ᠎ᠠ ᠵᠢᠨ ᠳᠤᠮᠳᠠ ᠣᠷᠣᠨ ᠪᠠᠶ᠋ᠢᠷᠢ᠎ᠪᠠᠨ ᠣᠨᠣᠪᠴᠢᠲᠠᠶ ᠲᠣᠭᠲᠠᠭ᠋ᠠᠨ ᠰᠠᠶ᠋ᠢᠲᠤᠷ ᠵᠣᠭᠰᠣᠵᠤ᠂ ᠰᠢᠨᠵᠢᠯᠡᠬᠦ ᠤᠬᠠᠭ᠋ᠠᠨᠴᠢ ᠲᠦᠷᠢᠮ ᠲᠣᠭᠲᠠᠴᠠ ᠵᠢ ᠰᠦᠪᠡᠭᠴᠢᠯᠡᠨ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠵᠢᠨ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠵᠢ ᠠᠬᠢᠭᠤᠯᠵᠤ᠂ ᠪᠣᠳᠠᠲᠠᠶ᠎ᠲᠠᠢ᠎ᠪᠠᠨ ᠤᠶᠠᠯᠳᠤᠭᠤᠯᠤᠨ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠵᠠᠮ ᠨᠡᠭᠡᠭᠡᠨ ᠰᠢᠨ᠎ᠡ ᠵᠢ ᠡᠭᠦᠳᠴᠦ ᠪᠠᠶ᠋ᠢᠭ᠋ᠠᠳ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠵᠣᠷᠢᠭᠲᠠᠶ᠎ᠪᠠᠷ ᠬᠢᠵᠦ ᠵᠣᠷᠢᠭᠲᠠᠶ᠎ᠪᠠᠷ ᠲᠤᠷᠰᠢᠵᠤ᠂ ᠳᠡᠯᠭᠡᠷᠡᠭᠦᠯᠵᠦ ᠪᠣᠯᠬᠤ ᠰᠢᠨ᠎ᠡ ᠰᠣᠷᠭᠤᠭ ᠲᠤᠷᠰᠢᠯᠭ᠎ᠠ ᠵᠢ ᠴᠢᠷᠮᠠᠶ᠋ᠢᠨ ᠡᠭᠦᠳᠬᠦ   ᠬᠡᠷᠡᠭᠲᠡᠶ᠃

   ᠬᠤᠶᠠᠷ᠎ᠲᠤ᠂ ᠲᠤᠪᠤᠶ᠋ᠢᠮ᠎ᠠ ᠵᠥᠷᠢᠴᠡᠯ᠎ᠢ ᠰᠢᠢ᠍ᠳᠪᠦᠷᠢᠯᠡᠬᠦ ᠵᠢᠨ ᠲᠣᠭᠤᠷᠢᠨ᠎ᠳᠤ ᠥᠭᠡᠷᠡᠴᠢᠯᠡᠯᠲᠡ ᠵᠢᠨ ᠵᠥᠪᠯᠡᠬᠦ ᠰᠡᠳᠦᠪ᠎ᠢ ᠪᠠᠢ᠌ᠭᠤᠯᠤᠨ᠎ᠠ᠃ ᠦᠭᠡᠷᠡᠴᠢᠯᠡᠯᠲᠡ ᠵᠢᠨ ᠰᠢᠢ᠍ᠳᠪᠦᠷᠢᠲᠦ ᠪᠣᠳᠣᠯᠭ᠎ᠠ᠎ᠨᠢ ᠰᠢᠨᠵᠢᠯᠡᠬᠦ ᠤᠬᠠᠭ᠋ᠠᠨᠴᠢ ᠡᠰᠡᠬᠦ᠎ᠨᠢ ᠦᠭᠡᠷᠡᠴᠢᠯᠡᠯᠲᠡ ᠵᠢ ᠨᠠᠶ᠋ᠢᠳᠠᠪᠤᠷᠢᠵᠢᠭᠤᠯᠤᠭᠰᠠᠨ ᠦᠷ᠎ᠡ ᠪᠦᠲᠦᠮᠵᠢ ᠵᠢ ᠲᠣᠭᠲᠠᠭ᠋ᠠᠵᠤ ᠪᠠᠶ᠋ᠢᠳᠠᠭ ᠶᠤᠮ᠃ ᠨᠠᠮ᠎ᠤᠨ ᠲᠥᠪ ᠬᠤᠷᠢᠶᠠᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠵᠢ ᠣᠨᠣᠪᠴᠢᠲᠠᠶ ᠡᠵᠡᠮᠳᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠤᠶ᠋ᠢᠯᠭ᠋ᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠴᠠ᠎ᠳᠠᠬᠢ ᠲᠣᠪᠤᠶ᠋ᠢᠮ᠎ᠠ ᠵᠥᠷᠢᠴᠡᠯ᠎ᠢ ᠰᠢᠢ᠍ᠳᠪᠦᠷᠢᠯᠡᠬᠦ ᠵᠢᠨ ᠲᠣᠭᠤᠷᠢᠨ᠎ᠳᠤ ᠥᠭᠡᠷᠡᠴᠢᠯᠡᠯᠲᠡ ᠵᠢᠨ ᠵᠥᠪᠯᠡᠬᠦ ᠰᠡᠳᠦᠪ᠎ᠢ ᠳᠣᠭᠢᠷᠠᠭᠤᠯᠵᠤ᠂ ᠭᠤᠤᠯᠳᠠᠯᠭ᠎ᠠ᠎ᠲᠠᠢ ᠥᠭᠡᠷᠡᠴᠢᠯᠡᠯᠲᠡ ᠵᠢᠨ ᠲᠥᠰᠦᠯ᠎ᠢ ᠪᠣᠶ ᠪᠣᠯᠭ᠋ᠠᠬᠤ ᠲᠣᠭᠲᠠᠴᠠ ᠵᠢ ᠰᠢᠯᠢᠳᠡᠭᠵᠢᠭᠦᠯᠦᠨ᠂ ᠥᠭᠡᠷᠡᠴᠢᠯᠡᠯᠲᠡ ᠵᠢᠨ ᠵᠥᠪᠯᠡᠬᠦ ᠰᠡᠳᠦᠪ᠎ᠢ ᠳᠤᠷᠠᠳᠬᠤ᠎ᠳᠤ ᠢᠳᠡᠪᠬᠢᠲᠡᠶ ᠯᠠᠪᠳᠠᠭᠤᠨ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠭᠤᠤᠯᠳᠠᠯᠭ᠎ᠠ᠎ᠲᠠᠢ ᠥᠭᠡᠷᠡᠴᠢᠯᠡᠯᠲᠡ ᠵᠢᠨ ᠲᠥᠰᠦᠯ ᠨᠢᠭᠡᠪᠦᠷᠢ ᠵᠢ ᠨᠡᠶ᠋ᠢᠲᠡᠯᠡᠨ ᠨᠤᠲᠠᠯᠠᠬᠤ᠎ᠨᠢ ᠭᠦᠢ᠍ᠴᠡᠳ᠂ ᠰᠢᠨᠵᠢᠯᠡᠬᠦ ᠤᠬᠠᠭ᠋ᠠᠨᠴᠢ ᠪᠥᠭᠡᠳ ᠨᠠᠷᠢᠯᠢᠭ ᠣᠨᠣᠴᠠᠲᠠᠶ ᠪᠠᠶ᠋ᠢᠬᠤ ᠵᠢ ᠪᠡᠶᠡᠯᠡᠭᠦᠯᠵᠦ᠂ ᠬᠠᠮᠤᠭ᠎ᠤᠨ ᠥᠨᠳᠥᠷ ᠦᠷ᠎ᠡ ᠪᠦᠲᠦᠮᠵᠢ ᠪᠠ ᠬᠠᠷᠢᠴᠠᠩᠭᠤᠢ ᠴᠥᠭᠡᠨ ᠡᠬᠢ ᠪᠠᠶᠠᠯᠢᠭ᠎ᠤᠨ ᠣᠷᠣᠭᠤᠯᠤᠯᠲᠠ᠎ᠪᠠᠷ ᠬᠠᠮᠤᠭ᠎ᠤᠨ ᠰᠠᠶ᠋ᠢᠨ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠤᠯᠬᠤ᠎ᠪᠠᠷ ᠴᠢᠷᠮᠠᠶ᠋ᠢᠬᠤ ᠬᠡᠷᠡᠭᠲᠡᠶ᠃

   ᠭᠤᠷᠪᠠ᠎ᠳᠤ᠂ ᠥᠭᠡᠷᠡᠴᠢᠯᠡᠯᠲᠡ ᠵᠢᠨ ᠤᠷᠮᠠᠰᠢᠭᠤᠯᠬᠤ ᠪᠠ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠣᠭᠣᠳᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠳᠠᠭ᠋ᠠᠯᠳᠤᠨ᠂ ᠡᠯ᠎ᠡ ᠵᠦᠢ᠍ᠯ᠎ᠤᠨ ᠰᠢᠢ᠍ᠳᠪᠦᠷᠢᠯᠡᠬᠦ᠎ᠳᠤ ᠬᠦᠴᠢᠷ ᠠᠰᠠᠭᠤᠳᠠᠯ ᠤᠯᠠᠮ᠎ᠠᠴᠠ ᠤᠯᠠᠮ ᠠᠷᠪᠢᠨ ᠪᠤᠢ᠂ ᠦᠭᠡᠷᠡᠴᠢᠯᠡᠯᠲᠡ ᠵᠢ ᠤᠷᠤᠭᠰᠢᠲᠠᠢ ᠠᠬᠢᠭᠤᠯᠬᠤ ᠬᠡᠷᠡᠭᠲᠡᠢ᠂ ᠡᠷᠬᠡᠪᠰᠢ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ ᠥᠭᠡᠷᠡᠴᠢᠯᠡᠯᠲᠡᠡ ᠵᠢᠨ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠪᠣᠢ ᠪᠣᠯᠭ᠋ᠠᠬᠤ ᠬᠡᠷᠡᠭᠲᠡᠢ᠃ ᠥᠭᠡᠷᠡᠴᠢᠯᠡᠯᠲᠡ ᠵᠢᠨ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠵᠢᠨ ᠳᠤᠮᠳᠠᠬᠢ ᠲᠡᠷᠢᠭᠦᠨ᠎ᠤ ᠨᠢᠭᠡᠴᠢ ᠪᠣᠯᠤᠨ ᠬᠤᠪᠢ ᠬᠥᠮᠦᠨ᠎ᠢ ᠴᠠᠭ ᠲᠤᠬᠠᠶ ᠎ᠳᠤ᠎ᠨᠢ ᠬᠥᠬᠢᠭᠦᠯᠦᠨ ᠰᠠᠶ᠋ᠢᠰᠢᠶᠠᠵᠤ᠂ ᠥᠭᠡᠷᠡᠴᠢᠯᠡᠯᠲᠡ ᠵᠢᠨ ᠰᠠᠶ᠋ᠢᠨ ᠰᠠᠶ᠋ᠢᠬᠠᠨ ᠠᠵᠢᠯ᠎ᠤᠨ ᠤᠳᠤᠷᠢᠳᠤᠮᠵᠢ ᠵᠢ ᠪᠤᠢ ᠪᠣᠯᠭ᠋ᠠᠬᠤ ᠬᠡᠷᠡᠭᠲᠡᠶ᠃  ᠣᠢ᠍ᠭᠡᠷᠠᠴᠢᠯᠠᠯᠲᠠ ᠬᠢᠭᠦ ᠶᠠᠷᠢᠶ᠎ᠡ ᠬᠡᠯᠡᠯᠴᠡᠭᠡᠨ᠎ᠤ ᠵᠢᠯᠣᠭᠣᠲᠣᠯᠭ᠎ᠠ ᠵᠢᠨ ᠳᠣᠬᠲᠠᠴᠠ ᠵᠢ ᠲᠠᠭᠦᠯᠲᠠᠷᠵᠢᠭᠦᠯᠵᠤ᠂ ᠡᠯ᠎ᠠ ᠵᠣᠢ᠍ᠢ᠍ᠯ᠎ᠤᠨ ᠵᠠᠭᠣᠴᠢᠯᠠᠭᠣᠷ ᠪᠠ ᠠᠷᠭ᠎ᠠ ᠬᠡᠯᠪᠠᠷᠢ᠎ᠪᠠᠷ ᠲᠠᠮᠵᠢᠭᠣᠯᠣᠠ ᠰᠠᠢ᠍ᠢ᠍ᠠ ᠣᠢ᠍ᠭᠡᠷᠠᠴᠢᠯᠠᠯᠲᠠ ᠬᠢᠭᠦ ᠠᠷᠭ᠎ᠠ ᠬᠡᠮᠵᠢᠶ᠎ᠡ ᠵᠢ ᠰᠠᠢ᠍ᠢ᠍ᠠ ᠣᠬᠠᠭᠣᠯᠵᠤ᠂ ᠬᠡᠷᠭᠢᠠ ᠣᠢ᠍ᠭᠡᠷᠠᠴᠢᠯᠠᠯᠲᠠ ᠬᠢᠭᠦ᠂ ᠣᠢ᠍ᠭᠡᠷᠠᠴᠢᠯᠠᠯᠲᠠ ᠵᠢ ᠬᠡᠷᠭᠢᠠ ᠦᠭᠡᠷᠡᠴᠢᠯᠡᠬᠦ᠂ ᠣᠢ᠍ᠭᠡᠷᠠᠴᠢᠯᠠᠯᠲᠠ ᠬᠢᠭᠦ᠎ᠨᠢ ᠶᠠᠮᠠᠷ ᠠᠰᠢᠭ᠎ᠲᠠᠢ ᠪᠠᠢ᠍ᠢ᠍ᠬᠤ ᠵᠢ ᠦᠷᠭᠡᠨ ᠣᠯᠠᠨ ᠠᠷᠠᠣᠠ ᠣᠯᠠᠨ᠎ᠳᠤ ᠣᠢ᠌ᠯᠠᠭ᠋ᠠᠭᠤᠯᠵᠤ᠂ ᠦᠭᠡᠷᠡᠴᠢᠯᠡᠯᠲᠡ᠎ᠨᠢ ᠠᠰᠢᠭ ᠲᠤᠰᠠ ᠵᠢᠨ ᠬᠠᠷᠢᠴᠠᠭ᠎ᠠ ᠵᠢᠨ ᠲᠣᠬᠢᠷᠠᠭᠤᠯᠤᠯᠲᠠ᠎ᠳᠤ ᠡᠯ᠎ᠡ ᠵᠦᠢ᠍ᠯ᠎ᠤᠨ ᠠᠳᠠᠯᠢ ᠪᠤᠰᠤ ᠳᠠᠭᠤᠨ ᠭᠠᠷᠬᠤ᠎ᠨᠢ ᠵᠠᠶ᠋ᠢᠯᠠᠰᠢ ᠦᠭᠡᠢ ᠶᠤᠮ᠃ ᠨᠡᠶ᠋ᠢᠭᠡᠮ ᠳᠡᠭᠡᠷᠡᠬᠢ ᠢᠯᠠᠩᠭᠤᠶ᠎ᠠ ᠢᠨᠲ᠋ᠧᠷ ᠰᠦᠯᠵᠢᠶᠡᠨ ᠳᠡᠭᠡᠷᠡᠬᠢ ᠥᠭᠡᠷᠡᠴᠢᠯᠡᠯᠲᠡ ᠵᠢᠨ ᠲᠤᠬᠠᠶ ᠡᠯ᠎ᠡ ᠵᠦᠢ᠍ᠯ᠎ᠤᠨ ᠦᠵᠡᠯᠲᠡ ᠵᠢ ᠴᠠᠭ ᠲᠤᠬᠠᠶ᠎ᠳᠤᠨᠢ ᠠᠩᠬᠠᠷᠴᠤ᠂ ᠴᠠᠭ ᠲᠤᠬᠠᠶ᠎ᠳᠤᠨᠢ ᠰᠡᠵᠢᠭᠯᠡᠯ ᠲᠥᠭᠡᠷᠢᠭᠳᠡᠯ᠎ᠢ ᠠᠷᠢᠯᠭ᠋ᠠᠵᠤ᠂ ᠡᠨᠳᠡᠭᠦᠷᠡᠯ᠎ᠢ ᠲᠣᠳᠣᠷᠬᠠᠶ᠋ᠢᠯᠠᠨ᠂ ᠱᠤᠤᠭᠢᠶᠠᠨ᠎ᠢ ᠠᠷᠢᠯᠭ᠋ᠠᠵᠤ᠂ ᠥᠷᠭᠡᠨ ᠣᠯᠠᠨ ᠠᠷᠠᠳ ᠲᠦᠮᠡᠨ ᠥᠭᠡᠷᠡᠴᠢᠯᠡᠯᠲᠡ ᠵᠢ ᠳᠡᠭᠡᠳᠦ ᠬᠡᠮᠵᠢᠶ᠎ᠡ᠎ᠪᠠᠷ ᠮᠡᠳᠡᠷᠡᠵᠦ᠂ ᠥᠭᠡᠷᠡᠴᠢᠯᠡᠯᠲᠡ᠎ᠳᠤ ᠢᠳᠡᠪᠬᠢᠲᠡᠶ ᠣᠷᠣᠯᠴᠠᠨ᠂ ᠥᠭᠡᠷᠡᠴᠢᠯᠡᠯᠲᠡ ᠵᠢ ᠶᠡᠬᠡᠪᠡᠷ ᠳᠡᠮᠵᠢᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠬᠦᠴᠦᠯᠡᠨ ᠪᠣᠶ ᠪᠣᠯᠭ᠋ᠠᠬᠤ ᠬᠡᠷᠡᠭᠲᠡᠶ᠃

   ᠳᠦᠷᠪᠡ᠎ᠳᠤ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠰᠠᠶ᠋ᠢᠲᠤᠷ ᠵᠠᠮᠨᠠᠨ᠎ᠠ᠃ ᠪᠠᠶ᠋ᠢᠴᠠᠭ᠋ᠠᠨ ᠰᠤᠳᠤᠯᠤᠯᠲᠠ ᠬᠢᠬᠦ ᠵᠢ ᠶᠡᠬᠡᠪᠡᠷ ᠬᠥᠭᠵᠢᠭᠦᠯᠵᠦ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ᠂ ᠪᠣᠳᠠᠲᠤ ᠪᠠᠶ᠋ᠢᠳᠠᠯ᠎ᠳᠤ ᠭᠦᠨᠵᠡᠭᠡᠶ᠋ᠢᠷᠡᠨ᠂ ᠣᠯᠠᠨ ᠲᠦᠮᠡᠨ᠎ᠤ ᠳᠤᠮᠳᠠ ᠭᠦᠨᠵᠡᠭᠡᠶ᠋ᠢᠷᠡᠵᠦ᠂ ᠬᠡᠷᠡᠭᠴᠡᠭᠡ ᠱᠠᠭ᠋ᠠᠷᠳᠠᠯᠭ᠎ᠠ ᠵᠢ ᠠᠰᠠᠭᠤᠬᠤ᠎ᠪᠠᠷ ᠪᠠᠷᠠᠬᠤ ᠦᠭᠡᠢ ᠪᠠᠰᠠ ᠠᠷᠭ᠎ᠠ ᠪᠣᠳᠣᠯᠭ᠎ᠠ ᠵᠢ ᠠᠷᠠᠳ᠎ᠠᠴᠠ ᠠᠰᠠᠭᠤᠵᠤ᠂ ᠵᠥᠷᠢᠴᠡᠯ ᠪᠠ ᠠᠰᠠᠭᠤᠳᠠᠯ ᠨᠡᠯᠢᠶᠡᠳ ᠲᠥᠪᠯᠡᠷᠡᠭᠰᠡᠨ ᠭᠠᠵᠠᠷ᠎ᠲᠤ ᠰᠢᠭᠤᠳ ᠬᠦᠷᠴᠦ᠂ ᠪᠠᠶ᠋ᠢᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠠᠰᠠᠭᠤᠳᠠᠯ᠎ᠤᠨ ᠰᠢᠯᠲᠠᠭ᠋ᠠᠨ᠎ᠢ ᠭᠦᠨᠵᠡᠭᠡᠢ ᠣᠨᠣᠪᠴᠢᠲᠠᠢ ᠡᠷᠢᠵᠦ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠬᠠᠨᠳᠤᠯᠭ᠋ᠠᠲᠤ ᠴᠢᠨᠠᠷᠲᠠᠢ᠎ᠪᠠᠷ ᠲᠣᠭᠲᠠᠭ᠋ᠠᠪᠠ᠃ ᠤᠯᠠᠨ᠎ᠤ ᠤᠶᠤᠨ ᠤᠬᠠᠭ᠋ᠠᠨ᠎ᠢ ᠲᠥᠪᠯᠡᠷᠡᠭᠦᠯᠬᠦ ᠵᠢ ᠴᠢᠬᠤᠯᠠᠴᠢᠯᠠᠵᠤ᠂ ᠨᠡᠶ᠋ᠢᠭᠡᠮ᠎ᠤᠨ ᠬᠦᠰᠡᠯ ᠡᠷᠡᠮᠡᠯᠵᠡᠯ᠂ ᠤᠯᠠᠨ ᠲᠦᠮᠡᠨ᠎ᠤ ᠤᠶᠤᠨ ᠤᠬᠠᠭ᠋ᠠᠨ᠂ ᠲᠤᠰᠬᠠᠢ ᠮᠡᠷᠭᠡᠵᠢᠯᠲᠡᠨ᠎ᠤ ᠰᠠᠨᠠᠯ᠂ ᠦᠨᠳᠦᠰᠦᠨ ᠱᠠᠲᠤᠨ᠎ᠤ ᠲᠤᠷᠰᠢᠯᠭ᠎ᠠ ᠵᠢ ᠥᠭᠡᠷᠡᠴᠢᠯᠡᠯᠲᠡ ᠵᠢᠨ ᠵᠢᠷᠤᠭ ᠲᠥᠯᠥᠪᠯᠡᠭᠡ᠎ᠳᠤ ᠭᠦᠢ᠍ᠴᠡᠳ ᠰᠢᠩᠭᠡᠭᠡᠨ ᠠᠪᠴᠤ᠂ ᠥᠭᠡᠷᠡᠴᠢᠯᠡᠯᠲᠡ ᠵᠢᠨ ᠲᠥᠰᠦᠯ᠎ᠢ ᠨᠡᠩ ᠪᠣᠳᠠᠲᠠᠢ᠎ᠳᠤ ᠨᠡᠶ᠋ᠢᠴᠡᠭᠦᠯᠵᠦ᠂ ᠨᠡᠩ ᠪᠣᠳᠠᠲᠠᠢ ᠦᠷ᠎ᠡ ᠪᠦᠲᠦᠮᠵᠢ᠎ᠲᠠᠢ ᠪᠣᠯᠭ᠋ᠠᠬᠤ ᠬᠡᠷᠡᠭᠲᠡᠢ᠃

   ᠲᠠᠪᠤ᠎ᠳᠤ᠂ ᠴᠠᠭ ᠲᠤᠬᠠᠢ᠎ᠳᠤ᠎ᠨᠢ ᠠᠰᠠᠭᠤᠳᠠᠯ᠎ᠢ ᠢᠯᠡᠷᠡᠭᠦᠯᠵᠦ᠂ ᠠᠯᠳᠠᠭ᠎ᠠ ᠪᠤᠷᠤᠭᠤ ᠵᠢ ᠵᠠᠯᠠᠷᠠᠭᠤᠯᠤᠨ᠎ᠠ᠃ ᠥᠭᠡᠷᠡᠴᠢᠯᠡᠯᠲᠡ ᠵᠢᠨ ᠲᠥᠰᠦᠯ᠎ᠨᠢ ᠰᠢᠨᠵᠢᠯᠡᠬᠦ ᠤᠬᠠᠭ᠋ᠠᠨᠴᠢ ᠪᠠᠶ᠋ᠢᠬᠤ ᠡᠰᠡᠬᠦ ᠵᠢ ᠦᠢ᠍ᠯᠡᠳᠦᠯᠭᠡ᠎ᠪᠠᠷ ᠰᠢᠯᠭ᠋ᠠᠨ ᠦᠵᠡᠬᠦ ᠬᠡᠷᠡᠭᠲᠡᠶ᠃ ᠦᠨᠡᠨ ᠶᠣᠰᠣ ᠵᠢ ᠪᠠᠷᠢᠮᠲᠠᠯᠠᠬᠤ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠶᠠᠪᠤᠴᠠ᠎ᠳᠤ ᠥᠭᠡᠷᠡᠴᠢᠯᠡᠯᠲᠡ ᠵᠢᠨ ᠲᠥᠰᠦᠯ᠎ᠤᠨ ᠬᠦᠷᠦᠯᠴᠡᠬᠦ ᠦᠭᠡᠢ ᠲᠠᠯ᠎ᠠ ᠵᠢ ᠴᠠᠭ ᠲᠤᠬᠠᠢ᠎ᠳᠤᠨᠢ ᠢᠯᠡᠷᠡᠭᠦᠯᠵᠦ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠴᠠᠭ ᠲᠤᠬᠠᠢ᠎ᠳᠤᠨᠢ ᠲᠡᠭᠦᠯᠳᠡᠷᠵᠢᠭᠦᠯᠬᠦ ᠪᠤᠶᠤ ᠲᠤᠬᠢᠷᠠᠭᠤᠯᠵᠤ᠂ ᠥᠭᠡᠷᠡᠴᠢᠯᠡᠯᠲᠡ ᠵᠢᠨ ᠪᠦᠬᠦ ᠶᠠᠪᠤᠴᠠ ᠵᠢᠨ ᠠᠵᠢᠯᠯᠠᠭ᠎ᠠ ᠵᠢᠨ ᠵᠥᠪ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠨ᠎ᠠ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠭᠤᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠤᠢ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠦᠢ᠍ᠯᠡᠴᠢᠯᠡᠬᠡᠨ᠎ᠤ ᠠᠷᠠᠯᠵᠢᠶᠠᠨ᠎ᠤ ᠵᠤᠷᠭ᠋ᠠᠨ᠎ᠤ ᠬᠠᠷᠢᠭᠤᠴᠠᠯᠭ᠋ᠠᠲᠠᠨ 《ᠢᠳᠡᠭᠡᠨ ᠤᠮᠳᠠᠭ᠋ᠠᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠳᠤ ᠲᠠᠢ᠌ᠯᠤᠮᠵᠢ ᠬᠢᠪᠡ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠨᠢᠭᠡ)
ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            