ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠭᠤᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠤᠢ
ᠨᠡᠶ᠋ᠢᠲᠡᠯᠡᠭᠰᠡᠨ ᠴᠠᠭ᠄ 2024-11-15

   ᠰᠢᠨᠬᠤᠸᠠ ᠬᠣᠷᠢᠶᠠᠨ᠎ᠤ ᠪᠠᠭᠡᠵᠢᠩ᠎ᠤᠨ ᠴᠠᠭᠢᠯᠭ᠋ᠠᠨ ᠮᠡᠳᠡᠭᠡ  《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠴᠢᠬᠤᠯᠠ ᠪᠠᠶ᠋ᠢᠷᠢᠯᠠᠭᠤᠯᠤᠯᠲᠠ ᠬᠢᠪᠡ᠃ ᠡᠨᠡ ᠪᠤᠯ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠤᠯᠤᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ᠂ ᠤᠯᠤᠰ᠎ᠤᠨ ᠠᠮᠤᠷ ᠲᠦᠪᠰᠢᠨ ᠪᠤᠯᠤᠨ ᠨᠡᠶ᠋ᠢᠭᠡᠮ᠎ᠤᠨ ᠲᠤᠬᠳᠠᠭᠤᠨ᠎ᠢ ᠡᠷᠡᠰ ᠬᠠᠮᠠᠭ᠋ᠠᠯᠠᠬᠤ ᠪᠠᠶ᠋ᠢᠯᠳᠤᠬᠤ ᠪᠤᠳᠤᠯᠭ᠎ᠠ ᠵᠢᠨ ᠦᠨᠳᠤᠷᠴᠡ᠎ᠠᠴᠠ ᠲᠤᠷᠠᠳᠤᠬᠰᠠᠨ ᠴᠢᠬᠤᠯᠠ ᠶᠡᠭᠡ ᠡᠬᠦᠷᠬᠡ ᠪᠤᠯᠤᠨ᠎ᠠ᠃

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠤᠯᠤᠰ ᠣᠷᠣᠨ᠎ᠤ ᠥᠨᠢ ᠤᠳᠠᠭ᠋ᠠᠨ ᠠᠮᠤᠷ ᠲᠦᠪᠰᠢᠨ᠂ ᠠᠷᠠᠳ ᠲᠦᠮᠡᠨ ᠠᠮᠤᠷ ᠲᠠᠶ᠋ᠢᠪᠤᠩ ᠠᠵᠤ ᠲᠦᠷᠦᠭᠦ ᠵᠢ ᠪᠣᠳᠣᠯᠬᠢᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠵᠤ᠂ ᠮᠠᠨ᠎ᠤ ᠤᠯᠤᠰ᠎ᠤᠨ ᠨᠡᠶ᠋ᠢᠭᠡᠮ᠎ᠤᠨ ᠵᠠᠰᠠᠯᠲᠠ ᠵᠢᠨ ᠬᠦᠷᠢᠶᠡᠨ᠎ᠤ ᠥᠭᠡᠷᠡᠴᠢᠯᠡᠯᠲᠡ ᠵᠢ ᠠᠬᠢᠭᠤᠯᠵᠤ᠂ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠪᠦᠷᠢᠨᠰᠢᠬᠦᠯᠵᠤ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ 《ᠬᠤᠶᠠᠷ ᠶᠡᠭᠡ ᠭᠠᠶ᠋ᠢᠬᠠᠮᠰᠢᠭ》᠎ᠤᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠵᠦ᠂ ᠳᠤᠮᠳᠠᠳᠤ ᠤᠯᠤᠰ᠎ᠤᠨ ᠵᠠᠰᠠᠯᠲᠠ ᠵᠢᠨ ᠰᠢᠨ᠎ᠡ ᠪᠠᠶ᠋ᠢᠳᠠᠯ᠎ᠢ ᠡᠭᠦᠳᠴᠡᠢ᠃  ᠨᠢᠭᠡ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠨᠡᠶ᠋ᠢᠭᠡᠮ᠎ᠤᠨ ᠵᠠᠰᠠᠯᠲᠠ ᠵᠢᠨ ᠬᠠᠮᠢᠶ᠎ᠠ ᠪᠦᠬᠦᠢ ᠤᠨᠤᠯ᠎ᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠵᠢᠨ ᠨᠡᠶ᠋ᠢᠭᠡᠮ᠎ᠤᠨ ᠵᠠᠰᠠᠯᠲᠠ ᠵᠢᠨ ᠴᠢᠬᠤᠯᠠ ᠠᠴᠢ ᠬᠤᠯᠪᠣᠭᠳᠠᠯ᠂ ᠬᠥᠭᠵᠢᠯᠲᠡ ᠵᠢᠨ ᠴᠢᠭᠯᠡᠯ᠂ ᠦᠷᠳᠡᠭ᠎ᠤᠨ ᠬᠠᠨᠳᠤᠰᠢ᠂ ᠤᠢ᠍ᠢ᠍ᠯᠠᠭ᠋ᠠᠭᠳᠠᠬᠤᠨ᠎ᠤ ᠵᠠᠷᠴᠢᠮ᠂ ᠠᠷᠭ᠎ᠠ ᠵᠠᠮ ᠵᠡᠷᠭᠡ ᠴᠢᠬᠤᠯᠠ ᠶᠡᠭᠡ ᠠᠰᠠᠭᠤᠳᠠᠯ᠎ᠳᠤ  ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠲᠠ ᠥᠭᠴᠦ᠂ ᠮᠠᠷᠺᠰ᠎ᠤᠨ ᠦᠵᠡᠯ᠎ᠤᠨ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠠᠬᠤᠢ ᠪᠠᠶ᠋ᠢᠳᠠᠯ᠎ᠢ ᠨᠡᠭᠡᠭᠡᠵᠦ᠂ ᠨᠡᠶ᠋ᠢᠭᠡᠮ᠎ᠤᠨ ᠵᠠᠰᠠᠯᠲᠠ ᠵᠢᠨ ᠬᠦᠷᠢᠶᠡᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠦᠨᠳᠦᠰᠦᠨ ᠵᠢᠷᠤᠮᠯᠠᠯ ᠬᠠᠩᠭ᠋ᠠᠵᠠᠢ᠃  ᠬᠤᠶᠠᠷ᠎ᠲᠤ᠂ ᠨᠠᠮ᠎ᠤᠨ ᠨᠡᠶ᠋ᠢᠭᠡᠮ᠎ᠤᠨ ᠵᠠᠰᠠᠯᠲᠠ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠡᠶ᠋ᠢᠭᠡᠮ᠎ᠤᠨ ᠵᠠᠰᠠᠯᠲᠠ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠦᠨ᠎ᠡ᠃ ᠨᠠᠮ᠎ᠤᠨ ᠲᠥᠪ ᠬᠤᠷᠢᠶ᠎ᠠ ᠰᠢᠷᠢᠰ ᠪᠢᠴᠢᠭ ᠮᠠᠲ᠋ᠧᠷᠢᠶᠠᠯ ᠨᠡᠶ᠋ᠢᠲᠡᠯᠡᠵᠦ᠂ ᠰᠢᠰᠲ᠋ᠧᠮ᠎ᠲᠠᠢ ᠪᠠᠶ᠋ᠢᠷᠢᠯᠠᠭᠤᠯᠤᠯᠲᠠ ᠬᠢᠵᠦ᠂ ᠨᠠᠮ ᠪᠣᠯᠤᠨ ᠲᠦᠷᠦ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠥᠪ᠎ᠤᠨ ᠨᠡᠶ᠋ᠢᠭᠡᠮ᠎ᠤᠨ ᠠᠵᠢᠯ᠎ᠤᠨ ᠬᠡᠯᠳᠡᠰ᠎ᠢ ᠵᠣᠬᠢᠶᠠᠨ ᠪᠠᠶ᠋ᠢᠭᠤᠯᠵᠤ᠂ ᠣᠷᠣᠨ ᠨᠤᠲᠤᠭ᠎ᠤᠨ ᠨᠠᠮ᠎ᠤᠨ ᠬᠤᠷᠢᠶᠠᠨ᠎ᠤ ᠨᠡᠶ᠋ᠢᠭᠡᠮ᠎ᠤᠨ ᠠᠵᠢᠯ᠎ᠤᠨ ᠰᠠᠯᠠᠭ᠎ᠠ ᠮᠥᠴᠢᠷ᠎ᠢ ᠪᠠᠶ᠋ᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠂ ᠬᠥᠳᠡᠭᠡ ᠲᠣᠰᠬᠤᠨ᠎ᠤ ᠵᠠᠰᠠᠯᠲᠠ᠂ ᠵᠠᠬᠢᠳᠠᠯ ᠰᠤᠷᠪᠤᠯᠵᠢᠯᠠᠯ᠎ᠤᠨ ᠠᠵᠢᠯ ᠵᠡᠷᠭᠡ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠤ᠂ ᠨᠡᠶ᠋ᠢᠭᠡᠮ᠎ᠤᠨ ᠵᠠᠰᠠᠯᠲᠠ ᠵᠢᠨ ᠠᠷᠭ᠎ᠠ ᠬᠡᠯᠪᠡᠷᠢ ᠵᠢᠨ ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠵᠦ᠂ ᠪᠦᠬᠦ ᠠᠷᠠᠳ ᠵᠶ᠋ᠠᠷ ᠵᠶ᠋ᠠᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠪᠠ᠃  ᠭᠤᠷᠪᠠ᠎ᠳᠤ᠂ ᠨᠡᠶ᠋ᠢᠭᠡᠮ᠎ᠤᠨ ᠵᠠᠰᠠᠯᠲᠠ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠪᠡ᠃ ᠨᠡᠶ᠋ᠢᠭᠡᠮ᠎ᠤᠨ ᠠᠮᠤᠷ ᠲᠦᠪᠰᠢᠨ᠎ᠤ ᠪᠠᠶ᠋ᠢᠳᠠᠯ ᠦᠷᠭᠦᠯᠵᠢᠯᠡᠨ ᠰᠠᠶ᠋ᠢᠵᠢᠷᠠᠵᠤ᠂ ᠪᠦᠬᠦ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠤᠷᠠᠵᠤ᠂ ᠨᠡᠶ᠋ᠢᠭᠡᠮ ᠤᠷᠲᠤ ᠬᠤᠭᠤᠴᠠᠭ᠎ᠠ᠎ᠪᠠᠷ ᠲᠣᠭᠲᠠᠭᠤᠨ ᠪᠠᠶ᠋ᠢᠬᠤ ᠵᠢ ᠪᠠᠲᠤᠯᠠᠵᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠪᠡ᠃

   ᠥᠭᠡᠷᠡᠴᠢᠯᠡᠯᠲᠡ ᠨᠡᠭᠡᠭᠡᠯᠲᠡ ᠪᠠ ᠠᠵᠤ ᠠᠬᠤᠶ ᠨᠡᠶ᠋ᠢᠭᠡᠮ᠎ᠤᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠮᠠᠨ᠎ᠤ ᠤᠯᠤᠰ᠎ᠤᠨ ᠨᠡᠶ᠋ᠢᠭᠡᠮ᠎ᠤᠨ ᠪᠦᠲᠦᠴᠡ ᠡᠳᠦᠷ ᠢᠷᠡᠬᠦᠶ᠎ᠡ ᠣᠯᠠᠨ ᠶᠠᠩᠵᠤ ᠵᠢᠨ ᠪᠣᠯᠵᠣ᠂ ᠥᠷᠲᠡᠭ᠎ᠤᠨ ᠬᠠᠨᠳᠤᠰᠢ ᠡᠳᠦᠷ ᠢᠷᠡᠬᠦᠶ᠎ᠡ ᠣᠯᠠᠨ ᠡᠰᠢᠵᠢᠵᠦ᠂ ᠠᠰᠢᠭ ᠲᠤᠰᠠ ᠵᠢᠨ ᠬᠦᠰᠡᠯ ᠱᠠᠭ᠋ᠠᠷᠳᠠᠯᠭ᠎ᠠ ᠡᠳᠦᠷ ᠢᠷᠡᠬᠦᠶ᠎ᠡ ᠬᠤᠪᠢᠷᠠᠯᠲᠠ ᠭᠠᠷᠴᠤ᠂ ᠨᠡᠶ᠋ᠢᠭᠡᠮ᠎ᠤᠨ ᠵᠥᠷᠢᠴᠡᠯ ᠠᠶᠤᠯ ᠲᠦᠭᠰᠢᠭᠦᠷᠢ ᠬᠤᠷᠠᠮᠳᠤᠵᠤ ᠪᠠᠶ᠋ᠢᠨ᠎ᠠ᠃  ᠮᠠᠨ᠎ᠤ ᠤᠯᠤᠰ᠎ᠤᠨ ᠨᠡᠶ᠋ᠢᠭᠡᠮ᠎ᠤᠨ ᠭᠤᠣᠯ ᠵᠥᠷᠢᠴᠡᠯ᠎ᠢ ᠤᠯᠠᠷᠢᠭᠤᠯᠬᠤ᠎ᠨᠢ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠡᠳᠦᠷ ᠢᠷᠡᠬᠦᠶ᠎ᠡ ᠥᠷᠭᠡᠨ ᠳᠡᠯᠭᠡᠷ ᠪᠣᠯᠵᠤ᠂ ᠪᠣᠳᠠᠰ᠎ᠤᠨ ᠪᠠ ᠰᠣᠶᠣᠯ᠎ᠤᠨ ᠠᠮᠢᠳᠤᠷᠠᠯ᠎ᠳᠤ ᠨᠡᠩ ᠥᠨᠳᠥᠷ ᠱᠠᠭ᠋ᠠᠷᠳᠠᠯᠭ᠎ᠠ ᠲᠠᠯᠪᠢᠭᠰᠠᠨ ᠵᠶ᠋ᠠᠷ ᠪᠠᠷᠠᠬᠤ ᠦᠭᠡᠢ᠂ ᠪᠠᠰᠠ ᠠᠷᠠᠳᠴᠢᠯᠠᠯ᠂ ᠬᠠᠥᠯᠢ᠎ᠪᠠᠷ ᠵᠠᠰᠠᠬᠤ᠂ ᠲᠥᠪ ᠭᠤᠣᠯᠴᠢ᠂ ᠰᠢᠳᠤᠷᠭᠤ ᠶᠣᠰᠣ᠂ ᠠᠮᠤᠷ ᠲᠦᠪᠰᠢᠨ᠂ ᠣᠷᠴᠢᠨ ᠲᠣᠭᠤᠷᠢᠨ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ᠂ ᠪᠠᠶ᠋ᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠡᠷᠬᠡ᠎ᠪᠠᠨ ᠢᠯᠡᠳᠬᠡᠬᠦ᠂ ᠨᠡᠶ᠋ᠢᠭᠡᠮ᠎ᠤᠨ ᠵᠠᠰᠠᠯᠲᠠ᠎ᠳᠤ ᠣᠷᠣᠯᠴᠠᠬᠤ ᠬᠦᠰᠡᠯ ᠡᠷᠡᠮᠡᠯᠵᠡᠯ ᠵᠶ᠋ᠠᠷ ᠴᠢᠩᠭ᠎ᠠ ᠪᠠᠶ᠋ᠢᠨ᠎ᠠ᠃  ᠬᠤᠳᠠ ᠬᠥᠳᠡᠭᠡ ᠵᠢᠨ ᠪᠦᠲᠦᠴᠡ᠎ᠳᠤ ᠭᠦᠨᠵᠡᠭᠡᠢ ᠬᠤᠪᠢᠷᠠᠯᠲᠠ ᠭᠠᠷᠴᠤ᠂ ᠬᠤᠳᠠ ᠪᠠᠯᠭ᠋ᠠᠰᠤᠵᠢᠯᠳᠠ ᠵᠢᠨ ᠠᠬᠢᠴᠠ ᠵᠢ ᠲᠦᠷᠭᠡᠨ ᠠᠬᠢᠭᠤᠯᠵᠤ᠂ ᠬᠤᠳᠠ ᠵᠢᠨ ᠬᠡᠪᠴᠢᠶ᠎ᠡ ᠵᠢᠨ ᠲᠦᠷᠭᠡᠨ ᠥᠷᠭᠡᠳᠬᠡᠯ᠎ᠨᠢ ᠬᠤᠳᠠ ᠵᠢᠨ ᠵᠠᠰᠠᠯᠲᠠ ᠵᠢᠨ ᠳᠠᠷᠤᠭ᠋ᠠᠰᠤ ᠵᠢ ᠬᠦᠨᠳᠦᠷᠡᠭᠦᠯᠵᠦ᠂ ᠬᠥᠳᠡᠭᠡ ᠲᠣᠰᠬᠤᠨ᠎ᠤ ᠬᠡᠰᠡᠭ ᠲᠠᠯ᠎ᠠ ᠵᠢᠨ 《ᠬᠦᠨᠳᠡᠶ᠋ᠢᠷᠡᠭᠰᠡᠨ》᠎ᠨᠢ ᠬᠥᠳᠡᠭᠡ ᠲᠣᠰᠬᠤᠨ᠎ᠢ ᠵᠠᠰᠠᠬᠤ ᠬᠦᠴᠢᠷᠳᠡᠯ᠎ᠢ ᠨᠡᠮᠡᠭᠳᠡᠭᠦᠯᠵᠦ᠂ ᠰᠢᠨ᠎ᠡ ᠨᠡᠶ᠋ᠢᠭᠡᠮ᠎ᠤᠨ ᠬᠠᠮᠲᠤᠯᠢᠭ ᠴᠣᠯᠭᠤᠷᠠᠨ ᠭᠠᠷᠴᠤ᠂ ᠢᠨᠲ᠋ᠧᠷ ᠰᠦᠯᠵᠢᠶ᠎ᠡ ᠪᠣᠯᠤᠨ ᠰᠢᠨ᠎ᠡ ᠮᠡᠷᠭᠡᠵᠢᠯ᠎ᠢ ᠲᠦᠭᠡᠮᠡᠯᠵᠢᠭᠦᠯᠦᠨ ᠬᠡᠷᠡᠭᠯᠡᠬᠦ ᠵᠢ ᠲᠦᠷᠭᠡᠨ ᠬᠥᠭᠵᠢᠭᠦᠯᠵᠦ᠂ ᠨᠡᠶ᠋ᠢᠭᠡᠮ᠎ᠤᠨ ᠵᠠᠰᠠᠯᠲᠠ᠎ᠳᠤ ᠰᠢᠨ᠎ᠡ ᠥᠷᠢᠰᠥᠯᠳᠦᠭᠡᠨ᠎ᠢ ᠠᠪᠴᠢᠷᠠᠭᠰᠠᠨ ᠪᠠᠶ᠋ᠢᠨ᠎ᠠ᠃

   ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠪᠦᠷᠢᠨᠰᠢᠬᠦᠯᠬᠦ ᠪᠣᠯ ᠤᠯᠤᠰ᠎ᠤᠨ ᠵᠠᠰᠠᠯᠲᠠ ᠵᠢᠨ ᠰᠢᠰᠲ᠋ᠧᠮ ᠢᠯᠠᠩᠭᠤᠶ᠎ᠠ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠣᠯᠤᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠰᠠᠭᠤᠷᠢ ᠴᠢᠨᠠᠷᠲᠠᠢ ᠠᠵᠢᠯ ᠪᠣᠯᠤᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠡᠦᠬᠡᠨ ᠠᠬᠢᠴᠠ᠎ᠳᠤ ᠰᠠᠭᠤᠷᠢᠯᠠᠵᠤ᠂ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠳᠡᠭᠡᠭᠰᠢᠯᠡᠭᠦᠯᠵᠦ᠂ ᠨᠠᠮ᠎ᠠᠴᠠ ᠨᠡᠶ᠋ᠢᠭᠡᠮ᠎ᠤᠨ ᠵᠠᠰᠠᠯᠲᠠ ᠵᠢ ᠬᠠᠮᠢᠶᠠᠷᠬᠤ ᠵᠢ ᠪᠠᠷᠢᠮᠲᠠᠯᠠᠵᠤ᠂ ᠨᠡᠶ᠋ᠢᠭᠡᠮ᠎ᠤᠨ ᠵᠠᠰᠠᠯᠲᠠ ᠵᠢ ᠠᠷᠠᠳ ᠲᠦᠮᠡᠨ᠎ᠤ ᠲᠥᠯᠥᠭᠡ ᠪᠠᠶ᠋ᠢᠬᠤ᠂ ᠨᠡᠶ᠋ᠢᠭᠡᠮ᠎ᠤᠨ ᠵᠠᠰᠠᠯᠲᠠ ᠵᠢ ᠠᠷᠠᠳ ᠲᠦᠮᠡᠨ᠎ᠳᠤ ᠲᠦᠰᠢᠭᠯᠡᠬᠦ ᠵᠢ ᠪᠠᠷᠢᠮᠲᠠᠯᠠᠵᠤ᠂ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠦᠨ ᠪᠦᠬᠦᠨ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠬᠡᠷᠡᠭᠲᠡᠢ᠃

   ᠬᠥᠭᠵᠢᠯᠲᠡ ᠵᠢᠨ ᠴᠢᠭᠯᠡᠯ ᠳᠡᠭᠡᠷ᠎ᠡ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠨᠳᠦᠰᠦᠨ ᠪᠠᠶ᠋ᠢᠭᠤᠯᠤᠯ᠂ ᠦᠨᠳᠦᠰᠦᠨ ᠪᠠᠶ᠋ᠢᠭᠤᠯᠤᠯ ᠪᠣᠯᠤᠨ ᠴᠢᠬᠤᠯᠠ ᠪᠠᠶ᠋ᠢᠭᠤᠯᠤᠯ᠎ᠤᠨ ᠳᠠᠪᠠᠭᠤᠯᠢᠭ᠎ᠢ ᠨᠡᠶ᠋ᠢᠭᠡᠮ᠎ᠤᠨ ᠵᠠᠰᠠᠯᠲᠠ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠨᠡᠶ᠋ᠢᠭᠡᠮ᠎ᠤᠨ ᠵᠠᠰᠠᠯᠲᠠ ᠵᠢᠨ ᠦᠭᠡ ᠬᠡᠯᠡᠨ᠎ᠤ ᠲᠤᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠤᠨ᠎ᠠ᠃

   ᠤᠳᠤᠷᠢᠳᠬᠤ ᠬᠦᠴᠦᠨ᠎ᠤ ᠲᠠᠯ᠎ᠠ᠎ᠪᠠᠷ᠂ ᠨᠡᠶ᠋ᠢᠭᠡᠮ᠎ᠤᠨ ᠵᠠᠰᠠᠯᠲᠠ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢᠨ ᠪᠠᠶ᠋ᠢᠭᠤᠯᠤᠮᠵᠢ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠤᠳᠠ ᠬᠥᠳᠡᠭᠡ ᠵᠢᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠬᠦᠯᠵᠤ᠂ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠦᠳᠦᠯᠦᠨ ᠳᠠᠭ᠋ᠠᠭᠤᠯᠬᠤ ᠵᠢ ᠴᠢᠩᠭ᠋ᠠᠳᠬᠠᠵᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠲᠦᠷᠢᠮ᠎ᠢ ᠲᠡᠭᠦᠯᠳᠡᠷᠵᠢᠭᠦᠯᠦᠨ᠎ᠡ᠃

   ᠠᠭᠤᠯᠭ᠎ᠠ ᠵᠢᠨ ᠲᠠᠯ᠎ᠠ᠎ᠪᠠᠷ᠂ ᠠᠷᠠᠳ᠎ᠲᠤ ᠠᠰᠢᠭ ᠬᠦᠷᠲᠡᠭᠡᠬᠦ᠂ ᠠᠷᠠᠳ᠎ᠤᠨ ᠲᠥᠯᠥᠭᠡ ᠠᠵᠢᠯ ᠶᠠᠪᠤᠳᠠᠯ ᠭᠦᠢ᠍ᠴᠡᠳᠬᠡᠬᠦ᠂ ᠠᠷᠠᠳ᠎ᠤᠨ ᠵᠣᠪᠠᠨᠢᠯ᠎ᠢ ᠠᠷᠢᠯᠭ᠋ᠠᠬᠤ ᠵᠢ ᠪᠠᠷᠢᠮᠲᠠᠯᠠᠨ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠥᠯᠢ᠎ᠪᠠᠷ ᠵᠠᠰᠠᠬᠤ ᠵᠢ ᠠᠬᠢᠭᠤᠯᠵᠤ᠂ ᠬᠤᠲᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠬᠤᠲᠠ ᠵᠢᠨ ᠠᠷᠠᠳ᠎ᠤᠨ ᠬᠠᠯᠠᠮᠰᠢᠯ ᠤᠲᠠᠰᠤ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠴᠢᠩᠭ᠋ᠠᠳᠬᠠᠵᠤ᠂ ᠪᠥᠬᠦ ᠤᠯᠤᠰ᠎ᠤᠨ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠵᠤ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ》 ᠭᠤᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠪᠠ ᠪᠠᠶ᠋ᠢᠩᠭᠤᠵᠢᠭᠤᠯᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃  ᠨᠡᠶ᠋ᠢᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠰᠢᠰᠲ᠋ᠧᠮ ᠪᠠ ᠬᠢᠮᠤᠷᠠᠯ᠎ᠢ ᠬᠠᠮᠢᠶᠠᠷᠬᠤ ᠲᠣᠭᠲᠠᠴᠠ ᠵᠢ ᠪᠦᠷᠢᠨᠰᠢᠭᠦᠯᠦᠨ᠎ᠡ᠃ ᠭᠡᠷ ᠪᠦᠯᠢ ᠵᠢᠨ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ᠎ᠳᠠᠬᠢ ᠦᠢ᠍ᠯᠡᠳᠦᠯ᠎ᠢ ᠪᠠᠳᠠᠷᠠᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃ ᠨᠡᠶ᠋ᠢᠭᠡᠮ᠎ᠤᠨ ᠠᠮᠤᠷ ᠲᠦᠪᠰᠢᠨ᠎ᠤ ᠪᠦᠬᠦᠯᠢ ᠴᠣᠭᠴᠠ ᠵᠢᠨ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠪᠠᠶ᠋ᠢᠩᠭᠤᠵᠢᠭᠰᠠᠨ ᠲᠣᠭᠲᠠᠴᠠ ᠵᠢ ᠲᠡᠭᠦᠯᠳᠡᠷᠵᠢᠭᠦᠯᠵᠦ᠂ ᠤᠯᠠᠨ ᠲᠦᠮᠡᠨ᠎ᠤ ᠲᠤᠰᠬᠠᠯ ᠴᠢᠩᠭ᠎ᠠ ᠪᠠᠶ᠋ᠢᠭ᠎ᠠ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ᠎ᠡ᠃

   ᠣᠷᠣᠯᠴᠠᠬᠤ ᠭᠤᠣᠯ ᠴᠣᠭᠴᠠ ᠵᠢᠨ ᠲᠠᠯ᠎ᠠ᠎ᠪᠠᠷ᠂ ᠡᠯ᠎ᠡ ᠲᠠᠯ᠎ᠠ ᠵᠢᠨ ᠬᠦᠴᠦᠨ᠎ᠤ ᠡᠭᠦᠷᠭᠡ ᠬᠠᠷᠢᠭᠤᠴᠠᠯᠭ᠎ᠠ ᠪᠠ ᠡᠷᠬᠡ ᠬᠠᠷᠢᠭᠤᠴᠠᠯᠭ᠎ᠠ ᠵᠢᠨ ᠬᠠᠷᠢᠴᠠᠭ᠎ᠠ ᠵᠢ ᠲᠣᠳᠣᠷᠬᠠᠶ᠋ᠢᠯᠠᠨ᠎ᠠ᠃ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠡᠭᠦᠷᠭᠡ ᠬᠠᠷᠢᠭᠤᠴᠠᠯᠭ᠎ᠠ ᠪᠣᠯᠣᠨ ᠡᠷᠬᠡ᠂ ᠡᠬᠢ ᠪᠠᠶᠠᠯᠢᠭ᠎ᠢ ᠬᠠᠷᠢᠯᠴᠠᠨ ᠵᠣᠬᠢᠴᠠᠭᠤᠯᠬᠤ ᠳᠦᠷᠢᠮ᠎ᠢ ᠪᠦᠷᠢᠨᠰᠢᠭᠦᠯᠵᠦ᠂ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠦᠢ᠍ᠯᠡᠴᠢᠯᠡᠭᠡ ᠬᠠᠮᠢᠶᠠᠷᠤᠯᠲᠠ ᠵᠢᠨ ᠬᠦᠴᠦᠨ᠎ᠢ ᠴᠢᠩᠭ᠋ᠠᠳᠬᠠᠬᠤ ᠬᠡᠷᠡᠭᠲᠡᠢ᠃ ᠨᠡᠶ᠋ᠢᠭᠡᠮ᠎ᠤᠨ ᠠᠵᠢᠯ᠎ᠤᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠨᠡᠶ᠋ᠢᠭᠡᠮ᠎ᠤᠨ ᠠᠵᠢᠯᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠦᠢ᠍ᠯᠡᠴᠢᠯᠡᠬᠡᠨ᠎ᠤ ᠠᠷᠠᠯᠵᠢᠶᠠᠨ᠎ᠤ ᠵᠤᠷᠭ᠋ᠠᠨ᠎ᠤ ᠬᠠᠷᠢᠭᠤᠴᠠᠯᠭ᠋ᠠᠲᠠᠨ 《ᠢᠳᠡᠭᠡᠨ ᠤᠮᠳᠠᠭ᠋ᠠᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠳᠤ ᠲᠠᠢ᠌ᠯᠤᠮᠵᠢ ᠬᠢᠪᠡ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠨᠢᠭᠡ)
ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠳᠤ ᠲᠠᠢ᠌ᠯᠤᠮᠵᠢ ᠬᠢᠪᠡ
 
            