ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠷᠤᠯᠭ᠎ᠠ᠎ᠲᠠᠢ ᠬᠦᠮᠦᠰ᠎ᠤᠨ ᠤᠷᠤᠯᠭ᠎ᠠ ᠵᠢ ᠪᠦᠳᠦᠮᠵᠢᠲᠠᠢ᠎ᠪᠠᠷ ᠨᠡᠮᠡᠭᠳᠡᠭᠦᠯᠬᠦ᠂ ᠳᠤᠮᠳᠠ ᠵᠡᠷᠭᠡ ᠵᠢᠨ ᠤᠷᠤᠯᠭ᠎ᠠ᠎ᠲᠠᠢ ᠬᠦᠮᠦᠰ᠎ᠤᠨ ᠬᠡᠪᠴᠢᠶ᠎ᠡ ᠵᠢ ᠳᠤᠭᠳᠠᠭᠤᠨ ᠦᠷᠭᠡᠳᠭᠡᠬᠦ᠂ ᠬᠡᠳᠦ ᠦᠨᠳᠦᠷ ᠤᠷᠤᠯᠭ᠎ᠠ ᠵᠢ ᠵᠦᠢ ᠵᠤᠬᠢᠰᠲᠠᠢ ᠳᠤᠬᠢᠷᠠᠭᠤᠯᠬᠤ ᠳᠦᠷᠢᠮ᠎ᠤᠨ ᠰᠢᠰᠲ᠋ᠧᠮ᠎ᠢ ᠶᠠᠭ᠋ᠠᠬᠢᠵᠤ ᠤᠶ᠋ᠢᠯᠠᠭ᠋ᠠᠬᠤ ᠪᠤᠢ?
ᠨᠡᠶ᠋ᠢᠲᠡᠯᠡᠭᠰᠡᠨ ᠴᠠᠭ᠄ 2024-10-21

   ᠰᠢᠨᠬᠤᠸᠠ ᠬᠣᠷᠢᠶᠠᠨ᠎ᠤ ᠪᠠᠭᠡᠵᠢᠩ᠎ᠤᠨ 10 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠴᠠᠭᠢᠯᠭ᠋ᠠᠨ ᠮᠡᠳᠡᠭᠡ   ᠣᠢ᠍ᠭᠡᠷᠠᠴᠢᠯᠠᠯᠲᠠ ᠵᠢ ᠣᠯᠠᠮ ᠨᠢᠭᠡ ᠠᠯᠬᠣᠮ ᠪᠤᠢ᠍ᠭᠦ ᠲᠠᠯ᠎ᠠ᠎ᠪᠠᠷ ᠭᠦᠨᠵᠡᠭᠡᠢ᠌ᠷᠡᠭᠦᠯᠦᠨ᠂ ᠳᠣᠮᠲᠠᠲᠤ ᠤᠯᠤᠰ᠎ᠤᠨ ᠮᠠᠶᠢᠭ᠎ᠤᠨ ᠣᠲᠣᠭᠢᠴᠢᠯᠠᠯᠲᠠ ᠵᠢ ᠠᠭᠢᠭᠣᠯᠬᠤ ᠳᠣᠬᠠᠢ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠳᠣᠢ᠍ᠪ ᠬᠣᠷᠢᠶᠠᠨ᠎ᠤ ᠳᠣᠬᠲᠠᠭ᠋ᠠᠯ᠎ᠳᠤ ᠵᠢᠭ᠋ᠠᠵᠤ ᠭᠠᠷᠭ᠋ᠠᠬᠰᠠᠨ ᠣᠷᠣᠯᠭ᠎ᠠ ᠪᠠᠭ᠎ᠠ ᠬᠦᠮᠦᠰ᠎ᠤᠨ ᠣᠷᠣᠯᠭ᠎ᠠ ᠵᠢ ᠪᠤᠢ᠍ᠲᠣᠮᠵᠢᠲᠠᠢ᠎ᠪᠠᠷ ᠨᠡᠮᠡᠭᠳᠡᠭᠦᠯᠵᠦ᠂ ᠳᠣᠮᠲᠠ ᠵᠠᠷᠭᠡ ᠵᠢᠨ ᠣᠷᠣᠯᠭ᠎ᠠ᠎ᠲᠠᠢ ᠬᠦᠢ᠍ᠮᠣᠰ᠎ᠤᠨ ᠬᠡᠪᠴᠢᠶ᠎ᠡ ᠵᠢ ᠳᠣᠬᠲᠠᠭᠣᠠ ᠵᠶ᠋ᠠᠷ ᠦᠷᠭᠡᠳᠭᠡᠵᠦ᠂ ᠬᠡᠲᠤ ᠣᠢ᠍ᠠᠲᠣᠷ ᠣᠷᠣᠯᠭ᠎ᠠ ᠵᠢ ᠵᠣᠢ᠍ᠢ ᠵᠣᠭᠢᠰᠲᠠᠢ᠎ᠪᠠᠷ ᠵᠣᠭᠢᠴᠠᠭᠣᠯᠬᠤ᠎ᠨᠢ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠡᠮᠬᠢ ᠳᠢᠭᠯᠢᠮ᠎ᠢ ᠵᠢᠷᠤᠮᠵᠢᠭᠤᠯᠵᠤ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠵᠢ ᠵᠢᠷᠤᠮᠵᠢᠭᠤᠯᠤᠨ᠂ ᠪᠦᠬᠦ ᠠᠷᠠᠳ ᠲᠦᠮᠡᠨ᠎ᠤ ᠬᠠᠮᠲᠤ ᠵᠢᠨ ᠴᠢᠨᠡᠭᠡᠯᠢᠭᠵᠢᠯ᠎ᠤᠨ ᠨᠡᠩ ᠢᠯᠡᠷᠬᠡᠶ ᠪᠣᠳᠠᠲᠤ ᠠᠬᠢᠴᠠ᠎ᠲᠠᠢ ᠪᠣᠯᠬᠤ ᠵᠢ ᠲᠦᠯᠬᠢᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠳᠤᠤᠷᠠᠬᠢ ᠭᠤᠷᠪᠠᠨ ᠲᠠᠯ᠎ᠠ᠎ᠪᠠᠷ ᠤᠢ᠌ᠯᠠᠭ᠋ᠠᠵᠤ ᠪᠤᠯᠤᠨ᠎ᠠ᠃

    ᠨᠢᠭᠡᠳᠦᠭᠡᠷ᠎ᠲᠤ᠂ ᠰᠢᠨ᠎ᠡ ᠴᠠᠭ ᠦᠶ᠎ᠡ᠎ᠳᠤ ᠪᠢᠳᠡ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢ ᠪᠣᠳᠣᠯᠬᠢᠯᠠᠵᠤ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠲᠦᠷᠢᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠡᠮᠬᠢ ᠳᠢᠭᠯᠢᠮ᠎ᠢ ᠵᠢᠷᠤᠮᠵᠢᠭᠤᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠮᠠᠨ᠎ᠤ ᠤᠯᠤᠰ᠎ᠤᠨ ᠬᠥᠭᠵᠢᠯᠲᠡ ᠵᠢᠨ ᠱᠠᠲᠤᠨ᠎ᠤ ᠰᠢᠨ᠎ᠡ ᠬᠤᠪᠢᠷᠠᠯᠲᠠ ᠵᠢ ᠣᠨᠣᠪᠴᠢᠲᠠᠢ ᠡᠵᠡᠮᠳᠡᠵᠦ᠂ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠨᠡᠩ ᠴᠢᠬᠤᠯᠠ ᠪᠠᠶ᠋ᠢᠷᠢᠨ᠎ᠳᠤ ᠲᠠᠯᠪᠢᠵᠤ᠂ ᠨᠡᠩ ᠰᠠᠶ᠋ᠢᠨ ᠵᠶ᠋ᠠᠷ ᠨᠢᠭᠡᠳᠦᠯᠲᠡᠢ ᠲᠥᠯᠥᠪᠵᠢᠭᠦᠯᠵᠦ᠂ ᠦᠷ᠎ᠡ ᠪᠦᠲᠦᠮᠵᠢ ᠪᠠ ᠲᠥᠪ ᠭᠤᠣᠯᠴᠢ ᠪᠠᠶ᠋ᠢᠬᠤ ᠵᠢ ᠨᠡᠩ ᠰᠠᠶ᠋ᠢᠲᠤᠷ ᠲᠥᠯᠥᠪᠵᠢᠭᠦᠯᠵᠦ᠂ ᠠᠵᠢᠯᠴᠢ ᠬᠥᠳᠡᠯᠮᠦᠷᠢᠴᠢ᠎ᠪᠠᠷ ᠪᠠᠶᠠᠵᠢᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ ᠵᠢ ᠵᠣᠷᠢᠭᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠤᠪᠢᠶᠠᠷᠢᠯᠠᠯᠲᠠ ᠵᠢᠨ ᠲᠦᠷᠢᠮ᠎ᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠪᠢᠶᠠᠷᠢᠯᠠᠯᠲᠠ ᠵᠢᠨ ᠪᠦᠲᠦᠴᠡ ᠵᠢ  ᠰᠢᠯᠢᠳᠡᠭᠵᠢᠭᠦᠯᠵᠦ᠂ ᠳᠤᠮᠳᠠ ᠵᠡᠷᠭᠡ ᠵᠢᠨ ᠣᠷᠣᠯᠭ᠎ᠠ᠎ᠲᠠᠢ ᠬᠠᠮᠲᠤᠯᠢᠭ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠥᠷᠭᠡᠳᠬᠡᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠳ᠋ ᠬᠦᠷᠦᠩᠭᠡ ᠵᠢᠨ ᠴᠢᠨᠠᠷᠲᠠᠢ ᠣᠷᠣᠯᠭ᠎ᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠵᠦ᠂ ᠬᠦᠴᠦᠨ ᠵᠦᠢ᠍ᠯ ᠵᠶ᠋ᠠᠷ ᠬᠤᠪᠢᠶᠠᠷᠢᠯᠠᠬᠤ ᠲᠦᠷᠦ ᠵᠢᠨ ᠪᠤᠳᠤᠯᠭ᠎ᠠ ᠵᠢᠨ ᠲᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠶ᠋ᠢᠯᠢ ᠲᠠᠲᠠᠪᠤᠷᠢ᠂ ᠨᠡᠶ᠋ᠢᠭᠡᠮ᠎ᠤᠨ ᠪᠠᠲᠤᠯᠠᠭ᠎ᠠ᠂ ᠰᠢᠯᠵᠢᠭᠦᠯᠦᠨ ᠥᠭᠬᠦ ᠵᠡᠷᠭᠡ ᠲᠠᠬᠢᠨ ᠬᠤᠪᠢᠶᠠᠷᠢᠯᠠᠯᠲᠠ ᠵᠢ ᠲᠤᠬᠢᠷᠠᠭᠤᠯᠬᠤ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠦᠢ᠍ᠯᠡᠰ᠎ᠢ ᠳᠡᠮᠵᠢᠨ ᠬᠥᠭᠵᠢᠭᠦᠯᠵᠦ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠵᠢ ᠠᠯᠬᠤᠮ ᠠᠯᠬᠤᠮ ᠵᠶ᠋ᠠᠷ ᠵᠢᠷᠤᠮᠵᠢᠭᠤᠯᠵᠤ᠂ ᠠᠩᠬ᠎ᠠ ᠤᠳᠠᠭ᠎ᠠ ᠬᠤᠪᠢᠶᠠᠷᠢᠯᠠᠬᠤ᠂ ᠲᠠᠬᠢᠨ ᠬᠤᠪᠢᠶᠠᠷᠢᠯᠠᠬᠤ᠂ ᠭᠤᠷᠪᠠᠳᠤᠭ᠋ᠠᠷ ᠤᠳᠠᠭ᠎ᠠ ᠵᠢᠨ ᠬᠤᠪᠢᠶᠠᠷᠢᠯᠠᠯᠲᠠ ᠵᠢ ᠵᠣᠬᠢᠴᠠᠭᠤᠯᠤᠨ ᠢᠵᠢ ᠪᠦᠷᠢᠳᠦᠭᠦᠯᠬᠦ ᠲᠦᠷᠢᠮ᠎ᠤᠨ ᠰᠢᠰᠲ᠋ᠧᠮ᠎ᠢ ᠠᠩᠬ᠎ᠠ ᠠᠯᠬᠤᠮ  ᠪᠠᠶ᠋ᠢᠭᠤᠯᠪᠠ᠃ ᠡᠳᠡᠭᠡᠷ᠎ᠨᠢ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠪᠦᠲᠦᠮᠵᠢᠲᠡᠶ ᠠᠷᠭ᠎ᠠ ᠬᠡᠮᠵᠢᠶ᠎ᠡ᠎ᠨᠢ ᠴᠢᠨᠠᠷ ᠰᠠᠶ᠋ᠢᠲᠠᠶ ᠬᠥᠭᠵᠢᠯᠲᠡ᠎ᠳᠤ ᠬᠥᠳᠡᠯᠭᠡᠬᠦ ᠬᠦᠴᠦᠨ᠎ᠤ ᠡᠬᠢ ᠰᠤᠷᠪᠤᠯᠵᠢ ᠨᠡᠮᠡᠷᠢᠯᠡᠭᠰᠡᠨ ᠪᠥᠭᠡᠳ ᠪᠠᠰᠠ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃

   ᠬᠤᠶᠠᠳᠤᠭ᠋ᠠᠷ᠎ᠲᠤ᠂ ᠣᠳᠣᠬᠠᠨ᠎ᠳᠤ ᠮᠠᠨ᠎ᠤ ᠤᠯᠤᠰ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠪᠠᠶ᠋ᠢᠷᠢᠰᠢᠯ᠎ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶ᠋ᠢᠨ᠎ᠠ᠃ ᠳᠣᠲᠤᠭ᠋ᠠᠳᠤ ᠭᠠᠳᠠᠭ᠋ᠠᠳᠤ ᠣᠷᠴᠢᠨ᠎ᠤ ᠭᠦᠨᠵᠡᠭᠡᠢ ᠬᠣᠪᠢᠷᠠᠯᠲᠠ ᠵᠢ ᠳᠠᠭ᠋ᠠᠯᠳᠤᠨ᠂ ᠮᠠᠨ᠎ᠤ ᠤᠯᠤᠰ᠎ᠤᠨ ᠣᠷᠤᠯᠭ᠎ᠠ ᠵᠢᠨ ᠬᠣᠪᠢᠶᠠᠷᠢᠯᠠᠯᠲᠠ ᠵᠢᠨ ᠬᠦᠷᠢᠶᠡᠨ᠎ᠳᠤ ᠲᠤᠯᠭ᠋ᠠᠷᠠᠵᠤ ᠪᠠᠶ᠋ᠢᠭ᠎ᠠ ᠭᠦᠨ ᠳᠡᠰ ᠳᠠᠪᠬᠤᠷᠭ᠎ᠠ ᠵᠢᠨ ᠵᠦᠷᠢᠴᠡᠯ ᠪᠣᠯᠤᠨ ᠠᠰᠠᠭᠤᠳᠠᠯ ᠪᠠᠰᠠ ᠴᠥᠬᠡᠨ ᠪᠣᠰᠤ ᠪᠠᠶ᠋ᠢᠨ᠎ᠠ᠃ ᠨᠢᠭᠡ᠎ᠳᠤ᠂ ᠤᠯᠤᠰ ᠠᠷᠠᠳ᠎ᠤᠨ ᠣᠷᠣᠯᠭ᠎ᠠ ᠵᠢᠨ ᠬᠤᠪᠢᠶᠠᠷᠢᠯᠠᠯᠲᠠ᠎ᠳᠠᠬᠢ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠤᠪᠢ ᠵᠢᠨ ᠵᠢᠩ᠂ ᠠᠩᠬᠠᠨ᠎ᠤ ᠬᠤᠪᠢᠶᠠᠷᠢᠯᠠᠯᠲᠠ᠎ᠳᠠᠬᠢ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠬᠤᠪᠢ ᠵᠢᠨ ᠵᠢᠩ᠎ᠨᠢ ᠮᠥᠨ ᠬᠦ᠌ ᠳᠣᠤᠷ᠎ᠠ ᠪᠠᠶ᠋ᠢᠭᠰᠠᠭ᠋ᠠᠷ᠃ ᠬᠤᠶᠠᠷ᠎ᠲᠤ᠂ ᠠᠳᠠᠯᠢ ᠪᠤᠰᠤ ᠥᠮᠴᠢᠯᠡᠯ᠂ ᠠᠵᠢᠯ ᠲᠥᠷᠥᠯ ᠪᠠ ᠬᠠᠮᠲᠤᠯᠢᠭ᠎ᠤᠨ ᠠᠵᠢᠯ ᠣᠯᠤᠭᠰᠠᠳ᠎ᠤᠨ ᠬᠤᠭᠤᠷᠣᠨᠳᠣ ᠪᠠᠰᠠ ᠵᠦᠢ ᠵᠣᠬᠢᠰ ᠦᠭᠡᠢ ᠣᠷᠣᠯᠭ᠎ᠠ ᠵᠢᠨ ᠵᠥᠷᠢᠶ᠎ᠡ ᠣᠷᠣᠰᠢᠵᠤ᠂ ᠲᠣᠭ᠋ᠠᠴᠢᠯᠠᠭᠰᠠᠨ ᠠᠵᠤ ᠠᠬᠤᠢ ᠵᠢᠨ ᠠᠪᠴᠢᠷᠠᠭᠰᠠᠨ ᠣᠷᠣᠯᠭ᠎ᠠ ᠵᠢᠨ ᠲᠦᠢ᠍ᠯᠰᠢᠷᠠᠯ᠎ᠤᠨ ᠬᠠᠨᠳᠤᠰᠢ ᠢᠯᠡᠷᠬᠡᠢ ᠪᠣᠯᠵᠤ᠂ ᠠᠩᠬᠠᠨ᠎ᠤ ᠬᠤᠪᠢᠶᠠᠷᠢᠯᠠᠯᠲᠠ ᠵᠢ ᠵᠠᠬ᠎ᠠ ᠳᠡᠯᠭᠡᠭᠦᠷᠴᠢᠯᠡᠬᠦ ᠲᠣᠭᠲᠠᠴᠠ ᠵᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠵᠢᠷᠤᠮᠵᠢᠭᠤᠯᠬᠤ ᠴᠢᠬᠤᠯᠠᠲᠠᠢ ᠪᠠᠶ᠋ᠢᠨ᠎ᠠ᠃ ᠭᠤᠷᠪᠠ᠎ᠳᠤ᠂ ᠰᠠᠭᠤᠭ᠋ᠠᠯᠢ ᠠᠷᠠᠳ᠎ᠤᠨ ᠣᠷᠣᠯᠭ᠎ᠠ ᠪᠠ ᠡᠳ᠋ ᠬᠥᠷᠥᠩᠭᠡ ᠵᠢᠨ ᠭᠧᠨᠢ ᠵᠢᠨ ᠢᠯᠡᠳᠬᠡᠮᠵᠢ ᠮᠥᠨ ᠬᠦ᠌ ᠥᠨᠳᠥᠷ ᠪᠠᠶ᠋ᠢᠷᠢᠨ᠎ᠳᠤ ᠪᠠᠶ᠋ᠢᠵᠤ᠂ ᠳᠠᠬᠢᠨ ᠬᠤᠪᠢᠶᠠᠷᠢᠯᠠᠬᠤ ᠳᠦᠷᠢᠮ᠎ᠤᠨ ᠣᠷᠣᠯᠭ᠎ᠠ ᠵᠢᠨ ᠵᠥᠷᠢᠶ᠎ᠡ ᠵᠢ ᠲᠣᠬᠢᠷᠠᠭᠤᠯᠬᠤ ᠦᠷ᠎ᠡ ᠪᠦᠲᠦᠮᠵᠢ᠎ᠨᠢ ᠴᠢᠩᠭ᠎ᠠ ᠪᠢᠰᠢ᠂ ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ᠎ᠨᠢ ᠬᠠᠮᠲᠤᠯᠢᠭ᠎ᠤᠨ ᠬᠣᠭᠣᠷᠣᠨᠳᠣᠬᠢ ᠬᠠᠷᠠᠭ᠋ᠠᠯᠵᠠᠯ᠎ᠤᠨ ᠡᠷᠬᠡ ᠲᠡᠭᠰᠢ    ᠴᠢᠨᠠᠷ᠂ ᠦᠷᠭᠦᠯᠵᠢᠯᠡᠬᠦ ᠴᠢᠨᠠᠷ ᠵᠡᠷᠭᠡ ᠲᠠᠯ᠎ᠠ᠎ᠪᠠᠷ ᠪᠠᠰᠠ ᠬᠦᠷᠦᠯᠴᠡᠬᠦ ᠦᠭᠡᠶ ᠲᠠᠯ᠎ᠠ ᠣᠷᠣᠰᠢᠵᠤ ᠪᠠᠶ᠋ᠢᠨ᠎ᠠ᠃ ᠲᠦᠷᠪᠡ᠎ᠳᠤ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠶ ᠵᠢᠨ ᠦᠢ᠍ᠯᠡᠰ᠎ᠤᠨ ᠬᠥᠭᠵᠢᠯᠲᠡ ᠵᠢᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠬᠦ ᠴᠢᠬᠤᠯᠠᠲᠠᠢ ᠪᠠᠶ᠋ᠢᠵᠤ᠂ ᠣᠷᠣᠯᠭ᠎ᠠ ᠵᠢᠨ ᠵᠥᠷᠢᠶ᠎ᠡ ᠵᠢ ᠲᠣᠬᠢᠷᠠᠭᠤᠯᠬᠤ ᠭᠤᠷᠪᠠᠳᠤᠭ᠋ᠠᠷ ᠤᠳᠠᠭ᠋ᠠᠨ᠎ᠤ ᠦᠢ᠍ᠯᠡᠳᠦᠯ ᠬᠢᠵᠠᠭ᠋ᠠᠷ᠎ᠲᠠᠢ ᠪᠠᠶ᠋ᠢᠨ᠎ᠠ᠃

   ᠭᠣᠷᠪᠠᠲᠣᠭ᠋ᠠᠷ᠎ᠲᠤ᠂ ᠳᠣᠮᠲᠠᠲᠤ ᠤᠯᠤᠰ᠎ᠤᠨ ᠣᠠᠴᠠᠯᠢᠭ ᠪᠤᠢ᠍ᠭᠦᠢ ᠨᠠᠢ᠍ᠢ᠍ᠭᠡᠮ ᠵᠢᠷᠣᠮ᠎ᠤᠨ ᠬᠣᠪᠢᠶᠠᠷᠢᠯᠠᠯᠲᠠ ᠵᠢᠨ ᠳᠣᠢ᠍ᠷᠢᠮ᠎ᠢ ᠳᠣᠢ᠍ᠷᠭᠡᠪᠴᠢᠯᠠᠨ ᠲᠠᠭᠦᠯᠲᠠᠷᠵᠢᠭᠦᠯᠭᠦ᠎ᠳᠤ᠂ ᠣᠷᠣᠯᠭ᠎ᠠ ᠪᠠᠭ᠎ᠠ ᠬᠦᠮᠦᠰ᠎ᠤᠨ ᠣᠷᠣᠯᠭ᠎ᠠ ᠵᠢ ᠪᠤᠢ᠍ᠲᠣᠮᠵᠢᠲᠠᠢ᠎ᠪᠠᠷ ᠨᠡᠮᠡᠭᠳᠡᠭᠦᠯᠬᠦ᠂ ᠳᠣᠮᠲᠠ ᠵᠠᠷᠭᠡ ᠵᠢᠨ ᠣᠷᠣᠯᠭ᠎ᠠ᠎ᠲᠠᠢ ᠬᠦᠮᠦᠰ᠎ᠤᠨ ᠬᠡᠪᠴᠢᠶ᠎ᠡ ᠵᠢ ᠳᠣᠬᠲᠠᠭᠣᠠ ᠵᠶ᠋ᠠᠷ ᠦᠷᠭᠡᠳᠭᠡᠬᠦ᠂ ᠬᠡᠲᠤ ᠣᠢ᠍ᠠᠲᠣᠷ ᠣᠷᠣᠯᠭ᠎ᠠ᠎ᠲᠠᠢ ᠬᠦᠮᠦᠰ᠎ᠤᠨ ᠳᠣᠢ᠍ᠷᠢᠮ᠎ᠤᠨ ᠰᠢᠰᠲ᠋ᠧᠮ᠎ᠢ ᠳᠣᠢ᠍ᠷᠭᠡᠪᠴᠢᠯᠠᠨ ᠪᠤᠢ ᠪᠤᠯᠭ᠋ᠠᠬᠤ ᠬᠡᠷᠡᠭᠲᠡᠢ ᠬᠡᠵᠠᠢ᠃ ᠬᠤᠪᠢᠶᠠᠷᠢᠯᠠᠯᠲᠠ ᠵᠢᠨ ᠳᠦᠷᠢᠮ ᠪᠣᠯ ᠬᠠᠮᠲᠤ᠎ᠪᠠᠷ ᠪᠠᠶᠠᠵᠢᠬᠤ ᠵᠢ ᠠᠬᠢᠭᠤᠯᠬᠤ ᠰᠠᠭᠤᠷᠢ ᠴᠢᠨᠠᠷᠲᠠᠶ ᠳᠦᠷᠢᠮ ᠪᠣᠯᠤᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠮᠠᠨ᠎ᠤ ᠤᠯᠤᠰ᠎ᠤᠨ ᠦᠢ᠍ᠯᠡᠳᠪᠦᠷᠢᠯᠡᠯ᠎ᠤᠨ ᠬᠦᠴᠦᠨ ᠪᠣᠯᠤᠨ ᠦᠢ᠍ᠯᠡᠳᠪᠦᠷᠢᠯᠡᠯ᠎ᠤᠨ ᠬᠠᠷᠢᠴᠠᠭ᠎ᠠ ᠵᠢᠨ ᠬᠥᠭᠵᠢᠯᠲᠡ ᠵᠢᠨ ᠪᠣᠳᠠᠲᠤ ᠪᠠᠶ᠋ᠢᠳᠠᠯ᠎ᠠᠴᠠ ᠡᠭᠦᠰᠴᠦ᠂ ᠥᠭᠡᠷᠡᠴᠢᠯᠡᠯᠲᠡ ᠵᠢᠨ ᠠᠷᠭ᠎ᠠ᠎ᠪᠠᠷ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠶ ᠠᠰᠢᠭ ᠲᠤᠰᠠ ᠵᠢᠨ ᠠᠰᠠᠭᠤᠳᠠᠯ᠎ᠳᠤ ᠬᠠᠷᠢᠭᠤᠯᠲᠠ ᠥᠭᠬᠦ ᠵᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ 《ᠪᠣᠭᠤᠷᠰᠤᠭ》᠎ᠢ ᠰᠠᠶ᠋ᠢᠲᠤᠷ ᠬᠢᠬᠦ ᠵᠢᠨ ᠬᠠᠮᠲᠤ 《ᠪᠣᠭᠤᠷᠰᠤᠭ》᠎ᠢ ᠤᠯᠠᠮ ᠨᠢᠭᠡ ᠠᠯᠬᠤᠮ ᠰᠠᠶ᠋ᠢᠲᠤᠷ ᠬᠤᠪᠢᠶᠠᠵᠤ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠲᠦᠷᠢᠮ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠶ᠃  ᠨᠢᠭᠡ᠎ᠳᠤ᠂ ᠠᠩᠬᠠᠨ᠎ᠤ ᠬᠤᠪᠢᠶᠠᠷᠢᠯᠠᠯᠲᠠ᠎ᠳᠠᠬᠢ ᠵᠠᠬ᠎ᠠ ᠳᠡᠯᠭᠡᠭᠦᠷᠴᠢᠯᠡᠯᠲᠡ ᠵᠢᠨ ᠲᠣᠭᠲᠠᠴᠠ ᠵᠢᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠴᠢᠬᠤᠯᠠ ᠬᠦᠴᠦᠨ ᠵᠦᠢ᠍ᠯ᠎ᠤᠨ ᠵᠠᠬ᠎ᠠ ᠳᠡᠯᠭᠡᠭᠦᠷ᠎ᠤᠨ ᠭᠠᠳᠠᠭᠤᠷᠴᠢᠯᠠᠬᠤ ᠴᠢᠨᠠᠷᠲᠠᠶ ᠬᠢᠳᠡᠯ᠂ ᠭᠠᠭᠴᠠᠭ᠋ᠠᠷ ᠡᠵᠡᠮᠰᠢᠬᠦ ᠦᠢ᠍ᠯᠡ ᠠᠵᠢᠯᠯᠠᠭ᠎ᠠ ᠵᠡᠷᠭᠡ ᠵᠢ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠤᠨ᠂ ᠠᠩᠬᠠᠨ᠎ᠤ ᠬᠤᠪᠢᠶᠠᠷᠢᠯᠠᠯᠲᠠ᠎ᠳᠠᠬᠢ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠬᠤᠪᠢ ᠵᠢᠨ ᠵᠢᠩ᠎ᠢ ᠳᠡᠭᠡᠭᠰᠢᠯᠡᠭᠦᠯᠦᠨ᠎ᠡ᠃ ᠬᠤᠶᠠᠷ᠎ᠲᠤ᠂ ᠭᠠᠶ᠋ᠢᠯᠢ ᠲᠠᠲᠠᠪᠤᠷᠢ᠂ ᠨᠡᠶ᠋ᠢᠭᠡᠮ᠎ᠤᠨ ᠪᠠᠲᠤᠯᠠᠭ᠎ᠠ ᠪᠠ ᠰᠢᠯᠵᠢᠭᠦᠯᠦᠨ ᠥᠭᠬᠦ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠲᠥᠷᠥᠯ᠂ ᠭᠠᠵᠠᠷ ᠣᠷᠣᠨ᠂ ᠬᠤᠲᠠ ᠬᠥᠳᠡᠭᠡ᠂ ᠬᠥᠮᠦᠰ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠵᠢ ᠵᠦᠶ ᠵᠣᠬᠢᠰᠲᠠᠶ ᠲᠣᠬᠢᠷᠠᠭᠤᠯᠤᠨ ᠪᠠᠭ᠋ᠠᠰᠬᠠᠵᠤ᠂ ᠰᠤᠷᠭ᠋ᠠᠨ ᠬᠥᠮᠦᠵᠢᠯ᠂ ᠡᠷᠡᠭᠦᠯ ᠮᠡᠨᠳᠦ ᠵᠡᠷᠭᠡ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠬᠥᠮᠦᠨ ᠠᠮᠠ᠎ᠪᠠᠷ ᠤᠳᠤᠷᠢᠳᠤᠮᠵᠢ ᠪᠣᠯᠭ᠋ᠠᠭᠰᠠᠨ ᠳᠠᠬᠢᠨ ᠬᠤᠪᠢᠶᠠᠷᠢᠯᠠᠬᠤ ᠲᠣᠭᠲᠠᠴᠠ ᠵᠢ ᠪᠠᠶ᠋ᠢᠭᠤᠯᠤᠨ᠎ᠠ᠃  ᠭᠤᠷᠪᠠ᠎ᠳᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠦᠢ᠍ᠯᠡᠰ ᠵᠡᠷᠭᠡ ᠭᠤᠷᠪᠠᠳᠤᠭ᠋ᠠᠷ ᠤᠳᠠᠭ᠋ᠠᠨ᠎ᠤ ᠬᠤᠪᠢᠶᠠᠷᠢᠯᠠᠯᠲᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠳᠣ ᠦᠶ᠎ᠡ ᠵᠢᠨ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢᠨ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠭᠤᠣᠯ ᠴᠣᠭᠴᠠ ᠵᠢᠨ ᠣᠷᠣᠯᠴᠠᠬᠤ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ᠎ᠢ ᠳᠡᠭᠡᠭᠰᠢᠯᠡᠭᠦᠯᠦᠨ᠎ᠡ᠃ ᠳᠥᠷᠪᠡ᠎ᠳᠤ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠵᠢ ᠵᠢᠷᠤᠮᠵᠢᠭᠤᠯᠵᠤ᠂ ᠡᠳ᠋ ᠬᠥᠷᠥᠩᠭᠡ ᠵᠢᠨ ᠨᠡᠮᠡᠭᠳᠡᠯ᠎ᠢ ᠥᠷᠭᠡᠳᠬᠡᠬᠦ ᠪᠠ ᠡᠳ᠋ ᠬᠥᠷᠥᠩᠭᠡ ᠵᠢᠨ ᠬᠠᠳᠠᠭ᠋ᠠᠯᠠᠯᠲᠠ ᠵᠢ ᠲᠣᠬᠢᠷᠠᠭᠤᠯᠬᠤ ᠵᠢ ᠬᠠᠷᠢᠯᠴᠠᠨ ᠤᠶᠠᠯᠳᠤᠭᠤᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠳ᠋ ᠬᠥᠷᠥᠩᠭᠡ ᠵᠢᠨ ᠴᠢᠨᠠᠷᠲᠠᠶ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠎ᠡ᠃  ᠬᠠᠤᠯᠢ ᠶᠣᠰᠣᠨ᠎ᠤ ᠣᠷᠣᠯᠭ᠎ᠠ ᠵᠢ ᠬᠠᠮᠠᠭ᠋ᠠᠯᠠᠵᠤ᠂ ᠥᠮᠴᠢᠯᠡᠬᠦ ᠡᠷᠬᠡ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠲᠤ ᠵᠥᠪᠰᠢᠶᠡᠷᠡᠨ    ᠣᠷᠣᠭᠤᠯᠬᠤ᠂ ᠭᠣᠤᠯᠴᠢ᠎ᠪᠠᠷ ᠥᠷᠢᠰᠥᠯᠳᠦᠬᠦ᠂ ᠨᠡᠶ᠋ᠢᠭᠡᠮ᠎ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠰᠠᠭᠤᠷᠢ ᠳᠦᠷᠢᠮ᠎ᠢ ᠲᠦᠷᠭᠡᠳᠬᠡᠨ ᠲᠡᠭᠦᠯᠳᠡᠷᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠥᠮᠴᠢᠯᠡᠬᠦ ᠡᠷᠬᠡ ᠪᠣᠯᠤᠨ ᠠᠵᠤ ᠠᠬᠤᠶ᠋ᠢᠯᠠᠯᠲᠠᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ ᠬᠡᠳᠦ ᠥᠨᠳᠥᠷ ᠣᠷᠣᠯᠭ᠎ᠠ ᠵᠢ ᠲᠣᠬᠢᠷᠠᠭᠤᠯᠵᠤ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠪᠠ ᠵᠦᠢ ᠶᠣᠰᠣᠨ᠎ᠤ ᠪᠤᠰᠤ ᠥᠷᠢᠰᠥᠯᠳᠦᠭᠡᠨ᠎ᠢ ᠡᠰᠡᠷᠭᠦᠴᠡᠬᠦ ᠵᠢ ᠴᠢᠩᠭ᠋ᠠᠳᠬᠠᠵᠤ᠂ ᠬᠥᠷᠥᠩᠭᠡ ᠵᠢᠨ ᠴᠢᠨᠠᠷᠲᠠᠶ ᠣᠯᠵᠠᠪᠤᠷᠢ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠵᠦᠢ ᠵᠣᠬᠢᠰ ᠦᠭᠡᠶ ᠣᠷᠣᠯᠭ᠎ᠠ ᠵᠢ ᠢᠯᠭ᠋ᠠᠷᠠᠭᠤᠯᠤᠨ ᠵᠢᠷᠤᠮᠵᠢᠭᠤᠯᠤᠨ᠎ᠠ; ᠬᠠᠤᠯᠢ ᠪᠤᠰᠤ ᠣᠷᠣᠯᠭ᠎ᠠ ᠵᠢ ᠦᠭᠡᠶ᠋ᠢᠰᠬᠡᠵᠦ᠂ ᠡᠷᠬᠡ ᠵᠢ ᠲᠥᠪᠯᠡᠷᠡᠭᠦᠯᠬᠦ᠂ ᠪᠡᠯᠡ ᠮᠥᠩᠭᠥ ᠨᠢᠭᠲᠠᠷᠠᠭᠤᠯᠬᠤ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ᠎ᠤ ᠠᠵᠢᠯ ᠲᠥᠷᠥᠯ᠎ᠤᠨ ᠡᠮᠬᠢ ᠳᠢᠭᠯᠢᠮ᠎ᠢ ᠬᠢᠨᠠᠨ ᠬᠠᠮᠢᠶᠠᠷᠴᠤ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠡᠷᠬᠡ ᠮᠥᠩᠭᠥ ᠵᠢᠨ ᠠᠷᠠᠯᠵᠢᠶ᠎ᠠ ᠵᠢ ᠡᠷᠡᠰ ᠬᠣᠷᠢᠭᠯᠠᠵᠤ᠂ ᠳᠠᠯᠳᠠᠭᠤᠷ ᠠᠷᠠᠯᠵᠢᠶᠠᠯᠠᠬᠤ᠂ ᠡᠳ᠋᠎ᠤᠨ ᠶᠠᠪᠤᠳᠠᠯ᠎ᠢ ᠬᠤᠳᠠᠯ ᠬᠠᠭᠤᠷᠮᠠᠭ ᠵᠶ᠋ᠠᠷ ᠵᠣᠬᠢᠶᠠᠬᠤ ᠵᠡᠷᠭᠡ ᠬᠠᠤᠯᠢ ᠪᠤᠰᠤ ᠣᠷᠣᠯᠭ᠎ᠠ ᠣᠯᠬᠤ ᠦᠢ᠍ᠯᠡ ᠠᠵᠢᠯᠯᠠᠭ᠎ᠠ᠎ᠳᠤ ᠴᠣᠬᠢᠯᠲᠠ ᠥᠭᠴᠦ᠂ ᠠᠩᠬᠠᠨ᠎ᠤ ᠬᠤᠪᠢᠶᠠᠷᠢᠯᠠᠯᠲᠠ᠂ ᠳᠠᠬᠢᠨ ᠬᠤᠪᠢᠶᠠᠷᠢᠯᠠᠯᠲᠠ ᠪᠠ ᠭᠤᠷᠪᠠᠳᠠᠬᠢ ᠤᠳᠠᠭ᠎ᠠ ᠵᠢᠨ ᠬᠤᠪᠢᠶᠠᠷᠢᠯᠠᠯᠲᠠ ᠵᠢᠨ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠥᠪᠥᠷᠢᠯᠡᠬᠦ᠂ ᠬᠠᠷᠢᠯᠴᠠᠨ ᠠᠬᠢᠭᠤᠯᠬᠤ ᠲᠣᠬᠢᠷᠠᠭᠤᠯᠬᠤ ᠲᠣᠭᠲᠠᠴᠠ ᠵᠢ ᠪᠣᠶ ᠪᠣᠯᠭ᠋ᠠᠬᠤ ᠬᠡᠷᠡᠭᠲᠡᠶ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠶᠠᠭᠤᠨ᠎ᠳᠤ ᠵᠣᠬᠢᠶᠠᠮᠠᠯ ᠤᠶᠤᠨᠴᠢ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠬᠤ ᠪᠤᠢ
ᠥᠭᠡᠷᠡᠴᠢᠯᠡᠯᠲᠡᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠳᠠᠯᠠᠬᠤ᠎ᠳᠤ ᠭᠣᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠣᠢ
ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠭᠤᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠤᠢ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠦᠢ᠍ᠯᠡᠴᠢᠯᠡᠬᠡᠨ᠎ᠤ ᠠᠷᠠᠯᠵᠢᠶᠠᠨ᠎ᠤ ᠵᠤᠷᠭ᠋ᠠᠨ᠎ᠤ ᠬᠠᠷᠢᠭᠤᠴᠠᠯᠭ᠋ᠠᠲᠠᠨ 《ᠢᠳᠡᠭᠡᠨ ᠤᠮᠳᠠᠭ᠋ᠠᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠳᠤ ᠲᠠᠢ᠌ᠯᠤᠮᠵᠢ ᠬᠢᠪᠡ
 
            