ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠬᠤᠶᠠᠳᠤᠭ᠋ᠠᠷ ᠪᠦᠯᠦᠭ)
ᠨᠡᠶ᠋ᠢᠲᠡᠯᠡᠭᠰᠡᠨ ᠴᠠᠭ᠄ 2024-05-11

   ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠥᠷᠢ ᠵᠢ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠠᠷᠠᠯᠵᠢᠶ᠎ᠠ ᠬᠢᠬᠦ ᠵᠢᠨ ᠲᠥᠯᠥᠭᠡ᠂ ᠣᠲᠣ ᠣᠶ᠋ᠢᠷ᠎ᠠ ᠵᠢᠨ ᠬᠤᠭᠤᠴᠠᠭ᠋ᠠᠨ᠎ᠳᠤ ᠨᠡᠶ᠋ᠢᠭᠡᠮ ᠨᠡᠶ᠋ᠢᠲᠡ ᠵᠢᠨ ᠠᠩᠬᠠᠷᠴᠤ ᠪᠠᠶ᠋ᠢᠭ᠎ᠠ ᠬᠤᠯᠪᠣᠭᠳᠠᠯ ᠪᠥᠬᠦᠶ ᠠᠰᠠᠭᠤᠳᠠᠯ᠎ᠳᠤ ᠳᠣᠤᠷᠠᠬᠢ ᠮᠡᠲᠦ ᠬᠠᠷᠢᠭᠤᠯᠲᠠ ᠥᠭᠪᠡ᠄

  1. ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠡᠷᠡᠭᠵᠢᠭᠦᠯᠦᠭᠰᠡᠨ ᠴᠠᠭ ᠪᠠ ᠨᠥᠬᠦᠪᠥᠷᠢ ᠭᠤᠶᠤᠴᠢᠯᠠᠬᠤ   ᠴᠠᠭ᠄

   ᠬᠠᠷᠢᠭᠤᠯᠲᠠ᠄ ᠬᠡᠷᠡᠭᠵᠢᠭᠦᠯᠬᠦ ᠴᠠᠭ᠎ᠨᠢ 《ᠨᠠᠷᠢᠨ ᠳᠦᠷᠢᠮ》᠎ᠳᠤ ᠳᠠᠷᠤᠮᠠᠯᠯᠠᠨ ᠲᠠᠷᠬᠠᠭ᠋ᠠᠭᠰᠠᠨ ᠡᠳᠦᠷ (ᠳᠠᠷᠤᠢ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ)᠎ᠠᠴᠠ ᠡᠬᠢᠯᠡᠨ᠂ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃ ᠨᠥᠬᠦᠪᠥᠷᠢ ᠭᠤᠶᠤᠴᠢᠯᠠᠬᠤ ᠴᠠᠭ᠎ᠨᠢ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ᠎ᠠᠴᠠ ᠡᠬᠢᠯᠡᠨ᠂ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ ᠪᠣᠯᠲᠠᠯ᠎ᠠ᠃ ᠬᠡᠷᠪᠡ ᠨᠥᠬᠦᠵᠦ ᠵᠠᠯᠠᠷᠠᠭᠤᠯᠬᠤ ᠴᠢᠬᠤᠯᠠᠲᠠᠢ ᠪᠣᠯ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ 24 ᠴᠠᠭ᠎ᠠᠴᠠ ᠡᠮᠦᠨ᠎ᠡ ᠳᠠᠭᠤᠰᠬᠠᠬᠤ ᠬᠡᠷᠡᠭᠲᠡᠢ᠃ ᠬᠤᠭᠤᠴᠠᠭ᠎ᠠ᠎ᠨᠢ ᠬᠡᠲᠦᠷᠡᠭᠡᠳ ᠨᠥᠬᠥᠪᠥᠷᠢ ᠭᠤᠶᠤᠴᠢᠯᠠᠬᠤ ᠭᠤᠶᠤᠴᠢᠯᠠᠯ ᠪᠤᠶᠤ ᠨᠥᠬᠥᠪᠥᠷᠢᠯᠡᠨ ᠵᠠᠯᠠᠷᠠᠭᠤᠯᠬᠤ ᠬᠠᠮᠢᠶ᠎ᠠ ᠪᠦᠬᠦᠢ ᠭᠤᠶᠤᠴᠢᠯᠠᠯ᠎ᠤᠨ ᠮᠡᠳᠡᠭᠡ ᠵᠠᠩᠭᠢ᠎ᠪᠠᠨ ᠲᠤᠰᠢᠶᠠᠭᠰᠠᠨ ᠦᠭᠡᠶ ᠪᠣᠯ ᠨᠥᠬᠥᠪᠥᠷᠢ ᠥᠭᠬᠦ ᠦᠭᠡᠶ᠃

  2. 《ᠨᠠᠷᠢᠨ ᠲᠦᠷᠢᠮ》᠎ᠳᠤ ᠬᠡᠯᠡᠵᠦ ᠪᠠᠶ᠋ᠢᠭ᠎ᠠ ᠤᠯᠤᠰ᠎ᠤᠨ ᠭᠤᠷᠪᠠᠳᠤᠭ᠋ᠠᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣᠨ᠎ᠤ ᠠᠴᠢᠶᠠᠨ᠎ᠤ ᠮᠠᠰᠢᠨ ᠲᠡᠷᠭᠡᠨ᠎ᠳᠤ ᠶᠠᠮᠠᠷ ᠶᠠᠮᠠᠷ ᠲᠡᠷᠭᠡ ᠪᠠᠭᠲᠠᠬᠤ ᠪᠣᠶ?

   ᠬᠠᠷᠢᠭᠤᠯᠲᠠ᠄ ᠤᠯᠤᠰ᠎ᠤᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ 《ᠬᠥᠩᠭᠡᠨ ᠬᠡᠯᠪᠡᠷᠢ ᠵᠢᠨ ᠮᠠᠰᠢᠨ ᠲᠡᠷᠭᠡᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠢᠵᠠᠭ᠋ᠠᠷ ᠬᠡᠮᠵᠢᠭᠳᠡᠯ ᠵᠢᠴᠢ ᠬᠡᠮᠵᠢᠬᠦ ᠠᠷᠭ᠎ᠠ (ᠳᠤᠮᠳᠠᠳᠤ ᠤᠯᠤᠰ᠎ᠤᠨ III᠂ IV ᠱᠠᠲᠤ ᠦᠶ᠎ᠡ)》 (GB18352.3 — 2005) ᠵᠢᠨ IV ᠱᠠᠲᠤᠨ᠎ᠳᠤ ᠪᠥᠬᠦ ᠤᠯᠤᠰ᠎ᠲᠤ ᠳᠠᠩᠰᠠᠯᠠᠭᠤᠯᠬᠤ᠎ᠠᠴᠠ ᠡᠮᠦᠨ᠎ᠡ ᠳᠠᠩᠰᠠᠯᠠᠭᠤᠯᠤᠭᠰᠠᠨ ᠮᠠᠰᠢᠨ ᠲᠡᠷᠭᠡ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠵᠢ ᠱᠠᠭ᠋ᠠᠷᠳᠠᠨ᠎ᠠ᠂ ᠲᠤᠬᠠᠶ᠋ᠢᠯᠠᠪᠠᠯ 2011 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ (ᠲᠣᠰ ᠡᠳᠦᠷ᠎ᠢ ᠪᠠᠭᠲᠠᠭ᠋ᠠᠨ᠎ᠠ) ᠳᠠᠩᠰᠠᠯᠠᠭᠤᠯᠤᠭᠰᠠᠨ ᠴᠠᠶ᠋ᠢᠶᠢᠦ ᠲᠣᠰᠣᠨ᠎ᠤ ᠰᠠᠭᠤᠳᠠᠯ᠎ᠤᠨ ᠮᠠᠰᠢᠨ ᠲᠡᠷᠭᠡ ᠪᠠ ᠪᠤᠰᠤᠳ ᠰᠢᠲᠠᠭ᠋ᠠᠯᠭ᠎ᠠ ᠵᠢᠨ ᠲᠥᠷᠥᠯ᠎ᠤᠨ ᠰᠠᠭᠤᠳᠠᠯ᠎ᠤᠨ ᠮᠠᠰᠢᠨ᠎ᠨᠢ ᠴᠥᠮ ᠲᠣᠰ ᠤᠳᠠᠭ᠋ᠠᠨ᠎ᠤ ᠤᠯᠤᠰ᠎ᠤᠨ ᠭᠤᠷᠪᠠᠳᠤᠭ᠋ᠠᠷ ᠵᠢᠴᠢ ᠲᠡᠭᠦᠨ᠎ᠠᠴᠠ ᠳᠣᠷᠣᠭᠰᠢᠬᠢ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠥᠷᠢ ᠵᠢᠨ ᠬᠡᠪᠴᠢᠶᠡᠨ᠎ᠳᠤ ᠬᠠᠷᠢᠶᠠᠯᠠᠭᠳᠠᠨ᠎ᠠ᠃ ᠪᠤᠰᠤᠳ ᠰᠢᠲᠠᠭ᠋ᠠᠯᠭ᠎ᠠ ᠵᠢᠨ ᠲᠥᠷᠥᠯ᠎ᠳᠤ ᠬᠣᠯᠢᠮᠠᠭ ᠲᠣᠰᠣ᠂ ᠪᠠᠶ᠋ᠢᠭ᠋ᠠᠯᠢ ᠵᠢᠨ ᠬᠡᠢ᠂ ᠰᠢᠩᠭᠡᠨᠵᠢᠮᠡᠯ ᠴᠢᠯᠠᠭᠤᠨ ᠲᠣᠰᠣᠨ᠎ᠤ ᠬᠡᠢ᠂ ᠮᠧᠲ᠋ᠢᠯ ᠠᠯᠺᠣᠤᠯ᠂ ᠡᠲ᠋ᠢᠯ ᠠᠯᠺᠣᠤᠯ᠂ ᠤᠰᠤᠲᠥ᠋ᠷᠥᠭᠴᠢ᠂ ᠠᠮᠢᠳᠤ ᠪᠣᠳᠠᠰ᠎ᠤᠨ ᠲᠦᠯᠡᠰᠢ ᠵᠡᠷᠭᠡ ᠪᠠᠭᠲᠠᠨ᠎ᠠ᠃ ᠭᠠᠳᠠᠭ᠍ᠠᠳᠤ᠎ᠠᠴᠠ ᠤᠷᠤᠭᠤᠯᠬᠤ ᠮᠠᠰᠢᠨ ᠲᠡᠷᠭᠡ ᠵᠢ ᠯᠠᠪᠯᠠᠯᠲᠠ ᠪᠤᠯᠭ᠍ᠠᠨ ᠬᠡᠷᠡᠭᠵᠢᠭᠦᠯᠦᠨ᠎ᠡ᠃

  3 . ᠬᠡᠷᠪᠡ ᠬᠡᠷᠡᠭᠯᠡᠭᠴᠢᠳ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠋ᠠᠨ᠎ᠳᠤ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠤᠭᠰᠠᠨ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠤᠳᠠᠯᠳᠤᠨ ᠠᠪᠬᠤ᠎ᠳᠤ᠂ ᠨᠥᠬᠦᠪᠥᠷᠢ ᠭᠤᠶᠤᠴᠢᠯᠠᠬᠤ ᠦᠶ᠎ᠡ᠎ᠳᠤ ᠲᠣᠰ ᠲᠡᠷᠭᠡᠨ᠎ᠤ ᠬᠡᠯᠪᠡᠷᠢ ᠵᠢ ᠨᠢᠭᠡᠨᠲᠡ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠠᠴᠠ ᠰᠢᠯᠵᠢᠭᠦᠯᠦᠨ ᠭᠠᠷᠭ᠋ᠠᠵᠠᠢ᠂ ᠨᠦᠬᠦᠪᠦᠷᠢ ᠤᠯᠵᠦ ᠪᠤᠯᠤᠨ᠎ᠠ ᠤᠤ?

   ᠬᠠᠷᠢᠭᠤᠯᠲᠠ᠄ 《ᠮᠠᠰᠢᠨᠲᠤ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》 ᠵᠢᠨ ᠫᠢᠶᠣᠣ ᠥᠭᠬᠦ ᠡᠳᠦᠷ ᠬᠤᠭᠤᠴᠠᠭ᠎ᠠ ᠵᠢ ᠮᠠᠭ᠋ᠠᠳᠯᠠᠨ ᠲᠣᠭᠲᠠᠭ᠋ᠠᠬᠤ ᠦᠨᠳᠦᠰᠦᠯᠡᠯ ᠪᠣᠯᠭ᠋ᠠᠵᠤ᠂ ᠫᠢᠶᠣᠣ ᠨᠡᠭᠡᠭᠡᠭᠰᠡᠨ ᠲᠤᠬᠠᠶ ᠵᠢᠨ ᠡᠳᠦᠷ᠎ᠤᠨ ᠲᠣᠰ ᠲᠡᠷᠭᠡᠨ᠎ᠤ ᠬᠡᠯᠪᠡᠷᠢ᠎ᠨᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠨᠥᠬᠦᠪᠥᠷᠢ ᠬᠦᠷᠲᠡᠵᠦ ᠪᠣᠯᠤᠨ᠎ᠠ᠃

  4. ᠬᠠᠶᠠᠭᠳᠠᠮᠠᠯ ᠬᠠᠭᠤᠴᠢᠨ ᠲᠡᠷᠭᠡ ᠪᠠ ᠰᠢᠨ᠎ᠡ ᠲᠡᠷᠭᠡ ᠬᠤᠳᠠᠯᠳᠤᠨ ᠠᠪᠬᠤ ᠴᠠᠭ᠎ᠤᠨ ᠳᠠᠷᠠᠭ᠋ᠠᠯᠠᠯ᠎ᠤᠨ ᠱᠠᠭ᠋ᠠᠷᠳᠠᠯᠭ᠎ᠠ ᠪᠠᠢ᠌ᠨ᠎ᠠ ᠤᠤ?

   ᠬᠠᠷᠢᠭᠤᠯᠲᠠ᠄ ᠲᠡᠷᠭᠡᠨ᠎ᠤ ᠡᠵᠡᠨ ᠤᠷᠢᠳ ᠵᠶ᠋ᠠᠷ ᠬᠠᠭᠤᠴᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ   ᠪᠣᠯᠣᠨ᠎ᠠ᠂ 《ᠬᠡᠷᠡᠭᠯᠡᠭᠡᠨ᠎ᠠᠴᠠ ᠭᠠᠷᠤᠭᠰᠠᠨ  ᠮᠠᠰᠢᠨ ᠲᠡᠷᠭᠡ ᠵᠢ ᠬᠤᠷᠢᠶᠠᠨ ᠠᠪᠤᠭᠰᠠᠨ ᠭᠡᠷᠡᠴᠢ》᠂ 《ᠮᠠᠰᠢᠨ ᠲᠡᠷᠭᠡ ᠵᠢ ᠬᠦᠴᠦᠨ ᠦᠭᠡᠢ ᠪᠣᠯᠭ᠋ᠠᠭᠰᠠᠨ ᠭᠡᠷᠡᠴᠢ》᠂ 《ᠮᠠᠰᠢᠨ ᠲᠡᠷᠭᠡ ᠵᠢ ᠪᠣᠷᠣᠯᠠᠭᠤᠯᠤᠭᠰᠠᠨ ᠨᠢᠭᠡᠳᠦᠯᠲᠡᠢ ᠪᠠᠷᠢᠮᠲᠠ》᠂ 《ᠮᠠᠰᠢᠨ ᠲᠡᠷᠭᠡ ᠵᠢ ᠳᠠᠩᠰᠠᠯᠠᠭᠤᠯᠤᠭᠰᠠᠨ ᠦᠨᠡᠮᠯᠡᠯ》 ᠵᠡᠷᠭᠡ ᠭᠡᠷᠡᠴᠢ ᠮᠠᠲ᠋ᠧᠷᠢᠶᠠᠯ᠎ᠢ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠢᠵᠦ ᠳᠠᠭᠤᠰᠬᠠᠬᠤ ᠬᠡᠷᠡᠭᠲᠡᠢ᠃

 

ᠢᠷᠡᠯᠲᠡ᠄ ᠬᠡᠷᠡᠭᠯᠡᠭᠡ ᠵᠢ ᠠᠬᠢᠭᠤᠯᠬᠤ ᠵᠤᠷᠭ᠋ᠠᠨ
          
ᠬᠠᠮᠢᠶ᠎ᠡ ᠪᠦᠬᠦᠢ ᠰᠣᠨᠢᠨ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠭᠤᠷᠪᠠᠳᠤᠭ᠋ᠠᠷ ᠪᠦᠯᠦᠭ)
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠢ ᠮᠡᠳᠡᠭᠳᠡᠯ》
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠥᠳᠡᠭᠡ ᠲᠣᠰᠬᠤᠨ᠎ᠤ ᠡᠯᠸᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠳᠤ ᠲᠠᠶ᠋ᠢᠯᠤᠮᠵᠢ ᠬᠢᠪᠠ
ᠤᠷᠤᠯᠭ᠎ᠠ᠎ᠲᠠᠢ ᠬᠦᠮᠦᠰ᠎ᠤᠨ ᠤᠷᠤᠯᠭ᠎ᠠ ᠵᠢ ᠪᠦᠳᠦᠮᠵᠢᠲᠠᠢ᠎ᠪᠠᠷ ᠨᠡᠮᠡᠭᠳᠡᠭᠦᠯᠬᠦ᠂ ᠳᠤᠮᠳᠠ ᠵᠡᠷᠭᠡ ᠵᠢᠨ ᠤᠷᠤᠯᠭ᠎ᠠ᠎ᠲᠠᠢ ᠬᠦᠮᠦᠰ᠎ᠤᠨ ᠬᠡᠪᠴᠢᠶ᠎ᠡ ᠵᠢ ᠳᠤᠭᠳᠠᠭᠤᠨ ᠦᠷᠭᠡᠳᠭᠡᠬᠦ᠂ ᠬᠡᠳᠦ ᠦᠨᠳᠦᠷ ᠤᠷᠤᠯᠭ᠎ᠠ ᠵᠢ ᠵᠦᠢ ᠵᠤᠬᠢᠰᠲᠠᠢ ᠳᠤᠬᠢᠷᠠᠭᠤᠯᠬᠤ ᠳᠦᠷᠢᠮ᠎ᠤᠨ ᠰᠢᠰᠲ᠋ᠧᠮ᠎ᠢ ᠶᠠᠭ᠋ᠠᠬᠢᠵᠤ ᠤᠶ᠋ᠢᠯᠠᠭ᠋ᠠᠬᠤ ᠪᠤᠢ?
ᠶᠠᠭᠤᠨ᠎ᠳᠤ ᠵᠣᠬᠢᠶᠠᠮᠠᠯ ᠤᠶᠤᠨᠴᠢ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠬᠤ ᠪᠤᠢ
 
            