ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠭᠤᠷᠪᠠᠳᠤᠭ᠋ᠠᠷ ᠪᠦᠯᠦᠭ)
ᠨᠡᠶ᠋ᠢᠲᠡᠯᠡᠭᠰᠡᠨ ᠴᠠᠭ᠄ 2024-08-26

  《ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ   ᠡᠳ᠋᠎ᠤᠨ ᠵᠠᠰᠠᠭ᠎ᠤᠨ ᠶᠠᠮᠤᠨ 〈ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠤᠯᠢᠬᠤ ᠵᠢ ᠬᠦᠴᠦᠯᠡᠨ ᠳᠡᠮᠵᠢᠬᠦ ᠠᠷᠭ᠎ᠠ ᠬᠡᠮᠵᠢᠶ᠎ᠡ᠎ᠨᠦᠭᠦᠳ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠬᠥᠭᠵᠢᠭᠦᠯᠦᠯᠲᠡ ᠪᠠ ᠥᠭᠡᠷᠡᠴᠢᠯᠡᠯᠲᠡ   ᠣᠷᠴᠢᠨ ᠲᠣᠭᠤᠷᠢᠨ ᠡᠬᠢ ᠪᠠᠶᠠᠯᠢᠭ [2024] 1104 ᠳ᠋ᠦ᠍ᠭᠡᠷ ᠲᠣᠭ᠋ᠠᠲᠤ᠂ ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠂ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠤᠯᠪᠣᠭᠳᠠᠯ ᠪᠥᠬᠦᠶ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 7 ᠰᠠᠯᠠᠭ᠎ᠠ ᠮᠥᠴᠢᠷ᠎ᠤᠨ ᠮᠡᠳᠡᠭᠳᠡᠯ》 (ᠬᠤᠳᠠᠯᠳᠤᠭ᠋ᠠᠨ᠎ᠤ ᠬᠡᠷᠡᠭᠯᠡᠭᠡ ᠵᠠᠬᠢᠳᠠᠯ [2024] 392 ᠳ᠋ᠤᠭ᠋ᠠᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ᠂ ᠡᠳᠦᠭᠡ ᠣᠶ᠋ᠢᠷ᠎ᠠ ᠵᠢᠨ ᠬᠤᠭᠤᠴᠠᠭ᠋ᠠᠨ᠎ᠤ ᠨᠡᠶ᠋ᠢᠭᠡᠮ ᠨᠡᠶ᠋ᠢᠲᠡ ᠵᠢᠨ ᠠᠩᠬᠠᠷᠴᠤ ᠪᠠᠶ᠋ᠢᠭ᠎ᠠ ᠬᠤᠯᠪᠣᠭᠳᠠᠯ ᠪᠥᠬᠦᠶ ᠠᠰᠠᠭᠤᠳᠠᠯ᠎ᠳᠤ ᠳᠣᠤᠷᠠᠬᠢ ᠮᠡᠲᠦ ᠬᠠᠷᠢᠭᠤᠯᠲᠠ ᠥᠭᠪᠡ᠄

  1. ᠮᠠᠰᠢᠨ ᠲᠡᠷᠭᠡᠨ᠎ᠤ ᠬᠡᠷᠡᠭᠯᠡᠭᠡᠨ᠎ᠠᠴᠠ ᠭᠠᠷᠤᠭᠰᠠᠨ᠎ᠢ ᠰᠢᠨᠡᠳᠬᠡᠬᠦ ᠵᠢ ᠬᠡᠷᠡᠭᠵᠢᠭᠦᠯᠬᠦ ᠴᠠᠭ ᠪᠠ ᠨᠥᠬᠦᠪᠦᠷᠢ ᠵᠢ ᠭᠤᠶᠤᠴᠢᠯᠠᠬᠤ ᠴᠠᠭ᠎ᠲᠤ ᠲᠣᠬᠢᠷᠠᠭᠤᠯᠤᠯᠲᠠ ᠬᠢᠭᠰᠡᠨ ᠤᠤ?

   ᠬᠠᠷᠢᠭᠤᠯᠲᠠ᠄ ᠲᠣᠬᠢᠷᠠᠭᠤᠯᠤᠯᠲᠠ ᠬᠢᠭᠰᠡᠨ ᠦᠭᠡᠢ᠃ ᠬᠡᠷᠡᠭᠵᠢᠭᠦᠯᠬᠦ ᠴᠠᠭ᠎ᠨᠢ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ (ᠲᠣᠰ ᠡᠳᠦᠷ᠎ᠢ ᠪᠠᠭᠲᠠᠭ᠋ᠠᠨ᠎ᠠ᠂ ᠳᠣᠷᠣᠭᠰᠢ ᠠᠳᠠᠯᠢ)᠎ᠠᠴᠠ ᠡᠬᠢᠯᠡᠨ᠂ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠳᠠᠭᠤᠰᠤᠨ᠎ᠠ᠃ ᠨᠥᠬᠦᠪᠥᠷᠢ ᠭᠤᠶᠤᠴᠢᠯᠠᠬᠤ ᠴᠠᠭ᠎ᠨᠢ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ᠎ᠠᠴᠠ ᠡᠬᠢᠯᠡᠨ᠂ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ ᠪᠣᠯᠲᠠᠯ᠎ᠠ᠃ ᠬᠡᠷᠪᠡ ᠨᠥᠬᠦᠵᠦ ᠵᠠᠯᠠᠷᠠᠭᠤᠯᠬᠤ ᠴᠢᠬᠤᠯᠠᠲᠠᠢ ᠪᠣᠯ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ 24 ᠴᠠᠭ᠎ᠠᠴᠠ ᠡᠮᠦᠨ᠎ᠡ ᠳᠠᠭᠤᠰᠬᠠᠬᠤ ᠬᠡᠷᠡᠭᠲᠡᠢ᠃ ᠬᠤᠭᠤᠴᠠᠭ᠎ᠠ᠎ᠨᠢ ᠬᠡᠲᠦᠷᠡᠭᠡᠳ ᠨᠥᠬᠥᠪᠥᠷᠢ ᠭᠤᠶᠤᠴᠢᠯᠠᠬᠤ ᠭᠤᠶᠤᠴᠢᠯᠠᠯ ᠪᠤᠶᠤ ᠨᠥᠬᠥᠪᠥᠷᠢᠯᠡᠨ ᠵᠠᠯᠠᠷᠠᠭᠤᠯᠬᠤ ᠬᠠᠮᠢᠶ᠎ᠠ ᠪᠦᠬᠦᠢ ᠭᠤᠶᠤᠴᠢᠯᠠᠯ᠎ᠤᠨ ᠮᠡᠳᠡᠭᠡ ᠵᠠᠩᠭᠢ᠎ᠪᠠᠨ ᠲᠤᠰᠢᠶᠠᠭᠰᠠᠨ ᠦᠭᠡᠶ ᠪᠣᠯ ᠨᠥᠬᠥᠪᠥᠷᠢ ᠥᠭᠬᠦ ᠦᠭᠡᠶ᠃

  2. ᠬᠡᠷᠡᠭᠯᠡᠭᠡᠨ᠎ᠠᠴᠠ ᠭᠠᠷᠤᠭᠰᠠᠨ ᠬᠠᠭᠤᠴᠢᠨ ᠮᠠᠰᠢᠨ ᠲᠡᠷᠭᠡᠨ᠎ᠤ ᠨᠥᠬᠦᠴᠡᠯ᠎ᠳᠤ ᠶᠠᠮᠠᠷ ᠶᠠᠮᠠᠷ ᠲᠣᠬᠢᠷᠠᠭᠤᠯᠤᠯᠲᠠ ᠪᠠᠶ᠋ᠢᠬᠤ ᠪᠣᠶ?

   ᠬᠠᠷᠢᠭᠤᠯᠲᠠ᠄ 《ᠠᠷᠭ᠎ᠠ ᠬᠡᠮᠵᠢᠶ᠎ᠡ᠎ᠨᠦᠭᠦᠳ》 ᠪᠠ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠬᠡᠷᠡᠭᠯᠡᠭᠴᠢᠳ ᠮᠠᠰᠢᠨ ᠲᠡᠷᠭᠡ᠎ᠪᠠᠨ ᠬᠡᠷᠡᠭᠯᠡᠭᠡᠨ᠎ᠠᠴᠠ ᠭᠠᠷᠤᠭᠰᠠᠨ᠎ᠢ ᠰᠢᠨᠡᠳᠬᠡᠬᠦ ᠨᠥᠬᠦᠪᠥᠷᠢ ᠠᠪᠬᠤ᠎ᠪᠠᠷ ᠭᠤᠶᠤᠴᠢᠯᠠᠪᠠᠯ᠂ ᠵᠣᠬᠢᠴᠠᠩᠭᠤᠶ ᠬᠡᠷᠡᠭᠯᠡᠭᠡᠨ᠎ᠠᠴᠠ ᠭᠠᠷᠤᠭᠰᠠᠨ ᠮᠠᠰᠢᠨ ᠲᠡᠷᠭᠡ᠎ᠨᠢ 2024 ᠣᠨ᠎ᠤ 7 ᠳ᠋ᠤᠭ᠋ᠠᠷ ᠰᠠᠷ᠎ᠠ ᠵᠢᠨ 25᠎ᠤ ᠡᠳᠦᠷ (ᠲᠣᠰ ᠡᠳᠦᠷ᠎ᠢ ᠪᠠᠭᠲᠠᠭ᠋ᠠᠨ᠎ᠠ)᠎ᠠᠴᠠ ᠡᠮᠦᠨ᠎ᠡ ᠳᠠᠩᠰᠠᠯᠠᠭᠤᠯᠬᠤ᠎ᠪᠠᠷ ᠭᠤᠶᠤᠴᠢᠯᠠᠭᠴᠢ ᠵᠢᠨ ᠨᠡᠷ᠎ᠡ ᠳᠣᠤᠷ᠎ᠠ ᠪᠠᠶ᠋ᠢᠬᠤ ᠬᠡᠷᠡᠭᠲᠡᠶ᠃

   ᠤᠯᠤᠰ᠎ᠤᠨ ᠭᠤᠷᠪᠠᠳᠤᠭ᠋ᠠᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠲᠡᠷᠭᠡ ᠪᠤᠶᠤ 2018 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠵᠢᠨ ᠲᠡᠷᠭᠡᠨ᠎ᠳᠤ ᠰᠠᠭᠤᠬᠤ ᠬᠠᠮᠢᠶ᠎ᠠ ᠪᠥᠬᠦᠶ ᠨᠥᠬᠦᠴᠡᠯ᠎ᠢ ᠬᠤᠪᠢᠷᠠᠭᠤᠯᠬᠤ ᠥᠬᠡᠶ᠃

  3. ᠰᠢᠨ᠎ᠡ ᠲᠡᠷᠭᠡ ᠬᠤᠳᠠᠯᠳᠤᠨ ᠠᠪᠬᠤ ᠨᠥᠬᠦᠴᠡᠯ᠎ᠳᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ?

   ᠬᠠᠷᠢᠭᠤᠯᠲᠠ᠄ 《ᠮᠡᠳᠡᠭᠳᠡᠯ》᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ᠂ ᠨᠥᠬᠦᠪᠥᠷᠢ ᠭᠤᠶᠤᠴᠢᠯᠠᠬᠤ ᠭᠤᠶᠤᠴᠢᠯᠠᠯ᠎ᠢ ᠬᠢᠨᠠᠨ ᠬᠠᠷᠭᠤᠭᠤᠯᠬᠤ ᠬᠤᠭᠤᠴᠠᠭ᠋ᠠᠨ᠎ᠳᠤ᠂ ᠰᠢᠨ᠎ᠡ᠎ᠪᠠᠷ ᠬᠤᠳᠠᠯᠳᠤᠨ ᠠᠪᠤᠭᠰᠠᠨ ᠮᠠᠰᠢᠨ ᠲᠡᠷᠭᠡ ᠵᠢ ᠭᠤᠶᠤᠴᠢᠯᠠᠭᠴᠢ ᠵᠢᠨ ᠨᠡᠷ᠎ᠡ᠎ᠪᠠᠷ ᠳᠠᠩᠰᠠᠯᠠᠭᠤᠯᠬᠤ ᠬᠡᠷᠡᠭᠲᠡᠶ᠃

   ᠪᠤᠰᠤᠳ ᠨᠥᠬᠥᠴᠡᠯ᠎ᠢ ᠬᠤᠪᠢᠷᠠᠭᠤᠯᠬᠤ ᠦᠭᠡᠶ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠥᠷᠢ ᠥᠭᠬᠦ ᠵᠢ ᠬᠤᠳᠠᠯᠳᠤᠨ ᠠᠪᠤᠭᠰᠠᠨ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ ᠵᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ 《ᠲᠡᠷᠭᠡ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠤᠭᠰᠠᠨ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ ᠪᠣᠯᠭ᠋ᠠᠵᠤ᠂ ᠰᠢᠲᠠᠭ᠋ᠠᠯᠭ᠎ᠠ ᠵᠢᠨ ᠲᠣᠰᠣᠨ᠎ᠤ ᠮᠠᠰᠢᠨ ᠲᠡᠷᠭᠡᠨ᠎ᠤ ᠭᠠᠳᠠᠭᠰᠢᠯᠠᠭᠤᠯᠬᠤ ᠬᠡᠮᠵᠢᠶ᠎ᠡ ᠵᠢ 2.0 ᠯᠢᠲᠷ ᠵᠢᠴᠢ ᠲᠡᠭᠦᠨ᠎ᠠᠴᠠ ᠳᠣᠷᠣᠭᠰᠢ ᠪᠠᠶ᠋ᠢᠯᠭ᠋ᠠᠬᠤ ᠬᠡᠷᠡᠭᠲᠡᠶ᠃

  4. ᠬᠡᠷᠡᠭᠯᠡᠭᠡᠨ᠎ᠠᠴᠠ ᠭᠠᠷᠤᠭᠰᠠᠨ ᠰᠢᠨᠡᠳᠭᠡᠬᠦ ᠵᠢᠨ ᠨᠥᠬᠦᠪᠥᠷᠢ ᠵᠢᠨ ᠪᠠᠷᠢᠮᠵᠢᠶ᠎ᠠ ᠵᠢ ᠬᠡᠷᠬᠢᠨ ᠲᠣᠬᠢᠷᠠᠭᠤᠯᠬᠤ ᠪᠣᠶ?

   ᠬᠠᠷᠢᠭᠤᠯᠲᠠ᠄ ᠬᠡᠷᠡᠭᠯᠡᠭᠡᠨ᠎ᠠᠴᠠ ᠭᠠᠷᠤᠭᠰᠠᠨ ᠬᠤᠶᠠᠷ ᠲᠥᠷᠥᠯ᠎ᠤᠨ ᠬᠠᠭᠤᠴᠢᠨ ᠲᠡᠷᠭᠡ ᠵᠢ ᠨᠡᠶ᠋ᠢᠯᠡᠭᠦᠯᠦᠨ ᠬᠤᠳᠠᠯᠳᠤᠨ ᠠᠪᠴᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠦᠭᠰᠡᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠤᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠳᠤ ᠬᠡᠷᠡᠭᠯᠡᠬᠦ ᠲᠡᠷᠭᠡ᠎ᠳᠤ 2 ᠲᠦᠮᠡᠨ ᠲᠥᠭᠦᠷᠢᠭ᠎ᠤᠨ ᠨᠥᠬᠦᠪᠥᠷᠢ ᠥᠭᠭᠦᠨ᠎ᠡ; ᠬᠡᠷᠡᠭᠯᠡᠭᠡᠨ᠎ᠠᠴᠠ ᠭᠠᠷᠤᠭᠰᠠᠨ ᠤᠯᠤᠰ᠎ᠤᠨ ᠭᠤᠷᠪᠠᠳᠤᠭ᠋ᠠᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣ᠎ᠳᠤ ᠬᠡᠷᠡᠭᠯᠡᠬᠦ ᠮᠠᠰᠢᠨ ᠲᠡᠷᠭᠡ ᠪᠠ 2.0 ᠯᠢᠲᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶ᠎ᠡ᠎ᠲᠠᠢ ᠰᠢᠲᠠᠭ᠋ᠠᠯᠭ᠎ᠠ ᠵᠢᠨ ᠲᠣᠰᠣ ᠬᠡᠷᠡᠭᠯᠡᠬᠦ ᠮᠠᠰᠢᠨ ᠲᠡᠷᠭᠡ ᠬᠤᠳᠠᠯᠳᠤᠨ ᠠᠪᠬᠤ᠎ᠳᠤ 1.5 ᠲᠦᠮᠡᠨ ᠲᠥᠭᠦᠷᠢᠭ᠎ᠤᠨ ᠨᠥᠬᠦᠪᠥᠷᠢ ᠥᠭᠭᠦᠨ᠎ᠡ᠃

  2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠡᠷᠡᠭᠯᠡᠭᠡᠨ᠎ᠠᠴᠠ ᠭᠠᠷᠤᠭᠰᠠᠨ ᠪᠥᠭᠡᠳ ᠨᠥᠬᠦᠴᠡᠯ᠎ᠳᠤ ᠨᠡᠶ᠋ᠢᠴᠡᠬᠦ ᠲᠡᠷᠭᠡ ᠬᠥᠰᠬᠡ ᠵᠢ ᠬᠤᠳᠠᠯᠳᠤᠨ ᠠᠪᠤᠭᠰᠠᠨ ᠬᠤᠪᠢ ᠬᠥᠮᠦᠨ᠎ᠤ ᠬᠡᠷᠡᠭᠯᠡᠭᠴᠢᠳ᠎ᠲᠤ ᠴᠥᠮ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠣᠰᠣᠭ᠋ᠠᠷ ᠨᠥᠬᠦᠪᠥᠷᠢ ᠥᠭᠴᠦ᠂ ᠬᠠᠭᠤᠴᠢᠨ ᠨᠥᠬᠦᠪᠥᠷᠢ ᠵᠢᠨ ᠪᠠᠷᠢᠮᠵᠢᠶ᠎ᠠ ᠵᠢ ᠳᠠᠬᠢᠵᠤ ᠬᠡᠷᠡᠭᠵᠢᠭᠦᠯᠬᠦ ᠥᠬᠡᠶ᠃ ᠨᠢᠭᠡᠨᠲᠡ ᠬᠠᠭᠤᠴᠢᠨ ᠪᠠᠷᠢᠮᠵᠢᠶ᠎ᠠ᠎ᠪᠠᠷ ᠪᠠᠭᠤᠯᠭ᠋ᠠᠭᠰᠠᠨ ᠨᠥᠬᠦᠪᠥᠷᠢ ᠵᠢ ᠡᠯ᠎ᠡ ᠭᠠᠵᠠᠷ᠎ᠤᠨ᠎ᠬᠢᠨ ᠰᠢᠨ᠎ᠡ ᠪᠠᠷᠢᠮᠵᠢᠶ᠎ᠠ ᠶᠣᠰᠣᠭ᠋ᠠᠷ ᠵᠥᠷᠢᠶ᠎ᠡ ᠵᠢ ᠨᠥᠬᠦᠪᠥᠷᠢᠯᠡᠨ᠎ᠡ᠃

 

ᠢᠷᠡᠯᠲᠡ᠄ ᠬᠡᠷᠡᠭᠯᠡᠭᠡ ᠵᠢ ᠠᠬᠢᠭᠤᠯᠬᠤ ᠵᠤᠷᠭ᠋ᠠᠨ
          
ᠬᠠᠮᠢᠶ᠎ᠡ ᠪᠦᠬᠦᠢ ᠰᠣᠨᠢᠨ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠢ ᠮᠡᠳᠡᠭᠳᠡᠯ》
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠥᠳᠡᠭᠡ ᠲᠣᠰᠬᠤᠨ᠎ᠤ ᠡᠯᠸᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠳᠤ ᠲᠠᠶ᠋ᠢᠯᠤᠮᠵᠢ ᠬᠢᠪᠠ
ᠤᠷᠤᠯᠭ᠎ᠠ᠎ᠲᠠᠢ ᠬᠦᠮᠦᠰ᠎ᠤᠨ ᠤᠷᠤᠯᠭ᠎ᠠ ᠵᠢ ᠪᠦᠳᠦᠮᠵᠢᠲᠠᠢ᠎ᠪᠠᠷ ᠨᠡᠮᠡᠭᠳᠡᠭᠦᠯᠬᠦ᠂ ᠳᠤᠮᠳᠠ ᠵᠡᠷᠭᠡ ᠵᠢᠨ ᠤᠷᠤᠯᠭ᠎ᠠ᠎ᠲᠠᠢ ᠬᠦᠮᠦᠰ᠎ᠤᠨ ᠬᠡᠪᠴᠢᠶ᠎ᠡ ᠵᠢ ᠳᠤᠭᠳᠠᠭᠤᠨ ᠦᠷᠭᠡᠳᠭᠡᠬᠦ᠂ ᠬᠡᠳᠦ ᠦᠨᠳᠦᠷ ᠤᠷᠤᠯᠭ᠎ᠠ ᠵᠢ ᠵᠦᠢ ᠵᠤᠬᠢᠰᠲᠠᠢ ᠳᠤᠬᠢᠷᠠᠭᠤᠯᠬᠤ ᠳᠦᠷᠢᠮ᠎ᠤᠨ ᠰᠢᠰᠲ᠋ᠧᠮ᠎ᠢ ᠶᠠᠭ᠋ᠠᠬᠢᠵᠤ ᠤᠶ᠋ᠢᠯᠠᠭ᠋ᠠᠬᠤ ᠪᠤᠢ?
ᠶᠠᠭᠤᠨ᠎ᠳᠤ ᠵᠣᠬᠢᠶᠠᠮᠠᠯ ᠤᠶᠤᠨᠴᠢ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠬᠤ ᠪᠤᠢ
ᠥᠭᠡᠷᠡᠴᠢᠯᠡᠯᠲᠡᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠳᠠᠯᠠᠬᠤ᠎ᠳᠤ ᠭᠣᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠣᠢ
 
            