ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠢ ᠮᠡᠳᠡᠭᠳᠡᠯ》
ᠨᠡᠶ᠋ᠢᠲᠡᠯᠡᠭᠰᠡᠨ ᠴᠠᠭ᠄ 2024-02-01

   ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠣᠶ᠋ᠢᠷ᠎ᠠ᠎ᠳᠤ ᠬᠠᠮᠲᠤᠷᠠᠨ 《ᠭᠡᠷ᠎ᠤᠨ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠮᠡᠳᠡᠭᠳᠡᠯ》᠎ᠳᠤ ᠲᠠᠶ᠋ᠢᠯᠤᠮᠵᠢ ᠬᠢᠪᠡ᠃

   ᠨᠢᠭᠡ᠂ 《ᠮᠡᠳᠡᠭᠳᠡᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ

   ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠢ ᠲᠡᠭᠦᠯᠳᠡᠷᠵᠢᠭᠦᠯᠬᠦ᠎ᠨᠢ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠳᠥᠭᠥᠮ ᠪᠦᠬᠦᠢ ᠴᠢᠨᠠᠷ᠎ᠢ ᠳᠡᠭᠡᠭᠰᠢᠯᠡᠭᠦᠯᠵᠦ᠂ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ᠎ᠢ ᠰᠢᠨᠡᠳᠬᠡᠬᠦ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠬᠤ᠎ᠨᠢ ᠪᠣᠬᠢᠷᠲᠤᠯ ᠦᠭᠡᠶ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠣᠶ ᠪᠣᠯᠭ᠋ᠠᠬᠤ ᠵᠢ ᠲᠦᠯᠬᠢᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

   ᠨᠢᠭᠡ᠎ᠳᠤ᠂ ᠬᠠᠭᠤᠴᠢᠨ ᠵᠶ᠋ᠠᠷ ᠰᠢᠨ᠎ᠡ ᠬᠡᠷᠡᠭᠯᠡᠭᠡ ᠵᠢ ᠰᠣᠯᠢᠬᠤ᠎ᠳᠤ ᠳᠥᠭᠥᠮ ᠦᠵᠡᠭᠦᠯᠪᠡ᠃ ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠬᠡᠷ᠎ᠤᠨ ᠴᠠᠬᠢᠯᠭ᠋ᠠᠨ ᠬᠡᠷᠡᠭᠰᠡᠯ ᠬᠡᠷ᠎ᠤᠨ ᠬᠡᠷᠡᠭᠰᠡᠯ᠎ᠤᠨ ᠵᠠᠬ᠎ᠠ ᠳᠡᠯᠭᠡᠭᠦᠷ ᠨᠢᠭᠡᠨᠲᠡ ᠲᠠᠩ ᠭᠠᠭᠴᠠ 《ᠨᠡᠮᠡᠭᠳᠡᠯ᠎ᠤᠨ ᠴᠠᠭ ᠦᠶ᠎ᠡ》᠎ᠠᠴᠠ 《ᠨᠡᠮᠡᠭᠳᠡᠯ᠎ᠤᠨ ᠬᠡᠮᠵᠢᠶ᠎ᠡ ᠪᠠ ᠬᠠᠳᠠᠭ᠋ᠠᠯᠠᠯᠲᠠ ᠵᠢᠨ ᠬᠡᠮᠵᠢᠶ᠎ᠡ ᠵᠢ ᠵᠡᠷᠭᠡ᠎ᠪᠠᠷ ᠴᠢᠬᠤᠯᠠᠴᠢᠯᠠᠬᠤ ᠴᠠᠭ ᠦᠶ᠎ᠡ᠎ᠳᠤ ᠣᠷᠣᠵᠤ》᠂ ᠪᠦᠬᠦᠯᠢ ᠴᠣᠭᠴᠠ ᠵᠢᠨ ᠬᠠᠳᠠᠭ᠋ᠠᠯᠠᠯᠲᠠ ᠵᠢᠨ ᠬᠡᠮᠵᠢᠶ᠎ᠡ ᠪᠠ ᠰᠢᠨᠡᠴᠢᠯᠡᠯᠲᠡ ᠵᠢᠨ ᠬᠡᠷᠡᠭᠯᠡᠭᠡᠨ᠎ᠠᠴᠠ ᠭᠠᠷᠭ᠋ᠠᠬᠤ ᠬᠡᠮᠵᠢᠶ᠎ᠡ ᠴᠥᠮ ᠮᠠᠰᠢ ᠶᠡᠭᠡ ᠪᠠᠶ᠋ᠢᠵᠤ᠂ ᠰᠢᠨᠡᠴᠢᠯᠡᠯᠲᠡ ᠵᠢᠨ ᠬᠡᠷᠡᠭᠴᠡᠭᠡ ᠲᠥᠪᠯᠡᠷᠡᠭᠦᠯᠦᠨ ᠢᠯᠭ᠋ᠠᠷᠠᠭᠤᠯᠬᠤ ᠬᠤᠭᠤᠴᠠᠭ᠋ᠠᠨ᠎ᠳᠤ ᠤᠷᠤᠭᠰᠠᠨ   ᠪᠠᠶ᠋ᠢᠨ᠎ᠠ᠃ ᠭᠡᠷ᠎ᠤᠨ ᠴᠠᠬᠢᠯᠭ᠋ᠠᠨ ᠬᠡᠷᠡᠭᠰᠡᠯ᠎ᠤᠨ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲᠸᠮ᠎ᠢ ᠲᠡᠭᠦᠯᠳᠡᠷᠵᠢᠭᠦᠯᠬᠦ᠎ᠨᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠡᠷᠡᠭᠯᠡᠭᠡᠨ᠎ᠤ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ᠎ᠢ ᠰᠢᠨᠡᠳᠬᠡᠬᠦ ᠬᠡᠷᠡᠭᠯᠡᠭᠡᠨ᠎ᠤ ᠡᠷᠭᠢᠯᠲᠡ ᠵᠢ ᠰᠠᠭ᠋ᠠᠳ ᠦᠭᠡᠶ ᠨᠡᠪᠲᠡᠷᠡᠭᠦᠯᠬᠦ᠎ᠳᠤ ᠠᠰᠢᠭ᠎ᠲᠠᠢ ᠶᠤᠮ᠃

   ᠬᠣᠶᠠᠷ᠎ᠲᠤ᠂ ᠡᠬᠢ ᠪᠠᠶᠠᠯᠢᠭ᠎ᠢ ᠠᠷᠪᠢᠯᠠᠨ ᠠᠰᠢᠭᠯᠠᠬᠤ ᠵᠢ ᠠᠬᠢᠭᠤᠯᠪᠠ᠃ ᠬᠤᠯᠪᠣᠭᠳᠠᠯ ᠪᠥᠬᠦᠶ ᠨᠡᠶ᠋ᠢᠭᠡᠮᠯᠢᠭ᠎ᠤᠨ ᠪᠦᠷᠢᠳᠬᠡᠯ᠎ᠢ ᠦᠨᠳᠦᠰᠦᠯᠡᠪᠡᠯ᠂ 2023 ᠣᠨ᠎ᠳᠤ ᠮᠠᠨ᠎ᠤ ᠤᠯᠤᠰ᠎ᠤᠨ ᠬᠠᠶᠠᠭᠳᠠᠮᠠᠯ ᠬᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠭᠰᠠᠨ ᠶᠡᠷᠦᠩᠬᠡᠶ ᠬᠡᠮᠵᠢᠶ᠎ᠡ 450 ᠲᠦᠮᠡᠨ ᠲᠣᠨ᠎ᠳᠤ ᠬᠦᠷᠴᠦ᠂ ᠠᠯᠲᠠ᠂ ᠮᠥᠩᠭᠦ᠂ ᠵᠡᠰ᠂ ᠴᠠᠭ᠋ᠠᠨ ᠲᠤᠭᠤᠯᠭ᠎ᠠ ᠵᠡᠷᠭᠡ ᠶᠡᠭᠡ ᠬᠡᠮᠵᠢᠶᠡᠨ᠎ᠤ ᠬᠤᠪᠣᠷ ᠲᠡᠮᠦᠷᠯᠢᠭ ᠪᠠ ᠰᠦᠯᠢᠶᠣᠣ ᠵᠡᠷᠭᠡ ᠵᠢ ᠪᠠᠭᠲᠠᠭ᠋ᠠᠨ᠎ᠠ᠃ ᠭᠡᠷ᠎ᠤᠨ ᠬᠠᠶᠠᠭᠳᠠᠮᠠᠯ ᠬᠠᠭᠤᠴᠢᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲᠸᠮ᠎ᠢ ᠲᠡᠭᠦᠯᠳᠡᠷᠵᠢᠭᠦᠯᠵᠦ᠂ ᠵᠢᠷᠤᠮᠵᠢᠭᠰᠠᠨ ᠡᠭᠡᠭᠦᠯᠦᠨ ᠬᠤᠷᠢᠶᠠᠬᠤ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠵᠦ᠂ ᠡᠬᠢ ᠪᠠᠶᠠᠯᠢᠭ᠎ᠤᠨ ᠡᠷᠭᠢᠯᠳᠦᠭᠦᠯᠦᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠠᠬᠢᠭᠤᠯᠬᠤ᠎ᠳᠤ ᠠᠰᠢᠭᠲᠠᠶ ᠶᠤᠮ᠃

   ᠭᠤᠷᠪᠠ᠎ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠎ᠳᠤ ᠠᠰᠢᠭᠲᠠᠢ᠃ ᠬᠣᠯᠪᠣᠭᠳᠠᠯ ᠪᠦᠬᠦᠢ ᠨᠡᠶ᠋ᠢᠭᠡᠮᠯᠢᠭ᠎ᠤᠨ ᠪᠦᠷᠢᠳᠬᠡᠯ᠎ᠢ ᠦᠨᠳᠦᠰᠦᠯᠡᠪᠡᠯ᠂ 1 ᠲᠣᠨ ᠬᠠᠶᠠᠭᠳᠠᠮᠠᠯ ᠭᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠪᠦᠷᠢ ᠰᠠᠯᠭ᠋ᠠᠵᠤ ᠭᠠᠷᠭ᠋ᠠᠭᠰᠠᠨ ᠳᠠᠬᠢᠯᠲᠠ ᠡᠬᠢ ᠪᠠᠶᠠᠯᠢᠭ᠎ᠨᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠡᠷᠭᠡ ᠡᠯ᠎ᠡ ᠲᠥᠷᠥᠯ᠎ᠤᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠷᠤᠭ 4.7 ᠲᠣᠨ ᠪᠠᠭ᠋ᠠᠰᠬᠠᠵᠤ ᠴᠢᠳᠠᠨ᠎ᠠ᠃

   ᠬᠤᠶᠠᠷ᠂ 《ᠮᠡᠳᠡᠭᠳᠡᠯ》᠎ᠤᠨ ᠠᠵᠢᠯ᠎ᠤᠨ ᠬᠠᠷᠠᠯᠲᠠ ᠪᠠ ᠭᠤᠣᠯ ᠡᠭᠦᠷᠭᠡ

  《ᠮᠡᠳᠡᠭᠳᠡᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠵᠠᠰᠠᠭ᠎ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠶ᠋ᠢᠲᠡᠯᠢᠭ ᠵᠢᠱ᠌ᠢᠶ᠎ᠡ᠎ᠪᠠᠷ ᠬᠠᠶ᠋ᠢᠨ ᠰᠦᠪᠡᠭᠴᠢᠯᠡᠵᠦ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠬᠤ ᠵᠠᠷᠴᠢᠮ᠎ᠢ ᠳᠤᠷᠠᠳᠴᠤ᠂ 2025 ᠣᠨ    ᠪᠣᠯᠬᠤ᠎ᠳᠤ᠂ ᠪᠥᠬᠦ ᠤᠯᠤᠰ᠎ᠤᠨ ᠬᠡᠪᠴᠢᠶᠡᠨ᠎ᠳᠤ ᠨᠢᠭᠡ ᠪᠦᠯᠦᠭ ᠬᠠᠶᠠᠭᠳᠠᠮᠠᠯ ᠬᠠᠭᠤᠴᠢᠨ ᠬᠡᠷ᠎ᠤᠨ ᠴᠠᠬᠢᠯᠭ᠋ᠠᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠤᠨ ᠨᠡᠶ᠋ᠢᠲᠡᠯᠢᠭ ᠬᠤᠲᠠ ᠪᠠ ᠨᠡᠶ᠋ᠢᠲᠡᠯᠢᠭ ᠠᠵᠤ ᠠᠬᠤᠶ᠋ᠢᠯᠠᠯ᠎ᠢ ᠪᠤᠶ᠋ᠢᠵᠢᠭᠤᠯᠵᠤ᠂ ᠨᠢᠭᠡ ᠪᠦᠯᠦᠭ ᠲᠤᠷᠰᠢᠯᠭ᠎ᠠ ᠵᠢᠨ ᠵᠠᠭᠪᠤᠷ᠎ᠢ ᠳᠡᠯᠭᠡᠷᠡᠭᠦᠯᠦᠨ᠂ ᠪᠥᠬᠦ ᠤᠯᠤᠰ᠎ᠤᠨ ᠬᠠᠶᠠᠭᠳᠠᠮᠠᠯ ᠬᠠᠭᠤᠴᠢᠨ ᠬᠡᠷ᠎ᠤᠨ ᠴᠠᠬᠢᠯᠭ᠋ᠠᠨ ᠬᠡᠷᠡᠭᠰᠡᠯ ᠬᠡᠷ᠎ᠤᠨ ᠬᠡᠷᠡᠭᠰᠡᠯ᠎ᠢ ᠡᠭᠡᠭᠦᠯᠦᠨ ᠬᠤᠷᠢᠶᠠᠬᠤ ᠬᠡᠮᠵᠢᠶ᠎ᠡ ᠵᠢ 2023 ᠣᠨ᠎ᠤ᠎ᠬᠢ᠎ᠠᠴᠠ 15%᠎ᠠᠴᠠ ᠳᠡᠭᠡᠭᠰᠢ ᠨᠡᠮᠡᠭᠳᠡᠭᠦᠯᠵᠦ᠂ ᠬᠠᠶᠠᠭᠳᠠᠮᠠᠯ ᠬᠠᠭᠤᠴᠢᠨ ᠬᠡᠷ᠎ᠤᠨ ᠴᠠᠬᠢᠯᠭ᠋ᠠᠨ ᠬᠡᠷᠡᠭᠰᠡᠯ ᠬᠡᠷ᠎ᠤᠨ ᠬᠡᠷᠡᠭᠰᠡᠯ᠎ᠢ ᠵᠢᠷᠤᠮᠵᠢᠭᠤᠯᠤᠨ ᠡᠭᠡᠭᠦᠯᠦᠨ ᠬᠤᠷᠢᠶᠠᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠦᠨ᠎ᠡ ᠭᠡᠵᠦ ᠳᠤᠷᠠᠳᠪᠠ᠃

  《ᠮᠡᠳᠡᠭᠳᠡᠯ》᠎ᠨᠢ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠵᠢ ᠲᠡᠭᠦᠯᠳᠡᠷᠵᠢᠭᠦᠯᠬᠦ᠂ ᠡᠭᠡᠭᠦᠯᠦᠨ ᠬᠤᠷᠢᠶᠠᠬᠤ ᠭᠤᠤᠯ ᠴᠣᠭᠴᠠ ᠵᠢ ᠪᠤᠶ᠋ᠢᠵᠢᠭᠤᠯᠬᠤ᠂ ᠡᠭᠡᠭᠦᠯᠦᠨ ᠬᠤᠷᠢᠶᠠᠬᠤ ᠵᠠᠭᠪᠤᠷ᠎ᠤᠨ ᠰᠢᠨ᠎ᠡ ᠵᠢ ᠡᠭᠦᠳᠬᠦ᠂ ᠡᠭᠡᠭᠦᠯᠦᠨ ᠬᠤᠷᠢᠶᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠡᠷᠭᠡ ᠲᠠᠯ᠎ᠠ᠎ᠪᠠᠷ ᠪᠣᠳᠠᠲᠠᠶ ᠠᠵᠢᠯ᠎ᠤᠨ ᠡᠭᠦᠷᠭᠡ ᠵᠢ ᠳᠤᠷᠠᠳᠪᠠ᠃ ᠨᠢᠭᠡ᠎ᠳᠤ᠂ ᠡᠭᠡᠭᠦᠯᠦᠨ ᠬᠤᠷᠢᠶᠠᠬᠤ ᠰᠦᠯᠵᠢᠶᠡᠨ᠎ᠤ ᠲᠥᠯᠥᠪᠵᠢᠭᠦᠯᠭᠡ ᠵᠢᠨ ᠪᠠᠶ᠋ᠢᠷᠢᠯᠠᠭᠤᠯᠤᠯᠲᠠ ᠵᠢ ᠲᠡᠭᠦᠯᠳᠡᠷᠵᠢᠭᠦᠯᠬᠦ ᠲᠠᠯ᠎ᠠ᠎ᠪᠠᠷ᠂ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠵᠢ ᠵᠦᠶ ᠵᠣᠬᠢᠰᠲᠠᠶ ᠲᠥᠯᠥᠪᠵᠢᠭᠦᠯᠵᠦ᠂ ᠨᠡᠶ᠋ᠢᠭᠡᠮ ᠲᠣᠭᠤᠷᠢᠭ᠎ᠤᠨ ᠡᠭᠡᠭᠦᠯᠦᠨ ᠬᠤᠷᠢᠶᠠᠬᠤ ᠲᠣᠤᠷ ᠴᠡᠭ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠭᠡᠭᠦᠯᠦᠨ ᠬᠤᠷᠢᠶᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠬᠦ ᠬᠡᠷᠡᠭᠲᠡᠶ᠃  ᠬᠤᠶᠠᠷ᠎ᠲᠤ᠂ ᠤᠯᠠᠨ ᠡᠰᠢᠵᠢᠭᠰᠡᠨ᠂ ᠬᠡᠪᠴᠢᠶᠡᠵᠢᠭᠰᠡᠨ ᠡᠭᠡᠭᠦᠯᠦᠨ ᠬᠤᠷᠢᠶᠠᠬᠤ ᠭᠤᠣᠯ ᠴᠣᠭᠴᠠ ᠵᠢ ᠪᠤᠶ᠋ᠢᠵᠢᠭᠤᠯᠬᠤ ᠲᠠᠯ᠎ᠠ᠎ᠪᠠᠷ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠵᠢ ᠤᠷᠲᠤᠳᠬᠠᠵᠤ᠂ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠠᠷᠭ᠎ᠠ ᠵᠠᠮ᠎ᠤᠨ ᠳᠠᠪᠠᠭᠤᠯᠢᠭ᠎ᠢ ᠪᠠᠳᠠᠷᠠᠭᠤᠯᠵᠤ᠂ ᠡᠭᠡᠭᠦᠯᠦᠨ ᠬᠤᠷᠢᠶᠠᠬᠤ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢ ᠳᠡᠮᠵᠢᠬᠦ ᠬᠡᠷᠡᠭᠲᠡᠶ᠃ ᠭᠤᠷᠪᠠ᠎ᠳᠤ᠂ ᠡᠭᠡᠭᠦᠯᠦᠨ ᠬᠤᠷᠢᠶᠠᠬᠤ ᠵᠠᠭᠪᠤᠷ᠎ᠢ ᠰᠦᠪᠡᠭᠴᠢᠯᠡᠨ ᠰᠢᠨ᠎ᠡ ᠵᠢ ᠡᠭᠦᠳᠬᠦ ᠲᠠᠯ᠎ᠠ᠎ᠪᠠᠷ᠂ 《ᠢᠨᠲ᠋ᠧᠷ ᠰᠦᠯᠵᠢᠶ᠎ᠡ ᠵᠢ ᠡᠭᠡᠭᠦᠯᠦᠨ ᠬᠤᠷᠢᠶᠠᠬᠤ》 ᠵᠢ ᠬᠥᠭᠵᠢᠭᠦᠯᠦᠨ᠂ ᠵᠢᠷᠤᠮᠵᠢᠭᠰᠠᠨ 《ᠲᠡᠷᠭᠡ᠎ᠪᠠᠷ ᠬᠥᠮᠥᠷᠭᠡ ᠵᠢ ᠣᠷᠣᠯᠠᠭᠤᠯᠬᠤ》 ᠠᠵᠢᠯ ᠥᠷᠨᠢᠭᠦᠯᠬᠦ ᠵᠢ ᠳᠡᠮᠵᠢᠬᠦ ᠬᠡᠷᠡᠭᠲᠡᠶ᠃ ᠲᠦᠷᠪᠡ᠎ᠳᠤ᠂ ᠵᠢᠷᠤᠮᠵᠢᠭᠤᠯᠤᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠲᠠᠯ᠎ᠠ᠎ᠪᠠᠷ᠂ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ᠎ᠢ ᠵᠢᠷᠤᠮᠵᠢᠭᠤᠯᠤᠨ ᠰᠢᠢ᠍ᠳᠪᠦᠷᠢᠯᠡᠬᠦ ᠪᠠ ᠭᠠᠷ ᠳᠠᠮᠵᠢᠭᠰᠠᠨ ᠲᠠᠸᠠᠷ᠎ᠤᠨ ᠭᠦᠢ᠍ᠯᠭᠡᠭᠡ ᠵᠢ ᠠᠬᠢᠭᠤᠯᠬᠤ ᠬᠡᠷᠡᠭᠲᠡᠢ᠃

  《ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮᠵᠢ ᠵᠢᠨ ᠨᠡᠶ᠋ᠢᠲᠡᠯᠢᠭ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠵᠦᠭᠯᠡᠭᠦᠷ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠵᠤ᠂ ᠬᠠᠮᠢᠶ᠎ᠠ ᠪᠦᠬᠦᠢ ᠠᠵᠢᠯ᠎ᠤᠨ ᠵᠣᠬᠢᠶᠠᠨ ᠪᠠᠶ᠋ᠢᠭᠤᠯᠤᠯᠲᠠ ᠪᠠ ᠵᠢᠯᠣᠭᠣᠳᠣᠯᠭ᠎ᠠ ᠵᠢ ᠴᠢᠩᠭ᠋ᠠᠳᠬᠠᠨ᠎ᠠ᠃

   ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠪᠣᠳᠣᠯᠬᠢᠯᠠᠯ

   ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠣᠷᠣᠨ ᠨᠤᠲᠤᠭ᠎ᠲᠠᠢ ᠬᠠᠮᠲᠤᠷᠠᠨ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ᠄ ᠨᠢᠭᠡ᠎ᠳᠤ᠂ ᠪᠠᠷᠢᠮᠵᠢᠶ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠵᠢᠷᠤᠮᠵᠢᠯ᠂ ᠵᠢᠱ᠌ᠢᠭᠰᠡᠨ ᠦᠷᠳᠡᠭ᠎ᠢ ᠦᠨᠡᠯᠡᠬᠦ ᠲᠦᠷᠢᠮ ᠵᠡᠷᠭᠡ ᠰᠢᠷᠢᠰ ᠪᠠᠷᠢᠮᠵᠢᠶ᠎ᠠ ᠵᠢ ᠱᠠᠯᠠᠪᠳᠠᠨ ᠲᠣᠭᠲᠠᠭ᠋ᠠᠵᠤ ᠵᠠᠰᠠᠪᠤᠷᠢ ᠣᠷᠣᠭᠤᠯᠤᠨ᠎ᠠ; ᠬᠤᠶᠠᠷ᠎ᠲᠤ᠂ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠡᠯ᠎ᠡ ᠲᠦᠷᠦᠯ᠎ᠤᠨ ᠲᠦᠷᠦ ᠵᠢᠨ ᠪᠤᠳᠤᠯᠭ᠎ᠠ ᠵᠢᠨ ᠪᠠᠭ᠋ᠠᠵᠢ ᠵᠢ ᠰᠠᠶ᠋ᠢᠲᠤᠷ ᠬᠡᠷᠡᠭᠯᠡᠵᠦ᠂ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠤᠨ ᠪᠠᠶ᠋ᠢᠭᠤᠯᠤᠯᠲᠠ ᠵᠢ ᠳᠡᠮᠵᠢᠨ᠎ᠡ; ᠭᠤᠷᠪᠠ᠎ᠳᠤ᠂ ᠤᠬᠠᠭᠤᠯᠤᠨ ᠳᠡᠯᠭᠡᠷᠡᠭᠦᠯᠬᠦ ᠵᠢ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠮᠡᠳᠡᠯᠭᠡ ᠵᠢ ᠲᠦᠭᠡᠮᠡᠯᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶ᠋ᠢᠯᠠᠭ᠋ᠠᠭᠳᠠᠬᠤᠨ᠎ᠢ ᠤᠯᠠᠮᠵᠢᠯᠠᠨ᠎ᠠ᠃

 

ᠢᠷᠡᠯᠲᠡ᠄ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠤ ᠠᠯᠪᠠᠨ ᠬᠡᠷ
          
ᠬᠠᠮᠢᠶ᠎ᠡ ᠪᠦᠬᠦᠢ ᠰᠣᠨᠢᠨ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠥᠳᠡᠭᠡ ᠲᠣᠰᠬᠤᠨ᠎ᠤ ᠡᠯᠸᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠳᠤ ᠲᠠᠶ᠋ᠢᠯᠤᠮᠵᠢ ᠬᠢᠪᠠ
ᠤᠷᠤᠯᠭ᠎ᠠ᠎ᠲᠠᠢ ᠬᠦᠮᠦᠰ᠎ᠤᠨ ᠤᠷᠤᠯᠭ᠎ᠠ ᠵᠢ ᠪᠦᠳᠦᠮᠵᠢᠲᠠᠢ᠎ᠪᠠᠷ ᠨᠡᠮᠡᠭᠳᠡᠭᠦᠯᠬᠦ᠂ ᠳᠤᠮᠳᠠ ᠵᠡᠷᠭᠡ ᠵᠢᠨ ᠤᠷᠤᠯᠭ᠎ᠠ᠎ᠲᠠᠢ ᠬᠦᠮᠦᠰ᠎ᠤᠨ ᠬᠡᠪᠴᠢᠶ᠎ᠡ ᠵᠢ ᠳᠤᠭᠳᠠᠭᠤᠨ ᠦᠷᠭᠡᠳᠭᠡᠬᠦ᠂ ᠬᠡᠳᠦ ᠦᠨᠳᠦᠷ ᠤᠷᠤᠯᠭ᠎ᠠ ᠵᠢ ᠵᠦᠢ ᠵᠤᠬᠢᠰᠲᠠᠢ ᠳᠤᠬᠢᠷᠠᠭᠤᠯᠬᠤ ᠳᠦᠷᠢᠮ᠎ᠤᠨ ᠰᠢᠰᠲ᠋ᠧᠮ᠎ᠢ ᠶᠠᠭ᠋ᠠᠬᠢᠵᠤ ᠤᠶ᠋ᠢᠯᠠᠭ᠋ᠠᠬᠤ ᠪᠤᠢ?
ᠶᠠᠭᠤᠨ᠎ᠳᠤ ᠵᠣᠬᠢᠶᠠᠮᠠᠯ ᠤᠶᠤᠨᠴᠢ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠬᠤ ᠪᠤᠢ
ᠥᠭᠡᠷᠡᠴᠢᠯᠡᠯᠲᠡᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠳᠠᠯᠠᠬᠤ᠎ᠳᠤ ᠭᠣᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠣᠢ
ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠭᠤᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠤᠢ
 
            