ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠶᠠᠭᠤᠨ᠎ᠳᠤ ᠵᠣᠬᠢᠶᠠᠮᠠᠯ ᠤᠶᠤᠨᠴᠢ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠬᠤ ᠪᠤᠢ
ᠨᠡᠶ᠋ᠢᠲᠡᠯᠡᠭᠰᠡᠨ ᠴᠠᠭ᠄ 2024-11-07

   ᠰᠢᠨᠬᠤᠸᠠ ᠬᠣᠷᠢᠶᠠᠨ᠎ᠤ ᠪᠠᠭᠡᠵᠢᠩ᠎ᠤᠨ 11 ᠳ᠋ᠦ᠍ᠭᠡᠷ ᠰᠠᠷ᠎ᠠ ᠵᠢᠨ 5᠎ᠤ ᠡᠳᠦᠷ᠎ᠤᠨ ᠴᠠᠭᠢᠯᠭ᠋ᠠᠨ ᠮᠡᠳᠡᠭᠡ   ᠣᠢ᠍ᠭᠡᠷᠠᠴᠢᠯᠠᠯᠲᠠ ᠵᠢ ᠣᠯᠠᠮ ᠨᠢᠭᠡ ᠠᠯᠬᠣᠮ ᠪᠤᠢ᠍ᠭᠦ ᠲᠠᠯ᠎ᠠ᠎ᠪᠠᠷ ᠭᠦᠨᠵᠡᠭᠡᠢ᠌ᠷᠡᠭᠦᠯᠦᠨ᠂ ᠳᠣᠮᠲᠠᠲᠤ ᠤᠯᠤᠰ᠎ᠤᠨ ᠮᠠᠶᠢᠭ᠎ᠤᠨ ᠣᠲᠣᠭᠢᠴᠢᠯᠠᠯᠲᠠ ᠵᠢ ᠠᠭᠢᠭᠣᠯᠬᠤ ᠳᠣᠬᠠᠢ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠳᠣᠢ᠍ᠪ ᠬᠣᠷᠢᠶᠠᠨ᠎ᠤ ᠳᠣᠬᠲᠠᠭ᠋ᠠᠯ᠎ᠳᠤ ᠵᠤᠬᠢᠶᠠᠮᠠᠯ ᠣᠶᠣᠠᠴᠢᠯᠠᠬᠰᠠᠨ ᠠᠶᠣᠯᠭᠦᠢ ᠵᠢᠨ ᠬᠢᠨᠠᠯᠲᠠ ᠬᠠᠮᠢᠶᠠᠷᠣᠯᠲᠠ ᠵᠢᠨ ᠳᠣᠢ᠍ᠷᠢᠮ᠎ᠢ ᠪᠤᠢ ᠪᠤᠯᠭ᠋ᠠᠨ᠎ᠠ ᠬᠡᠵᠤ ᠳᠣᠷᠠᠲᠣᠬᠰᠠᠨ ᠪᠠᠢ᠍ᠢ᠍ᠨ᠎ᠠ᠃ ᠡᠨᠡ ᠪᠣᠯ ᠨᠠᠮ᠎ᠤᠨ ᠲᠥᠪ ᠬᠤᠷᠢᠶ᠎ᠠ᠎ᠠᠴᠠ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠵᠣᠬᠢᠶᠠᠮᠠᠯ ᠣᠶᠤᠨᠴᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠢᠳᠡᠪᠬᠢᠲᠡᠢ ᠠᠷᠭ᠋ᠠᠴᠠᠭ᠋ᠠᠵᠤ ᠭᠠᠷᠭ᠋ᠠᠭᠰᠠᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃

   ᠵᠣᠬᠢᠶᠠᠮᠠᠯ ᠤᠶᠤᠨᠴᠢ ᠪᠣᠯ ᠡᠨᠡ ᠬᠦ᠌ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢ ᠬᠦᠳᠦᠯᠦᠨ ᠳᠠᠭ᠋ᠠᠭᠤᠯᠬᠤ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠮᠡᠷᠭᠡᠵᠢᠯ ᠪᠣᠯᠤᠨ᠎ᠠ᠂ ᠳᠠᠶ᠋ᠢᠴᠢᠯᠠᠬᠤ ᠴᠢᠨᠠᠷ ᠵᠶ᠋ᠠᠷ ᠮᠠᠰᠢ ᠴᠢᠩᠭ᠎ᠠ 《ᠲᠦᠷᠦᠭᠦᠦ ᠭᠠᠯᠠᠭᠤ》 ᠵᠢᠨ ᠦᠢ᠍ᠯᠡᠳᠦᠯ᠎ᠲᠠᠢ ᠪᠠᠶ᠋ᠢᠵᠤ᠂ ᠶᠠᠭ ᠠᠵᠤ ᠠᠬᠤᠢ ᠵᠢᠨ ᠬᠥᠭᠵᠢᠯᠲᠡ᠂ ᠨᠡᠶ᠋ᠢᠭᠡᠮ᠎ᠤᠨ ᠲᠠᠪᠰᠢᠯᠳᠠ᠂ ᠤᠯᠠᠨ ᠤᠯᠤᠰ᠎ᠤᠨ ᠤᠯᠤᠰ ᠲᠦᠷᠦ ᠠᠵᠤ ᠠᠬᠤᠢ ᠵᠢᠨ ᠪᠠᠶ᠋ᠢᠷᠢᠰᠢᠯ ᠵᠡᠷᠭᠡ ᠲᠠᠯ᠎ᠠ᠎ᠪᠠᠷ ᠴᠢᠬᠤᠯᠠ ᠶᠡᠭᠡ ᠪᠥᠭᠡᠳ ᠠᠯᠤᠰ ᠬᠡᠳᠤ ᠵᠢᠨ ᠨᠥᠯᠥᠭᠡ ᠦᠵᠡᠭᠦᠯᠵᠦ ᠪᠠᠶ᠋ᠢᠨ᠎ᠠ᠃ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ ᠪᠣᠯ ᠮᠠᠨ᠎ᠤ ᠤᠯᠤᠰ᠎ᠤᠨ ᠶᠡᠷᠦᠩᠬᠡᠢ ᠴᠣᠭᠴᠠ ᠵᠢᠨ ᠤᠯᠤᠰ᠎ᠤᠨ ᠠᠮᠤᠷ ᠲᠦᠪᠰᠢᠨ᠎ᠤ ᠦᠵᠡᠯᠲᠡ ᠵᠢᠨ ᠤᠯᠠᠨ ᠬᠦᠷᠢᠶᠡᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃  ᠶᠡᠷᠦᠩᠬᠡᠶ ᠱᠦᠵᠢ ᠰᠢ ᠵᠢᠨ ᠫᠢᠩ ᠵᠣᠬᠢᠶᠠᠮᠠᠯ ᠣᠶᠤᠨᠴᠢ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ᠎ᠤ ᠬᠤᠪᠢᠰᠤᠩᠭᠤᠶ ᠨᠢᠭᠡᠳᠦᠯᠲᠡᠶ ᠬᠠᠷᠢᠴᠠᠭ᠎ᠠ᠂ ᠤᠯᠤᠰ᠎ᠤᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ ᠵᠡᠷᠭᠡ ᠵᠢᠨ ᠲᠣᠭᠤᠷᠢᠨ᠎ᠳᠤ ᠠᠯᠢ ᠣᠯᠠᠨ ᠴᠢᠬᠤᠯᠠ ᠥᠭᠦᠯᠡᠯᠲᠡ ᠬᠢᠵᠦ᠂ ᠵᠣᠬᠢᠶᠠᠮᠠᠯ ᠣᠶᠤᠨᠴᠢ ᠬᠥᠭᠵᠢᠯᠲᠡ ᠵᠢᠨ ᠳᠠᠯᠳᠠ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠰᠡᠷᠭᠡᠶ᠋ᠢᠯᠡᠬᠦ ᠵᠢ ᠴᠢᠩᠭ᠋ᠠᠳᠬᠠᠵᠤ᠂ ᠠᠷᠠᠳ ᠲᠦᠮᠡᠨ᠎ᠤ ᠠᠰᠢᠭ ᠲᠤᠰᠠ ᠪᠠ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠵᠣᠬᠢᠶᠠᠮᠠᠯ ᠣᠶᠤᠨᠴᠢ ᠠᠮᠤᠷ ᠲᠦᠪᠰᠢᠨ᠂ ᠨᠠᠶ᠋ᠢᠳᠠᠪᠤᠷᠢᠲᠠᠶ᠂ ᠡᠵᠡᠮᠳᠡᠵᠦ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

   ᠨᠢᠭᠡᠳᠦᠭᠡᠷ᠎ᠲᠤ᠂ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠬᠤ ᠪᠣᠯ ᠵᠣᠬᠢᠶᠠᠮᠠᠯ ᠤᠶᠤᠨᠴᠢ ᠴᠢᠳᠠᠪᠤᠷᠢ ᠵᠢᠨ ᠲᠦᠷᠭᠡᠨ ᠬᠥᠭᠵᠢᠯᠲᠡ ᠵᠢ ᠠᠷᠭ᠋ᠠᠴᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ 60 ᠭᠠᠷᠤᠶ ᠵᠢᠯ᠎ᠤᠨ ᠬᠤᠪᠢᠰᠤᠯᠲᠠ᠎ᠪᠠᠷ ᠳᠡᠮᠵᠢᠨ᠂ ᠪᠥᠬᠦ ᠪᠥᠮᠪᠥᠷᠴᠡᠭ᠎ᠤᠨ ᠵᠣᠬᠢᠶᠠᠮᠠᠯ ᠤᠶᠤᠨᠴᠢ ᠴᠢᠳᠠᠪᠤᠷᠢ ᠰᠢᠨ᠎ᠡ ᠨᠢᠭᠡ ᠡᠭᠡᠯᠵᠢ ᠵᠢᠨ ᠳᠡᠯᠪᠡᠷᠡᠯᠲᠡ ᠵᠢᠨ ᠬᠤᠭᠤᠴᠠᠭ᠋ᠠᠨ᠎ᠳᠤ ᠣᠷᠣᠵᠤ᠂ ᠶᠡᠭᠡ ᠵᠠᠭᠪᠤᠷ ᠪᠠ ᠪᠣᠶ ᠪᠣᠯᠭ᠋ᠠᠭᠰᠠᠨ ᠵᠣᠬᠢᠶᠠᠮᠠᠯ ᠤᠶᠤᠨᠴᠢ ᠴᠢᠳᠠᠪᠤᠷᠢ᠎ᠪᠠᠷ ᠲᠥᠯᠥᠭᠡᠯᠡᠭᠴᠢ ᠪᠣᠯᠭ᠋ᠠᠭᠰᠠᠨ ᠨᠡᠶ᠋ᠢᠳᠡᠮ ᠬᠡᠷᠡᠭᠯᠡᠬᠦ ᠵᠣᠬᠢᠶᠠᠮᠠᠯ ᠤᠶᠤᠨᠴᠢ ᠴᠢᠳᠠᠪᠤᠷᠢ᠎ᠪᠠᠷ ᠰᠢᠪᠲᠤᠯᠤᠯᠲᠠ ᠵᠢᠨ ᠴᠢᠨᠠᠷᠲᠠᠶ ᠠᠬᠢᠴᠠ᠎ᠲᠠᠢ ᠪᠣᠯᠵᠣ᠂ ᠵᠣᠬᠢᠶᠠᠮᠠᠯ ᠤᠶᠤᠨᠴᠢ ᠴᠢᠳᠠᠪᠤᠷᠢ ᠵᠢᠨ ᠬᠥᠭᠵᠢᠯᠲᠡ ᠵᠢᠨ ᠲᠡᠦᠬᠡᠨ ᠳᠡᠭᠡᠷᠡᠬᠢ ᠰᠢᠨ᠎ᠡ ᠪᠡᠯᠭᠡ ᠲᠡᠮᠳᠡᠭ ᠪᠣᠯᠤᠭᠰᠠᠨ ᠪᠠᠶ᠋ᠢᠨ᠎ᠠ᠃  ᠵᠣᠬᠢᠶᠠᠮᠠᠯ ᠤᠶᠤᠨᠴᠢ ᠴᠢᠳᠠᠪᠤᠷᠢ᠎ᠨᠢ ᠨᠥᠯᠥᠭᠡᠯᠡᠬᠦ ᠬᠡᠪᠴᠢᠶ᠎ᠡ᠎ᠪᠠᠷ ᠥᠷᠭᠡᠨ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ ᠪᠣᠯᠤᠭᠰᠠᠨ᠎ᠤ ᠬᠤᠪᠢ᠎ᠳᠤ᠂ ᠪᠠᠰᠠ ᠠᠵᠢᠯ ᠣᠯᠭᠤᠯᠲᠠ ᠵᠢᠨ ᠪᠦᠲᠦᠴᠡ ᠵᠢ ᠬᠤᠪᠢᠷᠠᠭᠤᠯᠬᠤ᠂ ᠬᠠᠤᠯᠢ ᠴᠠᠭ᠋ᠠᠵᠠ ᠬᠢᠭᠡᠳ ᠨᠡᠶ᠋ᠢᠭᠡᠮ᠎ᠤᠨ ᠶᠣᠰᠣ ᠮᠣᠷᠠᠯ᠎ᠢ ᠨᠥᠯᠦᠭᠡᠯᠡᠬᠦ᠂ ᠬᠤᠪᠢ ᠬᠥᠮᠦᠨ᠎ᠤ ᠨᠢᠭᠤᠴᠠ᠎ᠳᠤ ᠬᠠᠯᠳᠠᠬᠤ᠂ ᠣᠯᠠᠨ ᠤᠯᠤᠰ᠎ᠤᠨ ᠬᠠᠷᠢᠴᠠᠭ᠋ᠠᠨ᠎ᠤ ᠪᠠᠷᠢᠮᠵᠢᠶ᠎ᠠ᠎ᠳᠤ ᠥᠷᠢᠰᠥᠯᠳᠦᠬᠦ ᠵᠡᠷᠭᠡ ᠠᠰᠠᠭᠤᠳᠠᠯ᠎ᠢ ᠠᠪᠴᠢᠷᠠᠵᠤ᠂ ᠵᠠᠰᠠᠭ᠎ᠤᠨ ᠣᠷᠳᠣᠨ᠎ᠤ ᠬᠠᠮᠢᠶᠠᠷᠤᠯᠲᠠ᠂ ᠠᠵᠤ ᠠᠬᠤᠶ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ ᠴᠢᠨᠠᠭᠰᠢᠯᠠᠪᠠᠯ ᠪᠥᠬᠦ ᠪᠥᠮᠪᠥᠷᠴᠡᠭ᠎ᠤᠨ ᠵᠠᠰᠠᠯᠲᠠ᠎ᠳᠤ ᠠᠯᠤᠰ ᠬᠡᠲᠦ ᠵᠢᠨ ᠨᠥᠯᠥᠭᠡ ᠦᠵᠡᠭᠦᠯᠬᠦ ᠪᠣᠯᠤᠨ᠎ᠠ᠃ ᠡᠷᠬᠡᠪᠰᠢ ᠵᠣᠬᠢᠶᠠᠮᠠᠯ ᠤᠶᠤᠨᠴᠢ ᠴᠢᠳᠠᠪᠤᠷᠢ᠎ᠠᠴᠠ ᠪᠣᠯᠤᠭᠰᠠᠨ ᠠᠮᠤᠷ ᠲᠦᠪᠰᠢᠨ᠎ᠤ ᠠᠶᠤᠯ ᠲᠦᠭᠰᠢᠭᠦᠷᠢ ᠥᠷᠢᠰᠥᠯᠳᠦᠭᠡᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ᠎ᠪᠠᠷ ᠳᠠᠮᠵᠢᠭᠤᠯᠤᠨ ᠪᠠᠷᠠᠭ᠋ᠠᠯᠠᠯ᠎ᠤᠨ ᠤᠷᠢᠳᠴᠢᠯᠠᠨ ᠰᠡᠷᠭᠡᠶ᠋ᠢᠯᠡᠬᠦ ᠪᠠ ᠬᠢᠵᠠᠭ᠋ᠠᠷᠯᠠᠨ ᠬᠦᠳᠦᠯᠦᠨ ᠵᠢᠯᠣᠭᠤᠳᠴᠤ᠂ ᠠᠶᠤᠯ ᠲᠦᠭᠰᠢᠭᠦᠷᠢ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃

   ᠬᠤᠶᠠᠳᠤᠭ᠋ᠠᠷ᠎ᠲᠤ᠂ ᠵᠣᠬᠢᠶᠠᠮᠠᠯ ᠤᠶᠤᠨ ᠴᠢᠳᠠᠪᠤᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠴᠢᠨᠠᠷ ᠰᠠᠶ᠋ᠢᠲᠠᠢ ᠬᠥᠭᠵᠢᠯᠲᠡ᠎ᠨᠢ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠪᠣᠯᠪᠠ᠂ ᠬᠠᠷᠢᠨ ᠵᠣᠬᠢᠶᠠᠮᠠᠯ ᠤᠶᠤᠨᠴᠢ ᠴᠢᠳᠠᠪᠤᠷᠢ ᠪᠣᠯ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢᠨ ᠴᠢᠬᠤᠯᠠ ᠬᠥᠳᠡᠯᠭᠡᠭᠦᠷ ᠪᠣᠯᠤᠨ᠎ᠠ᠃   ᠵᠣᠬᠢᠶᠠᠮᠠᠯ ᠣᠶᠤᠨᠴᠢ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ᠂ ᠬᠥᠮᠦᠨ ᠲᠥᠷᠥᠯᠬᠢᠲᠡᠨ᠎ᠤ ᠲᠡᠦᠬᠡᠨ ᠳᠡᠭᠡᠷᠡᠬᠢ 《ᠤᠷᠢᠳᠠᠪᠠᠷ ᠬᠥᠭᠵᠢᠭᠦᠯᠵᠦ᠂ ᠳᠠᠷᠠᠭ᠎ᠠ᠎ᠳᠤᠨᠢ ᠵᠠᠰᠠᠬᠤ》 ᠭᠦᠨᠵᠡᠭᠡᠢ ᠰᠤᠷᠭ᠋ᠠᠮᠵᠢ ᠵᠢ ᠰᠢᠩᠭᠡᠭᠡᠨ ᠠᠪᠴᠤ᠂ ᠵᠣᠬᠢᠶᠠᠮᠠᠯ ᠤᠶᠤᠨᠴᠢ ᠴᠢᠳᠠᠪᠤᠷᠢ ᠭᠡᠬᠦ ᠡᠨᠡ ᠬᠦ᠌ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ᠎ᠳᠤ ᠣᠷᠣᠰᠢᠵᠤ ᠮᠡᠳᠡᠬᠦ᠎ᠳᠤ ᠪᠡᠷᠬᠡᠲᠡᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠭᠦᠢ᠍ᠴᠡᠳ ᠲᠠᠨᠢᠬᠤ ᠪᠠ ᠦᠨᠡᠯᠡᠨ ᠵᠢᠱ᠌ᠢᠵᠦ᠂ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠪᠠᠷ ᠳᠠᠮᠵᠢᠭᠤᠯᠵᠤ᠂ 《ᠨᠢᠭᠡ ᠲᠠᠯ᠎ᠠ᠎ᠪᠠᠷ ᠬᠥᠭᠵᠢᠭᠦᠯᠬᠦ᠂ ᠨᠢᠭᠡ ᠲᠠᠯ᠎ᠠ᠎ᠪᠠᠷ ᠵᠠᠰᠠᠬᠤ》 ᠵᠢ ᠪᠡᠶᠡᠯᠡᠭᠦᠯᠵᠦ᠂ ᠵᠣᠬᠢᠶᠠᠮᠠᠯ ᠣᠶᠤᠨᠴᠢ ᠪᠠᠶ᠋ᠢᠯᠳᠤᠬᠤ ᠪᠤᠳᠤᠯᠭ᠎ᠠ ᠵᠢᠨ ᠰᠤᠳᠤᠯᠭ᠋ᠠᠨ᠂ ᠪᠠᠷᠠᠯᠠᠯᠲᠦ ᠤᠷᠢᠳᠴᠢᠯᠠᠨ ᠰᠡᠷᠭᠡᠶ᠋ᠢᠯᠡᠬᠦ ᠪᠠ ᠬᠢᠵᠠᠭ᠋ᠠᠷᠯᠠᠨ ᠵᠢᠯᠣᠭᠤᠳᠬᠤ᠎ᠪᠠᠨ ᠴᠢᠩᠭ᠋ᠠᠳᠬᠠᠵᠤ᠂ ᠮᠡᠷᠭᠡᠵᠢᠯ ᠪᠣᠯᠤᠨ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠵᠢ ᠣᠨᠣᠪᠴᠢᠲᠠᠢ ᠡᠵᠡᠮᠳᠡᠵᠦ᠂ 《ᠨᠤᠷᠠᠭ᠋ᠠᠯᠲᠠ ᠵᠢᠨ ᠴᠢᠨᠠᠷᠲᠠᠢ ᠰᠢᠨ᠎ᠡ ᠵᠢ ᠡᠭᠦᠳᠬᠦ》 ᠨᠢᠭᠡ ᠪᠦᠷᠢ ᠵᠢᠨ ᠣᠷᠣᠰᠢᠵᠤ ᠮᠡᠳᠡᠬᠦ ᠳᠤᠲᠠᠭᠳᠠᠯ ᠪᠤᠶᠤ ᠪᠠᠯᠠᠷᠬᠠᠢ ᠵᠢ ᠭᠦᠢ᠍ᠴᠡᠳ ᠲᠠᠨᠢᠵᠤ ᠦᠨᠡᠯᠡᠬᠦ ᠵᠢᠨ ᠬᠠᠮᠲᠤ ᠴᠠᠭ ᠲᠤᠬᠠᠢ᠎ᠳᠤᠨᠢ ᠰᠢᠢ᠍ᠳᠪᠦᠷᠢᠯᠡᠵᠦ᠂ ᠵᠣᠬᠢᠶᠠᠮᠠᠯ ᠣᠶᠤᠨᠴᠢ ᠴᠢᠳᠠᠪᠤᠷᠢ ᠵᠢᠨ ᠠᠮᠤᠷ ᠲᠦᠪᠰᠢᠨ᠂ ᠨᠠᠶ᠋ᠢᠳᠠᠪᠤᠷᠢᠲᠠᠢ᠂ ᠡᠵᠡᠮᠳᠡᠵᠦ ᠪᠣᠯᠬᠤ ᠵᠢ ᠪᠠᠲᠤᠯᠠᠬᠤ ᠬᠡᠷᠡᠭᠲᠡᠢ᠃

   ᠭᠤᠷᠪᠠᠳᠤᠭ᠋ᠠᠷ᠎ᠲᠤ᠂ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠬᠤ ᠪᠣᠯ ᠵᠣᠬᠢᠶᠠᠮᠠᠯ ᠤᠶᠤᠨᠴᠢ ᠴᠢᠳᠠᠪᠤᠷᠢ ᠵᠢᠨ ᠪᠦᠬᠦ ᠪᠥᠮᠪᠥᠷᠴᠡᠭ᠎ᠤᠨ ᠵᠠᠰᠠᠯᠲᠠ᠎ᠳᠤ ᠣᠷᠣᠯᠴᠠᠬᠤ ᠪᠠ ᠬᠦᠳᠦᠯᠥᠨ ᠳᠠᠭ᠋ᠠᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠵᠣᠬᠢᠶᠠᠮᠠᠯ ᠤᠶᠤᠨᠴᠢ ᠴᠢᠳᠠᠪᠤᠷᠢ᠎ᠨᠢ ᠪᠦᠬᠦ ᠬᠥᠮᠦᠨ ᠲᠥᠷᠥᠯᠬᠢᠲᠡᠨ᠎ᠤ ᠬᠤᠪᠢ ᠵᠠᠶᠠᠭ᠎ᠠ᠎ᠲᠠᠢ ᠬᠣᠯᠪᠣᠭᠳᠠᠵᠤ᠂ ᠡᠯ᠎ᠡ ᠤᠯᠤᠰ ᠵᠣᠬᠢᠶᠠᠮᠠᠯ ᠣᠶᠤᠨ ᠴᠢᠳᠠᠪᠤᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠨᠡᠢ᠌ᠳᠡᠮ ᠴᠢᠬᠤᠯᠠᠴᠢᠯᠠᠨ᠎ᠠ᠃ ᠠᠮᠧᠷᠢᠺᠠ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ᠎ᠤ ᠪᠠᠷᠢᠮᠵᠢᠶ᠎ᠠ ᠵᠢ ᠲᠣᠭᠲᠠᠭ᠋ᠠᠵᠤ᠂ ᠧᠦ᠋ᠷᠣᠫᠠ ᠵᠢᠨ ᠬᠣᠯᠪᠣᠭ᠎ᠠ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠬᠠᠤᠯᠢ ᠲᠣᠭᠲᠠᠭ᠋ᠠᠯ᠎ᠢ ᠲᠣᠭᠲᠠᠭ᠋ᠠᠵᠤ᠂ ᠠᠩᠭ᠍ᠯᠢ ᠳᠡᠯᠡᠬᠡᠢ ᠵᠢᠨ ᠠᠩᠬᠠᠳᠤᠭ᠋ᠠᠷ ᠬᠤᠭᠤᠴᠠᠭ᠋ᠠᠨ᠎ᠤ ᠵᠣᠬᠢᠶᠠᠮᠠᠯ ᠣᠶᠤᠨ ᠴᠢᠳᠠᠪᠤᠷᠢ ᠵᠢᠨ ᠠᠮᠤᠷ ᠲᠦᠪᠰᠢᠨ᠎ᠤ ᠲᠦᠷᠦᠭᠦᠴᠦᠳ᠎ᠤᠨ ᠬᠤᠷᠠᠯ᠎ᠢ ᠬᠤᠷᠠᠯᠳᠤᠭᠤᠯᠵᠤ᠂ ᠣᠯᠠᠨ ᠤᠯᠤᠰ᠎ᠤᠨ ᠬᠠᠮᠲᠤᠷᠠᠯᠴᠠᠭ᠎ᠠ᠎ᠪᠠᠷ ᠳᠠᠮᠵᠢᠭᠤᠯᠤᠨ ᠵᠣᠬᠢᠶᠠᠮᠠᠯ ᠣᠶᠤᠨ ᠴᠢᠳᠠᠪᠤᠷᠢ ᠵᠢᠨ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠵᠢ ᠤᠷᠢᠶᠠᠯᠠᠵᠠᠢ᠃  ᠮᠠᠨ᠎ᠤ ᠤᠯᠤᠰ ᠪᠣᠯ ᠵᠣᠬᠢᠶᠠᠮᠠᠯ ᠣᠶᠤᠨᠴᠢ ᠲᠣᠮᠣ ᠤᠯᠤᠰ ᠮᠥᠨ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠣᠯᠠᠨ ᠤᠯᠤᠰ᠎ᠤᠨ ᠵᠣᠭᠰᠣᠯᠲᠠ ᠪᠢᠴᠢᠭ ᠮᠠᠲ᠋ᠧᠷᠢᠶᠠᠯ᠎ᠢ ᠲᠠᠰᠤᠷᠠᠯᠲᠠ ᠥᠬᠡᠶ ᠨᠡᠶ᠋ᠢᠲᠡᠯᠡᠵᠦ᠂ ᠡᠯ᠎ᠡ ᠭᠤᠤᠯ ᠪᠣᠯᠬᠤ ᠤᠯᠤᠰ᠎ᠤᠳ᠎ᠲᠠᠢ ᠵᠣᠬᠢᠶᠠᠮᠠᠯ ᠤᠶᠤᠨᠴᠢ ᠴᠢᠳᠠᠪᠤᠷᠢ ᠵᠢᠨ ᠠᠮᠤᠷ ᠲᠦᠪᠰᠢᠨ᠎ᠤ ᠲᠤᠬᠠᠶ ᠨᠡᠪᠲᠡᠷᠡᠯᠴᠡᠭᠡ ᠰᠣᠯᠢᠯᠴᠠᠭ᠎ᠠ᠂ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠢᠳᠡᠪᠬᠢᠲᠡᠶ ᠥᠷᠨᠢᠭᠦᠯᠪᠡ᠃ 2023 ᠣᠨ᠎ᠤ 10 ᠳ᠋ᠤᠭ᠋ᠠᠷ ᠰᠠᠷ᠎ᠠ᠎ᠳᠤ᠂ ᠲᠡᠷᠢᠭᠦᠯᠡᠭᠴᠢ ᠰᠢ ᠵᠢᠨ ᠫᠢᠩ 《ᠪᠦᠬᠦ ᠪᠥᠮᠪᠥᠷᠴᠡᠭ᠎ᠤᠨ ᠵᠣᠬᠢᠶᠠᠮᠠᠯ ᠤᠶᠤᠨᠴᠢ ᠴᠢᠳᠠᠪᠤᠷᠢ ᠵᠢᠨ ᠵᠠᠰᠠᠯᠲᠠ ᠵᠢᠨ ᠰᠠᠨᠠᠭ᠋ᠠᠴᠢᠯᠠᠭ᠎ᠠ》 ᠵᠢ ᠳᠤᠷᠠᠳᠴᠤ᠂ ᠬᠥᠮᠦᠨ ᠵᠶ᠋ᠠᠷ ᠦᠨᠳᠦᠰᠦ ᠪᠣᠯᠭ᠋ᠠᠬᠤ᠂ ᠣᠶᠤᠨᠴᠢ᠎ᠪᠠᠷ ᠪᠤᠶᠠᠨ ᠦᠢ᠍ᠯᠡᠳᠬᠦ ᠨᠡᠶ᠋ᠢᠳᠡᠮ᠎ᠤᠨ ᠬᠠᠮᠲᠤ ᠵᠢᠨ ᠲᠠᠨᠢᠯᠲᠠ ᠵᠢ ᠰᠠᠨᠠᠭ᠋ᠠᠴᠢᠯᠠᠵᠤ᠂ ᠡᠷᠬᠡ ᠲᠡᠭᠰᠢ ᠬᠠᠷᠢᠯᠴᠠᠨ ᠠᠰᠢᠭᠲᠠᠢ    ᠪᠠᠶ᠋ᠢᠬᠤ᠂ ᠬᠥᠮᠦᠨ ᠲᠥᠷᠥᠯᠬᠢᠲᠡᠨ᠎ᠤ ᠡᠷᠬᠡ ᠠᠰᠢᠭ᠎ᠢ ᠬᠦᠨᠳᠦᠳᠬᠡᠬᠦ ᠦᠷᠳᠡᠭ᠎ᠤᠨ ᠣᠶ᠋ᠢᠯᠠᠭ᠋ᠠᠭᠳᠠᠬᠤᠨ᠎ᠢ ᠪᠠᠳᠠᠷᠠᠭᠤᠯᠵᠤ᠂ ᠡᠯ᠎ᠡ ᠲᠠᠯ᠎ᠠ ᠵᠢᠨ᠎ᠬᠢᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ ᠪᠣᠯᠤᠨ ᠵᠠᠰᠠᠯᠲᠠ ᠵᠢᠨ ᠠᠰᠠᠭᠤᠳᠠᠯ᠎ᠳᠤ ᠪᠦᠲᠦᠭᠡᠯᠴᠢ ᠴᠢᠨᠠᠷᠲᠠᠢ ᠰᠢᠢ᠍ᠳᠪᠦᠷᠢᠯᠡᠬᠦ ᠰᠡᠳᠬᠢᠴᠡ   ᠬᠠᠩᠭ᠋ᠠᠵᠤ᠂ ᠬᠤᠯᠪᠣᠭᠳᠠᠯ ᠪᠦᠬᠦᠢ ᠤᠯᠠᠨ ᠤᠯᠤᠰ᠎ᠤᠨ ᠶᠠᠷᠢᠯᠴᠠᠭ᠎ᠠ ᠪᠣᠯᠤᠨ ᠲᠦᠷᠢᠮ᠎ᠢ ᠲᠣᠭᠲᠠᠭ᠋ᠠᠬᠤ᠎ᠳᠤ ᠦᠯᠢᠭᠡᠷ ᠳᠠᠭᠤᠷᠢᠶᠠᠯ ᠦᠵᠡᠭᠦᠯᠪᠡ᠃ ᠪᠢᠳᠡ ᠬᠠᠷᠢᠭᠤᠴᠠᠯᠭ᠎ᠠ᠎ᠲᠠᠢ ᠲᠤᠮᠤ ᠤᠯᠤᠰ᠎ᠤᠨ ᠢᠳᠡᠪᠬᠢ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠦᠳᠦᠯᠦᠨ ᠳᠠᠭ᠋ᠠᠭᠤᠯᠬᠤ᠎ᠪᠠᠨ ᠴᠢᠩᠭ᠋ᠠᠳᠬᠠᠵᠤ᠂ ᠵᠣᠬᠢᠶᠠᠮᠠᠯ ᠤᠶᠤᠨᠴᠢ ᠴᠢᠳᠠᠪᠤᠷᠢ ᠵᠢᠨ ᠡᠷᠡᠭᠦᠯ ᠵᠶ᠋ᠠᠷ ᠬᠥᠭᠵᠢᠬᠦ ᠵᠢ ᠪᠠᠲᠤᠯᠠᠬᠤ᠎ᠳᠤ ᠳᠤᠮᠳᠠᠳᠤ ᠤᠯᠤᠰ᠎ᠤᠨ ᠲᠥᠰᠦᠯ᠎ᠢ ᠲᠠᠰᠤᠷᠠᠯᠳᠠ ᠦᠭᠡᠢ ᠬᠠᠩᠭ᠋ᠠᠵᠤ᠂ ᠵᠣᠬᠢᠶᠠᠮᠠᠯ ᠤᠶᠤᠨᠴᠢ ᠴᠢᠳᠠᠪᠤᠷᠢ ᠵᠢᠨ ᠲᠠᠯ᠎ᠠ᠎ᠪᠠᠷ 《ᠵᠢᠵᠢᠭ ᠬᠦᠷᠢᠶ᠎ᠡ ᠥᠨᠳᠥᠷ ᠬᠡᠷᠡᠮ》 ᠭᠠᠷᠭ᠋ᠠᠬᠤ ᠵᠢ ᠡᠰᠡᠷᠭᠦᠴᠡᠵᠦ᠂ ᠡᠯ᠎ᠡ ᠲᠠᠯ᠎ᠠ ᠵᠢᠨ᠎ᠬᠢᠨ᠎ᠤ ᠮᠡᠷᠭᠡᠵᠢᠯ᠎ᠢ ᠬᠠᠮᠲᠤ᠎ᠪᠠᠷ ᠡᠳ᠋ᠯᠡᠬᠦ᠎ᠪᠠᠨ ᠴᠢᠩᠭ᠋ᠠᠳᠬᠠᠬᠤ ᠵᠢ ᠠᠬᠢᠭᠤᠯᠵᠤ᠂ ᠤᠶᠤᠨ ᠤᠬᠠᠭ᠋ᠠᠨ᠎ᠤ ᠵᠦᠷᠢᠶ᠎ᠡ ᠵᠢ ᠴᠢᠷᠮᠠᠶ᠋ᠢᠨ ᠨᠡᠶ᠋ᠢᠳᠬᠡᠵᠦ᠂ ᠪᠦᠬᠦ ᠪᠥᠮᠪᠥᠷᠴᠡᠭ᠎ᠤᠨ ᠵᠣᠬᠢᠶᠠᠮᠠᠯ ᠤᠶᠤᠨᠴᠢ ᠴᠢᠳᠠᠪᠤᠷᠢ ᠵᠢᠨ ᠡᠮᠬᠢ ᠳᠢᠭᠯᠢᠮ᠎ᠲᠠᠢ ᠠᠮᠤᠷ ᠲᠦᠪᠰᠢᠨ ᠬᠥᠭᠵᠢᠯᠲᠡ ᠵᠢ ᠬᠠᠮᠲᠤ᠎ᠪᠠᠷ ᠠᠬᠢᠭᠤᠯᠵᠤ᠂ ᠵᠣᠬᠢᠶᠠᠮᠠᠯ ᠤᠶᠤᠨᠴᠢ ᠴᠢᠳᠠᠪᠤᠷᠢ ᠵᠢᠨ ᠢᠮᠠᠭᠲᠠ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠠᠪᠰᠢᠯᠳᠠ᠎ᠳᠤ ᠠᠰᠢᠭᠲᠠᠢ ᠴᠢᠭᠯᠡᠯ ᠲᠡᠶ᠋ᠢᠰᠢ ᠬᠥᠭᠵᠢᠬᠦ ᠵᠢ ᠪᠠᠲᠤᠯᠠᠬᠤ ᠬᠡᠷᠡᠭᠲᠡᠢ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠥᠭᠡᠷᠡᠴᠢᠯᠡᠯᠲᠡᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠳᠠᠯᠠᠬᠤ᠎ᠳᠤ ᠭᠣᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠣᠢ
ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠭᠤᠣᠯᠳᠠᠭᠤ ᠶᠠᠮᠠᠷ ᠶᠠᠮᠠᠷ ᠱᠠᠭ᠋ᠠᠷᠳᠠᠯᠭ᠎ᠠ ᠪᠠᠶ᠋ᠢᠬᠤ ᠪᠤᠢ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠦᠢ᠍ᠯᠡᠴᠢᠯᠡᠬᠡᠨ᠎ᠤ ᠠᠷᠠᠯᠵᠢᠶᠠᠨ᠎ᠤ ᠵᠤᠷᠭ᠋ᠠᠨ᠎ᠤ ᠬᠠᠷᠢᠭᠤᠴᠠᠯᠭ᠋ᠠᠲᠠᠨ 《ᠢᠳᠡᠭᠡᠨ ᠤᠮᠳᠠᠭ᠋ᠠᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠳᠤ ᠲᠠᠢ᠌ᠯᠤᠮᠵᠢ ᠬᠢᠪᠡ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠨᠢᠭᠡ)
 
            