ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-08-30

   ᠣᠶ᠋ᠢᠷ᠎ᠠ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠠᠮᠢ ᠠᠬᠤᠶ ᠵᠢᠨ ᠣᠷᠴᠢᠨ ᠲᠣᠭᠤᠷᠢᠨ᠎ᠤ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠤᠯᠤᠰ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠲᠣᠪᠴᠢᠶ᠎ᠠ ᠬᠠᠮᠲᠤᠷᠠᠨ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠵᠢ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ ᠡᠳᠦᠭᠡ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠥᠬᠦᠶ ᠠᠭᠤᠯᠭ᠎ᠠ ᠵᠢᠨ ᠲᠠᠶ᠋ᠢᠯᠤᠮᠵᠢ ᠬᠢᠪᠠ᠃

   ᠨᠢᠭᠡ᠂ 《ᠬᠡᠷᠡᠭᠵᠢᠭᠦᠯᠬᠦ ᠲᠥᠰᠦᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠭᠤᠤᠯ ᠠᠭᠤᠯᠭ᠎ᠠ᠎ᠨᠢ ᠶᠠᠭᠤ ᠪᠣᠶ?

   ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠶᠤᠯᠭᠦᠶ ᠦᠢ᠍ᠯᠡᠳᠪᠦᠷᠢᠯᠡᠯ᠎ᠤᠨ ᠵᠥᠪᠯᠡᠯ᠎ᠠᠴᠠ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠮᠤᠷ ᠲᠦᠪᠰᠢᠨ᠎ᠤ ᠳᠡᠯᠳᠡ ᠭᠡᠮ᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠮᠤᠷ ᠲᠦᠪᠰᠢᠨ᠎ᠤ ᠳᠠᠯᠳᠠ ᠭᠡᠮ᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠨᠥᠬᠦᠴᠡᠯ᠎ᠲᠠᠢ ᠭᠠᠵᠠᠷ ᠣᠷᠣᠨ᠎ᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠵᠢ ᠵᠣᠷᠢᠭᠵᠢᠭᠤᠯᠤᠨ᠎ᠠ᠃  7 ᠳ᠋ᠤᠭ᠋ᠠᠷ ᠰᠠᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ 《ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠭᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠲᠠᠷᠬᠠᠭ᠋ᠠᠵᠤ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠡᠮᠵᠢᠬᠦ ᠬᠦᠷᠢᠶ᠎ᠡ ᠬᠡᠪᠴᠢᠶᠡᠨ᠎ᠳᠤ ᠣᠷᠣᠭᠤᠯᠪᠠ᠃ ᠳᠡᠭᠡᠷ᠎ᠡ ᠳᠤᠷᠠᠳᠤᠭᠰᠠᠨ ᠲᠥᠷᠥ ᠵᠢᠨ ᠪᠣᠳᠣᠯᠭ᠎ᠠ ᠵᠢᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ ᠬᠠᠮᠲᠤᠷᠠᠨ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠢ   ᠨᠡᠶ᠋ᠢᠲᠡᠯᠡᠵᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ ᠥᠷᠨᠢᠭᠦᠯᠬᠦ ᠵᠢ ᠠᠬᠢᠭᠤᠯᠪᠠ᠃

  《ᠬᠡᠷᠡᠭᠵᠢᠭᠦᠯᠬᠦ ᠲᠥᠰᠦᠯ》᠎ᠨᠢ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠡᠭᠦᠳᠡᠨ᠎ᠠᠴᠠ ᠡᠭᠦᠰᠴᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠮᠤᠷ ᠲᠦᠪᠰᠢᠨ᠎ᠤ ᠳᠠᠯᠳᠠ ᠭᠡᠮ᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠠᠵᠢᠯᠯᠠᠭ᠎ᠠ ᠵᠢᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠦᠢ᠍ᠯᠡᠳᠪᠦᠷᠢᠯᠡᠬᠦ᠂ ᠪᠣᠷᠣᠯᠠᠭᠤᠯᠬᠤ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠡᠷᠭᠡ ᠭᠤᠭᠴᠤᠭ᠎ᠠ᠎ᠠᠴᠠ ᠴᠢᠨᠠᠷ ᠰᠠᠶ᠋ᠢᠲᠠᠶ ᠦᠢ᠍ᠯᠡᠳᠭᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠴᠢᠩᠭ᠋ᠠᠳᠬᠠᠬᠤ᠂ ᠪᠣᠷᠣᠯᠠᠭᠤᠯᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠥᠷᠨᠢᠭᠦᠯᠬᠦ᠂ ᠬᠠᠭᠤᠴᠢᠨ ᠵᠶ᠋ᠠᠷ ᠰᠢᠨ᠎ᠡ ᠵᠢ ᠰᠣᠯᠢᠵᠤ ᠠᠷᠠᠳ᠎ᠲᠤ ᠠᠰᠢᠭ ᠬᠦᠷᠲᠡᠭᠡᠬᠦ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠵᠡᠷᠭᠡ ᠭᠤᠤᠯᠳᠠᠯᠭ᠎ᠠ᠎ᠲᠠᠢ ᠡᠭᠦᠷᠭᠡ ᠵᠢ ᠳᠤᠷᠠᠳᠬᠤ ᠵᠢᠨ ᠬᠠᠮᠲᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂ ᠪᠠᠯᠠ ᠮᠥᠩᠭᠦ ᠵᠢᠨ ᠬᠥᠲᠥᠯᠦᠨ ᠵᠢᠯᠣᠭᠤᠳᠬᠤ ᠦᠢ᠍ᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠤᠨ᠂ ᠬᠡᠷᠡᠭᠯᠡᠭᠴᠢᠳ᠎ᠤᠨ ᠬᠤᠪᠢ ᠬᠥᠮᠦᠨ᠎ᠤ ᠨᠡᠷ᠎ᠡ ᠳᠣᠤᠷᠠᠬᠢ ᠬᠠᠭᠤᠴᠢᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠢᠷᠢ ᠲᠡᠩᠴᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠪᠣᠯᠭ᠋ᠠᠨ ᠰᠢᠨᠡᠳᠬᠡᠬᠦ ᠵᠢ ᠠᠬᠢᠭᠤᠯᠵᠤ᠂ ᠠᠮᠤᠷ ᠲᠦᠪᠰᠢᠨ᠎ᠤ ᠳᠡᠯᠳᠡ ᠭᠡᠮ᠎ᠢ ᠪᠠᠭᠤᠷᠠᠭᠤᠯᠪᠠ᠃ ᠡᠭᠦᠨ᠎ᠤ ᠬᠠᠮᠲᠤ ᠪᠠᠰᠠ ᠡᠯ᠎ᠡ ᠭᠠᠵᠠᠷ᠎ᠤᠨ᠎ᠬᠢᠨ᠎ᠢ ᠠᠵᠢᠯ᠎ᠤᠨ ᠲᠣᠭᠲᠠᠴᠠ᠎ᠪᠠᠨ ᠪᠦᠷᠢᠨᠰᠢᠬᠦᠯᠵᠦ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠴᠢᠩᠭ᠋ᠠᠳᠬᠠᠨ᠂ ᠲᠣᠭᠲᠠᠭ᠋ᠠᠯ᠎ᠳᠤ ᠨᠡᠶ᠋ᠢᠴᠡᠬᠦ ᠡᠵᠡᠩᠨᠡᠯᠲᠡ ᠵᠢᠨ ᠤᠬᠠᠮᠰᠠᠷ ᠵᠶ᠋ᠠᠨ ᠴᠢᠩᠭ᠋ᠠᠳᠬᠠᠬᠤ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠱᠠᠭ᠋ᠠᠷᠳᠠᠪᠠ᠃

   ᠬᠤᠶᠠᠷ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ᠎ᠨᠢ ᠬᠡᠷᠡᠭᠯᠡᠭᠴᠢᠳ᠎ᠲᠤ ᠬᠡᠷᠬᠢᠨ ᠦᠢ᠍ᠯᠡᠴᠢᠯᠡᠬᠦ ᠪᠣᠶ?

  《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ᠎ᠨᠦᠭᠦᠳ》᠎ᠤᠨ ᠵᠣᠷᠢᠭ ᠰᠠᠨᠠᠭ᠎ᠠ ᠶᠣᠰᠣᠭ᠋ᠠᠷ᠂ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ᠂ ᠪᠣᠳᠠᠲᠠᠶ ᠳᠡᠮᠵᠢᠬᠦ ᠵᠣᠭᠤᠰ᠎ᠤᠨ ᠲᠤᠭ᠎ᠠ ᠪᠠ ᠠᠷᠭ᠎ᠠ ᠮᠠᠶᠢᠭ᠎ᠢ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠬᠤ ᠵᠡᠷᠭᠡ ᠪᠤᠯᠤᠨ᠎ᠠ᠃

   ᠡᠯ᠎ᠡ ᠭᠠᠵᠠᠷ᠎ᠤᠨ᠎ᠬᠢᠨ ᠬᠤᠪᠢ ᠬᠥᠮᠦᠨ᠎ᠤ ᠨᠡᠷ᠎ᠡ ᠳᠣᠤᠷᠠᠬᠢ ᠬᠠᠭᠤᠴᠢᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠵᠢᠨ ᠬᠠᠮᠲᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠰᠣᠯᠢᠵᠤ ᠬᠤᠳᠠᠯᠳᠤᠨ ᠠᠪᠬᠤ ᠬᠡᠷᠡᠭᠯᠡᠭᠴᠢᠳ᠎ᠲᠤ ᠨᠥᠬᠦᠪᠥᠷᠢ ᠣᠯᠭᠤᠵᠤ᠂ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠎ᠤᠨ ᠦᠢ᠍ᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠵᠢ ᠵᠣᠷᠢᠭᠵᠢᠭᠤᠯᠤᠨ᠎ᠠ᠃ ᠰᠣᠯᠢᠵᠤ ᠬᠤᠳᠠᠯᠳᠤᠨ ᠠᠪᠤᠭᠰᠠᠨ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠳᠤᠭᠤᠶ ᠲᠡᠷᠭᠡ ᠵᠢᠨ ᠳ᠋ᠢᠶᠠᠨ ᡂᠢ ᠪᠠᠰᠠ 《ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ᠎ᠤᠨ ᠠᠶᠤᠯᠭᠦᠶ ᠵᠢᠨ ᠮᠡᠷᠭᠡᠵᠢᠯ᠎ᠤᠨ ᠵᠢᠷᠤᠮᠵᠢᠯ》 (GB43854)᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

   ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠪᠠᠷ 《2024 ᠣᠨ᠎ᠤ ᠬᠡᠷᠡᠭᠯᠡᠭᠡ ᠵᠢ ᠠᠬᠢᠭᠤᠯᠬᠤ ᠣᠨ》᠎ᠤ ᠠᠵᠢᠯᠯᠠᠭ᠎ᠠ᠎ᠳᠤ ᠣᠷᠣᠭᠤᠯᠵᠤ᠂ ᠲᠣᠭᠲᠠᠭ᠋ᠠᠯ᠎ᠳᠤ ᠨᠡᠶ᠋ᠢᠴᠡᠬᠦ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠬᠢᠷᠢ ᠲᠡᠩᠴᠡᠭᠰᠡᠨ ᠦᠢ᠍ᠯᠡᠳᠭᠦᠨ᠎ᠢ ᠵᠣᠷᠢᠭᠵᠢᠭᠤᠯᠤᠨ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ᠎ᠳᠤ ᠣᠷᠣᠯᠴᠠᠭᠤᠯᠵᠤ᠂ ᠬᠠᠮᠢᠶ᠎ᠠ ᠪᠥᠬᠦᠶ ᠠᠵᠤ ᠠᠬᠤᠶ᠋ᠢᠯᠠᠯ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷ ᠲᠤᠰᠬᠠᠶ ᠣᠷᠣᠨ ᠭᠠᠷᠭ᠋ᠠᠵᠤ᠂ ᠥᠷᠭᠡᠨ ᠣᠯᠠᠨ ᠲᠦᠮᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠲᠥᠬᠦᠮ ᠪᠣᠯᠭ᠋ᠠᠪᠠ᠃

   ᠭᠤᠷᠪᠠ᠂ ᠶᠠᠭᠤᠨ᠎ᠳᠤ ᠬᠠᠭᠤᠴᠢᠷᠠᠭᠰᠠᠨ ᠯᠢᠲ᠋ᠢ ᠢᠶᠤᠨ ᠬᠤᠷᠢᠶᠠᠭᠴᠢ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠪᠤᠴᠠᠭ᠋ᠠᠭᠰᠠᠨ ᠪᠥᠭᠡᠳ ᠬᠠᠷ᠎ᠠ ᠲᠤᠭᠤᠯᠭ᠋ᠠᠨ ᠬᠦᠴᠢᠯ᠎ᠤᠨ ᠴᠠᠬᠢᠯᠭ᠋ᠠᠨ ᠬᠤᠷᠢᠶᠠᠭᠤᠷ ᠳᠤᠭᠤᠶ ᠲᠡᠷᠭᠡ ᠵᠢ ᠰᠣᠯᠢᠵᠤ ᠬᠤᠳᠠᠯᠳᠤᠨ ᠠᠪᠬᠤ ᠬᠡᠷᠡᠭᠯᠡᠭᠴᠢ᠎ᠳᠤ ᠨᠥᠬᠦᠪᠥᠷᠢ ᠥᠭᠬᠦ ᠡᠷᠴᠢᠮ ᠵᠶ᠋ᠠᠨ ᠵᠣᠬᠢᠰᠲᠠᠶ ᠨᠡᠮᠡᠭᠳᠡᠭᠦᠯᠵᠦ ᠪᠣᠯᠬᠤ ᠪᠣᠶ?

   ᠣᠶ᠋ᠢᠷ᠎ᠠ ᠵᠢᠨ ᠵᠢᠯ᠎ᠤᠨ ᠲᠤᠷᠰᠢ ᠮᠠᠨ᠎ᠤ ᠤᠯᠤᠰ᠎ᠤᠨ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ᠎ᠤᠨ ᠬᠥᠭᠵᠢᠯᠲᠡ ᠬᠡᠳᠦ᠋ᠢ᠍ᠪᠡᠷ ᠨᠡᠯᠢᠶᠡᠳ ᠲᠦᠷᠭᠡᠨ ᠪᠣᠯᠪᠠᠴᠤ ᠬᠤᠷᠭᠤᠯᠵᠢᠨ ᠬᠦᠴᠢᠯ᠎ᠤᠨ ᠴᠠᠬᠢᠯᠭ᠋ᠠᠨ ᠬᠤᠷᠢᠶᠠᠬᠤ᠎ᠨᠢ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠳ᠋ᠢᠶᠠᠨ ᡂᠢ ᠵᠢᠨ ᠡᠵᠡᠯᠡᠬᠦ ᠬᠠᠷᠢᠴᠠᠯ᠎ᠨᠢ 80% ᠣᠶ᠋ᠢᠷᠠᠲᠤᠭᠰᠠᠨ ᠪᠥᠭᠡᠳ ᠠᠮᠤᠷ ᠲᠦᠪᠰᠢᠨ᠎ᠤ ᠴᠢᠨᠠᠷ ᠵᠶ᠋ᠠᠷ ᠨᠡᠯᠢᠶᠡᠳ ᠰᠠᠶ᠋ᠢᠨ᠂ ᠦᠨ᠎ᠡ᠎ᠨᠢ ᠬᠢᠮᠳᠠ᠂ ᠬᠡᠷᠡᠭᠯᠡᠭᠴᠢᠳ᠎ᠤᠨ ᠲᠠᠭ᠋ᠠᠰᠢᠶᠠᠯ᠎ᠢ ᠣᠯᠵᠤ᠂ ᠬᠠᠭᠤᠴᠢᠨ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠎ᠪᠠᠷ ᠬᠠᠷ᠎ᠠ ᠲᠤᠭᠤᠯᠭ᠋ᠠᠨ ᠬᠦᠴᠢᠯ᠎ᠤᠨ ᠴᠠᠬᠢᠯᠭ᠋ᠠᠨ ᠬᠤᠷᠢᠶᠠᠭᠤᠷ ᠬᠤᠳᠠᠯᠳᠤᠨ ᠠᠪᠬᠤ ᠬᠡᠷᠡᠭᠯᠡᠭᠴᠢᠳ᠎ᠲᠤ ᠨᠥᠬᠦᠪᠥᠷᠢ ᠥᠭᠬᠦ ᠡᠷᠴᠢᠮ ᠵᠶ᠋ᠠᠨ ᠵᠣᠬᠢᠰᠲᠠᠶ ᠴᠢᠩᠭ᠋ᠠᠷᠠᠭᠤᠯᠵᠤ᠂ ᠡᠨᠡ᠎ᠨᠢ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠮᠤᠷ ᠲᠦᠪᠰᠢᠨ᠎ᠤ ᠳᠠᠯᠳᠠ ᠬᠡᠮ᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠠᠵᠢᠯᠯᠠᠭ᠎ᠠ ᠵᠢᠨ ᠱᠠᠭ᠋ᠠᠷᠳᠠᠯᠭ᠎ᠠ ᠪᠠ ᠪᠣᠳᠠᠲᠤ ᠪᠠᠶ᠋ᠢᠳᠠᠯ᠎ᠳᠤ ᠨᠡᠶ᠋ᠢᠴᠡᠭᠦᠯᠵᠦ᠂ ᠠᠮᠤᠷ ᠲᠦᠪᠰᠢᠨ᠎ᠤ ᠤᠳᠤᠷᠢᠳᠤᠮᠵᠢ ᠵᠢ ᠢᠯᠡᠷᠡᠭᠦᠯᠵᠡᠶ᠃

   ᠳᠥᠷᠪᠡ᠂ 《ᠬᠡᠷᠡᠭᠵᠢᠭᠦᠯᠬᠦ ᠲᠥᠰᠦᠯ》᠎ᠳᠤ 《ᠡᠯ᠎ᠡ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠲᠣᠰ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠪᠠᠯᠠ ᠮᠥᠩᠭᠦ ᠵᠢ ᠠᠰᠢᠭᠯᠠᠨ ᠬᠡᠷᠡᠭᠯᠡᠭᠴᠢᠳ᠎ᠲᠤ ᠠᠮᠤᠷ ᠲᠦᠪᠰᠢᠨ ᠪᠤᠰᠤ ᠠᠮᠤᠷ ᠲᠦᠪᠰᠢᠨ᠎ᠤ ᠳᠠᠯᠳᠠ ᠬᠡᠮ᠎ᠲᠠᠢ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠴᠠᠬᠢᠯᠭ᠋ᠠᠨ ᠬᠤᠷᠢᠶᠠᠭᠤᠷ ᠳ᠋ᠢᠶᠠᠨ ᡂᠢ᠎ᠪᠠᠨ ᠪᠤᠴᠠᠭ᠋ᠠᠵᠤ ᠨᠥᠬᠦᠪᠥᠷᠢ ᠥᠭᠴᠦ ᠪᠣᠯᠤᠨ᠎ᠠ》 ᠭᠡᠵᠦ ᠲᠣᠳᠣᠷᠬᠠᠶ ᠲᠣᠭᠲᠠᠭ᠋ᠠᠵᠠᠶ᠃ ᠬᠡᠷᠬᠢᠨ 《ᠠᠮᠤᠷ ᠲᠦᠪᠰᠢᠨ᠎ᠤ ᠳᠠᠯᠳᠠ    ᠭᠡᠮ》᠎ᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠴᠠᠬᠢᠯᠭ᠋ᠠᠨ ᠬᠤᠷᠢᠶᠠᠭᠤᠷ᠎ᠢ ᠮᠠᠭ᠋ᠠᠳᠯᠠᠨ ᠲᠣᠭᠲᠠᠭ᠋ᠠᠬᠤ ᠪᠣᠶ?

   ᠯᠢᠲ᠋ᠢ ᠢᠶᠣᠨ ᠴᠠᠬᠢᠯᠭ᠋ᠠᠨ ᠬᠤᠷᠢᠶᠠᠬᠤ᠎ᠨᠢ ᠡᠨᠧᠷᠭᠢ ᠵᠢᠨ ᠨᠢᠭᠲᠠᠴᠠ᠎ᠨᠢ ᠨᠡᠯᠢᠶᠡᠳ ᠥᠨᠳᠥᠷ᠂ ᠳᠣᠲᠣᠭ᠋ᠠᠳᠤ ᠵᠢᠨ ᠣᠷᠭ᠋ᠠᠨᠢᠭ ᠴᠠᠬᠢᠯᠭ᠋ᠠᠨ ᠵᠠᠳᠠᠯᠤᠯ᠎ᠤᠨ ᠰᠢᠩᠭᠡᠨ ᠬᠢᠮᠢ ᠵᠢᠨ ᠣᠨᠴᠠᠯᠢᠭ᠎ᠨᠢ ᠴᠣᠪᠣᠭᠤ ᠳᠡᠭᠵᠢᠨ ᠵᠡᠷᠭᠡ ᠣᠨᠴᠠᠯᠢᠭ᠎ᠠᠴᠠ ᠪᠣᠯᠵᠤ᠂ ᠵᠤᠬᠢᠰ ᠦᠭᠡᠢ ᠬᠡᠷᠡᠭᠯᠡᠭᠰᠡᠨ ᠪᠠᠶ᠋ᠢᠳᠠᠯ ᠳᠣᠣᠷ᠎ᠠ ᠠᠮᠠᠷᠬᠠᠨ ᠰᠢᠲᠠᠬᠤ ᠪᠠ ᠳᠡᠯᠪᠡᠷᠡᠬᠦ ᠵᠡᠷᠭᠡ ᠠᠮᠤᠷ ᠲᠦᠪᠰᠢᠨ᠎ᠤ ᠠᠳᠡᠯ ᠭᠠᠷᠴᠤ ᠮᠡᠳᠡᠨ᠎ᠡ᠃ ᠢᠯᠠᠩᠭᠤᠶ᠎ᠠ ᠬᠡᠷᠡᠭᠯᠡᠬᠦ ᠴᠠᠭ᠎ᠤᠨ ᠨᠡᠮᠡᠭᠳᠡᠬᠦ ᠵᠢ ᠳᠠᠭ᠋ᠠᠯᠳᠤᠨ᠂ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ᠎ᠤᠨ ᠠᠶᠤᠯᠭᠦᠶ ᠴᠢᠨᠠᠷ ᠲᠠᠰᠤᠷᠠᠯᠲᠠ ᠥᠬᠡᠶ ᠪᠠᠭᠤᠷᠠᠵᠤ᠂ ᠠᠳᠡᠯ᠎ᠤᠨ ᠲᠦᠭᠰᠢᠭᠦᠷᠢ ᠤᠯᠠᠮ ᠨᠢᠭᠡ ᠠᠯᠬᠤᠮ ᠳᠡᠭᠡᠭᠰᠢᠯᠡᠨ᠎ᠡ᠃

   ᠡᠶ᠋ᠢᠮᠦ᠎ᠠᠴᠠ᠂ ᠠᠮᠤᠷ ᠲᠦᠪᠰᠢᠨ ᠪᠤᠰᠤ ᠳᠠᠯᠳᠠ ᠭᠡᠮ᠎ᠤᠨ ᠴᠠᠬᠢᠯᠭ᠋ᠠᠨ ᠬᠤᠷᠢᠶᠠᠬᠤ᠎ᠨᠢ ᠬᠡᠷᠡᠭᠯᠡᠭᠰᠡᠨ ᠴᠠᠭ᠎ᠨᠢ ᠣᠷᠳᠣ᠂ ᠬᠡᠷᠡᠭᠯᠡᠬᠦ ᠣᠷᠴᠢᠨ ᠲᠣᠭᠤᠷᠢᠨ ᠵᠢᠴᠢ ᠠᠷᠠᠴᠢᠯᠠᠨ ᠬᠠᠮᠠᠭ᠋ᠠᠯᠠᠬᠤ ᠨᠥᠬᠦᠴᠡᠯ᠎ᠨᠢ ᠠᠨᠠᠶ ᠵᠡᠷᠭᠡ ᠰᠢᠯᠲᠠᠭ᠋ᠠᠨ᠎ᠠᠴᠠ ᠪᠣᠯᠵᠤ᠂ ᠭᠠᠳᠠᠷ ᠪᠠᠶ᠋ᠢᠳᠠᠯ᠎ᠨᠢ ᠢᠯᠡᠷᠬᠡᠶ ᠡᠪᠳᠡᠷᠡᠵᠦ ᠰᠦᠢ᠍ᠳᠦᠭᠰᠡᠨ᠂ ᠰᠢᠩᠭᠡᠨ ᠭᠤᠭᠤᠵᠢᠭᠰᠠᠨ᠂ ᠨᠡᠯᠢᠶᠡᠳ ᠬᠦᠨᠳᠦ ᠨᠣᠴᠢᠲᠠᠶ ᠳᠦᠷᠰᠦ ᠬᠤᠪᠢᠷᠠᠭᠰᠠᠨ᠂ ᠰᠢᠲᠠᠭ᠋ᠠᠵᠤ ᠢᠳᠡᠭᠳᠡᠭᠰᠡᠨ ᠣᠷᠣᠮ ᠵᠡᠷᠭᠡ ᠦᠵᠡᠭᠳᠡᠯ ᠭᠠᠷᠴᠤ᠂ ᠨᠡᠯᠢᠶᠡᠳ ᠶᠡᠭᠡ ᠠᠳᠡᠯ᠎ᠤᠨ ᠲᠦᠭᠰᠢᠭᠦᠷᠢ ᠵᠢᠨ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠣᠷᠣᠰᠢᠵᠤ ᠪᠠᠶ᠋ᠢᠨ᠎ᠠ᠃ ᠠᠮᠤᠷ ᠲᠦᠪᠰᠢᠨ ᠪᠤᠰᠤ ᠳᠠᠯᠳᠠ ᠭᠡᠮ᠎ᠲᠠᠢ ᠴᠠᠬᠢᠯᠭ᠋ᠠᠨ ᠬᠥᠳᠡᠯᠭᠡᠭᠦᠷ᠎ᠲᠤ ᠳᠤᠭᠤᠢ ᠲᠡᠷᠭᠡ ᠵᠢ ᠵᠢᠭ᠋ᠠᠨ ᠳᠣᠬᠢᠵᠤ᠂ ᠠᠮᠤᠷ ᠲᠦᠪᠰᠢᠨ ᠪᠤᠰᠤ ᠳᠠᠯᠳᠠ ᠭᠡᠮ᠎ᠲᠠᠢ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠬᠡᠷᠡᠭᠯᠡᠵᠦ ᠪᠠᠶ᠋ᠢᠭ᠎ᠠ ᠳᠤᠭᠤᠢ ᠲᠡᠷᠭᠡ ᠵᠢ ᠬᠡᠷᠡᠭᠯᠡᠪᠡ᠃

   ᠲᠠᠪᠤ᠂ 《ᠬᠡᠷᠡᠭᠵᠢᠭᠦᠯᠬᠦ ᠲᠥᠰᠦᠯ》᠎ᠳᠤ 《ᠲᠣᠭᠲᠠᠭ᠋ᠠᠯ᠎ᠳᠤ ᠨᠡᠶ᠋ᠢᠴᠡᠬᠦ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠬᠢᠷᠢ ᠲᠡᠩᠴᠡᠭᠰᠡᠨ ᠦᠢ᠍ᠯᠡᠳᠬᠦᠨ᠎ᠤ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ᠎ᠳᠤ ᠵᠣᠬᠢᠶᠠᠨ ᠪᠠᠶ᠋ᠢᠭᠤᠯᠤᠨ᠎ᠠ》 ᠭᠡᠵᠦ ᠲᠣᠳᠣᠷᠬᠠᠶ ᠲᠣᠭᠲᠠᠭ᠋ᠠᠵᠠᠶ᠃ ᠶᠠᠮᠠᠷ ᠠᠵᠤ ᠠᠬᠤᠶ᠋ᠢᠯᠠᠯ᠎ᠨᠢ ᠲᠣᠭᠲᠠᠭ᠋ᠠᠯ᠎ᠳᠤ ᠨᠡᠶ᠋ᠢᠴᠡᠬᠦ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠦᠢ᠍ᠯᠡᠳᠪᠦᠷᠢᠯᠡᠬᠦ ᠠᠵᠤ ᠠᠬᠤᠶ᠋ᠢᠯᠠᠯ ᠭᠡᠵᠦ ᠦᠵᠡᠳᠡᠭ᠂ ᠶᠠᠮᠠᠷ ᠦᠢ᠍ᠯᠡᠳᠭᠦᠨ᠎ᠢ ᠬᠢᠷᠢ ᠲᠡᠩᠴᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠦᠢ᠍ᠯᠡᠳᠭᠦᠨ ᠵᠶ᠋ᠠᠷ ᠦᠵᠡᠬᠦ ᠪᠣᠶ?

   ᠲᠣᠭᠲᠠᠭ᠋ᠠᠯ᠎ᠳᠤ ᠨᠡᠶ᠋ᠢᠴᠡᠬᠦ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠬᠠᠤᠯᠢ ᠶᠣᠰᠣᠭ᠋ᠠᠷ ᠪᠦᠷᠢᠳᠬᠡᠨ ᠳᠠᠩᠰᠠᠯᠠᠵᠤ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃ ᠬᠢᠷᠢ ᠲᠡᠩᠴᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠦᠢ᠍ᠯᠡᠳᠬᠦᠨ᠎ᠨᠢ ᠬᠢᠷᠢ ᠲᠡᠩᠴᠡᠭᠰᠡᠨ ᠦᠨᠡᠮᠯᠡᠯ᠎ᠲᠠᠢ ᠪᠠᠶ᠋ᠢᠵᠤ᠂ ᠦᠢ᠍ᠯᠡᠳᠬᠦᠨ᠎ᠤ ᠠᠯᠪᠠᠳᠠᠯᠭ᠎ᠠ ᠵᠢᠨ ᠴᠢᠨᠠᠷᠲᠠᠶ ᠭᠡᠷᠡᠴᠢᠯᠡᠯ (CCC ᠵᠶ᠋ᠠᠷ ᠭᠡᠷᠡᠴᠢᠯᠡᠭᠦᠯᠬᠦ)᠎ᠪᠠᠷ ᠳᠠᠮᠵᠢᠭᠤᠯᠤᠨ᠂ ᠲᠣᠰ ᠦᠢ᠍ᠯᠡᠳᠬᠦᠨ᠎ᠨᠢ ᠬᠠᠮᠢᠶ᠎ᠠ ᠪᠥᠬᠦᠶ ᠠᠮᠤᠷ ᠲᠦᠪᠰᠢᠨ᠎ᠤ ᠪᠠᠷᠢᠮᠵᠢᠶ᠎ᠠ ᠪᠠ ᠪᠤᠰᠤᠳ ᠬᠠᠮᠢᠶ᠎ᠠ ᠪᠥᠬᠦᠶ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠭᠡᠷᠡᠴᠢᠯᠡᠨ᠎ᠡ᠃

  2024 ᠣᠨ᠎ᠤ 4 ᠳ᠋ᠦ᠍ᠭᠡᠷ ᠰᠠᠷ᠎ᠠ ᠵᠢᠨ 29᠎ᠤ ᠡᠳᠦᠷ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠤᠯᠤᠰ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠲᠣᠪᠴᠢᠶ᠎ᠠ ᠬᠠᠮᠲᠤᠷᠠᠨ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠢᠯ ᠲᠦᠷᠦᠯ᠎ᠤᠨ ᠵᠢᠷᠤᠮᠵᠢᠯ᠎ᠤᠨ ᠨᠥᠬᠦᠴᠡᠯ》 ᠪᠠ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠢᠯ ᠲᠦᠷᠦᠯ᠎ᠤᠨ ᠵᠢᠷᠤᠮᠵᠢᠯ᠎ᠤᠨ ᠠᠯᠪᠠᠨ ᠵᠠᠷ᠎ᠤᠨ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠵᠦ᠂ 6 ᠳ᠋ᠤᠭ᠋ᠠᠷ ᠰᠠᠷ᠎ᠠ ᠵᠢᠨ 18᠎ᠤ ᠡᠳᠦᠷ ᠰᠢᠨ᠎ᠡ ᠬᠡᠪᠯᠡᠯ᠎ᠤᠨ 《ᠯᠢᠲ᠋ᠢ ᠢᠶᠤᠨ ᠳ᠋ᠢᠶᠠᠨ ᡂᠢ ᠵᠢᠨ ᠠᠵᠢᠯ ᠲᠦᠷᠦᠯ᠎ᠤᠨ ᠵᠢᠷᠤᠮᠵᠢᠯ᠎ᠤᠨ ᠨᠥᠬᠦᠴᠡᠯ》᠎ᠳᠤ ᠵᠠᠰᠠᠪᠤᠷᠢ ᠣᠷᠣᠭᠤᠯᠤᠨ ᠨᠡᠶ᠋ᠢᠲᠡᠯᠡᠵᠦ᠂ ᠦᠢ᠍ᠯᠡᠳᠬᠦᠨ᠎ᠤ ᠶᠠᠰᠤ ᠴᠢᠨᠠᠷ᠎ᠢ ᠴᠢᠩᠭ᠋ᠠᠳᠬᠠᠬᠤ᠂ ᠠᠶᠤᠯᠭᠦᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠡᠷᠡᠭᠯᠡᠭᠴᠢᠳ᠎ᠤᠨ ᠡᠷᠬᠡ ᠠᠰᠢᠭ᠎ᠢ ᠪᠠᠲᠤᠯᠠᠬᠤ ᠵᠡᠷᠭᠡ ᠲᠠᠯ᠎ᠠ᠎ᠪᠠᠷ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠪᠠ᠃ 8 ᠳ᠋ᠤᠭ᠋ᠠᠷ ᠰᠠᠷ᠎ᠠ ᠵᠢᠨ 19᠎ᠤ ᠡᠳᠦᠷ᠂ ᠠᠵᠤ ᠠᠬᠤᠶ᠋ᠢᠯᠠᠯ ᠭᠤᠶᠤᠴᠢᠯᠠᠬᠤ᠂ ᠪᠢᠴᠢᠭ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠢᠯᠭ᠋ᠠᠬᠤ᠂ ᠰᠦᠯᠵᠢᠶᠡᠨ ᠳᠡᠭᠡᠷ᠎ᠡ ᠵᠠᠷᠯᠠᠨ ᠨᠡᠶ᠋ᠢᠲᠡᠯᠡᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠠᠩᠬᠠᠳᠠᠭᠴᠢ ᠪᠦᠯᠦᠭ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》᠎ᠳᠤ ᠨᠡᠶ᠋ᠢᠴᠡᠬᠦ ᠠᠵᠤ ᠠᠬᠤᠶ᠋ᠢᠯᠠᠯ᠎ᠤᠨ ᠨᠡᠷᠡᠰ᠎ᠢ ᠵᠠᠷᠯᠠᠨ ᠨᠡᠶ᠋ᠢᠲᠡᠯᠡᠵᠦ᠂ 《ᠯᠢᠲ᠋ᠢ ᠢᠶᠣᠨ᠎ᠤ ᠳ᠋ᠢᠶᠠᠨ ᡂᠢ ᠵᠢᠨ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》᠎ᠳᠤ ᠨᠡᠶ᠋ᠢᠴᠡᠬᠦ ᠠᠵᠤ ᠠᠬᠤᠶ᠋ᠢᠯᠠᠯ᠎ᠤᠨ ᠨᠡᠷᠡᠰ᠎ᠢ ᠵᠡᠷᠭᠡ᠎ᠳᠤᠨᠢ ᠵᠠᠷᠯᠠᠨ ᠨᠡᠶ᠋ᠢᠲᠡᠯᠡᠵᠦ᠂ ᠡᠲᠡᠭᠡᠷ ᠲᠡᠷᠢᠭᠦᠨ᠎ᠤ ᠠᠵᠤ ᠠᠬᠤᠶ᠋ᠢᠯᠠᠯ᠎ᠤᠨ ᠥᠯᠢᠭᠡᠷ ᠳᠠᠭᠤᠷᠢᠶᠠᠯ᠎ᠤᠨ ᠦᠢ᠍ᠯᠡᠳᠦᠯ᠎ᠢ ᠪᠠᠳᠠᠷᠠᠭᠤᠯᠤᠨ᠂ ᠥᠷᠭᠡᠨ ᠣᠯᠠᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠤ ᠠᠬᠤᠶ᠋ᠢᠯᠠᠯ᠎ᠤᠨ ᠬᠥᠭᠵᠢᠯᠲᠡ ᠵᠢᠨ ᠶᠠᠰᠤ ᠴᠢᠨᠠᠷ ᠪᠠ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠵᠢ ᠬᠥᠲᠥᠯᠥᠨ ᠵᠢᠯᠣᠭᠤᠳᠪᠠ᠃  ᠬᠡᠷᠡᠭᠯᠡᠭᠴᠢᠳ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》᠂ 《ᠯᠢᠲ᠋ᠢ ᠢᠶᠣᠨ᠎ᠤ ᠳ᠋ᠢᠶᠠᠨ ᡂᠢ ᠵᠢᠨ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》᠎ᠳᠤ ᠨᠡᠶ᠋ᠢᠴᠡᠬᠦ ᠠᠯᠪᠠᠨ ᠵᠠᠷᠯᠠᠯ᠎ᠤᠨ ᠨᠡᠷᠡᠰ᠎ᠤᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠦᠢ᠍ᠯᠡᠳᠬᠦᠨ᠎ᠢ ᠤᠷᠢᠳᠠᠪᠠᠷ ᠰᠣᠩᠭᠤᠨ ᠠᠪᠬᠤ ᠵᠢ ᠰᠠᠨᠠᠭᠤᠯᠪᠠ᠃

   ᠵᠢᠷᠭᠤᠭ᠎ᠠ᠂ 《ᠬᠡᠷᠡᠭᠵᠢᠭᠦᠯᠬᠦ ᠲᠥᠰᠦᠯ》᠎ᠳᠤ 《ᠰᠣᠯᠢᠵᠤ ᠬᠤᠳᠠᠯᠳᠤᠨ ᠠᠪᠬᠤ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠳᠤᠭᠤᠢ ᠲᠡᠷᠭᠡ ᠪᠠᠶ᠋ᠢᠵᠤ᠂ ᠲᠡᠭᠦᠨ᠎ᠤ ᠳ᠋ᠢᠶᠠᠨ ᡂᠢ᠎ᠨᠢ ᠪᠠᠰᠠ 〈ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠬᠡᠷᠡᠭᠯᠡᠬᠦ ᠯᠢᠲ᠋ᠢ ᠵᠢᠨ ᠢᠶᠣᠨ᠎ᠤ ᠴᠠᠬᠢᠯᠭ᠋ᠠᠨ ᠬᠤᠷᠢᠶᠠᠭᠤᠷ᠎ᠤᠨ ᠠᠶᠤᠯᠭᠦᠶ ᠵᠢᠨ ᠮᠡᠷᠭᠡᠵᠢᠯ᠎ᠤᠨ ᠵᠢᠷᠤᠮᠵᠢᠯ〉 (GB43854)᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ》᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ ᠤᠯᠤᠰ᠎ᠤᠨ ᠪᠠᠷᠢᠮᠵᠢᠶ᠎ᠠ GB43854 — 2024 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ ᠬᠡᠷᠡᠭᠵᠢᠭᠦᠯᠦᠨ᠎ᠡ᠂ ᠡᠭᠦᠨ᠎ᠠᠴᠠ ᠡᠮᠦᠨ᠎ᠡ᠂ ᠬᠡᠷᠡᠭᠯᠡᠭᠴᠢᠳ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠡᠷᠬᠢᠨ ᠰᠣᠯᠢᠵᠤ ᠬᠤᠳᠠᠯᠳᠤᠨ ᠠᠪᠬᠤ ᠪᠣᠶ?

  2024 ᠣᠨ᠎ᠤ 4 ᠳ᠋ᠦ᠍ᠭᠡᠷ ᠰᠠᠷ᠎ᠠ ᠵᠢᠨ 25᠎ᠤ ᠡᠳᠦᠷ᠂ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠠᠮᠤᠷ ᠲᠦᠪᠰᠢᠨ᠎ᠤ ᠮᠡᠷᠭᠡᠵᠢᠯ᠎ᠤᠨ ᠵᠢᠷᠤᠮᠵᠢᠯ》 (GB43854)᠎ᠢ ᠵᠢᠩᠬᠢᠨᠢ᠎ᠪᠠᠷ ᠨᠡᠶ᠋ᠢᠲᠡᠯᠡᠵᠦ᠂ 11 ᠳ᠋ᠦ᠍ᠭᠡᠷ ᠰᠠᠷ᠎ᠠ ᠵᠢᠨ 1᠎ᠤ ᠡᠳᠦᠷ ᠵᠢᠩᠬᠢᠨᠢ᠎ᠪᠠᠷ ᠬᠡᠷᠡᠭᠵᠢᠭᠦᠯᠦᠨ᠎ᠡ᠃ ᠪᠠᠷᠢᠮᠵᠢᠶ᠎ᠠ ᠵᠢ ᠨᠡᠶ᠋ᠢᠲᠡᠯᠡᠭᠰᠡᠨ᠎ᠤ ᠳᠠᠷᠠᠭ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠣᠯᠠᠨ ᠤᠳᠠᠭ᠎ᠠ ᠤᠬᠠᠭᠤᠯᠤᠨ ᠲᠤᠭᠤᠰᠢᠯᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨ᠎ᠡ ᠪᠠᠷᠢᠮᠵᠢᠶ᠎ᠠ᠎ᠳᠤ ᠨᠡᠶ᠋ᠢᠴᠡᠬᠦ ᠦᠢ᠍ᠯᠡᠳᠬᠦᠨ᠎ᠢ ᠰᠤᠳᠤᠯᠤᠨ ᠨᠡᠭᠡᠭᠡᠬᠦ᠂ ᠦᠢ᠍ᠯᠡᠳᠪᠦᠷᠢᠯᠡᠯ᠎ᠤᠨ ᠱᠤᠭᠤᠮ᠎ᠢ ᠥᠭᠡᠷᠡᠴᠢᠯᠡᠬᠦ ᠵᠢ ᠲᠦᠷᠭᠡᠳᠬᠡᠨ᠂ ᠥᠷᠭᠡᠨ ᠣᠯᠠᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠎ᠳᠤ ᠬᠡᠷᠡᠭᠯᠡᠬᠦ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠴᠤᠤᠷᠢᠶᠠᠲᠤᠨ ᠳᠠᠭ᠋ᠠᠬᠤ ᠵᠢᠨ ᠬᠠᠮᠲᠤ ᠦᠢ᠍ᠯᠡᠳᠪᠦᠷᠢᠯᠡᠯ᠎ᠢ ᠱᠠᠯᠠᠪᠳᠠᠨ ᠪᠡᠯᠡᠳᠬᠡᠨ᠎ᠡ᠃ ᠬᠡᠷᠡᠭᠯᠡᠭᠴᠢᠳ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠬᠠᠷ᠎ᠠ ᠲᠤᠭᠤᠯᠭ᠋ᠠᠨ ᠬᠦᠴᠢᠯ᠎ᠤᠨ ᠴᠠᠬᠢᠯᠭ᠋ᠠᠨ ᠬᠤᠷᠢᠶᠠᠭᠤᠷ ᠰᠣᠯᠢᠵᠤ ᠬᠤᠳᠠᠯᠳᠤᠨ ᠠᠪᠴᠤ ᠪᠣᠯᠬᠤ ᠵᠢ ᠰᠠᠨᠠᠭᠤᠯᠵᠤ᠂ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠬᠠᠷ᠎ᠠ ᠳᠣᠭᠤᠯᠭ᠋ᠠᠨ ᠬᠦᠴᠢᠯ ᠪᠤᠶᠤ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠰᠣᠯᠢᠵᠤ ᠬᠤᠳᠠᠯᠳᠤᠨ ᠠᠪᠴᠤ ᠪᠣᠯᠤᠨ᠎ᠠ᠃

   ᠲᠤᠯᠤᠭ᠎ᠠ᠂ 《ᠬᠡᠷᠡᠭᠵᠢᠭᠦᠯᠬᠦ ᠲᠥᠰᠦᠯ》᠎ᠳᠤ 《ᠡᠯ᠎ᠡ ᠭᠠᠵᠠᠷ᠎ᠤᠨ᠎ᠬᠢᠨ ᠬᠠᠶᠠᠭᠳᠠᠮᠠᠯ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠠᠶᠠᠭᠳᠠᠮᠠᠯ ᠴᠠᠬᠢᠯᠭ᠋ᠠᠨ ᠬᠤᠷᠢᠶᠠᠮᠠᠯ ᠳ᠋ᠢᠶᠠᠨ ᡂᠢ ᠵᠢ ᠲᠣᠬᠢᠲᠠᠶ ᠬᠤᠷᠢᠶᠠᠨ ᠠᠪᠴᠤ ᠰᠢᠢ᠍ᠳᠪᠦᠷᠢᠯᠡᠬᠦ ᠬᠡᠷᠡᠭᠲᠡᠶ》 ᠭᠡᠵᠦ ᠲᠣᠳᠣᠷᠬᠠᠶ ᠲᠣᠭᠲᠠᠭ᠋ᠠᠵᠠᠶ᠃ ᠣᠷᠣᠨ ᠨᠤᠲᠤᠭ᠎ᠤᠨ᠎ᠬᠢᠨ ᠬᠤᠷᠢᠶᠠᠨ ᠠᠪᠤᠭᠰᠠᠨ ᠬᠠᠶᠠᠭᠳᠠᠮᠠᠯ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠠᠶᠠᠭᠳᠠᠮᠠᠯ ᠴᠠᠬᠢᠯᠭ᠋ᠠᠨ ᠬᠤᠷᠢᠶᠠᠬᠤ᠎ᠳᠤ ᠶᠠᠮᠠᠷ ᠶᠠᠮᠠᠷ ᠠᠵᠢᠯ᠎ᠢ ᠰᠠᠶ᠋ᠢᠲᠤᠷ ᠬᠢᠬᠦ ᠪᠣᠶ?

   ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠬᠡᠯᠬᠢᠶ᠎ᠡ ᠳ᠋ᠢᠶᠠᠨ ᡂᠢ᠎ᠳᠤ ᠭᠤᠣᠯᠳᠠᠭᠤ ᠲᠤᠭᠤᠯᠭ᠋ᠠᠨ ᠬᠡᠯᠬᠢᠶ᠎ᠡ ᠳ᠋ᠢᠶᠠᠨ ᡂᠢ ᠪᠣᠯᠣᠨ ᠯᠢᠲ᠋ᠢ ᠢᠶᠣᠨ᠎ᠤ ᠴᠠᠬᠢᠯᠭ᠋ᠠᠨ ᠬᠤᠷᠢᠶᠠᠭᠤᠷ ᠬᠤᠶᠠᠷ ᠶᠡᠭᠡ ᠲᠥᠷᠥᠯ ᠪᠠᠭᠲᠠᠵᠤ ᠪᠠᠶ᠋ᠢᠪᠠ᠃ ᠡᠨᠡ ᠬᠣᠶᠠᠷ ᠲᠥᠷᠥᠯ᠎ᠤᠨ ᠬᠠᠶᠠᠭᠳᠠᠮᠠᠯ ᠴᠠᠬᠢᠯᠭ᠋ᠠᠨ ᠬᠤᠷᠢᠶᠠᠭᠤᠷ ᠬᠡᠷᠪᠡ ᠵᠠᠳᠠᠯᠵᠤ ᠰᠢᠢ᠍ᠳᠪᠦᠷᠢᠯᠡᠭᠰᠡᠨ᠎ᠨᠢ ᠵᠣᠬᠢᠰ ᠦᠭᠡᠢ ᠪᠣᠯ ᠬᠦᠮᠦᠨ᠎ᠤ ᠪᠡᠶ᠎ᠡ ᠵᠢᠨ ᠡᠷᠡᠭᠦᠯ ᠮᠡᠨᠳᠦ ᠵᠢ ᠬᠣᠬᠢᠷᠠᠭ᠋ᠠᠬᠤ ᠪᠣᠯᠤᠨ᠎ᠠ᠃ ᠬᠠᠭᠤᠴᠢᠨ ᠵᠶ᠋ᠠᠷ ᠰᠢᠨ᠎ᠡ ᠵᠢ ᠰᠣᠯᠢᠬᠤ ᠶᠠᠪᠤᠴᠠ᠎ᠳᠤ ᠬᠤᠷᠢᠶᠠᠨ ᠠᠪᠤᠭᠰᠠᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠬᠠᠶᠠᠭᠳᠠᠮᠠᠯ ᠬᠤᠷᠢᠶᠠᠭᠤᠷ᠎ᠢ ᠴᠥᠮ ᠬᠠᠤᠯᠢ᠎ᠳᠤ ᠨᠡᠶ᠋ᠢᠴᠡᠬᠦ ᠪᠥᠭᠡᠳ ᠵᠣᠬᠢᠴᠠᠩᠭᠤᠶ ᠴᠢᠳᠠᠪᠤᠷᠢ᠎ᠲᠠᠢ ᠨᠢᠭᠡᠴᠢ᠎ᠪᠠᠷ ᠵᠢᠷᠤᠮᠵᠢᠭᠤᠯᠤᠨ ᠵᠠᠳᠠᠯᠤᠨ ᠰᠢᠢ᠍ᠳᠪᠦᠷᠢᠯᠡᠭᠦᠯᠬᠦ ᠬᠡᠷᠡᠭᠲᠡᠶ᠃

   ᠡᠯ᠎ᠡ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠤᠳ ᠬᠠᠶᠠᠭᠳᠠᠮᠠᠯ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠠᠶᠠᠭᠳᠠᠮᠠᠯ ᠳ᠋ᠢᠶᠠᠨ ᡂᠢ ᠵᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ ᠬᠠᠮᠢᠶ᠎ᠠ ᠪᠥᠬᠦᠶ ᠠᠵᠢᠯ᠎ᠢ ᠢᠳᠡᠪᠬᠢᠲᠡᠶ ᠬᠠᠮᠵᠢᠯᠴᠠᠨ ᠰᠠᠶ᠋ᠢᠲᠤᠷ ᠬᠢᠵᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠬᠠᠶᠠᠭᠳᠠᠮᠠᠯ ᠴᠠᠬᠢᠯᠭ᠋ᠠᠨ ᠴᠡᠨᠡᠭ᠎ᠢ ᠵᠠᠳᠠᠯᠤᠨ ᠰᠢᠢ᠍ᠳᠪᠦᠷᠢᠯᠡᠵᠦ ᠰᠢᠢ᠍ᠳᠪᠦᠷᠢᠯᠡᠬᠦ ᠶᠠᠪᠤᠴᠠ᠎ᠳᠠᠬᠢ ᠣᠷᠴᠢᠨ ᠲᠣᠭᠤᠷᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠠᠮᠢᠶ᠎ᠠ ᠪᠥᠬᠦᠶ ᠨᠢᠭᠡᠴᠢ ᠵᠢ ᠵᠢᠯᠣᠭᠤᠳᠤᠨ ᠰᠢᠮᠳᠠᠭᠤᠯᠵᠤ ᠪᠠᠶ᠋ᠢᠭ᠋ᠠᠳ 《ᠬᠠᠶᠠᠭᠳᠠᠮᠠᠯ ᠲᠤᠭᠤᠯᠭ᠋ᠠᠨ ᠬᠡᠯᠬᠢᠶ᠎ᠡ ᠳ᠋ᠢᠶᠠᠨ ᡂᠢ ᠵᠢᠨ ᠪᠣᠬᠢᠷᠲᠤᠯ᠎ᠢ ᠰᠢᠢ᠍ᠳᠪᠦᠷᠢᠯᠡᠬᠦ ᠮᠡᠷᠭᠡᠵᠢᠯ᠎ᠤᠨ ᠵᠢᠷᠤᠮᠵᠢᠯ (ᠲᠤᠷᠰᠢᠨ ᠬᠡᠷᠡᠭᠵᠢᠭᠦᠯᠬᠦ)》 (HJ 519)᠂ 《ᠬᠠᠶᠠᠭᠳᠠᠮᠠᠯ ᠯᠢᠲ᠋ᠢ ᠢᠶᠤᠨ᠎ᠤ ᠢᠶᠤᠨ ᠬᠥᠳᠡᠯᠭᠡᠭᠴᠢ ᠬᠦᠴᠦᠨ᠎ᠤ ᠬᠡᠯᠬᠢᠶ᠎ᠡ ᠳ᠋ᠢᠶᠠᠨ ᡂᠢ ᠵᠢᠨ ᠪᠣᠬᠢᠷᠲᠤᠯ᠎ᠢ ᠬᠢᠵᠠᠭ᠋ᠠᠷᠯᠠᠬᠤ ᠮᠡᠷᠭᠡᠵᠢᠯ᠎ᠤᠨ ᠵᠢᠷᠤᠮᠵᠢᠯ (ᠲᠤᠷᠰᠢᠨ ᠬᠡᠷᠡᠭᠵᠢᠭᠦᠯᠬᠦ)》 ( HJ 1186) ᠵᠡᠷᠭᠡ ᠬᠤᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ ᠵᠠᠳᠠᠯᠤᠨ ᠰᠢᠢ᠍ᠳᠪᠦᠷᠢᠯᠡᠬᠦᠯᠬᠦ ᠬᠡᠷᠡᠭᠲᠡᠶ; ᠡᠭᠦᠨ᠎ᠤ ᠬᠠᠮᠲᠤ᠂ ᠬᠠᠶᠠᠭᠳᠠᠮᠠᠯ ᠴᠠᠬᠢᠯᠭ᠋ᠠᠨ ᠬᠤᠷᠢᠶᠠᠭᠤᠷ ᠵᠡᠷᠭᠡ ᠣᠷᠴᠢᠨ ᠲᠣᠭᠤᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠷᠴᠢᠨ ᠲᠣᠭᠤᠷᠢᠨ᠎ᠤ ᠠᠶᠤᠯ ᠲᠦᠭᠰᠢᠭᠦᠷᠢ ᠵᠢ ᠴᠢᠩᠭ᠎ᠠ ᠰᠡᠷᠭᠡᠶ᠋ᠢᠯᠡᠨ ᠡᠵᠡᠮᠳᠡᠵᠦ᠂ ᠣᠷᠴᠢᠨ ᠲᠣᠭᠤᠷᠢᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ᠃

   ᠨᠠᠢ᠍ᠮᠠ᠂ 《ᠬᠡᠷᠡᠭᠵᠢᠭᠦᠯᠬᠦ ᠲᠥᠰᠥᠯ》᠎ᠳᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠱᠠᠭ᠋ᠠᠷᠳᠠᠯᠭ᠎ᠠ ᠳᠤᠷᠠᠳᠴᠤ᠂ ᠬᠤᠯᠪᠣᠭᠳᠠᠯ ᠪᠦᠬᠦᠢ ᠠᠵᠢᠯ᠎ᠤᠨ ᠭᠤᠣᠯ ᠠᠭᠤᠯᠭ᠎ᠠ᠎ᠨᠢ ᠶᠠᠭᠤ ᠪᠤᠢ?

   ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠣᠭᠤᠷᠢᠨ᠎ᠳᠤ᠂ ᠬᠠᠮᠢᠶ᠎ᠠ ᠪᠥᠬᠦᠶ ᠠᠵᠢᠯ᠎ᠳᠤ ᠭᠤᠤᠯᠳᠠᠭᠤ᠄

   ᠨᠢᠭᠡ᠎ᠳᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠪᠠᠷᠠᠭ᠎ᠠ ᠣᠷᠣᠭᠤᠯᠬᠤ ᠵᠢ ᠪᠠᠶ᠋ᠢᠴᠠᠭ᠋ᠠᠵᠤ ᠰᠢᠯᠭ᠋ᠠᠨ ᠠᠪᠬᠤ ᠲᠦᠷᠢᠮ᠎ᠢ ᠪᠠᠶ᠋ᠢᠭᠤᠯᠤᠨ ᠬᠡᠷᠡᠭᠵᠢᠭᠦᠯᠵᠦ᠂ ᠦᠢ᠍ᠯᠡᠳᠬᠦᠨ᠎ᠤ ᠬᠢᠷᠢ ᠲᠡᠩᠴᠡᠭᠰᠡᠨ ᠭᠡᠷᠡᠴᠢ᠂ ᠠᠯᠪᠠᠳᠠᠯᠭ᠎ᠠ ᠵᠢᠨ ᠴᠢᠨᠠᠷᠲᠠᠶ ᠦᠢ᠍ᠯᠡᠳᠬᠦᠨ᠎ᠤ ᠭᠡᠷᠡᠴᠢᠯᠡᠯ᠎ᠤᠨ ᠮᠡᠳᠡᠭᠡ ᠵᠠᠩᠭᠢ ᠵᠡᠷᠭᠡ ᠵᠢ ᠴᠢᠩᠭ᠎ᠠ ᠪᠠᠶ᠋ᠢᠴᠠᠭ᠋ᠠᠪᠠ᠃

   ᠬᠤᠶᠠᠷ᠎ᠲᠤ᠂ ᠬᠠᠮᠢᠶ᠎ᠠ ᠪᠥᠬᠦᠶ ᠡᠯᠸᠺᠲᠷᠣᠨ ᠬᠤᠳᠠᠯᠳᠤᠭ᠋ᠠᠨ᠎ᠤ ᠲᠠᠪᠴᠠᠩ᠎ᠢ ᠰᠢᠮᠳᠠᠭᠤᠯᠵᠤ ᠪᠠᠶ᠋ᠢᠭ᠋ᠠᠳ ᠠᠦ᠋ᠲ᠋ᠣ᠋ ᠡᠷᠢᠬᠦ ᠮᠡᠷᠭᠡᠵᠢᠯ ᠪᠠ ᠬᠠᠯᠬᠠᠪᠴᠢ ᠬᠠᠰᠤᠬᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠮᠡᠳᠡᠭᠡ ᠵᠠᠩᠭᠢ ᠵᠢ ᠢᠯᠭ᠋ᠠᠷᠠᠭᠤᠯᠵᠤ᠂ 《ᠬᠠᠷᠢᠯᠴᠠᠨ ᠮᠡᠳᠡᠷᠡᠬᠦ ᠬᠡᠯᠡᠯᠴᠡᠭᠡᠷ》᠂ 《ᠬᠤᠷᠳᠤᠴᠠ ᠵᠢ ᠬᠢᠵᠠᠭ᠋ᠠᠷᠯᠠᠬᠤ》᠂ 《ᠪᠠᠭᠲᠠᠭ᠋ᠠᠮᠵᠢ ᠵᠢ ᠨᠡᠮᠡᠭᠳᠡᠭᠦᠯᠬᠦ》 ᠵᠡᠷᠭᠡ ᠮᠡᠳᠡᠭᠡ ᠵᠠᠩᠭᠢ ᠵᠢ ᠨᠡᠶ᠋ᠢᠲᠡᠯᠡᠬᠦ ᠵᠢ ᠴᠢᠩᠭ᠎ᠠ ᠴᠠᠭ᠋ᠠᠵᠠᠯᠠᠵᠤ᠂ ᠦᠢ᠍ᠯᠡᠳᠬᠦᠨ᠎ᠤ ᠠᠯᠪᠠᠳᠠᠯᠭ᠎ᠠ ᠵᠢᠨ ᠴᠢᠨᠠᠷᠲᠠᠶ ᠭᠡᠷᠡᠴᠢᠯᠡᠯ ᠬᠢᠭᠰᠡᠨ ᠥᠬᠡᠶ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠂ ᠴᠠᠬᠢᠯᠭ᠋ᠠᠨ ᠬᠤᠷᠢᠶᠠᠭᠤᠷ ᠪᠠ ᠴᠠᠬᠢᠯᠭ᠋ᠠᠨ ᠴᠡᠨᠡᠭᠯᠡᠬᠦ ᠵᠡᠷᠭᠡ ᠦᠢ᠍ᠯᠡᠳᠬᠦᠨ ᠪᠣᠷᠣᠯᠠᠭᠤᠯᠬᠤ ᠵᠢ ᠴᠢᠩᠭ᠎ᠠ ᠴᠠᠭ᠋ᠠᠵᠠᠯᠠᠵᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠬᠠᠮᠢᠶ᠎ᠠ ᠪᠥᠬᠦᠶ ᠲᠠᠸᠠᠷ ᠪᠣᠷᠣᠯᠠᠭᠤᠯᠬᠤ ᠬᠠᠭᠤᠳᠠᠰᠤ᠎ᠳᠤ 《ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠵᠢ ᠴᠠᠭ᠋ᠠᠵᠠᠯᠠᠬᠤ》 ᠠᠭᠤᠯᠭ᠎ᠠ ᠵᠢ ᠢᠯᠡ ᠦᠵᠡᠭᠦᠯᠦᠨ᠎ᠡ᠃

   ᠭᠤᠷᠪᠠ᠎ᠳᠤ᠂ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ᠂ ᠠᠯᠪᠠᠳᠠᠯᠭ᠎ᠠ ᠵᠢᠨ ᠴᠢᠨᠠᠷᠲᠠᠢ ᠦᠢ᠍ᠯᠡᠳᠬᠦᠨ᠎ᠤ ᠭᠡᠷᠡᠴᠢᠯᠡᠭᠡ ᠵᠢ ᠳᠠᠮᠵᠢᠭᠰᠠᠨ ᠦᠭᠡᠢ ᠵᠢᠴᠢ ᠤᠤᠯ᠎ᠤᠨ ᠦᠢ᠍ᠯᠡᠳᠪᠦᠷᠢ ᠵᠢᠨ ᠲᠣᠬᠢᠷᠠᠭᠤᠯᠤᠭᠤᠷ᠎ᠢ ᠳᠤᠷ᠎ᠠ᠎ᠪᠠᠷ ᠵᠶ᠋ᠠᠨ ᠥᠭᠡᠷᠡᠴᠢᠯᠡᠨ ᠤᠭᠰᠠᠷᠠᠬᠤ᠂ ᠬᠤᠷᠳᠤᠴᠠ ᠵᠢ ᠬᠢᠵᠠᠭ᠋ᠠᠷᠯᠠᠬᠤ᠂ ᠭᠠᠳᠠᠭᠰᠢ ᠴᠠᠬᠢᠯᠭ᠋ᠠᠨ ᠬᠤᠷᠢᠶᠠᠭᠤᠷ᠎ᠤᠨ ᠲᠦᠰᠢᠯᠭᠡ ᠵᠢ ᠲᠣᠬᠢᠷᠠᠭᠤᠯᠬᠤ᠂ ᠴᠠᠬᠢᠯᠭ᠋ᠠᠨ ᠬᠤᠷᠢᠶᠠᠭᠤᠷ᠎ᠤᠨ ᠣᠩᠭᠤᠴᠠᠨ᠎ᠤ ᠬᠠᠶ᠋ᠢᠷᠴᠠᠭ᠎ᠢ ᠥᠭᠡᠷᠡᠴᠢᠯᠡᠬᠦ᠂ ᠶᠡᠭᠡ ᠪᠠᠭᠲᠠᠭ᠋ᠠᠮᠵᠢᠲᠤ ᠴᠠᠬᠢᠯᠭ᠋ᠠᠨ ᠬᠤᠷᠢᠶᠠᠭᠤᠷ᠎ᠢ ᠰᠣᠯᠢᠭᠰᠠᠨ᠎ᠤ ᠳᠠᠷᠠᠭ᠎ᠠ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠶ ᠪᠠᠶ᠋ᠢᠪᠠᠯ᠂ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠨ᠎ᠡ᠃

   ᠳᠥᠷᠪᠡ᠎ᠳᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠦᠢ᠍ᠯᠡᠳᠬᠦᠨ᠎ᠤ ᠳᠤᠲᠠᠭᠳᠠᠯ᠎ᠤᠨ ᠰᠦᠪᠡᠭᠴᠢ ᠵᠢ ᠲᠤᠰᠬᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠠᠮᠤᠷ ᠲᠦᠪᠰᠢᠨ᠎ᠤ ᠳᠠᠯᠳᠠ ᠬᠡᠮ ᠣᠷᠣᠰᠢᠵᠤ ᠪᠠᠶ᠋ᠢᠭ᠎ᠠ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠦᠢ᠍ᠯᠡᠳᠭᠦᠨ᠎ᠢ ᠣᠯᠵᠤ ᠮᠡᠳᠡᠪᠡᠯ᠂ ᠴᠠᠭ ᠲᠤᠬᠠᠶ᠎ᠳᠤᠨᠢ ᠳᠤᠲᠠᠭᠳᠠᠯ᠎ᠤᠨ ᠪᠠᠶ᠋ᠢᠴᠠᠭ᠋ᠠᠯᠲᠠ ᠬᠢᠵᠦ᠂ ᠬᠡᠮ ᠰᠣᠭᠤᠭ᠎ᠢ᠎ᠨᠢ ᠨᠤᠲᠠᠯᠠᠭᠰᠠᠨ ᠪᠠᠶ᠋ᠢᠪᠠᠯ᠂ ᠦᠢ᠍ᠯᠡᠳᠪᠦᠷᠢᠯᠡᠭᠴᠢ ᠵᠢ ᠬᠠᠤᠯᠢ ᠶᠣᠰᠣᠭ᠋ᠠᠷ ᠰᠢᠮᠳᠠᠭᠤᠯᠵᠤ ᠪᠠᠶ᠋ᠢᠭ᠋ᠠᠳ ᠡᠭᠡᠭᠦᠯᠦᠨ ᠠᠪᠴᠢᠷᠠᠭᠤᠯᠤᠨ᠎ᠠ᠃

   ᠶᠢᠰᠦ᠂ 《ᠬᠡᠷᠡᠭᠵᠢᠭᠦᠯᠬᠦ ᠲᠥᠰᠦᠯ》᠎ᠳᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠰᠢᠨ᠎ᠡ ᠦᠢ᠍ᠯᠡᠳᠬᠦᠨ ᠰᠣᠯᠢᠬᠤ ᠶᠠᠰᠤ ᠴᠢᠨᠠᠷ᠎ᠤᠨ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠪᠠ᠃ ᠬᠡᠷᠡᠭᠯᠡᠭᠴᠢᠳ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠣᠷᠣᠯᠴᠠᠬᠤ ᠶᠠᠪᠤᠴᠠ᠎ᠳᠤ᠂ ᠦᠢ᠍ᠯᠡᠳᠬᠦᠨ᠎ᠤ ᠶᠠᠰᠤ ᠴᠢᠨᠠᠷ᠎ᠤᠨ ᠮᠡᠳᠡᠭᠡ ᠵᠠᠩᠭᠢ ᠵᠢ ᠬᠡᠷᠬᠢᠨ ᠤᠯᠬᠤ ᠪᠣᠶ?

   ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠶᠠᠪᠤᠴᠠ᠎ᠳᠤ᠂ ᠬᠡᠷᠡᠭᠯᠡᠭᠴᠢᠳ ᠦᠢ᠍ᠯᠡᠳᠬᠦᠨ᠎ᠤ ᠢᠯᠭ᠋ᠠᠬᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠬᠦ᠂ CCC ᠵᠢᠨ ᠭᠡᠷᠡᠴᠢᠯᠡᠯ᠎ᠤᠨ ᠪᠠᠶ᠋ᠢᠳᠠᠯ᠎ᠢ ᠬᠢᠨᠠᠨ ᠪᠠᠶ᠋ᠢᠴᠠᠭ᠋ᠠᠬᠤ᠂ ᠠᠯᠪᠠᠨ᠎ᠤ ᠲᠠᠯ᠎ᠠ ᠵᠢᠨ ᠨᠡᠶ᠋ᠢᠲᠡᠯᠡᠭᠰᠡᠨ ᠮᠡᠳᠡᠭᠡ ᠵᠠᠩᠭᠢ ᠵᠢ ᠠᠩᠬᠠᠷᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠦᠢ᠍ᠯᠡᠳᠬᠦᠨ ᠰᠣᠯᠢᠵᠤ ᠬᠤᠳᠠᠯᠳᠤᠨ ᠠᠪᠬᠤ ᠶᠠᠰᠤ ᠴᠢᠨᠠᠷ᠎ᠤᠨ ᠮᠡᠳᠡᠭᠡ ᠵᠠᠩᠭᠢ ᠵᠢ ᠣᠶ᠋ᠢᠯᠠᠭ᠋ᠠᠵᠤ ᠪᠣᠯᠤᠨ᠎ᠠ᠃

   ᠡᠩ ᠲᠡᠷᠢᠭᠦᠨ᠎ᠳᠤ᠂ ᠦᠢ᠍ᠯᠡᠳᠬᠦᠨ᠎ᠤ ᠲᠡᠮᠳᠡᠭ᠎ᠤᠨ ᠮᠡᠳᠡᠭᠡ ᠵᠠᠩᠭᠢ᠂ ᠦᠢ᠍ᠯᠡᠳᠪᠦᠷᠢ ᠵᠢᠨ ᠨᠡᠷ᠎ᠡ ᠵᠢᠨ ᠦᠢ᠍ᠯᠡᠳᠪᠦᠷᠢ ᠵᠢᠨ ᠬᠠᠶᠢᠭ᠂ ᠬᠡᠷᠡᠭᠵᠢᠭᠦᠯᠬᠦ ᠪᠠᠷᠢᠮᠵᠢᠶ᠎ᠠ ᠵᠡᠷᠭᠡ ᠵᠢ ᠬᠢᠨᠠᠮᠠᠭ᠋ᠠᠶ ᠪᠠᠶ᠋ᠢᠴᠠᠭ᠋ᠠᠨ ᠦᠵᠡᠵᠦ᠂ ᠦᠢ᠍ᠯᠡᠳᠬᠦᠨ᠎ᠤ ᠬᠢᠷᠢ ᠲᠡᠩᠴᠡᠭᠰᠡᠨ ᠦᠨᠡᠮᠯᠡᠯ᠂ ᠢᠯᠠᠩᠭᠤᠶ᠎ᠠ ᠬᠢᠷᠢ ᠲᠡᠩᠴᠡᠭᠰᠡᠨ ᠦᠨᠡᠮᠯᠡᠯ᠎ᠳᠤ ᠵᠢᠭᠰᠠᠭ᠋ᠠᠨ ᠲᠣᠳᠣᠷᠬᠠᠶ᠋ᠢᠯᠠᠭᠰᠠᠨ ᠦᠢ᠍ᠯᠡᠳᠪᠦᠷᠢᠯᠡᠬᠦ ᠠᠵᠤ ᠠᠬᠤᠶ᠋ᠢᠯᠠᠯ᠂ ᠦᠢ᠍ᠯᠡᠳᠬᠦᠨ᠎ᠤ ᠬᠡᠯᠪᠡᠷᠢ ᠮᠠᠶᠢᠭ᠂ ᠪᠦᠬᠦᠯᠢ ᠲᠡᠷᠭᠡᠨ᠎ᠤ ᠳ᠋ᠤᠭ᠋ᠠᠷᠯᠠᠯ᠎ᠨᠢ ᠲᠡᠷᠭᠡᠨ᠎ᠤ ᠲᠡᠮᠳᠡᠭ ᠳᠡᠭᠡᠷᠡᠬᠢ ᠮᠡᠳᠡᠭᠡ ᠵᠠᠩᠭᠢ᠎ᠯᠤᠭ᠎ᠠ ᠪᠦᠷᠢᠮᠦᠰᠦᠨ ᠨᠢᠭᠡᠳᠦᠯᠲᠡᠶ ᠪᠠᠶ᠋ᠢᠬᠤ ᠬᠡᠷᠡᠭᠲᠡᠶ᠃

   ᠳᠠᠷᠠᠭ᠋ᠠᠯᠠᠪᠠᠯ᠂ ᠬᠡᠷᠡᠭᠯᠡᠭᠴᠢᠳ ᠦᠢ᠍ᠯᠡᠳᠬᠦᠨ᠎ᠤ ᠲᠣᠳᠣᠷᠬᠠᠶ᠋ᠢᠯᠠᠭᠰᠠᠨ CCC ᠦᠨᠡᠮᠯᠡᠯ᠎ᠤᠨ ᠨᠣᠮᠧᠷ ᠵᠶ᠋ᠠᠷ ᠪᠥᠬᠦ ᠤᠯᠤᠰ᠎ᠤᠨ ᠭᠡᠷᠡᠴᠢᠯᠡᠨ ᠵᠥᠪᠰᠢᠶᠡᠷᠡᠬᠦ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ (cx.cnca.cn)᠎ᠲᠤ ᠣᠷᠣᠵᠤ ᠦᠨᠡᠮᠯᠡᠯ᠎ᠤᠨ ᠦᠨᠡᠨ ᠬᠤᠳᠠᠯ᠎ᠢ ᠪᠠᠶ᠋ᠢᠴᠠᠭ᠋ᠠᠨ ᠯᠠᠪᠯᠠᠬᠤ ᠵᠢᠨ ᠬᠠᠮᠲᠤ ᠦᠨᠡᠮᠯᠡᠯ᠎ᠤᠨ ᠪᠠᠶ᠋ᠢᠳᠠᠯ᠎ᠢ᠎ᠨᠢ ᠨᠤᠲᠠᠯᠠᠵᠤ ᠪᠣᠯᠤᠨ᠎ᠠ᠃

   ᠡᠭᠦᠨ᠎ᠤ ᠬᠠᠮᠲᠤ᠂ ᠬᠡᠷᠡᠭᠯᠡᠭᠴᠢᠳ ᠪᠠᠰᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠠᠯᠪᠠᠨ ᠵᠠᠷ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠢᠴᠢ ᠬᠡᠷᠡᠭᠯᠡᠭᠡᠨ᠎ᠤ ᠵᠠᠭ᠋ᠠᠯᠳᠤᠯᠭ᠎ᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠣᠶ᠋ᠢᠯᠠᠭ᠋ᠠᠵᠤ ᠪᠣᠯᠤᠨ᠎ᠠ᠃

 

ᠢᠷᠡᠯᠲᠡ᠄ ᠭᠦᠢ᠍ᠯᠭᠡᠭᠡᠨ᠎ᠤ ᠬᠦᠭᠵᠢᠯᠲᠡ ᠵᠢᠨ ᠵᠤᠷᠭ᠋ᠠᠨ
          
ᠬᠠᠮᠢᠶ᠎ᠡ ᠪᠦᠬᠦᠢ ᠰᠣᠨᠢᠨ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠳᠤ ᠲᠠᠢ᠌ᠯᠤᠮᠵᠢ ᠬᠢᠪᠡ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠨᠢᠭᠡ)
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠬᠤᠶᠠᠳᠤᠭ᠋ᠠᠷ ᠪᠦᠯᠦᠭ)
《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠣᠷᠴᠢᠨ ᠲᠣᠭᠤᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭ᠋ᠠᠳᠤ ᠪᠡᠯᠡ ᠵᠢ ᠨᠡᠩ ᠶᠡᠭᠡ ᠡᠷᠴᠢᠮ ᠵᠶ᠋ᠠᠷ ᠲᠠᠲᠠᠬᠤ ᠪᠠ ᠠᠰᠢᠭᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠯᠠᠭ᠎ᠠ ᠵᠢᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ
 
            