ᠣᠶ᠋ᠢᠷ᠎ᠠ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 14 ᠰᠠᠯᠠᠭ᠎ᠠ ᠮᠥᠴᠢᠷ ᠬᠠᠮᠲᠤᠷᠠᠨ 《ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》 (ᠳᠣᠷᠣᠭᠰᠢ 《ᠠᠵᠢᠯᠯᠠᠭ᠎ᠠ ᠵᠢᠨ ᠲᠥᠰᠦᠯ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠤᠨ᠂ ᠳᠠᠯᠳᠠ ᠴᠢᠳᠠᠪᠤᠷᠢ᠎ᠲᠠᠢ ᠬᠡᠷᠡᠭᠯᠡᠭᠡ ᠵᠢ ᠬᠦᠴᠦᠯᠡᠨ ᠬᠥᠭᠵᠢᠭᠡᠪᠡ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠠᠵᠢᠯᠯᠠᠭ᠎ᠠ ᠵᠢᠨ ᠲᠥᠰᠦᠯ》᠎ᠳᠤ ᠲᠠᠶ᠋ᠢᠯᠤᠮᠵᠢ ᠬᠢᠵᠡᠢ᠃
ᠨᠢᠭᠡ᠂ 《ᠠᠵᠢᠯᠯᠠᠭ᠎ᠠ ᠵᠢᠨ ᠲᠥᠰᠦᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ
ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠂ ᠬᠡᠷ᠎ᠤᠨ ᠴᠢᠮᠡᠭᠯᠡᠯ᠎ᠤᠨ ᠲᠣᠭᠤᠭ᠋ᠠᠨ ᠬᠡᠷ ᠪᠠ ᠴᠡᠪᠡᠷᠯᠡᠯᠭᠡ ᠵᠢᠨ ᠭᠡᠷ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠡᠮᠵᠢᠶ᠎ᠡ᠎ᠨᠢ ᠶᠡᠬᠡ᠂ ᠳᠠᠶ᠋ᠢᠴᠢᠯᠠᠬᠤ ᠦᠢ᠍ᠯᠡᠳᠦᠯ ᠵᠶ᠋ᠠᠷ ᠴᠢᠩᠭ᠎ᠠ ᠪᠥᠭᠡᠳ ᠨᠡᠯᠢᠶᠡᠳ ᠶᠡᠬᠡ ᠬᠡᠰᠡᠭ ᠦᠢ᠍ᠯᠡᠳᠬᠦᠨ᠎ᠤ ᠬᠡᠷᠡᠭᠯᠡᠬᠦ ᠵᠢᠯ ᠬᠤᠭᠤᠴᠠᠭ᠎ᠠ᠎ᠨᠢ ᠨᠡᠯᠢᠶᠡᠳ ᠤᠷᠲᠤ᠂ ᠡᠨᠧᠷᠭᠢ ᠵᠢᠨ ᠬᠣᠷᠣᠭᠳᠠᠭᠤᠯᠭ᠎ᠠ ᠵᠢᠨ ᠭᠠᠳᠠᠭᠰᠢᠯᠠᠭᠤᠯᠤᠯᠲᠠ᠎ᠨᠢ ᠨᠡᠯᠢᠶᠡᠳ ᠥᠨᠳᠥᠷ᠂ ᠶᠠᠰᠤ ᠴᠢᠨᠠᠷ᠎ᠤᠨ ᠠᠶᠤᠯᠭᠦᠢ᠎ᠳᠤ ᠳᠠᠯᠳᠠ ᠭᠡᠮ ᠣᠷᠣᠰᠢᠵᠤ᠂ ᠰᠢᠨ᠎ᠡ᠎ᠪᠠᠷ ᠰᠣᠯᠢᠵᠤ ᠳᠡᠰ ᠳᠡᠪᠰᠢᠭᠦᠯᠬᠦ ᠳᠠᠯᠳᠠ ᠬᠦᠴᠦᠨ ᠯᠤᠲᠤ ᠶᠡᠬᠡ ᠪᠠᠶ᠋ᠢᠨ᠎ᠠ᠃ ᠣᠳᠣᠬᠠᠨ᠎ᠳᠤ ᠳᠡᠭᠡᠷ᠎ᠡ ᠡᠭᠡᠯᠵᠢ᠎ᠪᠠᠷ ᠪᠦᠬᠦ ᠤᠯᠤᠰ᠎ᠤᠨ ᠬᠡᠪᠴᠢᠶᠡᠨ᠎ᠤ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠠᠬᠢᠭᠤᠯᠤᠭ᠋ᠠᠳ ᠨᠢᠭᠡᠨᠲᠡ 15 ᠵᠢᠯ ᠰᠢᠬᠠᠮ ᠪᠣᠯᠵᠤ᠂ ᠰᠢᠨᠡᠴᠢᠯᠡᠯᠲᠡ ᠵᠢᠨ ᠬᠡᠷᠡᠭᠴᠡᠭᠡ ᠵᠢ ᠲᠥᠪᠯᠡᠷᠡᠭᠦᠯᠦᠨ ᠢᠯᠭ᠋ᠠᠷᠠᠭᠤᠯᠬᠤ ᠬᠤᠭᠤᠴᠠᠭ᠋ᠠᠨ᠎ᠳᠤ ᠣᠷᠣᠭᠤᠯᠤᠭᠰᠠᠨ ᠪᠠᠶ᠋ᠢᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠬᠡᠰᠡᠭ ᠭᠠᠵᠠᠷ ᠣᠷᠣᠨ᠎ᠳᠤ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠥᠷᠨᠢᠭᠦᠯᠵᠦ᠂ ᠭᠡᠷ᠎ᠤᠨ ᠴᠢᠮᠡᠭᠯᠡᠯ ᠤᠨ 《ᠰᠢᠨᠡᠴᠢᠯᠡᠯᠲᠡ》 ᠵᠢ ᠲᠦᠯᠬᠢᠨ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ ᠣᠯᠵᠤ᠂ ᠵᠣᠬᠢᠬᠤ ᠲᠤᠷᠰᠢᠯᠭ᠎ᠠ ᠬᠤᠷᠠᠮᠳᠤᠭᠤᠯᠤᠭᠰᠠᠨ ᠪᠠᠶ᠋ᠢᠨ᠎ᠠ᠃
ᠡᠭᠦᠨ᠎ᠤ ᠵᠡᠷᠭᠡ᠎ᠳᠤ᠂ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠪᠠᠰᠠ ᠵᠠᠷᠢᠮ ᠬᠦᠴᠢᠷᠳᠡᠯ᠎ᠲᠠᠢ ᠠᠰᠠᠭᠤᠳᠠᠯ ᠲᠤᠯᠭ᠋ᠠᠷᠠᠵᠤ ᠪᠠᠶ᠋ᠢᠨ᠎ᠠ᠂ ᠭᠤᠣᠯᠳᠠᠭᠤ ᠲᠦᠷᠦ ᠵᠢᠨ ᠪᠤᠳᠤᠯᠭ᠎ᠠ ᠵᠢᠨ ᠤᠷᠮᠠᠰᠢᠭᠤᠯᠤᠯ᠎ᠢ ᠴᠢᠩᠭ᠋ᠠᠳᠬᠠᠬᠤ ᠴᠢᠬᠤᠯᠠᠲᠠᠢ᠂ ᠡᠭᠡᠭᠦᠯᠦᠨ ᠬᠤᠷᠢᠶᠠᠵᠤ ᠵᠠᠳᠠᠯᠬᠤ ᠰᠢᠰᠲ᠋ᠧᠮ᠎ᠢ ᠲᠡᠭᠦᠯᠳᠡᠷᠵᠢᠭᠦᠯᠬᠦ ᠴᠢᠬᠤᠯᠠᠲᠠᠢ᠂ ᠭᠦᠢ᠍ᠯᠭᠡᠭᠡᠨ᠎ᠤ ᠲᠦᠭᠵᠢᠷᠡᠯ᠎ᠢ ᠠᠷᠢᠯᠭ᠋ᠠᠬᠤ ᠵᠡᠷᠭᠡ ᠠᠰᠠᠭᠤᠳᠠᠯ ᠤᠷᠤᠰᠢᠵᠦ᠂ ᠠᠷᠭ᠎ᠠ ᠬᠡᠮᠵᠢᠶ᠎ᠡ ᠲᠣᠭᠲᠠᠭ᠋ᠠᠬᠤ ᠴᠢᠬᠤᠯᠠᠲᠠᠢ ᠪᠠᠶ᠋ᠢᠵᠤ᠂ ᠰᠢᠨ᠎ᠡ ᠲᠠᠯᠳᠠ ᠬᠦᠴᠦᠨ᠎ᠢ ᠪᠠᠳᠠᠷᠠᠭᠤᠯᠬᠤ ᠵᠢ ᠠᠬᠢᠭᠤᠯᠬᠤ ᠴᠢᠬᠤᠯᠠᠲᠠᠢ ᠪᠠᠶ᠋ᠢᠨ᠎ᠠ᠃
ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠂ ᠬᠡᠷ᠎ᠤᠨ ᠴᠢᠮᠡᠭᠯᠡᠯ᠎ᠤᠨ ᠲᠣᠭᠤᠭ᠋ᠠᠨ ᠬᠡᠷ ᠪᠠ ᠴᠡᠪᠡᠷᠯᠡᠯᠭᠡ ᠵᠢᠨ ᠭᠡᠷ ᠵᠡᠷᠭᠡ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠪᠠᠶ᠋ᠢᠳᠠᠯ᠎ᠲᠠᠢ ᠤᠶᠠᠯᠳᠤᠭᠤᠯᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠤᠭᠰᠠᠨ ᠰᠠᠭᠤᠷᠢᠨ ᠳᠡᠭᠡᠷ᠎ᠡ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ 2024 ᠣᠨ᠎ᠤ 2 ᠳ᠋ᠤᠭ᠋ᠠᠷ ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠢᠨ᠎ᠡ ᠨᠢᠭᠡ ᠡᠭᠡᠯᠵᠢ ᠵᠢᠨ ᠶᠡᠭᠡ ᠬᠡᠪᠴᠢᠶᠡᠨ᠎ᠤ ᠲᠥᠬᠦᠭᠡᠷᠦᠮᠵᠢ ᠵᠢᠨ ᠰᠢᠨᠡᠴᠢᠯᠡᠯᠲᠡ ᠪᠠ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠵᠤ᠂ ᠪᠦᠬᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠦᠲᠦᠮᠵᠢᠲᠡᠢ ᠪᠠᠭᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 3 ᠳ᠋ᠤᠭ᠋ᠠᠷ ᠰᠠᠷ᠎ᠠ ᠵᠢᠨ 1᠎ᠤ ᠡᠳᠦᠷ᠂ ᠶᠡᠷᠦᠩᠬᠡᠢ ᠰᠠᠶ᠋ᠢᠳ ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠥᠯ》᠎ᠢ ᠬᠢᠨᠠᠨ ᠵᠥᠪᠯᠡᠵᠦ ᠪᠠᠲᠤᠯᠠᠪᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠥᠬᠦᠶ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ 《ᠠᠵᠢᠯᠯᠠᠭ᠎ᠠ ᠵᠢᠨ ᠲᠥᠰᠦᠯ》᠎ᠢ ᠪᠣᠶ ᠪᠣᠯᠭ᠋ᠠᠪᠠ᠃
ᠬᠤᠶᠠᠷ᠂ 《ᠠᠵᠢᠯᠯᠠᠭ᠎ᠠ ᠵᠢᠨ ᠲᠥᠰᠦᠯ》᠎ᠤᠨ ᠭᠤᠤᠯ ᠠᠭᠤᠯᠭ᠎ᠠ
《ᠠᠵᠢᠯᠯᠠᠭ᠎ᠠ ᠵᠢᠨ ᠲᠥᠰᠦᠯ》᠎ᠢ ᠭᠤᠣᠯᠳᠠᠭᠤ ᠲᠠᠪᠤᠨ ᠬᠡᠰᠡᠭ ᠠᠭᠤᠯᠭ᠎ᠠ ᠬᠤᠪᠢᠶᠠᠨ᠎ᠠ᠃
ᠨᠢᠭᠡᠳᠦᠭᠡᠷ ᠬᠡᠰᠡᠭ᠎ᠨᠢ ᠶᠡᠷᠦᠩᠬᠡᠶ ᠱᠠᠭ᠋ᠠᠷᠳᠠᠯᠭ᠎ᠠ᠃ ᠲᠥᠪ᠎ᠤᠨ ᠡᠳ᠋᠎ᠤᠨ ᠵᠠᠰᠠᠭ ᠪᠣᠯᠤᠨ ᠣᠷᠣᠨ ᠨᠤᠲᠤᠭ᠎ᠤᠨ ᠵᠠᠰᠠᠭ᠎ᠤᠨ ᠣᠷᠳᠣᠨ ᠬᠤᠯᠪᠣᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠮᠡᠷᠭᠡᠵᠢᠯ᠂ ᠡᠨᠧᠷᠭᠢ ᠵᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠪᠠᠷᠢᠮᠵᠢᠶ᠎ᠠ ᠵᠢ ᠳᠡᠭᠡᠭᠰᠢᠯᠡᠭᠦᠯᠬᠦ᠎ᠪᠠᠷ ᠵᠢᠯᠣᠭᠤᠳᠤᠮᠵᠢ ᠪᠣᠯᠭ᠋ᠠᠵᠤ᠂ ᠲᠥᠷᠥ ᠵᠢᠨ ᠪᠣᠳᠣᠯᠭ᠎ᠠ᠎ᠪᠠᠷ ᠤᠷᠮᠠᠰᠢᠭᠤᠯᠤᠯ ᠪᠣᠯᠭ᠋ᠠᠵᠤ᠂ ᠰᠠᠭ᠋ᠠᠳ ᠥᠬᠡᠶ ᠣᠷᠴᠢᠯᠳᠤᠭᠤᠯᠬᠤ᠎ᠪᠠᠷ ᠬᠥᠳᠡᠯᠭᠡᠭᠦᠷ ᠪᠣᠯᠭ᠋ᠠᠵᠤ᠂ 《ᠬᠠᠭᠤᠴᠢᠨ᠎ᠢ ᠠᠷᠢᠯᠭ᠋ᠠᠬᠤ᠎ᠳᠤ ᠨᠠᠩ ᠬᠢᠯᠪᠠᠷ᠂ ᠰᠢᠨ᠎ᠡ ᠵᠢ ᠰᠣᠯᠢᠬᠤ᠎ᠳᠤ ᠨᠠᠩ ᠳᠤᠷᠠᠲᠠᠶ》 ᠪᠦᠲᠦᠮᠵᠢᠲᠡᠶ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠬᠡᠷᠡᠭᠯᠡᠭᠡ ᠵᠢ ᠬᠢᠵᠢᠭ᠎ᠤᠨ ᠳᠠᠷᠠᠭ᠎ᠠ ᠰᠡᠷᠭᠦᠭᠡᠬᠦ᠎ᠠᠴᠠ ᠦᠷᠭᠦᠯᠵᠢᠯᠡᠨ ᠥᠷᠭᠡᠳᠬᠡᠬᠦ ᠲᠡᠶ᠋ᠢᠰᠢ ᠰᠢᠯᠵᠢᠭᠦᠯᠬᠦ ᠵᠢ ᠠᠬᠢᠭᠤᠯᠵᠤ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠨ᠎ᠠ ᠭᠡᠵᠦ ᠳᠤᠷᠠᠳᠪᠠ᠃ ᠲᠡᠭᠡᠬᠦ ᠮᠥᠷᠲᠡᠭᠡᠨ ᠲᠥᠷᠥ ᠵᠢᠨ ᠪᠤᠳᠣᠯᠭ᠎ᠠ ᠵᠢ ᠬᠡᠷᠡᠭᠵᠢᠭᠦᠯᠬᠦ ᠠᠵᠢᠯ᠎ᠤᠨ ᠬᠠᠷᠠᠯᠲᠠ ᠵᠢ ᠳᠤᠷᠠᠳᠪᠠ᠃
ᠬᠤᠶᠠᠳᠤᠭ᠋ᠠᠷ ᠬᠡᠰᠡᠭ᠎ᠨᠢ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠤᠯᠢᠨ᠎ᠠ᠃ ᠮᠠᠰᠢᠨ ᠲᠡᠷᠭᠡᠨ᠎ᠤ 《ᠡᠨᠧᠷᠭᠢ》 ᠰᠣᠯᠢᠬᠤ ᠵᠢ ᠠᠬᠢᠭᠤᠯᠵᠤ᠂ ᠰᠢᠨ᠎ᠡ ᠲᠡᠷᠭᠡ᠂ ᠭᠠᠷ ᠳᠠᠮᠵᠢᠭᠰᠠᠨ ᠮᠠᠰᠢᠨ ᠲᠡᠷᠭᠡ᠂ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ᠂ ᠮᠠᠰᠢᠨ ᠲᠡᠷᠭᠡᠨ᠎ᠤ ᠠᠷᠤ ᠲᠠᠯ᠎ᠠ ᠵᠢᠨ ᠵᠠᠬ᠎ᠠ ᠳᠡᠯᠭᠡᠭᠦᠷ ᠵᠡᠷᠭᠡ ᠮᠠᠰᠢᠨ ᠲᠡᠷᠭᠡᠨ᠎ᠤ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠡᠯ᠎ᠡ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠡᠷᠭᠢᠯᠲᠡ ᠵᠢᠨ ᠲᠦᠭᠵᠢᠷᠡᠯ᠎ᠢ ᠰᠢᠯᠤᠭᠤᠳᠬᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠂ ᠪᠥᠬᠦ ᠬᠡᠯᠬᠢᠶ᠎ᠡ᠎ᠳᠤ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠤᠨ᠎ᠠ᠃ ᠵᠢᠷᠭᠤᠭ᠋ᠠᠨ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠄ ᠨᠢᠭᠡ᠎ᠳᠤ᠂ ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠲᠥᠪ᠎ᠤᠨ ᠡᠳ᠋᠎ᠤᠨ ᠵᠠᠰᠠᠭ ᠬᠢᠭᠡᠳ ᠣᠷᠣᠨ ᠨᠤᠲᠤᠭ᠎ᠤᠨ ᠵᠠᠰᠠᠭ᠎ᠤᠨ ᠣᠷᠳᠣᠨ ᠬᠠᠮᠲᠤᠷᠠᠨ ᠬᠥᠳᠡᠯᠦᠯᠴᠡᠵᠦ᠂ ᠪᠡᠯᠡ ᠮᠥᠩᠭᠥ ᠲᠣᠬᠢᠷᠠᠭᠤᠯᠤᠨ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠳᠡᠮᠵᠢᠵᠦ᠂ ᠨᠥᠬᠥᠴᠡᠯ ᠪᠦᠬᠦᠢ ᠭᠠᠵᠠᠷ ᠣᠷᠣᠨ᠎ᠤ ᠮᠠᠰᠢᠨ ᠲᠡᠷᠭᠡ ᠵᠢ ᠰᠣᠯᠢᠵᠤ ᠰᠢᠨᠡᠳᠬᠡᠬᠦ ᠵᠢ ᠳᠡᠮᠵᠢᠬᠦ ᠵᠢ ᠵᠣᠷᠢᠭᠵᠢᠭᠤᠯᠬᠤ ᠬᠡᠷᠡᠭᠲᠡᠶ᠃ ᠮᠠᠰᠢᠨ ᠲᠡᠷᠭᠡᠨ᠎ᠤ ᠵᠢᠭᠡᠯᠡᠯᠭᠡ ᠵᠢ ᠠᠩᠬ᠎ᠠ ᠲᠤᠰᠢᠶᠠᠬᠤ ᠬᠠᠷᠢᠴᠠᠯ᠎ᠢ ᠵᠣᠬᠢᠰᠲᠠᠶ ᠪᠠᠭᠤᠷᠠᠭᠤᠯᠵᠤ᠂ ᠮᠠᠰᠢᠨ ᠲᠡᠷᠭᠡᠨ᠎ᠤ ᠵᠢᠭᠡᠯᠡᠯᠭᠡ ᠵᠢᠨ ᠬᠦᠦ ᠵᠢᠨ ᠨᠣᠷᠮ᠎ᠠ᠂ ᠬᠤᠭᠤᠴᠠᠭ᠎ᠠ ᠬᠢᠵᠠᠭ᠋ᠠᠷ᠎ᠢ ᠵᠦᠢ ᠵᠣᠬᠢᠰᠲᠠᠶ ᠲᠣᠭᠲᠠᠭ᠋ᠠᠬᠤ ᠬᠡᠷᠡᠭᠲᠡᠶ᠃ ᠬᠤᠶᠠᠷ᠎ᠲᠤ᠂ ᠮᠠᠰᠢᠨ ᠲᠡᠷᠭᠡᠨ᠎ᠤ ᠬᠦᠷᠢᠶᠡᠨ᠎ᠳᠠᠬᠢ ᠪᠠᠷᠢᠮᠵᠢᠶ᠎ᠠ᠎ᠪᠠᠷ ᠬᠥᠲᠥᠯᠬᠦ ᠵᠢ ᠳᠣᠪᠤᠶ᠋ᠢᠯᠭ᠋ᠠᠪᠠ᠃ ᠠᠯᠪᠠᠳᠠᠯᠭ᠎ᠠ᠎ᠪᠠᠷ ᠬᠠᠶᠠᠭᠤᠯᠬᠤ ᠪᠠᠷᠢᠮᠵᠢᠶ᠎ᠠ᠎ᠳᠤ ᠨᠡᠶ᠋ᠢᠴᠡᠬᠦ ᠬᠠᠭᠤᠴᠢᠨ ᠮᠠᠰᠢᠨ ᠲᠡᠷᠭᠡ ᠵᠢ ᠬᠠᠤᠯᠢ ᠲᠣᠭᠲᠠᠭ᠋ᠠᠯ ᠶᠣᠰᠣᠭ᠋ᠠᠷ ᠰᠢᠭᠰᠢᠭᠳᠡᠭᠦᠯᠦᠨ᠎ᠡ᠃ ᠬᠠᠭᠤᠴᠢᠨ ᠮᠠᠰᠢᠨ ᠲᠡᠷᠭᠡᠨ᠎ᠤ ᠬᠠᠮᠢᠶ᠎ᠠ ᠪᠦᠬᠦᠢ ᠪᠠᠷᠢᠮᠵᠢᠶ᠎ᠠ ᠵᠢ ᠲᠣᠭᠲᠠᠭ᠋ᠠᠨ ᠬᠡᠷᠡᠭᠵᠢᠭᠦᠯᠦᠨ᠎ᠡ᠃ ᠭᠤᠷᠪᠠ᠎ᠳᠤ᠂ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠵᠢ ᠡᠭᠡᠭᠦᠯᠦᠨ ᠬᠤᠷᠢᠶᠠᠵᠤ ᠵᠠᠳᠠᠯᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠡᠭᠡᠭᠦᠯᠦᠨ ᠬᠤᠷᠢᠶᠠᠬᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠵᠦ᠂ ᠲᠡᠷᠭᠡᠨ᠎ᠤ ᠡᠵᠡᠨ᠎ᠤ ᠲᠡᠷᠭᠡ ᠲᠤᠰᠢᠶᠠᠬᠤ᠎ᠳᠤ ᠳᠥᠭᠥᠮ ᠪᠣᠯᠭ᠋ᠠᠨ᠎ᠠ᠃ ᠠᠮᠤᠷ ᠲᠥᠪᠰᠢᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠬᠡᠷᠡᠭᠲᠡᠢ᠃ ᠳᠥᠷᠪᠡ᠎ᠳᠤ᠂ ᠭᠠᠷ ᠳᠠᠮᠵᠢᠭᠰᠠᠨ ᠮᠠᠰᠢᠨ ᠲᠡᠷᠭᠡᠨ᠎ᠤ ᠰᠠᠨᠠᠭ᠎ᠠ ᠠᠮᠤᠷ ᠪᠥᠭᠡᠳ ᠳᠥᠭᠦᠮ ᠳᠥᠲᠡ ᠠᠷᠠᠯᠵᠢᠶ᠎ᠠ ᠵᠢ ᠠᠬᠢᠭᠤᠯᠤᠨ᠎ᠠ᠃ ᠭᠠᠵᠠᠷ ᠣᠷᠣᠨ ᠠᠯᠤᠰᠯᠠᠭᠰᠠᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠰᠢᠨ ᠲᠡᠷᠭᠡᠨ᠎ᠤ ᠬᠦᠷᠢᠶᠡᠨ᠎ᠳᠠᠬᠢ ᠨᠢᠭᠤᠴᠠ ᠵᠢ ᠬᠠᠮᠠᠭ᠋ᠠᠯᠠᠬᠤ ᠪᠤᠰᠤ᠂ ᠬᠤᠪᠢ ᠵᠢᠨ ᠪᠤᠰᠤ ᠮᠡᠳᠡᠭᠡ ᠵᠠᠩᠭᠢ ᠵᠢ ᠨᠡᠭᠡᠭᠡᠨ ᠬᠡᠷᠡᠭᠯᠡᠬᠦ ᠵᠢ ᠠᠬᠢᠭᠤᠯᠵᠤ᠂ ᠰᠢᠨ᠎ᠡ ᠡᠨᠧᠷᠭᠢ ᠵᠢᠨ ᠭᠠᠷ ᠳᠠᠮᠵᠢᠭᠰᠠᠨ ᠮᠠᠰᠢᠨ ᠲᠡᠷᠭᠡᠨ᠎ᠤ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠪᠠᠶ᠋ᠢᠴᠠᠭ᠋ᠠᠨ ᠰᠢᠯᠭ᠋ᠠᠬᠤ ᠪᠠ ᠬᠡᠮᠵᠢᠭᠳᠡᠯ᠎ᠢ ᠵᠢᠱ᠌ᠢᠬᠦ ᠲᠠᠪᠴᠠᠩ᠎ᠤᠨ ᠪᠠᠶ᠋ᠢᠭᠤᠯᠤᠯᠲᠠ ᠵᠢ ᠳᠡᠮᠵᠢᠨ᠎ᠡ᠃ ᠲᠠᠪᠤ᠎ᠳᠤ᠂ ᠬᠠᠭᠤᠴᠢᠨ ᠮᠠᠰᠢᠨ ᠲᠡᠷᠭᠡᠨ᠎ᠤ ᠡᠵᠡᠩᠨᠡᠯᠲᠡ ᠵᠢᠨ ᠭᠤᠤᠯ ᠴᠣᠭᠴᠠ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃ ᠭᠠᠷ ᠳᠠᠮᠵᠢᠭᠰᠠᠨ ᠮᠠᠰᠢᠨ ᠲᠡᠷᠭᠡ ᠪᠣᠷᠣᠯᠠᠭᠤᠯᠬᠤ ᠵᠠᠭᠤᠴᠢ ᠵᠢᠨ ᠳᠠᠮᠵᠢᠭᠤᠯᠤᠨ ᠪᠣᠷᠣᠯᠠᠭᠤᠯᠬᠤ ᠪᠠ ᠬᠠᠭᠤᠴᠢᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠵᠢ ᠳᠡᠮᠵᠢᠨ᠎ᠡ᠃ ᠵᠢᠷᠭᠤᠭ᠎ᠠ᠎ᠳᠤ᠂ ᠮᠠᠰᠢᠨ ᠲᠡᠷᠭᠡᠨ᠎ᠤ ᠭᠦᠢ᠍ᠯᠭᠡᠭᠡᠨ᠎ᠤ ᠬᠡᠷᠡᠭᠯᠡᠭᠡ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ᠃ ᠬᠣᠲᠠ ᠵᠢᠨ ᠮᠠᠰᠢᠨ ᠲᠡᠷᠭᠡᠨ᠎ᠤ ᠭᠦᠢ᠍ᠯᠭᠡᠭᠡᠨ᠎ᠤ ᠬᠡᠷᠡᠭᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ᠎ᠤᠨ ᠴᠡᠭ᠎ᠤᠨ ᠠᠵᠢᠯ᠎ᠢ ᠥᠷᠨᠢᠭᠦᠯᠵᠦ᠂ ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠦᠭᠡᠶ ᠡᠷᠭᠢᠯᠳᠡᠲᠦ ᠮᠠᠰᠢᠨ ᠲᠡᠷᠭᠡᠨ᠎ᠤ ᠭᠦᠢ᠍ᠯᠭᠡᠭᠡᠨ᠎ᠤ ᠬᠡᠷᠡᠭᠯᠡᠭᠡᠨ᠎ᠤ ᠲᠣᠮᠣ ᠵᠠᠬ᠎ᠠ ᠳᠡᠯᠭᠡᠭᠦᠷ᠎ᠢ ᠲᠦᠷᠭᠡᠳᠬᠡᠨ ᠪᠠᠶ᠋ᠢᠭᠤᠯᠵᠤ᠂ ᠮᠠᠰᠢᠨ ᠲᠡᠷᠭᠡᠨ᠎ᠤ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠮᠡᠳᠡᠭᠡ ᠵᠠᠩᠭᠢ ᠵᠢᠨ ᠰᠣᠯᠢᠯᠴᠠᠬᠤ ᠰᠢᠰᠲ᠋ᠧᠮ᠎ᠢ ᠪᠦᠲᠦᠭᠡᠨ ᠪᠠᠶ᠋ᠢᠭᠤᠯᠬᠤ ᠵᠢ ᠲᠦᠯᠬᠢᠨ ᠠᠬᠢᠭᠤᠯᠤᠨ᠎ᠠ᠃
ᠭᠤᠷᠪᠠᠳᠤᠭ᠋ᠠᠷ ᠬᠡᠰᠡᠭ᠎ᠨᠢ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠲᠦᠯᠬᠢᠨ ᠠᠬᠢᠭᠤᠯᠤᠨ᠎ᠠ᠃ ᠭᠡᠷ᠎ᠤᠨ ᠴᠠᠬᠢᠯᠭ᠋ᠠᠨ ᠬᠡᠷᠡᠭᠰᠡᠯ᠎ᠢ 《ᠤᠶᠤᠨᠴᠢ》᠎ᠪᠠᠷ ᠰᠣᠯᠢᠬᠤ ᠵᠢ ᠲᠦᠯᠬᠢᠨ ᠠᠬᠢᠭᠤᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠰᠢᠨ᠎ᠡ ᠵᠢ ᠰᠣᠯᠢᠬᠤ᠎ᠪᠠᠷ ᠭᠣᠤᠯᠳᠠᠯᠭ᠎ᠠ ᠪᠣᠯᠭ᠋ᠠᠨ᠂ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠲᠤᠭᠲᠠᠯᠴᠠᠭ᠎ᠠ ᠵᠢ ᠪᠦᠷᠢᠨᠰᠢᠭᠦᠯᠵᠦ᠂ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ 《ᠨᠠᠮᠵᠢᠭᠤᠨ ᠰᠤᠳᠠᠰᠤ ᠵᠢᠨ ᠡᠷᠭᠢᠯᠲᠡ》 ᠵᠢᠨ ᠲᠦᠭᠵᠢᠷᠡᠯ᠎ᠤᠨ ᠴᠡᠭ᠎ᠢ ᠨᠡᠪᠲᠡᠷᠡᠭᠦᠯᠵᠦ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠡᠷᠡᠭᠯᠡᠭᠡᠨ᠎ᠤ ᠡᠷᠭᠢᠯᠲᠡ ᠵᠢ ᠰᠢᠯᠤᠭᠤᠳᠬᠠᠨ᠎ᠠ᠃ ᠲᠤᠯᠤᠭ᠋ᠠᠨ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠄ ᠨᠢᠭᠡ᠎ᠳᠤ᠂ ᠡᠳ᠋᠎ᠤᠨ ᠵᠠᠰᠠᠭ ᠭᠠᠶ᠋ᠢᠯᠢ ᠵᠢᠨ ᠲᠦᠷᠦ ᠵᠢᠨ ᠪᠣᠳᠣᠯᠭ᠎ᠠ ᠵᠢᠨ ᠬᠥᠲᠥᠯᠥᠨ ᠵᠢᠯᠤᠭᠤᠳᠬᠤ ᠦᠢ᠍ᠯᠡᠳᠦᠯ᠎ᠢ ᠪᠠᠳᠠᠷᠠᠭᠤᠯᠤᠨ᠎ᠠ᠃ ᠨᠥᠬᠥᠴᠡᠯ ᠪᠦᠬᠦᠢ ᠭᠠᠵᠠᠷ ᠣᠷᠣᠨ᠎ᠢ ᠵᠣᠷᠢᠭᠵᠢᠭᠤᠯᠤᠨ ᠲᠥᠪ᠎ᠤᠨ ᠡᠳ᠋᠎ᠤᠨ ᠵᠠᠰᠠᠭ᠎ᠠᠴᠠ ᠲᠣᠬᠢᠷᠠᠭᠤᠯᠤᠭᠰᠠᠨ ᠣᠳᠣ ᠦᠶ᠎ᠡ ᠵᠢᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠤᠭᠲᠠᠯᠴᠠᠭ᠎ᠠ ᠵᠢᠨ ᠬᠠᠮᠢᠶ᠎ᠠ ᠪᠦᠬᠦᠢ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠤᠭᠲᠠᠯᠴᠠᠭ᠎ᠠ ᠵᠢᠨ ᠪᠠᠶ᠋ᠢᠭᠤᠯᠤᠯᠲᠠ ᠵᠡᠷᠭᠡ ᠣᠳᠣ ᠪᠠᠶ᠋ᠢᠭ᠎ᠠ ᠪᠡᠯᠡ ᠮᠥᠩᠭᠥ ᠵᠢᠨ ᠠᠷᠭ᠎ᠠ ᠵᠠᠮ᠎ᠢ ᠭᠦᠢ᠍ᠴᠡᠳ ᠠᠰᠢᠭᠯᠠᠵᠤ᠂ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠡᠮᠵᠢᠨ᠎ᠡ᠃ ᠬᠤᠶᠠᠷ᠎ᠲᠤ᠂ ᠠᠷᠠᠳ᠎ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠠᠪᠬᠤ ᠵᠢ ᠵᠣᠷᠢᠭᠵᠢᠭᠤᠯᠤᠨ᠎ᠠ᠃ ᠨᠥᠬᠦᠴᠡᠯ᠎ᠲᠠᠢ ᠭᠠᠵᠠᠷ ᠣᠷᠣᠨ᠎ᠤ ᠬᠡᠷᠡᠭᠯᠡᠭᠴᠢᠳ᠎ᠤᠨ ᠪᠣᠬᠢᠷᠳᠤᠯ ᠦᠭᠡᠢ ᠣᠶᠤᠨᠴᠢ ᠭᠡᠷ᠎ᠤᠨ ᠴᠠᠬᠢᠯᠭ᠋ᠠᠨ ᠬᠡᠷᠡᠭᠰᠡᠯ ᠬᠤᠳᠠᠯᠳᠤᠨ ᠠᠪᠬᠤ᠎ᠳᠤ ᠨᠥᠬᠦᠪᠦᠷᠢ ᠣᠯᠭᠤᠬᠤ ᠵᠢ ᠵᠣᠷᠢᠭᠵᠢᠭᠤᠯᠤᠨ᠎ᠠ᠃ ᠭᠤᠷᠪᠠ᠎ᠳᠤ᠂ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠵᠢ ᠲᠡᠭᠦᠯᠳᠡᠷᠵᠢᠭᠦᠯᠬᠦ ᠬᠡᠷᠡᠭᠲᠡᠶ᠃ ᠡᠭᠡᠭᠦᠯᠦᠨ ᠬᠤᠷᠢᠶᠠᠬᠤ ᠲᠣᠤᠷ ᠴᠡᠭ᠂ ᠵᠡᠭᠡᠯᠢ ᠭᠤᠳᠤᠮᠵᠢ (ᠰᠢᠶᠠᠩ᠂ ᠪᠠᠯᠭ᠋ᠠᠰᠤ) ᠵᠢᠨ ᠳᠠᠮᠵᠢᠭᠤᠯᠬᠤ ᠥᠷᠲᠡᠭᠡ ᠪᠣᠯᠤᠨ ᠣᠷᠣᠨ ᠪᠦᠰᠡ ᠵᠢᠨ ᠴᠢᠨᠠᠷᠲᠠᠶ ᠢᠯᠭ᠋ᠠᠬᠤ ᠲᠥᠪ᠎ᠢ ᠵᠦᠢ ᠵᠣᠬᠢᠰᠲᠠᠶ ᠪᠠᠶ᠋ᠢᠷᠢᠯᠠᠭᠤᠯᠬᠤ ᠬᠡᠷᠡᠭᠲᠡᠶ᠃ ᠲᠦᠷᠪᠡ᠎ᠳᠤ᠂ ᠤᠯᠠᠨ ᠡᠰᠢᠵᠢᠭᠰᠡᠨ ᠭᠤᠣᠯ ᠴᠣᠭᠴᠠ ᠵᠢ ᠪᠤᠶ᠋ᠢᠵᠢᠭᠤᠯᠬᠤ ᠡᠷᠴᠢᠮ᠎ᠢ ᠴᠢᠩᠭ᠋ᠠᠷᠠᠭᠤᠯᠤᠨ᠎ᠠ᠃ ᠨᠢᠭᠡ ᠪᠦᠯᠦᠭ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠭᠰᠠᠨ ᠨᠡᠶ᠋ᠢᠲᠡᠯᠢᠭ ᠬᠣᠲᠠ ᠪᠣᠯᠤᠨ ᠠᠵᠤ ᠠᠬᠤᠶ᠋ᠢᠯᠠᠯ᠎ᠢ ᠪᠣᠶ᠋ᠢᠵᠢᠭᠤᠯᠬᠤ ᠬᠡᠷᠡᠭᠲᠡᠶ᠃ ᠲᠠᠪᠤ᠎ᠳᠤ᠂ ᠬᠡᠷ᠎ᠤᠨ ᠴᠠᠬᠢᠯᠭ᠋ᠠᠨ ᠬᠡᠷᠡᠭᠰᠡᠯ᠎ᠤᠨ ᠪᠠᠷᠢᠮᠵᠢᠶ᠎ᠠ ᠵᠢᠨ ᠬᠥᠲᠥᠯᠥᠨ ᠳᠠᠭ᠋ᠠᠭᠤᠯᠬᠤ ᠪᠠ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ᠃ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠤᠨ ᠵᠢᠱ᠌ᠢᠨ ᠦᠨᠡᠯᠡᠬᠦ ᠳᠦᠷᠢᠮ᠂ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠵᠢᠷᠤᠮᠵᠢᠯ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠵᠢ ᠲᠦᠷᠭᠡᠳᠬᠡᠨ ᠲᠣᠭᠲᠠᠭ᠋ᠠᠵᠤ ᠵᠠᠰᠠᠪᠤᠷᠢ ᠣᠷᠣᠭᠤᠯᠬᠤ ᠬᠡᠷᠡᠭᠲᠡᠶ᠃ ᠵᠢᠷᠭᠤᠭ᠎ᠠ᠎ᠳᠤ᠂ ᠪᠣᠷᠣᠯᠠᠭᠤᠯᠭ᠎ᠠ ᠵᠢᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠭᠡᠷ᠎ᠤᠨ ᠴᠠᠬᠢᠯᠭ᠋ᠠᠨ ᠬᠡᠷᠡᠭᠰᠡᠯ᠎ᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠎ᠡ᠃ ᠲᠤᠯᠤᠭ᠎ᠠ᠎ᠳᠤ᠂ ᠬᠠᠭᠤᠴᠢᠨ ᠲᠠᠸᠠᠷ᠎ᠤᠨ ᠭᠦᠢ᠍ᠯᠭᠡᠭᠡ ᠵᠢ ᠬᠥᠭᠵᠢᠭᠦᠯᠦᠨ᠎ᠡ᠃ ᠭᠠᠷ ᠳᠠᠮᠵᠢᠭᠰᠠᠨ ᠲᠠᠸᠠᠷ᠎ᠤᠨ ᠭᠦᠢ᠍ᠯᠭᠡᠭᠡᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠨᠢᠭᠡ ᠪᠦᠯᠦᠭ ᠬᠠᠭᠤᠴᠢᠨ ᠲᠠᠸᠠᠷ᠎ᠤᠨ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠪᠤᠢ᠌ᠵᠢᠭᠤᠯᠤᠨ᠎ᠠ᠃
ᠳᠥᠷᠪᠡᠳᠦᠭᠡᠷ ᠬᠡᠰᠡᠭ᠎ᠨᠢ ᠬᠡᠷ᠎ᠤᠨ ᠴᠢᠮᠡᠭᠯᠡᠯ᠎ᠤᠨ ᠲᠣᠭᠤᠭ᠋ᠠᠨ ᠬᠡᠷ ᠪᠠ ᠴᠡᠪᠡᠷᠯᠡᠯᠭᠡ ᠵᠢᠨ ᠭᠡᠷ᠎ᠤᠨ 《ᠰᠢᠨᠡᠴᠢᠯᠡᠯᠲᠡ》 ᠵᠢ ᠠᠬᠢᠭᠤᠯᠤᠨ᠎ᠠ᠃ ᠦᠯᠡᠳᠡᠭᠡᠯ ᠬᠡᠷ ᠪᠠᠶ᠋ᠢᠰᠢᠩ᠎ᠢ ᠵᠠᠰᠠᠵᠤ ᠥᠭᠡᠷᠡᠴᠢᠯᠡᠬᠦ ᠵᠢ ᠥᠷᠭᠡᠳᠬᠡᠬᠦ᠎ᠪᠠᠷ ᠭᠠᠷᠳᠠᠴᠠ ᠪᠣᠯᠭ᠋ᠠᠵᠤ᠂ ᠬᠡᠷ᠎ᠤᠨ ᠴᠢᠮᠡᠭᠯᠡᠯ ᠲᠣᠭᠤᠭ᠋ᠠᠨ ᠬᠡᠷ᠎ᠤᠨ ᠡᠷᠡᠭᠦᠯ ᠬᠠᠮᠠᠭ᠋ᠠᠯᠠᠯ᠎ᠤᠨ ᠬᠡᠷᠡᠭᠯᠡᠭᠡᠨ᠎ᠤ ᠵᠦᠢ᠍ᠯ᠎ᠤᠨ ᠰᠢᠨ᠎ᠡ ᠵᠢ ᠰᠣᠯᠢᠬᠤ ᠵᠢ ᠠᠬᠢᠭᠤᠯᠵᠤ᠂ ᠣᠶᠤᠨᠴᠢ ᠬᠡᠷ᠎ᠤᠨ ᠬᠡᠷᠡᠭᠰᠡᠯ᠎ᠤᠨ ᠬᠡᠷᠡᠭᠯᠡᠭᠡ ᠵᠢ ᠠᠬᠢᠭᠤᠯᠵᠤ᠂ ᠬᠡᠷ᠎ᠤᠨ ᠬᠡᠷᠡᠭᠰᠡᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠤᠨ᠎ᠠ᠃ ᠨᠢᠭᠡ᠎ᠳᠤ᠂ ᠠᠷᠠᠳ᠎ᠲᠤ ᠠᠰᠢᠭ ᠬᠦᠷᠲᠡᠭᠡᠬᠦ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠪᠠ᠃ ᠨᠥᠬᠦᠴᠡᠯ᠎ᠲᠠᠢ ᠭᠠᠵᠠᠷ ᠣᠷᠣᠨ᠎ᠤ᠎ᠬᠢᠨ ᠰᠠᠭᠤᠭ᠋ᠠᠯᠢ ᠠᠷᠠᠳ᠎ᠤᠨ ᠬᠠᠭᠤᠴᠢᠨ ᠭᠡᠷ ᠪᠠᠶ᠋ᠢᠰᠢᠩ᠎ᠢ ᠵᠠᠰᠠᠵᠤ ᠴᠢᠮᠡᠭᠯᠡᠬᠦ᠂ ᠲᠣᠭᠤᠭ᠋ᠠᠨ ᠭᠡᠷ᠎ᠤᠨ ᠡᠷᠡᠭᠦᠯ ᠬᠠᠮᠠᠭ᠋ᠠᠯᠠᠯ ᠵᠡᠷᠭᠡ ᠬᠡᠰᠡᠭ ᠲᠠᠯ᠎ᠠ᠎ᠪᠠᠷ ᠥᠭᠡᠷᠡᠴᠢᠯᠡᠨ ᠰᠢᠨᠡᠳᠬᠡᠬᠦ ᠪᠠ ᠨᠠᠰᠤᠵᠢᠬᠤ᠎ᠳᠤ ᠲᠣᠬᠢᠷᠠᠬᠤ ᠥᠭᠡᠷᠡᠴᠢᠯᠡᠯᠲᠡ ᠵᠢ ᠥᠷᠨᠢᠭᠦᠯᠬᠦ ᠵᠢ ᠵᠣᠷᠢᠭᠵᠢᠭᠤᠯᠵᠤ᠂ ᠣᠶᠤᠨᠴᠢ ᠭᠡᠷ᠎ᠤᠨ ᠬᠡᠷᠡᠭᠰᠡᠯ᠎ᠤᠨ ᠦᠢ᠍ᠯᠡᠳᠬᠦᠨ ᠬᠤᠳᠠᠯᠳᠤᠨ ᠠᠪᠬᠤ᠎ᠳᠤ ᠨᠥᠬᠦᠪᠥᠷᠢ ᠣᠯᠭᠤᠨ᠎ᠠ᠃ ᠬᠤᠶᠠᠷ᠎ᠲᠤ᠂ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ᠃ ᠭᠤᠷᠪᠠ᠎ᠳᠤ᠂ ᠭᠡᠷ᠎ᠤᠨ ᠬᠡᠷᠡᠭᠰᠡᠯ᠎ᠤᠨ ᠰᠢᠨ᠎ᠡ ᠨᠡᠮᠡᠭᠳᠡᠯ᠎ᠤᠨ ᠴᠡᠭ᠎ᠢ ᠪᠤᠶ᠋ᠢᠵᠢᠭᠤᠯᠤᠨ᠎ᠠ᠃ ᠤᠶᠤᠨᠲᠤ ᠬᠡᠷ᠎ᠤᠨ ᠡᠳ᠋ᠯᠡᠯ ᠬᠡᠷᠡᠭᠰᠡᠯ᠎ᠢ ᠣᠶᠤᠨᠴᠢ ᠲᠣᠭᠤᠭ᠋ᠠᠨ ᠬᠡᠷ᠂ ᠡᠷᠡᠭᠦᠯ ᠮᠡᠨᠳᠦ ᠵᠢᠨ ᠤᠬᠢᠶᠠᠯᠭ᠎ᠠ᠂ ᠬᠡᠷ ᠪᠦᠯᠢ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ᠂ ᠨᠠᠰᠤᠵᠢᠯ᠎ᠤᠨ ᠠᠰᠠᠷᠠᠮᠵᠢ ᠠᠰᠠᠷᠠᠨ ᠬᠠᠮᠠᠭ᠋ᠠᠯᠠᠬᠤ ᠵᠡᠷᠭᠡ ᠨᠠᠩ ᠣᠯᠠᠨ ᠠᠮᠢᠳᠤᠷᠠᠯ᠎ᠤᠨ ᠠᠬᠤᠶ ᠲᠠᠯᠠᠪᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠳᠥᠷᠪᠡ᠎ᠳᠤ᠂ ᠭᠡᠷ᠎ᠤᠨ ᠡᠳ᠋ᠯᠡᠯ᠎ᠤᠨ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠰᠢᠯᠢᠳᠡᠭᠵᠢᠭᠦᠯᠦᠨ᠎ᠡ᠃ ᠭᠡᠷ᠎ᠤᠨ ᠡᠳ᠋ᠯᠡᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠦᠨᠡᠯᠡᠬᠦ ᠰᠢᠰᠲᠸᠮ᠎ᠢ ᠲᠡᠭᠦᠯᠳᠡᠷᠵᠢᠭᠦᠯᠦᠨ᠎ᠡ᠃
ᠲᠠᠪᠤᠳᠤᠭ᠋ᠠᠷ ᠬᠡᠰᠡᠭ᠎ᠨᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠲᠡᠭᠦᠯᠳᠡᠷᠵᠢᠭᠦᠯᠬᠦ᠂ ᠪᠠᠯᠠ ᠮᠥᠩᠭᠦ ᠵᠢᠨ ᠬᠠᠮᠢᠶᠠᠷᠤᠯᠲᠠ ᠪᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ᠂ ᠨᠢᠭᠡᠳᠦᠯᠲᠡᠶ ᠲᠥᠯᠥᠪᠯᠡᠬᠦ ᠠᠵᠢᠯᠯᠠᠭ᠎ᠠ ᠵᠢ ᠠᠬᠢᠭᠤᠯᠬᠤ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠡᠷᠴᠢᠮ᠎ᠢ ᠴᠢᠩᠭ᠋ᠠᠷᠠᠭᠤᠯᠬᠤ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠬᠤ ᠵᠡᠷᠭᠡ ᠲᠠᠪᠤᠨ ᠲᠠᠯ᠎ᠠ᠎ᠠᠴᠠ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠎ᠠ᠃
ᠳᠠᠷᠠᠭ᠋ᠠᠴᠢ ᠵᠢᠨ ᠠᠯᠬᠤᠮ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠎ᠲᠠᠢ ᠬᠠᠮᠲᠤᠷᠠᠨ ᠪᠢᠴᠢᠭ ᠮᠠᠲ᠋ᠧᠷᠢᠶᠠᠯ᠎ᠢ ᠨᠠᠶ᠋ᠢᠳᠠᠪᠤᠷᠢᠵᠢᠭᠤᠯᠬᠤ ᠪᠠ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠵᠦ᠂ ᠠᠷᠠᠳ ᠤᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠨ᠎ᠠ᠃