ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠵᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠵᠦ᠂ ᠮᠠᠰᠢᠨ ᠲᠡᠷᠭᠡᠨ᠎ᠤ ᠡᠵᠡᠨ᠎ᠤ ᠨᠥᠬᠥᠪᠦᠷᠢ ᠭᠤᠶᠤᠴᠢᠯᠠᠬᠤ᠎ᠳᠤ ᠳᠥᠭᠥᠮ ᠦᠵᠡᠭᠦᠯᠬᠦ ᠵᠢᠨ ᠲᠤᠰᠠᠳᠠ᠂ ᠣᠨᠴᠠᠭ᠋ᠠᠢ᠌ᠯᠠᠨ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ》᠎ᠢ ᠨᠠᠢ᠌ᠷᠠᠭᠤᠯᠤᠨ ᠵᠣᠬᠢᠶᠠᠪᠠ᠃
ᠨᠢᠭᠡ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠴᠠᠭ ᠬᠤᠭᠤᠴᠠᠭ᠎ᠠ᠂ ᠨᠥᠬᠥᠪᠦᠷᠢ ᠥᠭᠬᠦ ᠬᠡᠪᠴᠢᠶ᠎ᠡ ᠬᠢᠭᠡᠳ ᠪᠠᠷᠢᠮᠵᠢᠶ᠎ᠠ
1 . ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠡᠷᠡᠭᠵᠢᠭᠦᠯᠬᠦ ᠴᠠᠭ ᠪᠠ ᠨᠥᠬᠥᠪᠦᠷᠢ ᠭᠤᠶᠤᠴᠢᠯᠠᠬᠤ ᠴᠠᠭ᠎ᠨᠢ ᠬᠡᠵᠢᠶ᠎ᠡ ᠪᠤᠢ?
ᠬᠠᠷᠢᠭᠤᠯᠲᠠ᠄ ᠬᠡᠷᠡᠭᠵᠢᠭᠦᠯᠬᠦ ᠴᠠᠭ᠎ᠨᠢ 《ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ᠂ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ 24 ᠴᠠᠭ ᠪᠣᠯᠲᠠᠯ᠎ᠠ᠃ ᠨᠥᠬᠥᠪᠦᠷᠢ ᠭᠤᠶᠤᠴᠢᠯᠠᠬᠤ ᠴᠠᠭ᠎ᠨᠢ 《ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ᠂ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ 24 ᠴᠠᠭ ᠪᠣᠯᠲᠠᠯ᠎ᠠ᠃ ᠬᠡᠷᠪᠡ ᠬᠣᠯᠪᠣᠭᠳᠠᠯ ᠪᠦᠬᠦᠢ ᠮᠡᠳᠡᠭᠡ ᠵᠠᠩᠭᠢ ᠵᠢ ᠵᠠᠰᠠᠨ ᠨᠥᠬᠥᠪᠦᠷᠢᠯᠡᠬᠦ ᠴᠢᠬᠤᠯᠠᠲᠠᠢ ᠪᠠᠢ᠌ᠪᠠᠯ᠂ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ 24 ᠴᠠᠭ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠢ᠃ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠨᠥᠬᠥᠪᠦᠷᠢ ᠭᠤᠶᠤᠴᠢᠯᠠᠬᠤ ᠪᠤᠶᠤ ᠬᠠᠮᠢᠶ᠎ᠠ ᠪᠦᠬᠦᠢ ᠭᠤᠶᠤᠴᠢᠯᠠᠯ᠎ᠤᠨ ᠮᠡᠳᠡᠭᠡ ᠵᠠᠩᠭᠢ᠎ᠪᠠᠨ ᠨᠥᠬᠥᠪᠦᠷᠢᠯᠡᠵᠦ ᠵᠠᠯᠠᠷᠠᠭᠤᠯᠤᠭᠰᠠᠨ ᠦᠭᠡᠢ ᠪᠠᠢ᠌ᠪᠠᠯ ᠨᠥᠬᠥᠪᠦᠷᠢ ᠥᠭᠬᠦ ᠦᠭᠡᠢ᠃
2 . ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠬᠦᠷᠢᠶ᠎ᠡ ᠬᠡᠪᠴᠢᠶ᠎ᠡ᠎ᠨᠢ ᠶᠠᠮᠠᠷ ᠪᠤᠢ?
ᠬᠠᠷᠢᠭᠤᠯᠲᠠ᠄ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠋ᠠᠨ᠎ᠳᠤ᠂ ᠬᠤᠪᠢ ᠬᠥᠮᠥᠨ᠎ᠤ ᠬᠡᠷᠡᠭᠯᠡᠭᠡᠨ᠎ᠠᠴᠠ ᠭᠠᠷᠭ᠋ᠠᠭᠰᠠᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠨ ᠰᠠᠭᠤᠳᠠᠯ᠎ᠤᠨ ᠮᠠᠰᠢᠨ ᠲᠡᠷᠭᠡ ᠪᠤᠶᠤ 2018 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ (ᠲᠣᠰ ᠡᠳᠦᠷ ᠪᠠᠭᠲᠠᠨ᠎ᠠ)᠎ᠠᠴᠠ ᠡᠮᠦᠨ᠎ᠡ ᠳᠠᠩᠰᠠᠯᠠᠭᠤᠯᠵᠤ ᠪᠦᠷᠢᠳᠬᠡᠭᠦᠯᠦᠭᠰᠡᠨ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ ᠵᠢ ᠬᠤᠳᠠᠯᠳᠤᠨ ᠠᠪᠬᠤ ᠵᠢᠨ ᠬᠠᠮᠲᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ 《ᠲᠡᠷᠭᠡ ᠬᠥᠰᠬᠡ ᠬᠤᠳᠠᠯᠳᠤᠨ ᠠᠪᠬᠤ ᠭᠠᠢ᠌ᠯᠢ ᠵᠢ ᠬᠠᠰᠤᠵᠤ ᠬᠡᠯᠲᠦᠷᠢᠭᠦᠯᠦᠭᠰᠡᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠤᠭᠰᠠᠨ ᠰᠢᠨ᠎ᠡ ᠡᠨᠧᠷᠭᠢ ᠵᠢᠨ ᠰᠠᠭᠤᠳᠠᠯ᠎ᠤᠨ ᠮᠠᠰᠢᠨ ᠲᠡᠷᠭᠡ ᠰᠢᠨ᠎ᠡ ᠮᠠᠰᠢᠨ ᠲᠡᠷᠭᠡ ᠪᠤᠶᠤ 2.0 ᠯᠢᠲᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠤᠯᠲᠠ ᠵᠢᠨ ᠬᠡᠮᠵᠢᠶᠡᠨ᠎ᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠮᠠᠰᠢᠨ ᠲᠡᠷᠭᠡ ᠵᠢᠨ ᠰᠢᠨ᠎ᠡ ᠲᠡᠷᠭᠡ ᠵᠢ ᠬᠤᠳᠠᠯᠳᠤᠨ ᠠᠪᠤᠭᠰᠠᠨ᠎ᠤ ᠳᠠᠷᠠᠭ᠎ᠠ᠂ ᠲᠡᠷᠭᠡ ᠬᠥᠰᠬᠡ ᠵᠢ ᠳᠠᠩᠰᠠᠯᠠᠭᠤᠯᠵᠤ ᠪᠦᠷᠢᠳᠬᠡᠭᠦᠯᠦᠭᠰᠡᠨ ᠪᠠᠢ᠌ᠪᠠᠯ᠂ ᠲᠣᠭᠲᠠᠭᠰᠠᠨ ᠲᠣᠭ᠋ᠠᠨ᠎ᠤ ᠨᠥᠬᠥᠪᠦᠷᠢ ᠣᠯᠭᠣᠨ᠎ᠠ᠃
3 . ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ᠎ᠪᠠᠷ ᠰᠢᠨ᠎ᠡ ᠲᠡᠷᠭᠡ ᠪᠠ ᠬᠠᠭᠤᠴᠢᠨ ᠲᠡᠷᠭᠡ ᠵᠢ ᠭᠤᠶᠤᠴᠢᠯᠠᠬᠤ᠎ᠳᠤ ᠡᠷᠬᠡᠪᠰᠢ ᠨᠢᠭᠡ ᠬᠥᠮᠥᠨ ᠪᠠᠢ᠌ᠬᠤ ᠬᠡᠷᠡᠭᠲᠡᠢ ᠦᠦ?
ᠬᠠᠷᠢᠭᠤᠯᠲᠠ᠄ ᠲᠡᠶ᠋ᠢᠮᠦ ᠠ᠋᠂ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠪᠣᠯᠣᠨ ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡᠨ᠎ᠤ ᠡᠵᠡᠨ᠎ᠨᠢ ᠡᠷᠬᠡᠪᠰᠢ ᠨᠢᠭᠡ ᠬᠥᠮᠥᠨ ᠪᠠᠢ᠌ᠬᠤ ᠬᠡᠷᠡᠭᠲᠡᠢ᠃
4 . ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠬᠡᠪᠴᠢᠶᠡᠨ᠎ᠳᠤ ᠨᠢᠭᠡᠴᠢ ᠵᠢᠨ ᠬᠡᠷᠡᠭᠯᠡᠬᠦ ᠲᠡᠷᠭᠡ ᠵᠢ ᠪᠠᠭᠲᠠᠭ᠋ᠠᠨ᠎ᠠ ᠦᠦ?
ᠬᠠᠷᠢᠭᠤᠯᠲᠠ᠄ ᠨᠢᠭᠡᠴᠢ ᠵᠢᠨ ᠬᠡᠷᠡᠭᠯᠡᠬᠦ ᠲᠡᠷᠭᠡ ᠵᠢ ᠪᠠᠭᠲᠠᠭ᠋ᠠᠬᠤ ᠦᠭᠡᠢ᠂ ᠲᠣᠰ ᠤᠳᠠᠭ᠋ᠠᠨ᠎ᠤ ᠨᠥᠬᠥᠪᠦᠷᠢ ᠵᠢ ᠵᠥᠪᠬᠡᠨ ᠬᠤᠪᠢ ᠬᠥᠮᠥᠨ᠎ᠤ ᠬᠡᠷᠡᠭᠯᠡᠭᠴᠢ᠎ᠳᠤ ᠣᠯᠭᠣᠨ᠎ᠠ᠃
5 . ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠬᠡᠪᠴᠢᠶᠡᠨ᠎ᠳᠤ ᠬᠤᠳᠠᠯᠳᠤᠭ᠋ᠠᠨ᠎ᠳᠤ ᠬᠡᠷᠡᠭᠯᠡᠬᠦ ᠲᠡᠷᠭᠡ ᠵᠢ ᠪᠠᠭᠲᠠᠭ᠋ᠠᠨ᠎ᠠ ᠦᠦ?
ᠬᠠᠷᠢᠭᠤᠯᠲᠠ᠄ ᠬᠤᠳᠠᠯᠳᠤᠭ᠋ᠠᠨ᠎ᠳᠤ ᠬᠡᠷᠡᠭᠯᠡᠬᠦ ᠲᠡᠷᠭᠡ ᠵᠢ ᠪᠠᠭᠲᠠᠭ᠋ᠠᠬᠤ ᠦᠭᠡᠢ᠂ ᠲᠣᠰ ᠤᠳᠠᠭ᠋ᠠᠨ᠎ᠤ ᠨᠥᠬᠥᠪᠦᠷᠢ ᠵᠢ ᠵᠥᠪᠬᠡᠨ ᠰᠠᠭᠤᠳᠠᠯ᠎ᠤᠨ ᠮᠠᠰᠢᠨᠳᠤ ᠬᠡᠷᠡᠭᠯᠡᠨ᠎ᠡ᠃
6 . ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠪᠠᠷᠢᠮᠵᠢᠶ᠎ᠠ᠎ᠨᠢ ᠶᠠᠭᠤ ᠪᠤᠢ?
ᠬᠠᠷᠢᠭᠤᠯᠲᠠ᠄ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ 2.0 ᠯᠢᠲᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶᠡᠨ᠎ᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠰᠢᠨ᠎ᠡ ᠮᠠᠰᠢᠨ ᠲᠡᠷᠭᠡ ᠵᠢ ᠬᠤᠳᠠᠯᠳᠤᠨ ᠠᠪᠤᠭᠰᠠᠨ ᠪᠠᠢ᠌ᠪᠠᠯ᠂ 7000 ᠲᠥᠭᠥᠷᠢᠭ ᠨᠥᠬᠥᠪᠦᠷᠢᠯᠡᠨ᠎ᠡ᠃
7 . 《ᠨᠠᠷᠢᠨ ᠳᠦᠷᠢᠮ》᠎ᠳᠤ ᠬᠡᠯᠡᠵᠦ ᠪᠠᠢ᠌ᠭ᠎ᠠ ᠰᠠᠭᠤᠳᠠᠯ᠎ᠤᠨ ᠲᠡᠷᠭᠡ ᠵᠢ ᠬᠡᠷᠬᠢᠨ ᠲᠣᠮᠢᠶᠠᠯᠠᠬᠤ ᠪᠤᠶ?
ᠬᠠᠷᠢᠭᠤᠯᠲᠠ᠄ ᠰᠠᠭᠤᠳᠠᠯ᠎ᠤᠨ ᠮᠠᠰᠢᠨ ᠲᠡᠷᠭᠡ ᠭᠡᠳᠡᠭ᠎ᠨᠢ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠨ ᠪᠦᠷᠢᠳᠬᠡᠭᠦᠯᠦᠭᠰᠡᠨ ᠵᠢᠵᠢᠭ ᠬᠡᠯᠪᠡᠷᠢ ᠵᠢᠨ᠂ ᠵᠢᠵᠢᠭ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ ᠵᠢ ᠵᠢᠭ᠋ᠠᠵᠤ ᠪᠠᠢ᠌ᠨ᠎ᠠ᠃
8 . 《ᠨᠠᠷᠢᠨ ᠳᠦᠷᠢᠮ》᠎ᠳᠤ ᠬᠡᠯᠡᠵᠦ ᠪᠠᠢ᠌ᠭ᠎ᠠ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠲᠡᠷᠭᠡ ᠵᠢ ᠬᠡᠷᠬᠢᠨ ᠲᠣᠳᠣᠷᠬᠠᠢ᠌ᠯᠠᠬᠤ ᠪᠣᠶ?
ᠬᠠᠷᠢᠭᠤᠯᠲᠠ᠄ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠮᠠᠰᠢᠨ ᠲᠡᠷᠭᠡ ᠭᠡᠳᠡᠭ ᠪᠣᠯ 2011 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ (ᠲᠤᠰ ᠡᠳᠦᠷ ᠪᠠᠭᠲᠠᠨ᠎ᠠ)᠎ᠠᠴᠠ ᠡᠮᠦᠨ᠎ᠡ ᠪᠦᠷᠢᠳᠬᠡᠭᠦᠯᠦᠨ ᠳᠠᠩᠰᠠᠯᠠᠭᠤᠯᠤᠭᠰᠠᠨ ᠲᠦᠯᠡᠰᠢ ᠵᠢᠨ ᠲᠥᠷᠥᠯ ᠵᠦᠢ᠍ᠯ᠎ᠨᠢ ᠴᠢᠶᠢᠦ ᠲᠣᠰᠣ ᠪᠣᠯᠬᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠮᠠᠰᠢᠨ ᠲᠡᠷᠭᠡ ᠪᠤᠶᠤ 2013 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ (ᠲᠤᠰ ᠡᠳᠦᠷ ᠪᠠᠭᠲᠠᠨ᠎ᠠ)᠎ᠠᠴᠠ ᠡᠮᠦᠨ᠎ᠡ ᠪᠦᠷᠢᠳᠬᠡᠭᠦᠯᠦᠨ ᠳᠠᠩᠰᠠᠯᠠᠭᠤᠯᠤᠭᠰᠠᠨ ᠴᠠᠢ᠌ᠶᠢᠦ ᠲᠣᠰᠣ ᠵᠢᠨ ᠰᠠᠭᠤᠳᠠᠯ᠎ᠤᠨ ᠮᠠᠰᠢᠨ ᠲᠡᠷᠭᠡ ᠪᠣᠯᠣᠨ ᠪᠤᠰᠤᠳ ᠲᠦᠯᠡᠰᠢ ᠵᠢᠨ ᠲᠥᠷᠥᠯ᠎ᠤᠨ ᠰᠠᠭᠤᠳᠠᠯ᠎ᠤᠨ ᠮᠠᠰᠢᠨ ᠲᠡᠷᠭᠡ ᠵᠢ ᠵᠢᠭ᠋ᠠᠵᠤ ᠪᠠᠢ᠌ᠨ᠎ᠠ᠃ ᠪᠤᠰᠤᠳ ᠲᠦᠯᠡᠰᠢ ᠵᠢᠨ ᠲᠦᠷᠦᠯ ᠵᠦᠢ᠍ᠯ᠎ᠳᠤ ᠬᠣᠯᠢᠮᠠᠭ ᠲᠣᠰᠣ᠂ ᠪᠠᠢ᠌ᠭ᠋ᠠᠯᠢ ᠵᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠤᠰᠤᠨ᠎ᠤ ᠬᠡᠢ᠂ ᠮᠧᠲ᠋ᠢᠯ ᠠᠯᠺᠣᠣᠯ᠂ ᠡᠲ᠋ᠢᠯ ᠠᠯᠺᠣᠣᠯ᠂ ᠤᠰᠤᠲᠥ᠋ᠷᠥᠭᠴᠢ᠂ ᠠᠮᠢᠳᠤ ᠪᠣᠳᠠᠰ᠎ᠤᠨ ᠲᠦᠯᠡᠰᠢ ᠵᠡᠷᠭᠡ ᠪᠠᠭᠲᠠᠨ᠎ᠠ᠃
9 . 《ᠨᠠᠷᠢᠨ ᠳᠦᠷᠢᠮ》᠎ᠳᠤ ᠬᠡᠯᠡᠵᠦ ᠪᠠᠢ᠌ᠭ᠎ᠠ 2.0 ᠯᠢᠲᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶᠡᠨ᠎ᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠲᠡᠷᠭᠡ ᠵᠢ ᠬᠡᠷᠬᠢᠨ ᠲᠣᠳᠣᠷᠬᠠᠢ᠌ᠯᠠᠬᠤ ᠪᠣᠶ?
ᠬᠠᠷᠢᠭᠤᠯᠲᠠ᠄ ᠪᠤᠰᠤᠳ ᠲᠦᠯᠡᠰᠢ ᠵᠢᠨ ᠲᠦᠷᠦᠯ ᠵᠦᠢ᠍ᠯ᠎ᠳᠤ ᠬᠣᠯᠢᠮᠠᠭ ᠲᠣᠰᠣ᠂ ᠪᠠᠢ᠌ᠭ᠋ᠠᠯᠢ ᠵᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠤᠰᠤᠨ᠎ᠤ ᠬᠡᠢ᠂ ᠮᠧᠲ᠋ᠢᠯ ᠠᠯᠺᠣᠣᠯ᠂ ᠡᠲ᠋ᠢᠯ ᠠᠯᠺᠣᠣᠯ᠂ ᠤᠰᠤᠲᠥ᠋ᠷᠥᠭᠴᠢ᠂ ᠠᠮᠢᠳᠤ ᠪᠣᠳᠠᠰ᠎ᠤᠨ ᠲᠦᠯᠡᠰᠢ ᠵᠡᠷᠭᠡ ᠪᠠᠭᠲᠠᠨ᠎ᠠ᠃
10 . 《ᠨᠠᠷᠢᠨ ᠳᠦᠷᠢᠮ》᠎ᠳᠤ ᠬᠡᠯᠡᠵᠦ ᠪᠠᠢ᠌ᠭ᠎ᠠ ᠰᠢᠨ᠎ᠡ ᠡᠨᠧᠷᠭᠢ ᠵᠢᠨ ᠰᠤᠷᠪᠤᠯᠵᠢ ᠬᠡᠷᠡᠭᠯᠡᠬᠦ ᠰᠠᠭᠤᠳᠠᠯ᠎ᠤᠨ ᠲᠡᠷᠭᠡ ᠵᠢ ᠬᠡᠷᠬᠢᠨ ᠲᠣᠳᠣᠷᠬᠠᠢ᠌ᠯᠠᠬᠤ ᠪᠣᠶ?
ᠬᠠᠷᠢᠭᠤᠯᠲᠠ᠄ ᠰᠢᠨ᠎ᠡ ᠡᠨᠧᠷᠭᠢ ᠵᠢᠨ ᠰᠤᠷᠪᠤᠯᠵᠢ ᠵᠢᠨ ᠰᠠᠭᠤᠳᠠᠯ᠎ᠤᠨ ᠮᠠᠰᠢᠨ ᠲᠡᠷᠭᠡ᠎ᠨᠢ 《ᠲᠡᠷᠭᠡ ᠬᠥᠰᠬᠡ ᠬᠤᠳᠠᠯᠳᠤᠨ ᠠᠪᠬᠤ ᠭᠠᠢ᠌ᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡᠨ᠎ᠤ ᠦᠢ᠍ᠯᠡᠳᠬᠦᠨ ᠬᠤᠳᠠᠯᠳᠤᠨ ᠠᠪᠬᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠢ ᠠᠯᠪᠠᠨ ᠵᠠᠷ》᠎ᠢ ᠦᠨᠳᠦᠰᠦᠯᠡᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠨᠡᠢ᠌ᠲᠡᠯᠡᠭᠰᠡᠨ 《ᠲᠡᠷᠭᠡ ᠬᠥᠰᠬᠡ ᠬᠤᠳᠠᠯᠳᠤᠨ ᠠᠪᠬᠤ ᠭᠠᠢ᠌ᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠤᠭᠰᠠᠨ ᠲᠡᠷᠭᠡᠨ᠎ᠤ ᠬᠡᠯᠪᠡᠷᠢ ᠵᠢ ᠵᠢᠭ᠋ᠠᠵᠤ ᠪᠠᠢ᠌ᠨ᠎ᠠ᠃
ᠬᠣᠶᠠᠷ᠂ ᠭᠤᠶᠤᠴᠢᠯᠠᠬᠤ ᠨᠥᠬᠥᠴᠡᠯ᠂ ᠠᠷᠭ᠎ᠠ ᠵᠠᠮ ᠵᠢᠴᠢ ᠭᠦᠢ᠍ᠴᠡᠳᠬᠡᠬᠦ ᠴᠤᠪᠤᠷᠠᠯ
11 . ᠨᠥᠬᠥᠪᠦᠷᠢ ᠪᠡᠯᠡ ᠮᠥᠩᠭᠥ ᠵᠢ ᠭᠤᠶᠤᠴᠢᠯᠠᠬᠤ᠎ᠳᠤ ᠶᠠᠮᠠᠷ ᠶᠠᠮᠠᠷ ᠱᠠᠭ᠋ᠠᠷᠳᠠᠯᠭ᠎ᠠ᠎ᠲᠠᠢ ᠪᠤᠢ?
ᠬᠠᠷᠢᠭᠤᠯᠲᠠ᠄ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠮᠥᠩᠭᠥ ᠭᠤᠶᠤᠴᠢᠯᠠᠬᠤ᠎ᠳᠤ ᠳᠣᠣᠷᠠᠬᠢ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠄
(1) ᠨᠥᠬᠥᠪᠦᠷᠢ ᠭᠤᠶᠤᠴᠢᠯᠠᠭᠴᠢ᠎ᠨᠢ ᠬᠤᠪᠢ ᠬᠥᠮᠥᠨ᠎ᠤ ᠬᠡᠷᠡᠭᠯᠡᠭᠴᠢ ᠪᠠᠢ᠌ᠬᠤ ᠬᠡᠷᠡᠭᠲᠡᠢ᠃
(2) ᠭᠤᠶᠤᠴᠢᠯᠠᠭᠴᠢ᠎ᠨᠢ ᠬᠤᠪᠢ ᠬᠥᠮᠥᠨ᠎ᠤ ᠨᠡᠷ᠎ᠡ ᠳᠡᠭᠡᠷᠡᠬᠢ ᠬᠠᠭᠤᠴᠢᠨ ᠲᠡᠷᠭᠡ᠎ᠪᠠᠨ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ ᠲᠣᠭᠲᠠᠭᠰᠠᠨ ᠬᠤᠭᠤᠴᠠᠭ᠋ᠠᠨ ᠳᠣᠲᠣᠷ᠎ᠠ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨᠲᠤ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》 ᠣᠯᠣᠭᠰᠠᠨ ᠪᠠᠢ᠌ᠬᠤ ᠬᠡᠷᠡᠭᠲᠡᠢ᠃
(3) ᠭᠤᠶᠤᠴᠢᠯᠠᠭᠴᠢ ᠬᠤᠪᠢ ᠬᠥᠮᠥᠨ᠎ᠤ ᠨᠡᠷ᠎ᠡ ᠳᠡᠭᠡᠷᠡᠬᠢ ᠬᠠᠭᠤᠴᠢᠨ ᠲᠡᠷᠭᠡ᠎ᠪᠠᠨ ᠬᠦᠴᠦᠨ ᠦᠭᠡᠢ ᠪᠣᠯᠭ᠋ᠠᠭᠰᠠᠨ ᠪᠥᠭᠡᠳ ᠲᠣᠭᠲᠠᠭᠰᠠᠨ ᠬᠤᠭᠤᠴᠠᠭ᠋ᠠᠨ ᠳᠣᠲᠣᠷ᠎ᠠ 《ᠮᠠᠰᠢᠨᠲᠤ ᠲᠡᠷᠭᠡ ᠵᠢ ᠬᠦᠴᠦᠨ ᠦᠭᠡᠢ ᠪᠣᠯᠭ᠋ᠠᠭᠰᠠᠨ ᠭᠡᠷᠡᠴᠢ》 ᠣᠯᠣᠭᠰᠠᠨ ᠪᠠᠢ᠌ᠬᠤ ᠬᠡᠷᠡᠭᠲᠡᠢ᠃
(4) ᠭᠤᠶᠤᠴᠢᠯᠠᠭᠴᠢ ᠰᠢᠨ᠎ᠡ ᠲᠡᠷᠭᠡ ᠬᠤᠳᠠᠯᠳᠤᠨ ᠠᠪᠤᠭᠰᠠᠨ ᠪᠥᠭᠡᠳ ᠲᠣᠭᠲᠠᠭᠰᠠᠨ ᠴᠠᠭ᠎ᠤᠨ ᠳᠣᠲᠣᠷ᠎ᠠ 《ᠮᠠᠰᠢᠨᠲᠤ ᠲᠡᠷᠭᠡ ᠪᠣᠷᠣᠯᠠᠭᠤᠯᠤᠭᠰᠠᠨ ᠨᠢᠭᠡᠳᠦᠯᠲᠡᠢ ᠪᠠᠷᠢᠮᠲᠠ》 ᠵᠢ ᠣᠯᠣᠭᠰᠠᠨ ᠪᠠᠢ᠌ᠬᠤ ᠬᠡᠷᠡᠭᠲᠡᠢ᠃
(5) ᠭᠤᠶᠤᠴᠢᠯᠠᠭᠴᠢ ᠳᠠᠩᠰᠠᠯᠠᠭᠤᠯᠤᠨ ᠪᠦᠷᠢᠳᠬᠡᠭᠦᠯᠬᠦ ᠭᠠᠷ ᠭᠦᠢ᠍ᠴᠡᠳᠬᠡᠯ ᠬᠢᠬᠦ ᠵᠢᠨ ᠬᠠᠮᠲᠤ ᠲᠣᠭᠲᠠᠭᠰᠠᠨ ᠴᠠᠭ᠎ᠤᠨ ᠳᠣᠲᠣᠷ᠎ᠠ 《ᠮᠠᠰᠢᠨᠲᠤ ᠲᠡᠷᠭᠡ ᠳᠠᠩᠰᠠᠯᠠᠭᠤᠯᠤᠭᠰᠠᠨ ᠦᠨᠡᠮᠯᠡᠯ》᠎ᠢ ᠣᠯᠣᠭᠰᠠᠨ ᠪᠠᠢ᠌ᠬᠤ ᠬᠡᠷᠡᠭᠲᠡᠢ᠃
(6) ᠳᠡᠭᠡᠷ᠎ᠡ ᠳᠤᠷᠠᠳᠤᠭᠰᠠᠨ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨᠲᠤ ᠲᠡᠷᠭᠡ ᠵᠢ ᠪᠤᠴᠠᠭ᠋ᠠᠨ ᠬᠤᠷᠢᠶᠠᠭᠰᠠᠨ ᠭᠡᠷᠡᠴᠢ》᠂ 《ᠮᠠᠰᠢᠨᠲᠤ ᠲᠡᠷᠭᠡ ᠵᠢ ᠬᠦᠴᠦᠨ ᠦᠭᠡᠢ ᠪᠣᠯᠭ᠋ᠠᠭᠰᠠᠨ ᠭᠡᠷᠡᠴᠢ》᠂ 《ᠮᠠᠰᠢᠨᠲᠤ ᠲᠡᠷᠭᠡ ᠪᠣᠷᠣᠯᠠᠭᠤᠯᠤᠭᠰᠠᠨ ᠨᠢᠭᠡᠳᠦᠯᠲᠡᠢ ᠪᠠᠷᠢᠮᠲᠠ》᠂ 《ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ》 ᠵᠢ 《ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31 ᠤ ᠡᠳᠦᠷ ᠪᠣᠯᠲᠠᠯᠠᠬᠢ ᠬᠤᠭᠤᠴᠠᠭ᠋ᠠᠨ᠎ᠳᠤ ᠭᠠᠷᠭ᠋ᠠᠵᠤ ᠥᠭᠬᠦ ᠬᠡᠷᠡᠭᠲᠡᠢ᠃
12 . ᠳᠡᠭᠡᠷ᠎ᠡ ᠳᠤᠷᠠᠳᠤᠭᠰᠠᠨ ᠬᠠᠭᠤᠴᠢᠨ ᠲᠡᠷᠭᠡ ᠪᠠ ᠰᠢᠨ᠎ᠡ ᠲᠡᠷᠭᠡ ᠭᠡᠷᠡᠴᠢ ᠭᠠᠷᠭ᠋ᠠᠵᠤ ᠥᠭᠬᠦ ᠴᠠᠭ᠎ᠢ ᠶᠠᠭᠤ᠎ᠪᠠᠷ ᠪᠠᠷᠢᠮᠵᠢᠶ᠎ᠠ ᠪᠣᠯᠭ᠋ᠠᠬᠤ ᠪᠤᠢ?
ᠬᠠᠷᠢᠭᠤᠯᠲᠠ᠄
(1) ᠬᠠᠭᠤᠴᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠭᠰᠠᠨ ᠡᠳᠦᠷ ᠬᠤᠭᠤᠴᠠᠭ᠎ᠠ ᠵᠢ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨᠲᠤ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》 ᠳᠤ ᠲᠣᠳᠣᠷᠬᠠᠢ᠌ᠯᠠᠭᠰᠠᠨ ᠲᠡᠷᠭᠡ ᠲᠤᠰᠢᠶᠠᠬᠤ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃
(2) ᠬᠠᠭᠤᠴᠢᠨ ᠲᠡᠷᠭᠡ ᠵᠢ ᠬᠦᠴᠦᠨ ᠦᠭᠡᠢ ᠪᠣᠯᠭ᠋ᠠᠬᠤ ᠡᠳᠦᠷ ᠬᠤᠭᠤᠴᠠᠭ᠎ᠠ ᠵᠢ 《ᠮᠠᠰᠢᠨᠲᠤ ᠲᠡᠷᠭᠡ ᠵᠢ ᠬᠦᠴᠦᠨ ᠦᠭᠡᠢ ᠪᠣᠯᠭ᠋ᠠᠭᠰᠠᠨ ᠭᠡᠷᠡᠴᠢ》᠎ᠳᠤ ᠲᠣᠳᠣᠷᠬᠠᠢ᠌ᠯᠠᠭᠰᠠᠨ ᠬᠦᠴᠦᠨ ᠦᠭᠡᠢ ᠪᠣᠯᠭ᠋ᠠᠬᠤ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃
(3) ᠰᠢᠨ᠎ᠡ ᠲᠡᠷᠭᠡ ᠬᠤᠳᠠᠯᠳᠤᠨ ᠠᠪᠤᠭᠰᠠᠨ ᠡᠳᠦᠷ ᠬᠤᠭᠤᠴᠠᠭ᠎ᠠ ᠵᠢ ᠮᠠᠰᠢᠨ ᠲᠡᠷᠭᠡ ᠪᠣᠷᠣᠯᠠᠭᠤᠯᠬᠤ ᠠᠵᠤ ᠠᠬᠤᠢ᠌ᠯᠠᠯ᠎ᠤᠨ ᠭᠠᠷᠭ᠋ᠠᠭᠰᠠᠨ 《ᠮᠠᠰᠢᠨᠲᠤ ᠲᠡᠷᠭᠡ ᠪᠣᠷᠣᠯᠠᠭᠤᠯᠤᠭᠰᠠᠨ ᠨᠢᠭᠡᠳᠦᠯᠲᠡᠢ ᠪᠠᠷᠢᠮᠲᠠ》 ᠳᠤ ᠲᠣᠳᠣᠷᠬᠠᠢ ᠲᠡᠮᠳᠡᠭᠯᠡᠭᠰᠡᠨ ᠫᠢᠶᠣᠣ ᠭᠠᠷᠭ᠋ᠠᠭᠰᠠᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃
(4) ᠰᠢᠨ᠎ᠡ ᠲᠡᠷᠭᠡ ᠳᠠᠩᠰᠠᠯᠠᠭᠤᠯᠬᠤ ᠡᠳᠦᠷ ᠬᠤᠭᠤᠴᠠᠭ᠎ᠠ ᠵᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠬᠢᠨᠠᠨ ᠣᠯᠭᠣᠭᠰᠠᠨ 《ᠮᠠᠰᠢᠨᠲᠤ ᠲᠡᠷᠭᠡ ᠳᠠᠩᠰᠠᠯᠠᠭᠤᠯᠤᠭᠰᠠᠨ ᠦᠨᠡᠮᠯᠡᠯ》 ᠳᠡᠭᠡᠷ᠎ᠡ ᠲᠣᠳᠣᠷᠬᠠᠢ᠌ᠯᠠᠭᠰᠠᠨ ᠳᠠᠩᠰᠠᠯᠠᠭᠤᠯᠬᠤ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃
13 . ᠶᠠᠮᠠᠷ ᠠᠷᠭ᠎ᠠ ᠵᠠᠮ ᠵᠶ᠋ᠠᠷ ᠨᠥᠬᠥᠪᠦᠷᠢ ᠭᠤᠶᠤᠴᠢᠯᠠᠬᠤ ᠪᠤᠢ?
ᠨᠥᠬᠥᠪᠦᠷᠢ ᠠᠪᠬᠤ᠎ᠪᠠᠷ ᠭᠤᠶᠤᠴᠢᠯᠠᠬᠤ᠎ᠳᠤ ᠰᠦᠯᠵᠢᠶᠡᠨ ᠳᠡᠭᠡᠷ᠎ᠡ ᠭᠦᠢ᠍ᠴᠡᠳᠬᠡᠬᠦ ᠠᠷᠭ᠎ᠠ ᠮᠠᠶᠢᠭ᠎ᠢ ᠬᠡᠷᠡᠭᠯᠡᠨ᠎ᠡ᠂ ᠡᠭᠦᠨ᠎ᠳᠤ ᠭᠣᠣᠯᠳᠠᠭᠤ ᠬᠣᠶᠠᠷ ᠠᠷᠭ᠎ᠠ ᠵᠠᠮ ᠪᠣᠶ᠄
(1) ᠭᠠᠷ ᠤᠲᠠᠰᠤᠨ᠎ᠤ ᠦᠵᠦᠭᠦᠷ᠎ᠨᠢ ᠲᠣᠭ᠋ᠠᠴᠠᠭ᠎ᠠ ᠬᠢᠬᠦ ᠡᠷᠳᠡᠨᠢ (ᡁᠢ ᠹᠦ᠋ ᠪᠤᠤ)᠂ ᠲᠢᠭ ᠲᠤᠭ᠂ ᠸᠢᠴᠠᠲ᠂ ᠡᠭᠦᠯᠡᠨ ᠲᠣᠭ᠋ᠠᠴᠠᠭ᠎ᠠ ᠵᠢᠨ ᠲᠠᠪᠴᠠᠩ᠎ᠤᠨ ᠲᠦᠷᠦᠭᠦᠦ ᠨᠢᠭᠤᠷ ᠵᠶ᠋ᠠᠷ ᠳᠠᠮᠵᠢᠭᠤᠯᠤᠨ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ》 ᠵᠢᠵᠢᠭ ᠫᠷᠣᠭ᠌ᠷᠠᠮ᠎ᠢ ᠡᠷᠢᠬᠦ ᠪᠤᠶᠤ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ》 ᠵᠢᠵᠢᠭ ᠫᠷᠣᠭ᠌ᠷᠠᠮ᠎ᠤᠨ ᠬᠣᠶᠠᠷ ᠬᠡᠮᠵᠢᠯᠲᠦ ᠺᠣᠳ᠋᠎ᠢ ᠰᠢᠭᠤᠳ ᠰᠢᠷᠪᠢᠵᠦ᠂ ᠭᠤᠶᠤᠴᠢᠯᠠᠬᠤ ᠬᠠᠭᠤᠳᠠᠰᠤᠨ᠎ᠳᠤ ᠣᠷᠣᠵᠤ᠂ ᠭᠤᠶᠤᠴᠢᠯᠠᠯ᠎ᠤᠨ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ ᠬᠡᠷᠡᠭᠰᠡᠬᠦ ᠳᠠᠭ᠋ᠠᠯᠳᠤᠭᠤᠯᠤᠯ᠎ᠢ ᠳᠡᠭᠡᠭᠰᠢ ᠳᠠᠮᠵᠢᠭᠤᠯᠪᠠᠯ ᠪᠣᠯᠴᠢᠬᠠᠨ᠎ᠠ᠃
(2) ᠺᠣᠮᠫᠢᠦ᠋ᠲ᠋ᠧᠷ᠎ᠤᠨ ᠦᠵᠦᠭᠦᠷ᠎ᠨᠢ 《ᠪᠦᠬᠦ ᠤᠯᠤᠰ᠎ᠤᠨ ᠮᠠᠰᠢᠨ ᠲᠡᠷᠭᠡᠨ᠎ᠤ ᠭᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ》᠎ᠤᠨ ᠰᠦᠯᠵᠢᠶ᠎ᠡ (https://qclt.mofcom.gov.cn ) ᠳᠡᠭᠡᠷ᠎ᠡ ᠭᠠᠷᠴᠤ᠂ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ》 ᠲᠤᠰᠬᠠᠢ ᠰᠡᠳᠦᠪ᠎ᠢ ᠲᠣᠪᠴᠢᠳᠠᠵᠤ᠂ ᠭᠤᠶᠤᠴᠢᠯᠠᠯ᠎ᠤᠨ ᠬᠠᠭᠤᠳᠠᠰᠤᠨ᠎ᠳᠤ ᠣᠷᠣᠵᠤ᠂ ᠭᠤᠶᠤᠴᠢᠯᠠᠯ᠎ᠤᠨ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ ᠬᠡᠷᠡᠭᠴᠡᠭᠡ ᠪᠦᠬᠦᠢ ᠳᠠᠭ᠋ᠠᠯᠳᠤᠭᠤᠯᠤᠯ᠎ᠢ ᠳᠡᠭᠡᠭᠰᠢ ᠳᠠᠮᠵᠢᠭᠤᠯᠪᠠᠯ ᠪᠣᠯᠴᠢᠬᠠᠨ᠎ᠠ᠃
14 . ᠨᠥᠬᠥᠪᠦᠷᠢ ᠮᠥᠩᠭᠥ ᠭᠤᠶᠤᠴᠢᠯᠠᠬᠤ᠎ᠳᠤ ᠶᠠᠮᠠᠷ ᠶᠠᠮᠠᠷ ᠮᠠᠲ᠋ᠧᠷᠢᠶᠠᠯ ᠬᠠᠩᠭ᠋ᠠᠬᠤ ᠬᠡᠷᠡᠭᠲᠡᠢ ᠪᠤᠢ?
ᠬᠠᠷᠢᠭᠤᠯᠲᠠ᠄ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠮᠥᠩᠭᠥ ᠭᠤᠶᠤᠴᠢᠯᠠᠬᠤ᠎ᠳᠤ ᠳᠣᠣᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠄
(1) ᠭᠤᠶᠤᠴᠢᠯᠠᠭᠴᠢ ᠵᠢᠨ ᠪᠡᠶ᠎ᠡ ᠬᠡᠮ᠎ᠤᠨ ᠮᠡᠳᠡᠭᠡ ᠵᠠᠩᠭᠢ᠂ ᠪᠡᠶ᠎ᠡ ᠵᠢᠨ ᠦᠨᠡᠮᠯᠡᠯ᠎ᠤᠨ ᠵᠥᠪ ᠡᠰᠡᠷᠭᠦ ᠲᠠᠯ᠎ᠠ ᠵᠢᠨ ᠬᠡᠷᠡᠯ ᠵᠢᠷᠤᠭ ᠵᠶ᠋ᠠᠷ ᠳᠠᠮᠵᠢᠭᠤᠯᠤᠨ᠎ᠠ᠃
(2) ᠭᠤᠶᠤᠴᠢᠯᠠᠭᠴᠢ ᠵᠢᠨ ᠪᠠᠩᠬᠢ ᠵᠢᠨ ᠲᠠᠩᠰᠠᠨ ᠡᠷᠦᠬᠡ ᠵᠢᠨ ᠮᠡᠳᠡᠭᠡ ᠵᠠᠩᠭᠢ᠃
(3) 《ᠬᠠᠶᠠᠭᠳᠠᠮᠠᠯ ᠮᠠᠰᠢᠨᠲᠤ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》 ᠪᠠ 《ᠮᠠᠰᠢᠨᠲᠤ ᠲᠡᠷᠭᠡ ᠵᠢ ᠬᠦᠴᠦᠨ ᠦᠭᠡᠢ ᠪᠣᠯᠭ᠋ᠠᠭᠰᠠᠨ ᠭᠡᠷᠡᠴᠢ》 ᠵᠢᠨ ᠤᠭ ᠭᠡᠷᠡᠯ ᠵᠢᠷᠤᠭ ᠪᠤᠶᠤ ᠰᠢᠷᠪᠢᠭᠰᠡᠨ ᠮᠠᠲᠸᠷᠢᠶᠠᠯ᠃
(4) ᠰᠢᠨ᠎ᠡ ᠮᠠᠰᠢᠨ ᠲᠡᠷᠭᠡ ᠵᠢᠨ 《ᠮᠠᠰᠢᠨᠲᠤ ᠲᠡᠷᠭᠡ ᠪᠣᠷᠣᠯᠠᠭᠤᠯᠤᠭᠰᠠᠨ ᠨᠢᠭᠡᠳᠦᠯᠲᠡᠢ ᠪᠠᠷᠢᠮᠲᠠ》᠂ 《ᠮᠠᠰᠢᠨᠲᠤ ᠲᠡᠷᠭᠡ ᠳᠠᠩᠰᠠᠯᠠᠭᠤᠯᠤᠭᠰᠠᠨ ᠦᠨᠡᠮᠯᠡᠯ》᠎ᠤᠨ ᠤᠭ ᠬᠡᠷᠡᠯ ᠵᠢᠷᠤᠭ ᠪᠤᠶᠤ ᠰᠢᠷᠪᠢᠯᠲᠡ ᠵᠢᠨ ᠮᠠᠲ᠋ᠧᠷᠢᠶᠠᠯ᠃
ᠬᠡᠷᠪᠡ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ ᠵᠶ᠋ᠡᠨ ᠥᠭᠡᠷᠡᠴᠢᠯᠡᠭᠰᠡᠨ ᠵᠡᠷᠭᠡ ᠣᠨᠴᠠᠭ᠋ᠠᠶ ᠪᠠᠢ᠌ᠳᠠᠯ᠎ᠲᠠᠢ ᠪᠠᠢ᠌ᠪᠠᠯ᠂ ᠬᠠᠮᠢᠶ᠎ᠠ ᠪᠦᠬᠦᠢ ᠨᠥᠬᠥᠪᠦᠷᠢ ᠮᠠᠲ᠋ᠧᠷᠢᠶᠠᠯ ᠵᠶ᠋ᠠᠨ ᠲᠤᠰᠢᠶᠠᠬᠤ ᠴᠢᠬᠤᠯᠠᠲᠠᠢ᠂ ᠪᠣᠳᠠᠲᠠᠢ᠎ᠪᠠᠷ ᠲᠤᠬᠠᠢ ᠵᠢᠨ ᠭᠠᠵᠠᠷ᠎ᠤᠨ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃
ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠪᠡᠯᠡ ᠮᠥᠩᠭᠥ ᠭᠤᠶᠤᠴᠢᠯᠠᠬᠤ᠎ᠪᠠᠷ ᠪᠠᠢ᠌ᠭ᠎ᠠ ᠮᠠᠰᠢᠨ ᠲᠡᠷᠭᠡᠨ᠎ᠤ ᠡᠵᠡᠨ 《ᠨᠠᠷᠢᠨ ᠳᠦᠷᠢᠮ》᠎ᠳᠤ ᠲᠣᠭᠲᠠᠭ᠋ᠠᠭᠰᠠᠨ ᠴᠠᠭ᠎ᠤᠨ ᠳᠣᠲᠣᠷ᠎ᠠ᠂ ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠢ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠪᠴᠠᠩ᠎ᠳᠤ ᠭᠠᠷᠭ᠋ᠠᠬᠤ ᠬᠡᠷᠡᠭᠲᠡᠢ᠃ ᠣᠷᠣᠨ ᠨᠤᠲᠤᠭ᠎ᠤᠨ ᠬᠤᠳᠠᠯᠳᠤᠭ᠋ᠠᠨ᠎ᠤ ᠶᠠᠪᠤᠳᠠᠯ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠮᠠᠰᠢᠨ ᠲᠡᠷᠭᠡ᠎ᠪᠠᠷ ᠳᠠᠮᠵᠢᠭᠤᠯᠤᠨ ᠬᠠᠭᠤᠴᠢᠨ ᠰᠢᠨ᠎ᠡ ᠵᠢ ᠰᠣᠯᠢᠬᠤ ᠲᠠᠪᠴᠠᠩ ᠵᠶ᠋ᠠᠷ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠬᠠᠷᠢᠭᠤ ᠲᠤᠰᠬᠠᠨ᠎ᠠ᠃ ᠭᠤᠶᠤᠴᠢᠯᠠᠭᠴᠢ ᠵᠢᠨ ᠳᠡᠪᠰᠢᠭᠦᠯᠦᠨ ᠲᠤᠰᠢᠶᠠᠭᠰᠠᠨ ᠮᠡᠳᠡᠭᠡ ᠵᠠᠩᠭᠢ᠎ᠨᠢ ᠦᠨᠡᠨ ᠪᠣᠳᠠᠲᠠᠢ ᠪᠥᠭᠡᠳ ᠪᠦᠷᠢᠨ ᠭᠦᠢ᠍ᠴᠡᠳ ᠪᠠᠢ᠌ᠵᠤ᠂ 《ᠨᠠᠷᠢᠨ ᠳᠦᠷᠢᠮ》᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠪᠠᠯ᠂ ᠬᠢᠨᠠᠨ ᠬᠠᠷᠭᠤᠭᠤᠯᠵᠤ ᠪᠠᠲᠤᠯᠠᠨ᠎ᠠ᠃ ᠭᠤᠶᠤᠴᠢᠯᠠᠭᠴᠢ ᠵᠢᠨ ᠳᠡᠪᠰᠢᠭᠦᠯᠦᠨ ᠲᠤᠰᠢᠶᠠᠭᠰᠠᠨ ᠮᠡᠳᠡᠭᠡ ᠵᠠᠩᠭᠢ᠎ᠨᠢ ᠪᠦᠷᠢᠨ ᠪᠤᠰᠤ ᠪᠤᠶᠤ ᠲᠣᠳᠣᠷᠬᠠᠢ ᠪᠤᠰᠤ᠎ᠠᠴᠠ ᠪᠣᠯᠵᠤ ᠢᠯᠭ᠋ᠠᠨ ᠲᠠᠨᠢᠬᠤ ᠵᠢᠨ ᠠᠷᠭ᠎ᠠ ᠦᠭᠡᠢ ᠪᠠᠢ᠌ᠪᠠᠯ᠂ ᠭᠥᠯᠢᠶᠡᠨ ᠠᠪᠴᠤ ᠰᠢᠢ᠍ᠳᠪᠦᠷᠢᠯᠡᠬᠦ ᠭᠠᠵᠠᠷ᠎ᠠᠴᠠ ᠨᠥᠬᠥᠪᠦᠷᠢᠯᠡᠵᠦ ᠵᠠᠯᠠᠷᠠᠭᠤᠯᠬᠤ ᠮᠡᠳᠡᠭᠡ ᠵᠠᠩᠭᠢ ᠵᠢᠨ ᠱᠠᠭ᠋ᠠᠷᠳᠠᠯᠭ᠎ᠠ ᠵᠢ ᠭᠤᠶᠤᠴᠢᠯᠠᠭᠴᠢ᠎ᠳᠤ ᠮᠡᠳᠡᠭᠳᠡᠵᠦ᠂ ᠭᠤᠶᠤᠴᠢᠯᠠᠭᠴᠢ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠬᠤ ᠬᠤᠭᠤᠴᠠᠭ᠎ᠠ ᠳᠠᠭᠤᠰᠬᠤ᠎ᠠᠴᠠ ᠡᠮᠦᠨ᠎ᠡ ᠤᠤᠯ᠎ᠤᠨ ᠠᠷᠭ᠎ᠠ ᠵᠠᠮ ᠵᠶ᠋ᠠᠷ ᠬᠣᠯᠪᠣᠭᠳᠠᠯ ᠪᠦᠬᠦᠢ ᠮᠡᠳᠡᠭᠡ ᠵᠠᠩᠭᠢ᠎ᠪᠠᠨ ᠨᠥᠬᠥᠪᠦᠷᠢᠯᠡᠵᠦ ᠵᠠᠯᠠᠷᠠᠭᠤᠯᠬᠤ ᠬᠡᠷᠡᠭᠲᠡᠢ᠃
15 . ᠨᠥᠬᠥᠪᠦᠷᠢ ᠵᠢ ᠭᠥᠯᠢᠶᠡᠨ ᠠᠪᠴᠤ ᠰᠢᠢ᠍ᠳᠪᠦᠷᠢᠯᠡᠬᠦ ᠭᠠᠵᠠᠷ᠎ᠨᠢ ᠬᠠᠮᠢᠭ᠎ᠠ ᠪᠠᠢ᠌ᠳᠠᠭ ᠪᠤᠢ?
ᠬᠠᠷᠢᠭᠤᠯᠲᠠ᠄ ᠰᠢᠨ᠎ᠡ ᠲᠡᠷᠭᠡ ᠵᠢᠨ 《ᠮᠠᠰᠢᠨᠲᠤ ᠲᠡᠷᠭᠡ ᠪᠣᠷᠣᠯᠠᠭᠤᠯᠬᠤ ᠨᠢᠭᠡᠳᠦᠯᠲᠡᠢ ᠪᠠᠷᠢᠮᠲᠠ》 ᠵᠢ ᠭᠠᠷᠭ᠋ᠠᠭᠰᠠᠨ ᠭᠠᠵᠠᠷ᠃
16 . ᠨᠥᠬᠥᠪᠦᠷᠢ᠎ᠨᠢ ᠲᠡᠷᠭᠡ ᠬᠤᠳᠠᠯᠳᠤᠨ ᠠᠪᠤᠭᠰᠠᠨ ᠵᠣᠭᠣᠰ᠎ᠢ ᠰᠢᠭᠤᠳ ᠲᠤᠯᠭ᠋ᠠᠨ ᠬᠠᠰᠤᠬᠤ ᠶᠤᠮ ᠦᠦ ᠡᠰᠡᠬᠦᠯ᠎ᠡ ᠪᠡᠯᠡᠨ ᠵᠣᠭᠣᠰ᠎ᠤᠨ ᠬᠡᠯᠪᠡᠷᠢ᠎ᠪᠠᠷ ᠣᠯᠭᠣᠬᠤ ᠶᠤᠮ ᠦᠦ?
ᠬᠠᠷᠢᠭᠤᠯᠲᠠ᠄ ᠪᠡᠯᠡᠨ ᠵᠣᠭᠣᠰ᠎ᠤᠨ ᠨᠥᠬᠥᠪᠦᠷᠢ ᠣᠯᠭᠣᠨ᠎ᠠ᠃ ᠲᠡᠷᠭᠡᠨ᠎ᠤ ᠡᠵᠡᠨ ᠬᠠᠶᠠᠭᠳᠠᠮᠠᠯ ᠬᠠᠭᠤᠴᠢᠨ ᠲᠡᠷᠭᠡ ᠪᠣᠯᠣᠨ ᠰᠢᠨ᠎ᠡ ᠲᠡᠷᠭᠡ ᠬᠤᠳᠠᠯᠳᠤᠨ ᠠᠪᠬᠤ ᠭᠠᠷᠳᠠᠮ᠎ᠢ ᠪᠡᠶᠡᠯᠡᠭᠦᠯᠦᠭᠰᠡᠨ᠎ᠤ ᠳᠠᠷᠠᠭ᠎ᠠ᠂ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠪᠴᠠᠩ ᠵᠶ᠋ᠠᠷ ᠳᠠᠮᠵᠢᠭᠤᠯᠤᠨ ᠨᠥᠬᠥᠪᠦᠷᠢ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠵᠤ᠂ ᠮᠠᠲ᠋ᠧᠷᠢᠶᠠᠯ᠎ᠢ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠡᠯ᠎ᠡ ᠭᠠᠵᠠᠷ᠎ᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠨᠥᠬᠥᠪᠦᠷᠢ ᠪᠡᠯᠡ ᠮᠥᠩᠭᠥ ᠵᠢ ᠭᠤᠶᠤᠴᠢᠯᠠᠭᠴᠢ ᠵᠢᠨ ᠬᠠᠩᠭ᠋ᠠᠭᠰᠠᠨ ᠪᠠᠩᠬᠢ ᠵᠢᠨ ᠳᠠᠩᠰᠠᠨ ᠡᠷᠦᠬᠡ᠎ᠳᠤ ᠳᠡᠰ ᠳᠠᠷᠠᠭ᠋ᠠᠯᠠᠯ ᠶᠣᠰᠣᠭ᠋ᠠᠷ ᠰᠠᠯᠭ᠋ᠠᠨ ᠥᠭᠬᠦ ᠬᠡᠷᠡᠭᠲᠡᠢ᠃
17 . ᠬᠠᠭᠤᠴᠢᠨ ᠲᠡᠷᠭᠡ᠎ᠪᠠᠨ ᠬᠡᠨ᠎ᠳᠤ ᠬᠤᠳᠠᠯᠳᠤᠵᠤ ᠥᠭᠬᠦ ᠪᠣᠢ?
ᠬᠠᠷᠢᠭᠤᠯᠲᠠ᠄ ᠡᠯ᠎ᠡ ᠭᠠᠵᠠᠷ᠎ᠤᠳ ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ᠎ᠪᠠᠨ ᠵᠢᠭ᠋ᠠᠨ ᠲᠣᠭᠲᠠᠭ᠋ᠠᠭᠰᠠᠨ ᠠᠵᠤ ᠠᠬᠤᠢ᠌ᠯᠠᠯ᠎ᠳᠤ ᠲᠤᠰᠢᠶᠠᠨ ᠬᠤᠳᠠᠯᠳᠤᠭᠤᠯᠬᠤ᠎ᠪᠠᠷ ᠱᠠᠭ᠋ᠠᠷᠳᠠᠵᠤ ᠪᠣᠯᠬᠤ ᠦᠭᠡᠢ᠃ ᠬᠠᠶᠠᠭᠳᠠᠮᠠᠯ᠎ᠢ ᠬᠣᠷᠢᠶᠠᠨ ᠠᠪᠴᠤ ᠰᠠᠯᠭ᠋ᠠᠨ ᠵᠠᠳᠠᠯᠬᠤ ᠠᠵᠤ ᠠᠬᠤᠢ᠌ᠯᠠᠯ᠎ᠤᠨ ᠨᠡᠷᠡᠰ᠎ᠢ ᠣᠷᠣᠨ ᠨᠤᠲᠤᠭ᠎ᠤᠨ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠷᠣᠨ ᠨᠤᠲᠤᠭ᠎ᠤᠨ ᠳ᠋ᠢᠶᠠᠩᠬᠤᠸᠠ ᠵᠢᠨ ᠯᠠᠪᠯᠠᠯᠭ᠎ᠠ ᠵᠢᠨ ᠬᠠᠯᠠᠮᠰᠢᠯ ᠤᠳᠠᠰᠦ᠂ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢᠵᠢᠭ ᠳᠡᠰ ᠳᠠᠷᠠᠭ᠋ᠠᠯᠠᠯ ᠵᠡᠷᠭᠡ ᠠᠷᠭ᠎ᠠ ᠮᠠᠶᠢᠭ ᠵᠶ᠋ᠡᠷ ᠳᠠᠮᠵᠢᠭᠤᠯᠤᠨ ᠪᠠᠢ᠌ᠴᠠᠭ᠋ᠠᠨ ᠯᠠᠪᠯᠠᠵᠤ ᠪᠣᠯᠣᠨ᠎ᠠ᠃
18 . ᠬᠠᠶᠠᠭᠳᠠᠮᠠᠯ ᠬᠠᠭᠤᠴᠢᠨ ᠲᠡᠷᠭᠡ᠎ᠳᠤ ᠶᠠᠮᠠᠷ ᠶᠠᠮᠠᠷ ᠶᠠᠪᠤᠴᠠ ᠪᠠᠢ᠌ᠳᠠᠭ ᠪᠤᠢ?
ᠬᠠᠭᠤᠴᠢᠨ ᠲᠡᠷᠭᠡ ᠬᠥᠰᠬᠡ ᠵᠢᠨ ᠡᠵᠡᠨ ᠬᠠᠶᠠᠭᠳᠠᠮᠠᠯ ᠬᠠᠭᠤᠴᠢᠨ ᠲᠡᠷᠭᠡ᠎ᠪᠠᠨ ᠮᠠᠰᠢᠨ ᠲᠡᠷᠭᠡ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠢ᠌ᠯᠠᠯ᠎ᠳᠤ ᠲᠤᠰᠢᠶᠠᠨ ᠥᠭᠴᠦ᠂ ᠬᠠᠶᠠᠭᠳᠠᠮᠠᠯ ᠮᠠᠰᠢᠨᠲᠤ ᠲᠡᠷᠭᠡ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠢ᠌ᠯᠠᠯ᠎ᠨᠢ ᠬᠠᠶᠠᠭᠳᠠᠮᠠᠯ ᠮᠠᠰᠢᠨᠲᠤ ᠲᠡᠷᠭᠡ᠎ᠪᠠᠨ ᠡᠭᠡᠭᠦᠯᠦᠨ ᠬᠤᠷᠢᠶᠠᠬᠤ᠎ᠳᠤ᠂ ᠮᠠᠰᠢᠨᠲᠤ ᠲᠡᠷᠭᠡᠨ᠎ᠤ ᠡᠵᠡᠨ᠎ᠳᠤ 《ᠬᠠᠶᠠᠭᠳᠠᠮᠠᠯ ᠮᠠᠰᠢᠨᠲᠤ ᠲᠡᠷᠭᠡ ᠡᠭᠡᠭᠦᠯᠦᠨ ᠬᠤᠷᠢᠶᠠᠬᠤ ᠭᠡᠷᠡᠴᠢ》 ᠭᠠᠷᠭ᠋ᠠᠨ ᠥᠭᠴᠦ᠂ ᠮᠠᠰᠢᠨᠲᠤ ᠲᠡᠷᠭᠡ ᠳᠠᠩᠰᠠᠯᠠᠭᠤᠯᠤᠭᠰᠠᠨ ᠦᠨᠡᠮᠯᠡᠯ᠂ ᠨᠣᠮᠧᠷᠲᠤ ᠫᠠᠢ᠌ᠰᠠ᠂ ᠲᠡᠷᠭᠡ ᠶᠠᠪᠤᠭᠤᠯᠬᠤ ᠦᠨᠡᠮᠯᠡᠯ ᠵᠶ᠋ᠡᠨ ᠡᠭᠡᠭᠦᠯᠦᠨ ᠠᠪᠬᠤ ᠵᠢᠨ ᠬᠠᠮᠲᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ ᠵᠶ᠋ᠠᠨ ᠬᠦᠴᠦᠨ ᠦᠭᠡᠢ ᠪᠣᠯᠭ᠋ᠠᠬᠤ ᠵᠢ ᠴᠠᠭ ᠲᠤᠬᠠᠢᠳᠤᠨᠢ ᠭᠦᠢ᠍ᠴᠡᠳᠬᠡᠵᠦ᠂ 《ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ》᠎ᠪᠠᠨ ᠮᠠᠰᠢᠨ ᠲᠡᠷᠭᠡᠨ᠎ᠤ ᠡᠵᠡᠨ᠎ᠳᠤ ᠰᠢᠯᠵᠢᠭᠦᠯᠦᠨ ᠲᠤᠰᠢᠶᠠᠬᠤ ᠬᠡᠷᠡᠭᠲᠡᠢ᠃
19 . ᠨᠥᠬᠥᠪᠦᠷᠢ ᠭᠤᠶᠤᠴᠢᠯᠠᠬᠤ ᠪᠠ ᠨᠥᠬᠥᠪᠦᠷᠢ ᠥᠭᠬᠦ ᠪᠡᠯᠡ ᠮᠥᠩᠭᠥ ᠵᠢ ᠬᠢᠨᠠᠨ ᠬᠠᠷᠭᠤᠭᠤᠯᠬᠤ ᠵᠢ ᠬᠡᠨ ᠬᠠᠷᠢᠭᠤᠴᠠᠬᠤ ᠪᠤᠢ?
ᠬᠠᠷᠢᠭᠤᠯᠲᠠ᠄ ᠡᠯ᠎ᠡ ᠭᠠᠵᠠᠷ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠥᠬᠥᠪᠦᠷᠢ ᠭᠤᠶᠤᠴᠢᠯᠠᠬᠤ ᠪᠠ ᠨᠥᠬᠥᠪᠦᠷᠢ ᠥᠭᠬᠦ ᠪᠡᠯᠡ ᠮᠥᠩᠭᠥ ᠵᠢ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ 《ᠨᠠᠷᠢᠨ ᠳᠦᠷᠢᠮ》᠎ᠢ ᠦᠨᠳᠦᠰᠦᠯᠡᠪᠡᠯ᠂ ᠡᠯ᠎ᠡ ᠭᠠᠵᠠᠷ᠎ᠤᠨ ᠬᠤᠳᠠᠯᠳᠤᠭ᠋ᠠᠨ᠎ᠤ ᠶᠠᠪᠤᠳᠠᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ᠎ᠤᠨ ᠮᠠᠲ᠋ᠧᠷᠢᠶᠠᠯ᠎ᠢ ᠣᠯᠣᠭᠰᠠᠨ᠎ᠤ ᠳᠠᠷᠠᠭ᠎ᠠ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠣᠰᠣᠭ᠋ᠠᠷ ᠬᠢᠨᠠᠨ ᠬᠠᠷᠭᠤᠭᠤᠯᠵᠤ᠂ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠪᠴᠠᠩ ᠵᠶ᠋ᠠᠷ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠬᠠᠷᠢᠭᠤ ᠲᠤᠰᠬᠠᠨ᠎ᠠ᠃
ᠡᠯ᠎ᠡ ᠭᠠᠵᠠᠷ᠎ᠤᠨ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠥᠬᠥᠪᠦᠷᠢ ᠥᠭᠬᠦ ᠨᠥᠬᠥᠴᠡᠯ᠎ᠳᠤ ᠨᠡᠢ᠌ᠴᠡᠬᠦ ᠭᠤᠶᠤᠴᠢᠯᠠᠭᠴᠢ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠬᠤᠷᠢᠶᠠᠩᠭᠤᠢ᠌ᠯᠠᠵᠤ᠂ ᠨᠥᠬᠥᠪᠦᠷᠢ ᠥᠭᠬᠦ ᠵᠣᠭᠣᠰ᠎ᠤᠨ ᠲᠣᠭ᠎ᠠ ᠵᠢ ᠲᠣᠭᠲᠠᠭ᠋ᠠᠬᠤ ᠵᠢᠨ ᠬᠠᠮᠲᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠡᠯᠡ ᠮᠥᠩᠭᠥ ᠭᠤᠶᠤᠴᠢᠯᠠᠬᠤ ᠬᠡᠷᠡᠭᠲᠡᠢ᠃ ᠡᠯ᠎ᠡ ᠭᠠᠵᠠᠷ᠎ᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠤᠷᠠᠳᠤᠭᠰᠠᠨ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠰᠠᠨᠠᠭᠤᠯᠭ᠎ᠠ ᠵᠢ ᠦᠨᠳᠦᠰᠦᠯᠡᠨ᠂ ᠳᠠᠬᠢᠭ᠋ᠠᠳ ᠳᠡᠰ ᠳᠠᠷᠠᠭ᠋ᠠᠯᠠᠯ᠎ᠤᠨ ᠶᠣᠰᠣᠭ᠋ᠠᠷ ᠨᠥᠬᠥᠪᠦᠷᠢ ᠪᠡᠯᠡ ᠮᠥᠩᠭᠥ ᠵᠢ ᠭᠤᠶᠤᠴᠢᠯᠠᠭᠴᠢ ᠵᠢᠨ ᠬᠠᠩᠭ᠋ᠠᠭᠰᠠᠨ ᠪᠠᠩᠬᠢ ᠵᠢᠨ ᠳᠠᠩᠰᠠᠨ᠎ᠳᠤ ᠰᠠᠯᠭ᠋ᠠᠨ ᠥᠭᠬᠦ ᠬᠡᠷᠡᠭᠲᠡᠢ᠃
20 . ᠬᠡᠷᠡᠭᠯᠡᠭᠴᠢᠳ ᠶᠠᠮᠠᠷ ᠶᠠᠮᠠᠷ ᠠᠷᠭ᠎ᠠ ᠵᠠᠮ ᠵᠶ᠋ᠠᠷ ᠯᠠᠪᠯᠠᠬᠤ ᠪᠤᠶ?
ᠬᠠᠷᠢᠭᠤᠯᠲᠠ᠄ ᠬᠡᠷᠡᠭᠯᠡᠭᠴᠢᠳ ᠬᠡᠷᠪᠡ ᠮᠠᠳᠠᠭ᠎ᠲᠠᠢ ᠵᠦᠢ᠍ᠯ ᠪᠠᠢ᠌ᠪᠠᠯ᠂ ᠡᠯ᠎ᠡ ᠭᠠᠵᠠᠷ᠎ᠤᠨ ᠪᠠᠢ᠌ᠭᠤᠯᠤᠭᠰᠠᠨ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠤᠯᠢᠬᠤ ᠤᠲᠠᠰᠤ᠎ᠪᠠᠷ ᠯᠠᠪᠯᠠᠯᠲᠠ ᠪᠣᠯᠭ᠋ᠠᠵᠤ ᠪᠣᠯᠣᠨ᠎ᠠ᠃ ᠠᠰᠠᠭᠤᠨ ᠯᠠᠪᠯᠠᠬᠤ ᠤᠲᠠᠰᠤ ᠵᠢ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ》 ᠵᠢᠵᠢᠭ ᠫᠷᠣᠭ᠌ᠷᠠᠮ᠎ᠠᠴᠠ ᠣᠯᠵᠤ ᠪᠣᠯᠣᠨ᠎ᠠ᠃