ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠭᠦᠢ ᠶᠡᠭᠡ ᠬᠡᠪᠴᠢᠶᠡᠨ᠎ᠤ ᠲᠣᠨᠣᠭ ᠲᠦᠭᠦᠭᠡᠷᠦᠮᠵᠢ᠎ᠪᠠᠨ ᠰᠢᠨᠡᠳᠭᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠵᠢ ᠬᠦᠴᠦᠯᠡᠨ ᠳᠡᠮᠵᠢᠨ᠎ᠡ
ᠨᠡᠶ᠋ᠢᠲᠡᠯᠡᠭᠰᠡᠨ ᠴᠠᠭ᠄ 2024-07-25

  7 ᠳ᠋ᠤᠭ᠋ᠠᠷ ᠰᠠᠷ᠎ᠠ ᠵᠢᠨ 19᠎ᠤ ᠡᠳᠦᠷ᠂  ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠠᠴᠠ ᠶᠡᠭᠡ ᠬᠡᠪᠴᠢᠶᠡᠨ᠎ᠤ ᠲᠤᠨᠤᠭ ᠲᠥᠬᠦᠭᠡᠷᠦᠮᠵᠢ᠎ᠪᠠᠨ ᠰᠢᠨᠡᠳᠬᠡᠬᠦ ᠪᠠ  ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠡᠨ ᠰᠢᠨ᠎ᠡ᠎ᠪᠠᠷ ᠰᠣᠯᠢᠬᠤ ᠵᠢ᠎ᠨᠢ  ᠳᠡᠮᠵᠢᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠪᠠᠶ᠋ᠢᠷᠢᠯᠠᠭᠤᠯᠪᠠ᠃  ᠬᠤᠷᠠᠯ᠎ᠠᠴᠠ ᠵᠢᠭ᠋ᠠᠬᠤ᠎ᠳᠤ᠎ᠪᠠᠨ᠂  ᠶᠡᠭᠡ ᠬᠡᠪᠴᠢᠶᠡᠨ᠎ᠤ ᠲᠣᠨᠣᠭ ᠲᠥᠬᠦᠭᠡᠷᠦᠮᠵᠢ᠎ᠪᠠᠨ ᠰᠢᠨᠡᠳᠬᠡᠬᠦ ᠪᠠ  ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠡᠨ ᠰᠢᠨ᠎ᠡ᠎ᠪᠠᠷ ᠰᠣᠯᠢᠬᠤ ᠶᠠᠪᠤᠳᠠᠯ᠎ᠨᠢ  ᠲᠠᠲᠠᠬᠤ ᠴᠢᠨᠠᠷ ᠳᠠᠢ᠌ᠴᠢᠯᠠᠬᠤ ᠴᠢᠨᠠᠷ ᠵᠶ᠋ᠠᠷ ᠴᠢᠩᠭ᠎ᠠ ᠪᠠᠢ᠌ᠳᠠᠭ ᠪᠣᠯᠬᠣᠷ᠂  ᠲᠦᠷᠦ ᠵᠢᠨ ᠪᠤᠳᠤᠯᠭ᠎ᠠ᠎ᠪᠠᠷ ᠳᠡᠮᠵᠢᠬᠦ᠎ᠳᠤ ᠡᠷᠴᠢᠮ ᠵᠶ᠋ᠡᠨ ᠴᠢᠩᠭ᠋ᠠᠷᠠᠭᠤᠯᠬᠤ᠎ᠨᠢ  ᠳᠣᠲᠣᠭ᠋ᠠᠳᠤ ᠬᠡᠷᠡᠭᠴᠡᠭᠡᠨ᠎ᠤ ᠳᠠᠯᠳᠠ ᠬᠦᠴᠦ ᠵᠢ ᠨᠡᠩ ᠰᠠᠶ᠋ᠢᠲᠤᠷ ᠪᠠᠳᠠᠷᠠᠭᠤᠯᠬᠤ᠎ᠳᠤ ᠠᠰᠢᠭᠲᠠᠢ ᠶᠤᠮ᠂  ᠳᠠᠷᠠᠭ᠋ᠠᠴᠢ ᠵᠢᠨ ᠵᠦᠢ᠍ᠯ᠎ᠢ ᠬᠠᠮᠲᠤ᠎ᠳᠤ᠎ᠪᠠᠨ ᠦᠵᠡᠵᠡᠭᠡᠶ᠎ᠡ —

   ᠬᠡᠳᠦ ᠤᠷᠲᠤ ᠬᠤᠭᠤᠴᠠᠭ᠎ᠠ᠎ᠲᠠᠢ ᠤᠯᠤᠰ᠎ᠤᠨ ᠣᠨᠴᠠᠭ᠋ᠠᠢ ᠵᠢᠭᠡᠯᠡᠯᠭᠡ ᠵᠢᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂  ᠶᠡᠬᠡ ᠬᠡᠪᠴᠢᠶᠡᠨ᠎ᠤ ᠲᠣᠨᠣᠭ ᠲᠥᠬᠥᠭᠡᠷᠦᠮᠵᠢ᠎ᠪᠠᠨ ᠰᠢᠨᠡᠳᠬᠡᠬᠦ ᠪᠠ  ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠡᠨ ᠰᠢᠨ᠎ᠡ᠎ᠪᠠᠷ ᠰᠣᠯᠢᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃

   ᠲᠣᠨᠣᠭ ᠲᠥᠬᠦᠭᠡᠷᠦᠮᠵᠢ᠎ᠪᠠᠨ ᠰᠢᠨᠡᠳᠬᠡᠬᠦ ᠲᠦᠷᠦᠯ ᠵᠦᠢ᠍ᠯ᠎ᠢ ᠳᠡᠮᠵᠢᠬᠦ ᠠᠷᠭ᠎ᠠ ᠬᠡᠯᠪᠡᠷᠢ᠎ᠪᠠᠨ ᠰᠢᠯᠢᠳᠡᠭᠵᠢᠭᠦᠯᠵᠦ᠂  ᠳᠡᠮᠵᠢᠬᠦ ᠬᠡᠪᠴᠢᠶ᠎ᠡ ᠵᠢ ᠡᠨᠧᠷᠭᠢ ᠵᠢᠨ ᠴᠠᠬᠢᠯᠭ᠋ᠠᠨ ᠬᠦᠴᠦᠨ᠂  ᠬᠠᠭᠤᠴᠢᠷᠠᠭᠰᠠᠨ ᠴᠠᠬᠢᠯᠭ᠋ᠠᠨ ᠱᠠᠲᠤ ᠵᠡᠷᠭᠡ ᠬᠦᠷᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠵᠢᠴᠢ ᠭᠤᠤᠯᠳᠠᠯᠭ᠎ᠠ ᠪᠣᠯᠬᠣ ᠠᠵᠢᠯ ᠲᠥᠷᠥᠯ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠪᠠ  ᠠᠮᠤᠷ ᠲᠦᠪᠰᠢᠨ᠎ᠤ ᠥᠭᠡᠷᠡᠴᠢᠯᠡᠨ ᠰᠢᠨᠡᠳᠭᠡᠬᠦ ᠬᠦᠷᠢᠶᠡᠨ᠎ᠳᠤ ᠬᠦᠷᠲᠡᠯ᠎ᠡ ᠥᠷᠭᠡᠳᠬᠡᠵᠦ᠂  ᠭᠤᠶᠤᠴᠢᠯᠠᠨ ᠮᠡᠳᠡᠭᠦᠯᠬᠦ ᠪᠠᠷᠢᠮᠵᠢᠶ᠎ᠠ ᠵᠢ᠎ᠨᠢ  ᠳᠣᠷᠣᠭᠰᠢᠯᠠᠭᠤᠯᠤᠨ᠂  ᠬᠢᠨᠠᠨ ᠵᠥᠪᠰᠢᠶᠡᠷᠡᠬᠦ ᠶᠠᠪᠤᠴᠠ ᠵᠢ᠎ᠨᠢ  ᠳᠥᠭᠦᠮᠴᠢᠯᠡᠨ᠎ᠡ᠃

   ᠲᠡᠭᠡᠭᠡᠪᠦᠷᠢ ᠵᠢᠨ ᠬᠠᠭᠤᠴᠢᠷᠬᠠᠰᠠᠨ ᠣᠩᠭᠣᠴᠠ ᠰᠠᠯ᠂  ᠲᠡᠭᠡᠭᠡᠪᠦᠷᠢ ᠡᠵᠡᠩᠨᠡᠵᠦ ᠪᠠᠶ᠋ᠢᠭ᠎ᠠ ᠬᠠᠭᠤᠴᠢᠷᠬᠠᠰᠠᠨ ᠪᠠᠷᠠᠭ᠋ᠠᠨ᠎ᠤ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ᠎ᠨᠢ  ᠳᠡᠮᠵᠢᠵᠦ᠂  ᠲᠠᠷᠢᠶᠠᠯᠠᠩ᠎ᠤᠨ ᠮᠠᠰᠢᠨ ᠮᠧᠬᠠᠨᠢᠭ᠂  ᠰᠢᠨ᠎ᠡ ᠡᠨᠧᠷᠭᠢ ᠵᠢᠨ ᠨᠡᠶ᠋ᠢᠲᠡ ᠵᠢᠨ ᠮᠠᠰᠢᠨ ᠲᠡᠷᠭᠡ ᠵᠡᠷᠭᠡ ᠵᠢ ᠰᠢᠨᠡᠳᠬᠡᠬᠦ᠎ᠳᠤ ᠨᠥᠬᠥᠪᠥᠷᠢ ᠣᠯᠭᠤᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂  ᠲᠥᠬᠥᠭᠡᠷᠦᠮᠵᠢ ᠵᠢ ᠰᠢᠨᠡᠳᠬᠡᠬᠦ ᠵᠢᠭᠡᠯᠡᠯᠭᠡ ᠡᠳ᠋᠎ᠤᠨ ᠵᠠᠰᠠᠭ᠎ᠤᠨ ᠳᠠᠮ ᠬᠦᠦ ᠮᠥᠩᠬᠦ ᠥᠭᠬᠦ ᠬᠠᠷᠢᠴᠠᠯ᠎ᠢ᠎ᠨᠢ  ᠳᠡᠭᠡᠭᠰᠢᠯᠡᠭᠦᠯᠦᠨ᠎ᠡ᠃

   ᠣᠷᠣᠨ ᠨᠤᠲᠤᠭ᠎ᠤᠨ᠎ᠬᠢᠨ᠎ᠤ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠡᠨ ᠰᠢᠨ᠎ᠡ᠎ᠪᠠᠷ ᠰᠣᠯᠢᠬᠤ ᠴᠢᠳᠠᠪᠤᠷᠢ᠎ᠪᠠᠨ ᠴᠢᠩᠭ᠋ᠠᠳᠬᠠᠬᠤ ᠵᠢ ᠳᠡᠮᠵᠢᠵᠦ᠂  ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ᠂  ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠦᠢ᠍ᠯᠡᠳᠬᠦᠨ ᠵᠶ᠋ᠠᠨ ᠰᠢᠨ᠎ᠡ᠎ᠪᠠᠷ ᠰᠣᠯᠢᠬᠤ᠎ᠳᠤ ᠨᠥᠬᠥᠪᠥᠷᠢ ᠣᠯᠭᠣᠬᠣ ᠡᠷᠴᠢᠮ᠎ᠢ ᠴᠢᠩᠭ᠋ᠠᠷᠠᠭᠤᠯᠤᠨ᠂  ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ᠎ᠳᠤ ᠪᠡᠯᠡ ᠮᠦᠩᠭᠦᠨ᠎ᠤ ᠳᠡᠮᠵᠢᠯᠭᠡ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃

   ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠣᠶ ᠪᠣᠯᠭ᠋ᠠᠵᠤ᠂  ᠠᠳᠠᠯᠢ ᠪᠤᠰᠤ ᠥᠮᠴᠢᠯᠡᠯ᠎ᠤᠨ ᠳᠦᠷᠢᠮ᠂  ᠠᠳᠠᠯᠢ ᠪᠤᠰᠤ ᠭᠠᠵᠠᠷ᠎ᠲᠤ ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠳ᠎ᠤᠨ ᠲᠥᠷᠥ ᠵᠢᠨ ᠪᠣᠳᠣᠯᠭ᠎ᠠ ᠭᠥᠷᠳᠡᠬᠦ ᠵᠢ᠎ᠨᠢ  ᠨᠢᠭᠡ ᠯᠡ ᠠᠳᠠᠯᠢ᠎ᠪᠠᠷ ᠳᠡᠮᠵᠢᠵᠦ᠂  ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠪᠤᠲᠠᠲᠠᠢ᠌ᠵᠢᠭᠤᠯᠬᠤ᠎ᠪᠠᠨ ᠦᠨᠡᠨ ᠬᠦ᠌  ᠪᠠᠲᠤᠯᠠᠨ᠎ᠠ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】 ᠲᠥᠷᠥ ᠵᠢᠨ ᠶᠠᠪᠤᠳᠠᠯ᠎ᠤᠨ ᠬᠣᠷᠢᠶ᠎ᠠ ᠪᠢᠴᠢᠭ ᠮᠠᠲ᠋ᠧᠷᠢᠶᠠᠯ ᠲᠠᠷᠬᠠᠭ᠋ᠠᠪᠠ᠂ ᠢᠷᠡᠬᠦ 5 ᠵᠢᠯ᠎ᠳᠤ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠢᠩᠭᠢᠵᠦ ᠬᠥᠭᠵᠢᠬᠦ ᠪᠣᠯᠣᠨ᠎ᠠ!
ᠦᠰᠦᠭ ᠪᠢᠴᠢᠭ ᠵᠶ᠋ᠡᠷ ᠦᠭᠦᠯᠡᠭᠦᠢ ᠲᠥᠷᠥ ᠵᠢᠨ ᠶᠠᠪᠤᠳᠠᠯ᠎ᠤᠨ ᠬᠣᠷᠢᠶ᠎ᠠ ᠪᠢᠴᠢᠭ ᠮᠠᠲ᠋ᠧᠷᠢᠶᠠᠯ ᠲᠠᠷᠬᠠᠭ᠋ᠠᠪᠠ᠂ ᠢᠷᠡᠬᠦ 5 ᠵᠢᠯ᠎ᠳᠤ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠢᠩᠭᠢᠵᠦ ᠬᠥᠭᠵᠢᠬᠦ ᠪᠣᠯᠣᠨ᠎ᠠ!
【ᠵᠢᠷᠤᠭᠲᠤ ᠲᠠᠢ᠌ᠯᠤᠮᠵᠢ】 ᠥᠪᠥᠷ ᠮᠣᠩᠭᠤᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠰᠦᠯ᠎ᠢ ᠳᠠᠷᠠᠭ᠋ᠠᠬᠢ ᠵᠢᠷᠤᠭ᠎ᠠᠴᠠ ᠣᠢ᠌ᠯᠠᠭ᠋ᠠᠶ᠎ᠠ
ᠦᠰᠦᠭ ᠪᠢᠴᠢᠭ ᠵᠶ᠋ᠡᠷ ᠦᠭᠦᠯᠡᠭᠦᠢ ᠥᠪᠥᠷ ᠮᠣᠩᠭᠤᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠰᠦᠯ᠎ᠢ ᠳᠠᠷᠠᠭ᠋ᠠᠬᠢ ᠵᠢᠷᠤᠭ᠎ᠠᠴᠠ ᠣᠢ᠌ᠯᠠᠭ᠋ᠠᠶ᠎ᠠ
《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            