ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯᠳᠤᠭ᠋ᠠᠨ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠭᠤᠣᠯᠳᠠᠯᠭ᠎ᠠ᠎ᠲᠠᠢ ᠰᠣᠳᠣᠯᠠᠭᠰᠠᠨ ᠪᠠᠢ᠌ᠨ᠎ᠠ ᠃ ᠠᠷᠠᠳ ᠲᠦᠮᠡᠨ᠎ᠤ ᠵᠣᠭᠰᠣᠯᠲᠠ᠂ ᠪᠣᠳᠠᠲᠠᠢ᠎ᠠᠴᠠ᠎ᠪᠠᠨ ᠡᠭᠦᠰᠬᠦ ᠂ ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ ᠂ ᠲᠡᠦᠬᠡ ᠵᠢᠨ ᠰᠡᠳᠬᠢᠬᠦᠢ ᠂ ᠬᠤᠪᠢᠰᠤᠩᠭᠤᠢ ᠰᠡᠳᠬᠢᠬᠦᠢ ᠁ ᠵᠠᠩᠭᠢᠯᠠᠭ᠎ᠠ ᠵᠢᠨ 9 ᠦᠭᠡ᠎ᠨᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠰᠢᠨᠵᠢᠯᠡᠬᠦ ᠤᠬᠠᠭ᠋ᠠᠨᠴᠢ ᠦᠵᠡᠯ ᠰᠠᠨᠠᠭ᠋ᠠᠨ᠎ᠤ ᠠᠷᠭ᠎ᠠ ᠪᠣᠯᠵᠤ ᠲᠠᠨ᠎ᠤ ᠰᠤᠷᠤᠯᠴᠠᠯᠭ᠎ᠠ᠎ᠳᠤ ᠬᠠᠪᠰᠤᠷᠤᠮᠵᠢ ᠪᠣᠯᠣᠨ᠎ᠠ ᠃ ᠬᠠᠳᠠᠭ᠋ᠠᠯᠠᠭ᠋ᠠᠷᠠᠢ !
ᠠᠷᠠᠳ ᠲᠦᠮᠡᠨ᠎ᠤ ᠵᠣᠭᠰᠣᠯᠲᠠ
ᠶᠠᠮᠠᠷᠪᠠ ᠨᠢᠭᠡᠨ ᠴᠢᠬᠤᠯᠠ ᠶᠡᠭᠡ ᠦᠭᠡᠷᠡᠴᠢᠯᠡᠯᠳᠡ ᠵᠢ ᠠᠬᠢᠭᠤᠯᠬᠤ᠎ᠳᠤ᠂ ᠴᠦᠮ ᠠᠷᠠᠳ ᠲᠦᠮᠡᠨ᠎ᠤ ᠵᠤᠭᠰᠤᠯᠳᠠ᠎ᠠᠴᠠ ᠦᠭᠡᠷᠡᠴᠢᠯᠡᠯᠳᠡ᠎ᠲᠠᠢ ᠬᠤᠯᠪᠤᠭᠳᠠᠬᠤ ᠴᠢᠬᠤᠯᠠ ᠶᠡᠭᠡ ᠠᠰᠠᠭᠤᠳᠠᠯ᠎ᠤᠳ᠎ᠢ ᠰᠠᠶ᠋ᠢᠳᠤᠷ ᠡᠵᠡᠮᠰᠢᠨ ᠰᠢᠢ᠍ᠳᠪᠦᠷᠢᠯᠡᠬᠦ ᠬᠡᠷᠡᠭᠲᠡᠢ᠂ ᠴᠦᠮ ᠠᠷᠠᠳ ᠲᠦᠮᠡᠨ᠎ᠤ ᠠᠰᠢᠭ ᠳᠤᠰᠠ ᠵᠢᠨ ᠡᠭᠦᠳᠡᠨ᠎ᠠᠴᠠ ᠪᠤᠳᠤᠯᠬᠢᠯᠠᠨ ᠦᠭᠡᠷᠡᠴᠢᠯᠡᠯᠳᠡ ᠵᠢᠨ ᠰᠡᠳᠬᠢᠮᠵᠢ ᠵᠢ ᠰᠦᠪᠡᠭᠴᠢᠯᠡᠵᠦ᠂ ᠦᠭᠡᠷᠡᠴᠢᠯᠡᠯᠳᠡ ᠵᠢᠨ ᠠᠷᠭ᠎ᠠ ᠬᠡᠮᠵᠢᠶ᠎ᠡ ᠵᠢ ᠳᠤᠭᠳᠠᠭ᠋ᠠᠬᠤ ᠬᠡᠷᠡᠭᠲᠡᠢ
– 2013 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ᠂
ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠬᠤᠶᠠᠳᠤᠭ᠋ᠠᠷ ᠤᠳᠠᠭ᠋ᠠᠨ᠎ᠤ ᠪᠦᠭᠦᠳᠡ ᠬᠤᠷᠠᠯᠳᠤᠭ᠋ᠠᠨ ᠳᠡᠭᠡᠷ᠎ᠡ ᠰᠢ ᠵᠢᠨ ᠫᠢᠩ᠎ᠤᠨ ᠬᠡᠯᠡᠭᠰᠡᠨ ᠦᠭᠡ
ᠪᠣᠳᠠᠲᠠᠶ᠎ᠠᠴᠠ᠎ᠪᠠᠨ ᠡᠭᠦᠰᠬᠦ
ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ᠎ᠠᠴᠠ ᠡᠭᠦᠰᠴᠦ᠂ ᠠᠵᠤ ᠠᠬᠤᠢ ᠨᠡᠶ᠋ᠢᠭᠡᠮ᠎ᠤᠨ ᠬᠦᠭᠵᠢᠯᠳᠡ ᠵᠢᠨ ᠪᠤᠳᠠᠳᠤ ᠪᠠᠶ᠋ᠢᠳᠠᠯ᠎ᠠᠴᠠ ᠡᠭᠦᠰᠴᠦ᠂ ᠤᠳᠤᠷᠢᠳᠤᠯᠭ᠎ᠠ᠎ᠲᠠᠢ ᠮᠥᠷᠲᠡᠭᠡᠨ ᠠᠯᠬᠤᠮ ᠳᠠᠷᠠᠭ᠎ᠠ᠎ᠲᠠᠢ᠎ᠪᠠᠷ ᠦᠭᠡᠷᠡᠴᠢᠯᠡᠯᠡᠳᠡ ᠵᠢ ᠤᠷᠤᠭᠰᠢᠯᠠᠭᠤᠯᠵᠤ᠂ ᠦᠢ᠍ᠮᠡᠭᠦᠯᠵᠦ ᠳᠡᠷᠪᠡᠭᠦᠯᠬᠦ ᠨᠥᠯᠥᠭᠡ ᠭᠠᠷᠭ᠋ᠠᠬᠤ ᠵᠢ ᠬᠦᠭᠡᠭᠡᠴᠡᠯᠳᠦᠬᠦ ᠦᠭᠡᠢ᠂ ᠥᠩᠭᠡᠨ ᠲᠠᠯ᠎ᠠ ᠵᠢᠨ ᠠᠵᠢᠯ᠎ᠢ ᠬᠢᠬᠦ ᠦᠭᠡᠢ᠂ ᠦᠭᠡᠷᠡᠴᠢᠯᠡᠯᠳᠡ ᠨᠡᠭᠡᠭᠡᠯᠳᠡ ᠵᠢᠨ ᠵᠦᠪ ᠴᠢᠭᠯᠡᠯ᠎ᠢ ᠢᠮᠠᠭᠳᠠ ᠪᠠᠷᠢᠮᠳᠠᠯᠠᠬᠤ ᠬᠡᠷᠡᠭᠲᠡᠢ
– 2013 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ᠂
ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠬᠤᠶᠠᠳᠤᠭ᠋ᠠᠷ ᠤᠳᠠᠭ᠋ᠠᠨ᠎ᠤ ᠪᠦᠭᠦᠳᠡ ᠬᠤᠷᠠᠯᠳᠤᠭ᠋ᠠᠨ ᠳᠡᠭᠡᠷ᠎ᠡ ᠰᠢ ᠵᠢᠨ ᠫᠢᠩ᠎ᠤᠨ ᠬᠡᠯᠡᠭᠰᠡᠨ ᠦᠭᠡ
ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ
ᠰᠢᠨ᠎ᠡ ᠬᠦᠭᠵᠢᠯᠳᠡ ᠵᠢᠨ ᠣᠨᠣᠯᠵᠢᠬᠤᠨ᠎ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠳᠠᠯ᠎ᠠ᠎ᠪᠠᠷ ᠳᠤᠭᠤᠰᠢᠯᠠᠭᠤᠯᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶ᠋ᠢᠳᠠᠢ ᠭᠡᠬᠦ ᠵᠠᠩᠭᠢᠯᠠᠭ᠎ᠠ ᠵᠢᠨ ᠬᠣᠶᠠᠷ ᠦᠭᠡ ᠵᠢ ᠴᠢᠩᠭ᠎ᠠ ᠠᠳᠬᠤᠵᠤ᠂ ᠪᠦᠬᠦ ᠪᠦᠮᠪᠤᠷᠴᠡᠭ᠎ᠤᠨ ᠬᠠᠷᠠᠭ᠋ᠠᠰᠤ ᠪᠠ ᠪᠠᠶ᠋ᠢᠯᠳᠤᠬᠤ ᠪᠤᠳᠤᠯᠭ᠎ᠠ ᠵᠢᠨ ᠰᠡᠳᠬᠢᠭᠦᠢ ᠵᠢ ᠪᠤᠢ ᠪᠤᠯᠭ᠋ᠠᠵᠤ᠂ ᠡᠷᠡᠰ ᠭᠤᠶ᠋ᠢᠪᠢᠰᠢ ᠦᠭᠡᠢ᠎ᠪᠠᠷ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠦᠨ᠂ ᠦᠨᠳᠦᠷ ᠲᠦᠪᠰᠢᠨ ᠪᠦᠬᠦᠢ ᠨᠡᠭᠡᠭᠡᠯᠳᠡ ᠵᠢ ᠦᠷᠭᠡᠳᠭᠡᠬᠦ ᠬᠡᠷᠡᠭᠲᠡᠢ
– 2023 ᠣᠨ᠎ᠤ 11 ᠳ᠋ᠦ᠍ᠭᠡᠷ ᠰᠠᠷ᠎ᠠ ᠵᠢᠨ 30᠎ᠤ ᠡᠳᠦᠷ᠂
ᠰᠢ ᠵᠢᠨ ᠫᠢᠩ ᠱᠠᠩᠬᠠᠢ᠎ᠳᠤ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠶ ᠠᠬᠢᠭᠤᠯᠬᠤ ᠰᠠᠭᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
ᠲᠡᠦᠬᠡ ᠵᠢᠨ ᠰᠡᠳᠬᠢᠬᠦᠢ
ᠮᠠᠨ᠎ᠤ ᠤᠯᠤᠰ ᠪᠤᠯ ᠬᠥᠭᠵᠢᠵᠦ ᠪᠠᠢ᠍ᠢ᠍ᠭ᠎ᠠ ᠳᠣᠮᠤ ᠤᠯᠤᠰ᠂ ᠮᠥᠨ ᠯᠡ ᠨᠠᠢ᠍ᠢ᠍ᠭᠡᠮ ᠵᠢᠷᠣᠮ᠎ᠤᠨ ᠠᠩᠬᠠᠠ᠎ᠤ ᠱᠠᠲᠣᠠᠳᠤᠪᠠᠨ ᠪᠠᠢ᠌ᠵᠤ ᠂ ᠣᠳᠣᠬᠠᠨ᠎ᠳᠤ᠎ᠪᠠᠨ ᠥᠷᠭᠡᠨ ᠲᠠᠯᠭᠡᠷ ᠪᠥᠭᠡᠳ ᠭᠦᠨ ᠭᠦᠨᠵᠡᠭᠡᠢ ᠨᠠᠢ᠍ᠢ᠍ᠭᠡᠮ᠎ᠤᠨ ᠬᠤᠪᠢᠰᠤᠯᠲᠠ ᠵᠢ ᠣᠢ᠍ᠩᠭᠡᠷᠠᠭᠡᠵᠤ᠂ ᠣᠢ᠍ᠭᠡᠷᠠᠴᠢᠯᠠᠯᠲᠠ ᠬᠥᠭᠵᠢᠯᠲᠡ ᠵᠢ ᠠᠬᠢᠭᠤᠯᠬᠤ ᠂ ᠠᠰᠢᠭ ᠳᠣᠰᠠ ᠵᠢᠨ ᠬᠠᠷᠢᠴᠠᠭ᠎ᠠ ᠵᠢ ᠳᠣᠭᠢᠷᠠᠭᠣᠯᠬᠤᠨᠢ ᠶᠠᠭ ᠯᠠ ᠨᠢᠭᠡ ᠲᠠᠯ᠎ᠠ ᠵᠢ᠎ᠨᠢ ᠬᠥᠨᠳᠡᠪᠡᠯ ᠪᠥᠬᠥ ᠲᠠᠯ᠎ᠠ᠎ᠲᠠᠢ᠎ᠨᠢ ᠬᠣᠯᠪᠣᠭᠳᠠᠬᠤ ᠰᠢᠭ ᠲᠡᠢ᠌ᠮᠦ ᠴᠢᠬᠤᠯᠠ ᠪᠠᠢ᠌ᠳᠠᠭ ᠃ ᠪᠢᠳᠡ ᠳᠡᠥᠬᠡ ᠵᠢᠨ ᠦᠵᠡᠯᠲᠡ᠎ᠪᠠᠷ ᠪᠤᠳᠠᠳᠤ ᠪᠠᠶ᠋ᠢᠳᠠᠯ᠎ᠢ ᠦᠵᠡᠬᠦ᠂ ᠦᠵᠡᠭᠳᠡᠯ᠎ᠠᠴᠠ ᠮᠦᠨ ᠴᠢᠨᠠᠷ᠎ᠢ᠎ᠨᠢ ᠠᠵᠢᠬᠤ᠎ᠳᠤ᠎ᠪᠠᠨ ᠴᠢᠳᠠᠮᠠᠭ᠋ᠠᠢ ᠪᠠᠶ᠋ᠢᠵᠤ᠂ ᠪᠦᠬᠦ ᠳᠠᠯ᠎ᠠ ᠪᠠ ᠬᠡᠰᠡᠭ ᠲᠠᠯ᠎ᠠ᠂ ᠨᠢᠳᠦᠨ ᠡᠮᠦᠨᠡᠬᠢ ᠪᠠ ᠠᠯᠤᠰ ᠢᠷᠡᠭᠡᠳᠦᠢ᠂ ᠬᠤᠷᠸ᠎ᠠ ᠲᠠᠯ᠎ᠠ ᠪᠠ ᠬᠤᠮᠠᠬᠢ ᠲᠠᠯ᠎ᠠ᠂ ᠭᠤᠤᠯ ᠵᠦᠷᠢᠴᠡᠯ ᠪᠠ ᠳᠡᠳ᠋ ᠵᠥᠷᠢᠴᠡᠯ᠂ ᠤᠨᠴᠠᠭ᠋ᠠᠢ ᠪᠠ ᠡᠩ᠎ᠤᠨ ᠬᠠᠷᠢᠴᠠᠭ᠎ᠠ ᠵᠢ ᠰᠠᠶ᠋ᠢᠳᠤᠷ ᠡᠵᠡᠮᠳᠡᠨ᠂ ᠪᠠᠶ᠋ᠢᠯᠳᠤᠬᠤ ᠪᠤᠳᠤᠯᠭ᠎ᠠ ᠵᠢᠨ ᠰᠡᠳᠭᠢᠬᠦᠢ᠂ ᠲᠡᠦᠬᠡ ᠵᠢᠨ ᠰᠡᠳᠬᠢᠬᠦᠢ᠂ ᠬᠤᠪᠢᠰᠤᠩᠭᠤᠢ ᠰᠡᠳᠬᠢᠭᠦᠢ᠂ ᠰᠢᠰᠲ᠋ᠧᠮ᠎ᠳᠦ ᠰᠡᠳᠭᠢᠬᠦᠢ᠂ ᠰᠢᠨ᠎ᠡ ᠵᠢ ᠡᠭᠦᠳᠬᠦ ᠰᠡᠳᠬᠢᠬᠦᠢ᠂ ᠬᠠᠤᠯᠢ᠎ᠪᠠᠷ ᠵᠠᠰᠠᠬᠤ ᠰᠡᠳᠬᠢᠬᠦᠢ᠂ ᠬᠣᠷᠢᠭ᠎ᠠ ᠱᠤᠭᠤᠮ᠎ᠤᠨ ᠰᠡᠳᠬᠢᠭᠦᠢ ᠵᠢᠨ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠷᠠᠯᠠᠬᠢᠯᠠᠯ᠎ᠤᠨ ᠴᠢᠨᠠᠷᠳᠠᠢ ᠪᠤᠳᠤᠯᠬᠢᠯᠠᠯ᠂ ᠪᠦᠬᠦ ᠳᠠᠯ᠎ᠠ ᠵᠢᠨ ᠴᠢᠨᠠᠷᠳᠠᠢ ᠰᠦᠪᠡᠭᠴᠢᠯᠡᠯᠳᠡ᠂ ᠪᠦᠬᠦᠯᠢ ᠴᠤᠭᠴᠠ ᠵᠢᠨ ᠴᠢᠨᠠᠷᠲᠠᠢ᠎ᠪᠠᠷ ᠨᠠᠮ ᠪᠠ ᠲᠥᠷᠥ ᠵᠢᠨ ᠡᠯ᠎ᠡ ᠵᠦᠢ᠍ᠯ᠎ᠤᠨ ᠦᠢ᠍ᠯᠡᠰ᠎ᠢ ᠠᠬᠢᠭᠤᠯᠬᠤ᠎ᠳᠤ ᠰᠢᠨᠵᠢᠯᠡᠬᠦ ᠤᠬᠠᠭ᠋ᠠᠨᠴᠢ ᠦᠵᠡᠯ ᠰᠠᠨᠠᠭ᠋ᠠᠨ᠎ᠤ ᠠᠷᠭ᠎ᠠ ᠬᠡᠮᠵᠢᠶ᠎ᠡ ᠬᠠᠩᠭ᠋ᠠᠬᠤ ᠬᠡᠷᠡᠭᠲᠡᠢ
– 2022 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ᠂
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷᠡᠬᠢ ᠢᠯᠡᠳᠭᠡᠯ
ᠬᠤᠪᠢᠰᠤᠩᠭᠤᠢ ᠰᠡᠳᠬᠢᠬᠦᠢ
ᠡᠷᠬᠡᠪᠰᠢ ᠮᠠᠷᠺᠰ᠎ᠤᠨ ᠦᠵᠡᠯ᠎ᠤᠨ ᠭᠦᠨ ᠤᠬᠠᠭ᠋ᠠᠨ᠎ᠤ ᠤᠶᠤᠨ᠎ᠤ ᠲᠡᠵᠢᠭᠡᠯ᠎ᠢ ᠳᠠᠰᠤᠷᠠᠯᠳᠠ ᠦᠭᠡᠢ ᠬᠦᠯᠢᠶᠡᠨ ᠠᠪᠴᠤ᠂ ᠬᠤᠪᠢᠰᠤᠩᠭᠤᠢ ᠪᠤᠳᠠᠰᠴᠢ ᠦᠵᠡᠯ᠎ᠤᠨ ᠶᠢᠷᠳᠢᠨᠴᠤ ᠵᠢᠨ ᠦᠵᠡᠯᠳᠡ ᠪᠠ ᠠᠷᠭ᠎ᠠ ᠵᠢᠨ ᠤᠨᠤᠯ᠎ᠢ ᠤᠬᠠᠮᠰᠠᠷ᠎ᠠᠴᠠ᠎ᠪᠠᠨ ᠨᠡᠩ ᠢᠯᠡᠭᠦᠦ ᠪᠠᠷᠢᠮᠲᠠᠯᠠᠨ ᠬᠡᠷᠡᠭᠯᠡᠵᠦ᠂ ᠬᠤᠪᠢᠰᠤᠩᠭᠤᠢ ᠰᠡᠳᠬᠢᠬᠦᠢ᠂ ᠪᠠᠶ᠋ᠢᠯᠳᠤᠬᠤ ᠪᠤᠳᠤᠯᠭ᠎ᠠ ᠵᠢᠨ ᠰᠡᠳᠭᠢᠬᠦᠢ ᠵᠢᠨ ᠴᠢᠳᠠᠪᠤᠷᠢ᠎ᠪᠠᠨ ᠨᠡᠮᠡᠭᠳᠡᠭᠦᠯᠵᠦ᠂ ᠮᠠᠨ᠎ᠤ ᠤᠯᠤᠰ᠎ᠤᠨ ᠦᠭᠡᠷᠡᠴᠢᠯᠡᠯᠳᠡ ᠬᠦᠭᠵᠢᠯᠳᠡ ᠵᠢᠨ ᠦᠨᠳᠦᠰᠦᠨ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠢ
– 2015 ᠣᠨ᠎ᠤ 1 ᠳ᠋ᠦ᠍ᠭᠡᠷ ᠰᠠᠷ᠎ᠠ ᠵᠢᠨ 23᠎ᠤ ᠡᠳᠦᠷ᠂
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢᠳᠤᠭ᠋ᠠᠷ ᠤᠳᠠᠭ᠋ᠠᠨ᠎ᠤ
ᠬᠠᠮᠲᠤ ᠵᠢᠨ ᠰᠤᠷᠤᠯᠴᠠᠯᠭ᠎ᠠ ᠳᠡᠭᠡᠷ᠎ᠡ ᠰᠢ ᠵᠢᠨ ᠫᠢᠩ ᠴᠢᠬᠤᠯᠠᠴᠢᠯᠠᠪᠠ
ᠰᠢᠰᠲ᠋ᠧᠮᠲᠦ ᠰᠡᠳᠬᠢᠬᠦᠢ
ᠦᠭᠡᠷᠡᠴᠢᠯᠡᠯᠲᠡ᠎ᠨᠢ ᠰᠢᠰᠲ᠋ᠧᠮᠲᠦ ᠬᠤᠷᠠᠮᠠᠯ᠎ᠲᠠᠢ ᠪᠠᠢ᠌ᠬᠤ ᠵᠢ ᠨᠠᠩ ᠴᠢᠬᠤᠯᠠᠴᠢᠯᠠᠵᠤ᠂ ᠪᠦᠬᠦ ᠲᠠᠯ᠎ᠠ ᠵᠢᠨ ᠦᠵᠡᠯᠲᠡ ᠪᠠ ᠰᠢᠰᠲ᠋ᠧᠮᠲᠦ ᠰᠡᠳᠬᠢᠬᠦᠢ᠎ᠪᠠᠷ ᠲᠦᠯᠦᠪᠯᠡᠨ ᠠᠬᠢᠭᠤᠯᠬᠤ ᠵᠢ ᠪᠠᠷᠢᠮᠲᠠᠯᠠᠨ᠂ ᠡᠯ᠎ᠡ ᠵᠦᠢ᠍ᠯ᠎ᠤᠨ ᠦᠭᠡᠷᠡᠴᠢᠯᠡᠯᠲᠠ ᠵᠢᠨ ᠠᠷᠭ᠎ᠠ ᠬᠡᠮᠵᠢᠶ᠎ᠡ ᠵᠢ ᠵᠣᠬᠢᠴᠠᠭᠤᠯᠤᠨ ᠢᠵᠢ ᠪᠦᠷᠢᠳᠦᠭᠦᠯᠬᠦ ᠵᠢ ᠴᠢᠩᠭ᠋ᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠵᠢᠨ ᠦᠭᠡᠷᠡᠴᠢᠯᠡᠯᠲᠠ ᠵᠢᠨ ᠠᠷᠭ᠎ᠠ ᠬᠡᠮᠵᠢᠶ᠎ᠡ᠎ᠨᠦᠭᠦᠳ᠎ᠢ ᠠᠳᠠᠯᠢ ᠴᠢᠭᠯᠡᠯ ᠵᠶ᠋ᠠᠷ ᠬᠦᠴᠦᠯᠡᠬᠦ᠂ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠤᠨ᠂ ᠪᠦᠬᠦᠯᠢ ᠴᠣᠭᠴᠠ ᠵᠢᠨ ᠴᠢᠳᠠᠮᠵᠢ ᠵᠢ ᠴᠢᠩᠭ᠋ᠠᠳᠬᠠᠵᠤ᠂ ᠥᠪᠡᠷ᠎ᠤᠨ ᠠᠵᠢᠯᠯᠠᠭ᠎ᠠ᠎ᠪᠠᠨ ᠵᠥᠪᠳᠡᠭᠡᠵᠦ ᠦᠢ᠍ᠯᠡᠳᠬᠦ ᠂ ᠬᠠᠷᠢᠯᠴᠠᠨ ᠬᠠᠷᠰᠢᠯᠳᠤᠭᠤᠯᠬᠤ ᠦᠵᠡᠭᠳᠡᠯ ᠭᠠᠷᠬᠤ᠎ᠠᠴᠠ ᠰᠡᠷᠭᠡᠶ᠋ᠢᠯᠡᠨ ᠲᠡᠪᠴᠢᠬᠦ ᠬᠡᠷᠡᠭᠲᠡᠢ
– 2024 ᠣᠨ᠎ᠤ 5 ᠳ᠋ᠤᠭ᠋ᠠᠷ ᠰᠠᠷ᠎ᠠ ᠵᠢᠨ 23᠎ᠤ ᠡᠳᠦᠷ᠂
ᠰᠢ ᠵᠢᠨ ᠫᠢᠩ ᠱᠠᠨᠳᠦ᠋ᠩ ᠮᠤᠵᠢ ᠵᠢᠨ ᠵᠢᠨᠠᠨ ᠬᠤᠳᠠ᠎ᠳᠤ ᠠᠵᠤ ᠠᠬᠤᠢ᠍ᠢ᠍ᠯᠠᠯ ᠪᠤᠯᠤᠨ ᠲᠤᠰᠬᠠᠢ ᠮᠡᠷᠭᠡᠵᠢᠯᠳᠡᠳ᠎ᠤᠨ ᠰᠠᠭᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ
ᠰᠢᠨ᠎ᠠ ᠵᠢ ᠡᠭᠦᠳᠬᠦ ᠰᠡᠳᠬᠢᠬᠦᠢ
ᠦᠭᠡᠷᠡᠴᠢᠯᠡᠯᠳᠡ ᠵᠢ ᠰᠢᠪᠲᠤᠯᠤᠯᠲᠠ᠎ᠲᠠᠢ ᠪᠣᠯᠭ᠋ᠠᠬᠤ᠎ᠳᠤ ᠵᠦᠪ ᠠᠷᠭ᠎ᠠ ᠬᠡᠮᠵᠢᠶ᠎ᠡ᠎ᠲᠠᠢ ᠪᠠᠢ᠌ᠵᠤ ᠂ ᠰᠢᠨ᠎ᠡ ᠵᠢ ᠡᠭᠦᠳᠬᠦ ᠰᠡᠳᠬᠢᠭᠦᠢ ᠵᠢ ᠪᠠᠷᠢᠮᠳᠠᠯᠠᠨ᠂ ᠠᠰᠠᠭᠤᠳᠠᠯ᠎ᠢ ᠮᠥᠷᠳᠡᠨ ᠳᠠᠭ᠋ᠠᠵᠦ᠂ ᠠᠰᠠᠭᠤᠳᠠᠯ᠎ᠳᠤ ᠴᠢᠭᠯᠡᠭᠦᠯᠵᠦ ᠂ ᠬᠤᠪᠢᠷᠠᠯᠳᠠ ᠵᠢ ᠤᠨᠤᠪᠴᠢᠲᠠᠢ ᠳᠠᠨᠢᠵᠦ᠂ ᠰᠢᠨᠵᠢᠯᠡᠬᠦ ᠤᠬᠠᠭ᠋ᠠᠨᠴᠢ᠎ᠪᠠᠷ ᠬᠤᠪᠢᠷᠠᠯᠳᠠ ᠵᠢ ᠠᠷᠭ᠋ᠠᠴᠠᠭ᠋ᠠᠵᠤ ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠯᠳᠠ᠎ᠲᠠᠢ ᠪᠣᠯᠭ᠋ᠠᠵᠤ ᠂ ᠵᠢᠮ᠎ᠡ ᠶᠤᠰᠤ ᠵᠢ ᠡᠵᠡᠮᠳᠡᠭᠰᠡᠨ ᠰᠠᠭᠤᠷᠢᠨ ᠳᠡᠭᠡᠷ᠎ᠡ ᠦᠭᠡᠷᠡᠴᠢᠯᠡᠯᠳᠡ ᠬᠢᠵᠦ ᠰᠢᠨ᠎ᠡ ᠵᠢ ᠡᠭᠦᠳᠬᠦ ᠵᠢ ᠪᠡᠶᠡᠯᠡᠭᠦᠯᠬᠦ ᠬᠡᠷᠡᠭᠲᠡᠢ
– 2020 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ᠂
ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
ᠬᠠᠤᠯᠢ᠎ᠪᠠᠷ ᠵᠠᠰᠠᠬᠤ ᠰᠡᠳᠬᠢᠬᠦᠢ
ᠤᠬᠠᠮᠰᠠᠷ᠎ᠠᠴᠠ᠎ᠪᠠᠨ ᠬᠠᠤᠯᠢ᠎ᠪᠠᠷ ᠵᠠᠰᠠᠬᠤ ᠰᠡᠳᠬᠢᠭᠦᠢ ᠪᠠ ᠬᠠᠤᠯᠢ᠎ᠪᠠᠷ ᠵᠠᠰᠠᠬᠤ ᠠᠷᠭ᠎ᠠ ᠵᠢ ᠬᠡᠷᠡᠭᠯᠡᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠦᠨ᠂ ᠬᠦᠭᠵᠢᠯᠳᠡ ᠵᠢ ᠠᠬᠢᠭᠤᠯᠵᠤ᠂ ᠵᠦᠷᠢᠴᠡᠯ᠎ᠢ ᠨᠠᠮᠳᠠᠭᠤᠯᠵᠤ᠂ ᠨᠡᠶ᠋ᠢᠭᠡᠮ᠎ᠤᠨ ᠳᠦᠪ ᠭᠤᠤᠯᠴᠢ ᠰᠢᠳᠤᠷᠭᠤ ᠶᠤᠰᠤ ᠵᠢ ᠬᠠᠮᠠᠭ᠋ᠠᠯᠠᠬᠤ ᠬᠡᠷᠡᠭᠲᠡᠢ
– 2020 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ᠂
ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
ᠬᠤᠷᠢᠭ᠎ᠠ ᠱᠤᠭᠤᠮ᠎ᠤᠨ ᠰᠡᠳᠬᠢᠬᠦᠢ
ᠭᠠᠳᠠᠭ᠋ᠠᠳᠤ ᠣᠷᠴᠢᠨ᠎ᠤ ᠭᠦᠨᠵᠡᠭᠡᠢ ᠬᠣᠪᠢᠷᠠᠯᠲᠠ ᠪᠠ ᠮᠠᠨ᠎ᠤ ᠤᠯᠤᠰ᠎ᠤᠨ ᠥᠭᠡᠷᠡᠴᠢᠯᠡᠯᠲᠡ ᠬᠦᠭᠵᠢᠯᠲᠡ ᠵᠢᠨ ᠲᠣᠭᠲᠠᠭᠤᠨ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠠᠰᠠᠭᠤᠳᠠᠯ ᠰᠢᠨ᠎ᠡ ᠦᠷᠢᠰᠦᠯᠳᠦᠭᠡᠨ᠎ᠢ ᠭᠦᠨᠵᠡᠭᠡᠢ ᠲᠠᠨᠢᠵᠤ ᠣᠨᠤᠪᠴᠢᠲᠠᠢ ᠡᠵᠡᠮᠰᠢᠵᠦ᠂ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ᠂ ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠨᠡᠮᠡᠭᠳᠡᠭᠦᠯᠵᠦ᠂ ᠰᠡᠷᠭᠡᠶ᠋ᠢᠯᠡᠨ ᠡᠵᠡᠮᠳᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠦᠨᠳᠦ ᠶᠡᠬᠡ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠵᠤ᠂ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ ᠪᠠ ᠨᠡᠶ᠋ᠢᠭᠡᠮ᠎ᠤᠨ ᠪᠦᠬᠦ ᠲᠠᠯ᠎ᠠ ᠵᠢᠨ ᠳᠣᠭᠲᠠᠭᠤᠨᠢ ᠪᠠᠲᠤᠯᠠᠨ᠎ᠠ
– 2019 ᠣᠨ᠎ᠤ 1 ᠳ᠋ᠦ᠍ᠭᠡᠷ ᠰᠠᠷ᠎ᠠ ᠵᠢᠨ 21᠎ᠤ ᠡᠳᠦᠷ᠂
ᠮᠤᠵᠢ ᠶᠠᠮᠤᠨ᠎ᠤ ᠲᠡᠰ᠎ᠤᠨ ᠭᠤᠣᠯ ᠤᠳᠤᠷᠢᠳᠬᠤ ᠺᠠᠳ᠋ᠷᠴᠤᠳ᠎ᠲᠤ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ ᠬᠦᠨᠳᠦ ᠶᠡᠭᠡ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ
ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ