ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠭᠦᠢ ᠬᠠᠳᠠᠭ᠋ᠠᠯᠠᠮᠤ! ᠬᠣᠷᠢᠳᠦᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠮᠡᠳᠡᠯᠭᠡ ᠵᠢᠨ ᠴᠡᠭ ᠦ᠋᠎ᠤᠨ
ᠨᠡᠶ᠋ᠢᠲᠡᠯᠡᠭᠰᠡᠨ ᠴᠠᠭ᠄ 2024-07-17

       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠢ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠭᠤᠯᠤᠨ᠎ᠠ᠃ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠭᠣᠣᠯᠳᠠᠭᠤ ᠵᠥᠪᠯᠡᠬᠦ ᠵᠦᠢ᠍ᠯᠡᠰ᠎ᠨᠢ ᠶᠠᠭᠤ ᠶᠠᠭᠤ ᠪᠤᠢ? ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠵᠢᠨ ᠶᠡᠷᠦᠩᠬᠡᠢ ᠬᠠᠷᠠᠯᠲᠠ᠎ᠨᠢ ᠶᠠᠭᠤ ᠪᠤᠢ? ᠬᠣᠷᠢᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠲᠥᠪ ᠬᠣᠷᠢᠶᠠᠨ᠎ᠤ ᠤᠳᠠᠭ᠎ᠠ ᠪᠦᠷᠢ ᠵᠢᠨ ᠪᠥᠬᠦᠳᠡ ᠬᠤᠷᠠᠯᠳᠤᠭ᠋ᠠᠨ᠎ᠳᠤ ᠶᠠᠮᠠᠷ ᠶᠠᠮᠠᠷ ᠠᠭᠤᠯᠭ᠎ᠠ ᠵᠢ ᠰᠤᠳᠤᠯᠤᠭᠰᠠᠨ ᠪᠤᠢ? ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ ᠭᠡᠭᠴᠢ ᠶᠠᠮᠠᠷ ᠬᠤᠷᠠᠯ ᠪᠣᠯᠬᠤ ᠪᠤᠢ? ᠰᠢᠯᠵᠢᠭᠦᠯᠦᠨ ᠠᠪᠴᠤ ᠬᠠᠳᠠᠭ᠋ᠠᠯᠠᠨ ᠰᠤᠷᠤᠯᠴᠠᠮᠤ!   

 

  ᠬᠠᠳᠠᠭ᠋ᠠᠯᠠᠨ ᠰᠤᠷᠤᠯᠴᠠᠮᠤ!

ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠬᠠᠮᠢᠶ᠎ᠠ ᠪᠦᠬᠦᠢ ᠮᠡᠳᠡᠯᠭᠡ ᠵᠢᠨ ᠴᠡᠭ ᠦ᠋᠎ᠤᠨ

 

ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ

ᠪᠦᠬᠦᠢ᠌ᠯᠡ ᠨᠡᠷᠡᠢ᠌ᠳᠦᠯ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ

ᠬᠤᠷᠠᠯ᠎ᠤᠨ ᠴᠠᠭ

7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ

ᠬᠤᠷᠠᠯ᠎ᠤᠨ ᠭᠠᠵᠠᠷ

ᠪᠡᠭᠡᠵᠢᠩ

 

ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ

ᠭᠣᠣᠯᠳᠠᠭᠤ ᠵᠥᠪᠯᠡᠬᠦ ᠵᠦᠢ᠍ᠯᠡᠰ

       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ᠎ᠨᠢ ᠲᠥᠪ ᠬᠣᠷᠢᠶᠠᠨ᠎ᠳᠤ ᠠᠵᠢᠯ᠎ᠤᠨ ᠮᠡᠳᠡᠭᠦᠯᠦᠯᠲᠡ ᠬᠢᠨ᠎ᠡ

       ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠭᠣᠣᠯᠳᠠᠯᠭ᠎ᠠ ᠪᠣᠯᠭ᠋ᠠᠨ ᠰᠣᠳᠣᠯᠤᠨ᠎ᠠ

      《ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠳᠣᠭᠲᠠᠭ᠋ᠠᠯ》᠎ᠤᠨ ᠡᠬᠡ ᠨᠣᠣᠷᠠᠭ᠎ᠢ ᠬᠢᠨᠠᠨ ᠵᠥᠪᠯᠡᠨ᠎ᠡ

 

ᠲᠥᠪ ᠬᠣᠷᠢᠶ᠎ᠠ

ᠭᠡᠭᠴᠢ ᠶᠠᠭᠤ ᠪᠤᠢ?

       ᠨᠠᠮ᠎ᠤᠨ ᠬᠠᠮᠤᠭ᠎ᠤᠨ ᠳᠡᠭᠡᠳᠦ ᠤᠳᠤᠷᠢᠳᠬᠤ ᠪᠠᠢ᠌ᠭᠤᠯᠭ᠎ᠠ᠂ ᠨᠠᠮ᠎ᠤᠨ ᠪᠥᠬᠥ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠲᠡᠭᠦᠨ᠎ᠠᠴᠠ ᠰᠤᠩᠭᠤᠨ ᠭᠠᠷᠭ᠋ᠠᠭᠰᠠᠨ ᠲᠥᠪ ᠬᠣᠷᠢᠶ᠎ᠠ ᠮᠥᠨ

       ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠲᠡᠭᠦᠰᠦᠭᠰᠡᠨ᠎ᠤ ᠳᠠᠷᠠᠭ᠎ᠠ᠂ ᠲᠥᠪ ᠬᠣᠷᠢᠶ᠎ᠠ᠎ᠨᠢ ᠨᠠᠮ᠎ᠤᠨ ᠪᠦᠬᠦ ᠠᠵᠢᠯ᠎ᠢ  ᠤᠳᠤᠷᠢᠳᠬᠤ  ᠪᠥᠭᠡᠳ ᠭᠠᠳᠠᠭᠰᠢ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠲᠥᠯᠥᠭᠡᠯᠡᠨ᠎ᠡ

       ᠲᠥᠪ ᠬᠣᠷᠢᠶ᠎ᠠ ᠵᠢ ᠨᠠᠮ᠎ᠤᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠰᠣᠩᠭᠣᠨ ᠭᠠᠷᠭ᠋ᠠᠨ᠎ᠠ᠂ ᠭᠡᠰᠢᠭᠦᠳ ᠪᠠ ᠣᠷᠣᠯᠠᠭᠴᠢ ᠭᠡᠰᠢᠭᠦᠳ ᠵᠶ᠋ᠠᠷ ᠪᠦᠷᠢᠯᠳᠦᠨ᠎ᠡ᠂ ᠬᠤᠭᠤᠴᠠᠭ᠎ᠠ ᠪᠦᠷᠢ ᠵᠢᠨ ᠲᠤᠰᠢᠶᠠᠯ ᠡᠭᠦᠷᠭᠡᠯᠡᠬᠦ ᠴᠠᠭ᠎ᠨᠢ ᠲᠠᠪᠤᠨ ᠵᠢᠯ

 

ᠲᠥᠪ ᠬᠣᠷᠢᠶᠠᠨ᠎ᠤ ᠪᠦᠭᠦᠳᠡ ᠬᠤᠷᠠᠯᠳᠤᠭ᠋ᠠᠨ᠎ᠳᠤ

ᠬᠡᠨ ᠬᠡᠨ ᠣᠷᠣᠯᠴᠠᠬᠤ ᠪᠤᠢ?

ᠲᠥᠪ ᠬᠣᠷᠢᠶᠠᠨ᠎ᠤ ᠭᠡᠰᠢᠭᠦᠳ

ᠣᠷᠣᠯᠠᠭᠴᠢ ᠭᠡᠰᠢᠭᠦᠳ

       ᠲᠥᠪ ᠬᠣᠷᠢᠶᠠᠨ᠎ᠤ ᠪᠦᠬᠦᠳᠠ ᠬᠤᠷᠠᠯᠳᠤᠭ᠋ᠠᠨ᠎ᠢ ᠲᠥᠪ ᠬᠣᠷᠢᠶᠠᠨ᠎ᠤ ᠬᠠᠭ᠋ᠠᠰ ᠲᠣᠭ᠋ᠠᠨ᠎ᠠᠴᠠ ᠳᠡᠭᠡᠭᠰᠢᠬᠢ ᠭᠡᠰᠢᠭᠦᠳ ᠣᠷᠣᠯᠴᠠᠪᠠᠯ ᠰᠠᠶᠢ ᠬᠤᠷᠠᠯᠳᠤᠭᠤᠯᠵᠤ ᠪᠣᠯᠣᠨ᠎ᠠ

       ᠬᠡᠷᠡᠭᠴᠡᠭᠡ᠎ᠪᠠᠨ ᠦᠨᠳᠦᠰᠦᠯᠡᠨ᠂ ᠬᠣᠯᠪᠣᠭᠳᠠᠯ ᠪᠦᠬᠦᠢ ᠬᠥᠮᠥᠰ᠎ᠢ ᠲᠤᠰ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠬᠢᠷᠠᠭᠤᠯᠵᠤ ᠪᠣᠯᠣᠨ᠎ᠠ

 

ᠬᠣᠷᠢᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠲᠥᠪ ᠬᠣᠷᠢᠶᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯᠳᠤᠭ᠋ᠠᠨ᠎ᠳᠤ

ᠶᠠᠮᠠᠷ ᠶᠠᠮᠠᠷ ᠠᠭᠤᠯᠭ᠎ᠠ ᠵᠢ ᠰᠤᠳᠤᠯᠤᠭᠰᠠᠨ ᠪᠤᠢ?

ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠠᠩᠬᠠᠳᠤᠭ᠋ᠠᠷ ᠪᠥᠬᠦᠳᠡ ᠬᠤᠷᠠᠯᠳᠤᠭ᠋ᠠᠨ

ᠴᠠᠭ᠄ 2022 ᠣᠨ᠎ᠤ 10 ᠳ᠋ᠤᠭ᠋ᠠᠷ ᠰᠠᠷ᠎ᠠ ᠵᠢᠨ 23᠎ᠤ ᠡᠳᠦᠷ

       ᠰᠢᠨ᠎ᠡ ᠨᠢᠭᠡ ᠬᠤᠭᠤᠴᠠᠭ᠋ᠠᠨ᠎ᠤ ᠲᠥᠪ᠎ᠤᠨ ᠤᠳᠤᠷᠢᠳᠬᠤ ᠪᠠᠢ᠌ᠭᠤᠯᠤᠮᠵᠢ ᠵᠢ ᠰᠤᠩᠭᠤᠵᠤ ᠭᠠᠷᠭ᠋ᠠᠪᠠ

ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠥᠭᠦᠳᠡ ᠬᠤᠷᠠᠯᠳᠤᠭ᠋ᠠᠨ

ᠴᠠᠭ᠄ 2023 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 28᠎ᠤ ᠡᠳᠦᠷ

       ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠳᠤ ᠳᠡᠪᠰᠢᠭᠦᠯᠬᠦ ᠤᠯᠤᠰ᠎ᠤᠨ ᠪᠠᠢ᠌ᠭᠤᠯᠤᠮᠵᠢ ᠵᠢᠨ ᠤᠳᠤᠷᠢᠳᠬᠤ ᠬᠥᠮᠥᠰ ᠵᠶ᠋ᠡᠷ ᠵᠢᠱ᠌ᠢᠭᠳᠡᠭᠰᠡᠳ᠎ᠤᠨ ᠰᠠᠨᠠᠭᠤᠯᠭ᠎ᠠ ᠵᠢᠨ ᠨᠡᠷᠡᠰ ᠪᠠ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠩᠬᠠᠳᠤᠭ᠋ᠠᠷ ᠬᠤᠷᠠᠯ᠎ᠳᠤ ᠳᠡᠪᠰᠢᠭᠦᠯᠬᠦ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠤᠳᠤᠷᠢᠳᠬᠤ ᠬᠥᠮᠥᠰ ᠵᠶ᠋ᠡᠷ ᠵᠢᠱ᠌ᠢᠭᠳᠡᠭᠰᠡᠳ᠎ᠤᠨ ᠰᠠᠨᠠᠭᠤᠯᠭ᠎ᠠ ᠵᠢᠨ ᠨᠡᠷᠡᠰ᠎ᠢ ᠬᠢᠨᠠᠨ ᠵᠥᠪᠯᠡᠭᠡᠳ ᠪᠠᠲᠤᠯᠠᠪᠠ

      《ᠨᠠᠮ ᠪᠠ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠬᠢᠨᠠᠨ ᠵᠥᠪᠯᠡᠭᠡᠳ ᠪᠠᠲᠤᠯᠠᠪᠠ

 

ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠢ ᠠᠩᠬᠠᠷᠤᠮᠤ

 

ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠵᠢᠨ ᠶᠡᠷᠦᠩᠬᠡᠢ ᠬᠠᠷᠠᠯᠲᠠ᠎ᠨᠢ ᠶᠠᠭᠤ ᠪᠤᠢ?

       ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠵᠶ᠋ᠠᠨ ᠵᠠᠰᠠᠬᠤ ᠲᠣᠭᠲᠠᠯᠴᠠᠭ᠎ᠠ ᠬᠢᠭᠡᠳ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃ 2035 ᠣᠨ ᠪᠣᠯᠬᠤ᠎ᠳᠤ᠂ ᠥᠨᠳᠥᠷ ᠬᠢᠷᠢ ᠲᠦᠪᠰᠢᠨ ᠪᠦᠬᠦᠢ ᠨᠡᠢ᠌ᠭᠡᠮ ᠵᠢᠷᠤᠮᠲᠤ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠯ᠎ᠢ ᠪᠦᠬᠦ ᠲᠠᠯ᠎ᠠ᠎ᠪᠠᠷ ᠪᠠᠢ᠌ᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠨᠡᠩ ᠲᠡᠭᠦᠯᠳᠡᠷᠵᠢᠭᠦᠯᠵᠦ᠂ ᠤᠯᠤᠰ ᠵᠶ᠋ᠠᠨ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠲᠤᠰ ᠵᠠᠭᠤᠨ᠎ᠤ ᠳᠤᠮᠳᠠᠴᠢ ᠪᠣᠯᠬᠤ᠎ᠳᠤ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠨ᠎ᠠ᠃

 

ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠢ ᠠᠩᠬᠠᠷᠤᠮᠤ

ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠎ᠳᠤ ᠳᠠᠷᠠᠭ᠋ᠠᠬᠢ ᠵᠠᠷᠴᠢᠮ᠎ᠤᠳ᠎ᠢ ᠲᠤᠭᠤᠰᠢᠯᠠᠭᠤᠯᠬᠤ ᠬᠡᠷᠡᠭᠲᠡᠢ᠄

       ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠠᠴᠠ ᠪᠦᠬᠦ ᠲᠠᠯ᠎ᠠ ᠵᠢ ᠶᠡᠷᠦᠩᠬᠡᠢ᠌ᠯᠡᠨ ᠡᠵᠡᠮᠳᠡᠬᠦ᠂ ᠡᠯ᠎ᠡ ᠲᠠᠯ᠎ᠠ ᠵᠢᠨ᠎ᠬᠢᠨ᠎ᠢ ᠵᠣᠬᠢᠴᠠᠭᠤᠯᠤᠨ ᠤᠳᠤᠷᠢᠳᠬᠤ ᠵᠢᠨ ᠭᠣᠣᠯᠯᠠᠭᠴᠢ ᠦᠢ᠍ᠯᠡᠳᠦᠯ᠎ᠢ᠎ᠨᠢ ᠪᠠᠳᠠᠷᠠᠭᠤᠯᠵᠤ᠂ ᠨᠠᠮ᠎ᠤᠨ ᠤᠳᠤᠷᠢᠳᠤᠯᠭ᠎ᠠ ᠵᠢ ᠥᠭᠡᠷᠡᠴᠢᠯᠡᠯᠲᠡ ᠵᠢᠨ ᠡᠯ᠎ᠡ ᠲᠠᠯ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠥᠭᠡᠷᠡᠴᠢᠯᠡᠯᠲᠡ ᠵᠢᠨ ᠢᠮᠠᠭᠲᠠ ᠤᠯᠤᠰ ᠳᠦᠷᠦ ᠵᠢᠨ ᠵᠥᠪ ᠴᠢᠭᠯᠡᠯ ᠵᠶ᠋ᠠᠷ ᠤᠷᠤᠭᠰᠢᠯᠠᠬᠤ ᠵᠢ᠎ᠨᠢ ᠦᠨᠡᠨ ᠬᠦ᠌ ᠪᠠᠲᠤᠯᠠᠬᠤ ᠬᠡᠷᠡᠭᠲᠡᠢ

       ᠠᠷᠠᠳ ᠲᠦᠮᠡᠨ ᠵᠶ᠋ᠠᠷ ᠭᠣᠣᠯ ᠪᠤᠯᠭ᠋ᠠᠬᠤ ᠵᠢ ᠪᠠᠷᠢᠮᠲᠠᠯᠠᠨ᠂ ᠠᠷᠠᠳ ᠲᠦᠮᠡᠨ᠎ᠤ ᠭᠣᠣᠯ ᠴᠣᠭᠴᠠ ᠵᠢᠨ ᠪᠠᠢ᠌ᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠠᠷᠠᠳ ᠲᠦᠮᠡᠨ ᠶᠠᠮᠠᠷᠰᠢᠤ ᠬᠦᠰᠡᠯ ᠱᠠᠭ᠋ᠠᠷᠳᠠᠯᠭ᠎ᠠ ᠪᠠᠢ᠌ᠪᠠᠯ ᠲᠡᠭᠦᠨ᠎ᠯᠦᠭᠡ ᠵᠣᠬᠢᠴᠠᠯᠳᠤᠭᠰᠠᠨ ᠥᠭᠡᠷᠡᠴᠢᠯᠡᠯᠲᠡ ᠵᠢᠨ ᠬᠠᠷᠢᠭᠤ ᠥᠭᠬᠦ ᠵᠢ ᠪᠠᠷᠢᠮᠲᠠᠯᠠᠨ᠂ ᠠᠷᠠᠳ ᠲᠦᠮᠡᠨ᠎ᠤ ᠲᠥᠯᠥᠭᠡ ᠥᠭᠡᠷᠡᠴᠢᠯᠡᠯᠲᠡ ᠬᠢᠵᠦ᠂ ᠠᠷᠠᠳ ᠲᠦᠮᠡᠨ᠎ᠳᠤ ᠳᠦᠰᠢᠭᠯᠡᠨ ᠥᠭᠡᠷᠡᠴᠢᠯᠡᠯᠲᠡ ᠬᠢᠵᠦ᠂ ᠠᠷᠠᠳ ᠲᠦᠮᠡᠨ᠎ᠳᠤ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠡᠳ᠋ᠯᠡᠭᠦᠯᠬᠦ ᠪᠣᠯᠣᠨ᠎ᠠ

       ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠢ ᠭᠤᠢ᠌ᠪᠢᠰᠢ ᠦᠭᠡᠢ ᠪᠠᠷᠢᠮᠲᠠᠯᠠᠵᠤ᠂ ᠴᠠᠭ ᠦᠶ᠎ᠡ᠎ᠲᠠᠢ ᠠᠯᠬᠤᠭ᠎ᠠ᠎ᠪᠠᠨ ᠨᠢᠭᠡᠳᠬᠡᠵᠦ᠂ ᠦᠢ᠍ᠯᠡᠳᠦᠯᠭᠡ ᠵᠢᠨ ᠬᠥᠭᠵᠢᠯᠲᠡ᠎ᠳᠤ ᠵᠣᠬᠢᠴᠠᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠤᠪᠤᠶ᠋ᠢᠯᠭ᠋ᠠᠵᠤ᠂ ᠰᠢᠨ᠎ᠡ ᠭᠠᠷᠤᠭ᠎ᠠ ᠳᠡᠭᠡᠷ᠎ᠡ᠎ᠪᠠᠨ ᠤᠨᠤᠯ᠎ᠤᠨ ᠰᠢᠨ᠎ᠡ ᠡᠭᠦᠳᠦᠯᠲᠡ᠂ ᠦᠢ᠍ᠯᠡᠳᠦᠯᠭᠡ ᠵᠢᠨ ᠰᠢᠨ᠎ᠡ ᠡᠭᠦᠳᠦᠯᠲᠡ᠂ ᠳᠦᠷᠢᠮ᠎ᠤᠨ ᠰᠢᠨ᠎ᠡ ᠡᠭᠦᠳᠦᠯᠲᠡ᠂ ᠰᠣᠶᠣᠯ᠎ᠤᠨ ᠰᠢᠨ᠎ᠡ ᠡᠭᠦᠳᠦᠯᠲᠡ ᠪᠠ ᠪᠤᠰᠤᠳ ᠡᠯ᠎ᠡ ᠲᠠᠯ᠎ᠠ ᠵᠢᠨ ᠰᠢᠨ᠎ᠡ ᠡᠭᠦᠳᠦᠯᠲᠡ᠎ᠲᠠᠢ᠎ᠪᠠᠷ ᠠᠬᠢᠭᠤᠯᠬᠤ ᠬᠡᠷᠡᠭᠲᠡᠢ

       ᠳᠦᠷᠢᠮ᠎ᠤᠨ ᠪᠠᠢ᠌ᠭᠤᠯᠤᠯᠲᠠ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠦᠵᠦ ᠲᠥᠯᠥᠪᠯᠡᠭᠡ᠂ ᠶᠡᠷᠦᠩᠬᠡᠢ ᠲᠥᠯᠥᠪᠯᠡᠭᠡ ᠵᠢ ᠴᠢᠩᠭ᠋ᠠᠳᠬᠠᠵᠤ᠂ ᠬᠠᠭᠤᠴᠢᠨ᠎ᠢ ᠵᠣᠷᠢᠭᠲᠠᠢ᠎ᠪᠠᠷ ᠡᠪᠳᠡᠬᠦ ᠪᠠ ᠰᠢᠨ᠎ᠡ᠎ᠪᠠᠷ ᠪᠠᠶ᠋ᠢᠭᠤᠯᠬᠤ ᠵᠢ ᠵᠡᠷᠭᠡ᠎ᠪᠠᠷ ᠠᠳᠬᠤᠵᠤ᠂ ᠤᠷᠢᠳ ᠵᠶ᠋ᠠᠷ ᠪᠠᠢ᠌ᠭᠤᠯᠤᠨ ᠳᠠᠷᠠᠭ᠎ᠠ᠎ᠨᠢ ᠬᠠᠭᠤᠴᠢᠨ᠎ᠢ ᠡᠪᠳᠡᠵᠦ᠂ ᠦᠨᠳᠦᠰᠦᠨ ᠪᠠᠢ᠌ᠭᠤᠯᠤᠯ᠎ᠢ ᠪᠠᠲᠤ ᠪᠡᠬᠢ ᠪᠠᠢ᠌ᠭᠤᠯᠵᠤ᠂ ᠦᠨᠳᠦᠰᠦᠨ ᠳᠦᠷᠢᠮ᠎ᠢ ᠪᠦᠷᠢᠨᠰᠢᠭᠦᠯᠵᠦ᠂ ᠴᠢᠬᠤᠯᠠ ᠳᠦᠷᠢᠮ᠎ᠳᠤ ᠰᠢᠨ᠎ᠡ ᠡᠭᠦᠳᠦᠯᠲᠡ᠎ᠲᠠᠢ ᠪᠣᠯᠭ᠋ᠠᠬᠤ ᠬᠡᠷᠡᠭᠲᠡᠢ

       ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠨ᠂ ᠬᠠᠤᠯᠢᠵᠢᠯ᠎ᠤᠨ ᠵᠠᠮᠨᠠᠯ᠎ᠳᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠥᠭᠡᠷᠡᠴᠢᠯᠡᠯᠲᠡ ᠬᠢᠬᠦ ᠪᠠ ᠬᠠᠤᠯᠢ᠎ᠪᠠᠷ ᠵᠠᠰᠠᠬᠤ ᠵᠢ ᠨᠢᠭᠡᠲᠦᠯᠵᠢᠭᠦᠯᠵᠦ᠂ ᠴᠢᠬᠤᠯᠠ ᠶᠡᠬᠡ ᠥᠭᠡᠷᠡᠴᠢᠯᠡᠯᠲᠡ᠎ᠨᠢ ᠬᠠᠤᠯᠢ ᠵᠢᠨ ᠦᠨᠳᠦᠰᠦᠯᠡᠯ᠎ᠲᠠᠢ  ᠪᠠᠢ᠌ᠬᠤ ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠴᠠᠭ ᠲᠤᠬᠠᠢ᠎ᠳᠤ᠎ᠨᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠳᠡᠪᠰᠢᠬᠦᠯᠬᠦ ᠬᠡᠷᠡᠭᠲᠡᠢ

       ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ ᠠᠵᠤ ᠠᠬᠤᠢ ᠪᠠ ᠨᠡᠢ᠌ᠭᠡᠮ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠳᠦᠮᠵᠢ ᠪᠠ ᠲᠥᠪ ᠭᠤᠣᠯᠴᠢ᠂ ᠠᠮᠢᠵᠢᠷᠠᠯ᠎ᠤᠨ ᠬᠦᠴᠦᠨ ᠪᠠ ᠡᠮᠬᠢ ᠵᠢᠷᠤᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠬᠡ ᠬᠠᠷᠢᠴᠠᠭ᠎ᠠ᠎ᠨᠤᠭᠤᠳ᠎ᠢ  ᠰᠠᠢ᠌ᠲᠤᠷ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠰᠢᠰᠲ᠋ᠧᠮᠳᠤ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠦᠭᠦᠯᠡᠭᠦᠢ ᠬᠠᠳᠠᠭ᠋ᠠᠯᠠᠮᠤ! ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠵᠠᠩᠭᠢᠯᠭ᠎ᠠ ᠵᠢᠨ 9 ᠦᠭᠡ
ᠬᠠᠳᠠᠭ᠋ᠠᠯᠠᠮᠤ! ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠵᠠᠩᠭᠢᠯᠭ᠎ᠠ ᠵᠢᠨ 9 ᠦᠭᠡ
【ᠵᠢᠷᠤᠭᠲᠤ ᠲᠠᠢ᠌ᠯᠤᠮᠵᠢ】 ᠶᠡᠭᠡ ᠬᠡᠪᠴᠢᠶᠡᠨ᠎ᠤ ᠲᠣᠨᠣᠭ ᠲᠦᠭᠦᠭᠡᠷᠦᠮᠵᠢ᠎ᠪᠠᠨ ᠰᠢᠨᠡᠳᠭᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠵᠢ ᠬᠦᠴᠦᠯᠡᠨ ᠳᠡᠮᠵᠢᠨ᠎ᠡ
ᠦᠰᠦᠭ ᠪᠢᠴᠢᠭ ᠵᠶ᠋ᠡᠷ ᠦᠭᠦᠯᠡᠭᠦᠢ ᠶᠡᠭᠡ ᠬᠡᠪᠴᠢᠶᠡᠨ᠎ᠤ ᠲᠣᠨᠣᠭ ᠲᠦᠭᠦᠭᠡᠷᠦᠮᠵᠢ᠎ᠪᠠᠨ ᠰᠢᠨᠡᠳᠭᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠵᠢ ᠬᠦᠴᠦᠯᠡᠨ ᠳᠡᠮᠵᠢᠨ᠎ᠡ
【ᠵᠢᠷᠤᠭᠲᠤ ᠲᠠᠢ᠌ᠯᠤᠮᠵᠢ】 ᠲᠥᠷᠥ ᠵᠢᠨ ᠶᠠᠪᠤᠳᠠᠯ᠎ᠤᠨ ᠬᠣᠷᠢᠶ᠎ᠠ ᠪᠢᠴᠢᠭ ᠮᠠᠲ᠋ᠧᠷᠢᠶᠠᠯ ᠲᠠᠷᠬᠠᠭ᠋ᠠᠪᠠ᠂ ᠢᠷᠡᠬᠦ 5 ᠵᠢᠯ᠎ᠳᠤ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠢᠩᠭᠢᠵᠦ ᠬᠥᠭᠵᠢᠬᠦ ᠪᠣᠯᠣᠨ᠎ᠠ!
 
            