ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠭᠦᠢ ᠥᠪᠥᠷ ᠮᠣᠩᠭᠤᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠰᠦᠯ᠎ᠢ ᠳᠠᠷᠠᠭ᠋ᠠᠬᠢ ᠵᠢᠷᠤᠭ᠎ᠠᠴᠠ ᠣᠢ᠌ᠯᠠᠭ᠋ᠠᠶ᠎ᠠ
ᠨᠡᠶ᠋ᠢᠲᠡᠯᠡᠭᠰᠡᠨ ᠴᠠᠭ᠄ 2024-09-03

   ᠥᠭᠡᠷᠡᠴᠢᠯᠡᠯᠲᠡ ᠵᠢᠨ ᠬᠠᠷᠠᠯᠲᠠ

   ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ  ᠤᠳᠤᠷᠢᠳᠤᠮᠵᠢ ᠵᠢ ᠲᠣᠭᠲᠠᠭ᠋ᠠᠵᠤ᠂ ᠵᠣᠬᠢᠶᠠᠨ ᠪᠠᠶ᠋ᠢᠭᠤᠯᠤᠯᠲᠠ᠎ᠨᠢ ᠵᠢᠷᠤᠮᠵᠢᠭᠤᠨ ᠂ ᠳᠡᠰ ᠳᠠᠷᠠᠭ᠋ᠠᠯᠠᠯ᠎ᠨᠢ ᠵᠦᠢ ᠵᠣᠬᠢᠰᠲᠠᠢ᠂ ᠦᠷ᠎ᠡ ᠳ᠋ᠦᠩ᠎ᠨᠢ ᠲᠥᠪ ᠭᠤᠣᠯᠴᠢ᠂ ᠬᠢᠨᠠᠯᠲᠠ ᠲᠠᠯᠪᠢᠯᠲᠠ᠎ᠨᠢ ᠬᠦᠴᠦᠲᠡᠢ᠂ ᠪᠠᠲᠤᠯᠠᠭ᠎ᠠ᠎ᠨᠢ ᠪᠣᠳᠠᠲᠠᠶ᠋ᠢᠵᠢᠭᠰᠠᠨ ᠰᠢᠯᠭ᠋ᠠᠯᠲᠠ᠎ᠪᠠᠷ ᠰᠤᠷᠤᠭᠴᠢ ᠡᠯᠰᠡᠬᠦ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠶ᠋ᠢᠬᠤ ᠵᠢ ᠲᠦᠯᠬᠢᠨ ᠠᠬᠢᠭᠤᠯᠵᠤ᠂ 2022 ᠣᠨ᠎ᠤ ᠨᠠᠮᠤᠷ  ᠰᠤᠷᠭ᠋ᠠᠭᠤᠯᠢ᠎ᠳᠤ ᠣᠷᠣᠭᠰᠠᠨ  ᠳᠣᠯᠣᠳᠤᠭ᠋ᠠᠷ ᠣᠨ᠎ᠠᠴᠠ  ᠡᠬᠢᠯᠡᠭᠦᠯᠵᠦ᠂ 2025 ᠣᠨ ᠪᠣᠯᠬᠤ᠎ᠳᠤ ᠪᠥᠬᠦ ᠲᠠᠯ᠎ᠠ᠎ᠪᠠᠷ ᠬᠡᠷᠡᠭᠵᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠎ᠲᠠᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠣᠷᠣᠬᠤ ᠰᠢᠯᠭ᠋ᠠᠯᠲᠠ᠎ᠪᠠᠷ ᠰᠤᠷᠤᠭᠴᠢ ᠡᠯᠰᠡᠬᠦ ᠲᠥᠷᠥ ᠵᠢᠨ ᠪᠣᠳᠣᠯᠭ᠎ᠠ ᠵᠢ ᠲᠠᠰᠤᠷᠠᠯᠲᠠ ᠦᠭᠡᠢ ᠪᠦᠷᠢᠯᠳᠦᠭᠦᠯᠦᠨ᠎ᠡ᠃

   ᠦᠨᠳᠦᠰᠦᠨ ᠵᠠᠷᠴᠢᠮ

   ᠲᠠᠪᠤᠨ ᠬᠥᠮᠦᠵᠢᠯ᠎ᠢ ᠵᠡᠷᠭᠡ᠎ᠳᠤ᠎ᠨᠢ ᠴᠢᠬᠤᠯᠠᠴᠢᠯᠠᠬᠤ

   ᠱᠠᠲᠤ ᠬᠤᠪᠢᠶᠠᠨ ᠬᠠᠮᠢᠶᠠᠷᠬᠤ

   ᠡᠷᠬᠡ ᠲᠡᠭᠰᠢ ᠲᠦᠪ ᠭᠤᠤᠯᠴᠢ

   ᠶᠡᠷᠦᠩᠬᠡᠢ᠌ᠯᠡᠨ  ᠵᠣᠬᠢᠴᠠᠭᠤᠯᠬᠤ

   ᠥᠭᠡᠷᠡᠴᠢᠯᠡᠯᠲᠡ ᠵᠢᠨ ᠭᠤᠣᠯ ᠡᠭᠦᠷᠭᠡ

   ᠡᠭᠦᠷᠭᠡ ᠨᠢᠭᠡ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ  ᠰᠢᠯᠭ᠋ᠠᠯᠲᠠ ᠵᠢ ᠬᠡᠷᠡᠭᠵᠢᠭᠦᠯᠦᠨ᠎ᠡ

   ᠡᠭᠦᠷᠭᠡ  ᠬᠣᠶᠠᠷ᠂ ᠰᠤᠷᠤᠭᠴᠢᠳ᠎ᠤᠨ ᠶᠡᠷᠦᠩᠬᠡᠢ᠍ᠯᠡᠭᠰᠡᠨ ᠬᠡᠪ ᠴᠢᠨᠠᠷ᠎ᠤᠨ ᠦᠨᠡᠯᠡᠯᠲᠡ ᠵᠢ ᠲᠡᠭᠦᠯᠳᠡᠷᠵᠢᠭᠦᠯᠦᠨ᠎ᠡ

   ᠡᠭᠦᠷᠭᠡ  ᠭᠤᠷᠪᠠ᠂ ᠰᠤᠷᠤᠭᠴᠢ ᠡᠯᠰᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ

   ᠡᠭᠦᠷᠭᠡ  ᠳᠥᠷᠪᠡ᠂ ᠰᠤᠷᠤᠭᠴᠢ ᠡᠯᠰᠡᠬᠦ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠵᠢᠷᠤᠮᠵᠢᠭᠤᠯᠤᠨ᠎ᠠ

   ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠠᠴᠠ ᠳᠡᠬᠦᠰᠬᠦ ᠰᠢᠯᠭ᠋ᠠᠯᠳᠠ + ᠥᠨᠳᠥᠷ ᠵᠡᠷᠬᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠳᠠ

   ᠬᠤᠶᠠᠷ ᠰᠢᠯᠭ᠋ᠠᠯᠲᠠ ᠵᠢ ᠨᠡᠢ᠌ᠯᠡᠭᠦᠯᠬᠦ

   ᠨᠢᠭᠡ ᠰᠢᠯᠭ᠋ᠠᠯᠲᠠ ᠵᠢ ᠣᠯᠠᠨᠲᠠ  ᠬᠡᠷᠡᠭᠯᠡᠬᠦ

  2022 ᠣᠨ᠎ᠤ ᠨᠠᠮᠤᠷ  ᠰᠤᠷᠭ᠋ᠠᠭᠤᠯᠢ᠎ᠳᠤ ᠣᠷᠣᠭᠰᠠᠨ  ᠳᠣᠯᠣᠳᠤᠭ᠋ᠠᠷ ᠣᠨ᠎ᠠᠴᠠ  ᠡᠬᠢᠯᠡᠭᠦᠯᠵᠦ᠂ 2025 ᠣᠨ  ᠪᠣᠯᠬᠤ᠎ᠳᠤ ᠪᠥᠬᠦ ᠲᠠᠯ᠎ᠠ᠎ᠪᠠᠷ ᠬᠡᠷᠡᠭᠵᠢᠭᠦᠯᠦᠨ᠎ᠡ

   ᠥᠨᠳᠥᠷ ᠵᠡᠷᠭᠡ ᠵᠢᠨ  ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ᠎ᠳᠤ ᠬᠤᠪᠢ ᠲᠡᠮᠳᠡᠭᠯᠡᠬᠦ ᠬᠢᠴᠢᠶᠡᠯ ᠲᠥᠷᠥᠯ

   ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠬᠢᠴᠢᠶᠡᠯ ᠲᠥᠷᠥᠯ᠎ᠤᠨ  ᠲᠣᠬᠢᠷᠠᠭᠤᠯᠤᠯᠲᠠ

   ᠤᠯᠤᠰ᠎ᠤᠨ ᠲᠣᠬᠢᠷᠠᠭᠤᠯᠤᠭᠰᠠᠨ ᠬᠢᠴᠢᠶᠡᠯ

   ᠶᠣᠰᠣ ᠰᠤᠷᠲᠠᠬᠤᠨ  ᠬᠢᠭᠡᠳ ᠬᠠᠤᠯᠢ᠎ᠪᠠᠷ ᠵᠠᠰᠠᠬᠤᠢ

   ᠬᠡᠯᠡ ᠪᠢᠴᠢᠭ

   ᠲᠣᠭ᠋ᠠᠨ᠎ᠤ ᠤᠬᠠᠭ᠋ᠠᠨ

   ᠭᠠᠳᠠᠭ᠋ᠠᠳᠤ ᠬᠡᠯᠡ (ᠰᠣᠨᠣᠰᠤᠯ᠎ᠤᠨ ᠰᠢᠯᠭ᠋ᠠᠯᠲᠠ ᠪᠠᠭᠲᠠᠨ᠎ᠠ)

   ᠹᠢᠽᠢᠺ

   ᠬᠢᠮᠢ

   ᠠᠮᠢᠳᠤ ᠪᠣᠳᠠᠰ᠎ᠤᠨ ᠤᠬᠠᠭ᠋ᠠᠨ

   ᠲᠡᠦᠬᠡ

   ᠭᠠᠵᠠᠷ ᠵᠦᠢ

   ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ

   ᠣᠷᠣᠨ ᠨᠤᠲᠤᠭ᠎ᠤᠨ ᠲᠣᠬᠢᠷᠠᠭᠤᠯᠤᠭᠰᠠᠨ ᠬᠢᠴᠢᠶᠡᠯ

   ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ

  (ᠣᠷᠣᠨ ᠨᠤᠲᠤᠭ᠎ᠤᠨ ᠲᠣᠬᠢᠷᠠᠭᠤᠯᠤᠭᠰᠠᠨ  ᠬᠢᠴᠢᠶᠡᠯ ᠲᠥᠷᠥᠯ᠎ᠢ  ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ᠎ᠯᠤᠭ᠎ᠠ ᠠᠳᠠᠯᠢ ᠨᠢᠭᠡ  ᠬᠤᠭᠤᠴᠠᠭ᠋ᠠᠨ᠎ᠳᠤ ᠶᠠᠪᠤᠭᠳᠠᠭᠤᠯᠤᠨ᠎ᠠ ᠃)

   ᠤᠷᠠᠯᠢᠭ

   ᠮᠡᠳᠡᠭᠡ ᠵᠠᠩᠭᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ

   ᠬᠦᠳᠡᠯᠮᠦᠷᠢ ᠵᠢᠨ ᠬᠦᠮᠦᠵᠢᠯ

   ᠶᠡᠷᠦᠩᠬᠡᠢ᠌ᠯᠡᠭᠰᠡᠨ ᠦᠢ᠍ᠯᠡᠳᠦᠯᠭᠡ ᠵᠢᠨ ᠠᠵᠢᠯᠯᠠᠭ᠎ᠠ

   ᠰᠢᠯᠭ᠋ᠠᠬᠤ  ᠬᠡᠯᠪᠡᠷᠢ

   ᠲᠣᠭ᠋ᠠᠨ᠎ᠤ ᠤᠬᠠᠭ᠋ᠠᠨ

   ᠪᠢᠷ᠎ᠤᠨ  ᠰᠢᠯᠭ᠋ᠠᠯᠲᠠ

   ᠬᠡᠯᠡ ᠪᠢᠴᠢᠭ

   ᠭᠠᠳᠠᠭ᠋ᠠᠳᠤ ᠬᠡᠯᠡ (ᠰᠣᠨᠣᠰᠤᠯ᠎ᠤᠨ ᠰᠢᠯᠭ᠋ᠠᠯᠲᠠ ᠪᠠᠭᠲᠠᠨ᠎ᠠ)

   ᠭᠠᠵᠠᠷ ᠵᠦᠢ

   ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ

   ᠲᠡᠦᠬᠡ

   ᠲᠣᠭ᠋ᠠᠨ᠎ᠤ ᠤᠬᠠᠭ᠋ᠠᠨ

   ᠶᠣᠰᠣ ᠰᠤᠷᠲᠠᠬᠤᠨ  ᠬᠢᠭᠡᠳ ᠬᠠᠤᠯᠢ᠎ᠪᠠᠷ ᠵᠠᠰᠠᠬᠤᠢ

   ᠪᠢᠷ᠎ᠤᠨ  ᠰᠢᠯᠭ᠋ᠠᠯᠲᠠ ᠵᠢ  ᠲᠤᠷᠰᠢᠯᠲᠠ ᠂ ᠤᠷ᠎ᠠ ᠮᠡᠷᠭᠡᠰᠢᠯ᠎ᠤᠨ  ᠰᠢᠯᠭ᠋ᠠᠯᠲᠠ᠎ᠯᠤᠭ᠎ᠠ ᠤᠶᠠᠯᠳᠤᠭᠤᠯᠬᠤ

   ᠹᠢᠽᠢᠺ

   ᠬᠢᠮᠢ

   ᠠᠮᠢᠳᠤ ᠪᠣᠳᠠᠰ᠎ᠤᠨ ᠤᠬᠠᠭ᠋ᠠᠨ

   ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ

   ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠮᠡᠳᠡᠯᠭᠡ (  ᠪᠢᠷ᠎ᠤᠨ ᠰᠢᠯᠭ᠋ᠠᠯᠲᠠ)᠂ ᠡᠳᠦᠷ ᠲᠤᠲᠤᠮ᠎ᠤᠨ ᠣᠷᠣᠯᠴᠠᠭᠰᠠᠨ  ᠪᠠᠶ᠋ᠢᠳᠠᠯ᠂ 《ᠤᠯᠤᠰ᠎ᠤᠨ ᠲᠣᠭᠲᠠᠭ᠋ᠠᠭᠰᠠᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠪᠠᠷᠢᠮᠵᠢᠶ᠎ᠠ》 ᠵᠢᠨ ᠰᠢᠯᠭ᠋ᠠᠯᠲᠠ ᠪᠠ  ᠲᠤᠰᠬᠠᠶ  ᠬᠥᠳᠡᠯᠭᠡᠭᠡᠨ᠎ᠤ ᠤᠷ᠎ᠠ ᠮᠡᠷᠭᠡᠰᠢᠯ᠎ᠤᠨ  ᠰᠢᠯᠭ᠋ᠠᠯᠲᠠ᠎ᠯᠤᠭ᠎ᠠ  ᠤᠶᠠᠯᠳᠤᠭᠤᠯᠬᠤ ᠠᠷᠭ᠎ᠠ ᠮᠠᠶᠢᠭ᠎ᠢ ᠠᠪᠤᠨ᠎ᠠ ᠃

   ᠶᠠᠪᠤᠴᠠ ᠵᠢᠨ ᠴᠢᠨᠠᠷᠲᠠᠢ  ᠦᠨᠡᠯᠡᠯᠲᠡ ᠪᠠ ᠲᠡᠭᠦᠰᠬᠡᠯ᠎ᠤᠨ ᠴᠢᠨᠠᠷᠲᠠᠢ  ᠦᠨᠡᠯᠡᠯᠲᠡ ᠵᠢ ᠤᠶᠠᠯᠳᠤᠭᠤᠯᠬᠤ

   ᠤᠷᠠᠯᠢᠭ

   ᠮᠡᠳᠡᠭᠡ ᠵᠠᠩᠭᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ

   ᠬᠦᠳᠡᠯᠮᠦᠷᠢ ᠵᠢᠨ ᠬᠦᠮᠦᠵᠢᠯ

   ᠶᠡᠷᠦᠩᠬᠡᠢ᠌ᠯᠡᠭᠰᠡᠨ ᠦᠢ᠍ᠯᠡᠳᠦᠯᠭᠡ ᠵᠢᠨ ᠠᠵᠢᠯᠯᠠᠭ᠎ᠠ

   ᠥᠨᠳᠥᠷ ᠵᠡᠷᠭᠡ ᠵᠢᠨ  ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ ᠵᠢᠨ ᠬᠤᠪᠢ ᠪᠣᠳᠣᠬᠤ ᠬᠢᠴᠢᠶᠡᠯ ᠲᠥᠷᠥᠯ᠎ᠤᠨ ᠬᠤᠪᠢ ᠵᠢᠨ ᠬᠡᠮᠵᠢᠭᠳᠡᠯ

   ᠬᠡᠯᠡ ᠪᠢᠴᠢᠭ

   ᠲᠣᠭ᠋ᠠᠨ᠎ᠤ ᠤᠬᠠᠭ᠋ᠠᠨ

   ᠭᠠᠳᠠᠭ᠋ᠠᠳᠤ ᠬᠡᠯᠡ  ᠰᠣᠨᠣᠰᠤᠯ᠎ᠤᠨ ᠰᠢᠯᠭ᠋ᠠᠯᠲᠠ — 10 ᠬᠤᠪᠢ

   ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ

   ᠲᠡᠦᠬᠡ

   ᠹᠢᠽᠢᠺ᠂ ᠪᠢᠷ᠎ᠤᠨ ᠰᠢᠯᠭ᠋ᠠᠯᠲᠠ 60 ᠬᠤᠪᠢ᠂ ᠲᠤᠷᠰᠢᠯᠲᠠ 10 ᠬᠤᠪᠢ

   ᠬᠢᠮᠢ᠂   ᠪᠢᠷ᠎ᠤᠨ ᠰᠢᠯᠭ᠋ᠠᠯᠲᠠ 40 ᠬᠤᠪᠢ᠂ ᠲᠤᠷᠰᠢᠯᠲᠠ 10 ᠬᠤᠪᠢ

   ᠠᠮᠢᠳᠤ ᠪᠣᠳᠠᠰ᠎ᠤᠨ ᠤᠬᠠᠭ᠋ᠠᠨ

   ᠭᠠᠵᠠᠷ ᠵᠦᠢ

   ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ᠂ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠮᠡᠳᠡᠯᠭᠡ 10 ᠬᠤᠪᠢ᠂ ᠡᠳᠦᠷ ᠲᠤᠲᠤᠮ᠎ᠤᠨ ᠣᠷᠣᠯᠴᠠᠭᠰᠠᠨ ᠪᠠᠶ᠋ᠢᠳᠠᠯ 5 ᠬᠤᠪᠢ ᠂ 《ᠤᠯᠤᠰ᠎ᠤᠨ ᠲᠣᠭᠲᠠᠭ᠋ᠠᠭᠰᠠᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠪᠠᠷᠢᠮᠵᠢᠶ᠎ᠠ》 ᠵᠢᠨ ᠰᠢᠯᠭ᠋ᠠᠯᠲᠠ᠎ᠨᠢ ᠳᠣᠯᠣᠳᠤᠭ᠋ᠠᠷ᠂ ᠨᠠᠢ᠍ᠮᠠᠳᠤᠭ᠋ᠠᠷ᠂ ᠶᠢᠰᠦᠳᠦᠭᠡᠷ ᠣᠨ᠎ᠳᠤ ᠲᠣᠰ ᠲᠣᠰ 15 ᠬᠤᠪᠢ ᠵᠢ ᠡᠵᠡᠯᠡᠵᠦ᠂ ᠨᠡᠶ᠋ᠢᠲᠡ 45 ᠬᠤᠪᠢ᠃

   ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ

   ᠲᠤᠰᠬᠠᠢ ᠬᠦᠳᠡᠯᠭᠡᠭᠡᠨ᠎ᠤ ᠤᠷ᠎ᠠ ᠮᠡᠷᠭᠡᠰᠢᠯ᠎ᠤᠨ  ᠰᠢᠯᠭ᠋ᠠᠯᠲᠠ 20 ᠬᠤᠪᠢ

   ᠡᠯ᠎ᠡ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠶᠡᠷᠦᠩᠬᠡᠶ ᠬᠤᠪᠢ᠎ᠨᠢ 660 ᠬᠤᠪᠢ (ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ᠎ᠤᠨ ᠰᠢᠯᠭ᠋ᠠᠯᠲᠠ᠎ᠳᠤ ᠣᠷᠣᠯᠴᠠᠭᠰᠠᠳ᠎ᠤᠨ  ᠶᠡᠷᠦᠩᠬᠡᠶ ᠬᠤᠪᠢ᠎ᠨᠢ 740 ᠬᠤᠪᠢ) ᠪᠣᠯᠤᠨ᠎ᠠ᠃

   ᠰᠢᠯᠭ᠋ᠠᠬᠤ  ᠴᠠᠭ

   ᠭᠠᠵᠠᠷ ᠵᠦᠢ   ᠠᠮᠢᠳᠤ ᠪᠣᠳᠠᠰ᠎ᠤᠨ ᠤᠬᠠᠭ᠋ᠠᠨ (ᠲᠤᠷᠰᠢᠯᠲᠠ ᠵᠢ ᠪᠠᠭᠲᠠᠭ᠋ᠠᠨ᠎ᠠ᠂ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠮᠡᠳᠡᠯᠭᠡ ᠵᠢ ᠪᠠᠭᠲᠠᠭ᠋ᠠᠨ᠎ᠠ)

   ᠨᠠᠢ᠍ᠮᠠᠳᠤᠭ᠋ᠠᠷ  ᠣᠨ ᠲᠡᠭᠦᠰᠬᠦ᠎ᠠᠴᠠ  ᠡᠮᠦᠨ᠎ᠡ ᠰᠢᠯᠭ᠋ᠠᠵᠤ (ᠪᠠᠢ᠌ᠴᠠᠭ᠋ᠠᠵᠤ) ᠳᠠᠭᠤᠰᠬᠠᠨ᠎ᠠ

   ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠰᠣᠨᠣᠰᠤᠯ᠎ᠤᠨ ᠰᠢᠯᠭ᠋ᠠᠯᠲᠠ  ᠪᠠᠭᠲᠠᠨ᠎ᠠ)᠂ ᠹᠢᠽᠢᠺ᠂ ᠬᠢᠮᠢ᠂ ᠲᠡᠦᠬᠡ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ ᠵᠡᠷᠭᠡ ᠬᠢᠴᠢᠶᠡᠯ ᠲᠥᠷᠥᠯ᠎ᠤᠨ  ᠪᠢᠷ᠎ᠤᠨ ᠰᠢᠯᠭ᠋ᠠᠯᠲᠠ

   ᠶᠢᠰᠦᠳᠦᠭᠡᠷ ᠣᠨ᠎ᠤ ᠬᠣᠶᠠᠳᠤᠭ᠋ᠠᠷ ᠰᠤᠷᠤᠯᠭ᠎ᠠ ᠵᠢᠨ ᠬᠤᠭᠤᠴᠠᠭ᠎ᠠ᠎ᠳᠤ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠵᠣᠬᠢᠶᠠᠨ ᠪᠠᠶ᠋ᠢᠭᠤᠯᠤᠨ ᠶᠠᠪᠤᠭᠳᠠᠭᠤᠯᠵᠤ᠂ ᠴᠠᠭ᠎ᠨᠢ ᠵᠢᠯ ᠪᠦᠷᠢ ᠵᠢᠨ 6 ᠳ᠋ᠤᠭ᠋ᠠᠷ ᠰᠠᠷ᠎ᠠ ᠵᠢᠨ ᠰᠡᠭᠦᠯᠴᠢ ᠃

   ᠹᠢᠽᠢᠺ ᠬᠢᠮᠢ ᠵᠢᠨ ᠲᠤᠷᠰᠢᠯᠳᠠ ᠂ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ ᠲᠥᠷᠥᠯ᠎ᠤᠨ ᠲᠤᠰᠬᠠᠢ ᠬᠥᠳᠡᠯᠭᠡᠭᠡᠨ᠎ᠤ ᠤᠷ᠎ᠠ ᠮᠡᠷᠭᠡᠰᠢᠯ᠎ᠤᠨ  ᠰᠢᠯᠭ᠋ᠠᠯᠲᠠ ᠵᠢᠴᠢ ᠤᠷᠠᠯᠢᠭ᠂ ᠮᠡᠳᠡᠭᠡ ᠵᠠᠩᠭᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠯᠮᠦᠷᠢ᠂ ᠶᠡᠷᠦᠩᠬᠡᠢ᠌ᠯᠡᠭᠰᠡᠨ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠬᠢᠴᠢᠶᠡᠯ ᠲᠥᠷᠥᠯ᠎ᠤᠨ ᠰᠢᠯᠭ᠋ᠠᠯᠲᠠ (ᠪᠠᠢ᠌ᠴᠠᠭ᠋ᠠᠯᠲᠠ)

   ᠶᠢᠰᠦᠳᠦᠭᠡᠷ ᠣᠨ᠎ᠤ ᠬᠣᠶᠠᠳᠤᠭ᠋ᠠᠷ ᠰᠤᠷᠤᠯᠭ᠎ᠠ ᠵᠢᠨ ᠬᠤᠭᠤᠴᠠᠭ᠎ᠠ᠎ᠳᠤ ᠡᠯ᠎ᠡ ᠠᠶ᠋ᠢᠮᠠᠭ ᠬᠣᠲᠠ ᠵᠢᠨ᠎ᠬᠢᠨ ᠥᠪᠡᠰᠦᠪᠡᠨ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃

   ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ ᠲᠥᠷᠥᠯ᠎ᠤᠨ 《  ᠤᠯᠤᠰ᠎ᠤᠨ ᠲᠣᠭᠲᠠᠭ᠋ᠠᠭᠰᠠᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠪᠠᠷᠢᠮᠵᠢᠶ᠎ᠠ》 ᠵᠢᠨ ᠰᠢᠯᠭ᠋ᠠᠯᠲᠠ

   ᠳᠣᠯᠣᠳᠤᠭ᠋ᠠᠷ᠂ ᠨᠠᠢ᠍ᠮᠠᠳᠤᠭ᠋ᠠᠷ᠂ ᠶᠢᠰᠦᠳᠦᠭᠡᠷ ᠣᠨ᠎ᠳᠤ ᠲᠣᠰᠪᠤᠷᠢ ᠨᠢᠭᠡ ᠤᠳᠠᠭ᠎ᠠ  ᠵᠣᠬᠢᠶᠠᠨ ᠪᠠᠢ᠌ᠭᠤᠯᠵᠤ᠂ ᠪᠣᠳᠠᠲᠠᠢ ᠴᠠᠭ᠎ᠢ ᠠᠶ᠋ᠢᠮᠠᠭ ᠬᠤᠲᠠ ᠥᠪᠡᠰᠦᠪᠡᠨ ᠲᠣᠭᠲᠠᠭ᠋ᠠᠨ᠎ᠠ᠃

   ᠬᠢᠷᠢ ᠪᠦᠲᠦᠮᠵᠢ ᠵᠢᠨ ᠢᠯᠡᠷᠡᠯ

   ᠬᠤᠪᠢ ᠲᠡᠮᠳᠡᠭᠯᠡᠬᠦ ᠬᠢᠴᠢᠶᠡᠯ ᠲᠥᠷᠥᠯ

   ᠣᠯᠣᠭᠰᠠᠨ ᠬᠤᠪᠢ

   ᠳᠡᠰ ᠬᠤᠪᠢᠶᠠᠬᠤ

   ᠣᠯᠣᠭᠰᠠᠨ  ᠬᠤᠪᠢ+ ᠳᠡᠰ ᠬᠤᠪᠢᠶᠠᠬᠤ

  《ᠳᠡᠰ ᠬᠤᠪᠢᠶᠠᠬᠤ》 ᠵᠢ ᠬᠡᠷᠡᠭᠯᠡᠬᠦ᠎ᠪᠠᠷ ᠳᠠᠮᠵᠢᠨ ᠢᠯᠡᠷᠡᠭᠰᠡᠨ  ᠬᠢᠴᠢᠶᠡᠯ ᠲᠥᠷᠥᠯ᠎ᠤᠨ ᠬᠢᠷᠢ ᠪᠦᠲᠦᠮᠵᠢ ᠵᠢ ᠥᠪᠡᠷᠲᠡᠭᠡᠨ ᠵᠠᠰᠠᠬᠤ ᠣᠷᠣᠨ᠎ᠤ ᠬᠠᠩᠭ᠋ᠠᠭᠰᠠᠨ ᠠᠩᠬᠠᠨ᠎ᠤ ᠬᠤᠪᠢ ᠵᠢ ᠦᠨᠳᠦᠰᠦᠯᠡᠨ ᠬᠤᠪᠢᠶᠠᠷᠢᠯᠠᠨ ᠲᠣᠭᠲᠠᠭ᠋ᠠᠵᠤ ᠪᠣᠯᠣᠨ᠎ᠠ᠂ ᠪᠠᠰᠠ ᠰᠢᠯᠭ᠋ᠠᠭᠤᠯᠤᠭᠴᠢ ᠵᠢᠨ ᠲᠣᠭ᠋ᠠᠨ᠎ᠤ ᠬᠠᠷᠢᠴᠠᠯ᠎ᠢ ᠦᠨᠳᠦᠰᠦᠯᠡᠨ  ᠲᠣᠭᠲᠠᠭ᠋ᠠᠵᠤ ᠪᠣᠯᠣᠨ᠎ᠠ᠃

   ᠶᠡᠷᠦᠩᠬᠡᠢ᠌ᠯᠡᠨ ᠪᠠᠢ᠌ᠴᠠᠭ᠋ᠠᠬᠤ  ᠬᠢᠴᠢᠶᠡᠯ ᠲᠥᠷᠥᠯ

  A ᠰᠢᠯᠢᠳᠡᠭ

  B ᠰᠠᠢ᠌ᠨ

  C ᠬᠢᠷᠢ ᠲᠡᠩᠴᠡᠭᠰᠡᠨ

  D ᠬᠢᠷᠢ ᠲᠡᠩᠴᠡᠭᠰᠡᠨ ᠦᠭᠡᠢ

   ᠡᠯ᠎ᠡ ᠳᠡᠰ᠎ᠲᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠣᠷᠣᠭᠴᠢ ᠡᠯᠰᠡᠬᠦ ᠱᠠᠭ᠋ᠠᠷᠳᠠᠯᠭ᠎ᠠ ᠵᠢ ᠦᠨᠳᠦᠰᠦᠯᠡᠨ ᠵᠣᠬᠢᠬᠤ ᠬᠤᠪᠢ  ᠣᠯᠭᠤᠵᠤ᠂ ᠬᠠᠮᠤᠭ᠎ᠤᠨ ᠥᠨᠳᠥᠷ᠎ᠲᠤ᠎ᠪᠠᠨ 20 ᠬᠤᠪᠢ ᠣᠯᠭᠤᠵᠤ ᠪᠣᠯᠤᠨ᠎ᠠ᠃

   ᠬᠢᠷᠢ ᠪᠦᠲᠦᠮᠵᠢ ᠵᠢᠨ ᠬᠡᠷᠡᠭᠯᠡᠯᠲᠡ

  2025 ᠣᠨ

   ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠣᠯᠤᠭᠰᠠᠨ ᠠᠯᠢᠪᠠ ᠰᠤᠷᠤᠯᠭ᠎ᠠ ᠵᠢᠨ ᠬᠢᠷᠢ ᠲᠦᠪᠰᠢᠨ᠎ᠤ  ᠰᠢᠯᠭ᠋ᠠᠯᠲᠠ (ᠪᠠᠢ᠌ᠴᠠᠭ᠋ᠠᠯᠲᠠ ) ᠵᠢᠨ ᠬᠢᠷᠢ ᠪᠦᠲᠦᠮᠵᠢ ᠵᠢ ᠰᠤᠷᠤᠭᠴᠢ ᠵᠢᠨ ᠰᠤᠷᠭ᠋ᠠᠭᠤᠯᠢ ᠵᠢᠨ ᠬᠠᠷᠢᠶᠠᠯᠠᠯ᠎ᠤᠨ ᠳᠠᠩᠰᠠ ᠪᠠ ᠶᠡᠷᠦᠩᠬᠡᠢ᠌ᠯᠡᠭᠰᠡᠨ  ᠬᠡᠪ ᠴᠢᠨᠠᠷ᠎ᠤᠨ ᠦᠨᠡᠯᠡᠯᠲᠡ ᠵᠢᠨ ᠳᠠᠩᠰᠠᠨ᠎ᠳᠤ ᠲᠡᠮᠳᠡᠭᠯᠡᠨ᠎ᠡ ᠃

   ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ  ᠰᠤᠷᠭ᠋ᠠᠭᠤᠯᠢ᠎ᠨᠤᠭᠤᠳ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ  ᠰᠢᠯᠭ᠋ᠠᠯᠲᠠ ᠵᠢᠨ ᠬᠢᠷᠢ ᠪᠦᠲᠦᠮᠵᠢ ᠪᠣᠯᠤᠨ ᠶᠡᠷᠦᠩᠬᠡᠢ᠌ᠯᠡᠭᠰᠡᠨ  ᠬᠡᠪ ᠴᠢᠨᠠᠷ᠎ᠤᠨ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ ᠰᠢᠨ᠎ᠡ ᠰᠤᠷᠤᠭᠴᠢ ᠡᠯᠰᠡᠵᠦ᠂ ᠵᠠᠷᠴᠢᠮ ᠳᠡᠭᠡᠷ᠎ᠡ᠎ᠪᠠᠨ  ᠪᠠᠶ᠋ᠢᠴᠠᠭ᠋ᠠᠬᠤ ᠬᠢᠴᠢᠶᠡᠯ ᠲᠥᠷᠥᠯ ᠪᠠ ᠶᠡᠷᠦᠩᠬᠡᠢ᠌ᠯᠡᠭᠰᠡᠨ  ᠬᠡᠪ ᠴᠢᠨᠠᠷ᠎ᠤᠨ ᠦᠨᠡᠯᠡᠯᠲᠡ᠎ᠨᠢ ᠪᠦᠬᠦᠨ ᠵᠶ᠋ᠡᠷ ᠵᠶ᠋ᠡᠨ C ᠵᠡᠷᠭᠡ᠎ᠠᠴᠠ ᠳᠡᠭᠡᠭᠰᠢ᠎ᠳᠤ ᠬᠥᠷᠥᠭᠰᠡᠨ ᠪᠠᠢ᠌ᠪᠠᠯ  ᠰᠠᠶᠢ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠯᠰᠡᠬᠦ ᠬᠢᠷᠢ ᠭᠡᠮ᠎ᠢ ᠪᠦᠷᠢᠳᠦᠭᠦᠯᠵᠦ ᠪᠣᠯᠤᠨ᠎ᠠ᠃

   ᠡᠭᠦᠷᠭᠡ ᠬᠣᠶᠠᠷ

   ᠰᠤᠷᠤᠭᠴᠢᠳ᠎ᠤᠨ ᠶᠡᠷᠦᠩᠬᠡᠢ᠌ᠯᠡᠭᠰᠡᠨ  ᠬᠡᠪ ᠴᠢᠨᠠᠷ᠎ᠤᠨ ᠦᠨᠡᠯᠡᠯᠲᠡ ᠵᠢ ᠲᠡᠭᠦᠯᠳᠡᠷᠵᠢᠭᠦᠯᠦᠨ᠎ᠡ

   ᠦᠨᠡᠯᠡᠯᠲᠡ ᠵᠢᠨ ᠠᠭᠤᠯᠭ᠎ᠠ

   ᠦᠵᠡᠯ ᠰᠬᠠᠭ᠎ᠠ ᠶᠣᠰᠣ  ᠮᠤᠷᠡᠯ

   ᠰᠤᠷᠤᠯᠭ᠎ᠠ ᠵᠢᠨ ᠬᠦᠭᠵᠢᠯᠲᠡ

   ᠰᠤᠷᠤᠯᠭ᠎ᠠ ᠵᠢᠨ ᠨᠠᠮᠲᠠᠷ᠎ᠤᠨ ᠳᠠᠩᠰᠠ ᠡᠪᠬᠡᠮᠡᠯ

   ᠪᠡᠶ᠎ᠡ ᠰᠡᠳᠬᠢᠴᠡ ᠵᠢᠨ  ᠡᠷᠡᠭᠦᠯ

   ᠤᠷᠠᠯᠢᠭ᠎ᠤᠨ  ᠪᠣᠯᠪᠠᠰᠤᠷᠠᠯ

   ᠬᠦᠳᠡᠯᠮᠦᠷᠢ ᠪᠠ ᠨᠡᠶ᠋ᠢᠭᠡᠮ᠎ᠤᠨ ᠦᠢ᠍ᠯᠡᠳᠦᠯᠭᠡ

   ᠶᠡᠷᠦᠩᠬᠡᠢ᠌ᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠳᠠᠩᠰᠠ ᠡᠪᠬᠡᠮᠡᠯ

   ᠦᠷ᠎ᠡ ᠳ᠋ᠦᠩ᠎ᠤᠨ ᠢᠯᠡᠷᠡᠯ ᠪᠠ ᠬᠡᠷᠡᠭᠯᠡᠯᠲᠡ

   ᠦᠨᠡᠯᠡᠭᠡ + ᠳᠡᠰ ᠬᠤᠪᠢᠶᠠᠬᠤ ᠪᠤᠶᠤ ᠳᠡᠰ

  A ᠰᠢᠯᠢᠳᠡᠭ

  B ᠰᠠᠢ᠌ᠨ

  C ᠬᠢᠷᠢ ᠲᠡᠩᠴᠡᠭᠰᠡᠨ

  D ᠬᠢᠷᠢ ᠲᠡᠩᠴᠡᠭᠰᠡᠨ ᠦᠭᠡᠢ

  2025 ᠣᠨ᠎ᠠᠴᠠ ᠡᠬᠢᠯᠡᠨ᠂ ᠰᠤᠷᠤᠭᠴᠢᠳ᠎ᠤᠨ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠨᠡᠷ᠎ᠡ ᠮᠡᠳᠡᠭᠦᠯᠬᠦ᠎ᠳᠤ ᠶᠡᠷᠦᠩᠬᠡᠢ᠌ᠯᠡᠭᠰᠡᠨ  ᠬᠡᠪ ᠴᠢᠨᠠᠷ᠎ᠤᠨ ᠦᠨᠡᠯᠡᠯᠲᠡ᠎ᠨᠢ ᠵᠠᠷᠴᠢᠮ ᠳᠡᠭᠡᠷ᠎ᠡ᠎ᠪᠠᠨ 《C》 ᠳᠡᠰ ᠵᠢᠴᠢ ᠲᠡᠭᠦᠨ᠎ᠠᠴᠠ  ᠳᠡᠭᠡᠭᠰᠢ ᠪᠠᠢ᠌ᠵᠤ ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ  ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠨᠡᠷ᠎ᠡ ᠮᠡᠳᠡᠭᠦᠯᠬᠦ᠎ᠳᠤ ᠵᠠᠷᠴᠢᠮ ᠳᠡᠭᠡᠷ᠎ᠡ᠎ᠪᠠᠨ 《B》 ᠳᠡᠰ ᠵᠢᠴᠢ ᠲᠡᠭᠦᠨ᠎ᠠᠴᠠ  ᠳᠡᠭᠡᠭᠰᠢ ᠪᠠᠶ᠋ᠢᠬᠤ ᠬᠡᠷᠡᠭᠲᠡᠶ᠃

   ᠡᠭᠦᠷᠭᠡ ᠭᠤᠷᠪᠠ

   ᠰᠤᠷᠤᠭᠴᠢ ᠡᠯᠰᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ

   ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ

   ᠨᠢᠭᠡᠲᠦᠯᠲᠡᠢ ᠡᠯᠰᠡᠬᠦ

   ᠠᠩᠭᠢᠯᠠᠨ ᠡᠯᠰᠡᠬᠦ

   ᠪᠡᠶ᠎ᠡ᠎ᠪᠠᠨ ᠳᠠᠭ᠋ᠠᠭ᠋ᠠᠵᠤ ᠰᠤᠷᠤᠭᠴᠢ ᠡᠯᠰᠡᠬᠦ

   ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ  ᠰᠤᠷᠭ᠋ᠠᠭᠤᠯᠢ ᠪᠠᠭᠲᠠᠨ᠎ᠠ )

   ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ᠎ᠢ ᠡᠯᠰᠡᠵᠦ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ᠎ᠯᠦᠭᠡ ᠵᠡᠷᠭᠡ᠎ᠳᠤ᠎ᠨᠢ ᠶᠠᠪᠤᠭᠳᠠᠭᠤᠯᠤᠨ᠎ᠠ᠃

   ᠠᠩᠬ᠎ᠠ ᠵᠡᠷᠭᠡ ᠵᠢᠨ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠨ᠎ᠤ ᠳᠠᠷᠠᠭ᠎ᠠ ᠰᠤᠷᠭ᠋ᠠᠭᠤᠯᠢ ᠳᠠᠪᠰᠢᠭᠰᠠᠨ ᠦᠭᠡᠶ ᠰᠣᠷᠣᠭᠴᠢᠳ ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠳ ᠂ ᠲᠠᠮᠢᠷᠴᠢᠨ᠎ᠤ  ᠠᠯᠪᠠᠨ᠎ᠠᠴᠠ ᠬᠠᠯᠠᠭᠳᠠᠭᠰᠠᠳ  ᠵᠡᠷᠭᠡ ᠬᠥᠮᠦᠰ᠎ᠢ ᠡᠯᠰᠡᠵᠦ ᠰᠢᠯᠭ᠋ᠠᠬᠤ  ᠦᠭᠡᠶ᠎ᠪᠠᠷ ᠳᠠᠩᠰᠠᠯᠠᠵᠤ ᠰᠤᠷᠭ᠋ᠠᠭᠤᠯᠢ᠎ᠳᠤ ᠣᠷᠣᠭᠤᠯᠬᠤ ᠵᠡᠷᠭᠡ ᠠᠷᠭ᠎ᠠ ᠮᠠᠶᠢᠭ᠎ᠢ ᠬᠡᠷᠡᠭᠯᠡᠨ᠎ᠡ᠃

   ᠡᠭᠦᠷᠭᠡ ᠳᠥᠷᠪᠡ

   ᠰᠤᠷᠤᠭᠴᠢ ᠡᠯᠰᠡᠬᠦ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠳᠦᠷᠢᠮᠵᠢᠭᠦᠯᠦᠨ᠎ᠡ

   ᠰᠤᠷᠤᠭᠴᠢ ᠡᠯᠰᠡᠬᠦ ᠲᠦᠯᠦᠪᠯᠡᠭᠡ ᠵᠢ ᠵᠦᠢ ᠵᠣᠬᠢᠰᠲᠠᠢ ᠨᠠᠶ᠋ᠢᠷᠠᠭᠤᠯᠤᠨ ᠵᠣᠬᠢᠶᠠᠨ᠎ᠠ

   ᠰᠤᠷᠤᠭᠴᠢ ᠡᠯᠰᠡᠬᠦ ᠲᠣᠬᠢᠶᠠᠯ ᠡᠷᠬᠡ ᠲᠡᠭᠰᠢ ᠪᠠᠶ᠋ᠢᠬᠤ ᠵᠢ ᠪᠠᠲᠤᠯᠠᠨ᠎ᠠ

   ᠡᠯᠰᠡᠬᠦ ᠪᠦᠯᠦᠭ ᠤᠳᠠᠭ᠎ᠠ ᠵᠢ ᠳᠦᠷᠢᠮᠵᠢᠭᠦᠯᠦᠨ᠎ᠡ

   ᠬᠤᠪᠢ ᠨᠡᠮᠡᠬᠦ  ᠲᠥᠷᠥᠯ ᠵᠦᠢ᠍ᠯ᠎ᠤᠨ  ᠬᠠᠮᠢᠶᠠᠷᠤᠯᠲᠠ ᠵᠢ ᠴᠢᠩᠳᠠᠯᠠᠨ᠎ᠠ

   ᠰᠤᠷᠤᠯᠭ᠎ᠠ ᠵᠢᠨ ᠬᠢᠷᠢ ᠪᠦᠲᠦᠮᠵᠢ ᠵᠢᠨ ᠬᠠᠮᠢᠶᠠᠷᠤᠯᠲᠠ ᠵᠢ ᠵᠢᠷᠤᠮᠵᠢᠭᠤᠯᠤᠨ᠎ᠠ

   ᠪᠠᠳᠤᠯᠠᠭ᠎ᠠ ᠵᠢᠨ ᠠᠷᠭ᠎ᠠ ᠬᠡᠮᠵᠢᠶ᠎ᠠ

   ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ

   ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ

   ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ

   ᠰᠤᠷᠤᠭᠴᠢ ᠡᠯᠰᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ

   ᠬᠢᠨᠠᠯᠲᠠ ᠲᠠᠯᠪᠢᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ

   ᠤᠬᠠᠭᠤᠯᠵᠤ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠶ᠋ᠢᠯᠪᠤᠷᠢ᠄ 《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠬᠤᠶᠠᠳᠤᠭ᠋ᠠᠷ ᠪᠦᠯᠦᠭ)
ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠵᠢᠨ ᠠᠰᠠᠭᠤᠯᠲᠠ ᠬᠠᠷᠢᠭᠤᠯᠲᠠ ᠵᠢᠨ ᠭᠠᠷ ᠳᠡᠪᠲᠡᠷ (ᠭᠤᠷᠪᠠᠳᠤᠭ᠋ᠠᠷ ᠪᠦᠯᠦᠭ)
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠦᠢ᠍ᠯᠭᠡᠭᠡᠨ᠎ᠤ ᠬᠥᠭᠵᠢᠯᠲᠡ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠭᠡᠷ᠎ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠢ ᠮᠡᠳᠡᠭᠳᠡᠯ》
 
            