ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ 《ᠤᠯᠤᠰ᠎ᠤᠨ ᠳᠣᠲᠣᠭ᠋ᠠᠳᠤ ᠵᠢᠨ ᠠᠷᠠᠯᠵᠢᠶᠠᠨ᠎ᠤ ᠢᠲᠡᠭᠡᠮᠵᠢ ᠵᠢᠨ ᠳᠠᠭ᠋ᠠᠳᠬᠠᠯ᠎ᠤᠨ ᠦᠢ᠍ᠯᠡᠳᠦᠯ᠎ᠢ ᠪᠠᠳᠠᠷᠠᠭᠤᠯᠵᠤ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠬᠦ ᠰᠠᠨᠠᠯ》᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-12-20

   ᠣᠶ᠋ᠢᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠦᠨ   ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠡᠷᠭᠡ ᠰᠠᠯᠠᠭ᠎ᠠ ᠮᠥᠴᠢᠷ ᠬᠠᠮᠲᠤᠷᠠᠨ 《ᠤᠯᠤᠰ᠎ᠤᠨ ᠳᠣᠲᠣᠭ᠋ᠠᠳᠤ ᠵᠢᠨ ᠠᠷᠠᠯᠵᠢᠶᠠᠨ᠎ᠤ ᠢᠲᠡᠭᠡᠮᠵᠢ ᠵᠢᠨ ᠳᠠᠭ᠋ᠠᠳᠬᠠᠯ᠎ᠤᠨ ᠦᠢ᠍ᠯᠡᠳᠦᠯ᠎ᠢ ᠪᠠᠳᠠᠷᠠᠭᠤᠯᠵᠤ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠤᠭᠴᠠᠵᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠬᠦ ᠲᠤᠬᠠᠶ ᠰᠠᠨᠠᠯ》 (ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦ [2024] 1731 ᠳ᠋ᠤᠭ᠋ᠠᠷ ᠲᠣᠭ᠋ᠠᠲᠤ᠂ ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠡᠨᠡ ᠲᠤᠬᠠᠶ ᠰᠤᠷᠪᠤᠯᠵᠢᠯᠠᠭᠴᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ᠎ᠢ ᠰᠤᠷᠪᠤᠯᠵᠢᠯᠠᠪᠠ᠃

   ᠠᠰᠠᠭᠤᠯᠲᠠ᠄ 《ᠰᠠᠨᠠᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ ᠪᠠ ᠪᠦᠬᠦᠯᠢ ᠴᠣᠭᠴᠠ ᠵᠢᠨ ᠪᠣᠳᠣᠯᠬᠢᠯᠠᠯ᠎ᠨᠢ ᠶᠠᠭᠤ ᠪᠣᠢ?

   ᠬᠠᠷᠢᠭᠤᠯᠲᠠ᠄ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠬᠤ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ᠂ ᠠᠷᠠᠯᠵᠢᠶᠠᠨ᠎ᠤ ᠲᠦᠷᠦ ᠵᠢᠨ ᠪᠤᠳᠤᠯᠭ᠎ᠠ ᠪᠠ ᠡᠳ᠋᠎ᠤᠨ ᠵᠠᠰᠠᠭ ᠭᠠᠶ᠋ᠢᠯᠢ᠂ ᠮᠥᠩᠭᠦᠨ ᠭᠦᠢ᠍ᠯᠭᠡᠭᠡ᠂ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠠᠷᠠᠯᠵᠢᠶᠠᠨ᠎ᠤ ᠬᠦᠴᠦᠷᠬᠡᠭ ᠤᠯᠤᠰ᠎ᠤᠨ ᠲᠦᠷᠢᠮ᠎ᠤᠨ ᠲᠤᠯᠭ᠋ᠠᠭᠤᠷᠢᠯᠠᠯ ᠪᠠ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢᠨ ᠰᠢᠰᠲ᠋ᠧᠮ᠎ᠢ ᠪᠠᠶ᠋ᠢᠭᠤᠯᠵᠤ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ ᠵᠢ ᠲᠦᠷᠭᠡᠳᠬᠡᠨ᠎ᠡ᠃ ᠤᠯᠤᠰ᠎ᠤᠨ ᠳᠣᠲᠣᠭ᠋ᠠᠳᠤ ᠵᠢᠨ ᠠᠷᠠᠯᠵᠢᠶᠠᠨ᠎ᠤ ᠢᠲᠡᠭᠡᠮᠵᠢ ᠵᠢᠨ ᠳᠠᠭ᠋ᠠᠳᠬᠠᠯ (ᠳᠣᠷᠣᠭᠰᠢ 《ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ》 ᠭᠡᠵᠦ ᠲᠣᠪᠴᠢᠯᠠᠨ᠎ᠠ)᠎ᠨᠢ ᠠᠵᠤ ᠠᠬᠤᠶ᠋ᠢᠯᠠᠯ᠎ᠤᠨ ᠠᠷᠠᠯᠵᠢᠶᠠᠨ᠎ᠤ ᠲᠦᠭᠰᠢᠭᠦᠷᠢ ᠵᠢ ᠵᠠᠳᠠᠷᠠᠭᠤᠯᠵᠤ ᠴᠢᠳᠠᠬᠤ᠂ ᠵᠠᠬ᠎ᠠ ᠳᠡᠯᠭᠡᠭᠦᠷ᠎ᠤᠨ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ ᠴᠢᠳᠠᠬᠤ᠂ ᠲᠠᠸᠠᠷ᠎ᠤᠨ ᠦᠢ᠍ᠯᠡᠴᠢᠯᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠠᠬᠢᠭᠤᠯᠬᠤ᠂ ᠠᠷᠠᠯᠵᠢᠶᠠᠨ᠎ᠤ ᠣᠷᠴᠢᠨ ᠲᠣᠭᠤᠷᠢᠨ᠎ᠢ ᠰᠢᠯᠢᠳᠡᠭᠵᠢᠭᠦᠯᠬᠦ᠎ᠳᠤ ᠠᠰᠢᠭᠲᠠᠢ ᠪᠠᠶ᠋ᠢᠵᠤ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠳᠣᠲᠣᠭ᠋ᠠᠳᠤ ᠠᠷᠠᠯᠵᠢᠶ᠎ᠠ ᠵᠢ ᠥᠷᠭᠡᠳᠬᠡᠬᠦ ᠪᠦᠲᠦᠮᠵᠢᠲᠡᠢ ᠠᠷᠭ᠎ᠠ ᠪᠠᠷᠢᠯ ᠪᠠᠶ᠋ᠢᠵᠤ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠬᠤ᠎ᠳᠤ ᠴᠢᠬᠤᠯᠠ ᠲᠤᠯᠭ᠋ᠠᠭᠤᠷᠢᠯᠠᠬᠤ ᠦᠢ᠍ᠯᠡᠳᠦᠯ᠎ᠲᠠᠢ ᠶᠤᠮ᠃ ᠣᠳᠣᠬᠠᠨ᠎ᠳᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠠᠮᠤᠷᠬᠤ ᠬᠡᠪᠴᠢᠶ᠎ᠡ᠎ᠨᠢ ᠪᠠᠭ᠎ᠠ᠂ ᠪᠠᠲᠤᠯᠠᠭ᠎ᠠ ᠵᠢᠨ ᠴᠢᠳᠠᠪᠤᠷᠢ᠎ᠨᠢ ᠪᠠᠭᠤᠷᠠᠶ᠎ᠠᠴᠠ ᠪᠣᠯᠵᠤ᠂ ᠵᠠᠷᠢᠮ ᠠᠷᠠᠯᠵᠢᠶᠠᠨ᠎ᠤ ᠠᠵᠤ ᠠᠬᠤᠶ᠋ᠢᠯᠠᠯ᠎ᠤᠳ ᠳᠠᠭ᠋ᠠᠳᠬᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠬᠠᠩᠭ᠋ᠠᠵᠤ ᠳᠡᠶ᠋ᠢᠯᠬᠦ ᠦᠭᠡᠶ ᠪᠠᠶ᠋ᠢᠬᠤ᠎ᠪᠠᠨ ᠢᠯᠡᠳᠬᠡᠵᠦ ᠪᠠᠶ᠋ᠢᠨ᠎ᠠ᠃ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢᠨ ᠬᠢᠷᠢ ᠬᠡᠮᠵᠢᠶ᠎ᠡ ᠪᠣᠯᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠠᠭ᠋ᠠᠳᠬᠠᠯ ᠬᠠᠷᠢᠭᠤᠴᠠᠬᠤ ᠪᠠ ᠠᠷᠠᠯᠵᠢᠶᠠᠨ᠎ᠤ ᠠᠵᠤ ᠠᠬᠤᠶ᠋ᠢᠯᠠᠯ᠎ᠤᠨ ᠳᠠᠭ᠋ᠠᠳᠬᠠᠯ᠎ᠳᠤ ᠣᠷᠣᠬᠤ ᠵᠢ ᠵᠣᠷᠢᠭᠵᠢᠭᠤᠯᠬᠤ ᠲᠥᠷᠥ ᠵᠢᠨ ᠪᠣᠳᠣᠯᠭ᠎ᠠ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠰᠠᠨᠠᠯ》᠎ᠢ ᠳᠠᠷᠤᠮᠠᠯᠯᠠᠨ ᠲᠠᠷᠬᠠᠭ᠋ᠠᠪᠠ᠃

   ᠠᠰᠠᠭᠤᠯᠲᠠ᠄ 《ᠰᠠᠨᠠᠯ》᠎ᠳᠤ ᠶᠠᠮᠠᠷ ᠶᠠᠮᠠᠷ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠤᠭᠰᠠᠨ ᠪᠣᠶ?

   ᠬᠠᠷᠢᠭᠤᠯᠲᠠ᠄ 《ᠰᠠᠨᠠᠯ》᠎ᠳᠤ ᠵᠠᠰᠠᠭ᠎ᠤᠨ ᠣᠷᠳᠣᠨ᠎ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠬᠤ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠪᠠᠷᠢᠮᠲᠠᠯᠠᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠠᠭ᠋ᠠᠳᠬᠠᠯ ᠬᠠᠷᠢᠭᠤᠴᠠᠬᠤ ᠴᠢᠳᠠᠪᠤᠷᠢ ᠬᠦᠷᠦᠯᠴᠡᠬᠦ ᠦᠭᠡᠢ᠂ ᠠᠵᠤ ᠠᠬᠤᠶ᠋ᠢᠯᠠᠯ᠎ᠤᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ ᠣᠶ᠋ᠢᠯᠠᠭ᠋ᠠᠯᠲᠠ ᠴᠥᠭᠡᠨ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠠᠩᠭ᠋ᠠᠯᠭ᠎ᠠ ᠵᠢᠨ ᠲᠠᠯ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠢᠵᠢ ᠪᠦᠷᠢᠳᠦᠭᠦᠯᠬᠦ ᠳᠦᠷᠢᠮ᠎ᠢ ᠲᠡᠭᠦᠯᠳᠡᠷᠵᠢᠭᠦᠯᠬᠦ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠴᠢᠩᠭ᠋ᠠᠳᠬᠠᠬᠤ ᠪᠠ ᠦᠷ᠎ᠡ ᠪᠦᠲᠦᠮᠵᠢ ᠵᠢ ᠮᠥᠷᠳᠡᠨ ᠠᠰᠠᠭᠤᠬᠤ ᠵᠡᠷᠭᠡ ᠳᠥᠷᠪᠡᠨ ᠲᠠᠯ᠎ᠠ ᠵᠢᠨ ᠲᠥᠷᠥ ᠵᠢᠨ ᠪᠣᠳᠣᠯᠭ᠎ᠠ ᠵᠢ ᠳᠤᠷᠠᠳᠤᠨ ᠭᠠᠷᠭ᠋ᠠᠪᠠ᠂ ᠪᠣᠳᠠᠲᠠᠶ ᠠᠷᠭ᠎ᠠ ᠬᠡᠮᠵᠢᠶ᠎ᠡ᠎ᠳᠤ ᠭᠤᠣᠯᠳᠠᠭᠤ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠳᠠᠭ᠋ᠠᠳᠬᠠᠯ ᠬᠠᠷᠢᠭᠤᠴᠠᠬᠤ ᠴᠢᠳᠠᠪᠤᠷᠢ ᠵᠢ ᠳᠡᠭᠡᠭᠰᠢᠯᠡᠭᠦᠯᠬᠦ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠨᠡᠷᠡᠳᠬᠦᠨ ᠪᠠ ᠲᠦᠷᠢᠮ᠎ᠤᠨ ᠬᠠᠩᠭ᠋ᠠᠯᠭ᠎ᠠ ᠵᠢ ᠪᠠᠶᠠᠯᠢᠭᠵᠢᠭᠤᠯᠬᠤ᠂ ᠠᠵᠤ ᠠᠬᠤᠶ᠋ᠢᠯᠠᠯ᠎ᠤᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠢ ᠳᠡᠯᠭᠡᠷᠡᠭᠦᠯᠬᠦ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠥᠭᠵᠢᠯᠲᠡ᠎ᠳᠤ ᠦᠵᠡᠭᠦᠯᠬᠦ ᠨᠡᠶ᠋ᠢᠭᠡᠮ᠎ᠤᠨ ᠢᠲᠡᠭᠡᠮᠵᠢ ᠵᠢᠨ ᠰᠠᠭᠤᠷᠢ ᠵᠢ ᠪᠠᠬᠢᠵᠢᠭᠦᠯᠬᠦ᠂ ᠢᠲᠡᠭᠡᠮᠵᠢ ᠵᠢᠨ ᠰᠢᠰᠲ᠋ᠧᠮ᠎ᠤᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠳᠡᠮᠵᠢᠯᠭᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠬᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠠᠯ᠎ᠠ᠎ᠪᠠᠷ᠎ᠬᠢ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠢᠵᠢ ᠪᠦᠷᠢᠳᠦᠭᠦᠯᠦᠨ ᠤᠷᠲᠤᠳᠬᠠᠬᠤ ᠵᠢ ᠵᠣᠷᠢᠭᠵᠢᠭᠤᠯᠬᠤ᠂ ᠬᠤᠳᠠᠯ ᠬᠠᠭᠤᠷᠮᠠᠭ ᠭᠡᠷ᠎ᠡ ᠪᠠ ᠳᠠᠭ᠋ᠠᠳᠬᠠᠯ ᠮᠡᠬᠡᠯᠡᠬᠦ ᠵᠡᠷᠭᠡ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦ ᠵᠡᠷᠭᠡ ᠪᠠᠭᠲᠠᠨ᠎ᠠ᠃

   ᠠᠰᠠᠭᠤᠯᠲᠠ᠄ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠵᠶ᠋ᠠᠨ ᠢᠳᠡᠪᠬᠢᠲᠡᠶ ᠥᠷᠭᠡᠳᠬᠡᠬᠦ ᠵᠢ ᠬᠡᠷᠬᠢᠨ ᠠᠬᠢᠭᠤᠯᠬᠤ ᠪᠣᠶ?

   ᠬᠠᠷᠢᠭᠤᠯᠲᠠ᠄ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠨᠥᠬᠦᠴᠡᠯ᠎ᠲᠠᠢ᠂ ᠴᠢᠳᠠᠪᠤᠷᠢ᠎ᠲᠠᠢ ᠡᠯ᠎ᠡ ᠲᠥᠷᠥᠯ᠎ᠤᠨ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠢᠳᠡᠪᠬᠢᠲᠡᠢ ᠥᠷᠨᠢᠭᠦᠯᠬᠦ ᠵᠢ ᠢᠳᠡᠪᠬᠢᠲᠡᠢ ᠳᠡᠮᠵᠢᠨ᠎ᠡ᠃ ᠨᠢᠭᠡ᠎ᠳᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠬᠦ ᠵᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠨ᠎ᠠ᠃ ᠳᠠᠭ᠋ᠠᠳᠬᠠᠯ᠎ᠤᠨ ᠪᠠᠶ᠋ᠢᠭᠤᠯᠤᠮᠵᠢ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠬᠥᠭᠵᠢᠭᠦᠯᠬᠦ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠣᠯᠠᠨ ᠶᠠᠩᠵᠤᠴᠢᠯᠠᠭᠰᠠᠨ᠂ ᠰᠢᠨ᠎ᠡ ᠵᠢ ᠡᠭᠦᠳᠬᠦ ᠬᠡᠯᠪᠡᠷᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠦᠢ᠍ᠯᠡᠳᠬᠦᠨ ᠬᠠᠩᠭ᠋ᠠᠬᠤ ᠵᠢ ᠵᠣᠷᠢᠭᠵᠢᠭᠤᠯᠵᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠬᠢᠨᠠᠨ ᠬᠠᠮᠢᠶᠠᠷᠴᠤ ᠦᠨᠡᠯᠡᠬᠦ ᠭᠦᠢ᠍ᠴᠡᠳᠬᠡᠯ ᠲᠤᠭ᠎ᠠ᠎ᠳᠤ ᠣᠷᠣᠭᠤᠯᠵᠤ᠂ ᠪᠥᠬᠦ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠵᠦ᠂ ᠦᠢ᠍ᠯᠡᠴᠢᠯᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠤᠶᠠᠷ᠎ᠲᠤ᠂ ᠭᠤᠣᠯᠳᠠᠯᠭ᠎ᠠ ᠵᠢ ᠳᠤᠪᠤᠶ᠋ᠢᠯᠭ᠋ᠠᠵᠤ᠂ ᠡᠵᠡᠩᠨᠡᠯᠲᠡ ᠵᠢᠨ ᠭᠤᠣᠯ ᠴᠣᠭᠴᠠ ᠵᠢᠨ ᠳᠠᠭ᠋ᠠᠳᠬᠠᠯ᠎ᠳᠤ ᠣᠷᠣᠬᠤ ᠬᠡᠷᠡᠭᠴᠡᠭᠡ ᠵᠢ ᠬᠦᠴᠦᠯᠡᠨ ᠪᠠᠲᠤᠯᠠᠪᠠ᠃ ᠡᠯ᠎ᠡ ᠲᠥᠷᠥᠯ᠎ᠤᠨ ᠳᠠᠭ᠋ᠠᠳᠬᠠᠯ᠎ᠤᠨ ᠺᠣᠮᠫᠠᠨᠢ ᠵᠢᠨ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠤᠨ᠂ ᠭᠣᠤᠯᠳᠠᠯᠭ᠎ᠠ᠎ᠲᠠᠢ ᠠᠵᠢᠯ ᠲᠥᠷᠥᠯ᠂ ᠭᠣᠤᠯᠳᠠᠯᠭ᠎ᠠ᠎ᠲᠠᠢ ᠣᠷᠣᠨ ᠪᠦᠰᠡ᠂ ᠭᠣᠤᠯᠳᠠᠯᠭ᠎ᠠ᠎ᠲᠠᠢ ᠬᠦᠷᠢᠶᠡᠨ᠎ᠤ ᠠᠵᠤ ᠠᠬᠤᠶ᠋ᠢᠯᠠᠯ᠎ᠤᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠡᠷᠴᠢᠮ᠎ᠢ ᠨᠡᠮᠡᠭᠳᠡᠭᠦᠯᠵᠦ᠂ ᠳᠠᠭ᠋ᠠᠳᠬᠠᠭᠳᠠᠭᠤᠯᠤᠭᠴᠢ ᠵᠢᠨ ᠠᠷᠠᠳ᠎ᠠᠴᠠ ᠡᠵᠡᠩᠨᠡᠭᠰᠡᠨ ᠪᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠳᠠᠭ᠋ᠠᠳᠬᠠᠯ ᠬᠠᠷᠢᠭᠤᠴᠠᠬᠤ ᠡᠷᠴᠢᠮ᠎ᠢ ᠳᠡᠭᠡᠭᠰᠢᠯᠡᠭᠦᠯᠦᠨ᠎ᠡ᠃ ᠭᠤᠷᠪᠠ᠎ᠳᠤ᠂ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠳᠠᠭ᠋ᠠᠳᠬᠠᠯ᠎ᠤᠨ ᠺᠣᠮᠫᠠᠨᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠡᠬᠢ ᠪᠠᠶᠠᠯᠢᠭ᠎ᠤᠨ ᠬᠡᠯᠪᠡᠶ᠋ᠢᠯᠲᠡ ᠪᠣᠯᠤᠨ ᠪᠦᠲᠦᠭᠡᠨ ᠪᠠᠶ᠋ᠢᠭᠤᠯᠤᠯᠲᠠ ᠵᠢᠨ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠵᠠᠷᠤᠳᠠᠯ᠎ᠤᠨ ᠨᠣᠷᠮ᠎ᠠ ᠵᠢ ᠵᠦᠢ ᠵᠣᠬᠢᠰᠲᠠᠶ ᠴᠡᠭᠴᠡᠯᠡᠨ ᠲᠣᠭᠲᠠᠭ᠋ᠠᠵᠤ᠂ ᠳᠠᠭ᠋ᠠᠳᠬᠠᠯ᠎ᠢ ᠳᠠᠭ᠋ᠠᠭ᠋ᠠᠵᠤ ᠲᠥᠯᠥᠪᠦᠷᠢ ᠥᠭᠬᠦ ᠵᠢ ᠰᠢᠯᠢᠳᠡᠭᠵᠢᠭᠦᠯᠬᠦ ᠬᠡᠷᠡᠭᠲᠡᠶ᠃ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠠᠮᠲᠤ ᠵᠢᠨ ᠬᠠᠮᠠᠭ᠋ᠠᠯᠠᠯᠲᠠ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠳᠠᠬᠢᠨ ᠳᠠᠭ᠋ᠠᠳᠬᠠᠯ᠎ᠤᠨ ᠳᠡᠮᠵᠢᠯᠭᠡ ᠵᠢ ᠴᠢᠩᠭ᠋ᠠᠳᠬᠠᠬᠤ ᠬᠡᠷᠡᠭᠲᠡᠶ᠃

   ᠠᠰᠠᠭᠤᠯᠲᠠ᠄ ᠳᠣᠲᠣᠭ᠋ᠠᠳᠤ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠢ ᠬᠡᠷᠬᠢᠨ ᠬᠥᠲᠥᠯᠥᠨ ᠵᠢᠯᠣᠭᠤᠳᠴᠤ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠳᠤ ᠢᠳᠡᠪᠬᠢᠲᠡᠶ ᠣᠷᠣᠯᠴᠠᠭᠤᠯᠬᠤ ᠪᠣᠶ?

   ᠬᠠᠷᠢᠭᠤᠯᠲᠠ᠄ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠰᠠᠯᠠᠭ᠎ᠠ ᠮᠥᠴᠢᠷ᠎ᠤᠳ 《ᠰᠠᠨᠠᠯ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ᠂ ᠳᠠᠭ᠋ᠠᠳᠬᠠᠯ᠎ᠤᠨ ᠪᠠᠶ᠋ᠢᠭᠤᠯᠤᠮᠵᠢ ᠪᠠ ᠳᠣᠲᠣᠭ᠋ᠠᠳᠤ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠢ ᠵᠣᠯᠭ᠋ᠠᠭᠤᠯᠬᠤ ᠠᠵᠢᠯᠯᠠᠭ᠎ᠠ ᠵᠢ ᠡᠷᠭᠢᠯᠡᠵᠦ᠂ ᠡᠯ᠎ᠡ ᠲᠥᠷᠥᠯ᠎ᠤᠨ ᠠᠷᠠᠯᠵᠢᠶᠠᠨ᠎ᠤ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠢᠳᠡᠪᠬᠢ ᠦᠢ᠍ᠯᠡᠳᠦᠯ᠎ᠢ ᠭᠦᠢ᠍ᠴᠡᠳ ᠲᠠᠨᠢᠭᠤᠯᠵᠤ᠂ ᠠᠵᠤ ᠠᠬᠤᠶ᠋ᠢᠯᠠᠯ᠎ᠤᠨ ᠳᠠᠭ᠋ᠠᠳᠬᠠᠯ᠎ᠳᠤ ᠣᠷᠣᠬᠤ ᠬᠦᠰᠡᠯ ᠡᠷᠡᠮᠡᠯᠵᠡᠯ ᠪᠠ ᠳᠠᠭ᠋ᠠᠳᠬᠠᠭᠤᠯᠬᠤ ᠬᠡᠪᠴᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢᠨ ᠳᠠᠭ᠋ᠠᠳᠬᠠᠯ ᠪᠠ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠡᠷᠡᠭᠯᠡᠬᠦ ᠵᠢ ᠵᠣᠷᠢᠭᠵᠢᠭᠤᠯᠤᠨ᠎ᠠ᠃ ᠨᠥᠬᠦᠴᠡᠯ᠎ᠲᠠᠢ ᠭᠠᠵᠠᠷ ᠣᠷᠣᠨ᠎ᠤ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠠᠵᠤ ᠠᠬᠤᠶ᠋ᠢᠯᠠᠯ᠎ᠤᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠳᠤ ᠣᠷᠣᠯᠴᠠᠬᠤ ᠵᠢ ᠳᠡᠮᠵᠢᠵᠤ᠂ ᠭᠠᠳᠠᠭ᠋ᠠᠳᠤ ᠠᠷᠠᠯᠵᠢᠶᠠᠨ᠎ᠤ ᠲᠣᠮᠣ ᠮᠤᠵᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ ᠥᠷᠨᠢᠭᠦᠯᠵᠦ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠲᠤᠷᠰᠢᠯᠲᠠ ᠵᠢ  ᠠᠬᠢᠭᠤᠯᠵᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠳᠣᠲᠣᠭ᠋ᠠᠳᠤ ᠭᠠᠳᠠᠭ᠋ᠠᠳᠤ ᠠᠷᠠᠯᠵᠢᠶᠠᠨ᠎ᠤ ᠨᠢᠭᠡ ᠴᠣᠭᠴᠠᠵᠢᠭᠰᠠᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠨ᠎ᠡ᠃

   ᠠᠰᠠᠭᠤᠯᠲᠠ᠄ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ᠎ᠨᠢ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠵᠶ᠋ᠠᠨ ᠬᠥᠭᠵᠢᠭᠦᠯᠬᠦ ᠵᠢ ᠬᠡᠷᠬᠢᠨ ᠳᠡᠮᠵᠢᠬᠦ ᠪᠣᠢ?

   ᠬᠠᠷᠢᠭᠤᠯᠲᠠ᠄ ᠪᠥᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ ᠪᠣᠯ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠲᠦᠷᠦᠭᠦᠯᠡᠨ ᠪᠠᠶ᠋ᠢᠭᠤᠯᠤᠭᠰᠠᠨ ᠴᠢᠬᠤᠯᠠ ᠢᠲᠡᠭᠡᠮᠵᠢ ᠵᠢᠨ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠪᠠᠶ᠋ᠢᠵᠤ᠂ ᠨᠢᠭᠡᠨᠲᠡ 47 ᠰᠠᠯᠠᠭ᠎ᠠ ᠮᠥᠴᠢᠷ ᠪᠠ 31 ᠮᠤᠵᠢ (ᠣᠷᠣᠨ᠂ ᠬᠤᠲᠠ)᠎ᠲᠠᠢ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠵᠦ᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠳᠠᠩᠰᠠᠯᠠᠭᠤᠯᠤᠭᠰᠠᠨ ᠡᠵᠡᠩᠨᠡᠯᠲᠡ ᠵᠢᠨ ᠭᠤᠤᠯ ᠴᠣᠭᠴᠠ ᠵᠢᠨ 780 ᠳ᠋ᠦᠩᠰᠢᠭᠤᠷ ᠵᠤᠷᠪᠤᠰ᠎ᠢ ᠳᠠᠪᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠬᠤᠷᠠᠮᠳᠤᠭᠤᠯᠪᠠ᠃ 《ᠰᠠᠨᠠᠯ》᠎ᠤᠨ ᠱᠠᠭ᠋ᠠᠷᠳᠠᠯᠭ᠎ᠠ ᠵᠢ ᠦᠨᠳᠦᠰᠦᠯᠡᠪᠡᠯ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠳᠣᠤᠷᠠᠬᠢ ᠭᠤᠷᠪᠠᠨ ᠲᠠᠯ᠎ᠠ᠎ᠠᠴᠠ ᠭᠠᠷᠳᠠᠵᠤ᠂ ᠪᠥᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ 《ᠶᠡᠷᠦᠩᠬᠡᠶ ᠬᠦᠢ᠍ᠰᠦ》 ᠵᠢᠨ ᠴᠢᠳᠠᠮᠵᠢ ᠵᠢ ᠰᠠᠶ᠋ᠢᠲᠤᠷ ᠪᠠᠳᠠᠷᠠᠭᠤᠯᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠬᠥᠭᠵᠢᠭᠦᠯᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃ ᠨᠢᠭᠡ᠎ᠳᠤ᠂ ᠢᠲᠡᠭᠡᠮᠵᠢ ᠵᠢᠨ ᠮᠡᠳᠡᠭᠡ ᠵᠠᠩᠭᠢ ᠵᠢ ᠠᠮᠤᠷ ᠲᠦᠪᠰᠢᠨ ᠡᠮᠬᠢ ᠵᠢᠷᠤᠮ᠎ᠲᠠᠢ ᠨᠡᠭᠡᠭᠡᠨ᠎ᠡ᠃ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠤᠷ᠎ᠠ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠬᠠᠤᠯᠢ ᠲᠣᠭᠲᠠᠭ᠋ᠠᠯ ᠶᠣᠰᠣᠭ᠋ᠠᠷ ᠪᠥᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ᠎ᠳᠤ ᠵᠠᠯᠭ᠋ᠠᠨ ᠣᠷᠣᠭᠤᠯᠬᠤ ᠵᠢ ᠳᠡᠮᠵᠢᠵᠦ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠠᠮᠢᠶ᠎ᠠ ᠪᠥᠬᠦᠶ ᠲᠤᠬᠠᠶ᠋ᠢᠯᠠᠭᠰᠠᠨ ᠠᠵᠢᠯ᠎ᠢ ᠥᠷᠨᠢᠭᠦᠯᠬᠦ᠎ᠳᠡᠭᠡᠨ ᠡᠷᠬᠡ ᠣᠯᠭᠤᠭᠰᠠᠨ ᠶᠣᠰᠣᠭ᠋ᠠᠷ ᠬᠡᠷᠡᠭᠯᠡᠵᠦ ᠪᠠᠶ᠋ᠢᠭ᠎ᠠ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠨ᠎ᠠ᠃ ᠬᠤᠶᠠᠷ᠎ᠲᠤ᠂ ᠢᠲᠡᠭᠡᠮᠵᠢ ᠵᠢᠨ ᠮᠡᠳᠡᠭᠦᠯᠦᠯᠲᠡ ᠪᠠ ᠣᠯᠠᠨ ᠨᠡᠶ᠋ᠢᠲᠡ ᠵᠢᠨ ᠢᠲᠡᠭᠡᠮᠵᠢ ᠵᠢᠨ ᠶᠡᠷᠦᠩᠬᠡᠶ᠋ᠢᠯᠡᠭᠰᠡᠨ ᠦᠨᠡᠯᠡᠯᠲᠡ ᠵᠢ ᠳᠡᠯᠭᠡᠷᠡᠭᠦᠯᠦᠨ᠎ᠡ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠲᠠᠪᠴᠠᠩ᠎ᠳᠤ ᠲᠦᠰᠢᠭᠯᠡᠨ ᠢᠲᠡᠭᠡᠮᠵᠢ ᠵᠢᠨ ᠮᠡᠳᠡᠭᠦᠯᠦᠯᠲᠡ ᠵᠢᠨ ᠲᠦᠷᠢᠮ᠎ᠢ ᠪᠠᠶ᠋ᠢᠭᠤᠯᠤᠭᠰᠠᠨ ᠪᠥᠭᠡᠳ ᠲᠣᠭᠲᠠᠮᠠᠯ ᠬᠤᠭᠤᠴᠠᠭ᠎ᠠ᠎ᠲᠠᠢ᠎ᠪᠠᠷ ᠡᠵᠡᠩᠨᠡᠯᠲᠡ ᠵᠢᠨ ᠭᠤᠣᠯ ᠴᠣᠭᠴᠠ᠎ᠳᠤ ᠪᠦᠬᠦᠨ᠎ᠢ ᠬᠠᠮᠤᠷᠬᠤ ᠮᠠᠶᠢᠭ᠎ᠤᠨ ᠤᠯᠠᠨ ᠨᠡᠶ᠋ᠢᠲᠡ ᠵᠢᠨ ᠢᠲᠡᠭᠡᠮᠵᠢ ᠵᠢᠨ ᠶᠡᠷᠦᠩᠬᠡᠶ᠋ᠢᠯᠡᠭᠰᠡᠨ ᠦᠨᠡᠯᠡᠯᠲᠡ ᠵᠢ ᠥᠷᠨᠢᠭᠦᠯᠪᠡ᠃ ᠲᠠᠪᠴᠠᠩ᠎ᠳᠤ ᠤᠷᠤᠭᠰᠠᠨ ᠳᠠᠭ᠋ᠠᠳᠬᠠᠯ᠎ᠤᠨ ᠪᠠᠶ᠋ᠢᠭᠤᠯᠤᠮᠵᠢ ᠢᠲᠡᠭᠡᠮᠵᠢ ᠵᠢᠨ ᠮᠡᠳᠡᠭᠦᠯᠦᠯᠲᠡ ᠪᠠ ᠦᠨᠡᠯᠡᠯᠲᠡ ᠵᠢᠨ ᠦᠷ᠎ᠡ ᠳ᠋ᠦᠩ᠎ᠢ ᠪᠠᠶ᠋ᠢᠴᠠᠭ᠋ᠠᠨ ᠯᠠᠪᠯᠠᠵᠤ᠂ ᠳᠠᠭ᠋ᠠᠳᠬᠠᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠯᠠᠪᠯᠠᠯᠲᠠ ᠬᠠᠩᠭ᠋ᠠᠵᠤ ᠪᠣᠯᠤᠨ᠎ᠠ᠃ ᠭᠤᠷᠪᠠ᠎ᠳᠤ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠵᠣᠯᠭ᠋ᠠᠭᠤᠯᠬᠤ ᠵᠢ ᠴᠢᠩᠭ᠋ᠠᠳᠬᠠᠨ᠎ᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠡᠯᠡ ᠲᠣᠬᠢᠷᠠᠭᠤᠯᠭ᠎ᠠ ᠵᠢᠨ ᠢᠲᠡᠭᠡᠮᠵᠢ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠤᠷ ᠰᠦᠯᠵᠢᠶ᠎ᠡ ᠵᠢ ᠪᠠᠶ᠋ᠢᠭᠤᠯᠵᠤ᠂ ᠣᠳᠣᠬᠠᠨ᠎ᠳᠤ ᠪᠠᠷᠤᠭ 5500 ᠲᠦᠮᠡᠨ ᠠᠵᠤ ᠠᠬᠤᠶ᠋ᠢᠯᠠᠯ ᠳᠠᠩᠰᠠᠯᠠᠭᠤᠯᠤᠭᠰᠠᠨ ᠪᠥᠭᠡᠳ ᠲᠠᠪᠴᠠᠩ᠎ᠤᠨ ᠰᠦᠯᠵᠢᠶ᠎ᠡ᠎ᠪᠠᠷ ᠳᠠᠮᠵᠢᠭᠤᠯᠤᠨ ᠪᠡᠯᠡ ᠲᠣᠬᠢᠷᠠᠭᠤᠯᠭ᠎ᠠ ᠵᠢᠨ ᠬᠠᠮᠢᠶ᠎ᠠ ᠪᠦᠬᠦᠢ ᠬᠡᠷᠡᠭᠴᠡᠭᠡ ᠵᠢ ᠳᠤᠷᠠᠳᠤᠭᠰᠠᠨ ᠪᠠᠶ᠋ᠢᠨ᠎ᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠬᠦᠰᠡᠯ ᠡᠷᠡᠮᠡᠯᠵᠡᠯ᠎ᠲᠠᠢ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠲᠠᠪᠴᠠᠩ ᠵᠶ᠋ᠠᠷ ᠳᠠᠮᠵᠢᠭᠤᠯᠤᠨ ᠳᠠᠭ᠋ᠠᠳᠬᠠᠯ᠎ᠤᠨ ᠨᠡᠷᠡᠳᠬᠦᠨ᠎ᠢ ᠨᠡᠶ᠋ᠢᠲᠡᠯᠡᠬᠦ ᠵᠢ ᠶᠡᠭᠡ᠎ᠪᠠᠷ ᠳᠡᠮᠵᠢᠬᠦ ᠵᠢᠨ ᠬᠠᠮᠲᠤ ᠰᠦᠯᠵᠢᠶᠡᠨ ᠳᠡᠭᠡᠷ᠎ᠡ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠢ ᠪᠠᠭᠲᠠᠭ᠋ᠠᠭᠰᠠᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃

   ᠠᠰᠠᠭᠤᠯᠲᠠ᠄ 《ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠡᠷᠬᠢᠨ ᠪᠠᠲᠤᠯᠠᠬᠤ ᠪᠤᠢ?

   ᠬᠠᠷᠢᠭᠤᠯᠲᠠ᠄ 《ᠰᠠᠨᠠᠯ》᠎ᠳᠤ ᠬᠤᠶᠠᠷ ᠲᠠᠯ᠎ᠠ ᠵᠢᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ ᠵᠢ ᠳᠤᠷᠠᠳᠪᠠ᠃ ᠨᠢᠭᠡ᠎ᠳᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠰᠠᠯᠠᠭ᠎ᠠ ᠮᠥᠴᠢᠷ᠎ᠤᠨ ᠬᠤᠯᠪᠣᠭ᠋ᠠᠯᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠠᠵᠢᠯ᠎ᠤᠨ ᠵᠥᠪᠳᠡᠯᠴᠡᠭᠡ ᠵᠢ ᠥᠷᠨᠢᠭᠦᠯᠵᠦ᠂ ᠳᠣᠲᠣᠭ᠋ᠠᠳᠤ ᠠᠷᠠᠯᠵᠢᠶᠠᠨ᠎ᠤ ᠳᠠᠭ᠋ᠠᠳᠬᠠᠯ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠬᠠᠷᠢᠭᠤᠴᠠᠯᠭ᠋ᠠᠲᠤ ᠨᠢᠭᠡᠴᠢ ᠵᠢ ᠲᠣᠳᠣᠷᠬᠠᠶ᠋ᠢᠯᠠᠵᠤ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠨ ᠨᠠᠷᠢᠯᠢᠬ᠍ᠵᠢᠭᠤᠯᠵᠤ᠂ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠳᠣᠷᠬᠠᠶ᠋ᠢᠯᠠᠵᠤ᠂ ᠬᠠᠮᠢᠶ᠎ᠠ ᠪᠥᠬᠦᠶ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠬᠣᠶᠠᠷ᠎ᠲᠤ᠂ ᠪᠢᠲᠡᠭᠦᠦ ᠴᠠᠭ᠋ᠠᠷᠢᠭ ᠵᠶ᠋ᠠᠷ ᠮᠥᠷᠳᠡᠵᠦ ᠦᠷ᠎ᠡ ᠪᠦᠲᠦᠮᠵᠢ ᠵᠢ᠎ᠨᠢ ᠠᠰᠠᠭᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠠᠵᠢᠯ᠎ᠤᠨ ᠠᠬᠢᠴᠠ᠎ᠪᠠᠨ ᠤᠯᠠᠷᠢᠯ ᠵᠶ᠋ᠠᠷ ᠬᠤᠷᠢᠶᠠᠩᠭᠤᠶ᠋ᠢᠯᠠᠨ ᠲᠣᠬᠢᠷᠠᠭᠤᠯᠬᠤ ᠠᠵᠢᠯ᠎ᠤᠨ ᠲᠣᠭᠲᠠᠴᠠ᠎ᠪᠠᠨ ᠤᠯᠠᠷᠢᠯ ᠵᠶ᠋ᠠᠷ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠰᠢᠰᠲ᠋ᠧᠮ᠎ᠳᠤ ᠲᠦᠰᠢᠭᠯᠡᠨ᠂ ᠰᠠᠷ᠎ᠠ ᠰᠠᠷ᠎ᠠ᠎ᠪᠠᠷ ᠳᠣᠲᠣᠭ᠋ᠠᠳᠤ ᠠᠷᠠᠯᠵᠢᠶ᠎ᠠ ᠵᠢᠨ ᠲᠦᠭᠰᠢᠭᠦᠷᠢ ᠵᠢᠨ ᠬᠠᠭᠤᠳᠠᠰᠤ ᠭᠠᠷᠤᠭᠰᠠᠨ ᠪᠠᠶ᠋ᠢᠳᠠᠯ᠂ ᠪᠠᠲᠤᠯᠠᠬᠤ ᠬᠡᠪᠴᠢᠶ᠎ᠡ᠂ ᠲᠥᠯᠥᠪᠦᠷᠢ ᠥᠭᠬᠦ ᠵᠣᠭᠣᠰ᠎ᠤᠨ ᠲᠣᠭ᠎ᠠ ᠵᠡᠷᠭᠡ ᠬᠤᠪᠢᠶᠠᠷᠢ ᠬᠡᠮᠵᠢᠴᠡ ᠵᠢᠨ ᠲᠣᠭ᠎ᠠ ᠪᠠᠷᠢᠮᠲᠠ ᠵᠢ ᠪᠦᠷᠢᠳᠬᠡᠬᠦ ᠵᠢᠨ ᠬᠠᠮᠲᠤ ᠴᠠᠭ ᠲᠤᠬᠠᠶ᠎ᠳᠤᠨᠢ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ ᠬᠠᠮᠲᠤᠪᠠᠷ ᠡᠳ᠋ᠯᠡᠵᠦ᠂ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠠᠮᠲᠤᠪᠠᠷ ᠰᠤᠳᠤᠯᠤᠨ ᠮᠠᠭ᠋ᠠᠳᠯᠠᠵᠤ᠂ ᠬᠣᠯᠪᠣᠭᠳᠠᠯ ᠪᠦᠬᠦᠢ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠶ᠃

 

ᠢᠷᠡᠯᠲᠡ᠄ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ
          
ᠬᠠᠮᠢᠶ᠎ᠡ ᠪᠦᠬᠦᠢ ᠰᠣᠨᠢᠨ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠢ᠌ᠲᠡᠯᠡᠪᠡ!
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠬᠠᠮᠢᠶᠠᠷᠣᠯᠲᠠ ᠵᠢᠨ ᠠᠷᠭ᠎ᠠ》 ᠵᠢᠨ ᠲᠠᠢ᠌ᠯᠤᠮᠵᠢ
ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ — ᠬᠥᠭᠵᠢᠯᠲᠡ ᠵᠢᠨ ᠰᠢᠨ᠎ᠡ ᠰᠢᠪᠲᠤᠯᠤᠯᠲᠠ
ᠦᠨᠳᠦᠰᠦᠲᠡᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢᠨ ᠰᠠᠴᠤᠷᠠᠨᠭ᠌ᠭᠤᠢ ᠲᠤᠶᠠᠭ᠋ᠠᠯᠠᠯ ᠳᠤᠤᠷ᠎ᠠ ᠤᠮᠤᠭᠲᠠᠢ ᠤᠷᠤᠭᠰᠢᠯᠠᠨ᠎ᠠ
ᠮᠠᠨ᠎ᠤ ᠣᠯᠣᠰ᠎ᠤᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠬᠦᠨᠵᠡᠭᠡᠢ᠌ᠷᠡᠯ
 
            