ᠵᠣᠬᠢᠶᠠᠭᠴᠢ᠄ ᠵᠠᠬ᠎ᠠ ᠳᠡᠯᠭᠡᠭᠦᠷ᠎ᠤᠨ ᠠᠵᠢᠯᠯᠠᠭ᠋ᠠᠨ ᠪᠠ ᠬᠡᠷᠡᠭᠯᠡᠭᠡ ᠵᠢ ᠠᠬᠢᠭᠤᠯᠬᠤ ᠭᠠᠵᠠᠷ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠰᠢᠰᠲ᠋ᠧᠮ᠎ᠤᠨ ᠲᠤᠭ᠎ᠠ ᠪᠠᠷᠢᠮᠲᠠ᠎ᠠᠴᠠ ᠦᠵᠡᠪᠡᠯ᠂ 2025 ᠣᠨ᠎ᠤ 5 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠪᠠᠷᠠᠭ᠋ᠠᠨ᠎ᠤ ᠢᠷᠡᠯᠲᠡ ᠭᠦᠢ᠍ᠴᠡᠳ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠦᠨ᠎ᠡ ᠬᠠᠩᠰᠢ ᠵᠢ ᠲᠦᠷᠦᠭᠦᠦ ᠨᠢᠭᠡ ᠰᠠᠷ᠎ᠠ ᠵᠢᠨ᠎ᠬᠢ᠎ᠲᠠᠢ ᠬᠠᠷᠢᠴᠠᠭᠤᠯᠪᠠᠯ (ᠳᠣᠷᠣᠭᠰᠢ ᠭᠠᠷᠠᠬᠠᠨ ᠬᠠᠷᠢᠴᠠᠯ) ᠪᠠᠭᠤᠷᠠᠭᠰᠠᠨ᠎ᠨᠢ ᠢᠯᠡᠭᠦᠦ ᠦᠰᠦᠭᠰᠡᠨ᠎ᠨᠢ ᠪᠠᠭ᠎ᠠ ᠪᠤᠯᠤᠨ᠎ᠠ᠃ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠤᠨ ᠬᠢᠨᠠᠨ ᠬᠡᠮᠵᠢᠭᠰᠡᠨ 11 ᠲᠣᠮᠣ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠨ ᠭᠠᠷᠠᠬᠠᠨ ᠬᠠᠷᠢᠴᠠᠯ᠎ᠨᠢ 4᠎ᠪᠠᠷ ᠥᠰᠴᠦ 5᠎ᠪᠠᠷ ᠪᠠᠭᠤᠷᠠᠵᠤ 1᠎ᠨᠢ ᠬᠡᠪ᠎ᠤᠨ ᠪᠠᠢ᠌ᠳᠠᠯ ᠵᠶ᠋ᠠᠷ ᠶᠠᠪᠤᠭᠳᠠᠵᠤ ᠪᠤᠢ᠃ ᠡᠭᠦᠨ᠎ᠳᠤ ᠢᠳᠡᠰᠢᠨ ᠲᠣᠰᠣ᠂ ᠮᠢᠬᠠᠨ᠎ᠤ ᠵᠦᠢ᠍ᠯ᠂ ᠵᠢᠮᠢᠰ ᠪᠠ ᠤᠤᠭᠤᠬᠤ ᠤᠰᠤᠨ᠎ᠤ ᠰᠤᠯᠠ᠎ᠪᠠᠷ ᠬᠤᠳᠠᠯᠳᠤᠬᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠥᠰᠴᠡᠶ; ᠵᠢᠭᠦᠷᠲᠡᠨ᠎ᠤ ᠲᠥᠷᠥᠯ᠂ ᠥᠨᠳᠡᠭᠡᠨ᠎ᠤ ᠲᠥᠷᠥᠯ᠂ ᠴᠠᠭ᠋ᠠᠨ ᠢᠳᠡᠭᠡᠨ᠂ ᠠᠮᠲᠠ ᠤᠷᠤᠭᠤᠯᠬᠤ ᠡᠳ᠋᠂ ᠢᠳᠡᠰᠢᠨ ᠨᠣᠭᠤᠭ᠎ᠠ ᠪᠠ ᠤᠤᠭᠤᠬᠤ ᠤᠰᠤᠨ᠎ᠤ ᠵᠢᠵᠢᠭᠯᠡᠨ ᠬᠤᠳᠠᠯᠳᠤᠬᠤ ᠦᠨ᠎ᠡ ᠬᠠᠩᠰᠢ ᠵᠢᠨ ᠬᠠᠷᠢᠴᠠᠯ ᠪᠠᠭᠤᠷᠠᠪᠠ; ᠠᠮᠤ ᠪᠤᠳᠠᠭ᠋ᠠᠨ᠎ᠤ ᠵᠢᠵᠢᠭᠯᠡᠨ ᠬᠤᠳᠠᠯᠳᠤᠬᠤ ᠦᠨ᠎ᠡ ᠬᠠᠩᠰᠢ ᠵᠢᠨ ᠬᠠᠷᠢᠴᠠᠯ ᠠᠳᠠᠯᠢ ᠪᠣᠯᠪᠠ᠃ ᠪᠣᠳᠠᠲᠠᠶ ᠪᠠᠶ᠋ᠢᠳᠠᠯ᠎ᠤᠨ ᠵᠠᠳᠠᠯᠤᠯᠲᠠ᠎ᠨᠢ ᠳᠣᠤᠷᠠᠬᠢ ᠮᠡᠲᠦ᠄
ᠨᠢᠭᠡ᠂ ᠠᠮᠤ ᠪᠤᠳᠠᠭ᠎ᠠ ᠪᠣᠯᠣᠨ ᠢᠳᠡᠭᠡᠨ᠎ᠤ ᠲᠣᠰᠣᠨ᠎ᠤ ᠦᠨ᠎ᠡ ᠵᠢᠨ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠥᠰᠴᠦ ᠪᠠᠭᠤᠷᠠᠬᠤ ᠪᠠᠢ᠌ᠳᠠᠯ ᠬᠠᠷᠢᠯᠴᠠᠨ ᠢᠯᠡᠷᠡᠪᠡ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠠᠮᠤ ᠪᠤᠳᠠᠭ᠋ᠠᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 5.72 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ (ᠳᠣᠷᠣᠭᠰᠢ ᠠᠳᠠᠯᠢ ᠬᠤᠭᠤᠴᠠᠭ᠋ᠠᠨ᠎ᠤ᠎ᠬᠢ᠎ᠠᠴᠠ ᠭᠡᠵᠦ ᠲᠣᠪᠴᠢᠯᠠᠨ᠎ᠠ) 1.4%᠎ᠪᠠᠷ ᠥᠰᠴᠡᠶ᠃ ᠡᠭᠦᠨ᠎ᠳᠤ ᠲᠤᠲᠤᠷᠭ᠎ᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 6.05 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.3%᠎ᠪᠠᠷ ᠨᠡᠮᠡᠭᠳᠡᠪᠡ; ᠭᠤᠯᠢᠷ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 5.38 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.4%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.7%᠎ᠪᠠᠷ ᠨᠡᠮᠡᠭᠳᠡᠪᠡ᠃ ᠢᠳᠡᠭᠡᠨ᠎ᠤ ᠲᠣᠰᠣᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 18.81 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.4%᠎ᠪᠠᠷ ᠳᠡᠭᠡᠭᠰᠢᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 0.2% ᠵᠶ᠋ᠠᠷ ᠪᠠᠭᠤᠷᠠᠪᠠ᠃ ᠡᠭᠦᠨ᠎ᠳᠤ ᠪᠤᠷᠴᠠᠭ᠎ᠤᠨ ᠲᠣᠰᠣᠨ᠎ᠤ ᠳᠤᠮᠳᠠᠴᠢ ᠦᠨᠡᠨ᠎ᠢ ᠯᠢᠲᠷ ᠪᠦᠷᠢ᠎ᠳᠤ᠎ᠪᠠᠨ 13.42 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠂ ᠠᠳᠠᠯᠢ ᠬᠤᠭᠤᠴᠠᠭ᠋ᠠᠨ᠎ᠤ᠎ᠬᠢ᠎ᠠᠴᠠ 7.6%᠎ᠪᠠᠷ ᠪᠠᠭᠤᠷᠠᠪᠠ; ᠨᠠᠢ᠌ᠷᠠᠯᠭ᠎ᠠ ᠵᠢᠨ ᠲᠤᠰᠤᠨ᠎ᠤ ᠳᠤᠮᠳᠠᠴᠢ ᠦᠨᠡᠨ᠎ᠢ ᠯᠢᠲᠷ ᠪᠦᠷᠢ᠎ᠳᠤ᠎ᠪᠠᠨ 16.19 ᠲᠥᠭᠦᠷᠢᠭ ᠳᠡᠭᠡᠭᠰᠢᠯᠡᠵᠦ᠂ ᠭᠠᠷᠠᠬᠠᠨ ᠬᠠᠷᠢᠴᠠᠯ᠎ᠨᠢ 0.6%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 0.2% ᠵᠶ᠋ᠠᠷ ᠨᠡᠮᠡᠭᠳᠡᠪᠡ᠃ ᠠᠮᠤ ᠲᠣᠰᠣ᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠥᠷᠥᠯ᠎ᠤᠨ ᠲᠠᠸᠠᠷ ᠪᠣᠯᠤᠭᠰᠠᠨ᠎ᠤ ᠬᠤᠪᠢ᠎ᠳᠤ᠂ ᠬᠠᠳᠠᠭ᠋ᠠᠯᠠᠬᠤ᠎ᠳᠤ ᠲᠥᠬᠦᠮ ᠪᠥᠭᠡᠳ ᠵᠥᠭᠡᠭᠡᠪᠦᠷᠢᠯᠡᠬᠦ᠎ᠳᠤ ᠲᠥᠬᠦᠮ ᠪᠠᠶ᠋ᠢᠳᠠᠭ᠃ ᠬᠤᠳᠠᠯᠳᠤᠭ᠋ᠠᠴᠢᠨ᠎ᠤ ᠪᠡᠯᠡᠳᠭᠡᠯ ᠪᠠᠷᠠᠭ᠎ᠠ ᠬᠠᠩᠭ᠋ᠠᠯᠲᠠᠲᠠᠢ᠂ ᠵᠠᠬ᠎ᠠ ᠳᠡᠯᠭᠡᠭᠦᠷ᠎ᠤᠨ ᠡᠷᠭᠢᠯᠲᠡ ᠲᠣᠭᠲᠠᠭᠤᠨ ᠪᠠᠢ᠌ᠨ᠎ᠠ᠃ ᠰᠠᠷ᠎ᠠ ᠪᠦᠷᠢ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠬᠤᠪᠢᠷᠠᠯᠲᠠ ᠵᠢᠨ ᠨᠥᠯᠥᠭᠡ ᠵᠢ ᠭᠥᠷᠳᠡᠵᠦ᠂ ᠪᠠᠭ᠎ᠠ ᠬᠡᠮᠵᠢᠶᠡᠨ᠎ᠤ ᠬᠡᠯᠪᠡᠯᠵᠡᠯ ᠭᠠᠷᠴᠤ᠂ ᠦᠨ᠎ᠡ ᠬᠠᠩᠰᠢ᠎ᠨᠢ ᠴᠥᠮ ᠣᠷᠣᠨ ᠵᠠᠢ᠎ᠳᠤ᠎ᠪᠠᠨ ᠵᠣᠬᠢᠰᠲᠠᠶ ᠠᠵᠢᠯᠯᠠᠵᠤ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ ᠠᠮᠤ ᠪᠤᠳᠠᠭ᠋ᠠᠨ᠎ᠤ ᠪᠠᠷᠠᠭ᠎ᠠ ᠵᠢᠨ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠦᠨ᠎ᠡ ᠬᠠᠩᠰᠢ ᠵᠢᠨ ᠬᠠᠷᠢᠴᠠᠯ ᠠᠳᠠᠯᠢ ᠦᠭᠡᠢ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠠᠮᠤ ᠲᠣᠰᠣᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠦ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡᠲᠠᠢ ᠶᠠᠪᠤᠭᠳᠠᠨ᠎ᠠ᠃
ᠬᠤᠶᠠᠷ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠦᠨ᠎ᠡ ᠵᠢᠨ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠥᠰᠴᠦ ᠪᠠᠭᠤᠷᠠᠬᠤ ᠪᠠᠢ᠌ᠳᠠᠯ ᠬᠠᠷᠢᠯᠴᠠᠨ ᠢᠯᠡᠷᠡᠪᠡ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠮᠢᠬᠠᠨ᠎ᠤ ᠲᠥᠷᠥᠯ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 51.34 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠡᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.8%᠎ᠪᠠᠷ ᠪᠠᠭᠤᠷᠠᠪᠠ᠃ ᠡᠭᠦᠨ᠎ᠳᠤ ᠭᠠᠭ᠍ᠠᠶ ᠵᠢᠨ ᠮᠢᠬᠠᠨ᠎ᠤ ᠬᠤᠢ᠌ᠲᠦ ᠭᠤᠶ᠎ᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 27.53 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 1.9%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.3%᠎ᠪᠠᠷ ᠨᠡᠮᠡᠭᠳᠡᠪᠡ᠃ ᠦᠬᠡᠷ᠎ᠤᠨ ᠮᠢᠬ᠎ᠠ᠂ ᠦᠬᠡᠷ᠎ᠤᠨ ᠭᠤᠶ᠎ᠠ ᠵᠢᠨ ᠮᠢᠬᠠᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 61.86 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 1.0% ᠵᠶ᠋ᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 6.6%᠎ᠪᠠᠷ ᠪᠠᠭᠤᠷᠠᠪᠠ᠃ ᠬᠤᠨᠢᠨ ᠮᠢᠬ᠎ᠠ ᠬᠤᠨᠢᠨ ᠭᠤᠶ᠎ᠠ ᠵᠢᠨ ᠮᠢᠬᠠᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 64.64 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.4%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.8%᠎ᠪᠠᠷ ᠪᠠᠭᠤᠷᠠᠪᠠ᠃ ᠵᠢᠭᠦᠷᠲᠡᠨ᠎ᠤ ᠲᠥᠷᠥᠯ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 23.45 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠨᠡᠮᠡᠭᠳᠡᠪᠡ᠃ ᠥᠨᠳᠡᠭᠡᠨ᠎ᠤ ᠲᠥᠷᠥᠯ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 8.54 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 1.0% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.8%᠎ᠪᠠᠷ ᠪᠠᠭᠤᠷᠠᠪᠠ᠃ ᠪᠦᠬᠦ ᠣᠷᠣᠨ᠎ᠤ ᠮᠢᠬ᠎ᠠ ᠵᠢᠭᠦᠷᠲᠡᠨ ᠥᠨᠳᠡᠭᠡᠨ᠎ᠤ ᠲᠥᠷᠥᠯ᠎ᠤᠨ ᠪᠠᠷᠠᠭ᠎ᠠ ᠵᠢᠨ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠨ᠎ᠠ᠃ ᠡᠮᠦᠨᠡᠬᠢ ᠬᠤᠭᠤᠴᠠᠭ᠋ᠠᠨ᠎ᠤ ᠮᠢᠬᠠᠨ᠎ᠤ ᠦᠨ᠎ᠡ ᠬᠠᠷᠢᠴᠠᠩᠭᠤᠶ᠎ᠪᠠᠷ ᠨᠡᠯᠢᠶᠡᠳ ᠳᠣᠤᠷ᠎ᠠ᠂ ᠬᠡᠰᠡᠭ ᠲᠠᠷᠠᠬᠠᠶ ᠲᠡᠵᠢᠭᠡᠵᠦ ᠪᠠᠶ᠋ᠢᠭ᠎ᠠ ᠡᠷᠦᠬᠡ ᠪᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠢᠨ ᠬᠤᠳᠠᠯᠳᠤᠬᠤ ᠠᠬᠢᠴᠠ ᠤᠳᠠᠭ᠋ᠠᠰᠢᠷᠠᠭᠰᠠᠨ᠎ᠠᠴᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠪᠠᠭᠤᠷᠠᠵᠤ᠂ ᠮᠢᠬᠠᠨ᠎ᠤ ᠲᠥᠷᠥᠯ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠢ ᠠᠬᠢᠭᠤᠯᠪᠠ᠃ ᠠᠭ᠋ᠠᠷ᠎ᠤᠨ ᠳᠤᠯᠠᠭ᠋ᠠᠨ ᠳᠡᠭᠡᠭᠰᠢᠯᠡᠵᠦ᠂ ᠥᠨᠳᠡᠭᠡᠨ ᠲᠠᠬᠢᠶᠠᠨ᠎ᠤ ᠭᠠᠷᠤᠯᠲᠠ ᠨᠡᠮᠡᠭᠳᠡᠵᠦ᠂ ᠵᠠᠬ᠎ᠠ ᠳᠡᠯᠭᠡᠭᠦᠷ᠎ᠤᠨ ᠬᠠᠩᠭ᠍ᠠᠯᠭᠠ ᠵᠢᠨ ᠴᠢᠳᠠᠪᠤᠷᠢ ᠴᠢᠩᠭ᠋ᠠᠷᠠᠪᠠ᠃ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ ᠬᠠᠰᠤᠭᠳᠠᠵᠤ᠂ ᠡᠵᠡᠩᠨᠡᠯᠲᠡ ᠵᠢᠨ ᠥᠪᠡᠷ᠎ᠤᠨ ᠥᠷᠲᠡᠭ ᠪᠠᠭᠤᠷᠠᠵᠤ ᠪᠠᠶ᠋ᠢᠨ᠎ᠠ᠃ ᠲᠠᠬᠢᠶᠠᠨ ᠥᠨᠳᠡᠭᠡᠨ᠎ᠤ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠠᠷᠠᠭ᠎ᠠ ᠨᠥᠬᠦᠪᠥᠷᠢᠯᠡᠬᠦ ᠣᠪᠣᠷ ᠪᠣᠯᠭᠤᠮᠵᠢᠲᠠᠶ ᠪᠠᠶ᠋ᠢᠵᠤ᠂ ᠪᠠᠷᠠᠭ᠋ᠠᠨ᠎ᠤ ᠬᠤᠷᠳᠤᠴᠠ ᠤᠳᠠᠭ᠋ᠠᠨ᠂ ᠥᠨᠳᠡᠭᠡᠨ᠎ᠤ ᠲᠥᠷᠥᠯ᠎ᠤᠨ ᠦᠨ᠎ᠡ ᠬᠠᠩᠰᠢ ᠵᠢᠨ ᠬᠠᠷᠢᠴᠠᠯ ᠪᠠᠭᠤᠷᠠᠬᠤ ᠵᠢ ᠬᠠᠮᠲᠤ᠎ᠪᠠᠷ ᠳᠠᠶ᠋ᠢᠴᠢᠯᠠᠪᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠮᠢᠬᠠᠨ᠎ᠤ ᠵᠦᠢ᠍ᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡᠲᠠᠢ ᠶᠠᠪᠤᠭᠳᠠᠨ᠎ᠠ᠃
ᠭᠤᠷᠪᠠ᠂ ᠴᠠᠭ᠋ᠠᠨ ᠢᠳᠡᠭᠡᠨ᠎ᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠴᠠᠭ᠋ᠠᠨ ᠢᠳᠡᠭᠡᠨ᠎ᠤ ᠳᠤᠮᠳᠠᠴᠢ ᠦᠨ᠎ᠡ ᠬᠠᠩᠰᠢ᠎ᠨᠢ 101.36 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.1%᠎ᠪᠠᠷ ᠪᠠᠭᠤᠷᠠᠪᠠ᠃ ᠡᠭᠦᠨ᠎ᠳᠤ ᠬᠡᠪ᠎ᠤᠨ ᠳᠤᠯᠠᠭ᠋ᠠᠨ ᠰᠦ ᠵᠢᠨ ᠳᠤᠮᠳᠠᠴᠢ ᠦᠨᠡᠨ᠎ᠢ ᠯᠢᠲᠷ ᠪᠦᠷᠢ᠎ᠳᠤ᠎ᠪᠠᠨ 10.45 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.3%᠎ᠪᠠᠷ ᠨᠡᠮᠡᠭᠳᠡᠪᠡ; ᠡᠭᠡᠳᠡᠭᠰᠡᠨ ᠰᠦ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 14.73 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.4%᠎ᠪᠠᠷ ᠳᠡᠭᠡᠭᠰᠢᠯᠡᠵᠦ; ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠨᠢᠯᠬ᠎ᠠ ᠬᠡᠦᠬᠡᠳ᠎ᠤᠨ ᠰᠦᠨ ᠲᠠᠯᠬ᠎ᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 219.58 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠪᠠᠭᠤᠷᠠᠪᠠ᠃ ᠴᠠᠭ᠋ᠠᠨ ᠢᠳᠡᠭᠡᠨ᠎ᠤ ᠢᠷᠡᠯᠲᠡ ᠵᠢᠨ ᠬᠠᠩᠭ᠋ᠠᠯᠭ᠎ᠠ ᠬᠡᠷᠡᠭᠴᠡᠭᠡ ᠲᠣᠭᠲᠠᠭᠤᠨ ᠪᠠᠶ᠋ᠢᠵᠤ᠂ ᠬᠠᠷᠢᠴᠠᠩᠭᠤᠶ ᠲᠣᠭᠲᠠᠭᠤᠨ ᠠᠵᠢᠯᠯᠠᠭ᠋ᠠᠨ᠎ᠤ ᠪᠠᠶ᠋ᠢᠳᠠᠯ᠎ᠢ ᠪᠠᠲᠤᠯᠠᠭᠰᠠᠭ᠋ᠠᠷ ᠢᠷᠡᠵᠡᠶ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠰᠠᠭᠤᠭ᠋ᠠᠯᠢ ᠠᠷᠠᠳ᠎ᠤᠨ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠠᠷᠠᠭ᠎ᠠ ᠣᠷᠣᠭᠤᠯᠬᠤ ᠤᠷᠮ᠎ᠠ ᠵᠣᠷᠢᠭ ᠪᠠᠭᠤᠷᠠᠵᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭ᠋ᠠᠰᠪᠠ᠂ ᠪᠣᠯᠪᠠᠰᠤᠷᠠᠭᠤᠯᠤᠭᠰᠠᠨ ᠲᠣᠰᠣᠨ᠎ᠤ ᠦᠨ᠎ᠡ ᠬᠠᠩᠰᠢ ᠳᠣᠤᠷ᠎ᠠ ᠪᠠᠶ᠋ᠢᠵᠤ᠂ ᠬᠠᠳᠠᠭ᠋ᠠᠯᠠᠵᠤ ᠵᠥᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠴᠠᠭ᠋ᠠᠨ ᠢᠳᠡᠭᠡᠨ᠎ᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠢ ᠬᠠᠮᠲᠤ᠎ᠪᠠᠷ ᠳᠠᠶ᠋ᠢᠴᠢᠯᠠᠪᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠴᠠᠭ᠋ᠠᠨ ᠢᠳᠡᠭᠡᠨ᠎ᠤ ᠵᠠᠬ᠎ᠠ ᠳᠡᠯᠭᠡᠭᠦᠷ ᠲᠣᠭᠲᠠᠭᠤᠨ ᠠᠵᠢᠯᠯᠠᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡᠲᠠᠢ ᠶᠠᠪᠤᠭᠳᠠᠨ᠎ᠠ᠃
ᠳᠦᠷᠪᠡ᠂ ᠢᠳᠡᠰᠢᠨ ᠨᠣᠭᠤᠭ᠎ᠠ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠢᠳᠡᠰᠢᠨ ᠨᠣᠭᠤᠭ᠎ᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 6.43 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 8.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠪᠠᠭᠤᠷᠠᠪᠠ᠃ ᠰᠢᠰᠲ᠋ᠧᠮ᠎ᠲᠠᠢ ᠬᠢᠨᠠᠨ ᠬᠡᠮᠵᠢᠭᠰᠡᠨ ᠢᠳᠡᠰᠢᠨ ᠨᠣᠭᠤᠭ᠎ᠠ ᠵᠢᠨ 30 ᠦᠯᠢᠭᠡᠷ ᠳᠣᠲᠣᠷ᠎ᠠ᠂ 29 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠬᠡᠪ᠎ᠤᠨ ᠦᠨ᠎ᠡ ᠵᠢᠨ ᠭᠠᠷᠠᠬᠠᠨ ᠬᠠᠷᠢᠴᠠᠯ᠎ᠨᠢ ᠪᠠᠭᠤᠷᠠᠵᠤ᠂ 96.7% ᠵᠢ ᠡᠵᠡᠯᠡᠪᠡ; 1 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠶᠠᠩᠵᠤ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ 3.3% ᠵᠢ ᠡᠵᠡᠯᠡᠪᠡ᠃ ᠡᠭᠦᠨ᠎ᠳᠤ ᠪᠠᠭᠤᠷᠠᠯᠲᠠ ᠵᠢᠨ ᠬᠡᠮᠵᠢᠶ᠎ᠡ᠎ᠪᠠᠷ ᠬᠠᠮᠤᠭ᠎ᠤᠨ ᠶᠡᠬᠡ 3 ᠲᠥᠷᠥᠯ ᠵᠦᠢ᠍ᠯ᠎ᠨᠢ᠄ ᠲᠦᠭᠦᠬᠡᠢ ᠨᠣᠭᠤᠭ᠎ᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 6.8 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 16.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.1%᠎ᠪᠠᠷ ᠪᠠᠭᠤᠷᠠᠪᠠ; ᠰᠢᠯᠢᠮᠳᠡᠭ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 4.84 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 16.0% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 12.1%᠎ᠪᠠᠷ ᠪᠠᠭᠤᠷᠠᠪᠠ; ᠭᠤᠭᠤᠳ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 6.74 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 15.9%᠎ᠪᠠᠷ ᠪᠠᠭᠤᠷᠠᠵᠤ; ᠠᠳᠠᠯᠢ ᠬᠤᠭᠤᠴᠠᠭ᠋ᠠᠨ᠎ᠤ᠎ᠬᠢ᠎ᠠᠴᠠ 11.4%᠎ᠪᠠᠷ ᠨᠡᠮᠡᠭᠳᠡᠪᠡ᠃ ᠢᠳᠡᠰᠢᠨ ᠨᠣᠭᠣᠭ᠎ᠠ᠎ᠨᠢ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠭᠣᠤᠯ ᠪᠣᠯᠬᠤ ᠬᠡᠷᠡᠭᠴᠡᠭᠡᠨ᠎ᠤ ᠵᠦᠢ᠍ᠯ ᠪᠣᠯᠤᠭᠰᠠᠨ᠎ᠤ ᠬᠤᠪᠢ᠎ᠳᠤ᠂ ᠠᠭᠤᠷ ᠠᠮᠢᠰᠬᠤᠯ᠂ ᠭᠠᠷᠤᠯᠲᠠ ᠵᠢᠨ ᠬᠡᠮᠵᠢᠶ᠎ᠡ ᠪᠣᠯᠤᠨ ᠲᠡᠭᠡᠭᠡᠪᠦᠷᠢ ᠵᠢᠨ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ ᠦᠨ᠎ᠡ ᠬᠠᠩᠰᠢ ᠶᠡᠷᠦ᠎ᠨᠢ ᠲᠠᠰᠤᠷᠠᠯᠲᠠ ᠤᠢ᠍ᠭᠡᠢ ᠬᠤᠪᠢᠷᠠᠵᠤ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠠᠭ᠋ᠠᠷ᠎ᠤᠨ ᠳᠤᠯᠠᠭ᠋ᠠᠨ ᠦᠷᠭᠦᠯᠵᠢᠯᠡᠨ ᠳᠡᠭᠡᠭᠰᠢᠯᠡᠵᠦ᠂ ᠨᠡᠷᠡᠨ᠎ᠤ ᠭᠡᠷᠡᠯ ᠭᠦᠢ᠍ᠴᠡᠳ ᠲᠤᠰᠴᠤ᠂ ᠢᠳᠡᠰᠢᠨ ᠨᠣᠭᠤᠭ᠎ᠠ ᠵᠢᠨ ᠥᠰᠥᠯᠲᠡ᠎ᠳᠤ ᠠᠰᠢᠭᠲᠠᠢ᠂ ᠢᠳᠡᠰᠢᠨ ᠨᠣᠭᠤᠭ᠎ᠠ ᠵᠢᠨ ᠤᠨᠠᠯᠲᠠ ᠵᠢ ᠨᠡᠮᠡᠭᠳᠡᠭᠦᠯᠬᠦ᠎ᠳᠤ ᠠᠰᠢᠭᠲᠠᠢ ᠪᠣᠯᠭ᠋ᠠᠵᠠᠢ᠃ ᠰᠠᠢ᠌ᠨ ᠰᠠᠢ᠌ᠬᠠᠨ ᠠᠭᠤᠷ ᠠᠮᠢᠰᠬᠤᠯ᠎ᠨᠢ ᠴᠦ᠍ ᠢᠳᠡᠰᠢᠨ ᠨᠣᠭᠣᠭ᠎ᠠ ᠲᠡᠭᠦᠬᠦ᠂ ᠬᠠᠳᠠᠭ᠋ᠠᠯᠠᠬᠤ ᠪᠠ ᠲᠡᠭᠡᠭᠡᠪᠦᠷᠢᠯᠡᠬᠦ᠎ᠳᠤ ᠠᠰᠢᠭᠲᠠᠢ᠂ ᠬᠠᠳᠠᠭ᠋ᠠᠯᠠᠵᠤ ᠵᠥᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠪᠠᠷᠠᠭ᠎ᠠ ᠬᠠᠩᠭ᠋ᠠᠬᠤ ᠲᠣᠭ᠎ᠠ ᠬᠡᠮᠵᠢᠶ᠎ᠡ᠎ᠨᠢ ᠠᠯᠬᠤᠮ ᠠᠯᠬᠤᠮ ᠵᠶ᠋ᠠᠷ ᠠᠭᠤᠵᠢᠭᠤ ᠪᠤᠯᠵᠠᠢ᠃ ᠲᠤᠬᠠᠶ ᠵᠢᠨ ᠭᠠᠵᠠᠷ᠎ᠤᠨ ᠢᠳᠡᠰᠢᠨ ᠨᠣᠭᠣᠭ᠎ᠠ ᠵᠢᠨ ᠭᠠᠷᠤᠯᠲᠠ ᠨᠡᠮᠡᠭᠳᠡᠵᠦ᠂ ᠣᠷᠣᠨ ᠠᠯᠤᠰᠯᠠᠨ ᠲᠣᠬᠢᠷᠠᠭᠤᠯᠤᠨ ᠲᠡᠭᠡᠭᠡᠪᠦᠷᠢᠯᠡᠬᠦ ᠲᠣᠭ᠎ᠠ ᠬᠡᠮᠵᠢᠶ᠎ᠡ ᠪᠠᠭ᠋ᠠᠰᠴᠤ᠂ ᠰᠢᠨ᠎ᠡ ᠰᠣᠷᠭᠣᠭ ᠪᠠᠶ᠋ᠢᠯᠭ᠋ᠠᠬᠤ ᠥᠪᠡᠷ᠎ᠤᠨ ᠥᠷᠲᠡᠭ᠎ᠨᠢ ᠪᠠᠭ᠋ᠠᠰᠴᠤ᠂ ᠡᠵᠡᠩᠨᠡᠯᠲᠡ ᠵᠢᠨ ᠥᠪᠡᠷ᠎ᠤᠨ ᠥᠷᠲᠡᠭ᠎ᠨᠢ ᠳᠣᠤᠷ᠎ᠠ᠂ ᠢᠳᠡᠰᠢᠨ ᠨᠣᠭᠣᠭ᠎ᠠ ᠵᠢᠨ ᠦᠨ᠎ᠡ ᠵᠢᠨ ᠭᠠᠷᠬᠠᠨ ᠬᠠᠷᠢᠴᠠᠯ ᠪᠠᠭᠤᠷᠠᠬᠤ ᠵᠢ ᠳᠠᠢ᠌ᠴᠢᠯᠠᠪᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠢᠳᠡᠰᠢᠨ ᠨᠣᠭᠤᠭ᠎ᠠ ᠵᠢᠨ ᠵᠠᠬ᠎ᠠ ᠳᠡᠯᠭᠡᠭᠦᠷ᠎ᠤᠨ ᠪᠠᠷᠠᠭ᠎ᠠ ᠵᠢᠨ ᠢᠷᠡᠯᠲᠡ ᠭᠦᠢ᠍ᠴᠡᠳ ᠪᠠᠢ᠌ᠵᠦ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠠᠷᠢᠯᠴᠠᠨ ᠢᠯᠡᠷᠡᠵᠦ ᠶᠠᠪᠤᠭᠳᠠᠨ᠎ᠠ᠃
ᠲᠠᠪᠤ᠂ ᠵᠢᠮᠢᠰ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠨᠡᠮᠡᠭᠳᠡᠪᠡ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠵᠢᠮᠢᠰ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 10.58 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.8%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 6.8%᠎ᠪᠠᠷ ᠨᠡᠮᠡᠭᠳᠡᠪᠡ᠃ ᠡᠭᠦᠨ᠎ᠳᠤ ᠠᠯᠮᠤᠷᠠᠳ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 12.14 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 2.3%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 11.9%᠎ᠪᠠᠷ ᠨᠡᠮᠡᠭᠳᠡᠪᠡ; ᠪᠠᠨᠠᠨᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 9.24 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 20.8%᠎ᠪᠠᠷ ᠨᠡᠮᠡᠭᠳᠡᠪᠡ; ᠦᠵᠦᠮ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 16.62 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 6.5%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠪᠠᠭᠤᠷᠠᠪᠠ᠃ ᠵᠢᠮᠢᠰ᠎ᠨᠢ ᠰᠠᠭᠤᠭ᠋ᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠭᠤᠤᠯ ᠢᠳᠡᠭᠡᠨ᠎ᠤ ᠨᠢᠭᠡ ᠪᠣᠯᠤᠭᠰᠠᠨ᠎ᠤ ᠬᠤᠪᠢ᠎ᠳᠤ᠂ ᠤᠯᠠᠷᠢᠯ᠎ᠤᠨ ᠠᠭᠤᠷ ᠠᠮᠢᠰᠬᠤᠯ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠤᠪᠢᠷᠠᠯᠲᠠ ᠵᠢᠨ ᠨᠥᠯᠥᠭᠡ᠎ᠪᠠᠷ ᠬᠡᠯᠪᠡᠯᠵᠡᠯ ᠨᠡᠯᠢᠶᠡᠳ ᠢᠯᠡᠷᠬᠡᠶ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠤᠷᠤᠭᠰᠠᠨ᠎ᠠᠴᠠ ᠤᠯᠠᠷᠢᠯ᠎ᠤᠨ ᠰᠣᠯᠢᠭᠳᠠᠯ᠎ᠤᠨ ᠨᠥᠯᠥᠭᠡ ᠵᠢ ᠭᠥᠷᠳᠡᠵᠦ᠂ ᠬᠡᠰᠡᠭ ᠡᠪᠦᠯ᠎ᠤᠨ ᠤᠯᠠᠷᠢᠯ᠎ᠤᠨ ᠵᠢᠮᠢᠰ᠎ᠤᠨ ᠲᠥᠷᠥᠯ ᠵᠦᠢ᠍ᠯ ᠵᠠᠬ᠎ᠠ ᠳᠡᠯᠭᠡᠭᠦᠷ᠎ᠠᠴᠠ ᠭᠠᠷᠪᠠ᠃ ᠨᠢᠳᠤᠨᠤᠨ᠎ᠤ ᠬᠡᠰᠡᠭ ᠵᠢᠮᠢᠰ᠎ᠤᠨ ᠭᠠᠷᠤᠯᠲᠠ ᠵᠢᠨ ᠣᠷᠣᠨ ᠳᠡᠭᠡᠷ᠎ᠡ᠎ᠨᠢ ᠬᠡᠪ᠎ᠤᠨ ᠪᠤᠰᠤ ᠠᠭᠤᠷ ᠠᠮᠢᠰᠬᠤᠯ᠎ᠳᠤ ᠤᠴᠠᠷᠠᠵᠤ᠂ ᠴᠥᠭᠡᠨ ᠪᠤᠰᠤ ᠲᠥᠷᠥᠯ ᠵᠦᠢ᠍ᠯ᠎ᠤᠨ ᠭᠠᠷᠤᠯᠲᠠ᠎ᠨᠢ ᠡᠳᠦᠶ ᠲᠡᠳᠦᠶ ᠪᠠᠭᠤᠷᠠᠵᠤ᠂ ᠡᠮᠦᠨᠡᠬᠢ ᠬᠤᠭᠤᠴᠠᠭ᠋ᠠᠨ᠎ᠤ ᠬᠣᠷᠣᠭᠳᠠᠭᠤᠯᠭ᠎ᠠ᠎ᠪᠠᠷ ᠳᠠᠮᠵᠢᠭ᠋ᠠᠳ᠂ ᠣᠳᠣᠬᠠᠨ᠎ᠳᠤ ᠬᠥᠮᠥᠷᠭᠡ᠎ᠳᠤ ᠬᠠᠷᠢᠴᠠᠩᠭᠤᠶ᠎ᠪᠠᠷ ᠨᠡᠯᠢᠶᠡᠳ ᠴᠥᠭᠡᠨ ᠪᠠᠶ᠋ᠢᠵᠤ᠂ ᠵᠠᠬ᠎ᠠ ᠳᠡᠯᠭᠡᠭᠦᠷ ᠳᠡᠭᠡᠷ᠎ᠡ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠢᠮᠢᠰ᠎ᠤᠨ ᠲᠥᠷᠥᠯ ᠵᠦᠢ᠍ᠯ ᠵᠢᠴᠢ ᠲᠣᠭ᠎ᠠ ᠬᠡᠮᠵᠢᠶ᠎ᠡ᠎ᠨᠢ ᠪᠠᠭ᠋ᠠᠰᠤᠭᠰᠠᠨ ᠪᠠᠶ᠋ᠢᠨ᠎ᠠ᠃ ᠲᠤᠬᠠᠶ ᠵᠢᠨ ᠭᠠᠵᠠᠷ᠎ᠤᠨ ᠵᠢᠮᠢᠰ᠎ᠤᠨ ᠭᠠᠷᠤᠯᠲᠠ ᠨᠡᠯᠢᠶᠡᠳ ᠴᠥᠭᠡᠨ ᠪᠠᠶ᠋ᠢᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠭᠤᠣᠯᠳᠠᠭᠤ ᠭᠠᠳᠠᠷ ᠣᠷᠣᠨ᠎ᠠᠴᠠ ᠰᠢᠯᠵᠢᠭᠦᠯᠦᠨ ᠲᠡᠭᠡᠭᠡᠪᠦᠷᠢᠯᠡᠬᠦ᠎ᠪᠠᠷ ᠭᠤᠣᠯ ᠪᠣᠯᠭ᠋ᠠᠵᠤ᠂ ᠬᠠᠳᠠᠭ᠋ᠠᠯᠠᠵᠤ ᠵᠥᠭᠡᠭᠡᠪᠦᠷᠢᠯᠡᠬᠦ ᠪᠠ ᠡᠵᠡᠩᠨᠡᠬᠦ ᠥᠪᠡᠷ᠎ᠤᠨ ᠦᠷᠳᠡᠭ ᠨᠡᠮᠡᠭᠳᠡᠵᠦ᠂ ᠵᠢᠮᠢᠰ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠤᠨ ᠥᠰᠥᠯᠲᠡ ᠵᠢ ᠬᠠᠮᠲᠤ᠎ᠪᠠᠷ ᠲᠦᠯᠬᠢᠨ ᠠᠬᠢᠭᠤᠯᠤᠨ᠎ᠠ᠃ ᠵᠢᠱ᠌ᠢᠯᠲᠡ᠎ᠪᠠᠷ ᠵᠢᠮᠢᠰ᠎ᠤᠨ ᠵᠠᠬ᠎ᠠ ᠳᠡᠯᠭᠡᠭᠦᠷ᠎ᠤᠨ ᠡᠷᠭᠢᠯᠲᠡ ᠦᠨ᠎ᠡ ᠲᠣᠭᠲᠠᠭᠤᠨ ᠶᠠᠪᠤᠭᠳᠠᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡᠲᠠᠢ ᠶᠠᠪᠤᠭᠳᠠᠨ᠎ᠠ᠃
ᠵᠢᠷᠭᠤᠭ᠎ᠠ᠂ ᠤᠰᠤᠨ ᠭᠠᠷᠤᠯᠲᠠ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠨᠡᠮᠡᠭᠳᠡᠪᠡ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠤᠰᠤᠨ ᠭᠠᠷᠤᠯᠲᠠ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 28.4 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.7%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.2% ᠵᠶ᠋ᠠᠷ ᠪᠠᠭᠤᠷᠠᠪᠠ᠃ ᠡᠭᠦᠨ᠎ᠳᠤ ᠮᠥᠷᠭᠦ ᠵᠢᠭ᠋ᠠᠰᠤᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 18.35 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.3%᠎ᠪᠠᠷ ᠨᠡᠮᠡᠭᠳᠡᠵᠦ; ᠠᠳᠠᠯᠢ ᠬᠤᠭᠤᠴᠠᠭ᠋ᠠᠨ᠎ᠤ᠎ᠬᠢ᠎ᠠᠴᠠ 4.2% ᠵᠶ᠋ᠠᠷ ᠨᠡᠮᠡᠭᠳᠡᠪᠡ; ᠠᠯᠠᠭ᠋ᠠᠨᠠ ᠰᠣᠭᠤᠰᠤ ᠵᠢᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 18.61 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.4%᠎ᠪᠠᠷ ᠪᠠᠭᠤᠷᠠᠪᠠ; ᠠᠮᠤᠷ ᠵᠢᠭ᠋ᠠᠰᠤᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 19.97 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 2.1%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 0.8%᠎ᠪᠠᠷ ᠨᠡᠮᠡᠭᠳᠡᠪᠡ᠃ ᠬᠢᠨᠠᠨ ᠬᠡᠮᠵᠢᠬᠦ ᠰᠠᠷ᠎ᠠ᠎ᠳᠤ ᠤᠷᠤᠵᠦ᠂ ᠤᠰᠤᠨ ᠭᠠᠷᠤᠯᠲᠠ ᠵᠢᠨ ᠬᠡᠷᠡᠭᠯᠡᠭᠡᠨ᠎ᠤ ᠬᠡᠷᠡᠭᠴᠡᠭᠡ ᠪᠠᠭ᠋ᠠᠰᠴᠤ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭᠤᠷᠠᠵᠠᠢ᠃ ᠲᠡᠵᠢᠭᠡᠨ ᠦᠷᠡᠵᠢᠭᠦᠯᠬᠦ ᠡᠷᠦᠬᠡ ᠵᠠᠬ᠎ᠠ ᠳᠡᠯᠭᠡᠭᠦᠷ᠎ᠢ ᠠᠵᠢᠭᠯᠠᠬᠤ ᠤᠷᠮ᠎ᠠ ᠵᠣᠷᠢᠭ ᠥᠳᠬᠡᠷᠡᠵᠦ᠂ ᠤᠰᠤᠨ ᠭᠠᠷᠤᠯᠲᠠ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠲᠤᠭ᠎ᠠ ᠬᠡᠮᠵᠢᠶ᠎ᠡ ᠪᠠᠭ᠋ᠠᠰᠴᠤ᠂ ᠦᠨ᠎ᠡ ᠬᠠᠩᠰᠢ ᠵᠢᠨ ᠬᠠᠷᠢᠴᠠᠯ ᠥᠰᠬᠦ ᠵᠢ ᠲᠦᠯᠬᠢᠨ ᠠᠬᠢᠭᠤᠯᠪᠠ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠤᠰᠤᠨ ᠭᠠᠷᠤᠯᠲᠠ ᠵᠢᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠡᠷᠭᠢᠯᠲᠡ ᠵᠢᠨ ᠦᠨ᠎ᠡ ᠲᠣᠭᠲᠠᠭᠤᠨ ᠪᠣᠯᠬᠤ ᠪᠣᠯᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡᠲᠠᠢ ᠶᠠᠪᠤᠭᠳᠠᠨ᠎ᠠ᠃
ᠲᠤᠯᠤᠭ᠎ᠠ᠂ ᠠᠮᠳᠠ ᠤᠷᠤᠭᠤᠯᠬᠤ ᠡᠳ᠋ ᠪᠠ ᠤᠤᠭᠤᠬᠤ ᠤᠰᠤᠨ᠎ᠤ ᠦᠨ᠎ᠠ ᠬᠠᠨᠭ᠌ᠰᠢ ᠵᠢᠨ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠪᠠᠭᠤᠷᠠᠪᠠ
ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 5 ᠳ᠋ᠤᠭ᠋ᠠᠷ ᠰᠠᠷ᠎ᠠ᠎ᠳᠤ ᠠᠮᠲᠠ ᠣᠷᠣᠭᠤᠯᠬᠤ ᠡᠳ᠋᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 7.26 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 1.1% ᠪᠠᠷ ᠪᠠᠭᠤᠷᠠᠵᠤ; ᠠᠳᠠᠯᠢ ᠬᠤᠭᠤᠴᠠᠭ᠋ᠠᠨ᠎ᠤ᠎ᠬᠢ᠎ᠠᠴᠠ 2.0% ᠵᠶ᠋ᠠᠷ ᠨᠡᠮᠡᠭᠳᠡᠪᠡ᠃ ᠡᠭᠦᠨ᠎ᠳᠤ ᠢᠳᠡᠰᠢᠨ ᠳᠠᠪᠤᠰᠤᠨ᠎ᠤ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 4.97 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠪᠠᠭᠤᠷᠠᠪᠠ; ᠰᠢᠬᠢᠷ᠎ᠤᠨ ᠳᠤᠮᠳᠠᠴᠢ ᠦᠨᠡᠨ᠎ᠢ ᠺᠢᠯᠣᠭ᠌ᠷᠠᠮ ᠪᠦᠷᠢ᠎ᠳᠤ᠎ᠪᠠᠨ 9.55 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠨᠡᠮᠡᠭᠳᠡᠪᠡ; ᠤᠤᠭᠤᠬᠤ ᠤᠰᠤᠨ᠎ᠤ ᠳᠤᠮᠳᠠᠴᠢ ᠦᠨᠡᠨ᠎ᠢ ᠯᠢᠲᠷ ᠪᠦᠷᠢ᠎ᠳᠤ᠎ᠪᠠᠨ 2.43 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.4%᠎ᠪᠠᠷ ᠪᠠᠭᠤᠷᠠᠵᠦ; ᠠᠳᠠᠯᠢ ᠬᠤᠭᠤᠴᠠᠭ᠋ᠠᠨ᠎ᠤ᠎ᠬᠢ᠎ᠠᠴᠠ 2.2% ᠵᠶ᠋ᠠᠷ ᠨᠡᠮᠡᠭᠳᠡᠪᠡ᠃ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠬᠠᠩᠭ᠋ᠠᠯᠭ᠎ᠠ᠎ᠨᠢ ᠲᠣᠭᠲᠠᠭᠤᠨ ᠪᠠᠢ᠌ᠵᠦ᠂ ᠡᠵᠡᠩᠨᠡᠨ ᠪᠣᠷᠣᠯᠠᠭᠤᠯᠬᠤ ᠬᠤᠳᠠᠯᠳᠤᠭ᠎ᠠ ᠪᠠᠷᠠᠭ᠎ᠠ ᠵᠢᠨ ᠢᠷᠡᠯᠲᠡ ᠭᠦᠢ᠍ᠴᠡᠳ ᠪᠠᠢ᠌ᠨ᠎ᠠ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠨᠥᠯᠥᠭᠡ᠎ᠠᠴᠠ ᠪᠣᠯᠵᠤ᠂ ᠦᠨ᠎ᠡ ᠬᠠᠩᠰᠢ᠎ᠨᠢ ᠨᠠᠰᠢ ᠴᠠᠰᠢ ᠪᠠᠭ᠎ᠠ ᠬᠡᠮᠵᠢᠶ᠎ᠡ᠎ᠪᠠᠷ ᠬᠡᠯᠪᠡᠯᠵᠡᠵᠦ᠂ ᠥᠰᠦᠯᠲᠡ ᠪᠠᠭᠤᠷᠠᠯᠲᠠ ᠵᠢᠨ ᠬᠡᠮᠵᠢᠶ᠎ᠡ᠎ᠨᠢ ᠴᠥᠮ ᠬᠡᠪ᠎ᠤᠨ ᠬᠡᠪᠴᠢᠶᠡᠨ᠎ᠳᠤ ᠪᠠᠢ᠌ᠨ᠎ᠠ᠃
(ᠲᠣᠳᠣᠷᠬᠠᠶ᠋ᠢᠯᠠᠬᠤ᠎ᠨᠢ᠄ ᠳᠡᠭᠡᠷᠡᠬᠢ ᠦᠨ᠎ᠡ ᠬᠠᠩᠰᠢ᠎ᠨᠢ ᠴᠥᠮ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ)