ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠬᠤᠸᠠᠩ ᠶᠠ ᠯᠢ ᠳᠤᠮᠳᠠᠳᠤ ᠤᠯᠤᠰ᠎ᠤᠨ ᠭᠤᠸᠠᠩ ᠳ᠋ᠠ ᠪᠠᠩᠬᠢ᠎ᠶ᠋ᠢᠨ ᠬᠥᠬᠡᠬᠤᠲᠠ᠎ᠳᠠᠬᠢ ᠬᠤᠪᠢᠶᠠᠷᠢ ᠪᠠᠩᠬᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠪᠠᠩᠬᠢ᠎ᠶ᠋ᠢᠨ ᠳᠠᠷᠤᠭ᠎ᠠ ᠵᠧᠤ ᠢ ᠮᠢᠨ ᠨᠡᠷ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-12-10

  12  ᠳ᠋ᠤᠭ᠋ᠠᠷ ᠰᠠᠷ᠎ᠠ᠎ᠶ᠋ᠢᠨ 9 ᠎ᠤ ᠡᠳᠦᠷ᠂ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠬᠤᠸᠠᠩ ᠶᠠ ᠯᠢ ᠳᠤᠮᠳᠠᠳᠤ ᠤᠯᠤᠰ᠎ᠤᠨ ᠭᠤᠸᠠᠩ ᠳ᠋ᠠ ᠪᠠᠩᠬᠢ᠎ᠶ᠋ᠢᠨ ᠬᠥᠬᠡᠬᠤᠲᠠ᠎ᠳᠠᠬᠢ ᠬᠤᠪᠢᠶᠠᠷᠢ ᠪᠠᠩᠬᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠪᠠᠩᠬᠢ᠎ᠶ᠋ᠢᠨ ᠳᠠᠷᠤᠭ᠎ᠠ ᠵᠧᠦ ᠢ ᠮᠢᠨ ᠨᠡᠷ᠎ᠲᠠᠢ ᠠᠭᠤᠯᠵᠠᠵᠤ᠂ ᠬᠤᠶᠠᠷ ᠲᠠᠯ᠎ᠠ᠎ᠪᠠᠷ᠎ᠢᠶᠠᠨ ᠵᠠᠰᠠᠭ ᠪᠠᠩᠬᠢ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠲᠤᠬᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃

  ᠬᠤᠸᠠᠩ ᠶᠠ ᠯᠢ ᠵᠧᠦ ᠢ ᠮᠢᠨ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠤᠯᠤᠰ᠎ᠤᠨ ᠣᠯᠠᠨ ᠵᠦᠢᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ ᠳᠤᠤᠷ᠎ᠠ᠂ ᠠᠯᠠᠱᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠨᠢ ᠱᠢᠵᠢᠷ ᠠᠯᠲᠠᠨ ᠠᠵᠠ ᠲᠣᠬᠢᠶᠠᠯᠳᠤ ᠬᠤᠭᠤᠴᠠᠭ᠎ᠠ᠂ ᠵᠠᠩᠭᠢᠯᠠᠭ᠎ᠠ᠎ᠶ᠋ᠢᠨ ᠴᠤᠩᠬᠤᠪᠴᠢ᠎ᠶ᠋ᠢᠨ ᠬᠤᠭᠤᠴᠠᠭ᠎ᠠ᠎ᠶ᠋ᠢ ᠤᠭ᠍ᠲᠤᠨ ᠠᠪᠴᠢᠷᠠᠵᠤ᠂ 1 ᠮᠢᠩᠭᠠᠨ ᠳ᠋ᠦᠩᠱᠢᠭᠤᠷ ᠪᠠ 3 ᠵᠠᠭᠤᠨ ᠳ᠋ᠦᠩᠱᠢᠭᠤᠷ ᠲᠠᠰ᠎ᠤᠨ ᠠᠵᠤ ᠦᠢᠯᠡᠳᠪᠦᠷᠢ᠎ᠶ᠋ᠢᠨ ᠬᠦᠷᠢᠶᠡᠯᠡᠩ ᠵᠢᠴᠢ 5 ᠵᠠᠭᠤᠨ ᠳ᠋ᠦᠩᠱᠢᠭᠤᠷ ᠲᠠᠰ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠪᠦᠯᠦᠭ᠌ᠵᠢᠯ᠎ᠢ ᠲᠥᠯᠥᠪᠵᠢᠭᠦᠯᠦᠨ ᠠᠬᠢᠭᠤᠯᠵᠤ᠂ ᠬᠦᠴᠦᠨ᠎ᠢᠶᠠᠨ ᠲᠥᠪᠯᠡᠷᠡᠭᠦᠯᠦᠨ ᠳ᠋ᠦᠩᠱᠢᠭᠤᠷ ᠺᠢᠯᠣᠸᠠᠲ᠎ᠤᠨ ᠲᠠᠰ᠎ᠤᠨ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ ᠭᠠᠵᠠᠷ ᠪᠠ ᠣᠷᠣᠨ ᠪᠦᠰᠡ᠎ᠶ᠋ᠢᠨ ᠥᠪᠡᠷᠲᠡᠭᠡᠨ ᠬᠡᠷᠡᠭ᠌ᠯᠡᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠂ ᠨᠣᠭᠣᠭᠠᠨ ᠴᠠᠬᠢᠯᠭᠠᠨ᠎ᠢ ᠰᠢᠭᠤᠳ ᠬᠣᠯᠪᠣᠭᠰᠠᠨ ᠵᠢᠱ᠌ᠢᠶ᠎ᠡ ᠦᠵᠡᠭᠦᠯᠬᠦ ᠣᠷᠣᠨ ᠨᠢ ᠢᠷᠡᠭᠡᠳᠦᠢ᠎ᠶᠢᠨ ᠬᠥᠭᠵᠢᠯᠲᠡ᠎ᠳᠦ ᠶᠡᠬᠡ ᠡᠷᠡᠮᠡᠯᠵᠡᠯ᠎ᠲᠠᠢ ᠪᠠᠢᠨ᠎ᠠ᠃ ᠮᠥᠩᠭᠦᠨ ᠭᠦᠢᠯᠭᠡᠭᠡ ᠪᠣᠯ ᠤᠯᠤᠰ ᠠᠷᠠᠳ᠎ᠤᠨ ᠠᠵᠤ ᠠᠬᠤᠢ᠎ᠶ᠋ᠢᠨ ᠠᠮᠢᠨ ᠰᠤᠳᠠᠰᠤ ᠮᠥᠨ᠂ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠷᠬᠡᠭ ᠶᠡᠭᠡ ᠮᠥᠩᠭᠦᠨ ᠭᠦᠢᠯᠭᠡᠭᠡᠨ᠎ᠤ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ ᠶᠤᠮ᠃ ᠭᠤᠸᠠᠩ ᠳ᠋ᠠ ᠪᠠᠩᠬᠢ ᠠᠯᠠᠱᠠ᠎ᠶ᠋ᠢᠨ ᠪᠥᠲᠥᠭᠡᠨ ᠪᠠᠢᠭᠤᠯᠤᠯᠲᠠ ᠬᠥᠭ᠌ᠵᠢᠯᠲᠡ᠎ᠳᠤ ᠢᠳᠡᠪᠬᠢᠲᠡᠶ ᠣᠷᠣᠯᠴᠠᠵᠤ᠂ ᠠᠯᠠᠱᠠ᠎ᠶ᠋ᠢᠨ ᠴᠢᠬᠤᠯᠠ ᠶᠡᠭᠡ ᠠᠵᠤ ᠦᠢᠯᠡᠰ᠎ᠤᠨ ᠪᠠᠢᠷᠢᠱᠢᠭᠤᠯᠤᠯᠲᠠ᠂ ᠭᠤᠤᠯᠳᠠᠯᠭ᠎ᠠ᠎ᠲᠠᠢ ᠲᠥᠷᠥᠯ ᠵᠦᠢᠯ᠎ᠢ ᠠᠬᠢᠭᠤᠯᠬᠤ᠂ ᠰᠠᠭᠤᠷᠢ ᠲᠥᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠤ ᠨᠠᠩ ᠴᠢᠨᠠᠷ ᠰᠠᠢᠲᠠᠶ᠂ ᠣᠨᠣᠪᠴᠢᠲᠠᠶ᠂ ᠳᠥᠭᠦᠮ ᠳᠥᠲᠡ ᠶᠡᠷᠦᠩᠬᠡᠢᠯᠡᠭ᠌ᠰᠡᠨ ᠮᠥᠩᠭᠦᠨ ᠭᠦᠢᠯᠭᠡᠭᠡᠨ᠎ᠤ ᠦᠢᠯᠡᠴᠢᠯᠡᠭᠡ ᠬᠠᠩᠭᠠᠵᠤ᠂ ᠥᠨᠳᠥᠷ ᠲᠦᠪᠱᠢᠨ ᠪᠥᠬᠦᠶ ᠮᠥᠩᠭᠦᠨ ᠭᠦᠢᠯᠭᠡᠭᠡᠨ᠎ᠢᠶᠠᠷ ᠠᠯᠠᠱᠠ᠎ᠶ᠋ᠢᠨ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠤ ᠬᠦᠴᠦᠨ ᠨᠡᠮᠡᠷᠢᠯᠡᠵᠦ᠂ ᠬᠠᠷᠢᠯᠴᠠᠨ ᠬᠠᠷᠠᠭᠠᠯᠵᠠᠵᠤ ᠬᠠᠮᠲᠤ᠎ᠪᠠᠷ ᠠᠱᠢᠭ ᠭᠥᠷᠳᠡᠬᠦ᠌ ᠱᠢᠨ᠎ᠡ ᠪᠠᠢᠳᠠᠯ᠎ᠢ ᠭᠠᠷ ᠬᠤᠯᠪᠣᠨ ᠡᠭᠦᠳᠬᠦ᠌᠎ᠶ᠋ᠢ ᠬᠦᠰᠡᠵᠦ᠍ ᠪᠠᠢᠨ᠎ᠠ ᠭᠡᠪᠡ᠃

  ᠵᠧᠦ ᠢ ᠮᠢᠨ ᠠᠯᠠᠱᠠ ᠠᠢᠮᠠᠭ᠎ᠤᠨ ᠨᠠᠮ᠎ᠤᠨ ᠬᠤᠷᠢᠶ᠎ᠠ᠂ ᠵᠠᠬᠢᠷᠭ᠎ᠠ᠎ᠶ᠋ᠢᠨ ᠭᠤᠸᠠᠩ ᠳ᠋ᠠ ᠪᠠᠩᠬᠢ᠎ᠶ᠋ᠢᠨ ᠬᠥᠬᠡᠬᠤᠲᠠ᠎ᠳᠠᠬᠢ ᠬᠤᠪᠢᠶᠠᠷᠢ ᠪᠠᠩᠬᠢ᠎ᠶ᠋ᠢᠨ ᠬᠥᠭ᠌ᠵᠢᠯᠲᠡ᠎ᠳᠤ ᠦᠵᠡᠭᠦᠯᠦᠭ᠌ᠰᠡᠨ ᠳᠡᠮᠵᠢᠯᠭᠡ᠎ᠳᠤ ᠲᠠᠯᠠᠷᠬᠠᠪᠠ᠃ ᠲᠡᠷᠡ᠂ ᠠᠯᠠᠱᠠ᠎ᠶ᠋ᠢᠨ ᠡᠬᠢ ᠪᠠᠶᠠᠯᠢᠭ ᠲᠤᠪᠤᠢᠮ᠎ᠠ᠂ ᠠᠵᠤ ᠦᠢᠯᠡᠰ᠎ᠤᠨ ᠰᠠᠭᠤᠷᠢ ᠯᠠᠪᠳᠠᠭᠤᠨ᠂ ᠬᠠᠷᠢᠴᠠᠩᠭᠤᠢ ᠳᠠᠪᠠᠭᠤᠯᠢᠭ ᠢᠯᠡᠷᠬᠡᠢ᠂ ᠵᠠᠰᠠᠭ ᠪᠠᠩᠬᠢ᠎ᠶ᠋ᠢᠨ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠪᠠᠢᠨ᠎ᠠ᠃ ᠪᠠᠩᠬᠢ᠎ᠨᠢ ᠶᠡᠷᠦᠩᠬᠡᠢᠯᠡᠭ᠌ᠰᠡᠨ ᠴᠢᠨᠠᠷᠲᠠᠶ ᠮᠥᠩᠭᠦᠨ ᠭᠦᠢᠯᠭᠡᠭᠡᠨ᠎ᠤ ᠪᠦᠯᠦᠭ᠌ᠯᠡᠯ᠎ᠤᠨ ᠳᠠᠪᠠᠭᠤᠯᠢᠭ᠎ᠢᠶᠠᠨ ᠬᠦᠢᠴᠡᠳ ᠪᠠᠳᠠᠷᠠᠭᠤᠯᠵᠤ᠂ ᠠᠯᠠᠱᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠠᠢ ᠤᠨᠤᠴᠠᠲᠠᠢ ᠵᠣᠯᠭᠠᠭᠤᠯᠵᠤ᠂ ᠦᠢᠯᠡᠴᠢᠯᠡᠭᠡ ᠬᠠᠩᠭᠠᠯᠭ᠎ᠠ ᠪᠠ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠮᠥᠩᠭᠦᠨ ᠭᠦᠢᠯᠭᠡᠭᠡᠨ᠎ᠤ ᠡᠬᠢ ᠪᠠᠶᠠᠯᠢᠭ᠎ᠢ ᠠᠯᠠᠱᠠ᠎ᠳᠤ ᠣᠷᠣᠭᠤᠯᠬᠤ᠎ᠶ᠋ᠢ ᠠᠬᠢᠭᠤᠯᠵᠤ᠂ ᠠᠯᠠᠱᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠨᠠᠩ ᠣᠯᠠᠨ ᠡᠬᠢ ᠪᠠᠶᠠᠯᠢᠭ ᠬᠠᠩᠭᠠᠨ᠎ᠠ᠃

 

 

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠠᠯᠠᠱᠠ ᠠᠢᠮᠠᠭ᠎ᠤᠨ ᠬᠠᠮ ᠵᠠᠭᠤᠴᠢᠯᠠᠭᠤᠷ᠎ᠤᠨ ᠸᠢᠴᠠᠲ᠎ᠤᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            