12 ᠳ᠋ᠤᠭ᠋ᠠᠷ ᠰᠠᠷ᠎ᠠ᠎ᠶ᠋ᠢᠨ 11᠎ᠤ ᠡᠳᠦᠷ᠂ ᠪᠥᠸᠧ ᠶᠤᠸᠠᠨ ᠠᠯᠠᠱᠠ᠎ᠶ᠋ᠢᠨ ᠲᠠᠩᠰᠤᠭ᠎ᠤᠨ ᠪᠠᠢ᠌ᠭ᠋ᠠᠯᠢᠯᠢᠭ ᠬᠤᠵᠢᠷ᠎ᠢ ᠨᠡᠭᠡᠭᠡᠨ ᠠᠱᠢᠭ᠍ᠯᠠᠬᠤ ᠬᠤᠶᠠᠳᠤᠭᠠᠷ ᠬᠤᠭᠤᠴᠠᠭᠠᠨ᠎ᠤ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠬᠤ ᠶᠣᠰᠣᠯᠠᠯ ᠪᠥᠸᠧ ᠶᠤᠸᠠᠨ ᠢᠩᠭᠡᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠳᠤ ᠶᠠᠪᠤᠭ᠍ᠳᠠᠪᠠ᠃
ᠪᠥᠸᠧ ᠶᠤᠸᠠᠨ ᠠᠯᠠᠱᠠ᠎ᠶ᠋ᠢᠨ ᠲᠠᠩᠰᠤᠭ᠎ᠤᠨ ᠪᠠᠢ᠌ᠭ᠋ᠠᠯᠢᠯᠢᠭ ᠬᠤᠵᠢᠷ᠎ᠢ ᠨᠡᠭᠡᠭᠡᠨ ᠠᠱᠢᠭ᠍ᠯᠠᠬᠤ ᠲᠥᠷᠥᠯ ᠵᠦᠢᠯ᠎ᠢ 2020 ᠣᠨ᠎ᠤ 6 ᠳ᠋ᠤᠭ᠋ᠠᠷ ᠰᠠᠷ᠎ᠠ᠎ᠳᠤ ᠡᠬᠢᠯᠡᠨ ᠪᠠᠢᠭᠤᠯᠵᠤ᠂ ᠵᠢᠯ᠎ᠳᠤ 780 ᠲᠦᠮᠡᠨ ᠲᠣᠨ ᠴᠡᠪᠡᠷ ᠬᠤᠵᠢᠷ᠂ 200 ᠲᠦᠮᠡᠨ ᠲᠣᠨ ᠪᠠᠭ᠎ᠠ ᠰᠤᠳᠠ ᠦᠢᠯᠡᠳᠪᠦᠷᠢᠯᠡᠬᠦ᠌ ᠪᠠᠷ ᠲᠥᠯᠥᠪᠵᠢᠭᠦᠯᠪᠡ᠃ ᠲᠥᠷᠥᠯ ᠵᠦᠢᠯ᠎ᠤᠨ ᠨᠢᠭᠡᠳᠦᠭᠡᠷ ᠬᠤᠭᠤᠴᠠᠭᠠᠨ᠎ᠳᠤ ᠵᠢᠯ᠎ᠳᠤ 500 ᠲᠦᠮᠡᠨ ᠲᠣᠨ ᠴᠡᠪᠡᠷ ᠬᠤᠵᠢᠷ᠂ 40 ᠲᠦᠮᠡᠨ ᠲᠣᠨ ᠪᠠᠭ᠎ᠠ ᠰᠤᠳᠠ᠎ᠶᠢᠨ ᠲᠦᠬᠦᠭᠡᠷᠦᠮᠵᠢ᠎ᠶᠢ ᠪᠦᠲᠦᠭᠡᠨ ᠪᠠᠢ᠌ᠭᠤᠯᠵᠤ᠂ 2023 ᠣᠨ᠎ᠤ 6 ᠳ᠋ᠤᠭ᠋ᠠᠷ ᠰᠠᠷ᠎ᠠ᠎ᠳᠤ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠤᠨ᠂ ᠳᠠᠷᠠᠭ᠎ᠠ ᠵᠢᠯ᠎ᠨᠢ ᠦᠢᠯᠡᠳᠪᠦᠷᠢᠯᠡᠯ᠎ᠤᠨ ᠪᠠᠷᠢᠮᠵᠢᠶ᠎ᠠ᠎ᠳᠤ ᠬᠦᠷᠬᠦ᠌᠎ᠶ᠋ᠢ ᠪᠡᠶᠡᠯᠡᠭᠦᠯᠪᠡ; ᠬᠤᠶᠠᠳᠤᠭᠠᠷ ᠬᠤᠭᠤᠴᠠᠭᠠᠨ᠎ᠳᠤ ᠵᠢᠯ᠎ᠳᠤ 280 ᠲᠦᠮᠡᠨ ᠲᠣᠨ ᠴᠡᠪᠡᠷ ᠬᠤᠵᠢᠷ᠂ 40 ᠲᠦᠮᠡᠨ ᠲᠣᠨ ᠪᠠᠭ᠎ᠠ ᠰᠤᠳᠠ ᠶᠢᠨ ᠲᠥᠬᠦᠭᠡᠷᠦᠮᠵᠢ ᠵᠢᠴᠢ 120 ᠲᠦᠮᠡᠨ ᠲᠣᠨ ᠪᠠᠭ᠎ᠠ ᠰᠤᠳᠠ᠎ᠶᠢᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠬᠤᠷᠢᠶᠠᠵᠦ ᠶᠡᠷᠦᠩᠬᠡᠢᠯᠡᠨ ᠠᠰᠢᠭ᠍ᠯᠠᠬᠤ ᠲᠥᠷᠥᠯ ᠵᠦᠢᠯ᠂ 2023 ᠣᠨ᠎ᠤ ᠡᠴᠦᠰ᠎ᠲᠤ ᠡᠬᠢᠯᠡᠨ ᠪᠠᠢᠭᠤᠯᠵᠤ᠂ ᠴᠡᠪᠡᠷ ᠬᠤᠵᠢᠷ᠎ᠤᠨ ᠲᠤᠨᠤᠭ ᠲᠥᠬᠦᠭᠡᠷᠦᠮᠵᠢ᠎ᠶ᠋ᠢ ᠡᠨᠡ ᠵᠢᠯ᠎ᠤᠨ 12 ᠳ᠋ᠤᠭ᠋ᠠᠷ ᠰᠠᠷ᠎ᠠ᠎ᠳᠤ ᠡᠬᠢᠯᠡᠨ ᠪᠠᠢᠭᠤᠯᠵᠤ᠂ ᠨᠢᠭᠡᠳᠦᠭᠡᠷ ᠦᠢᠯᠡᠳᠪᠦᠷᠢᠯᠡᠯ᠎ᠦᠨ ᠱᠤᠭᠤᠮ ᠨᠢ 12 ᠳ᠋ᠤᠭ᠋ᠠᠷ ᠰᠠᠷ᠎ᠠ ᠶ᠋ᠢᠨ 9 ᠤ ᠡᠳᠦᠷ ᠦᠢᠯᠡᠳᠬᠦᠨ ᠢ᠋ᠶ᠋ᠡᠨ ᠤᠷᠤᠭᠰᠢᠲᠠᠢ᠎ᠪᠠᠷ ᠦᠢᠯᠡᠳᠪᠦᠷᠢᠯᠡᠵᠦ᠂ ᠪᠤᠰᠤᠳ ᠦᠢᠯᠡᠳᠪᠦᠷᠢᠯᠡᠯ᠎ᠤᠨ ᠱᠤᠭᠤᠮ᠎ᠢ ᠵᠠᠯᠭᠠᠭ᠎ᠠ᠎ᠪᠠᠷ ᠠᠱᠢᠭ᠍ᠯᠠᠯᠲᠠ᠎ᠳᠤ ᠣᠷᠣᠭᠤᠯᠬᠤ ᠪᠣᠯᠤᠨ᠎ᠠ᠃ ᠲᠥᠷᠥᠯ ᠵᠦᠢᠯ ᠪᠦᠬᠦ᠌ ᠲᠠᠯ᠎ᠠ᠎ᠪᠠᠷ ᠠᠱᠢᠭ᠍ᠯᠠᠯᠲᠠ᠎ᠳᠤ ᠣᠷᠣᠭ᠍ᠰᠠᠨ᠎ᠤ ᠳᠠᠷᠠᠭ᠎ᠠ᠂ ᠴᠡᠪᠡᠷ ᠬᠤᠵᠢᠷ᠂ ᠪᠠᠭ᠎ᠠ ᠰᠤᠳᠠ ᠵᠢᠯ᠎ᠤᠨ ᠦᠢᠯᠡᠳᠪᠦᠷᠢᠯᠡᠯ 1000 ᠲᠦᠮᠡᠨ ᠲᠣᠨ᠎ᠢ ᠳᠠᠪᠠᠵᠤ᠂ ᠵᠢᠱ᠌ᠢᠯᠲᠡ᠎ᠪᠠᠷ ᠦᠢᠯᠡᠳᠬᠦᠨ᠎ᠤ ᠥᠷᠲᠡᠭ᠎ᠨᠢ 120 ᠳ᠋ᠦᠩᠱᠢᠭᠤᠷ ᠲᠥᠭᠦᠷᠢᠭ᠎ᠢ ᠳᠠᠪᠠᠵᠤ᠂ ᠬᠤᠪᠢ ᠨᠡᠮᠡᠷᠢ᠎ᠶ᠋ᠢᠨ ᠭᠠᠢᠯᠢ ᠲᠠᠲᠠᠪᠤᠷᠢ᠎ᠨᠢ 20 ᠳ᠋ᠦᠩᠱᠢᠭᠤᠷ ᠲᠥᠭᠦᠷᠢᠭ᠎ᠢ ᠳᠠᠪᠠᠬᠤ ᠪᠤᠯᠤᠨ᠎ᠠ᠃ ᠲᠣᠰ ᠲᠥᠷᠥᠯ ᠵᠦᠢᠯ ᠪᠣᠯ ᠪᠥᠸᠧ ᠶᠤᠸᠠᠨ ᠪᠠᠢ᠌ᠭ᠋ᠠᠯᠢᠯᠢᠭ ᠬᠤᠵᠢᠷ᠎ᠢ ᠭᠦᠨ ᠮᠠᠯᠲᠠᠵᠤ ᠡᠳ᠋ᠱᠢᠭᠦᠯᠦᠭ᠌ᠰᠡᠨ 40 ᠭᠠᠷᠤᠶ ᠵᠢᠯ᠎ᠤᠨ ᠣᠯᠤᠭ᠍ᠰᠠᠨ ᠴᠢᠬᠤᠯᠠ ᠶᠡᠭᠡ ᠦᠷ᠎ᠡ ᠪᠦᠲᠦᠭᠡᠯ ᠪᠣᠯᠤᠨ᠎ᠠ᠂ ᠭᠠᠷ ᠤᠷᠠᠯᠠᠯ᠎ᠤᠨ ᠮᠡᠷᠭᠡᠵᠢᠯ᠎ᠤᠨ ᠱᠢᠨ᠎ᠡ ᠡᠭᠦᠳᠦᠯᠲᠡ᠂ ᠲᠣᠨᠣᠭ ᠲᠥᠬᠦᠭᠡᠷᠦᠮᠵᠢ᠎ᠶᠢ ᠲᠣᠮᠣ᠌ ᠬᠡᠯᠪᠡᠷᠢᠵᠢᠭᠦᠯᠬᠦ᠂ ᠬᠠᠮᠢᠶᠠᠷᠤᠯᠲᠠ᠎ᠶ᠋ᠢᠨ ᠳ᠋ᠡᠢ᠌ᠲ᠋ᠠ᠎ᠶ᠋ᠢ ᠤᠶᠤᠨᠴᠢᠯᠠᠬᠤ ᠵᠡᠷᠭᠡ ᠲᠠᠯ᠎ᠠ᠎ᠪᠠᠷ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠪᠡ᠃

ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ