ᠰᠤᠷᠪᠤᠯᠵᠢᠯᠠᠭ᠍ᠴᠢ 12 ᠳ᠋ᠤᠭ᠋ᠠᠷ ᠰᠠᠷ᠎ᠠ᠎ᠶ᠋ᠢᠨ 9 ᠤ ᠡᠳᠦᠷ ᠬᠤᠷᠠᠯᠳᠤᠭ᠍ᠰᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ᠎ᠶ᠋ᠢ ᠪᠡᠶᠡᠯᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠥᠪᠥᠷ ᠮᠣᠩᠭᠤᠯ᠎ᠤᠨ ᠡᠨᠧᠷᠭᠢ᠎ᠶ᠋ᠢᠨ ᠱᠢᠰᠲ᠋ᠧᠮ᠎ᠤᠨ᠎ᠬᠢᠨ 《ᠳᠥᠷᠪᠡᠨ ᠬᠤᠪᠢᠰᠭᠠᠯ᠂ ᠨᠢᠭᠡ ᠬᠠᠮᠲᠤᠷᠠᠯᠴᠠᠭ᠎ᠠ》 ᠶ᠋ᠢᠨ ᠡᠨᠧᠷᠭᠢ᠎ᠶ᠋ᠢᠨ ᠠᠮᠤᠷ ᠲᠦᠪᠱᠢᠨ᠎ᠤ ᠱᠢᠨ᠎ᠡ ᠪᠠᠢᠯᠳᠤᠬᠤ ᠪᠣᠳᠣᠯᠭ᠎ᠠ᠎ᠶ᠋ᠢᠨ ᠲᠣᠭᠤᠷᠢᠨ᠎ᠳᠤ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠡᠨᠧᠷᠭᠢ᠎ᠶ᠋ᠢᠨ ᠰᠠᠭᠤᠷᠢ ᠪᠡᠯᠡᠳᠭᠡᠮᠵᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠨᠢᠭᠡᠨᠲᠡ 17 ᠵᠤᠷᠪᠤᠰ ᠨᠡᠭᠦᠷᠡᠰᠦᠨ᠎ᠤ ᠲᠡᠮᠦᠷ ᠵᠠᠮ᠎ᠤᠨ ᠲᠡᠭᠡᠭᠡᠪᠦᠷᠢ᠎ᠶ᠋ᠢᠨ ᠨᠡᠪᠲᠡᠷᠡᠬᠦ᠌ ᠵᠠᠮ᠎ᠢ ᠪᠠᠢᠭᠤᠯᠵᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭᠠᠨ ᠲᠣᠤᠷ᠎ᠤᠨ 《ᠲᠤᠯᠤᠭᠠᠨ ᠬᠥᠨᠳᠡᠯᠡᠨ ᠨᠢᠭᠡ ᠭᠤᠯᠳᠤ》 ᠪᠠ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠴᠠᠬᠢᠯᠭᠠᠨ ᠲᠣᠤᠷ᠎ᠤᠨ 《ᠳᠥᠷᠪᠡᠨ ᠬᠥᠨᠳᠡᠯᠡᠨ ᠵᠢᠷᠭᠤᠭᠠᠨ ᠭᠤᠯᠳᠤ》 ᠶ᠋ᠢᠨ ᠭᠤᠤᠯ ᠲᠣᠤᠷ᠎ᠤᠨ ᠪᠦᠲᠦᠴᠡ᠎ᠶ᠋ᠢ ᠪᠣᠶ ᠪᠣᠯᠭᠠᠬᠤ᠎ᠶ᠋ᠢᠨ ᠬᠠᠮᠲᠤ 《ᠨᠢᠭᠡ ᠭᠣᠣᠯ ᠬᠤᠤᠰ ᠴᠠᠭᠠᠷᠢᠭ ᠳᠥᠷᠪᠡᠨ ᠭᠠᠳᠠᠭᠰᠢ ᠬᠦᠷᠭᠡᠬᠦ》 ᠶ᠋ᠢᠨ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠬᠤᠭᠤᠯᠠᠶ᠎ᠶ᠋ᠢᠨ ᠲᠣᠤᠷ᠎ᠤᠨ ᠱᠢᠰᠲ᠋ᠧᠮ᠎ᠢ ᠲᠦᠷᠭᠡᠪᠴᠢᠯᠡᠨ ᠪᠠᠢᠷᠢᠱᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ᠎ᠶ᠋ᠢ ᠪᠥᠬᠦ᠌ ᠬᠦᠴᠦᠨ᠎ᠢᠶᠠᠷ᠎ᠢᠶᠠᠨ ᠪᠠᠲᠤᠯᠠᠪᠠ᠃
ᠨᠡᠭᠦᠷᠡᠰᠦ ᠲᠡᠭᠡᠭᠡᠪᠦᠷᠢ᠎ᠶ᠋ᠢᠨ ᠵᠠᠮ᠎ᠤᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠤᠯᠤᠰ᠎ᠤᠨ ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠬᠤ ᠰᠠᠭᠤᠷᠢᠨ ᠭᠠᠵᠠᠷ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ ᠤᠯᠤᠰ᠎ᠤᠨ ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠪᠦᠬᠦ᠌ ᠣᠷᠣᠨ᠎ᠳᠤ ᠵᠡᠭᠦᠨᠭᠠᠷ — ᠳ᠋ᠠᠲ᠋ᠦ᠋ᠩ ᠬᠦᠷᠬᠦ᠂ ᠵᠡᠭᠦᠨᠭᠠᠷ — ᠱᠦᠸᠧᠵᠧᠦ ᠬᠦᠷᠬᠦ᠂ ᠬᠣᠯᠪᠣᠭ᠎ᠠ — ᠵᠢᠢ ᠠᠨ ᠬᠦᠷᠬᠦ ᠲᠡᠮᠦᠷ ᠵᠠᠮ ᠵᠡᠷᠭᠡ 17 ᠵᠤᠷᠪᠤᠰ ᠨᠡᠭᠦᠷᠡᠰᠦᠨ᠎ᠤ ᠲᠡᠮᠦᠷ ᠵᠠᠮ᠎ᠤᠨ ᠲᠡᠭᠡᠭᠡᠪᠦᠷᠢ᠎ᠶ᠋ᠢᠨ ᠵᠠᠮ᠎ᠢ ᠪᠠᠢᠭᠤᠯᠵᠤ᠂ ᠵᠢᠯ᠎ᠳᠤ 14.5 ᠳ᠋ᠦᠩᠱᠢᠭᠤᠷ ᠲᠣᠨ ᠡᠨᠧᠷᠭᠢ ᠵᠥᠭᠡᠭᠡᠪᠦᠷᠢᠯᠡᠵᠦ᠍᠂ ᠵᠡᠭᠦᠨ ᠬᠤᠢᠲᠤ ᠣᠷᠣᠨ᠂ ᠤᠮᠠᠷᠠᠲᠤ ᠣᠷᠣᠨ᠂ ᠳᠣᠷᠣᠨᠠᠲᠤ ᠣᠷᠣᠨ᠂ ᠡᠮᠦᠨᠡᠲᠦ ᠣᠷᠣᠨ ᠪᠣᠯᠤᠨ ᠳᠤᠮᠳᠠᠳᠤ ᠣᠷᠣᠨ ᠵᠡᠷᠭᠡ ᠭᠤᠣᠯᠳᠠᠯᠭ᠎ᠠ᠎ᠲᠠᠢ ᠨᠡᠭᠦᠷᠡᠰᠦᠨ᠎ᠤ ᠬᠡᠷᠡᠭ᠌ᠯᠡᠭᠡᠨ᠎ᠤ ᠭᠠᠵᠠᠷ ᠣᠷᠣᠨ᠎ᠢ ᠨᠥᠯᠥᠭᠡᠯᠡᠵᠦ᠍᠂ ᠵᠢᠯ᠎ᠳᠤ ᠪᠠᠷᠤᠭ 7.8 ᠳ᠋ᠦᠩᠱᠢᠭᠤᠷ ᠲᠣᠨ ᠨᠡᠭᠦᠷᠡᠰᠦ ᠭᠠᠳᠠᠭ᠍ᠰᠢ ᠲᠡᠭᠡᠭᠡᠪᠦᠷᠢᠯᠡᠬᠦ᠌ ᠬᠡᠷᠡᠭ᠌ᠴᠡᠭᠡ᠎ᠶ᠋ᠢ ᠬᠦᠴᠦᠲᠡᠢ ᠪᠠᠲᠤᠯᠠᠪᠠ᠃
ᠴᠠᠬᠢᠯᠭᠠᠨ᠎ᠤ ᠲᠣᠣᠷ᠎ᠤᠨ ᠲᠣᠣᠷ᠎ᠤᠨ ᠪᠦᠲᠦᠴᠡ᠎ᠶᠢ ᠲᠠᠰᠤᠷᠠᠯᠲᠠ ᠦᠭᠡᠢ ᠬᠦᠴᠦᠷᠬᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠴᠠᠬᠢᠯᠭᠠᠨ᠎ᠤ ᠲᠣᠤᠷ᠎ᠤᠨ ᠪᠦᠷᠢᠯᠳᠦᠴᠡ᠎ᠶ᠋ᠢᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠦᠨ᠎ᠡ᠃ ᠢᠯᠠᠩᠭᠤᠶ᠎ᠠ ᠡᠨᠡ ᠵᠢᠯ 500 ᠺᠢᠯᠤᠸᠤᠯᠲ᠎ᠤᠨ ᠴᠠᠬᠢᠯᠭᠠᠨ᠎ᠤ ᠲᠣᠤᠷ᠎ᠤᠨ 42 ᠲᠥᠷᠥᠯ ᠵᠦᠢᠯ᠎ᠢ ᠱᠢᠨ᠎ᠡ᠎ᠪᠠᠷ ᠬᠢᠨᠠᠨ ᠵᠥᠪᠱᠢᠶᠡᠷᠡᠵᠦ᠍᠂ 500 ᠺᠢᠯᠤᠸᠤᠯᠲ᠎ᠤᠨ ᠴᠠᠬᠢᠯᠭᠠᠨ᠎ᠤ ᠲᠣᠤᠷ᠎ᠤᠨ 18 ᠲᠥᠷᠥᠯ ᠵᠦᠢᠯ᠎ᠢ ᠵᠢᠯ᠎ᠤᠨ ᠡᠴᠦᠰ ᠪᠣᠯᠬᠤ᠎ᠠᠴᠠ ᠡᠮᠦᠨ᠎ᠡ ᠳᠠᠬᠢᠨ 500 ᠺᠢᠯᠤᠸᠤᠯᠲ᠎ᠤᠨ ᠴᠠᠬᠢᠯᠭᠠᠨ᠎ᠤ ᠲᠣᠤᠷ᠎ᠤᠨ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ᠍᠂ ᠣᠳᠣᠬᠠᠨ᠎ᠳᠤ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭᠠᠨ᠎ᠤ ᠲᠣᠤᠷ᠎ᠨᠢ ᠨᠢᠭᠡᠨᠲᠡ 《ᠲᠤᠯᠤᠭᠠᠨ ᠬᠥᠨᠳᠡᠯᠡᠨ ᠨᠢᠭᠡ ᠭᠤᠯᠳᠤ》 ᠶ᠋ᠢᠨ ᠭᠤᠤᠯ ᠲᠣᠤᠷ᠎ᠤᠨ ᠪᠦᠲᠦᠴᠡ᠎ᠶ᠋ᠢ ᠪᠠᠢᠭᠤᠯᠵᠤ᠂ ᠪᠥᠬᠦ᠌ ᠣᠷᠣᠨ᠎ᠤ 220 ᠺᠢᠯᠤᠸᠤᠯᠲ ᠵᠢᠴᠢ ᠲᠡᠭᠦᠨ᠎ᠠᠴᠠ ᠳᠡᠭᠡᠭ᠌ᠰᠢᠬᠢ ᠱᠤᠭᠤᠮ᠎ᠤᠨ ᠶᠡᠷᠦᠩᠬᠡᠶ ᠣᠷᠳᠣᠨ᠎ᠢ 6.7 ᠲᠦᠮᠡᠨ ᠺᠢᠯᠣᠮᠧᠲᠷ ᠪᠠᠢᠵᠤ᠂ ᠡᠨᠡ ᠨᠢ ᠳᠡᠯᠡᠬᠡᠢ᠎ᠶᠢᠨ ᠪᠥᠮᠪᠥᠷᠴᠡᠭ᠎ᠢ 1.6 ᠡᠷᠭᠢᠭᠰᠡᠨ᠎ᠲᠠᠢ ᠲᠡᠩᠴᠡᠨ᠎ᠡ᠂ ᠴᠠᠬᠢᠯᠭᠠᠨ ᠬᠦᠴᠦᠨ᠎ᠤ ᠭᠠᠳᠠᠭ᠍ᠰᠢ ᠳᠠᠮᠵᠢᠭᠤᠯᠬᠤ ᠴᠢᠳᠠᠪᠤᠷᠢ᠎ᠨᠢ ᠪᠠᠷᠤᠭ 7500 ᠲᠦᠮᠡᠨ ᠺᠢᠯᠤᠸᠤᠯᠲ ᠪᠠᠢᠵᠤ᠂ ᠴᠠᠬᠢᠯᠭᠠᠨ ᠬᠦᠴᠦᠨ᠎ᠤ ᠬᠠᠩᠭᠠᠯᠭ᠎ᠠ ᠪᠠ ᠱᠢᠨ᠎ᠡ ᠡᠨᠧᠷᠭᠢ᠎ᠶ᠋ᠢ ᠴᠤᠭ᠍ᠯᠠᠭᠤᠯᠬᠤ᠂ ᠬᠦᠷᠭᠡᠬᠦ᠌ ᠪᠠ ᠱᠢᠩᠭᠡᠭᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠦᠴᠦᠲᠡᠶ ᠪᠠᠲᠤᠯᠠᠪᠠ᠃
ᠲᠣᠰᠣ ᠬᠡᠢ ᠪᠠ ᠤᠰᠤᠲᠥ᠋ᠷᠥᠭ᠌ᠴᠢ ᠳᠠᠮᠵᠢᠭᠤᠯᠬᠤ ᠬᠤᠭᠤᠯᠠᠢ᠎ᠶ᠋ᠢᠨ ᠲᠣᠣᠷ᠎ᠢ ᠲᠦᠷᠭᠡᠳᠭᠡᠨ ᠪᠠᠢᠭᠤᠯᠪᠠ᠃ ᠨᠢᠭᠡ ᠲᠠᠯ᠎ᠠ᠎ᠪᠠᠷ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠎ᠶ᠋ᠢᠨ ᠲᠣᠤᠷ᠎ᠤᠨ ᠪᠡᠯᠡᠳᠭᠡᠮᠵᠢ᠎ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠎ᠶ᠋ᠢᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠎ᠶ᠋ᠢᠨ ᠲᠣᠤᠷ᠎ᠤᠨ ᠬᠠᠮᠤᠷᠬᠤ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠨ᠂ ᠠᠱᠢᠭ ᠭᠥᠷᠳᠡᠬᠦ᠌ ᠭᠠᠵᠠᠷ ᠣᠷᠣᠨ᠎ᠤ ᠬᠡᠪᠴᠢᠶ᠎ᠡ᠎ᠶ᠋ᠢ ᠡᠮᠬᠢ ᠵᠢᠷᠤᠮ᠎ᠲᠠᠢ ᠥᠷᠭᠡᠳᠭᠡᠵᠦ᠍᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠬᠠᠷᠢᠯᠴᠠᠨ ᠬᠠᠩᠭᠠᠵᠤ ᠬᠠᠷᠢᠯᠴᠠᠨ ᠪᠠᠲᠤᠯᠠᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠴᠢᠩᠭᠠᠷᠠᠭᠤᠯᠪᠠ᠃ ᠪᠦᠬᠦ᠌ ᠣᠷᠣᠨ᠎ᠳᠤ ᠲᠣᠰᠣ ᠬᠡᠢ᠎ᠶ᠋ᠢᠨ ᠤᠷᠲᠤ ᠨᠢ 7400 ᠭᠠᠷᠤᠶ ᠺᠢᠯᠣᠮᠧᠲ᠋ᠷ ᠂ ᠲᠦᠭᠦᠬᠡᠶ ᠴᠢᠯᠠᠭᠤᠨ ᠲᠣᠰᠣᠨ᠎ᠤ ᠵᠢᠯ᠎ᠤᠨ ᠳᠠᠮᠵᠢᠭᠤᠯᠤᠨ ᠬᠦᠷᠭᠡᠬᠦ᠌ ᠴᠢᠳᠠᠪᠤᠷᠢ ᠨᠢ 3700 ᠲᠦᠮᠡᠨ ᠲᠣᠨ᠂ ᠪᠣᠯᠪᠠᠰᠤᠷᠠᠭᠤᠯᠤᠭ᠍ᠰᠠᠨ ᠴᠢᠯᠠᠭᠤᠨ ᠲᠣᠰᠣᠨ᠎ᠤ ᠵᠢᠯ᠎ᠤᠨ ᠳᠠᠮᠵᠢᠭᠤᠯᠤᠨ ᠬᠦᠷᠭᠡᠬᠦ᠌ ᠴᠢᠳᠠᠪᠤᠷᠢ ᠨᠢ 391 ᠲᠦᠮᠡᠨ ᠲᠣᠨ᠂ ᠬᠣᠭᠣᠯᠠᠶ᠎ᠶ᠋ᠢᠨ ᠪᠠᠢᠭᠠᠯᠢ᠎ᠶ᠋ᠢᠨ ᠱᠢᠲᠠᠮᠠᠬᠠᠶ ᠬᠡᠢ ᠨᠢ ᠪᠦᠬᠦ᠌ ᠣᠷᠣᠨ᠎ᠤ 9 ᠠᠢᠮᠠᠭ ᠬᠣᠲᠠ᠎ᠶ᠋ᠢᠨ 47 ᠬᠣᠱᠢᠭᠤ ᠱᠢᠶᠠᠨ᠂ ᠬᠣᠲᠠ᠂ ᠲᠣᠭᠣᠷᠢᠭ᠎ᠢ ᠬᠠᠮᠤᠷᠴᠤ᠌᠂ ᠵᠢᠯ᠎ᠦᠨ ᠳᠠᠮᠵᠢᠭᠤᠯᠤᠨ ᠬᠦᠷᠭᠡᠬᠦ᠌ ᠴᠢᠳᠠᠪᠤᠷᠢ ᠨᠢ 1100 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠢ ᠳᠠᠪᠠᠪᠠ ᠃ ᠨᠥᠭᠦᠭᠡ ᠲᠠᠯ᠎ᠠ᠎ᠪᠠᠷ᠂ ᠨᠣᠭᠤᠭᠠᠨ ᠤᠰᠤᠲᠥ᠋ᠷᠥᠭ᠌ᠴᠢ᠎ᠶ᠋ᠢᠨ ᠬᠤᠭᠤᠯᠠᠶ᠎ᠶ᠋ᠢᠨ ᠲᠣᠤᠷ᠎ᠢ ᠪᠠᠢᠷᠢᠱᠢᠭᠤᠯᠤᠨ ᠪᠦᠲᠦᠭᠡᠨ ᠪᠠᠢᠭᠤᠯᠬᠤ᠎ᠶ᠋ᠢ ᠲᠦᠷᠭᠡᠳᠭᠡᠵᠦ᠍᠂ ᠨᠣᠭᠤᠭᠠᠨ ᠤᠰᠤᠲᠥ᠋ᠷᠥᠭ᠌ᠴᠢ᠎ᠶ᠋ᠢᠨ ᠬᠤᠭᠤᠯᠠᠶ᠎ᠶ᠋ᠢᠨ ᠲᠥᠯᠥᠪᠵᠢᠭᠦᠯᠭᠡ᠎ᠶ᠋ᠢ ᠨᠡᠢᠲᠡᠯᠡᠵᠦ᠍᠂ ᠬᠤᠸᠠ ᠳ᠋ᠢᠶᠠᠨ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ᠎ᠠᠴᠠ ᠪᠤᠭᠤᠲᠤ ᠬᠤᠲᠠ ᠬᠦᠷᠲᠡᠯᠡᠬᠢ ᠨᠣᠭᠤᠭᠠᠨ ᠤᠰᠤᠲᠥ᠋ᠷᠥᠭ᠌ᠴᠢ᠎ᠶ᠋ᠢᠨ ᠬᠤᠭᠤᠯᠠᠶ᠎ᠶ᠋ᠢᠨ ᠥᠪᠥᠷ ᠮᠣᠩᠭᠤᠯ᠎ᠤᠨ ᠬᠡᠰᠡᠭ᠂ ᠵᠢᠱ᠌ᠢᠯᠲᠡ᠎ᠪᠠᠷ ᠡᠨᠡ ᠵᠢᠯ᠎ᠤᠨ ᠵᠢᠯ᠎ᠤᠨ ᠡᠴᠦᠰ᠎ᠲᠤ ᠪᠠᠢᠭᠤᠯᠵᠤ ᠳᠠᠭᠤᠰᠭᠠᠨ᠎ᠠ᠂ ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠤᠯᠠᠭᠠᠨᠴᠠᠪ ᠬᠤᠲᠠ᠎ᠠᠴᠠ ᠪᠡᠭᠡᠵᠢᠩ ᠲᠢᠶᠠᠨᠵᠢᠨ ᠾᠧᠪᠧᠢ ᠬᠦᠷᠲᠡᠯᠡᠬᠢ ᠨᠣᠭᠤᠭᠠᠨ ᠤᠰᠤᠲᠥ᠋ᠷᠥᠭ᠌ᠴᠢ᠎ᠶ᠋ᠢᠨ ᠬᠤᠭᠤᠯᠠᠶ᠎ᠶ᠋ᠢᠨ ᠥᠪᠥᠷ ᠮᠣᠩᠭᠤᠯ᠎ᠤᠨ ᠬᠡᠰᠡᠭ᠂ ᠶᠤᠸᠠᠨ ᠵᠢᠩ ᠠᠤᠬᠠᠨ — ᠶᠤᠸᠠᠨ ᠪᠦᠦ ᠱᠠᠨ᠎ᠤ ᠨᠣᠭᠤᠭᠠᠨ ᠤᠰᠤᠲᠥ᠋ᠷᠥᠭ᠌ᠴᠢ᠎ᠶ᠋ᠢᠨ ᠬᠤᠭᠤᠯᠠᠶ ᠨᠢᠭᠡᠨᠲᠡ ᠵᠥᠪᠱᠢᠶᠡᠷᠡᠭ᠌ᠳᠡᠵᠦ᠍᠂ 《ᠨᠢᠭᠡ ᠭᠣᠣᠯ ᠬᠤᠤᠰ ᠴᠠᠭᠠᠷᠢᠭ ᠳᠥᠷᠪᠡᠨ ᠭᠠᠳᠠᠭᠰᠢ ᠬᠦᠷᠭᠡᠬᠦ》 (ᠣᠷᠳᠣᠰ ᠬᠤᠳᠠ᠎ᠶᠢ ᠲᠣᠭᠣᠷᠢᠭ᠍ᠰᠠᠨ ᠪᠠᠷᠠᠭᠤᠨ ᠬᠡᠰᠡᠭ᠎ᠦᠨ ᠲᠣᠣᠷ ᠰᠦᠯᠵᠢᠶ᠎ᠡ᠂ ᠤᠯᠠᠭᠠᠨᠬᠠᠳᠠ ᠬᠤᠳᠠ᠂ ᠲᠦᠩᠯᠢᠶᠣᠣ ᠬᠤᠳᠠ᠎ᠶᠢ ᠲᠣᠭᠣᠷᠢᠭ᠍ᠰᠠᠨ ᠵᠡᠭᠦᠨ ᠬᠡᠰᠡᠭ᠎ᠦᠨ ᠲᠣᠣᠷ ᠰᠦᠯᠵᠢᠶ᠎ᠡ᠂ ᠵᠡᠭᠦᠨ ᠪᠠᠷᠠᠭᠤᠨ ᠬᠡᠰᠡᠭ᠎ᠦᠨ ᠲᠣᠣᠷ ᠰᠦᠯᠵᠢᠶ᠎ᠡ᠎ᠶᠢ ᠬᠣᠯᠪᠣᠭᠰᠠᠨ ᠳᠤᠮᠳᠠ ᠬᠡᠰᠡᠭ᠎ᠦᠨ ᠭᠣᠣᠯ ᠱᠤᠭᠤᠮ ᠵᠢᠴᠢ ᠪᠡᠭᠡᠵᠢᠩ ᠲᠢᠶᠠᠨᠵᠢᠨ᠂ ᠡᠾᠸᠪᠸᠢ᠂ ᠱᠠᠨᠰᠢ᠂ ᠨᠢᠩᠰᠢᠶᠠ᠂ ᠯᠢᠶᠣᠤᠨᠢᠩ ᠵᠡᠷᠭᠡ ᠭᠠᠵᠠᠷ ᠣᠷᠣᠨ᠎ᠳᠤ ᠬᠠᠨᠳᠤᠭᠤᠯᠤᠭᠰᠠᠨ ᠭᠠᠳᠠᠭᠰᠢ ᠬᠦᠷᠭᠡᠬᠦ ᠡᠭᠦᠳᠡ ) ᠨᠣᠭᠤᠭᠠᠨ ᠤᠰᠤᠲᠥ᠋ᠷᠥᠭ᠌ᠴᠢ᠎ᠶ᠋ᠢᠨ ᠬᠤᠭᠤᠯᠠᠶ᠎ᠶ᠋ᠢᠨ ᠲᠣᠣᠷ᠎ᠢ ᠴᠢᠷᠮᠠᠢᠨ ᠪᠠᠢᠭᠤᠯᠤᠨ᠎ᠠ᠃

ᠺᠤᠳ᠋᠎ᠢ ᠰᠢᠷᠪᠢᠵᠦ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ