ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ᠂ ᠠᠢᠮᠠᠭ᠎ᠤᠨ ᠨᠠᠮ᠎ᠤᠨ ᠬᠤᠷᠢᠶ᠎ᠠ᠎ᠶ᠋ᠢᠨ ᠱᠦᠵᠢ ᠵᠠᠩ ᠪᠠᠢ ᠴᠧᠩ ᠪᠦᠯᠬᠦᠮ ᠳᠠᠭᠠᠭᠤᠯᠤᠨ ᠭᠤᠸᠠᠩᠳᠦ᠋ᠩ ᠮᠤᠵᠢ᠎ᠳᠤ ᠬᠦᠷᠴᠦ᠍ ᠠᠵᠢᠯ ᠪᠠᠢᠴᠠᠭᠠᠪᠠ
ᠨᠡᠶ᠋ᠢᠲᠡᠯᠡᠭᠰᠡᠨ ᠴᠠᠭ᠄ 2025-12-03

  11 ᠳ᠋ᠦ᠍ᠭᠡᠷ ᠰᠠᠷ᠎ᠠ᠎ᠶ᠋ᠢᠨ 30 ᠎ᠤ ᠡᠳᠦᠷ᠎ᠠᠴᠠ 12 ᠳ᠋ᠤᠭ᠋ᠠᠷ ᠰᠠᠷ᠎ᠠ᠎ᠶ᠋ᠢᠨ 2 ᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ᠂ ᠠᠢᠮᠠᠭ᠎ᠤᠨ ᠨᠠᠮ᠎ᠤᠨ ᠬᠤᠷᠢᠶ᠎ᠠ᠎ᠶ᠋ᠢᠨ ᠱᠦᠵᠢ ᠵᠠᠩ ᠪᠠᠢ ᠴᠧᠩ ᠪᠦᠯᠬᠦᠮ ᠳᠠᠭᠠᠭᠤᠯᠤᠨ ᠭᠤᠸᠠᠩᠳᠦ᠋ᠩ ᠮᠤᠵᠢ᠎ᠳᠤ ᠬᠦᠷᠴᠦ᠍ ᠱᠢᠨᠵᠢᠯᠡᠨ ᠪᠠᠢᠴᠠᠭᠠᠵᠤ ᠵᠣᠯᠭ᠋ᠠᠯᠳᠤᠪᠠ᠃

  ᠵᠠᠩ ᠪᠠᠢ ᠴᠧᠩ ᠨᠠᠷ ᠤᠷᠢᠳ ᠬᠤᠵᠢᠳ ᠪᠠᠢ ᠼᠤᠤ ᠲᠠᠩ ᠡᠮ ᠡᠮᠨᠡᠯᠭᠡ᠎ᠶ᠋ᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠵᠡᠭᠦᠨ ᠬᠡᠰᠡᠭ᠎ᠤᠨ ᠲᠦᠩ ᠬᠠᠩ ᠳᠣᠣᠷ᠎ᠠ ᠠᠭᠠᠷ᠎ᠤᠨ ᠨᠢᠰᠦᠯᠲᠡ᠎ᠶ᠋ᠢᠨ ᠰᠠᠭᠤᠷᠢᠨ᠂ ᠴᠢ ᠵᠶ᠋ᠢ ᠤᠯᠠᠨ ᠤᠯᠤᠰ᠎ᠤᠨ ᠮᠣᠷᠢᠨ ᠮᠡᠷᠭᠡᠵᠢᠯ᠎ᠤᠨ ᠺᠯᠦᠪ᠎ᠤᠨ ᠬᠢᠵᠠᠭᠠᠷᠲᠤ ᠺᠣᠮᠫᠠᠨᠢ᠂ ᠱᠧᠨᠵᠧᠨ ᠬᠤᠳᠠ᠎ᠶ᠋ᠢᠨ ᠰᠢ ᠬᠤ᠌ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠱᠧᠨᠵᠧᠨ ᠬᠤᠳᠠ᠎ᠶ᠋ᠢᠨ ᠭᠤᠸᠠᠨ ᠴᠢᠶᠣᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠂ ᠱᠧᠨ ᠸᠠᠨ ᠤᠯᠠᠨ ᠤᠯᠤᠰ᠎ᠤᠨ ᠮᠣᠷᠢᠨ ᠮᠡᠷᠭᠡᠵᠢᠯ (ᠱᠧᠨᠵᠧᠨ) ᠎ᠤᠨ ᠬᠢᠵᠠᠭᠠᠷᠲᠤ ᠺᠣᠮᠫᠠᠨᠢ᠂ ᠪᠧᠢ ᠲᠧ ᠷᠦᠢ ᠱᠢᠨ᠎ᠡ ᠮᠠᠲ᠋ᠧᠷᠢᠶᠠᠯ᠎ᠤᠨ ᠪᠦᠯᠦᠭ᠌ᠯᠡᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ ᠵᠢᠴᠢ ᠱᠢᠶᠠᠩᠭᠠᠩ᠎ᠤᠨ ᠵᠦᠩ ᠯᠢᠦᠢ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠳᠤ ᠠᠢᠯᠴᠢᠯᠠᠵᠤ᠂ ᠠᠮᠢᠳᠤ ᠪᠣᠳᠠᠰ᠎ᠤᠨ ᠡᠮ ᠦᠢᠯᠡᠳᠬᠦ᠂ ᠳᠣᠣᠷ᠎ᠠ ᠠᠭᠠᠷ᠎ᠤᠨ ᠠᠵᠤ ᠠᠬᠤᠢ᠂ ᠪᠣᠬᠢᠷᠲᠤᠯ ᠦᠭᠡᠢ ᠤᠶᠤᠨᠴᠢ ᠪᠤᠳᠤᠯᠲᠠ᠂ ᠱᠢᠨ᠎ᠡ ᠡᠨᠧᠷᠭᠢ᠎ᠶ᠋ᠢᠨ ᠪᠢᠯᠢᠭ ᠲᠤᠢᠯ᠎ᠤᠨ ᠮᠠᠲ᠋ᠧᠷᠢᠶᠠᠯ᠎ᠤᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠎ᠤᠨ ᠪᠦᠳᠦᠭᠡᠨ ᠪᠠᠢᠭᠤᠯᠤᠯᠲᠠ᠂ ᠪᠣᠬᠢᠷᠲᠤᠯ ᠦᠭᠡᠢ ᠤᠰᠤᠲᠥ᠋ᠷᠥᠭ᠌ᠴᠢ᠎ᠶ᠋ᠢᠨ ᠱᠢᠪᠲᠦᠷ᠂ ᠠᠳᠤᠭᠤᠨ᠎ᠤ ᠠᠵᠤ ᠦᠢᠯᠡᠰ᠎ᠤᠨ ᠬᠥᠭ᠌ᠵᠢᠯᠲᠡ ᠵᠢᠴᠢ ᠰᠣᠶᠣᠯ ᠵᠢᠭᠤᠯᠴᠢᠯᠠᠯ᠎ᠤᠨ ᠲᠥᠯᠥᠪᠵᠢᠭᠦᠯᠭᠡ᠎ᠶ᠋ᠢᠨ ᠲᠥᠰᠦᠪᠯᠡᠯ ᠪᠣᠯᠤᠨ ᠵᠤᠭᠠᠴᠠᠭ᠍ᠰᠠᠳ᠎ᠢ ᠳᠠᠳᠠᠨ ᠣᠷᠣᠭᠤᠯᠬᠤ ᠵᠡᠷᠭᠡ ᠠᠵᠢᠯ᠎ᠤᠨ ᠲᠤᠬᠠᠢ ᠠᠵᠤ ᠠᠬᠤᠢᠯᠠᠯ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃

  ᠵᠠᠩ ᠪᠠᠢ ᠴᠧᠩ᠂ ᠱᠢᠯᠢ᠎ᠶ᠋ᠢᠨ ᠭᠤᠤᠯ ᠠᠢᠮᠠᠭ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠱᠢᠢᠳᠪᠦᠷᠢᠲᠦ ᠢᠯᠠᠯᠲᠠ᠎ᠶ᠋ᠢ ᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠡᠯ᠎ᠡ ᠵᠦᠢᠯ᠎ᠤᠨ ᠠᠵᠢᠯ᠎ᠢ ᠬᠦᠴᠦᠯᠡᠨ ᠰᠠᠢᠲᠤᠷ ᠬᠢᠬᠦ᠌᠎ᠳᠤ ᠰᠠᠢᠨ ᠰᠠᠢᠬᠠᠨ ᠬᠥᠭ᠌ᠵᠢᠯᠲᠡ᠎ᠶ᠋ᠢᠨ ᠠᠵᠠ ᠲᠣᠬᠢᠶᠠᠯ ᠲᠤᠯᠭᠠᠷᠠᠵᠤ ᠪᠠᠢᠨ᠎ᠠ᠂ ᠡᠨᠡ᠎ᠨᠢ ᠮᠠᠰᠢ ᠶᠡᠭᠡ ᠬᠥᠭ᠌ᠵᠢᠯᠲᠡ᠎ᠶ᠋ᠢᠨ ᠳᠠᠯᠳᠠ ᠬᠦᠴᠦᠨ᠎ᠲᠠᠢ ᠶᠤᠮ᠃ ᠤᠯᠠᠨ᠎ᠢᠶᠠᠷ᠎ᠢᠶᠠᠨ ᠥᠪᠡᠷ ᠥᠪᠡᠷ᠎ᠤᠨ ᠬᠦᠷᠢᠶᠡᠨ᠎ᠤ ᠲᠣᠯᠣᠭᠠᠢᠯᠠᠭ᠍ᠴᠢ ᠠᠵᠤ ᠠᠬᠤᠢᠯᠠᠯ ᠪᠣᠯᠵᠤ᠂ ᠪᠣᠳᠠᠲᠤ ᠬᠦᠴᠦᠨ᠎ᠢᠶᠠᠷ ᠴᠢᠩᠭ᠎ᠠ᠂ ᠭᠤᠣᠯ ᠡᠵᠡᠩᠨᠡᠯᠲᠡ᠎ᠶ᠋ᠢᠨ ᠲᠤᠬᠠᠢᠯᠠᠭ᠍ᠰᠠᠨ ᠠᠵᠢᠯ᠎ᠨᠢ ᠱᠢᠯᠢ᠎ᠶ᠋ᠢᠨ ᠭᠤᠣᠯ ᠠᠢᠮᠠᠭ᠎ᠤᠨ ᠭᠤᠣᠯᠯᠠᠬᠤ ᠠᠵᠤ ᠦᠢᠯᠡᠰ᠎ᠲᠠᠢ ᠬᠤᠯᠪᠣᠯᠳᠤᠵᠤ᠂ ᠬᠤᠭᠤᠷᠣᠨᠳᠤ᠎ᠪᠠᠨ ᠥᠷᠭᠡᠨ ᠠᠭᠤᠳᠠᠮ ᠬᠠᠮᠲᠤᠷᠠᠯᠴᠠᠭᠠᠨ᠎ᠤ ᠣᠷᠣᠨ ᠵᠠᠢ᠎ᠲᠠᠢ ᠪᠠᠢᠵᠤ᠂ ᠠᠵᠤ ᠠᠬᠤᠢᠯᠠᠯᠲᠠᠳ᠎ᠤᠨ ᠱᠢᠯᠢ᠎ᠶ᠋ᠢᠨ ᠭᠤᠣᠯ᠎ᠳᠤ ᠢᠷᠡᠵᠦ᠍ ᠪᠡᠯᠡ ᠣᠷᠣᠭᠤᠯᠤᠨ ᠦᠢᠯᠡᠰ ᠪᠣᠰᠭᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠂ ᠪᠢᠳᠡ ᠡᠯ᠎ᠡ ᠵᠦᠢᠯ᠎ᠤᠨ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠠᠵᠤ ᠠᠬᠤᠢᠯᠠᠯ ᠪᠠ ᠣᠷᠣᠨ ᠨᠤᠲᠤᠭ᠎ᠤᠨ ᠬᠠᠮᠲᠤᠪᠠᠷ ᠠᠱᠢᠭ ᠬᠦᠷᠳᠡᠬᠦ᠌ ᠬᠥᠭ᠌ᠵᠢᠯᠲᠡ᠎ᠶ᠋ᠢ ᠨᠡᠩ ᠰᠠᠢᠲᠤᠷ ᠪᠡᠶᠡᠯᠡᠭᠦᠯᠦᠨ᠎ᠡ ᠭᠡᠵᠦ ᠬᠡᠯᠡᠪᠡ᠃

  ᠡᠯ᠎ᠡ ᠠᠵᠤ ᠠᠬᠤᠢᠯᠠᠯ᠎ᠤᠨ ᠬᠠᠷᠢᠭᠤᠴᠠᠯᠭᠠᠲᠠᠨ ᠢᠯᠡᠷᠬᠡᠢᠯᠡᠬᠦ᠌᠎ᠳᠤ᠎ᠪᠠᠨ᠂ ᠱᠢᠯᠢ᠎ᠶ᠋ᠢᠨ ᠭᠤᠤᠯ ᠠᠢᠮᠠᠭ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠬᠤᠶᠠᠷ ᠲᠠᠯ᠎ᠠ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠬᠠᠮᠲᠤ᠎ᠪᠠᠷ ᠴᠢᠷᠮᠠᠢᠨ ᠠᠬᠢᠭᠤᠯᠤᠨ᠎ᠠ ᠭᠡᠪᠡ᠃

 

 

  ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠱᠢᠯᠢ᠎ᠶ᠋ᠢᠨ ᠭᠤᠤᠯ ᠠᠢᠮᠠᠭ᠎ᠤᠨ ᠬᠠᠮ ᠵᠠᠭᠤᠴᠢᠯᠠᠭᠤᠷ᠎ᠤᠨ ᠸᠢᠴᠠᠲ᠎ᠤᠨ ᠤᠯᠠᠨ ᠨᠡᠢᠳᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            