ᠰᠤᠷᠪᠤᠯᠵᠢᠯᠠᠭ᠍ᠴᠢ 12 ᠳ᠋ᠤᠭᠠᠷ ᠰᠠᠷ᠎ᠠ᠎ᠶ᠋ᠢᠨ 10 ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ 1 - 10 ᠳ᠋ᠤᠭᠠᠷ ᠰᠠᠷ᠎ᠠ᠎ᠳᠤ᠂ ᠪᠥᠬᠦ᠌ ᠣᠷᠣᠨ᠎ᠤ ᠬᠡᠪᠴᠢᠶᠡᠵᠢᠯ᠎ᠠᠴᠠ ᠳᠡᠭᠡᠭ᠌ᠰᠢᠬᠢ ᠦᠶ᠋ᠯᠡᠳᠬᠦ᠌ ᠦᠢᠯᠡᠰ᠎ᠤᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠠᠴᠠ 8.8%᠎ᠪᠠᠷ ᠨᠡᠮᠡᠭ᠌ᠳᠡᠵᠦ᠍᠂ ᠪᠥᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠠᠴᠠ 2.2 ᠵᠠᠭᠤᠨ᠎ᠤ ᠴᠡᠭ ᠥᠨᠳᠥᠷ ᠪᠣᠯᠵᠤ᠂ ᠪᠥᠬᠦ᠌ ᠣᠷᠣᠨ᠎ᠤ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠨᠡᠮᠡᠭ᠌ᠳᠡᠯ᠎ᠤᠨ ᠬᠤᠷᠳᠤᠴᠠ᠎ᠠᠴᠠ 2.6 ᠵᠠᠭᠤᠨ᠎ᠤ ᠴᠡᠭ ᠥᠨᠳᠥᠷ ᠪᠣᠯᠵᠤ᠂ ᠪᠥᠬᠦ᠌ ᠣᠷᠣᠨ᠎ᠤ ᠠᠵᠤ ᠦᠢᠯᠡᠳᠪᠦᠷᠢ᠎ᠶ᠋ᠢᠨ ᠨᠡᠮᠡᠭ᠌ᠳᠡᠯ᠎ᠤᠨ ᠴᠢᠬᠤᠯᠠ ᠲᠤᠯᠭᠠᠭᠤᠷᠢᠯᠠᠬᠤ ᠬᠦᠴᠦᠨ ᠪᠣᠯᠤᠭ᠍ᠰᠠᠨ ᠪᠠᠢᠨ᠎ᠠ᠃
ᠤᠯᠠᠮᠵᠢᠯᠠᠯᠲᠤ ᠳᠠᠪᠠᠭᠤᠯᠢᠭ ᠠᠵᠤ ᠦᠢᠯᠡᠰ ᠨᠢ ᠲᠣᠭ᠍ᠲᠠᠭᠤᠨ ᠨᠡᠮᠡᠭ᠌ᠳᠡᠯ᠎ᠢ ᠪᠠᠲᠤᠯᠠᠪᠠ᠃ ᠬᠢᠮᠢ᠎ᠶ᠋ᠢᠨ ᠠᠵᠤ ᠦᠢᠯᠡᠳᠪᠦᠷᠢ ᠠᠳᠠᠯᠢ ᠬᠤᠭᠤᠴᠠᠭᠠᠨ᠎ᠤ᠎ᠬᠢ᠎ᠠᠴᠠ 13.8% ᠪᠠᠷ ᠨᠡᠮᠡᠭ᠌ᠳᠡᠵᠦ᠍᠂ ᠲᠡᠮᠦᠷᠯᠢᠭ ᠬᠠᠢ᠌ᠯᠠᠭᠤᠯᠬᠤ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠠᠵᠤ ᠦᠢᠯᠡᠳᠪᠦᠷᠢ 6.1% ᠪᠠᠷ ᠨᠡᠮᠡᠭ᠌ᠳᠡᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠡᠳ᠋ᠱᠢᠭᠦᠯᠬᠦ᠌ ᠦᠢᠯᠡᠰ 1.3% ᠪᠠᠷ ᠨᠡᠮᠡᠭ᠌ᠳᠡᠪᠡ᠃
ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠨᠡᠮᠡᠭ᠌ᠳᠡᠯ᠎ᠦᠨ ᠪᠠᠢᠳᠠᠯ ᠰᠠᠢᠨ ᠪᠠᠢᠨ᠎ᠠ᠃ ᠲᠤᠨᠤᠭ᠍ᠯᠠᠯ ᠦᠢᠯᠡᠳᠬᠦ᠌ ᠦᠢᠯᠡᠰ ᠠᠳᠠᠯᠢ ᠬᠤᠭᠤᠴᠠᠭᠠᠨ᠎ᠠᠴᠠ 21.2% ᠢᠶᠠᠷ ᠨᠡᠮᠡᠭ᠌ᠳᠡᠵᠦ᠍᠂ ᠳᠡᠭᠡᠳᠦ ᠱᠢᠨ᠎ᠡ ᠮᠡᠷᠭᠡᠵᠢᠯ᠎ᠤᠨ ᠦᠢᠯᠡᠳᠬᠦ᠌ ᠦᠢᠯᠡᠰ 16.6% ᠪᠠᠷ ᠨᠡᠮᠡᠭ᠌ᠳᠡᠪᠡ᠃ ᠡᠭᠦᠨ᠎ᠳᠤ᠂ ᠴᠠᠬᠢᠯᠭᠠᠨ ᠮᠠᠱᠢᠨ ᠮᠧᠬᠠᠨᠢᠭ ᠪᠠ ᠪᠠᠭᠠᠵᠢ ᠬᠡᠷᠡᠭ᠌ᠰᠡᠯ ᠦᠢᠯᠡᠳᠬᠦ᠌ ᠦᠢᠯᠡᠰ 31.1% ᠪᠠᠷ ᠨᠡᠮᠡᠭ᠌ᠳᠡᠵᠦ᠍᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ᠌ ᠦᠢᠯᠡᠰ 17.6% ᠪᠠᠷ ᠨᠡᠮᠡᠭ᠌ᠳᠡᠵᠦ᠍᠂ ᠮᠠᠱᠢᠨ ᠲᠡᠷᠭᠡ ᠦᠢᠯᠡᠳᠬᠦ᠌ ᠦᠢᠯᠡᠰ 12.9% ᠪᠠᠷ ᠨᠡᠮᠡᠭ᠌ᠳᠡᠵᠦ᠍᠂ ᠡᠮ ᠡᠮᠨᠡᠯᠭᠡ᠎ᠶ᠋ᠢᠨ ᠦᠢᠯᠡᠳᠬᠦ᠌ ᠦᠢᠯᠡᠰ 12.4% ᠪᠠᠷ ᠨᠡᠮᠡᠭ᠌ᠳᠡᠪᠡ᠃

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ