ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ — ᠶᠡᠷᠦᠩᠬᠡᠶ ᠪᠡᠯᠡ ᠣᠷᠣᠭᠤᠯᠤᠯᠲᠠ᠎ᠨᠢ 150 ᠳ᠋ᠦᠩᠱᠢᠭᠤᠷ ᠲᠥᠭᠦᠷᠢᠭ᠎ᠢ ᠳᠠᠪᠠᠪᠠ ᠥᠪᠥᠷ ᠮᠣᠩᠭᠤᠯ᠎ᠤᠨ ᠬᠤᠸᠠ ᠳ᠋ᠢᠶᠠᠨ ᠲᠡᠭᠷᠢ 4 × 100 ᠲᠦᠮᠡᠨ ᠺᠢᠯᠣᠸᠠᠲ᠎ᠤᠨ ᠨᠡᠭᠦᠷᠡᠰᠦ ᠴᠠᠬᠢᠯᠭᠠᠨ᠎ᠤ ᠲᠥᠷᠥᠯ ᠵᠦᠢᠯ ᠠᠵᠢᠯ ᠡᠬᠢᠯᠡᠬᠦ᠌ ᠵᠠᠩᠭᠢᠯᠠᠭ᠎ᠠ᠎ᠶ᠋ᠢᠨ ᠴᠡᠭ᠎ᠢ ᠤᠭ᠍ᠲᠤᠨ ᠠᠪᠴᠢᠷᠠᠪᠠ
ᠨᠡᠶ᠋ᠢᠲᠡᠯᠡᠭᠰᠡᠨ ᠴᠠᠭ᠄ 2025-12-18

  ᠵᠢᠯ᠎ᠦᠨ ᠡᠴᠦᠰ ᠪᠣᠯᠬᠤ᠎ᠳᠤ᠂ ᠠᠯᠠᠱᠠ᠎ᠶᠢᠨ ᠲᠡᠭᠷᠢ ᠡᠯᠡᠰᠦᠨ ᠴᠦᠯ᠎ᠦᠨ ᠬᠥᠪᠡᠭᠡ᠎ᠪᠡᠷ ᠬᠦᠢᠲᠡᠨ ᠵᠢᠬᠡᠭᠦᠨ ᠪᠣᠯᠪᠠᠴᠤ ᠥᠪᠥᠷ ᠮᠣᠩᠭᠣᠯ᠎ᠤᠨ ᠬᠤᠸᠠ ᠳ᠋ᠢᠶᠠᠨ ᠲᠡᠭᠷᠢ 4×100 ᠲᠦᠮᠡᠨ ᠺᠢᠯᠣᠸᠠᠲ᠎ᠤᠨ ᠨᠡᠭᠦᠷᠡᠰᠦ ᠴᠠᠬᠢᠯᠭᠠᠨ᠎ᠤ ᠲᠦᠷᠦᠯ ᠵᠦᠢᠯ᠎ᠦᠨ ᠪᠠᠷᠢᠯᠭ᠎ᠠ ᠡᠬᠢᠯᠡᠬᠦ ᠵᠠᠩᠭᠢᠯᠠᠭ᠎ᠠ᠎ᠶᠢᠨ ᠦᠶ᠎ᠡ᠎ᠳᠦ ᠠᠬᠤᠢ ᠲᠠᠯᠠᠪᠠᠢ᠎ᠳᠤ ᠬᠦᠷ ᠬᠥᠭᠵᠢᠶᠡᠨ᠎ᠲᠠᠢ ᠪᠠᠢᠯ᠎ᠠ᠃ 12 ᠳ᠋ᠤᠭ᠋ᠠᠷ ᠰᠠᠷ᠎ᠠ᠎ᠶ᠋ᠢᠨ 17 ᠎ᠤ ᠡᠳᠦᠷ᠂ ᠢᠨᠵᠧᠨᠧᠷᠢᠩ᠎ᠤᠨ ᠮᠠᠱᠢᠨ᠎ᠤ ᠬᠡᠰᠡᠭ ᠬᠡᠰᠡᠭ ᠬᠦᠩᠭᠢᠨᠡᠬᠦ᠌ ᠳᠠᠭᠤᠨ ᠪᠠ ᠨᠠᠷᠢᠯᠢᠭ ᠣᠨᠣᠴᠠᠲᠠᠶ᠎ᠪᠠᠷ ᠠᠵᠢᠯᠯᠠᠬᠤ᠎ᠶ᠋ᠢ ᠳᠠᠭᠠᠯᠳᠤᠨ᠂ ᠡᠬᠢᠨ᠎ᠦ ᠲᠠᠯ᠎ᠠ᠎ᠶᠢᠨ ᠪᠸᠲ᠋ᠤᠨ᠎ᠢ ᠠᠭᠠᠵᠢᠮ᠎ᠢᠶᠠᠷ ᠭᠠᠵᠠᠷ᠎ᠤᠨ ᠰᠠᠭᠤᠷᠢ᠎ᠶᠢᠨ ᠴᠢᠳᠬᠤᠯᠲᠠ᠎ᠶᠢᠨ ᠴᠡᠭ᠎ᠲᠦ ᠤᠷᠤᠭᠤᠯᠪᠠ᠃ ᠢᠩᠭᠢᠭ᠌ᠰᠡᠨ᠎ᠠᠴᠠ ᠶᠡᠷᠦᠩᠬᠡᠢ ᠮᠠᠱᠢᠨ ᠴᠣᠭ᠍ᠴᠠᠯᠠᠪᠤᠷᠢ᠎ᠨᠢ 1600 ᠲᠦᠮᠡᠨ ᠺᠢᠯᠤᠸᠠᠲ᠎ᠤᠨ ᠤᠯᠤᠰ᠎ᠤᠨ ᠳᠡᠰ᠎ᠤᠨ 《  ᠴᠦᠯᠡᠷᠬᠡᠭ ᠭᠠᠵᠠᠷ》 ᠱᠢᠨ᠎ᠡ ᠡᠨᠧᠷᠭᠢ᠎ᠶ᠋ᠢᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠨᠢ 《ᠬᠤᠷᠳᠤᠴᠠ᠎ᠪᠠᠨ ᠲᠦᠷᠭᠡᠳᠭᠡᠬᠦ᠌ ᠳᠠᠷᠤᠪᠴᠢ》 ᠎ᠶ᠋ᠢ ᠳᠠᠷᠤᠵᠤ᠂ ᠭᠤᠣᠯ ᠴᠣᠭ᠍ᠴᠠ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠠᠩᠬᠠᠨ᠎ᠤ ᠫᠤᠤ᠎ᠪᠠᠨ ᠡᠬᠢᠯᠡᠭᠦᠯᠦᠭ᠌ᠰᠡᠨ ᠪᠠᠢᠨ᠎ᠠ᠃

  ᠥᠪᠥᠷ ᠮᠣᠩᠭᠤᠯ᠎ᠤᠨ ᠬᠤᠸᠠ ᠳ᠋ᠢᠶᠠᠨ ᠲᠡᠭ᠌ᠷᠢ 4 × 100 ᠲᠦᠮᠡᠨ ᠺᠢᠯᠣᠸᠠᠲ᠎ᠤᠨ ᠨᠡᠭᠦᠷᠡᠰᠦ ᠴᠠᠬᠢᠯᠭᠠᠨ᠎ᠤ ᠲᠥᠷᠥᠯ ᠵᠦᠶ᠋ᠯ ᠪᠡᠯᠡᠳᠭᠡᠯ ᠬᠢᠭ᠌ᠰᠡᠨ᠎ᠠᠴᠠ ᠨᠠᠭ᠋ᠠᠰᠢ ᠣᠯᠠᠨ᠎ᠤ ᠠᠩᠬᠠᠷᠤᠯ᠎ᠢ ᠶᠡᠬᠡᠳᠡ ᠲᠠᠲᠠᠵᠤ᠂ ᠮᠠᠨ᠎ᠤ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠡᠨᠧᠷᠭᠢ᠎ᠶ᠋ᠢᠨ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠢᠨᠵᠧᠨᠧᠷᠢᠩ ᠪᠣᠯᠤᠨ᠎ᠠ᠃ ᠲᠥᠷᠥᠯ ᠵᠦᠢᠯ᠎ᠢ ᠲᠩᠷᠢ ᠡᠯᠡᠰᠦᠨ ᠴᠦᠯ᠎ᠤᠨ ᠵᠡᠭᠦᠨ ᠡᠮᠦᠨᠡᠲᠦ ᠬᠡᠰᠡᠭ᠎ᠤᠨ ᠠᠯᠠᠱᠠ ᠵᠡᠭᠦᠨ ᠬᠤᠱᠢᠭᠤᠨ᠎ᠤ ᠬᠢᠯᠢ ᠳᠣᠲᠣᠷ᠎ᠠ ᠭᠠᠵᠠᠷ ᠰᠣᠩᠭᠤᠵᠤ᠂ ᠶᠡᠷᠦᠩᠬᠡᠶ ᠪᠡᠯᠡ ᠣᠷᠣᠭᠤᠯᠤᠯᠲᠠ᠎ᠨᠢ 150 ᠳ᠋ᠦᠩᠱᠢᠭᠤᠷ ᠲᠥᠭᠦᠷᠢᠭ᠎ᠢ ᠳᠠᠪᠠᠪᠠ᠃ ᠲᠥᠷᠥᠯ ᠵᠦᠢᠯ᠎ᠢ ᠡᠬᠢᠯᠡᠭᠦᠯᠦᠭ᠌ᠰᠡᠨ᠎ᠠᠴᠠ ᠨᠠᠭ᠋ᠠᠰᠢ᠂ ᠡᠯ᠎ᠡ ᠬᠠᠮᠢᠶ᠎ᠠ ᠪᠦᠬᠦᠢ ᠨᠢᠭᠡᠴᠢ ᠬᠠᠮᠵᠢᠯᠴᠠᠨ ᠬᠦᠴᠦᠯᠡᠵᠦ᠍᠂ ᠡᠮᠦᠨᠡᠬᠢ ᠬᠤᠭᠤᠴᠠᠭᠠᠨ᠎ᠤ ᠡᠯ᠎ᠡ ᠵᠦᠢᠯ᠎ᠤᠨ ᠠᠵᠢᠯ᠎ᠢ ᠡᠮᠬᠢ ᠵᠢᠷᠤᠮ᠎ᠲᠠᠢ ᠠᠬᠢᠭᠤᠯᠪᠠ᠃ ᠣᠲᠣ ᠪᠣᠯᠲᠠᠯ᠎ᠠ᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠂ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ ᠵᠡᠷᠭᠡ ᠭᠠᠷᠳᠠᠮ ᠪᠦᠷᠢᠨ ᠭᠦᠢᠴᠡᠳ ᠪᠠᠢᠵᠤ᠂ ᠲᠥᠷᠥᠯ ᠵᠦᠢᠯ᠎ᠤᠨ ᠬᠠᠤᠯᠢ ᠲᠣᠭ᠍ᠲᠠᠭᠠᠯ᠎ᠳᠤ ᠨᠡᠢᠴᠡᠬᠦ᠌᠎ᠶ᠋ᠢ ᠠᠬᠢᠭᠤᠯᠬᠤ᠎ᠳᠤ ᠪᠥᠬᠦ᠌ ᠲᠠᠯ᠎ᠠ᠎ᠶ᠋ᠢᠨ ᠪᠠᠲᠤᠯᠠᠭ᠎ᠠ᠎ᠶ᠋ᠢ ᠪᠠᠲᠤ ᠪᠠᠬᠢ ᠪᠠᠢᠭᠤᠯᠵᠤ ᠥᠭ᠌ᠭᠦᠭ᠌ᠰᠡᠨ ᠪᠥᠭᠡᠳ ᠪᠠᠰᠠ ᠮᠥᠨ ᠴᠦ᠍ ᠲᠣᠰ ᠤᠳᠠᠭᠠᠨ᠎ᠤ ᠪᠠᠷᠢᠯᠭ᠎ᠠ ᠡᠬᠢᠯᠡᠭᠦᠯᠬᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠬᠦ ᠪᠣᠯᠣᠨ᠎ᠠ᠃

  ᠣᠢᠯᠠᠭᠠᠭᠰᠠᠨ᠎ᠢᠶᠠᠷ᠂ ᠲᠥᠷᠥᠯ ᠵᠦᠢᠯ ᠨᠢ 100 ᠲᠦᠮᠡᠨ ᠺᠢᠯᠣᠸᠠᠲ᠎ᠤᠨ ᠳᠡᠯᠡᠬᠡᠢ᠎ᠶᠢᠨ ᠲᠡᠷᠢᠭᠦᠨ᠎ᠦ ᠬᠡᠳᠦ ᠬᠢᠵᠠᠭᠠᠷ᠎ᠤᠨ ᠠᠭᠠᠷ᠎ᠢᠶᠠᠷ ᠬᠥᠷᠥᠭᠡᠬᠦ 4 ᠮᠠᠰᠢᠨ ᠴᠣᠭᠴᠠᠯᠠᠪᠤᠷᠢ᠎ᠶᠢ ᠪᠠᠢᠭᠤᠯᠵᠤ᠂ ᠭᠠᠷᠭᠠᠭᠰᠠᠨ ᠴᠠᠬᠢᠯᠭᠠᠨ ᠬᠦᠴᠦᠨ᠎ᠢ ᠣᠨᠴᠠ ᠥᠨᠳᠥᠷ ᠬᠦᠴᠦᠳᠡᠯ᠎ᠦᠨ ᠨᠡᠪᠲᠡᠷᠡᠬᠦ ᠵᠠᠮ᠎ᠢᠶᠠᠷ ᠰᠢᠭᠤᠳ ᠵᠢᠶᠠᠩᠰᠢ ᠮᠤᠵᠢ᠎ᠳᠤ ᠬᠦᠷᠭᠡᠵᠦ᠂ ᠳᠤᠮᠳᠠᠳᠦ ᠣᠷᠣᠨ᠎ᠤ ᠴᠠᠬᠢᠯᠭᠠᠨ ᠬᠦᠴᠦᠨ᠎ᠢ ᠠᠮᠤᠷ ᠲᠦᠪᠱᠢᠨ ᠲᠣᠭ᠍ᠲᠠᠭᠤᠨ᠎ᠢᠶᠠᠷ ᠬᠠᠩᠭᠠᠬᠤ᠎ᠳᠤ ᠨᠤᠭᠤᠭ᠋ᠠᠨ ᠬᠥᠳᠡᠯᠭᠡᠬᠦ᠌ ᠬᠦᠴᠦᠨ ᠨᠡᠮᠡᠷᠢᠯᠡᠬᠦ᠌᠎ᠪᠠᠷ ᠪᠠᠷᠠᠬᠤ ᠥᠬᠡᠶ᠂ ᠪᠠᠰᠠ ᠣᠷᠣᠨ ᠪᠦᠰᠡ᠎ᠶ᠋ᠢᠨ ᠳᠣᠲᠣᠷᠠᠬᠢ 400 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭᠠᠨ᠂ 800 ᠲᠦᠮᠡᠨ ᠺᠢᠯᠣᠸᠠᠲ᠎ᠤᠨ ᠭᠡᠷᠡᠯᠴᠢ ᠴᠡᠨᠡᠭ᠎ᠤᠨ ᠲᠥᠷᠥᠯ ᠵᠦᠶ᠋ᠯ᠎ᠳᠤ ᠲᠣᠭ᠍ᠲᠠᠭᠤᠨ ᠲᠣᠬᠢᠷᠠᠭᠤᠯᠤᠯᠲᠠ ᠬᠢᠬᠦ᠌ ᠪᠠᠲᠤᠯᠠᠭ᠎ᠠ ᠬᠠᠩᠭᠠᠵᠤ᠂ ᠣᠯᠠᠨ ᠡᠨᠧᠷᠭᠢ᠎ᠶ᠋ᠢᠨ ᠬᠠᠮᠵᠢᠯᠴᠠᠨ ᠥᠨᠳᠥᠷ ᠪᠦᠲᠦᠮᠵᠢᠲᠡᠶ ᠠᠵᠢᠯᠯᠠᠬᠤ᠎ᠶ᠋ᠢ ᠪᠡᠶᠡᠯᠡᠭᠦᠯᠦᠨ᠎ᠡ᠃

  ᠥᠪᠥᠷ ᠮᠣᠩᠭᠤᠯ᠎ᠤᠨ ᠬᠤᠸᠠ ᠳ᠋ᠢᠶᠠᠨ ᠲᠩᠷᠢ ᠨᠤᠭᠤᠭ᠋ᠠᠨ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠪᠠᠶᠠᠨᠬᠤᠲᠠ᠎ᠶ᠋ᠢᠨ ᠴᠠᠬᠢᠯᠭᠠᠨ ᠭᠠᠷᠭᠠᠬᠤ ᠬᠤᠪᠢᠶᠠᠷᠢ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠭᠦᠢᠴᠡᠳᠭᠡᠬᠦ᠌ ᠬᠡᠷᠡᠭ ᠮᠡᠳᠡᠭ᠌ᠴᠢ ᠯᠢ ᠷᠦᠢ ᠢᠯᠡᠷᠬᠡᠢᠯᠡᠬᠦ᠌᠎ᠳᠡᠭᠡᠨ᠂ ᠠᠩᠬᠠᠳᠠᠭ᠍ᠴᠢ ᠪᠧᠲ᠋ᠤᠨ᠎ᠤ ᠠᠮᠵᠢᠯᠲᠠ᠎ᠲᠠᠢ᠎ᠪᠠᠷ ᠴᠢᠳᠭᠤᠨ ᠪᠠᠢᠭᠤᠯᠤᠭ᠍ᠰᠠᠨ᠎ᠨᠢ ᠲᠦᠷᠦᠯ ᠵᠦᠢᠯ ᠵᠢᠩᠬᠢᠨᠢ᠎ᠪᠠᠷ ᠠᠵᠢᠯ ᠡᠬᠢᠯᠡᠭ᠌ᠰᠡᠨ᠎ᠢ ᠬᠠᠷᠠᠭᠤᠯᠵᠤ ᠪᠠᠢᠨ᠎ᠠ᠃ ᠲᠣᠰ ᠲᠥᠷᠥᠯ ᠵᠦᠢᠯ᠎ᠳᠤ 4 ᠮᠠᠱᠢᠨ ᠴᠣᠭ᠍ᠴᠠᠯᠠᠪᠤᠷᠢ᠎ᠶ᠋ᠢ ᠲᠥᠯᠥᠪᠵᠢᠭᠦᠯᠦᠨ ᠪᠥᠲᠥᠭᠡᠨ ᠪᠠᠢᠭᠤᠯᠵᠤ᠂ ᠲᠣᠰ ᠤᠳᠠᠭ᠎ᠠ 2 ᠮᠠᠱᠢᠨ ᠴᠣᠭ᠍ᠴᠠᠯᠠᠪᠤᠷᠢ᠎ᠶ᠋ᠢ ᠴᠢᠳᠭᠤᠬᠤ ᠠᠵᠢᠯ᠎ᠢ ᠤᠷᠢᠳᠠᠪᠠᠷ ᠥᠷᠨᠢᠭᠦᠯᠵᠦ᠍᠂ ᠵᠠᠯᠭᠠᠭᠠᠳ 3 ᠳ᠋ᠤᠭᠠᠷ᠂ 4 ᠳ᠋ᠦ᠍ᠭᠡᠷ ᠮᠠᠱᠢᠨ ᠴᠣᠭ᠍ᠴᠠᠯᠠᠪᠤᠷᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ ᠠᠬᠢᠭᠤᠯᠤᠨ᠎ᠠ᠃ ᠵᠢᠱ᠌ᠢᠯᠲᠡ᠎ᠪᠠᠷ ᠭᠤᠷᠪᠠᠨ ᠵᠢᠯ᠎ᠤᠨ ᠳᠠᠷᠠᠭ᠎ᠠ᠂ ᠬᠤᠸᠠ ᠳ᠋ᠢᠶᠠᠨ ᠲᠩᠷᠢ 4 ᠰᠠᠥᠷᠢ 100 ᠲᠦᠮᠡᠨ ᠺᠢᠯᠣᠸᠠᠲ᠎ᠤᠨ ᠨᠡᠭᠦᠷᠡᠰᠦ ᠴᠠᠬᠢᠯᠭᠠᠨ᠎ᠤ ᠮᠠᠱᠢᠨ ᠴᠣᠭ᠍ᠴᠠᠯᠠᠪᠤᠷᠢ ᠪᠥᠬᠦ᠌ ᠪᠠᠭ᠍ᠲᠠᠭᠠᠮᠵᠢ᠎ᠪᠠᠷ᠎ᠢᠶᠠᠨ ᠠᠱᠢᠭ᠍ᠯᠠᠯᠲᠠ᠎ᠳᠤ ᠣᠷᠣᠬᠤ᠎ᠶ᠋ᠢ ᠪᠡᠶᠡᠯᠡᠭᠦᠯᠵᠦ᠍᠂ ᠣᠷᠣᠨ ᠪᠦᠰᠡ᠎ᠶ᠋ᠢᠨ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠲᠦᠢᠯ᠎ᠤᠨ ᠴᠢᠬᠤᠯᠠ ᠠᠴᠢ ᠬᠤᠯᠪᠣᠭ᠍ᠳᠠᠯ᠎ᠲᠠᠢ ᠶᠤᠮ᠃

  ᠬᠦᠰᠡᠮᠵᠢᠯᠡᠭᠦᠰᠢᠲᠡᠢ ᠵᠦᠢᠯ ᠭᠡᠪᠡᠯ᠂ ᠲᠥᠷᠥᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠡᠨᠡ ᠬᠦ᠌ ᠣᠳᠣᠬᠢᠴᠢᠯᠠᠭ᠍ᠰᠠᠨ ᠡᠨᠧᠷᠭᠢ᠎ᠶ᠋ᠢᠨ ᠰᠠᠭᠤᠷᠢᠨ ᠭᠠᠵᠠᠷ᠎ᠨᠢ ᠠᠯᠬᠤᠮ ᠠᠯᠬᠤᠮ᠎ᠢᠶᠠᠷ ᠤᠯᠤᠰ᠎ᠤᠨ 《ᠪᠠᠷᠠᠭᠤᠨ᠎ᠤ ᠴᠠᠬᠢᠯᠭᠠᠨ᠎ᠢ ᠵᠡᠭᠦᠨᠰᠢ ᠬᠦᠷᠭᠡᠬᠦ᠌》 ᠪᠠᠢᠯᠳᠤᠬᠤ ᠪᠣᠳᠣᠯᠭ᠎ᠠ᠎ᠶ᠋ᠢᠨ ᠴᠢᠬᠤᠯᠠ ᠲᠤᠯᠬᠤ ᠴᠡᠭ ᠪᠣᠯᠵᠣ᠂ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠂ 《ᠬᠤᠣᠰ ᠨᠡᠭᠦᠷᠡᠰᠦᠲᠥ᠋ᠷᠥᠭ᠌ᠴᠢ》 ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠮᠥᠨ ᠴᠦ᠍ ᠠᠯᠠᠱᠠ᠎ᠶ᠋ᠢᠨ ᠴᠢᠨᠠᠷ ᠰᠠᠢᠲᠠᠶ ᠬᠥᠭ᠌ᠵᠢᠯᠲᠡ ᠪᠠ ᠣᠷᠣᠨ ᠪᠦᠰᠡ᠎ᠶ᠋ᠢᠨ ᠡᠨᠧᠷᠭᠢ᠎ᠶ᠋ᠢᠨ ᠪᠦᠲᠦᠴᠡ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ᠎ᠨᠢ ᠯᠠᠪᠲᠠᠶ ᠶᠤᠮ᠃

 

 

   ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠠᠯᠠᠱᠠ ᠠᠢᠮᠠᠭ᠎ᠤᠨ ᠬᠠᠮ ᠵᠠᠭᠤᠴᠢᠯᠠᠭᠤᠷ᠎ᠤᠨ ᠸᠢᠴᠠᠲ᠎ᠤᠨ ᠤᠯᠠᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            