12 ᠳ᠋ᠤᠭ᠋ᠠᠷ ᠰᠠᠷ᠎ᠠ᠎ᠶᠢᠨ 16 ᠤ᠋ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠡᠳ᠋᠎ᠦ᠋ᠨ ᠵᠠᠰᠠᠭ᠎ᠤ᠋ᠨ ᠲᠢᠩᠬᠢᠮ᠎ᠡᠴᠡ ᠣᠢᠯᠠᠭᠠᠭ᠍ᠰᠠᠨ᠎ᠢᠶᠡᠷ᠂ ᠡᠵᠡᠩᠨᠡᠨ ᠬᠤᠳᠠᠯᠳᠤᠭ᠋ᠠᠯᠠᠬᠤ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢᠯᠠᠯ ᠤᠳᠤᠨ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠨᠢ ᠪᠠᠭᠤᠷᠠᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠣᠢᠷ᠎ᠠ᠎ᠳᠤ 《 ᠭᠡᠷ ᠬᠥᠷᠥᠩᠭᠡ᠎ᠶᠢᠨ ᠤᠤᠯ ᠥᠷᠲᠡᠭ᠎ᠢ ᠬᠠᠰᠤᠬᠤ ᠬᠠᠷᠢᠴᠠᠯ᠎ᠢ ᠲᠣᠳᠣᠷᠬᠠᠢᠯᠠᠬᠤ ᠲᠤᠬᠠᠢ ᠮᠡᠳᠡᠭᠳᠡᠯ 》 ( ᠳᠣᠷᠣᠭ᠍ᠰᠢ 《 ᠮᠡᠳᠡᠭᠳᠡᠯ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠨᠢᠭᠡ ᠲᠦᠷᠦᠯ᠎ᠤᠨ ᠭᠡᠷ ᠬᠥᠷᠥᠩᠭᠡ᠎ᠶᠢᠨ ᠭᠠᠢᠯᠢ᠎ᠶᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ 5 ᠵᠢᠯ ᠦᠷᠭᠦᠯᠵᠢᠯᠡᠭᠦᠯᠵᠦ᠂ ᠠᠵᠤ ᠠᠬᠤᠢᠯᠠᠯ᠎ᠤᠨ ᠬᠥᠭᠵᠢᠯᠲᠡ᠎ᠶᠢ ᠤᠯᠠᠮ ᠨᠢᠭᠡ ᠠᠯᠬᠤᠮ ᠳᠡᠮᠵᠢᠬᠦ᠎ᠪᠡᠷ ᠲᠣᠳᠣᠷᠬᠠᠢ ᠲᠣᠭᠲᠠᠭᠠᠪᠠ ᠃
《ᠮᠡᠳᠡᠭ᠌ᠳᠡᠯ》 ᠳᠤ ᠲᠣᠭ᠍ᠲᠠᠭᠠᠭ᠍ᠰᠠᠨ᠎ᠨᠢ᠂ 2026 ᠣᠨ᠎ᠤ 1 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ 2030 ᠣᠨ᠎ᠤ 12 ᠳ᠋ᠤᠭ᠋ᠠᠷ ᠰᠠᠷ᠎ᠠ᠎ᠶ᠋ᠢᠨ 31 ᠤ ᠡᠳᠦᠷ ᠪᠣᠯᠲᠠᠯ᠎ᠠ᠂ ᠥᠪᠥᠷ ᠮᠣᠩᠭᠤᠯ ᠦᠨ᠎ᠡ᠎ᠪᠠᠷ ᠪᠤᠳᠤᠵᠤ ᠲᠠᠲᠠᠪᠤᠷᠢᠯᠠᠭ᠍ᠰᠠᠨ ᠬᠡᠷ ᠬᠥᠷᠥᠩᠭᠡ᠎ᠶ᠋ᠢᠨ ᠭᠠᠢᠯᠢ᠎ᠶ᠋ᠢ ᠬᠡᠷ ᠬᠥᠷᠥᠩᠭᠡ᠎ᠶ᠋ᠢᠨ ᠤᠤᠯ ᠥᠷᠲᠡᠭ᠎ᠤᠨ ᠶᠣᠰᠣᠭᠠᠷ ᠨᠢᠭᠡ ᠯᠡ ᠤᠳᠠᠭ᠎ᠠ᠎ᠳᠤ 30% ᠶ᠋ᠢ ᠬᠠᠰᠤᠭ᠍ᠰᠠᠨᠤ ᠳᠠᠷᠠᠭᠠᠬᠢ ᠦᠯᠡᠳᠡᠪᠦᠷᠢ ᠥᠷᠲᠡᠭ᠎ᠢᠶᠠᠷ ᠪᠤᠳᠤᠵᠤ ᠲᠤᠱᠢᠶᠠᠨ᠎ᠠ᠃ ᠲᠤᠰ ᠲᠥᠷᠥ᠎ᠶᠢᠨ ᠪᠣᠳᠣᠯᠭ᠎ᠠ ᠪᠣᠯ ᠣᠳᠣ᠌᠎ᠶᠢᠨ ᠬᠠᠷᠠᠭᠠᠯᠵᠠᠯᠲᠤ ᠲᠥᠷᠥ᠎ᠶᠢᠨ ᠪᠣᠳᠣᠯᠭ᠎ᠠ᠎ᠶᠢᠨ ᠦᠷᠭᠦᠯᠵᠢᠯᠡᠯ ᠮᠥᠨ ᠃ 2019 ᠣᠨ᠎ᠠᠴᠠ ᠡᠬᠢᠯᠡᠨ᠂ ᠥᠪᠥᠷ ᠮᠣᠩᠭᠤᠯ ᠨᠢᠭᠡᠨᠲᠡ ᠬᠡᠷ ᠬᠥᠷᠥᠩᠭᠡ᠎ᠶ᠋ᠢᠨ ᠭᠠᠢᠯᠢ᠎ᠶ᠋ᠢ ᠦᠨ᠎ᠡ᠎ᠪᠠᠷ ᠪᠤᠳᠤᠵᠤ ᠲᠠᠲᠠᠪᠤᠷᠢᠯᠠᠬᠤ᠎ᠳᠤ᠎ᠪᠠᠨ ᠬᠠᠰᠤᠬᠤ ᠬᠡᠮᠵᠢᠶ᠎ᠡ᠎ᠶ᠋ᠢ ᠤᠤᠯ᠎ᠤᠨ 10% ᠪᠠᠢ᠌ᠭᠰᠠᠨ᠎ᠠᠴᠠ ᠳᠡᠭᠡᠭᠰᠢᠯᠡᠭᠦᠯᠦᠭᠡᠳ 30% ᠪᠣᠯᠭ᠋ᠠᠵᠤ᠂ ᠬᠠᠮᠤᠭ ᠶᠡᠬᠡ ᠬᠡᠮᠵᠢᠶ᠎ᠡ᠎ᠪᠡᠷ ᠬᠠᠰᠤᠵᠤ ᠬᠡᠯᠲᠦᠷᠢᠭᠦᠯᠬᠦ (ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠠᠮᠤᠭ ᠶᠡᠬᠡ ᠬᠡᠮᠵᠢᠶ᠎ᠡ᠎ᠪᠡᠷ ᠬᠠᠰᠤᠵᠤ ᠬᠡᠯᠲᠦᠷᠢᠭᠦᠯᠬᠦ᠌᠎ᠶ᠋ᠢ ᠬᠡᠷᠡᠭ᠌ᠵᠢᠭᠦᠯᠦᠨ᠎ᠡ) ᠶ᠋ᠢ ᠬᠡᠷᠡᠭᠵᠢᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠦᠷᠭᠦᠯᠵᠢᠯᠡᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠳᠤ ᠠᠰᠢᠭ ᠬᠦᠷᠲᠡᠭᠡᠬᠦ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠡᠷᠡᠰ ᠵᠣᠷᠢᠭ ᠲᠠᠢ ᠪᠠᠢ᠌ᠬᠤ᠎ᠪᠠᠨ ᠢᠯᠡᠷᠡᠭᠦᠯᠪᠡ᠃
ᠣᠨᠴᠠᠭᠠᠢᠯᠠᠨ ᠲᠤᠳᠤᠷᠬᠠᠢ᠌ᠯᠠᠭᠤᠰᠢᠲᠠᠢᠨᠢ᠂ ᠤᠯᠤᠰ᠎ᠤᠨ ᠭᠠᠢᠯᠢ᠎ᠶ᠋ᠢᠨ ᠬᠠᠤᠯᠢ᠎ᠶ᠋ᠢᠨ ᠲᠣᠭ᠍ᠲᠠᠭᠠᠯ᠎ᠢ ᠦᠨᠳᠦᠰᠦᠯᠡᠪᠡᠯ᠂ ᠬᠤᠪᠢ ᠬᠥᠮᠥᠨ᠎ᠤ ᠦᠮᠴᠢᠯᠡᠵᠦ ᠪᠦᠬᠦᠢ ᠡᠵᠡᠩᠨᠡᠯᠲᠡ᠎ᠶ᠋ᠢᠨ ᠪᠤᠰᠤ ᠭᠡᠷ ᠬᠥᠷᠥᠩᠭᠡ᠎ᠨᠢ ᠨᠢᠭᠡᠨᠲᠡ ᠭᠡᠷ ᠬᠥᠷᠥᠩᠭᠡ᠎ᠶ᠋ᠢᠨ ᠭᠠᠢᠯᠢ ᠭᠡᠯᠳᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠬᠦᠷᠲᠡᠵᠡᠢ᠂ ᠡᠢᠮᠦ᠍᠎ᠠᠴᠠ ᠲᠤᠰ ᠤᠳᠠᠭᠠᠨ᠎ᠤ ᠭᠠᠢᠯᠢ ᠲᠠᠲᠠᠪᠤᠷᠢ᠎ᠶ᠋ᠢ ᠬᠠᠰᠤᠵᠦ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ ᠯᠤᠭ᠎ᠠ ᠬᠤᠯᠪᠣᠭ᠍ᠳᠠᠬᠤ ᠦᠭᠡᠢ᠃ ᠲᠣᠰ ᠤᠳᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠭᠦᠯᠦᠭ᠌ᠰᠡᠨᠨᠢ ᠭᠤᠤᠯᠳᠠᠭᠤ ᠦᠢᠯᠡᠳᠪᠦᠷᠢᠯᠡᠯ ᠡᠵᠡᠩᠨᠡᠯᠲᠡ᠎ᠶ᠋ᠢ ᠡᠷᠭᠢᠯᠡᠵᠦ᠍ ᠪᠠᠢᠭ᠎ᠠ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠬᠠᠨᠳᠤᠭᠤᠯᠤᠨ᠂ ᠠᠵᠤ ᠠᠬᠤᠢᠯᠠᠯ᠎ᠳᠤ ᠨᠢᠭᠡ ᠬᠤᠭᠤᠴᠠᠭᠠᠨ᠎ᠤ ᠵᠢᠱ᠌ᠢᠵᠦ᠍ ᠪᠣᠯᠬᠤᠢᠴᠠ ᠲᠥᠷᠥ᠎ᠶ᠋ᠢᠨ ᠪᠣᠳᠣᠯᠭ᠎ᠠ᠎ᠶ᠋ᠢ ᠬᠠᠩᠭᠠᠵᠤ᠂ ᠠᠵᠤ ᠠᠬᠤᠢᠯᠠᠯ᠎ᠤᠨ ᠳᠤᠮᠳᠠ ᠣᠷᠳᠣ ᠬᠤᠭᠤᠴᠠᠭᠠᠨ᠎ᠤ ᠲᠥᠯᠥᠪᠵᠢᠭᠦᠯᠭᠡ ᠬᠢᠬᠦ ᠪᠠ ᠪᠠᠯᠠ ᠣᠷᠣᠭᠤᠯᠤᠯᠲᠠ ᠬᠢᠬᠦ᠌᠎ᠳᠤ ᠠᠱᠢᠭ᠍ᠲᠠᠶ ᠪᠠᠢ᠌ᠳᠠᠭ᠃
ᠦᠨ᠎ᠡ᠎ᠪᠡᠷ ᠲᠠᠲᠠᠪᠤᠷᠢᠯᠠᠬᠤ ᠭᠠᠢᠯᠢ ᠭᠡᠳᠡᠭ ᠨᠢ ᠭᠠᠢᠯᠢ ᠲᠠᠲᠠᠪᠤᠷᠢᠯᠠᠬᠤ ᠡᠲᠡᠭᠡᠳ᠎ᠦᠨ ᠥᠷᠲᠡᠭ᠎ᠦᠨ ᠬᠡᠮᠵᠢᠶ᠎ᠡ᠎ᠪᠡᠷ ᠦᠨᠳᠦᠰᠦᠯᠡᠯ ᠪᠣᠯᠭᠠᠵᠤ᠂ ᠵᠣᠬᠢᠬᠤ ᠬᠠᠷᠢᠴᠠᠯ᠎ᠢᠶᠠᠷ ᠭᠠᠢᠯᠢ ᠪᠣᠳᠣᠵᠤ ᠲᠠᠲᠠᠪᠤᠷᠢᠯᠠᠬᠤ ᠭᠠᠢᠯᠢ ᠲᠠᠲᠠᠪᠤᠷᠢ᠎ᠶ᠋ᠢ ᠵᠢᠭᠠᠵᠤ ᠪᠤᠶ᠂ ᠵᠢᠱ᠌ᠢᠶᠡᠯᠡᠪᠡᠯ ᠮᠠᠨ᠎ᠤ ᠤᠯᠤᠰ᠎ᠤᠨ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠥᠷᠲᠡᠭ ᠨᠡᠮᠡᠭ᠌ᠳᠡᠯ᠎ᠦᠨ ᠭᠠᠢᠯᠢ᠂ ᠪᠣᠭᠣᠮᠲᠠ᠎ᠶ᠋ᠢᠨ ᠭᠠᠢᠯᠢ ᠪᠠ ᠠᠰᠢᠭ ᠤᠷᠤᠯᠭ᠎ᠠ᠎ᠶᠢᠨ ᠭᠠᠢᠯᠢ ᠵᠡᠷᠭᠡ ᠪᠣᠯᠤᠨ᠎ᠠ᠃ ᠲᠣᠰ ᠤᠳᠠᠭᠠᠨ᠎ᠤ ᠭᠠᠢᠯᠢ ᠲᠠᠲᠠᠪᠤᠷᠢ᠎ᠶ᠋ᠢ ᠬᠠᠰᠤᠵᠤ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠦᠷᠭᠦᠯᠵᠢᠯᠡᠯ ᠪᠣᠯ ᠥᠪᠥᠷ ᠮᠣᠩᠭᠤᠯ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠲᠣᠭᠤᠷᠢᠨ᠎ᠢ ᠦᠷᠭᠦᠯᠵᠢᠯᠡᠨ ᠰᠢᠯᠢᠳᠡᠭᠵᠢᠭᠦᠯᠬᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠨᠢᠭᠡ ᠵᠦᠢᠯ᠎ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠭᠠᠢᠯᠢ ᠰᠦᠢᠳᠭᠡᠯ᠎ᠢ ᠦᠨᠡᠨ ᠪᠣᠳᠠᠲᠠᠶ ᠬᠠᠰᠤᠵᠤ ᠬᠡᠯᠲᠦᠷᠢᠭᠦᠯᠬᠦ᠌᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠴᠢᠨᠠᠷᠲᠠᠶ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠢᠯᠠᠯ᠎ᠤᠨ ᠨᠠᠩ ᠣᠯᠠᠨ ᠪᠠᠯᠠ ᠮᠥᠩᠭᠦ᠎ᠶ᠋ᠢ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠳᠠᠬᠢᠨ ᠦᠢᠯᠡᠳᠪᠦᠷᠢᠯᠡᠯ᠎ᠢ ᠥᠷᠭᠡᠳᠭᠡᠬᠦ᠌ ᠵᠢᠴᠢ ᠠᠵᠢᠯ ᠣᠯᠭᠤᠯᠲᠠ᠎ᠶ᠋ᠢ ᠨᠡᠮᠡᠭ᠌ᠳᠡᠭᠦᠯᠬᠦ᠌᠎ᠳᠤ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠵᠠᠬ᠎ᠠ ᠳᠡᠯᠭᠡᠭᠦᠷ᠎ᠤᠨ ᠢᠲᠡᠭᠡᠯ ᠵᠣᠷᠢᠭ᠎ᠢ ᠬᠥᠪᠴᠢᠯᠡᠨ᠂ ᠪᠥᠬᠦ᠌ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠢᠳᠡᠪᠬᠢᠲᠡᠶ ᠠᠴᠢ ᠬᠤᠯᠪᠣᠭ᠍ᠳᠠᠯ᠎ᠲᠠᠢ ᠶᠤᠮ᠃

ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ