ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠲᠦᠩᠯᠢᠶᠣᠤ ᠬᠤᠲᠠ ᠱᠢᠨ᠎ᠡ ᠨᠢᠭᠡᠨ ᠡᠭᠡᠯᠵᠢ᠎ᠶ᠋ᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ《ᠡᠪᠦᠯ᠎ᠤᠨ ᠤᠯᠠᠷᠢᠯ᠎ᠤᠨ ᠬᠠᠮ ᠪᠠᠢ᠌ᠯᠳᠤᠭ᠋ᠠᠨ》᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-12-18

  ᠰᠤᠷᠪᠤᠯᠵᠢᠯᠠᠭ᠍ᠴᠢ ᠲᠦᠩᠯᠢᠶᠣᠣ ᠬᠣᠲᠠ᠎ᠶᠢᠨ ᠪᠡᠯᠡ ᠣᠷᠣᠭᠤᠯᠤᠯᠲᠠ᠎ᠶᠢ ᠠᠬᠢᠭᠤᠯᠬᠤ ᠲᠣᠪᠴᠢᠶᠠᠨ᠎ᠠ᠋ᠴᠠ ᠣᠢᠯᠠᠭᠠᠵᠤ ᠮᠡᠳᠡᠭ᠌ᠰᠡᠨ ᠨᠢ ᠂ ᠲᠦᠩᠯᠢᠶᠣᠣ ᠬᠣᠲᠠ ᠣᠢᠷ᠎ᠠ᠎ᠳ᠋ᠤ 100 ᠡᠳᠦᠷ᠎ᠦ᠋ᠨ ᠬᠤᠭᠤᠴᠠᠭ᠎ᠠ᠎ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 《ᠡᠪᠦᠯ᠎ᠤᠨ ᠤᠯᠠᠷᠢᠯ᠎ᠤᠨ ᠬᠠᠮ ᠪᠠᠢ᠌ᠯᠳᠤᠭ᠋ᠠᠨ》 ᠎ᠢ ᠡᠬᠢᠯᠡᠭᠦᠯᠪᠡ᠃ 《ᠡᠪᠦᠯ᠎ᠤᠨ ᠤᠯᠠᠷᠢᠯ᠎ᠤᠨ ᠬᠠᠮ ᠪᠠᠢ᠌ᠯᠳᠤᠭ᠋ᠠᠨ》 ᠎ᠢᠶᠠᠷ ᠳᠠᠮᠵᠢᠭᠤᠯᠤᠨ᠂ ᠲᠦᠩᠯᠢᠶᠣᠤ᠎ᠶ᠋ᠢᠨ ᠠᠵᠤ ᠦᠢᠯᠡᠰ᠎ᠤᠨ ᠲᠥᠯᠥᠪᠵᠢᠭᠦᠯᠭᠡ᠎ᠲᠠᠢ ᠭᠦᠨᠵᠡᠭᠡᠶ ᠨᠡᠢᠴᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠭᠤᠯᠤᠭ᠍ᠳᠠᠴᠠ᠎ᠪᠠᠷ ᠥᠨᠳᠥᠷ᠂ ᠦᠰᠦᠨ ᠪᠤᠢᠵᠢᠯᠲᠠ᠎ᠶ᠋ᠢᠨ ᠴᠢᠨᠠᠷ᠎ᠢᠶᠠᠷ ᠰᠠᠢᠨ᠂ ᠨᠥᠯᠥᠭᠡᠯᠡᠬᠦ᠌ ᠴᠢᠳᠠᠪᠤᠷᠢ᠎ᠪᠠᠷ ᠴᠢᠩᠭ᠎ᠠ ᠨᠢᠭᠡ ᠪᠦᠯᠦᠭ ᠱᠢᠯᠢᠳᠡᠭ ᠲᠥᠷᠥᠯ ᠵᠦᠢᠯ᠎ᠢ ᠣᠷᠣᠭᠤᠯᠤᠨ ᠠᠪᠴᠢᠷᠠᠵᠤ᠂ ᠳᠠᠪᠠᠭᠤᠯᠢᠭ ᠲᠠᠯ᠎ᠠ᠎ᠪᠠᠨ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠳᠤᠲᠠᠭᠤᠳᠠᠯ᠎ᠢᠶᠠᠨ ᠨᠥᠬᠦᠪᠥᠷᠢᠯᠡᠨ᠂ ᠪᠦᠲᠦᠴᠡ᠎ᠪᠠᠨ ᠱᠢᠯᠢᠳᠡᠭ᠌ᠵᠢᠭᠦᠯᠵᠦ᠍᠂ ᠠᠯᠤᠰ ᠬᠡᠲᠦ᠍᠎ᠶ᠋ᠢᠨ ᠬᠥᠭ᠌ᠵᠢᠯᠲᠡ᠎ᠳᠤ ᠦᠨᠳᠦᠰᠦ ᠰᠠᠭᠤᠷᠢ᠎ᠶ᠋ᠢ ᠪᠠᠬᠢᠵᠢᠭᠦᠯᠵᠦ᠍᠂ ᠨᠥᠭᠡᠴᠡ ᠬᠦᠴᠦᠨ᠎ᠢ ᠬᠤᠷᠠᠮᠳᠤᠭᠤᠯᠤᠨ᠎ᠠ᠃

  ᠣᠢᠯᠠᠭᠠᠭ᠍ᠰᠠᠨ᠎ᠢᠶᠠᠷ᠂ 2022 ᠣᠨ᠎ᠠᠴᠠ ᠨᠠᠭ᠋ᠠᠰᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 《ᠡᠪᠦᠯ᠎ᠤᠨ ᠤᠯᠠᠷᠢᠯ᠎ᠤᠨ ᠬᠠᠮ ᠪᠠᠢ᠌ᠯᠳᠤᠭ᠋ᠠᠨ》 ᠎ᠨᠢ ᠨᠢᠭᠡᠨᠲᠡ ᠲᠦᠩᠯᠢᠶᠣᠤ ᠬᠤᠲᠠ᠎ᠶ᠋ᠢᠨ ᠤᠯᠠᠷᠢᠯ᠎ᠤᠨ ᠬᠢᠵᠠᠭᠠᠷᠯᠠᠯ᠎ᠢ ᠡᠪᠳᠡᠬᠦ᠂ ᠡᠪᠦᠯ᠎ᠤᠨ ᠤᠯᠠᠷᠢᠯ᠎ᠤᠨ ᠬᠠᠪᠤᠷ᠎ᠤᠨ ᠡᠬᠢᠨ᠎ᠤ ᠠᠵᠤ ᠠᠬᠤᠢᠯᠠᠯ᠎ᠤᠨ ᠢᠷᠡᠭᠡᠳᠦᠶ᠎ᠶ᠋ᠢᠨ ᠪᠠᠢᠷᠢᠱᠢᠭᠤᠯᠤᠯᠲᠠ᠎ᠶ᠋ᠢ ᠠᠮᠵᠢᠨ ᠠᠳᠭᠤᠬᠤ 《ᠱᠢᠵᠢᠷ ᠠᠯᠲᠠᠨ ᠬᠤᠭᠤᠴᠠᠭ᠎ᠠ》 ᠪᠣᠯᠵᠣ᠂ ᠲᠣᠰ ᠵᠢᠯ᠎ᠤᠨ ᠲᠡᠭᠦᠰ ᠠᠮᠵᠢᠯᠲᠠ᠎ᠲᠠᠢ ᠰᠡᠭᠦᠯ ᠬᠤᠷᠢᠶᠠᠬᠤ ᠪᠠ ᠢᠷᠡᠬᠦ᠌ ᠵᠢᠯ᠎ᠳᠤ ᠰᠠᠭᠤᠷᠢ᠎ᠶ᠋ᠢ ᠰᠠᠢᠲᠤᠷ ᠲᠠᠯᠪᠢᠬᠤ ᠨᠠᠷᠠᠲᠤ ᠲᠡᠮᠳᠡᠭ᠎ᠦᠨ ᠬᠤᠳᠠᠯᠳᠤᠭᠠᠴᠢᠨ ᠤᠷᠢᠬᠤ ᠵᠠᠭ᠍ᠪᠤᠷ ᠪᠣᠯᠤᠭ᠍ᠰᠠᠨ ᠪᠠᠢᠨ᠎ᠠ᠃ ᠭᠤᠷᠪᠠᠨ ᠵᠢᠯ ᠭᠠᠷᠤᠢ᠎ᠶ᠋ᠢᠨ ᠲᠤᠷᠰᠢ᠂ ᠪᠡᠯᠡ ᠣᠷᠣᠭᠤᠯᠤᠯᠲᠠ᠎ᠶ᠋ᠢᠨ ᠬᠡᠪᠴᠢᠶ᠎ᠡ ᠶᠡᠭᠡ᠂ ᠠᠵᠤ ᠦᠢᠯᠡᠰ᠎ᠤᠨ ᠲᠡᠰ ᠳᠠᠪᠬᠤᠷᠭ᠎ᠠ ᠥᠨᠳᠥᠷ᠂ ᠳᠠᠢᠴᠢᠯᠠᠬᠤ ᠴᠢᠳᠠᠪᠤᠷᠢ ᠴᠢᠩᠭ᠎ᠠ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ᠎ᠢ ᠵᠠᠯᠭᠠᠭ᠎ᠠ᠎ᠪᠠᠷ ᠨᠠᠢᠳᠠᠪᠤᠷᠢᠵᠢᠭᠤᠯᠵᠤ᠂ ᠲᠦᠩᠯᠢᠶᠣᠤ᠎ᠶ᠋ᠢᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠥᠭᠡᠳ ᠬᠤᠳᠠᠯᠳᠤᠭ᠋ᠠᠴᠢᠨ ᠤᠷᠢᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ᠌᠎ᠳᠤ ᠡᠷᠬᠢᠮ ᠨᠠᠨᠳᠢᠨ ᠲᠤᠷᠱᠢᠯᠭ᠎ᠠ ᠬᠤᠷᠠᠮᠳᠤᠭᠤᠯᠵᠠᠢ᠃

  ᠡᠨᠡ ᠵᠢᠯ᠎ᠤᠨ 《ᠡᠪᠦᠯ᠎ᠤᠨ ᠤᠯᠠᠷᠢᠯ᠎ᠤᠨ ᠬᠠᠮ ᠪᠠᠢ᠌ᠯᠳᠤᠭ᠋ᠠᠨ》 ᠎ᠨᠢ ᠲᠤᠬᠠᠶ᠎ᠶ᠋ᠢᠨ ᠭᠠᠵᠠᠷ᠎ᠤᠨ ᠠᠵᠤ ᠦᠢᠯᠡᠰ᠎ᠤᠨ ᠰᠠᠭᠤᠷᠢ᠂ ᠡᠬᠢ ᠪᠠᠶᠠᠯᠢᠭ᠎ᠤᠨ ᠳᠠᠪᠠᠭᠤᠯᠢᠭ ᠬᠢᠭᠡᠳ ᠬᠦᠴᠦᠨ ᠵᠦᠢᠯ᠎ᠤᠨ ᠨᠥᠬᠦᠴᠡᠯ᠎ᠳᠤ ᠰᠠᠭᠤᠷᠢᠯᠠᠨ᠂ ᠨᠠᠷᠢᠯᠢᠭ ᠣᠨᠣᠴᠠᠲᠠᠶ᠎ᠪᠠᠷ ᠰᠤᠳᠤᠯᠤᠨ ᠮᠠᠭᠠᠳᠯᠠᠵᠤ᠂ ᠬᠠᠷᠠᠯᠲᠠ᠎ᠪᠠᠨ ᠲᠣᠭ᠍ᠲᠠᠭᠠᠨ᠂ ᠰᠠᠨᠠᠭᠠᠴᠢᠯᠠᠭ᠎ᠠ᠎ᠠᠴᠠ᠎ᠪᠠᠨ ᠳᠠᠭᠠᠷᠢᠯᠲᠠ ᠬᠢᠵᠦ᠍᠂ ᠤᠯᠠᠨ ᠤᠳᠠᠭ᠎ᠠ᠂ ᠥᠨᠳᠥᠷ ᠦᠷ᠎ᠡ ᠪᠦᠲᠦᠮᠵᠢ᠎ᠲᠠᠢ᠎ᠪᠠᠷ ᠵᠣᠯᠭᠠᠭᠤᠯᠬᠤ᠎ᠶ᠋ᠢ ᠥᠷᠨᠢᠭᠦᠯᠵᠦ᠍᠂ ᠬᠤᠳᠠᠯᠳᠤᠭᠠᠴᠢᠨ ᠤᠷᠢᠬᠤ᠂ ᠲᠣᠮᠣ ᠬᠤᠳᠠᠯᠳᠤᠭᠠᠴᠢᠨ ᠡᠯᠰᠡᠬᠦ᠌ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠣᠶ ᠪᠣᠯᠭᠠᠪᠠ᠃ ᠭᠤᠤᠯᠳᠠᠯᠭ᠎ᠠ᠎ᠲᠠᠢ ᠶᠠᠷᠢᠯᠴᠠᠵᠤ ᠪᠠᠢᠭ᠎ᠠ ᠲᠥᠷᠥᠯ ᠵᠦᠢᠯ᠎ᠳᠤ᠂ ᠲᠤᠰᠭᠠᠶ ᠠᠩᠭᠢ᠎ᠶ᠋ᠢ᠎ᠲᠠᠭᠠᠨ ᠣᠷᠣᠬᠤ᠂ ᠲᠥᠪᠯᠡᠷᠡᠭᠦᠯᠦᠨ ᠪᠣᠭᠤᠮᠲᠠ ᠱᠢᠪᠲᠤᠯᠵᠤ᠂ ᠠᠯᠢ ᠲᠦᠷᠭᠡᠨ᠎ᠢᠶᠠᠷ ᠭᠡᠷ᠎ᠡ ᠲᠣᠭ᠍ᠲᠠᠬᠤ᠎ᠶ᠋ᠢ ᠠᠬᠢᠭᠤᠯᠤᠨ᠎ᠠ; ᠨᠢᠭᠡᠨᠲᠡ ᠭᠡᠷ᠎ᠡ ᠲᠣᠭ᠍ᠲᠠᠭ᠍ᠰᠠᠨ ᠠᠵᠢᠯ ᠡᠬᠢᠯᠡᠭᠡᠳᠦᠶ ᠲᠥᠷᠥᠯ ᠵᠦᠢᠯ᠎ᠳᠤ᠂ ᠵᠣᠯᠭᠠᠭᠤᠯᠵᠤ ᠬᠠᠷᠢᠭᠤ ᠰᠤᠷᠪᠤᠯᠵᠢᠯᠠᠬᠤ᠎ᠪᠠᠨ ᠴᠢᠩᠭᠠᠳᠭᠠᠵᠤ᠂ ᠳᠣᠲᠣᠨᠣ ᠦᠢᠯᠡᠴᠢᠯᠡᠭᠡ ᠬᠠᠩᠭᠠᠵᠤ᠂ ᠡᠮᠦᠨᠡᠬᠢ ᠬᠤᠭᠤᠴᠠᠭᠠᠨ᠎ᠤ ᠭᠠᠷᠳᠠᠮ ᠭᠦᠶ᠋ᠴᠡᠳᠭᠡᠬᠦ᠌᠎ᠶ᠋ᠢ ᠬᠠᠮᠵᠢᠨ ᠲᠦᠷᠭᠡᠳᠭᠡᠵᠦ᠍᠂ ᠢᠷᠡᠬᠦ᠌ ᠵᠢᠯ᠎ᠤᠨ ᠬᠠᠪᠤᠷ᠎ᠤᠨ ᠤᠯᠠᠷᠢᠯ᠎ᠤᠨ ᠲᠥᠷᠥᠯ ᠵᠦᠶ᠋ᠯ᠎ᠢ ᠲᠥᠪᠯᠡᠷᠡᠭᠦᠯᠦᠨ ᠠᠵᠢᠯ ᠡᠬᠢᠯᠡᠭᠦᠯᠬᠦ᠌᠎ᠳᠤ ᠪᠠᠲᠤ ᠪᠠᠬᠢ ᠰᠠᠭᠤᠷᠢ᠎ᠶᠢ ᠲᠠᠯᠪᠢᠵᠤ ᠥᠭ᠌ᠭᠦᠨ᠎ᠡ᠃

  ᠡᠯ᠎ᠡ ᠬᠤᠱᠢᠭᠤ ᠱᠢᠶᠠᠨ ᠬᠤᠲᠠ ᠲᠣᠭᠤᠷᠢᠭ᠎ᠤᠨ᠎ᠬᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠰᠠᠭᠤᠷᠢ ᠲᠥᠬᠦᠭᠡᠷᠦᠮᠵᠢ᠎ᠶ᠋ᠢᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠬᠦᠷᠢᠶᠡᠯᠡᠩ ᠲᠣᠭᠤᠷᠢᠭ᠎ᠤᠨ ᠶᠡᠷᠦᠩᠬᠡᠢᠯᠡᠭ᠌ᠰᠡᠨ ᠳᠠᠭᠠᠭᠠᠴᠠ ᠪᠠ ᠠᠵᠤ ᠦᠢᠯᠡᠰ᠎ᠤᠨ ᠲᠥᠪᠯᠡᠷᠡᠯ᠎ᠤᠨ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠪᠥᠬᠦ᠌ ᠲᠠᠯ᠎ᠠ᠎ᠶ᠋ᠢᠨ᠂ 《ᠠᠰᠠᠷᠠᠭ᠍ᠴᠢ ᠮᠠᠶᠢᠭ》 ᠎ᠤᠨ ᠳᠣᠲᠣᠨᠣ ᠦᠢᠯᠡᠴᠢᠯᠡᠭᠡ ᠬᠠᠩᠭᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ 《ᠱᠢᠯᠢᠳᠡᠭ》᠎ᠢᠶᠡᠷ᠂ ᠪᠠᠯᠠ ᠣᠷᠣᠭᠤᠯᠤᠯᠲᠠ᠎ᠶ᠋ᠢᠨ ᠢᠲᠡᠭᠡᠯ ᠵᠣᠷᠢᠭ᠎ᠤᠨ 《ᠰᠠᠭᠤᠷᠢ》᠎ᠶ᠋ᠢ ᠪᠠᠬᠢᠵᠢᠭᠦᠯᠦᠨ᠎ᠡ᠃ ᠬᠤᠲᠠ᠎ᠶ᠋ᠢᠨ ᠱᠠᠲᠤᠨ᠎ᠤ ᠲᠠᠰ ᠳᠠᠪᠬᠤᠷᠭ᠎ᠠ᠎ᠳᠤ ᠲᠣᠬᠢᠷᠠᠭᠤᠯᠤᠯᠲᠠ᠎ᠪᠠᠨ ᠴᠢᠩᠭᠠᠳᠭᠠᠵᠤ᠂ ᠰᠠᠷ᠎ᠠ᠎ᠪᠠᠷ ᠨᠠᠷᠢᠨ ᠲᠠᠩᠰᠠ᠎ᠪᠠᠨ ᠮᠡᠳᠡᠭᠦᠯᠵᠦ᠂ ᠲᠤᠷᠱᠢᠯᠭ᠎ᠠ᠎ᠪᠠᠨ ᠳ᠋ᠦᠩᠨᠡᠨ᠂ ᠠᠳᠠᠯᠢᠳᠭᠠᠬᠤ ᠰᠤᠷᠤᠯᠴᠠᠬᠤ ᠬᠦᠢᠴᠡᠬᠦ᠌ ᠳᠠᠪᠠᠭ᠍ᠤ᠂ ᠡᠷᠡᠯᠬᠡᠭ᠌ᠯᠡᠨ ᠲᠡᠮᠡᠴᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠨ᠎ᠠ᠃

 

 

   ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠲᠠᠯ᠎ᠠ ᠨᠤᠲᠤᠭ᠎ᠤᠨ ᠡᠭᠦᠯᠡ
          
ᠬᠠᠮᠢᠶ᠎ᠡ ᠪᠦᠬᠦᠢ ᠰᠣᠨᠢᠨ
 
            