12 ᠳ᠋ᠤᠭᠠᠷ ᠰᠠᠷ᠎ᠠ᠎ᠶ᠋ᠢᠨ 15 ᠤ ᠡᠳᠦᠷ᠂ ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠬᠤᠸᠠᠩ ᠶᠠ ᠯᠢ᠂ ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠳᠡᠳ᠋ ᠱᠦᠵᠢ᠂ ᠠᠯᠠᠱᠠ ᠠᠢᠮᠠᠭ᠎ᠤᠨ ᠳᠠᠷᠤᠭ᠎ᠠ ᠪᠠᠶ ᠬᠠᠶ ᠯᠢᠨ ᠱᠠᠩᠬᠠᠢ᠎ᠶᠢᠨ ᠳ᠋ᠦᠩ ᠵᠢᠩ ᠨᠤᠭᠤᠭ᠋ᠠᠨ ᠡᠨ᠋ᠸᠷᠬᠢ᠎ᠶᠢᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠵᠠᠩ ᠬᠤᠤ ᠨᠠᠷ᠎ᠲᠠᠢ ᠠᠭᠤᠯᠵᠠᠪᠠ᠃
ᠬᠤᠸᠠᠩ ᠶᠠ ᠯᠢ ᠵᠠᠩ ᠬᠤᠤ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠠᠯᠠᠱᠠ ᠠᠢᠮᠠᠭ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠱᠢᠨ᠎ᠡ ᠡᠨᠧᠷᠭᠢ᠎ᠪᠠᠷ ᠵᠢᠯᠣᠭᠤᠳᠤᠮᠵᠢ ᠪᠣᠯᠭᠠᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠲᠣᠭᠲᠠᠯᠴᠠᠭ᠎ᠠ᠎ᠶᠢ ᠲᠦᠷᠭᠡᠨ ᠪᠠᠢᠭᠤᠯᠵᠤ᠂ 5 ᠵᠠᠭᠤᠨ ᠳ᠋ᠦᠩᠱᠢᠭᠤᠷ ᠲᠡᠰ᠎ᠤᠨ ᠤᠳᠤᠬᠢᠴᠢᠯᠠᠭᠰᠠᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠪᠦᠯᠦᠭ᠌ᠵᠢᠯ ᠪᠠ 1 ᠮᠢᠩᠭᠠᠨ ᠳ᠋ᠦᠩᠱᠢᠭᠤᠷ ᠳᠡᠰ᠂ 3 ᠵᠠᠭᠤᠨ ᠳ᠋ᠦᠩᠱᠢᠭᠤᠷ ᠲᠡᠰ᠎ᠤᠨ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠪᠠᠢᠭᠤᠯᠬᠤ᠎ᠶ᠋ᠢ ᠲᠦᠯᠬᠢᠨ ᠠᠬᠢᠭᠤᠯᠤᠨ᠎ᠠ᠃ ᠠᠯᠠᠱᠠ᠎ᠶ᠋ᠢᠨ ᠨᠤᠭᠤᠭ᠋ᠠᠨ ᠡᠨᠧᠷᠭᠢ᠎ᠶ᠋ᠢᠨ ᠳᠠᠪᠠᠭᠤᠯᠢᠭ ᠲᠤᠪᠤᠢᠮ᠎ᠠ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ ᠵᠡᠷᠭᠡ ᠠᠵᠤ ᠦᠢᠯᠡᠰ᠎ᠤᠨ ᠰᠠᠭᠤᠷᠢ ᠪᠠᠲᠤ ᠪᠠᠬᠢ᠂ ᠬᠠᠮᠢᠶ᠎ᠠ ᠪᠦᠬᠦᠢ ᠡᠯᠧᠮᠧᠨ᠋ᠲ᠎ᠤᠨ ᠪᠠᠲᠤᠯᠠᠭ᠎ᠠ ᠪᠦᠷᠢᠨ᠂ ᠠᠮᠢᠳᠤ ᠪᠣᠳᠠᠰ᠎ᠤᠨ ᠵᠠᠳᠠᠷᠠᠯᠲᠠ᠎ᠶ᠋ᠢᠨ ᠮᠠᠲ᠋ᠧᠷᠢᠶᠠᠯ᠎ᠤᠨ ᠠᠵᠤ ᠦᠢᠯᠡᠰ᠎ᠤᠨ ᠪᠦᠯᠦᠭ᠌ᠵᠢᠯ᠎ᠢ ᠬᠠᠮᠲᠤᠷᠠᠨ ᠪᠦᠳᠦᠭᠡᠨ ᠪᠠᠢᠭᠤᠯᠬᠤ᠎ᠳᠤ ᠰᠠᠢᠨ ᠰᠠᠢᠬᠠᠨ ᠰᠠᠭᠤᠷᠢ ᠪᠠ ᠥᠷᠭᠡᠨ ᠠᠭᠤᠳᠠᠮ ᠠᠯᠤᠰ ᠢᠷᠡᠭᠡᠳᠦᠢ᠎ᠲᠠᠢ ᠶᠤᠮ᠃ ᠬᠤᠶᠠᠷ ᠲᠠᠯ᠎ᠠ᠎ᠪᠠᠷ᠎ᠢᠶᠠᠨ 《ᠱᠢᠨ᠎ᠡ ᠡᠨᠧᠷᠭᠢ +》 ᠶ᠋ᠢᠨ ᠲᠣᠭᠤᠷᠢᠨ᠎ᠳᠤ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠥᠷᠨᠢᠭᠦᠯᠵᠦ᠍᠂ ᠣᠷᠣᠨ ᠨᠤᠲᠤᠭ ᠠᠵᠤ ᠠᠬᠤᠢᠯᠠᠯ᠎ᠤᠨ ᠳᠠᠪᠠᠭᠤᠯᠢᠭ᠎ᠢ ᠠᠭᠤᠰᠤᠯᠴᠠᠭᠤᠯᠤᠨ ᠬᠠᠷᠢᠯᠴᠠᠨ ᠨᠥᠬᠦᠪᠥᠷᠢᠯᠡᠬᠦ᠌᠎ᠶ᠋ᠢ ᠠᠬᠢᠭᠤᠯᠵᠤ᠂ ᠡᠮᠦᠨᠡᠬᠢ ᠬᠤᠭᠤᠴᠠᠭᠠᠨ᠎ᠤ ᠠᠵᠢᠯ᠎ᠢ ᠲᠦᠷᠭᠡᠨ ᠠᠬᠢᠭᠤᠯᠵᠤ᠂ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶ᠋ᠢ ᠲᠦᠷᠭᠡᠳᠭᠡᠵᠦ᠍᠂ ᠬᠥᠭ᠌ᠵᠢᠯᠲᠡ ᠪᠣᠯᠤᠨ ᠵᠠᠬ᠎ᠠ ᠳᠡᠯᠭᠡᠭᠦᠷ᠎ᠤᠨ ᠠᠵᠠ ᠲᠣᠬᠢᠶᠠᠯ᠎ᠢ ᠢᠳᠡᠪᠬᠢᠲᠡᠢ ᠠᠮᠵᠢᠵᠤ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠱᠢᠭ᠍ᠲᠠᠢ ᠪᠠᠢᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃
ᠵᠠᠩ ᠬᠤᠤ ᠠᠯᠠᠱᠠ ᠠᠢᠮᠠᠭ᠎ᠤᠨ ᠨᠠᠮ᠎ᠤᠨ ᠬᠤᠷᠢᠶ᠎ᠠ᠂ ᠵᠠᠬᠢᠷᠭ᠎ᠠ᠎ᠶ᠋ᠢᠨ ᠬᠦᠨᠳᠦᠳᠭᠡᠨ ᠳᠡᠮᠵᠢᠭ᠌ᠰᠡᠨ᠎ᠳᠤ ᠲᠠᠯᠠᠷᠬᠠᠵᠤ᠂ ᠠᠯᠠᠱᠠ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠤᠨ ᠶᠡᠷᠦᠩᠬᠡᠢᠯᠡᠭ᠌ᠰᠡᠨ ᠳᠠᠪᠠᠭᠤᠯᠢᠭ ᠲᠤᠪᠤᠢᠮ᠎ᠠ ᠪᠠᠢ᠌ᠬᠤ᠎ᠶᠢ ᠢᠯᠡᠳᠭᠡᠵᠡᠢ᠂ ᠠᠵᠤ ᠠᠬᠤᠢᠯᠠᠯ᠎ᠤᠨ ᠪᠠᠢᠷᠢᠱᠢᠭᠤᠯᠤᠯᠲᠠ᠎ᠶ᠋ᠢᠨ ᠲᠦᠷᠦᠯ ᠵᠦᠢᠯ᠂ ᠪᠡᠯᠡ ᠣᠷᠣᠭᠤᠯᠵᠤ ᠦᠢᠯᠡᠰ ᠪᠤᠰᠭᠠᠬᠤ ᠱᠢᠯᠢᠳᠡᠭ ᠭᠠᠵᠠᠷ ᠪᠣᠯᠤᠨ᠎ᠠ᠂ ᠣᠷᠣᠨ ᠨᠤᠲᠤᠭ ᠠᠵᠤ ᠠᠬᠤᠢᠯᠠᠯ᠎ᠤᠨ ᠬᠠᠮᠵᠢᠯᠴᠠᠨ ᠬᠠᠮᠲᠤᠷᠠᠯᠴᠠᠬᠤ᠎ᠶ᠋ᠢ ᠴᠢᠨᠠᠭ᠍ᠰᠢᠳᠠ ᠴᠢᠩᠭᠠᠳᠭᠠᠵᠤ᠂ ᠲᠦᠷᠦᠯ ᠵᠦᠢᠯ᠎ᠤᠨ ᠲᠥᠯᠥᠪᠵᠢᠭᠦᠯᠭᠡ᠎ᠶ᠋ᠢ ᠲᠡᠭᠦᠯᠳᠡᠷᠵᠢᠭᠦᠯᠵᠦ᠍᠂ ᠭᠠᠷ ᠭᠦᠢᠴᠡᠳᠭᠡᠯ᠎ᠢ ᠲᠦᠷᠭᠡᠳᠭᠡᠵᠦ᠍᠂ ᠲᠦᠷᠦᠯ ᠵᠦᠢᠯ᠎ᠤᠨ ᠡᠷᠲᠡ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠣᠷᠣᠨ ᠨᠤᠲᠤᠭ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠠᠭᠤᠯᠵᠠᠯᠲᠠ᠎ᠠᠴᠠ ᠡᠮᠦᠨ᠎ᠡ᠂ ᠪᠠᠢ ᠬᠠᠢ ᠯᠢᠨ ᠵᠠᠩ ᠬᠤᠤ ᠨᠠᠷ᠎ᠲᠠᠢ ᠶᠠᠷᠢᠯᠴᠠᠵᠤ᠂ ᠬᠠᠮᠲᠤᠷᠠᠯᠴᠠᠭᠠᠨ᠎ᠤ ᠲᠦᠷᠦᠯ ᠵᠦᠢᠯ᠎ᠤᠨ ᠪᠣᠳᠠᠲᠠᠢ ᠵᠠᠭ᠍ᠪᠤᠷ᠂ ᠠᠵᠤ ᠦᠢᠯᠡᠰ᠎ᠤᠨ ᠪᠠᠢᠷᠢᠱᠢᠭᠤᠯᠤᠯᠲᠠ᠂ ᠪᠠᠲᠤᠯᠠᠭ᠎ᠠ᠎ᠶ᠋ᠢᠨ ᠡᠯᠧᠮᠧᠨ᠋ᠲ ᠵᠡᠷᠭᠡ ᠶᠠᠪᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠬᠤᠶᠠᠷ ᠲᠠᠯ᠎ᠠ᠎ᠪᠠᠷ᠎ᠢᠶᠠᠨ᠂ ᠬᠠᠮᠲᠤᠷᠠᠯᠴᠠᠭᠠᠨ᠎ᠤ ᠲᠦᠷᠦᠯ ᠵᠦᠢᠯ᠎ᠨᠢ ᠠᠵᠤ ᠠᠬᠤᠢᠯᠠᠯ ᠪᠣᠯᠤᠨ ᠣᠷᠣᠨ ᠨᠤᠲᠤᠭ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠨᠡᠢᠴᠡᠵᠦ᠍᠂ ᠲᠦᠷᠦᠯ ᠵᠦᠢᠯ᠎ᠢ ᠨᠠᠢᠳᠠᠪᠤᠷᠢᠵᠢᠭᠤᠯᠤᠨ ᠪᠦᠳᠦᠭᠡᠨ ᠪᠠᠢᠭᠤᠯᠬᠤ ᠳᠤᠮᠳᠠᠬᠢ ᠡᠯ᠎ᠡ ᠵᠦᠢᠯ᠎ᠤᠨ ᠠᠵᠢᠯ᠎ᠢ ᠬᠠᠮᠲᠤ᠎ᠪᠠᠷ ᠰᠠᠢᠲᠤᠷ ᠬᠢᠵᠦ᠍᠂ ᠣᠷᠣᠨ ᠨᠤᠲᠤᠭ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠨᠡᠮᠡᠭ᠌ᠳᠡᠯ᠎ᠤᠨ ᠲᠦᠢᠯ᠎ᠢ ᠭᠠᠷ ᠬᠤᠯᠪᠣᠨ ᠪᠤᠢᠵᠢᠭᠤᠯᠤᠨ᠎ᠠ᠃

ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ