ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠬᠠᠮᠤᠭ᠎ᠤᠨ ᠱᠢᠨ᠎ᠡ ᠮᠡᠳᠡᠭᠡ᠎ᠶ᠋ᠢ ᠦᠨᠳᠦᠰᠦᠯᠡᠪᠡᠯ᠂ 2025 ᠣᠨ᠎ᠤ 11 ᠳ᠋ᠦ᠍ᠭᠡᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶᠡᠵᠢᠯ 1.54 ᠳ᠋ᠦᠩᠱᠢᠭᠤᠷ ᠺᠢᠯᠣᠸᠠᠲ ᠬᠦᠷᠪᠡ᠃ ᠡᠭᠦᠨ᠎ᠳᠤ᠂ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶᠡᠵᠢᠯ 10033 ᠲᠦᠮᠡᠨ ᠺᠢᠯᠣᠸᠠᠲ᠎ᠲᠤ ᠬᠦᠷᠴᠦ᠍᠂ ᠪᠦᠬᠦ᠌ ᠤᠯᠤᠰ᠎ᠲᠤ ᠬᠠᠮᠤᠭ᠎ᠤᠨ ᠲᠡᠷᠢᠭᠦᠨ᠎ᠳᠦ ᠳ᠋ᠦᠩᠱᠢᠭᠤᠷ ᠲᠥᠭᠦᠷᠢᠭ᠎ᠢ ᠳᠠᠪᠠᠪᠠ᠃
ᠡᠨᠡ ᠵᠢᠯ᠎ᠤᠨ 1 - 11 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ᠌ ᠣᠷᠣᠨ᠎ᠤ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠭ᠍ᠰᠠᠨ ᠬᠡᠮᠵᠢᠶ᠎ᠡ ᠨᠡᠢᠲᠡ 2500 ᠳ᠋ᠦᠩᠱᠢᠭᠤᠷ ᠺᠢᠯᠣᠸᠠᠲ ᠴᠠᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 33% ᠪᠠᠷ ᠨᠡᠮᠡᠭ᠌ᠳᠡᠪᠡ᠃ ᠡᠭᠦᠨ᠎ᠳᠤ᠂ ᠭᠠᠳᠠᠭ᠍ᠰᠢ ᠳᠠᠮᠵᠢᠭᠤᠯᠤᠭᠰᠠᠨ ᠴᠠᠬᠢᠯᠭᠠᠨ᠎ᠤ ᠬᠡᠮᠵᠢᠶ᠎ᠡ 870 ᠳ᠋ᠦᠩᠱᠢᠭᠤᠷ ᠺᠢᠯᠣᠸᠠᠲ ᠴᠠᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 46% ᠪᠠᠷ ᠨᠡᠮᠡᠭ᠌ᠳᠡᠪᠡ; ᠲᠣᠰ ᠭᠠᠵᠠᠷ᠎ᠲᠤ ᠬᠡᠷᠡᠭᠯᠡᠭᠰᠡᠨ ᠨᠢ 1630 ᠳ᠋ᠦᠩᠱᠢᠭᠤᠷ ᠺᠢᠯᠣᠸᠠᠲ ᠴᠠᠭ᠂ ᠠᠳᠠᠯᠢ ᠬᠤᠭᠤᠴᠠᠭᠠᠨ᠎ᠤ᠎ᠬᠢ᠎ᠠᠴᠠ 21% ᠪᠠᠷ ᠨᠡᠮᠡᠭ᠌ᠳᠡᠨ᠂ ᠪᠥᠬᠦ᠌ ᠨᠡᠢᠭᠡᠮ᠎ᠤᠨ ᠴᠠᠬᠢᠯᠭᠠᠨ ᠬᠡᠷᠡᠭ᠌ᠯᠡᠭ᠌ᠰᠡᠨ ᠬᠡᠮᠵᠢᠶᠡᠨ᠎ᠤ 32.8% ᠶ᠋ᠢ ᠡᠵᠡᠯᠡᠵᠦ᠍᠂ ᠪᠠᠷᠤᠭ 3 ᠭᠷᠠᠳᠦ᠋ᠰ ᠴᠠᠬᠢᠯᠭᠠᠨ ᠬᠡᠷᠡᠭ᠌ᠯᠡᠬᠦ᠌ ᠪᠦᠷᠢ 1 ᠭᠷᠠᠳᠦ᠋ᠰ ᠨᠢ ᠰᠢᠨ᠎ᠡ ᠡᠨᠧᠷᠭᠢ᠎ᠶ᠋ᠢᠨ ᠴᠠᠬᠢᠯᠭᠠᠨ ᠪᠤᠯᠤᠨ᠎ᠠ᠂ ᠡᠨᠧᠷᠭᠢ᠎ᠶ᠋ᠢᠨ ᠪᠦᠲᠦᠴᠡ᠎ᠶ᠋ᠢᠨ ᠨᠤᠭᠤᠭ᠋ᠠᠨ ᠳᠣᠣᠷ᠎ᠠ ᠨᠡᠭᠦᠷᠡᠰᠦᠳᠦ᠋ᠷᠦᠭᠴᠢᠲᠦ ᠰᠢᠯᠵᠢᠯᠲᠠ᠎ᠶᠢᠨ ᠦᠷ᠎ᠡ ᠪᠦᠲᠦᠮᠵᠢ ᠢᠯᠡᠷᠬᠡᠢ ᠪᠣᠯᠪᠠ᠃

ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ