ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠵᠢᠯ ᠲᠥᠷᠥᠯ᠎ᠤᠨ ᠬᠥᠭ᠌ᠵᠢᠯᠲᠡ — ᠣᠷᠳᠣᠰ ᠳᠣᠤᠷ᠎ᠠ ᠠᠭᠠᠷ᠎ᠤᠨ ᠠᠵᠤ ᠠᠬᠤᠶ᠎ᠶ᠋ᠢᠨ ᠠᠵᠤ ᠦᠢᠯᠡᠰ᠎ᠤᠨ ᠬᠡᠪᠴᠢᠶ᠎ᠡ᠎ᠶ᠋ᠢ 2027 ᠣᠨ᠎ᠳᠤ ᠵᠠᠭᠤᠨ ᠳ᠋ᠦᠩᠱᠢᠭᠤᠷ ᠲᠥᠭᠦᠷᠢᠭ᠎ᠢ ᠳᠠᠪᠠᠭᠤᠯᠬᠤ᠎ᠪᠠᠷ ᠲᠥᠯᠥᠪᠯᠡᠵᠦ᠍ ᠪᠤᠢ
ᠨᠡᠶ᠋ᠢᠲᠡᠯᠡᠭᠰᠡᠨ ᠴᠠᠭ᠄ 2025-12-01

  ᠤᠯᠤᠰ᠎ᠠᠴᠠ ᠠᠭᠠᠷ᠎ᠤᠨ ᠠᠵᠤ ᠠᠬᠤᠶ᠎ᠶ᠋ᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠲᠤ ᠣᠷᠣᠭᠤᠯᠬᠤ᠎ᠶ᠋ᠢ ᠳᠠᠭᠠᠯᠳᠤᠨ᠂ ᠣᠷᠳᠣᠰ ᠬᠤᠲᠠ ᠶᠠᠭ ᠥᠪᠡᠷᠮᠢᠴᠡ ᠠᠭᠠᠷ᠎ᠤᠨ ᠣᠷᠣᠨ ᠪᠦᠰᠡ᠎ᠶ᠋ᠢᠨ ᠡᠬᠢ ᠪᠠᠶᠠᠯᠢᠭ ᠪᠠ ᠪᠠᠲᠤ ᠪᠠᠬᠢ ᠠᠵᠤ ᠦᠢᠯᠡᠰ᠎ᠤᠨ ᠰᠠᠭᠤᠷᠢ᠎ᠳᠠᠭᠠᠨ ᠲᠦᠱᠢᠭ᠌ᠯᠡᠨ᠂ ᠳᠤᠤᠷ᠎ᠠ ᠠᠭᠠᠷ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠥᠨᠳᠦᠷᠯᠢᠭ᠎ᠢ ᠪᠥᠬᠦ᠌ ᠬᠦᠴᠦᠨ᠎ᠢᠶᠠᠷ᠎ᠢᠶᠠᠨ ᠴᠣᠭ᠍ᠴᠠᠯᠠᠵᠤ᠂ ᠵᠠᠭᠤᠨ ᠳ᠋ᠦᠩᠱᠢᠭᠤᠷ ᠲᠠᠰ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠯᠥᠪᠯᠡᠭᠡ᠎ᠶ᠋ᠢ ᠴᠢᠷᠮᠠᠢᠨ ᠵᠢᠷᠤᠭ᠍ᠯᠠᠵᠤ ᠪᠠᠢᠨ᠎ᠠ᠃

  ᠳ᠋ᠦᠩᠱᠧᠩ ᠲᠣᠭᠤᠷᠢᠭ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠳᠣᠤᠷ᠎ᠠ ᠠᠭᠠᠷ᠎ᠤᠨ ᠬᠠᠮᠢᠶᠠᠷᠤᠨ ᠡᠵᠡᠮᠳᠡᠬᠦ᠌ ᠦᠢᠯᠡᠴᠢᠯᠡᠭᠡᠨ᠎ᠤ ᠲᠠᠪᠴᠠᠩ᠎ᠳᠤ᠂ ᠠᠯᠤᠰ ᠡᠵᠡᠮᠳᠡᠯ᠎ᠦᠨ ᠵᠠᠷᠯᠢᠭ ᠪᠠᠭᠤᠯᠭᠠᠬᠤ᠎ᠶ᠋ᠢ ᠳᠠᠭᠠᠯᠳᠤᠨ᠂ ᠵᠢᠯᠣᠭᠤᠴᠢ ᠥᠬᠡᠶ ᠨᠢᠰᠭᠡᠯ ᠠᠶᠠᠨᠳᠠᠭᠠᠨ ᠣᠭ᠍ᠲᠠᠷᠭᠤᠶ᠎ᠳᠤ ᠭᠠᠷᠴᠤ᠌ ᠡᠳᠦᠷ ᠲᠤᠲᠤᠮ᠎ᠤᠨ ᠲᠣᠭᠤᠷᠢᠨ ᠪᠠᠢᠴᠠᠭᠠᠬᠤ ᠡᠭᠦᠷᠭᠡ᠎ᠶ᠋ᠢ ᠭᠦᠢᠴᠡᠳᠭᠡᠪᠡ᠃ ᠲᠤᠳᠤ ᠯᠸᠨ᠋ᠰ ᠨᠢ ᠭᠠᠵᠠᠷ᠎ᠤ᠋ᠨ ᠭᠠᠳᠠᠷᠭᠤ᠎ᠶᠢᠨ ᠨᠠᠷᠢᠨ ᠵᠦᠢᠯᠡᠰ᠎ᠢ᠋ ᠴᠠᠭ ᠲᠤᠬᠠᠢ᠎ᠳ᠋ᠤᠨᠢ ᠪᠠᠷᠢᠵᠤ᠂ 5G ᠥᠨᠳᠥᠷ ᠬᠤᠷᠳᠤᠴᠠᠲᠤ ᠳᠠᠮᠵᠢᠭᠤᠯᠬᠤ ᠮᠡᠷᠭᠡᠵᠢᠯ᠎ᠳ᠋ᠦ᠍ ᠲᠦᠰᠢᠭᠯᠡᠨ᠂ ᠵᠢᠷᠤᠭ ᠳᠦᠷᠰᠦ ᠵᠡᠷᠭᠡ᠎ᠪᠡᠷ ᠡᠭᠦᠯᠡᠨ ᠦᠵᠦᠭᠦᠷ᠎ᠦ᠋ᠨ 《ᠤᠶᠤᠨᠲᠦ ᠶᠡᠬᠡ ᠲᠠᠷᠢᠬᠢ》 ᠎ᠳ᠋ᠤ ᠳᠠᠮᠵᠢᠭᠤᠯᠤᠨ᠎ᠠ᠃ AI ᠰᠢᠰᠲᠧᠮ ᠨᠢ ᠳᠤᠷ᠎ᠠ᠎ᠪᠠᠷ᠎ᠢᠶᠠᠨ ᠮᠠᠯᠲᠠᠬᠤ᠂ ᠬᠠᠤᠯᠢ ᠪᠤᠰᠤ᠎ᠪᠠᠷ ᠪᠣᠬᠢᠷᠲᠤᠯ ᠭᠠᠳᠠᠭᠰᠢᠯᠠᠭᠤᠯᠬᠤ ᠵᠡᠷᠭᠡ 《ᠳᠤᠷ᠎ᠠ᠎ᠪᠠᠷ ᠦᠢ᠍ᠯᠡᠳᠬᠦ ᠳᠦᠷᠪᠡᠨ》 ᠠᠰᠠᠭᠤᠳᠠᠯ᠎ᠢ ᠠᠦ᠋ᠲ᠋ᠣ᠋ ᠢᠯᠭᠠᠨ ᠲᠠᠨᠢᠵᠤ᠂ ᠴᠠᠭ ᠲᠤᠬᠠᠢ ᠳ᠋ᠤᠨᠢ ᠤᠷᠢᠳᠴᠢᠯᠠᠨ ᠰᠡᠷᠡᠮᠵᠢᠯᠡᠭᠦᠯᠬᠦ᠎ᠶᠢᠨ ᠬᠠᠮᠲᠤ ᠭᠠᠵᠠᠷ ᠵᠦᠢ᠎ᠶᠢᠨ ᠮᠡᠳᠡᠭᠡ ᠵᠠᠩᠭᠢ᠎ᠶᠢ ᠪᠠᠭᠲᠠᠭᠠᠭᠰᠠᠨ ᠡᠯᠧᠺᠲᠷᠣᠨ ᠠᠵᠢᠯ᠎ᠤᠨ ᠬᠠᠭᠤᠳᠠᠰᠤ᠎ᠶᠢ ᠪᠣᠶ ᠪᠣᠯᠭᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ᠎ᠲᠦ ᠰᠢᠭᠤᠳ ᠲᠣᠮᠢᠯᠠᠵᠤ ᠪᠢᠲᠡᠭᠦᠦ ᠴᠠᠭᠠᠷᠢᠭ᠋᠎ᠢᠶᠠᠷ ᠰᠢᠢᠳᠪᠦᠷᠢᠯᠡᠭᠦᠯᠦᠨ᠎ᠡ᠃

  《ᠣᠲᠣ ᠪᠥᠬᠦ᠌ ᠶᠠᠪᠤᠴᠠ᠎ᠶ᠋ᠢᠨ 5G ᠎ᠶ᠋ᠢᠨ ᠤᠶᠤᠨᠴᠢᠯᠠᠭ᠍ᠰᠠᠨ ᠬᠠᠮᠢᠶᠠᠷᠤᠯᠲᠠ ᠎ᠲᠠᠢ ᠪᠣᠯᠵᠣ᠂ ᠵᠢᠯᠣᠭᠤᠴᠢ ᠥᠬᠡᠶ ᠨᠢᠰᠭᠡᠯ ᠠᠦ᠋ᠲ᠋ᠣ᠋᠎ᠪᠠᠷ ᠨᠢᠰᠴᠦ ᠪᠠᠭᠤᠬᠤ᠂ ᠳ᠋ᠡᠢ᠌ᠲ᠋ᠠ ᠴᠤᠭ᠍ᠯᠠᠭᠤᠯᠬᠤ᠂ ᠬᠠᠷᠢᠭᠤ ᠳᠠᠮᠵᠢᠭᠤᠯᠵᠤ ᠵᠠᠳᠠᠯᠤᠯᠲᠠ ᠬᠢᠬᠦ᠌᠎ᠠᠴᠠ ᠬᠠᠷᠢᠭᠤ ᠳᠠᠮᠵᠢᠭᠤᠯᠤᠨ ᠵᠠᠳᠠᠯᠵᠤ᠂ ᠠᠵᠢᠯ᠎ᠤᠨ ᠬᠠᠭᠤᠳᠠᠰᠤ ᠎ᠶᠢ ᠡᠷᠭᠢᠯᠲᠡ᠎ᠳᠦ ᠣᠷᠣᠭᠤᠯᠬᠤ᠂ ᠪᠢᠲᠡᠭᠦᠦ ᠴᠠᠭᠠᠷᠢᠭ᠋᠎ᠢ ᠰᠢᠢᠳᠪᠦᠷᠢᠯᠡᠬᠦ ᠬᠦᠷᠲᠡᠯ᠎ᠡ᠂ ᠪᠥᠬᠦ᠌ ᠶᠠᠪᠤᠴᠠ᠎ᠳᠤ ᠬᠥᠮᠦᠨ᠎ᠤ ᠬᠦᠴᠦ᠍᠎ᠪᠠᠷ ᠭᠠᠷ ᠲᠦᠷᠦᠭᠦ᠌ ᠬᠡᠷᠡᠭ ᠥᠬᠡᠶ》 ᠭᠡᠵᠡᠢ᠃ ᠳ᠋ᠦᠩᠱᠧᠩ ᠲᠣᠭᠤᠷᠢᠭ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠮᠢ ᠬᠤᠤ ᠶᠤᠸᠠᠨ ᠲᠠᠨᠢᠯᠴᠠᠭᠤᠯᠬᠤ᠎ᠳᠠᠭᠠᠨ᠂ ᠵᠢᠯᠣᠭᠤᠴᠢ ᠦᠭᠡᠢ ᠨᠢᠰᠭᠡᠯ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ᠎ᠲᠤ ᠭᠤᠣᠯ᠎ᠤᠨ ᠵᠠᠮ᠎ᠢ ᠳᠤᠷ᠎ᠠ᠎ᠪᠠᠷ᠎ᠢᠶᠠᠨ ᠡᠵᠡᠯᠡᠬᠦ᠂ ᠬᠠᠤᠯᠢ ᠪᠤᠰᠤ᠎ᠪᠠᠷ ᠪᠣᠬᠢᠷᠲᠤᠯ ᠭᠠᠳᠠᠭ᠍ᠰᠢᠯᠠᠭᠤᠯᠬᠤ᠎ᠶ᠋ᠢ ᠵᠢᠭ᠍ᠰᠠᠭᠠᠨ ᠪᠠᠢᠴᠠᠭᠠᠵᠤ᠂ ᠵᠠᠮ ᠬᠠᠷᠢᠯᠴᠠᠭᠠᠨ᠎ᠤ ᠰᠠᠯᠠᠭ᠎ᠠ ᠮᠥᠴᠢᠷ᠎ᠤᠨ ᠲᠣᠭᠤᠷᠢᠨ ᠪᠠᠢᠴᠠᠭᠠᠬᠤ ᠬᠥᠭᠦᠷᠭᠡ᠎ᠶ᠋ᠢᠨ ᠵᠠᠮ᠎ᠤᠨ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ᠂ ᠪᠠᠰᠠ ᠠᠭᠤᠷᠬᠠᠢ᠎ᠶ᠋ᠢ ᠲᠣᠭᠤᠷᠢᠨ ᠪᠠᠢᠴᠠᠭᠠᠬᠤ᠎ᠶ᠋ᠢ ᠪᠡᠶᠡᠯᠡᠭᠦᠯᠵᠦ᠍᠂ ᠨᠢᠭᠡ ᠮᠠᠱᠢᠨ᠎ᠢ ᠤᠯᠠᠨ ᠬᠡᠷᠡᠭ᠌ᠯᠡᠬᠦ᠂ ᠪᠦᠬᠦ᠌ ᠣᠷᠣᠨ ᠪᠦᠰᠡ᠎ᠶ᠋ᠢ ᠬᠠᠮᠤᠷᠬᠤ᠎ᠶ᠋ᠢ ᠦᠨᠡᠨ ᠬᠦ᠌ ᠪᠡᠶᠡᠯᠡᠭᠦᠯᠵᠦ᠍᠂ ᠱᠢᠢᠳᠪᠦᠷᠢᠯᠡᠬᠦ᠌ ᠦᠷ᠎ᠡ ᠪᠦᠲᠦᠮᠵᠢ᠎ᠶ᠋ᠢ ᠨᠡᠯᠢᠶᠡᠳ ᠤᠯᠠᠮᠵᠢᠯᠠᠯᠲᠤ ᠵᠠᠭ᠍ᠪᠤᠷ᠎ᠢᠶᠠᠷ 3 ᠳᠠᠬᠢᠨ᠎ᠠᠴᠠ ᠳᠡᠭᠡᠭ᠌ᠰᠢ ᠳᠡᠭᠡᠭ᠌ᠰᠢᠯᠡᠭᠦᠯᠦᠨ᠎ᠡ᠃

  ᠡᠨᠡ ᠬᠦ᠌ 《ᠤᠭ᠍ᠳᠠᠷᠭᠤᠢ᠎ᠶ᠋ᠢᠨ ᠤᠶᠤᠨᠳᠤ ᠬᠠᠮᠢᠶᠠᠷᠤᠭ᠍ᠴᠢ》 ᠪᠤᠯ ᠤᠷᠳᠤᠰ ᠬᠤᠳᠠ᠎ᠶ᠋ᠢᠨ ᠲᠤᠤᠷ᠎ᠠ ᠠᠭᠠᠷ᠎ᠤᠨ ᠠᠵᠤ ᠠᠬᠤᠢ᠎ᠶ᠋ᠢᠨ ᠭᠦᠭ᠌ᠵᠢᠯᠳᠠ᠎ᠶ᠋ᠢᠨ ᠠᠮᠢᠳᠤᠯᠢᠭ ᠬᠤᠷᠢᠶᠠᠩᠭᠤᠢ ᠲᠦᠷᠢ ᠪᠤᠯᠤᠨ᠎ᠠ᠃ 7.5 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠤᠨ ᠲᠦᠷ ᠴᠠᠭ᠎ᠤᠨ ᠠᠭᠠᠷ᠎ᠤᠨ ᠣᠷᠣᠨ ᠪᠦᠰᠡ᠎ᠶ᠋ᠢᠨ ᠡᠬᠢ ᠪᠠᠶᠠᠯᠢᠭ ᠪᠣᠯᠤᠨ ᠵᠢᠯ ᠳᠤᠮᠳᠠᠴᠢ᠎ᠶ᠋ᠢᠨ 300 ᠭᠠᠷᠤᠶ ᠡᠳᠦᠷ᠎ᠤᠨ ᠠᠶᠠᠯᠠᠯ᠎ᠳᠤ ᠵᠣᠬᠢᠴᠠᠬᠤ ᠡᠳᠦᠷ᠎ᠤᠨ ᠲᠤᠭ᠎ᠠ᠎ᠳᠤ ᠲᠦᠱᠢᠭ᠌ᠯᠡᠨ᠂ ᠣᠷᠳᠣᠰ ᠬᠤᠲᠠ ᠨᠢᠭᠡᠨᠲᠡ ᠣᠯᠠᠨ ᠡᠱᠢᠲᠦ ᠠᠭᠠᠷ᠎ᠤᠨ ᠣᠷᠣᠨ᠎ᠤ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠪᠠ᠃ ᠣᠷᠳᠣᠰ᠎ᠤᠨ ᠡᠵᠡᠨ ᠬᠤᠷᠤᠭ᠎ᠠ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠢᠶᠠᠷ ᠭᠤᠤᠯ ᠪᠣᠯᠭᠠᠵᠤ᠂ ᠨᠡᠢᠳᠡᠮ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ ᠪᠠ ᠨᠢᠰᠴᠦ᠍ ᠪᠠᠭᠤᠬᠤ ᠲᠠᠯᠠᠪᠤᠷ᠎ᠢᠶᠠᠷ ᠲᠤᠯᠭᠠᠭᠤᠷᠢᠯᠠᠬᠤ ᠴᠡᠭ ᠪᠣᠯᠭᠠᠵᠤ᠂ 《ᠭᠤᠣᠯ ᠰᠠᠯᠪᠤᠷᠢ ᠨᠡᠪᠲᠡᠷᠡᠬᠦ᠂ ᠪᠥᠬᠦ᠌ ᠰᠦᠯᠵᠢᠶ᠎ᠡ᠎ᠪᠠᠷ ᠬᠤᠯᠪᠣᠭᠠᠯᠠᠬᠤ》 ᠠᠭᠠᠷ᠎ᠤᠨ ᠠᠶᠠᠯᠠᠯ᠎ᠤᠨ ᠲᠣᠤᠷ ᠰᠦᠯᠵᠢᠶ᠎ᠡ᠎ᠶ᠋ᠢ ᠪᠣᠶ ᠪᠣᠯᠭᠠᠵᠤ᠂ ᠳᠣᠤᠷ᠎ᠠ ᠠᠭᠠᠷ᠎ᠤᠨ ᠬᠡᠷᠡᠭ᠌ᠯᠡᠭᠡᠨ᠎ᠤ ᠲᠠᠯᠠᠪᠤᠷ᠎ᠢ ᠠᠭᠤᠷᠬᠠᠶ᠎ᠶ᠋ᠢᠨ ᠣᠷᠣᠨ᠎ᠤ ᠠᠵᠢᠯ᠂ ᠠᠵᠤ ᠦᠢᠯᠡᠳᠪᠦᠷᠢ᠎ᠶ᠋ᠢᠨ ᠲᠣᠭᠤᠷᠢᠨ ᠪᠠᠢᠴᠠᠭᠠᠬᠤ᠂ ᠬᠠᠲᠤᠨ ᠭᠤᠤᠯ᠎ᠤᠨ ᠡᠷᠭᠢ᠎ᠶ᠋ᠢᠨ ᠱᠤᠭᠤᠮ᠎ᠤᠨ ᠬᠠᠮᠠᠭᠠᠯᠠᠯᠲᠠ᠂ ᠦᠵᠡᠮᠵᠢ᠎ᠶ᠋ᠢᠨ ᠣᠷᠣᠨ᠎ᠤ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶ᠎ᠡ ᠬᠡᠪᠴᠢᠶᠡᠨ᠎ᠳᠤ ᠬᠦᠷᠲᠡᠯ᠎ᠡ ᠥᠷᠭᠡᠳᠭᠡᠵᠦ᠍᠂ ᠦᠢᠯᠡᠳᠪᠦᠷᠢᠯᠡᠯ᠎ᠤᠨ ᠠᠵᠢᠯ᠂ ᠣᠯᠠᠨ ᠨᠡᠢᠲᠡ᠎ᠶ᠋ᠢᠨ ᠦᠢᠯᠡᠴᠢᠯᠡᠭᠡ ᠬᠢᠭᠡᠳ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠤ ᠪᠥᠬᠦ᠌ ᠪᠠᠢᠳᠠᠯ᠎ᠢ ᠬᠠᠮᠤᠷᠪᠠ᠃

  ᠡᠭᠦᠨ᠎ᠤ ᠬᠠᠮᠲᠤ᠌᠂ ᠣᠷᠳᠣᠰ ᠬᠤᠲᠠ᠎ᠶ᠋ᠢᠨ ᠭᠦᠢᠴᠡᠳ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ ᠪᠣᠬᠢᠷᠲᠤᠯ ᠥᠬᠡᠶ ᠴᠠᠬᠢᠯᠭᠠᠨ᠎ᠤ ᠲᠤᠯᠭᠠᠭᠤᠷᠢᠯᠠᠯ ᠬᠠᠩᠭᠠᠵᠤ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠬᠦ᠌ ᠴᠢᠳᠠᠪᠤᠷᠢ᠎ᠶ᠋ᠢᠨ ᠪᠠᠲᠤᠯᠠᠭ᠎ᠠ᠎ᠶ᠋ᠢᠨ ᠮᠠᠲ᠋ᠧᠷᠢᠶᠠᠯ᠎ᠢ ᠬᠠᠩᠭᠠᠵᠤ᠂ ᠣᠯᠠᠨ ᠲᠠᠯ᠎ᠠ᠎ᠶ᠋ᠢᠨ ᠳᠠᠪᠠᠭᠤᠯᠢᠭ᠎ᠢᠶᠠᠷ ᠳᠣᠤᠷ᠎ᠠ ᠠᠭᠠᠷ᠎ᠤᠨ ᠠᠵᠤ ᠠᠬᠤᠶ᠎ᠶ᠋ᠢᠨ ᠬᠠᠮᠢᠶ᠎ᠠ ᠪᠥᠬᠦᠶ ᠣᠯᠠᠨ ᠠᠵᠤ ᠠᠬᠤᠢᠯᠠᠯ᠎ᠢ ᠲᠡᠳᠡᠨ ᠠᠪᠴᠢᠷᠠᠵᠤ᠂ ᠭᠤᠤᠯᠳᠠᠯᠭ᠎ᠠ᠎ᠲᠠᠢ ᠲᠥᠷᠥᠯ ᠵᠦᠢᠯ᠎ᠢ ᠲᠦᠷᠭᠡᠳᠭᠡᠨ ᠨᠠᠢᠳᠠᠪᠤᠷᠢᠵᠢᠭᠤᠯᠪᠠ᠃ 《ᠲᠥᠷᠥ᠎ᠶ᠋ᠢᠨ ᠪᠣᠳᠣᠯᠭ᠎ᠠ᠎ᠶ᠋ᠢᠨ ᠵᠠᠬ᠎ᠠ ᠳᠡᠯᠭᠡᠭᠦᠷ》 ᠎ᠤᠨ ᠬᠤᠤᠰ ᠬᠦᠷᠳᠦ᠍᠎ᠪᠠᠷ ᠬᠥᠳᠡᠯᠭᠡᠭᠦᠷ ᠪᠣᠯᠭᠠᠬᠤ ᠪᠠ 《ᠲᠠᠪᠤᠨ ᠶᠡᠭᠡ ᠰᠠᠭᠤᠷᠢᠨ ᠭᠠᠵᠠᠷ》 ᠎ᠤᠨ ᠪᠥᠲᠥᠭᠡᠨ ᠪᠠᠢᠭᠤᠯᠤᠯᠲᠠ᠎ᠶ᠋ᠢᠨ ᠪᠣᠷᠣ ᠲᠥᠯᠥᠪ᠎ᠤᠨ ᠳᠣᠤᠷ᠎ᠠ᠂ ᠣᠷᠳᠣᠰ ᠬᠤᠲᠠ ᠶᠠᠭ ᠪᠥᠬᠦ᠌ ᠲᠠᠯ᠎ᠠ᠎ᠶ᠋ᠢᠨ᠂ ᠦᠷᠭᠦᠯᠵᠢᠯᠡᠬᠦ᠌ ᠳᠣᠤᠷ᠎ᠠ ᠠᠭᠠᠷ᠎ᠤᠨ ᠠᠵᠤ ᠠᠬᠤᠶ᠎ᠶ᠋ᠢᠨ ᠠᠮᠢ ᠠᠬᠤᠶ᠎ᠶ᠋ᠢ ᠪᠠᠢᠭᠤᠯᠵᠤ ᠪᠠᠢᠨ᠎ᠠ᠃

  《ᠪᠢᠳᠡ ᠨᠢᠭᠡᠨᠲᠡ 2027 ᠣᠨ ᠪᠣᠯᠬᠤ᠎ᠳᠤ ᠳᠣᠣᠷ᠎ᠠ ᠠᠭᠠᠷ᠎ᠤᠨ ᠠᠵᠤ ᠠᠬᠤᠢ᠎ᠶ᠋ᠢᠨ ᠠᠵᠤ ᠦᠢᠯᠡᠰ᠎ᠤᠨ ᠬᠡᠪᠴᠢᠶ᠎ᠡ᠎ᠶ᠋ᠢ 100 ᠳ᠋ᠦᠩᠱᠢᠭᠤᠷ ᠲᠥᠭᠦᠷᠢᠭ᠎ᠢ ᠳᠠᠪᠠᠭᠤᠯᠤᠨ᠎ᠠ ᠭᠡᠵᠦ᠍ ᠲᠣᠳᠣᠷᠬᠠᠢᠯᠠᠪᠠ》᠃ ᠣᠷᠳᠣᠰ ᠬᠤᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠶ᠋ᠢᠨ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠥᠪ᠎ᠤᠨ ᠡᠷᠬᠢᠯᠡᠭ᠌ᠴᠢ ᠬᠠᠰᠴᠢᠯᠠᠭᠤ ᠢᠯᠡᠷᠬᠡᠢ᠌ᠯᠡᠬᠦ ᠎ᠳᠦ᠎ᠪᠡᠨ᠂ ᠲᠠᠷᠠᠭᠠᠴᠢ᠎ᠶ᠋ᠢᠨ ᠠᠯᠬᠤᠮ᠎ᠳᠤ ᠵᠠᠩᠭᠢᠯᠠᠭ᠎ᠠ᠎ᠶ᠋ᠢᠨ ᠲᠠᠪᠴᠠᠩ᠎ᠢ ᠭᠤᠤᠯᠳᠠᠯᠭ᠎ᠠ᠎ᠲᠠᠢ ᠪᠥᠲᠥᠭᠡᠨ ᠪᠠᠢᠭᠤᠯᠵᠤ᠂ 1000 ᠺᠢᠯᠣᠮᠧᠲᠷ᠎ᠤᠨ ᠬᠤᠲᠠ᠎ᠶ᠋ᠢᠨ ᠬᠡᠪᠴᠢᠶᠡᠨ᠎ᠤ ᠭᠡᠯᠬᠢᠶᠡᠵᠢᠭ᠌ᠰᠡᠨ ᠨᠡᠪᠲᠡᠷᠡᠬᠦ᠌ ᠵᠠᠮ᠎ᠢ ᠲᠦᠯᠦᠪᠵᠢᠭᠦᠯᠦᠨ᠎ᠡ; ᠠᠵᠤ ᠦᠶ᠋ᠯᠡᠰ᠎ᠤᠨ ᠠᠮᠢ ᠠᠬᠤᠶ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠳᠤᠮᠳᠠᠳᠤ ᠤᠯᠤᠰ᠎ᠤᠨ ᠬᠤᠳᠠᠯᠳᠤᠭᠠᠨ᠎ᠤ ᠨᠢᠰᠭᠡᠯ ᠵᠡᠷᠭᠡ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠎ᠡ; ᠳᠤᠤᠷ᠎ᠠ ᠠᠭᠠᠷ᠎ᠤᠨ ᠠᠵᠤ ᠠᠬᠤᠶ ᠬᠢᠭᠡᠳ ᠡᠨᠧᠷᠭᠢ᠂ ᠵᠢᠭᠤᠯᠴᠢᠯᠠᠯ ᠵᠡᠷᠭᠡ ᠠᠵᠤ ᠦᠢᠯᠡᠰ᠎ᠤᠨ ᠠᠭᠤᠰᠤᠯᠴᠠᠯ᠎ᠤᠨ ᠪᠠᠢᠳᠠᠯ᠎ᠢ ᠲᠠᠰᠤᠷᠠᠯᠲᠠ ᠥᠬᠡᠶ ᠥᠷᠭᠡᠳᠭᠡᠵᠦ᠍᠂ ᠠᠭᠠᠷ᠎ᠤᠨ ᠠᠵᠤ ᠠᠬᠤᠶ᠎ᠶ᠋ᠢ ᠪᠥᠬᠦ᠌ ᠬᠤᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ ᠪᠣᠯᠭᠠᠨ᠎ᠠ ᠭᠡᠵᠡᠢ᠃

  ᠳᠠᠩ ᠴᠤᠯᠭᠤᠶ ᠵᠢᠯᠤᠭᠤᠴᠢ ᠦᠭᠡᠢ ᠨᠢᠰᠭᠡᠯ᠎ᠦᠨ ᠣᠶᠤᠨᠴᠢ ᠲᠣᠭᠤᠷᠢᠨ ᠪᠠᠢᠴᠠᠭᠠᠯᠲᠠ᠎ᠠᠴᠠ ᠪᠦᠬᠦ᠋ᠢᠯᠡ ᠬᠤᠲᠠ᠎ᠶ᠋ᠢᠨ ᠳᠤᠤᠷ᠎ᠠ ᠠᠭ᠋ᠠᠷ᠎ᠤᠨ ᠠᠵᠤ ᠦᠢᠯᠡᠰ᠎ᠤᠨ ᠪᠠᠢᠷᠢᠱᠢᠭᠤᠯᠤᠯᠲᠠ ᠬᠦᠷᠲᠡᠯ᠎ᠡ᠂ ᠣᠷᠳᠣᠰ ᠬᠤᠲᠠ ᠶᠠᠭ ᠪᠠᠲᠤ ᠪᠠᠬᠢ ᠠᠵᠤ ᠦᠢᠯᠡᠰ᠎ᠤᠨ ᠰᠠᠭᠤᠷᠢ ᠪᠠ  ᠪᠠᠷᠠᠯᠠᠯᠲᠦ ᠴᠢᠨᠠᠷᠲᠠᠶ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠎ᠪᠠᠷ ᠳᠣᠣᠷ᠎ᠠ ᠠᠭᠠᠷ᠎ᠤᠨ ᠠᠵᠤ ᠠᠬᠤᠢ᠎ᠶᠢᠨ 《 ᠬᠦᠰᠡᠯ᠎ᠦᠨ ᠵᠢᠷᠤᠭ 》 ᠪᠠᠢᠭᠰᠠᠨ ᠠ᠋ᠴᠠ᠎ᠪᠠᠨ 《 ᠪᠣᠳᠠᠲᠤ ᠦᠵᠡᠮᠵᠢ᠎ᠶᠢᠨ ᠵᠢᠷᠤᠭ 》 ᠪᠣᠯᠵᠤ ᠬᠤᠪᠢᠷᠠᠬᠤ᠎ᠶᠢ ᠲᠦᠯᠬᠢᠨ ᠠᠬᠢᠭᠤᠯᠤᠨ᠎ᠠ᠃

 

 

  ᠨᠢᠭᠡ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠨ᠎ᠡ

ᠢᠷᠡᠯᠲᠡ᠄ ᠳᠤᠯᠠᠭ᠋ᠠᠨ ᠰᠣᠨᠢᠨ ᠮᠡᠳᠡᠭᠡᠨ᠎ᠤ ᠸᠢᠴᠠᠲ᠎ᠤᠨ ᠤᠯᠠᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            