11 ᠳ᠋ᠦ᠍ᠭᠡᠷ ᠰᠠᠷ᠎ᠠ᠎ᠶ᠋ᠢᠨ 30 ᠤ ᠡᠳᠦᠷ᠂ ᠤᠯᠠᠭᠠᠨᠴᠠᠪ᠎ᠤᠨ ᠹᠧᠩᠴᠤᠸᠠᠨᠤ ᠣᠷᠴᠢᠯ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠤᠨ ᠹᠧᠩᠵᠧᠨ᠎ᠤ ᠠᠵᠤ ᠦᠶ᠋ᠯᠡᠰ᠎ᠤᠨ ᠬᠢᠵᠠᠭᠠᠷᠲᠤ ᠺᠣᠮᠫᠠᠨᠢ᠎ᠶ᠋ᠢᠨ 700 ᠭᠠᠷᠤᠶ ᠲᠡᠭ᠌ᠰᠢ ᠳᠥᠷᠪᠡᠯᠵᠢᠨ ᠮᠧᠲᠷ᠎ᠤᠨ ᠲᠥᠪᠯᠡᠷᠡᠭᠦᠯᠦᠨ ᠡᠵᠡᠮᠳᠡᠬᠦ᠌ ᠶᠡᠭᠡ ᠲᠢᠩᠬᠢᠮ᠎ᠳᠤ ᠪᠠᠢᠷᠢᠯᠠᠵᠤ᠂ 30 ᠭᠠᠷᠤᠶ ᠠᠵᠢᠯᠲᠠᠨ 300 ᠭᠠᠷᠤᠶ ᠲᠡᠭ᠌ᠰᠢ ᠳᠥᠷᠪᠡᠯᠵᠢᠨ ᠮᠧᠲᠷ᠎ᠤᠨ ᠺᠣᠮᠫᠢᠦ᠋ᠲ᠋ᠧᠷ᠎ᠤᠨ ᠳᠡᠯᠭᠡᠴᠡ᠎ᠶ᠋ᠢ ᠨᠢᠭᠲᠠ ᠠᠵᠢᠭᠯᠠᠵᠤ᠂ ᠦᠢᠯᠡᠳᠪᠦᠷᠢᠯᠡᠯ᠎ᠤᠨ ᠳ᠋ᠡᠢ᠌ᠲ᠋ᠠ᠎ᠶ᠋ᠢ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠴᠠᠭ ᠲᠤᠬᠠᠶ᠎ᠳᠤᠨᠢ ᠨᠠᠷᠢᠯᠢᠭ ᠣᠨᠣᠴᠠᠲᠠᠶ᠎ᠪᠠᠷ ᠠᠵᠢᠯᠯᠠᠭᠤᠯᠤᠨ᠎ᠠ᠃ ᠥᠨᠳᠥᠷ ᠲᠣᠮᠣ ᠦᠢᠯᠡᠳᠪᠦᠷᠢᠯᠡᠯ᠎ᠦ᠋ᠨ ᠣᠷᠣᠨ᠎ᠤ᠋ ᠬᠡᠪᠴᠢᠶᠡᠨ᠎ᠳ᠋ᠦ᠍᠂ ᠣᠶᠤᠨᠴᠢᠯᠠᠭ᠍ᠰᠠᠨ ᠦᠢᠯᠡᠳᠪᠦᠷᠢᠯᠡᠯ᠎ᠦ᠋ᠨ ᠲᠣᠨᠣᠭ ᠲᠥᠬᠥᠭᠡᠷᠦᠮᠵᠢ ᠥᠨᠳᠥᠷ ᠬᠤᠷᠳᠤᠴᠠ᠎ᠪᠠᠷ ᠠᠵᠢᠯᠯᠠᠵᠤ᠂ ᠪᠢᠲᠡᠭᠦᠦ ᠮᠠᠩᠭᠠᠨ ᠴᠠᠬᠢᠭᠤᠷ᠎ᠤ᠋ᠨ ᠲᠣᠭ᠍ᠲᠠᠮᠠᠯ ᠭᠦᠶᠦᠳᠡᠯᠲᠦ ᠴᠠᠬᠢᠯᠭᠠᠨ ᠵᠤᠤᠬ᠎ᠠ᠎ᠶᠢ ᠲᠣᠭ᠍ᠲᠠᠭᠤᠨ᠎ᠢᠶᠠᠷ ᠠᠵᠢᠯᠯᠠᠭᠤᠯᠵᠤ᠂ ᠲᠡᠷᠢᠭᠦᠨ᠎ᠦ᠌ ᠠᠦ᠋ᠲ᠋ᠣᠴᠢᠯᠠᠭ᠍ᠰᠠᠨ ᠡᠵᠡᠮᠰᠢᠯ᠎ᠦ᠋ᠨ ᠰᠢᠰᠲᠸᠮ᠎ᠢᠶᠡᠷ ᠳᠠᠮᠵᠢᠨ ᠳᠤᠯᠠᠭᠠᠨ᠎ᠤ᠋ ᠬᠡᠮᠵᠢᠶ᠎ᠡ ᠪᠣᠯᠤᠨ ᠲᠦᠭᠦᠬᠡᠢ ᠮᠠᠲᠸᠷᠢᠶᠠᠯ᠎ᠢ᠋ ᠲᠣᠬᠢᠷᠠᠭᠤᠯᠵᠤ᠂ ᠪᠣᠯᠣᠳ ᠤᠰᠤ ᠨᠢᠭ᠍ᠲᠠ ᠪᠢᠲᠡᠭᠦᠮᠵᠢᠯᠡᠭᠰᠡᠨ ᠲᠥᠬᠦᠭᠡᠷᠦᠮᠵᠢ᠎ᠶᠢᠨ ᠳᠣᠲᠣᠷ᠎ᠠ ᠡᠷᠭᠢᠯᠳᠦᠨ᠎ᠡ ᠁
《ᠨᠢᠭᠡ᠂ ᠬᠤᠶᠠᠳᠤᠭᠠᠷ ᠬᠤᠭᠤᠴᠠᠭᠠᠨ᠎ᠤ ᠪᠦᠲᠦᠭᠡᠨ ᠪᠠᠢᠭᠤᠯᠤᠯᠲᠠ᠎ᠪᠠᠷ ᠳᠠᠮᠵᠢᠭᠠᠳ᠂ ᠮᠠᠨ᠎ᠤ ᠺᠣᠮᠫᠠᠨᠢ ᠣᠳᠣ 4 ᠰᠠᠭᠤᠷᠢ 45000KVA ᠪᠦᠷᠢᠨ ᠪᠢᠲᠡᠭᠦᠮᠵᠢᠯᠡᠭᠰᠡᠨ ᠮᠠᠩᠭᠠᠨ ᠴᠠᠬᠢᠭᠤᠷ᠎ᠤᠨ ᠬᠠᠢᠯᠤᠰᠢ᠎ᠶ᠋ᠢᠨ ᠲᠣᠭ᠍ᠲᠠᠮᠠᠯ ᠭᠥᠶᠥᠳᠡᠯᠳᠦ ᠠᠭᠤᠷᠬᠠᠢ᠎ᠶ᠋ᠢᠨ ᠢᠯᠴᠢ᠎ᠶ᠋ᠢᠨ ᠵᠤᠤᠬ᠎ᠠ᠂ 3 ᠰᠠᠭᠤᠷᠢ 36000KVA ᠪᠦᠷᠢᠨ ᠪᠢᠲᠡᠭᠦᠮᠵᠢᠯᠡᠭᠰᠡᠨ ᠮᠠᠩᠭᠠᠨ ᠴᠠᠬᠢᠭᠤᠷ᠎ᠤᠨ ᠬᠠᠢᠯᠤᠰᠢ᠎ᠶ᠋ᠢᠨ ᠲᠣᠭ᠍ᠲᠠᠮᠠᠯ ᠭᠥᠶᠥᠳᠡᠯᠳᠦ ᠠᠭᠤᠷᠬᠠᠢ᠎ᠶ᠋ᠢᠨ ᠢᠯᠴᠢ᠎ᠶ᠋ᠢᠨ ᠵᠤᠤᠬ᠎ᠠ᠂ ᠢᠵᠢ ᠪᠦᠷᠢᠳᠦᠭᠦᠯᠦᠭ᠌ᠰᠡᠨ 1 ᠰᠠᠭᠤᠷᠢ 36000KVA ᠡᠯᠪᠡᠭ ᠮᠠᠩᠭᠠᠨ ᠱᠢᠭᠠᠷᠤ᠎ᠶ᠋ᠢᠨ ᠬᠤᠪᠢᠰᠤᠮᠠᠯ ᠭᠥᠶᠥᠳᠡᠯᠳᠦ ᠠᠭᠤᠷᠬᠠᠢ᠎ᠶ᠋ᠢᠨ ᠢᠯᠴᠢ᠎ᠶ᠋ᠢᠨ ᠵᠤᠤᠬ᠎ᠠ᠎ᠶ᠋ᠢ ᠪᠦᠷᠢᠨ ᠪᠢᠲᠡᠭᠦᠮᠵᠢᠯᠡᠵᠦ᠂ ᠵᠢᠯ᠎ᠳᠤ 33.8 ᠲᠦᠮᠡᠨ ᠲᠣᠨ ᠮᠠᠩᠭᠠᠨ ᠴᠠᠬᠢᠭᠤᠷ᠎ᠤᠨ ᠬᠠᠢᠯᠤᠰᠢ ᠦᠢᠯᠡᠳᠪᠦᠷᠢᠯᠡᠨ᠎ᠡ》 ᠭᠡᠪᠡ᠃ ᠥᠪᠥᠷ ᠮᠣᠩᠭᠤᠯ᠎ᠤᠨ ᠵᠢᠩ ᠯᠧᠢ ᠠᠵᠤ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠵᠠᠰᠠᠭ ᠵᠠᠬᠢᠷᠭᠠᠨ᠎ᠤ ᠬᠡᠯᠲᠡᠰ᠎ᠤᠨ ᠳᠠᠷᠤᠭ᠎ᠠ ᠸᠠᠩ ᠵᠥᠩ ᠢ ᠲᠠᠨᠢᠯᠴᠠᠭᠤᠯᠬᠤ᠎ᠳᠠᠭᠠᠨ᠂ 《ᠲᠣᠭ᠍ᠲᠠᠮᠠᠯ ᠭᠥᠶᠥᠳᠡᠯᠳᠦ ᠠᠭᠤᠷᠬᠠᠢ᠎ᠶ᠋ᠢᠨ ᠢᠯᠴᠢ᠎ᠶ᠋ᠢᠨ ᠵᠤᠤᠬ᠎ᠠ᠎ᠶ᠋ᠢ ᠨᠢᠭᠡᠨᠲᠡ ᠲᠣᠭ᠍ᠲᠠᠭᠤᠨ ᠪᠠᠢᠯᠭᠠᠵᠤ᠂ ᠥᠨᠳᠥᠷ ᠪᠦᠲᠦᠮᠵᠢᠲᠡᠶ᠎ᠪᠠᠷ ᠠᠵᠢᠯᠯᠠᠭᠤᠯᠵᠤ᠂ ᠬᠤᠪᠢᠰᠤᠮᠠᠯ ᠭᠥᠶᠥᠳᠡᠯᠳᠦ ᠵᠤᠤᠬ᠎ᠠ᠎ᠲᠠᠢ ᠬᠠᠷᠢᠴᠠᠭᠤᠯᠪᠠᠯ᠂ ᠴᠠᠬᠢᠯᠭᠠᠨ᠎ᠤ ᠬᠤᠷᠣᠭ᠍ᠳᠠᠯ᠎ᠢ 10% - 15% ᠪᠠᠷ ᠪᠠᠭᠤᠷᠠᠭᠤᠯᠵᠤ᠂ ᠬᠡᠦᠷᠡᠰᠦ᠎ᠶᠢᠨ ᠬᠣᠷᠣᠭᠳᠠᠯ᠎ᠢ 10% ᠣᠷᠴᠢᠮ ᠪᠠᠭᠤᠷᠠᠭᠤᠯᠵᠤ᠂ ᠪᠤᠴᠠᠭᠠᠨ ᠬᠤᠷᠢᠶᠠᠬᠤ ᠨᠣᠷᠮ᠎ᠠ᠎ᠶ᠋ᠢ 3% - 5% ᠪᠠᠷ ᠳᠡᠭᠡᠭ᠌ᠰᠢᠯᠡᠭᠦᠯᠪᠡ᠃ ᠮᠠᠨ᠎ᠤ ᠲᠣᠭ᠍ᠲᠠᠮᠠᠯ ᠭᠥᠶᠥᠳᠡᠯᠳᠦ ᠠᠭᠤᠷᠬᠠᠢ᠎ᠶ᠋ᠢᠨ ᠢᠯᠴᠢ᠎ᠶ᠋ᠢᠨ ᠵᠤᠤᠬ᠎ᠠ᠎ᠨᠢ ᠲᠡᠮᠦᠷᠯᠢᠭ ᠬᠠᠢᠯᠤᠭᠤᠯᠬᠤ ᠠᠵᠤ ᠦᠢᠯᠡᠳᠪᠦᠷᠢ᠎ᠶ᠋ᠢᠨ ᠮᠡᠳᠡᠭᠡ ᠵᠠᠩᠭᠢ᠎ᠶ᠋ᠢᠨ ᠰᠤᠳᠤᠯᠭᠠᠨ᠎ᠤ ᠬᠦᠷᠢᠶᠡᠯᠡᠩ᠎ᠳᠤ 〈ᠪᠦᠬᠦ ᠪᠥᠮᠪᠥᠷᠴᠡᠭ᠎ᠦᠨ ᠠᠩᠬᠠᠳᠠᠭ᠍ᠴᠢ ᠢᠵᠢ ᠶᠡᠬᠡ ᠪᠠᠭᠲᠠᠭᠠᠮᠵᠢᠲᠤ ᠪᠦᠷᠢᠨ ᠨᠢᠭ᠍ᠲᠠ ᠪᠢᠲᠡᠭᠦᠮᠵᠢᠯᠡᠭᠰᠡᠨ ᠴᠠᠬᠢᠭᠤᠷ ᠮᠠᠩᠭᠠᠨ᠎ᠤ ᠬᠠᠢᠯᠤᠰᠢ᠎ᠶᠢᠨ ᠪᠤᠯᠠᠭᠳᠠᠮᠠᠯ ᠲᠣᠭᠲᠠᠮᠠᠯ ᠭᠦᠶᠦᠳᠡᠯᠲᠦ ᠠᠭᠤᠷᠬᠠᠢ᠎ᠶᠢᠨ ᠢᠯᠴᠢ᠎ᠶᠢᠨ ᠵᠤᠤᠬ᠎ᠠ〉 ᠪᠠᠷ ᠬᠢᠨᠠᠨ ᠲᠣᠭ᠍ᠲᠠᠭᠠᠭ᠍ᠳᠠᠭ᠍ᠰᠠᠨ ᠪᠥᠭᠡᠳ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠠᠴᠠ ᠣᠯᠭᠤᠭ᠍ᠰᠠᠨ ᠡᠭᠦᠳᠦᠯᠲᠡ᠎ᠶ᠋ᠢᠨ ᠲᠤᠰᠭᠠᠶ ᠠᠱᠢᠭ᠎ᠤᠨ ᠦᠨᠡᠮᠯᠡᠯ᠎ᠢ ᠣᠯᠵᠠᠢ᠃
ᠲᠡᠮᠦᠷ᠎ᠤᠨ ᠬᠠᠢᠯᠤᠰᠢ᠎ᠶ᠋ᠢᠨ ᠠᠵᠤ ᠦᠢᠯᠡᠰ ᠪᠣᠯ ᠤᠯᠠᠭᠠᠨᠴᠠᠪ᠎ᠤᠨ ᠤᠯᠠᠮᠵᠢᠯᠠᠯᠲᠤ ᠠᠵᠤ ᠦᠢᠯᠡᠰ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠤᠯᠤᠰ᠎ᠤᠨ 《ᠬᠤᠤᠰ ᠨᠡᠭᠦᠷᠡᠰᠦᠲᠥ᠋ᠷᠥᠭ᠌ᠴᠢ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠤᠯᠠᠭᠠᠨᠴᠠᠪ ᠬᠤᠲᠠ 《ᠤᠯᠤᠰ᠎ᠤᠨ ᠪᠣᠬᠢᠷᠲᠤᠯ ᠥᠬᠡᠶ ᠲᠡᠮᠦᠷ᠎ᠤᠨ ᠬᠠᠢᠯᠤᠰᠢ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ》 ᠢ ᠪᠠᠢᠭᠤᠯᠬᠤ᠎ᠶ᠋ᠢ ᠠᠵᠤ ᠦᠢᠯᠡᠰ᠎ᠤᠨ ᠲᠠᠰ ᠳᠡᠪᠱᠢᠬᠦ᠌᠎ᠶ᠋ᠢᠨ 《ᠲᠡᠷᠢᠭᠦᠨ ᠢᠨᠵᠧᠨᠧᠷᠢᠩ》 ᠪᠣᠯᠭᠠᠨ ᠠᠳᠭᠤᠵᠤ᠂ ᠬᠡᠯᠪᠡᠷᠢ᠎ᠪᠠᠨ ᠬᠤᠪᠢᠷᠠᠭᠤᠯᠬᠤ ᠠᠷᠭ᠎ᠠ ᠵᠠᠮ᠎ᠢ ᠰᠤᠳᠤᠯᠵᠤ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠣᠶᠤᠨᠴᠢ ᠦᠢᠯᠡᠳᠪᠦᠷᠢᠯᠡᠯ᠂ ᠪᠣᠬᠢᠷᠲᠤᠯ ᠥᠬᠡᠶ ᠡᠨᠧᠷᠭᠢ᠎ᠪᠠᠷ ᠣᠷᠣᠯᠠᠭᠤᠯᠬᠤ ᠵᠡᠷᠭᠡ ᠲᠠᠯ᠎ᠠ᠎ᠪᠠᠷ ᠠᠯᠢ ᠣᠯᠠᠨ ᠦᠢᠯᠡᠳᠦᠯᠭᠡ᠎ᠶ᠋ᠢ ᠥᠷᠨᠢᠭᠦᠯᠵᠦ᠍᠂ ᠤᠯᠠᠮᠵᠢᠯᠠᠯᠲᠤ ᠠᠵᠤ ᠦᠢᠯᠡᠰ᠎ᠤᠨ ᠳᠡᠭᠡᠳᠦ ᠲᠠᠰ᠎ᠤᠨ᠂ ᠤᠶᠤᠨᠴᠢᠯᠠᠭ᠍ᠰᠠᠨ᠂ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠬᠤ ᠠᠷᠭ᠎ᠠ ᠵᠠᠮ᠎ᠢ ᠠᠮᠵᠢᠯᠲᠠ᠎ᠲᠠᠢ ᠨᠡᠭᠡᠭᠡᠵᠦ᠍᠂ ᠥᠩᠭᠡᠷᠡᠭ᠌ᠰᠡᠨ᠎ᠤ ᠠᠵᠤ ᠦᠢᠯᠡᠰ᠎ᠤᠨ ᠲᠥᠪᠯᠡᠷᠡᠯ᠎ᠤᠨ ᠭᠠᠵᠠᠷ᠎ᠠᠴᠠ ᠪᠥᠬᠦ᠌ ᠤᠯᠤᠰ᠎ᠤᠨ ᠪᠣᠬᠢᠷᠲᠤᠯ ᠥᠬᠡᠶ ᠲᠡᠮᠦᠷ᠎ᠤᠨ ᠬᠠᠢᠯᠤᠰᠢ᠎ᠶ᠋ᠢᠨ ᠠᠵᠤ ᠦᠢᠯᠡᠰ᠎ᠤᠨ ᠬᠡᠪ ᠳᠠᠭᠤᠷᠢᠶᠠᠯ ᠪᠣᠯᠤᠭ᠍ᠰᠠᠨ ᠪᠠᠢᠨ᠎ᠠ᠃ ᠪᠦᠷᠢᠳᠭᠡᠯ᠎ᠢ ᠦᠨᠳᠦᠰᠦᠯᠡᠪᠡᠯ᠂ 1 - 9 ᠳ᠋ᠦ᠍ᠭᠡᠷ ᠰᠠᠷ᠎ᠠ᠎ᠳᠤ ᠤᠯᠠᠭᠠᠨᠴᠠᠪ ᠬᠤᠲᠠ᠎ᠶ᠋ᠢᠨ ᠲᠡᠮᠦᠷ᠎ᠤᠨ ᠬᠠᠢᠯᠤᠰᠢ᠎ᠶ᠋ᠢᠨ ᠭᠠᠷᠤᠯᠲᠠ ᠨᠡᠢᠲᠡ 974.7 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 17.1% ᠪᠠᠷ ᠨᠡᠮᠡᠭ᠌ᠳᠡᠨ᠂ ᠦᠢᠯᠡᠳᠪᠦᠷᠢᠯᠡᠬᠦ᠌ ᠴᠢᠳᠠᠪᠤᠷᠢ᠎ᠶ᠋ᠢᠨ ᠠᠱᠢᠭ᠍ᠯᠠᠯᠲᠠ᠎ᠶ᠋ᠢᠨ ᠨᠣᠷᠮ᠎ᠠ ᠨᠢ 114% ᠳᠤ ᠬᠦᠷᠴᠦ᠍᠂ ᠪᠥᠬᠦ᠌ ᠤᠯᠤᠰ᠎ᠤᠨ ᠵᠠᠬ᠎ᠠ ᠳᠡᠯᠭᠡᠭᠦᠷ᠎ᠤᠨ ᠬᠤᠪᠢ᠎ᠶ᠋ᠢᠨ ᠲᠤᠭ᠎ᠠ 34% ᠳᠤ ᠬᠦᠷᠴᠦ᠍᠂ ᠨᠢᠳᠤᠨᠤᠨ᠎ᠤ᠎ᠬᠢ᠎ᠠᠴᠠ 3 ᠵᠠᠭᠤᠨ᠎ᠤ ᠴᠡᠭ ᠨᠡᠮᠡᠭ᠌ᠳᠡᠪᠡ᠃
ᠳᠤᠷᠠᠳᠤᠭᠤᠱᠢᠳᠠᠢ᠎ᠨᠢ ᠭᠡᠪᠡᠯ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠲᠤᠰ ᠬᠤᠳᠠ᠎ᠶ᠋ᠢᠨ ᠲᠡᠮᠦᠷ᠎ᠤᠨ ᠬᠠᠢᠯᠤᠰᠢ᠎ᠶ᠋ᠢᠨ ᠠᠵᠤ ᠦᠢᠯᠡᠰ᠎ᠤᠨ ᠨᠡᠢᠳᠡ ᠬᠡᠷᠡᠭ᠌ᠵᠢᠭᠦᠯᠦᠭ᠌ᠰᠡᠨ 51 ᠡᠨᠧᠷᠭᠢ ᠠᠷᠪᠢᠯᠠᠬᠤ ᠥᠭᠡᠷᠡᠴᠢᠯᠡᠯᠲᠡ᠎ᠶ᠋ᠢᠨ ᠲᠦᠷᠦᠯ ᠵᠦᠢᠯ᠂ ᠵᠢᠯ᠎ᠳᠤ 69 ᠲᠦᠮᠡᠨ ᠲᠣᠨ ᠪᠠᠷᠢᠮᠵᠢᠶ᠎ᠠ ᠨᠡᠭᠦᠷᠡᠰᠦ ᠠᠷᠪᠢᠯᠠᠵᠤ᠂ 4 ᠤᠰᠤ ᠠᠷᠪᠢᠯᠠᠬᠤ ᠥᠭᠡᠷᠡᠴᠢᠯᠡᠯᠲᠡ᠎ᠶ᠋ᠢᠨ ᠲᠦᠷᠦᠯ ᠵᠦᠢᠯ᠎ᠤᠨ ᠵᠢᠯ᠎ᠳᠤ 31 ᠲᠦᠮᠡᠨ ᠲᠣᠨ ᠤᠰᠤ ᠠᠷᠪᠢᠯᠠᠵᠤ᠂ ᠦᠯᠡᠳᠡᠪᠦᠷᠢ ᠬᠡᠢ᠎ᠪᠠᠷ ᠴᠠᠬᠢᠯᠭᠠᠨ ᠭᠠᠷᠭᠠᠬᠤ ᠵᠢᠯ᠎ᠳᠤ 200 ᠭᠠᠷᠤᠢ ᠲᠦᠮᠡᠨ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠪᠠᠭᠠᠰᠭᠠᠪᠠ; ᠪᠣᠢᠵᠢᠭᠤᠯᠤᠨ ᠪᠠᠢᠭᠤᠯᠤᠭᠰᠠᠨ ᠪᠣᠬᠢᠷᠲᠤᠯ ᠦᠭᠡᠢ ᠦᠢᠯᠡᠳᠪᠦᠷᠢ᠎ᠶᠢᠨ ᠲᠣᠭ᠎ᠠ ᠬᠡᠮᠵᠢᠶ᠎ᠡ ᠨᠢ ᠪᠥᠬᠥ ᠲᠡᠮᠦᠷ᠎ᠦᠨ ᠬᠠᠢᠯᠤᠰᠢ᠎ᠶᠢᠨ ᠠᠵᠤ ᠠᠬᠤᠢᠯᠠᠯ᠎ᠳᠤ ᠡᠵᠡᠯᠡᠬᠦ ᠬᠤᠪᠢ᠎ᠶᠢᠨ ᠵᠢᠩ ᠨᠢ ᠠᠷᠪᠠᠨ᠎ᠤ ᠭᠤᠷᠪᠠᠨ ᠬᠤᠪᠢ᠎ᠶᠢ ᠳᠠᠪᠠᠵᠤ᠂ ᠣᠯᠠᠨ ᠠᠵᠤ ᠠᠬᠤᠢᠯᠠᠯ᠎ᠤᠨ ᠠᠷᠢᠭᠤᠨ ᠴᠡᠪᠡᠷ ᠦᠢᠯᠡᠳᠪᠦᠷᠢᠯᠡᠯ᠎ᠦᠨ ᠬᠢᠷᠢ ᠬᠡᠮᠵᠢᠶ᠎ᠡ ᠨᠢ ᠨᠢᠭᠡᠨᠲᠡ 《 ᠤᠯᠤᠰ᠎ᠤᠨ ᠳᠣᠲᠣᠭᠠᠳᠤ᠎ᠶᠢᠨ ᠲᠡᠷᠢᠭᠦᠨ᠎ᠦ 》 ᠴᠢᠨᠠᠭᠰᠢᠯᠠᠪᠠᠯ 《 ᠳᠡᠯᠡᠬᠡᠢ᠎ᠶᠢᠨ ᠲᠡᠷᠢᠭᠦᠨ᠎ᠦ 》 ᠬᠢᠷᠢ ᠲᠦᠪᠰᠢᠨ᠎ᠳᠦ ᠭᠦᠷᠦᠭᠰᠡᠨ ᠪᠠᠢᠨ᠎ᠠ᠃ ᠲᠡᠮᠦᠷ᠎ᠤᠨ ᠬᠠᠢᠯᠤᠰᠢ᠎ᠶ᠋ᠢᠨ ᠠᠵᠢᠯ ᠲᠥᠷᠥᠯ᠎ᠨᠢ ᠬᠡᠪ ᠳᠠᠭᠤᠷᠢᠶᠠᠯ᠎ᠤᠨ ᠬᠢᠷᠢ ᠲᠦᠪᠱᠢᠨ᠎ᠠᠴᠠ ᠳᠠᠪᠠᠭᠤᠯᠢᠭ ᠦᠢᠯᠡᠳᠪᠦᠷᠢᠯᠡᠬᠦ᠌ ᠴᠢᠳᠠᠪᠤᠷᠢ᠎ᠶ᠋ᠢ 60% ᠠᠴᠠ ᠳᠡᠭᠡᠭ᠌ᠰᠢ᠎ᠳᠤ ᠬᠦᠷᠦᠭᠦᠯᠵᠦ᠍᠂ ᠤᠯᠤᠰ᠎ᠠᠴᠠ ᠲᠣᠭ᠍ᠲᠠᠭᠠᠭ᠍ᠰᠠᠨ 30% ᠠᠴᠠ ᠥᠨᠳᠥᠷ ᠪᠠᠢᠯᠭᠠᠬᠤ ᠬᠠᠷᠠᠯᠲᠠ᠎ᠶ᠋ᠢ ᠲᠣᠭ᠍ᠲᠠᠭᠠᠵᠤ᠂ ᠢᠯᠡᠳᠲᠡ ᠣᠷᠴᠢᠨ ᠲᠣᠭᠤᠷᠢᠨ᠎ᠤ ᠬᠠᠮᠠᠭᠠᠯᠠᠯᠲᠠ ᠬᠢᠭᠡᠳ ᠠᠵᠤ ᠠᠬᠤᠶ᠎ᠶ᠋ᠢᠨ ᠳᠠᠪᠬᠤᠷ ᠦᠷ᠎ᠡ ᠠᠱᠢᠭ᠎ᠢ ᠣᠯᠤᠭ᠍ᠰᠠᠨ ᠪᠠᠢᠨ᠎ᠠ᠃ ᠡᠭᠦᠨ᠎ᠤ ᠬᠠᠮᠲᠤ᠌᠂ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠤᠶᠤᠨᠴᠢᠯᠠᠭ᠍ᠰᠠᠨ ᠬᠠᠮᠢᠶᠠᠷᠤᠯᠲᠠ᠎ᠶ᠋ᠢ ᠬᠠᠮᠵᠢᠯᠴᠠᠨ ᠠᠬᠢᠭᠤᠯᠵᠤ᠂ ᠨᠡᠶ᠋ᠢᠲᠡ 161 ᠵᠦᠢᠯ᠎ᠦᠨ ᠤᠯᠤᠰ᠎ᠤᠨ ᠪᠠᠷᠢᠮᠵᠢᠶᠠᠲᠤ ᠪᠠᠷᠢᠮᠵᠢᠶ᠎ᠠ᠎ᠶᠢ ᠲᠣᠭᠲᠠᠭᠠᠨ ᠵᠠᠰᠠᠪᠤᠷᠢ ᠣᠷᠣᠭᠤᠯᠵᠤ᠂ 522 ᠵᠦᠢᠯ᠎ᠦᠨ ᠲᠤᠰᠬᠠᠢ ᠠᠰᠢᠭ᠋᠎ᠤᠨ ᠡᠷᠬᠡ ᠣᠯᠭᠣᠯᠲᠠ᠎ᠶᠢ ᠭᠥᠷᠳᠡᠵᠦ᠂ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《 ᠲᠤᠰᠬᠠᠢ ᠨᠠᠷᠢᠯᠢᠭ᠋ ᠣᠨᠴᠠ ᠰᠢᠨ᠎ᠡ 》 ᠠᠵᠤ ᠠᠬᠤᠢᠯᠠᠯ ᠴᠥᠮ ᠠᠵᠤ ᠠᠬᠤᠢᠯᠠᠯ᠎ᠤᠨ ᠶᠡᠷᠦᠩᠬᠡᠢ ᠲᠣᠭᠠᠨ᠎ᠤ 30% ᠣᠷᠴᠢᠮ᠎ᠢ ᠡᠵᠡᠯᠡᠪᠡ᠃ ᠲᠣᠭ᠍ᠲᠠᠮᠠᠯ ᠭᠥᠶᠥᠳᠡᠯᠳᠦ ᠠᠭᠤᠷᠬᠠᠢ᠎ᠶ᠋ᠢᠨ ᠢᠯᠴᠢ᠎ᠶ᠋ᠢᠨ ᠵᠤᠤᠬ᠎ᠠ᠂ ᠲᠡᠮᠦᠷ᠎ᠤᠨ ᠬᠠᠢᠯᠤᠰᠢ᠎ᠶ᠋ᠢᠨ ᠱᠢᠭᠠᠷᠤ ᠦᠢᠯᠡᠳᠬᠦ᠌᠎ᠳᠤ ᠬᠢᠮᠡᠯ ᠴᠢᠯᠠᠭᠤᠨ ᠮᠠᠲ᠋ᠧᠷᠢᠶᠠᠯ᠂ ᠤᠶᠤᠨᠴᠢ ᠬᠥᠮᠥᠷᠭᠡ ᠪᠠ ᠨᠣᠭᠤᠭᠠᠨ ᠴᠠᠬᠢᠯᠭᠠᠨ᠎ᠢ ᠪᠠᠭ᠍ᠲᠠᠭᠠᠨ ᠱᠢᠩᠭᠡᠭᠡᠬᠦ᠌ ᠱᠢᠰᠲ᠋ᠧᠮ ᠵᠡᠷᠭᠡ ᠮᠡᠷᠭᠡᠵᠢᠯ᠎ᠤᠨ ᠱᠢᠨᠡᠴᠢᠯᠡᠯᠲᠡ᠎ᠶ᠋ᠢ ᠶᠡᠭᠡ ᠬᠡᠪᠴᠢᠶ᠎ᠡ᠎ᠪᠠᠷ ᠪᠦᠷᠢᠨ ᠨᠢᠭ᠍ᠲᠠ ᠪᠡᠯᠡᠳᠭᠡᠵᠦ᠍᠂ ᠤᠯᠤᠰ᠎ᠤᠨ ᠳᠣᠲᠣᠭᠠᠳᠤ᠎ᠶ᠋ᠢᠨ ᠬᠤᠭᠤᠰᠣᠨ᠎ᠢ ᠨᠥᠬᠦᠪᠥᠷᠢᠯᠡᠪᠡ᠃
ᠳᠠᠷᠠᠭᠠᠴᠢ᠎ᠶ᠋ᠢᠨ ᠠᠯᠬᠤᠮ᠎ᠳᠤ ᠬᠡᠷᠬᠢᠨ ᠬᠥᠭ᠌ᠵᠢᠭᠦᠯᠬᠦ᠌ ᠪᠤᠢ? ᠤᠯᠠᠭᠠᠨᠴᠠᠪ ᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶᠠᠨ᠎ᠤ ᠳᠠᠷᠤᠭ᠎ᠠ ᠭᠦᠸᠧ ᠱᠢᠶᠠᠩ ᠢᠦᠶ᠄ 《ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠥᠬᠦᠳᠡ ᠬᠤᠷᠠᠯ 〈ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠦᠲᠦᠭᠡᠨ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠠᠬᠢᠵᠢᠭᠦᠯᠦᠨ ᠪᠤᠵᠠᠭᠠᠢᠷᠠᠭᠤᠯᠬᠤ〉 ᠶ᠋ᠢ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠨᠢᠭᠡᠳᠦᠭᠡᠷ ᠵᠤᠷᠪᠤᠰ ᠳᠡᠭᠡᠷ᠎ᠡ ᠲᠠᠯᠪᠢᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠹᠷᠣᠨᠲ᠎ᠤᠨ ᠲᠡᠮᠡᠴᠡᠯ᠎ᠤᠨ ᠣᠷᠭᠢᠯᠤᠮ᠎ᠠ ᠰᠡᠳᠭᠢᠯᠭᠡ᠎ᠶ᠋ᠢ ᠶᠡᠭᠡ᠎ᠪᠠᠷ ᠵᠣᠷᠢᠭ᠍ᠵᠢᠭᠤᠯᠪᠠ᠃ ᠮᠠᠨ᠎ᠤ ᠬᠤᠲᠠ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠤᠳᠤᠷᠢᠳᠤᠮᠵᠢ ᠪᠣᠯᠭᠠᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠵᠠᠪᠳᠤᠨ ᠠᠳᠭᠤᠵᠤ᠂ ᠡᠮᠦᠨ᠎ᠡ ᠵᠠᠬ᠎ᠠ᠎ᠶ᠋ᠢᠨ ᠮᠡᠷᠭᠡᠵᠢᠯ᠎ᠢ ᠬᠡᠷᠡᠭ᠌ᠯᠡᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠱᠢᠨ᠎ᠡ ᠠᠷᠭ᠎ᠠ ᠵᠠᠮ᠎ᠢ ᠨᠡᠭᠡᠭᠡᠵᠦ᠍᠂ ᠦᠢᠯᠡᠳᠪᠦᠷᠢᠯᠡᠯ᠎ᠤᠨ ᠵᠠᠭ᠍ᠪᠤᠷ᠎ᠤᠨ ᠱᠢᠨᠡᠴᠢᠯᠡᠯᠲᠡ᠎ᠶ᠋ᠢ ᠲᠦᠷᠭᠡᠳᠭᠡᠬᠦ᠌᠎ᠶ᠋ᠢ ᠠᠬᠢᠭᠤᠯᠵᠤ᠂ ᠲᠡᠮᠦᠷ᠎ᠤᠨ ᠬᠠᠢᠯᠤᠰᠢ᠎ᠶ᠋ᠢᠨ ᠠᠵᠢᠯ ᠲᠥᠷᠥᠯ᠎ᠤᠨ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠥᠯᠢᠭᠡᠷ ᠳᠠᠭᠤᠷᠢᠶᠠᠯ᠎ᠢ ᠪᠣᠶ ᠪᠣᠯᠭᠠᠵᠤ᠂ ᠣᠯᠠᠨ ᠤᠯᠤᠰ᠎ᠤᠨ ᠴᠢᠬᠤᠯᠠ ᠨᠥᠯᠥᠭᠡᠯᠡᠬᠦ᠌ ᠬᠦᠴᠦᠨ᠎ᠲᠠᠢ ᠣᠳᠣᠬᠢᠴᠢᠯᠠᠭ᠍ᠰᠠᠨ ᠳᠠᠪᠠᠭᠤᠯᠢᠭ ᠠᠵᠤ ᠦᠢᠯᠡᠰ᠎ᠤᠨ ᠪᠦᠯᠦᠭᠵᠢᠯ᠎ᠢ ᠪᠣᠶ ᠪᠣᠯᠭᠠᠬᠤ ᠬᠡᠷᠡᠭ᠌ᠲᠡᠶ》 ᠬᠡᠵᠡᠢ᠃

ᠨᠢᠭᠡ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠨ᠎ᠡ