11 ᠳ᠋ᠦ᠍ᠭᠡᠷ ᠰᠠᠷ᠎ᠠ᠎ᠶ᠋ᠢᠨ 18 ᠤ ᠡᠳᠦᠷ᠂ ᠥᠪᠥᠷ ᠮᠣᠩᠭᠤᠯ᠎ᠤᠨ ᠪᠤᠭᠤᠲᠤ ᠬᠤᠲᠠ᠎ᠶ᠋ᠢᠨ ᠲᠦᠮᠡᠳ ᠪᠠᠷᠠᠭᠤᠨ ᠬᠤᠱᠢᠭᠤᠨ᠎ᠤ ᠠᠷᠠᠳ᠎ᠤᠨ ᠵᠠᠰᠠᠭ᠎ᠤᠨ ᠣᠷᠳᠣᠨ 《ᠪᠤᠭᠤᠲᠤ᠎ᠶ᠋ᠢᠨ ᠱᠢᠤᠢ ᠶᠠᠩ ᠴᠠᠬᠢᠭᠤᠷ ᠨᠡᠭᠦᠷᠡᠰᠦᠲᠥ᠋ᠷᠥᠭ᠌ᠴᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠵᠢᠯ᠎ᠳᠤ 2000 ᠲᠣᠨ ᠴᠠᠬᠢᠭᠤᠷ ᠨᠡᠭᠦᠷᠡᠰᠦᠲᠥ᠋ᠷᠥᠭ᠌ᠴᠢ᠎ᠶ᠋ᠢᠨ ᠪᠢᠯᠢᠭ ᠲᠦᠢᠯ᠎ᠤᠨ ᠮᠠᠲ᠋ᠧᠷᠢᠶᠠᠯ ᠦᠶ᠋ᠯᠡᠳᠪᠦᠷᠢᠯᠡᠬᠦ᠌ ᠲᠥᠷᠥᠯ ᠵᠦᠶ᠋ᠯ》 ᠤᠨ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠎ᠶ᠋ᠢᠨ ᠮᠡᠳᠡᠭᠡ ᠵᠠᠩᠭᠢ᠎ᠶᠢᠨ ᠠᠯᠪᠠᠨ ᠵᠠᠷᠯᠠᠯ᠎ᠢ ᠨᠡᠢ᠌ᠲᠡᠯᠡᠪᠡ᠃
ᠣᠢᠯᠠᠭᠠᠭ᠍ᠰᠠᠨ᠎ᠢᠶᠠᠷ᠂ ᠲᠣᠰ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 42721 ᠲᠦᠮᠡᠨ ᠲᠥᠭᠦᠷᠢᠭ᠂ ᠵᠢᠯ᠎ᠳᠤ 2000 ᠲᠣᠨ ᠴᠠᠬᠢᠭᠤᠷ ᠨᠡᠭᠦᠷᠡᠰᠦᠲᠥ᠋ᠷᠥᠭ᠌ᠴᠢ᠎ᠶ᠋ᠢᠨ ᠪᠢᠯᠢᠭ ᠲᠦᠢᠯ᠎ᠤᠨ ᠮᠠᠲ᠋ᠧᠷᠢᠶᠠᠯ ᠦᠢᠯᠡᠳᠪᠦᠷᠢᠯᠡᠵᠦ᠍᠂ ᠶᠡᠷᠦᠩᠬᠡᠶ ᠲᠠᠯᠠᠪᠠᠶ᠎ᠨᠢ ᠪᠠᠷᠤᠭ 200000 ᠲᠡᠭ᠌ᠰᠢ ᠳᠥᠷᠪᠡᠯᠵᠢᠨ ᠮᠧᠲᠷ ᠪᠠᠢᠵᠤ᠂ ᠪᠠᠷᠢᠯᠭ᠎ᠠ᠎ᠶ᠋ᠢᠨ ᠲᠠᠯᠠᠪᠠᠶ᠎ᠨᠢ ᠪᠠᠷᠤᠭ 13000 ᠲᠡᠭ᠌ᠰᠢ ᠳᠥᠷᠪᠡᠯᠵᠢᠨ ᠮᠧᠲᠷ ᠪᠠᠢᠵᠤ᠂ 2 ᠴᠠᠬᠢᠭᠤᠷ᠎ᠤᠨ ᠨᠡᠭᠦᠷᠡᠰᠦᠲᠥ᠋ᠷᠥᠭ᠌ᠴᠢ ᠦᠢᠯᠡᠳᠪᠦᠷᠢᠯᠡᠬᠦ᠌ ᠲᠠᠰᠤᠭ᠂ 1 ᠴᠠᠬᠢᠭᠤᠷ᠎ᠤᠨ ᠠᠯᠺᠠᠨ ᠥᠷᠲᠡᠭᠡ᠂ 1 ᠠᠼᠧᠲ᠋ᠢᠯᠧᠨᠶᠢᠨ ᠥᠷᠲᠡᠭᠡ᠂ 1 ᠡᠵᠡᠮᠳᠡᠬᠦ᠌ ᠲᠠᠰᠤᠭ᠂ 1 ᠲᠦᠭᠦᠬᠡᠶ ᠮᠠᠲ᠋ᠧᠷᠢᠶᠠᠯ / ᠪᠦᠲᠦᠭᠡᠭ᠌ᠳᠡᠬᠦᠨ᠎ᠤ ᠬᠥᠮᠥᠷᠭᠡ᠂ 1 ᠶᠡᠷᠦᠩᠬᠡᠢᠯᠡᠭ᠌ᠰᠡᠨ ᠬᠥᠮᠥᠷᠭᠡ᠂ 1 ᠢᠵᠢ ᠡᠷᠭᠢᠯᠲᠡ᠎ᠶᠢᠨ ᠤᠰᠤᠨ᠎ᠤ ᠰᠢᠰᠲᠧᠮ᠂ 1 ᠴᠠᠬᠢᠯᠭᠠᠨ ᠲᠦᠭᠡᠭᠡᠬᠦ᠌ ᠥᠷᠲᠡᠭᠡ ᠵᠢᠴᠢ ᠠᠳᠡᠯ᠎ᠤᠨ ᠤᠰᠤᠨ ᠴᠥᠭᠦᠷᠥᠮ᠂ ᠭᠠᠯ ᠤᠨᠲᠠᠷᠠᠭᠠᠬᠤ ᠤᠰᠤᠨ ᠴᠥᠭᠦᠷᠥᠮ᠂ ᠪᠣᠷᠣᠭᠠᠨ᠎ᠤ ᠤᠰᠤ ᠴᠤᠭ᠍ᠯᠠᠭᠤᠯᠬᠤ ᠴᠥᠭᠦᠷᠥᠮ ᠵᠡᠷᠭᠡ ᠨᠡᠢᠲᠡ᠎ᠶ᠋ᠢᠨ ᠬᠡᠷᠡᠭ᠌ᠯᠡᠭᠡᠨ᠎ᠤ ᠢᠨᠵᠧᠨᠧᠷᠢᠩ᠎ᠢ ᠱᠢᠨ᠎ᠡ᠎ᠪᠠᠷ ᠪᠠᠢᠭᠤᠯᠪᠠ᠃ ᠲᠥᠷᠥᠯ ᠵᠦᠢᠯ᠎ᠨᠢ CVD ᠠᠷᠭ᠎ᠠ᠎ᠪᠠᠷ ᠦᠢᠯᠡᠳᠪᠦᠷᠢᠯᠡᠬᠦ᠌ ᠤᠷ᠎ᠠ ᠮᠡᠷᠭᠡᠱᠢᠯ᠎ᠢ ᠬᠡᠷᠡᠭ᠌ᠯᠡᠪᠡ᠃