ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠬᠤ — ᠶᠡᠷᠦᠩᠬᠡᠢ ᠪᠡᠯᠡ ᠤᠷᠤᠭᠤᠯᠤᠯᠲᠠ ᠨᠢ 64.04 ᠳ᠋ᠦᠩᠱᠢᠭᠤᠷ ᠲᠥᠭᠦᠷᠢᠭ ᠪᠦᠬᠦ᠌ ᠤᠯᠤᠰ᠎ᠤᠨ ᠠᠩᠬᠠᠳᠠᠭ᠍ᠴᠢ 《5G + ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ》᠎ᠶ᠋ᠢᠨ ᠤᠶᠤᠨᠲᠦ ᠬᠡᠥᠷᠰᠢᠭᠦᠯᠬᠦ ᠱᠢᠰᠲ᠋ᠧᠮ ᠦᠬᠠᠢ᠎ᠳᠤ ᠪᠠᠢᠭᠤᠯᠤᠭ᠍ᠳᠠᠨ ᠠᠱᠢᠭ᠍ᠯᠠᠯᠲᠠ᠎ᠳᠤ ᠣᠷᠣᠭᠤᠯᠪᠠ
ᠨᠡᠶ᠋ᠢᠲᠡᠯᠡᠭᠰᠡᠨ ᠴᠠᠭ᠄ 2025-11-28

  ᠣᠢᠷ᠎ᠠ᠎ᠳᠤ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠭᠤᠤᠯᠳᠠᠯᠭ᠎ᠠ᠎ᠲᠠᠢ ᠢᠨᠵᠧᠨᠧᠷᠢᠩ — ᠰᠢ ᠯᠠᠢ ᠹᠧᠩ ᠵᠢᠯ᠎ᠳᠦ 360 ᠲᠦᠮᠡᠨ ᠲᠣᠨ ᠨᠦᠳᠦᠵᠦ ᠪᠡᠬᠢᠵᠢᠭᠦᠯᠬᠦ ᠲᠥᠷᠥᠯ ᠵᠦᠢᠯ᠎ᠢ ᠦᠬᠠᠢ᠎ᠶᠢᠨ ᠬᠠᠢᠨᠠᠨ᠎ᠤ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠣᠭᠣᠷᠢᠭ᠋᠎ᠲᠤ ᠠᠮᠵᠢᠯᠲᠠ᠎ᠲᠠᠢ᠎ᠪᠠᠷ ᠲᠤᠷᠰᠢᠨ ᠠᠰᠢᠭ᠍ᠯᠠᠯᠲᠠ᠎ᠳᠤ ᠣᠷᠣᠭᠤᠯᠤᠭᠰᠠᠨ ᠪᠥᠭᠡᠳ ᠬᠡᠦᠷᠡᠰᠦ ᠭᠠᠷᠭᠠᠪᠠ᠃ ᠲᠣᠰ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠤᠭᠰᠠᠨ᠎ᠨᠢ ᠪᠥᠬᠦ᠌ ᠤᠯᠤᠰ᠎ᠤᠨ ᠠᠩᠬᠠᠳᠠᠭ᠍ᠴᠢ ᠢᠵᠢ 《5G + ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ》 ᠎ᠶ᠋ᠢᠨ ᠤᠶᠤᠨᠲᠦ ᠬᠡᠥᠷᠰᠢᠭᠦᠯᠬᠦ ᠱᠢᠰᠲ᠋ᠧᠮ ᠦᠬᠠᠶ ᠬᠤᠲᠠ᠎ᠳᠤ ᠪᠠᠢᠭᠤᠯᠤᠭ᠍ᠳᠠᠨ ᠠᠱᠢᠭ᠍ᠯᠠᠯᠲᠠ᠎ᠳᠤ ᠤᠷᠤᠭ᠍ᠰᠠᠨ᠎ᠢ ᠬᠠᠷᠠᠭᠤᠯᠵᠤ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃

  ᠲᠣᠰ ᠲᠥᠷᠥᠯ ᠵᠦᠶ᠋ᠯ᠎ᠤᠨ ᠨᠢᠭᠡᠳᠦᠭᠡᠷ ᠬᠤᠭᠤᠴᠠᠭᠠᠨ᠎ᠤ ᠦᠶ᠋ᠯᠡᠳᠪᠦᠷᠢᠯᠡᠯ᠎ᠤᠨ ᠠᠬᠤᠶ ᠲᠠᠯᠠᠪᠠᠶ᠎ᠳᠤ ᠣᠷᠣᠬᠤ᠎ᠳᠤ᠂ 6.78 ᠮᠧᠲᠷ᠎ᠤᠨ ᠨᠦᠳᠦᠵᠦ ᠪᠡᠬᠢᠵᠢᠭᠦᠯᠬᠦ ᠬᠡᠥᠷᠰᠢᠭᠦᠯᠬᠦ ᠵᠤᠤᠬ᠎ᠠ ᠰᠡᠬᠦ᠋ᠢᠨ ᠰᠦᠨᠳᠡᠷᠯᠡᠵᠦ᠍᠂ ᠡᠵᠡᠮᠰᠢᠯ᠎ᠦᠨ ᠲᠥᠪ᠎ᠦᠨ ᠲᠣᠮᠣ᠌ ᠳᠡᠯᠭᠡᠴᠡ ᠳᠡᠭᠡᠷᠡᠬᠢ ᠡᠯ᠎ᠡ ᠵᠦᠢᠯ᠎ᠦᠨ ᠭᠠᠷ ᠤᠷᠠᠯᠠᠯ᠎ᠤᠨ ᠫᠠᠷᠠᠮᠧᠲᠷ ᠴᠠᠭ ᠲᠤᠬᠠᠢ᠎ᠳᠤᠨᠢ ᠦᠰᠦᠷᠦᠨ᠎ᠡ᠃ ᠠᠩᠬᠠᠳᠠᠭ᠍ᠴᠢ 38 ᠲᠣᠨ ᠴᠢᠨᠠᠷ ᠰᠠᠢᠲᠠᠶ ᠬᠡᠦᠷᠡᠰᠦ᠎ᠨᠢ ᠤᠷᠤᠭ᠍ᠰᠢᠲᠠᠶ ᠬᠡᠦᠷᠡᠰᠦ ᠭᠠᠷᠭ᠋ᠠᠵᠦ᠂ ᠱᠢᠰᠲ᠋ᠧᠮ᠎ᠤᠨ ᠠᠵᠢᠯᠯᠠᠭᠠᠨ ᠲᠣᠭ᠍ᠲᠠᠭᠤᠨ ᠪᠠᠢᠵᠤ᠂ ᠵᠠᠩᠭᠢᠯᠠᠭ᠎ᠠ᠎ᠶ᠋ᠢᠨ ᠭᠦᠢᠴᠡᠳᠭᠡᠯ ᠲᠤᠭ᠎ᠠ᠎ᠨᠢ ᠴᠥᠮ ᠵᠢᠷᠤᠭ ᠲᠥᠯᠥᠪᠯᠡᠭᠡ᠎ᠶ᠋ᠢᠨ ᠪᠠᠷᠢᠮᠵᠢᠶ᠎ᠠ᠎ᠳᠤ ᠬᠦᠷᠦᠭ᠌ᠰᠡᠨ ᠪᠠᠢᠨ᠎ᠠ᠃

  《ᠮᠠᠨ᠎ᠤ ᠬᠡᠷᠡᠭ᠌ᠯᠡᠵᠦ᠍ ᠪᠠᠢᠭ᠎ᠠ ᠤᠯᠤᠰ᠎ᠤᠨ ᠳᠣᠲᠣᠭᠠᠳᠤ᠎ᠶ᠋ᠢᠨ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠭ᠌ᠰᠡᠨ ᠭᠤᠷᠪᠠᠳᠤᠭᠠᠷ ᠦᠶ᠎ᠡ᠎ᠶ᠋ᠢᠨ 6.78 ᠮᠧᠲᠷ᠎ᠤᠨ ᠣᠨᠴᠠ ᠲᠣᠮᠣ ᠬᠡᠯᠪᠡᠷᠢ᠎ᠶ᠋ᠢᠨ ᠨᠦᠳᠦᠵᠦ ᠪᠡᠬᠢᠵᠢᠭᠦᠯᠬᠦ ᠬᠡᠦᠷᠱᠢᠭᠦᠯᠬᠦ᠌ ᠵᠤᠤᠬ᠎ᠠ᠎ᠶ᠋ᠢ ᠳᠠᠩ ᠵᠤᠤᠬ᠎ᠠ ᠶ᠋ᠢᠨ ᠦᠢᠯᠡᠳᠪᠦᠷᠢᠯᠡᠬᠦ ᠴᠢᠳᠠᠪᠤᠷᠢ ᠶ᠋ᠢᠨ ᠲᠠᠯ᠎ᠠ᠎ᠪᠠᠷ ᠰᠢᠪᠲᠤᠯᠤᠯᠲᠠ ᠭᠠᠷᠭᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠣᠶᠤᠨᠴᠢᠯᠠᠭᠰᠠᠨ ᠡᠵᠡᠮᠳᠡᠯ᠎ᠦᠨ ᠲᠠᠯ᠎ᠠ᠎ᠪᠠᠷ ᠠᠵᠢᠯ ᠲᠥᠷᠥᠯ᠎ᠦᠨ ᠡᠮᠦᠨ᠎ᠡ ᠡᠩᠨᠡᠭᠡᠨ᠎ᠳᠦ ᠶᠠᠪᠤᠵᠤ ᠪᠠᠢᠨ᠎ᠠ》᠃ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠨᠡᠭᠦᠷᠡᠰᠦ ᠬᠡᠤᠷᠱᠢᠭᠦᠯᠬᠦ᠌ ᠰᠢ ᠯᠠᠶ ᠹᠧᠩ ᠬᠤᠪᠢᠶᠠᠷᠢ ᠺᠣᠮᠫᠠᠨᠢ᠎ᠶ᠋ᠢᠨ ᠬᠡᠦᠷᠱᠢᠭᠦᠯᠬᠦ᠌ ᠬᠤᠶᠠᠳᠤᠭᠠᠷ ᠦᠢᠯᠡᠳᠪᠦᠷᠢ᠎ᠶ᠋ᠢᠨ ᠭᠠᠷ ᠤᠷᠠᠯᠠᠯ᠎ᠤᠨ ᠲᠥᠬᠦᠭᠡᠷᠦᠮᠵᠢ᠎ᠶ᠋ᠢᠨ ᠮᠡᠷᠭᠡᠵᠢᠯᠲᠡᠨ ᠭᠤᠤ ᠶᠠᠨ ᠮᠢᠩ ᠲᠠᠨᠢᠯᠴᠠᠭᠤᠯᠬᠤ᠎ᠳᠠᠭᠠᠨ᠂ 《5G + ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ》 ᠎ᠶ᠋ᠢᠨ ᠲᠤᠭᠲᠠᠯᠴᠠᠭ᠎ᠠ᠎ᠪᠠᠷ᠎ᠳᠠᠮᠵᠢᠭᠤᠯᠤᠨ᠂ ᠵᠤᠤᠬ᠎ᠠ᠎ᠶ᠋ᠢᠨ ᠳᠤᠯᠠᠭᠠᠨ᠎ᠢ ᠣᠨᠣᠪᠴᠢᠲᠠᠶ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠥᠨᠳᠥᠷ ᠴᠢᠭ᠌ᠯᠡᠯ᠎ᠢᠶᠠᠷ ᠬᠠᠯᠠᠭᠠᠯᠲᠠ᠎ᠶ᠋ᠢᠨ ᠵᠢᠭ᠌ᠳᠡ ᠴᠢᠨᠠᠷ᠎ᠢ ᠶᠡᠭᠡ᠎ᠪᠠᠷ ᠳᠡᠭᠡᠭ᠌ᠰᠢᠯᠡᠭᠦᠯᠵᠦ᠍᠂ ᠬᠡᠤᠷᠡᠰᠦ᠎ᠶ᠋ᠢᠨ ᠶᠠᠰᠤ ᠴᠢᠨᠠᠷ᠎ᠢ ᠪᠦᠲᠦᠮᠵᠢᠲᠡᠶ ᠪᠠᠲᠤᠯᠠᠪᠠ》 ᠭᠡᠵᠡᠶ᠃

  ᠣᠶᠤᠨᠴᠢᠯᠠᠭ᠍ᠰᠠᠨ ᠬᠡᠦᠷᠰᠦ ᠬᠡᠤᠷᠱᠢᠭᠦᠯᠬᠦ᠌᠎ᠠᠴᠠ ᠭᠠᠳᠠᠨ᠎ᠠ᠂ ᠲᠤᠰ ᠲᠦᠷᠦᠯ ᠵᠦᠢᠯ᠎ᠨᠢ ᠪᠠᠰᠠ ᠣᠳᠣᠬᠠᠨ᠎ᠤ ᠪᠦᠬᠦ᠌ ᠪᠥᠮᠪᠥᠷᠴᠡᠭ᠎ᠤᠨ ᠨᠢᠭᠡᠴᠢ᠎ᠶ᠋ᠢᠨ ᠴᠠᠭ᠎ᠤᠨ ᠱᠢᠢᠳᠪᠦᠷᠢᠯᠡᠬᠦ᠌ ᠴᠢᠳᠠᠪᠤᠷᠢ᠎ᠪᠠᠷ ᠬᠠᠮᠤᠭ᠎ᠤᠨ ᠶᠡᠭᠡ ᠬᠠᠭᠤᠷᠠᠶ ᠬᠡᠤᠷᠱᠢᠭᠦᠯᠬᠦ᠌ ᠲᠥᠬᠦᠭᠡᠷᠦᠮᠵᠢ᠎ᠶ᠋ᠢ ᠢᠵᠢ ᠪᠦᠷᠢᠳᠦᠭᠦᠯᠦᠨ ᠪᠠᠢᠭᠤᠯᠵᠤ᠂ ᠱᠢᠢᠳᠪᠦᠷᠢᠯᠡᠬᠦ᠌ ᠴᠢᠳᠠᠪᠤᠷᠢ᠎ᠨᠢ ᠵᠢᠯ᠎ᠳᠦ 260 ᠲᠣᠨ᠎ᠳᠦ ᠬᠦᠷᠴᠡᠢ᠃

  《ᠪᠢᠳᠡ ᠬᠠᠭᠤᠷᠠᠢ᠎ᠪᠠᠷ ᠤᠨᠲᠠᠷᠠᠭᠠᠨ ᠬᠡᠦᠷᠱᠢᠭᠦᠯᠬᠦ᠌ ᠭᠠᠷ ᠤᠷᠠᠯᠠᠯ᠎ᠢ ᠬᠡᠷᠡᠭ᠌ᠯᠡᠵᠦ᠍᠂ ᠬᠠᠶᠠᠭ᠍ᠳᠠᠮᠠᠯ ᠬᠡᠢ᠂ ᠨᠠᠷᠢᠨ ᠲᠣᠭᠤᠰᠣ ᠭᠠᠷᠭᠠᠬᠤ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠬᠤ᠎ᠶ᠋ᠢᠨ ᠬᠠᠮᠲᠤ ᠬᠠᠭᠤᠷᠠᠶ᠎ᠪᠠᠷ ᠤᠨᠲᠠᠷᠠᠭᠠᠬᠤ ᠶᠠᠪᠤᠴᠠ᠎ᠳᠤ ᠡᠭᠦᠰᠦᠭ᠌ᠰᠡᠨ ᠠᠭᠤᠷ ᠵᠡᠷᠭᠡ ᠡᠨᠧᠷᠭᠢ᠎ᠶ᠋ᠢ ᠡᠭᠡᠭᠦᠯᠦᠨ ᠬᠤᠷᠢᠶᠠᠵᠤ ᠴᠠᠬᠢᠯᠭᠠᠨ ᠭᠠᠷᠭᠠᠬᠤ᠎ᠳᠤ ᠬᠡᠷᠡᠭ᠌ᠯᠡᠵᠦ᠍᠂ ᠦᠢᠯᠡᠳᠪᠦᠷᠢᠯᠡᠯ᠎ᠤᠨ ᠶᠠᠪᠤᠴᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠡᠨᠧᠷᠭᠢ᠎ᠶ᠋ᠢᠨ ᠬᠤᠷᠣᠭ᠍ᠳᠠᠯ ᠬᠢᠭᠡᠳ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠡᠬᠢ ᠡᠭᠦᠰᠦᠯ᠎ᠠᠴᠠ᠎ᠨᠢ ᠪᠠᠭᠤᠷᠠᠭᠤᠯᠵᠤ᠂ ᠪᠣᠬᠢᠷᠲᠤᠯ᠎ᠢ ᠵᠠᠰᠠᠬᠤ ᠪᠠ ᠦᠷ᠎ᠡ ᠠᠱᠢᠭ᠎ᠢ ᠨᠡᠮᠡᠭ᠌ᠳᠡᠭᠦᠯᠬᠦ᠌ ᠰᠠᠢᠨ ᠣᠷᠴᠢᠯ᠎ᠢ ᠪᠦᠷᠢᠯᠳᠦᠭᠦᠯᠪᠡ》 ᠭᠡᠵᠦ ᠭᠤᠤ ᠶᠠᠨ ᠮᠢᠩ ᠬᠡᠯᠡᠪᠡ᠃

  ᠣᠢᠯᠠᠭᠠᠭ᠍ᠰᠠᠨ᠎ᠢᠶᠠᠷ᠂ ᠲᠣᠰ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ ᠨᠢ 64.04 ᠳ᠋ᠦᠩᠱᠢᠭᠤᠷ ᠲᠥᠭᠦᠷᠢᠭ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠢᠭᠤᠯᠤᠨ᠎ᠠ᠃ ᠲᠣᠰ ᠤᠳᠠᠭᠠᠨ᠎ᠤ ᠠᠱᠢᠭ᠍ᠯᠠᠯᠲᠠ᠎ᠳᠤ ᠣᠷᠣᠭᠤᠯᠤᠭ᠍ᠰᠠᠨ ᠨᠢᠭᠡᠳᠦᠭᠡᠷ ᠬᠤᠭᠤᠴᠠᠭᠠᠨ᠎ᠤ ᠢᠨᠵᠸᠨ᠋ᠸᠷᠢᠩ᠎ᠦᠨ ᠦᠢᠯᠡᠳᠪᠦᠷᠢᠯᠡᠬᠦ᠌ ᠴᠢᠳᠠᠪᠤᠷᠢ᠎ᠨᠢ ᠵᠢᠯ᠎ᠳᠤ 160 ᠲᠦᠮᠡᠨ ᠲᠣᠨ᠂ ᠬᠤᠶᠠᠳᠤᠭᠠᠷ ᠬᠤᠭᠤᠴᠠᠭᠠᠨ᠎ᠤ  ᠵᠢᠯ᠎ᠳᠦ 200 ᠲᠦᠮᠡᠨ ᠲᠣᠨ ᠬᠡᠤᠷᠡᠰᠦ᠎ᠶ᠋ᠢ ᠨᠦᠳᠦᠵᠦ᠍ ᠪᠠᠬᠢᠵᠢᠬᠦᠯᠬᠦ᠌ ᠵᠤᠤᠬ᠎ᠠ᠎ᠶ᠋ᠢ ᠶᠠᠭ ᠱᠠᠯᠠᠪᠳᠠᠨ ᠪᠠᠢᠭᠤᠯᠵᠤ ᠪᠠᠢᠨ᠎ᠠ᠃ ᠲᠥᠷᠥᠯ ᠵᠦᠢᠯ᠎ᠢ ᠪᠦᠬᠦᠨ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠴᠣᠷ᠎ᠤᠨ ᠭᠠᠭ᠍ᠴᠠ ᠬᠡᠤᠷᠱᠢᠭᠦᠯᠬᠦ᠂ ᠬᠡᠤᠷᠱᠢᠭᠦᠯᠬᠦ᠌ ᠲᠣᠰᠣ᠂ ᠮᠧᠲ᠋ᠢᠯ ᠠᠯᠺᠣᠤᠯ᠂ ᠠᠽᠣᠲ ᠠᠮᠮᠣᠨᠢ ᠦᠢᠯᠡᠳᠪᠦᠷᠢᠯᠡᠬᠦ᠌ ᠵᠢᠴᠢ ᠨᠡᠭᠦᠷᠡᠰᠦᠨ ᠴᠢᠯᠠᠭᠤ᠎ᠪᠠᠷ ᠴᠠᠬᠢᠯᠭᠠᠨ ᠭᠠᠷᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠣᠷᠴᠢᠯ ᠠᠵᠤ ᠠᠬᠤᠶ᠎ᠶ᠋ᠢᠨ ᠲᠥᠷᠥᠯ ᠵᠦᠢᠯ ᠪᠣᠯᠵᠤ᠂ ᠳᠦᠭᠦᠷᠡᠩ ᠠᠴᠢᠶ᠎ᠠ᠎ᠶᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠵᠢᠯ᠎ᠤᠨ ᠦᠢᠯᠡᠳᠬᠦᠨ᠎ᠤ ᠶᠡᠷᠦᠩᠬᠡᠶ ᠥᠷᠲᠡᠭ᠎ᠨᠢ 100 ᠳ᠋ᠦᠩᠱᠢᠭᠤᠷ ᠲᠥᠭᠦᠷᠢᠭ ᠱᠢᠬᠠᠮ ᠪᠣᠯᠤᠨ᠎ᠠ᠃ 

  《ᠲᠤᠷᠱᠢᠨ ᠠᠵᠢᠯᠯᠠᠬᠤ᠎ᠠᠴᠠ ᠪᠦᠬᠦ᠌ ᠲᠠᠯ᠎ᠠ᠎ᠪᠠᠷ ᠦᠢᠯᠡᠳᠪᠦᠷᠢᠯᠡᠯ᠎ᠳᠤ ᠬᠦᠷᠭᠡᠬᠦ᠌ ᠬᠦᠷᠲᠡᠯ᠎ᠡ᠂ ᠭᠤᠭ᠍ᠴᠤᠭ᠎ᠠ ᠨᠢᠭᠡᠪᠦᠷᠢ᠎ᠶ᠋ᠢ ᠥᠴᠦᠬᠡᠨ ᠴᠦ᠍ ᠰᠤᠯᠠᠷᠠᠭᠤᠯᠵᠤ ᠪᠣᠯᠬᠤ ᠦᠭᠡᠢ》᠃ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠰᠢ ᠯᠠᠶ ᠹᠧᠩ ᠬᠤᠪᠢᠶᠠᠷᠢ ᠺᠣᠮᠫᠠᠨᠢ᠎ᠶ᠋ᠢᠨ ᠬᠡᠦᠷᠱᠢᠭᠦᠯᠬᠦ᠌ ᠬᠤᠶᠠᠳᠤᠭᠠᠷ ᠦᠢᠯᠡᠳᠪᠦᠷᠢ᠎ᠶ᠋ᠢᠨ ᠲᠠᠰᠤᠭ᠎ᠤᠨ ᠡᠷᠬᠢᠯᠡᠭ᠌ᠴᠢ ᠶᠤᠸᠠᠢ ᠬᠠᠶ ᠴᠢᠶᠠᠩ ᠢᠯᠡᠷᠬᠡᠢᠯᠡᠬᠦ᠌᠎ᠳᠡᠭᠡᠨ᠂ ᠣᠳᠣᠬᠠᠨ᠎ᠳᠤ᠂ ᠦᠢᠯᠡᠳᠪᠦᠷᠢ᠎ᠶ᠋ᠢᠨ ᠲᠠᠰᠤᠭ᠎ᠤᠨ 44 ᠠᠵᠢᠯᠯᠠᠬᠤ ᠠᠵᠢᠯᠲᠠᠨ ᠪᠦᠬᠦᠯᠢ ᠡᠳᠦᠷ᠎ᠢᠶᠠᠷ ᠠᠵᠢᠯᠯᠠᠵᠤ ᠪᠠᠢᠨ᠎ᠠ᠂ ᠬᠢᠨᠠᠨ ᠡᠵᠡᠮᠳᠡᠬᠦ᠌ ᠲᠥᠬᠦᠭᠡᠷᠦᠮᠵᠢ᠎ᠶ᠋ᠢᠨ ᠡᠷᠭᠢᠯᠲᠡ ᠬᠢᠭᠡᠳ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠳ᠋ᠡᠢ᠌ᠲ᠋ᠠ᠎ᠶ᠋ᠢ ᠴᠢᠩᠭ᠎ᠠ ᠬᠢᠨᠠᠨ ᠡᠵᠡᠮᠳᠡᠵᠦ᠍᠂ ᠱᠢᠰᠲ᠋ᠧᠮ᠎ᠤᠨ ᠠᠮᠤᠷ ᠲᠦᠪᠱᠢᠨ ᠲᠣᠭ᠍ᠲᠠᠭᠤᠨ ᠠᠵᠢᠯᠯᠠᠭᠠᠨ᠎ᠢ ᠪᠥᠬᠦ᠌ ᠬᠦᠴᠦᠨ᠎ᠢᠶᠠᠷ᠎ᠢᠶᠠᠨ ᠪᠠᠲᠤᠯᠠᠨ᠎ᠠ ᠭᠡᠵᠡᠶ᠃ ᠲᠥᠷᠥᠯ ᠵᠦᠢᠯ᠎ᠤᠨ ᠪᠦᠯᠬᠦᠮ ᠨᠡᠢᠲᠡ᠎ᠶ᠋ᠢᠨ᠎ᠬᠢᠨ ᠬᠠᠮᠤᠭ᠎ᠤᠨ ᠱᠢᠯᠢᠳᠡᠭ ᠰᠤᠷᠲᠠᠯ᠂ ᠬᠠᠮᠤᠭ᠎ᠤᠨ ᠰᠠᠢᠨ ᠪᠠᠢᠳᠠᠯ᠎ᠢᠶᠠᠷ ᠲᠣᠰ ᠲᠥᠷᠥᠯ ᠵᠦᠢᠯ᠎ᠢᠶᠠᠨ ᠠᠮᠢ ᠠᠬᠤᠢᠵᠢᠭ᠍ᠰᠠᠨ᠂ ᠣᠶᠤᠨᠴᠢᠯᠠᠭ᠍ᠰᠠᠨ᠂ ᠲᠡᠷᠢᠭᠦᠨ᠎ᠤ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ ᠪᠣᠯᠭᠠᠨ ᠪᠠᠢᠭᠤᠯᠬᠤ᠎ᠪᠠᠷ ᠴᠢᠷᠮᠠᠢᠨ᠎ᠠ ᠭᠡᠪᠡ᠃

  ᠰᠢ ᠯᠠᠢ ᠹᠧᠩ ᠵᠢᠯ᠎ᠳᠤ 360 ᠲᠦᠮᠡᠨ ᠲᠣᠨ ᠬᠡᠦᠷᠱᠢᠭᠦᠯᠬᠦ᠌ ᠲᠦᠷᠦᠯ ᠵᠦᠢᠯ᠎ᠢ ᠠᠮᠵᠢᠯᠲᠠ᠎ᠲᠠᠢ᠎ᠪᠠᠷ ᠨᠠᠢᠳᠠᠪᠤᠷᠢᠵᠢᠭᠤᠯᠬᠤ ᠪᠠ ᠠᠱᠢᠭ᠍ᠯᠠᠯᠲᠠ᠎ᠳᠤ ᠣᠷᠣᠭᠤᠯᠵᠤ᠂ ᠦᠬᠠᠢ ᠬᠤᠳᠠ᠎ᠶ᠋ᠢᠨ ᠤᠯᠠᠮᠵᠢᠯᠠᠯᠲᠤ ᠠᠵᠤ ᠦᠢᠯᠡᠰ᠎ᠤᠨ ᠤᠶᠤᠨᠴᠢᠯᠠᠯᠲᠠ᠂ ᠪᠣᠬᠢᠷᠲᠤᠯ ᠦᠭᠡᠢ᠂ ᠠᠭᠤᠰᠤᠯᠴᠠᠭ᠍ᠰᠠᠨ ᠴᠢᠭ᠌ᠯᠡᠯ ᠲᠡᠢ᠌ᠰᠢ ᠬᠥᠭ᠌ᠵᠢᠬᠦ᠌᠎ᠶ᠋ᠢ ᠬᠦᠴᠦᠲᠡᠢ ᠠᠬᠢᠭᠤᠯᠵᠤ᠂ ᠡᠬᠢ ᠪᠠᠶᠠᠯᠢᠭ᠋᠎ᠢ ᠤᠯᠠᠷᠢᠭᠤᠯᠤᠨ ᠥᠷᠲᠡᠭ ᠨᠡᠮᠡᠭᠳᠡᠭᠦᠯᠬᠦ ᠴᠢᠳᠠᠪᠤᠷᠢ ᠪᠠ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭ᠍ᠯᠠᠬᠤ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 

ᠢᠷᠡᠯᠲᠡ᠄ ᠦᠬᠠᠶ ᠬᠤᠲᠠ᠎ᠶ᠋ᠢᠨ ᠬᠠᠮ ᠵᠠᠭᠤᠴᠢᠯᠠᠭᠤᠷ᠎ᠤᠨ ᠲᠥᠪ
          
ᠬᠠᠮᠢᠶ᠎ᠡ ᠪᠦᠬᠦᠢ ᠰᠣᠨᠢᠨ
 
            